ᠠᠯᠲᠠᠢ ᠭᠠᠴᠠᠭ᠎ᠠ ᠨᠢ ᠱᠠᠩᠬᠠᠢ ᠶᠢᠨ ᠰᠦᠮ᠎ᠡ ᠪᠠᠯᠭᠠᠰᠣᠨ ᠠᠴᠠ ᠵᠡᠭᠦᠨ ᠬᠤᠶᠢᠰᠢ 78 ᠺᠢᠯᠤᠮᠧᠲᠷ ᠵᠠᠶᠢᠲᠠᠢ ᠭᠠᠵᠠᠷ ᠪᠠᠶᠢᠷᠢᠯᠠᠵᠦ᠂ ᠶᠡᠷᠦᠩᠬᠡᠢ ᠭᠠᠵᠠᠷ | ᠰᠢᠷᠣᠢ ᠶᠢᠨ ᠲᠠᠯᠠᠪᠠᠢ 40.6 ᠲᠦᠮᠡᠨ ᠮᠣ᠋ ︵ᠠᠰᠢᠭᠯᠠᠵᠤ ᠪᠣᠯᠬᠤᠶᠢᠴᠠ ᠲᠠᠯᠠᠪᠠᠢ 20 ᠲᠦᠮᠡᠨ ᠮᠣ᠋︶᠂ ᠡᠭᠦᠨ ᠳᠤ ᠠᠮᠢ ᠠᠬᠤᠢ ᠶᠢᠨ ᠠᠶᠠᠨᠳᠠᠭᠠᠨ ᠰᠡᠷᠭᠦᠬᠦ | ᠣᠷᠣᠨ ᠳᠤ ᠣᠷᠣᠭᠤᠯᠣᠭᠰᠠᠨ ᠲᠠᠯᠠᠪᠠᠢ 20.3 ᠲᠦᠮᠡᠨ ᠮᠣ᠋᠃ ᠬᠠᠷᠢᠶᠠᠨ ᠳᠤ ᠨᠢ ᠳᠣᠯᠣᠭᠠᠨ ᠮᠠᠯᠵᠢᠯ ᠤᠨ ᠬᠤᠷᠰᠢᠶ᠎ᠠ ᠲᠠᠢ᠂ ᠨᠡᠶᠢᠲᠡ 245 ᠡᠷᠦᠬᠡ 667 | ᠬᠦᠮᠦᠨ ᠠᠮᠠ ᠲᠠᠢ᠂ ᠡᠭᠦᠨ ᠳᠤ 133 ᠡᠷᠦᠬᠡ 338 ᠮᠠᠯᠴᠢᠨ ᠲᠠᠷᠢᠶᠠᠴᠢᠨ ᠢ ᠰᠢᠯᠵᠢᠭᠦᠯᠪᠡ᠃ ᠣᠳᠣ ᠪᠠᠶᠢᠭ᠎ᠠ ᠨᠠᠮ ᠤᠨ ᠬᠡᠰᠢᠭᠦᠨ 39 ᠬᠦᠮᠦᠨ᠃ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 6 ᠲᠦᠮᠡᠨ ᠲᠦᠭᠦᠷᠢᠭ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠡᠵᠡᠮᠳᠡᠵᠦ | ᠪᠣᠯᠬᠤᠶᠢᠴᠠ ᠣᠷᠣᠯᠭ᠎ᠠ 13252 ᠲᠦᠭᠦᠷᠢᠭ᠃ ᠠᠯᠲᠠᠢ ᠭᠠᠴᠠᠭ᠎ᠠ ᠵᠢᠯ ᠪᠦᠷᠢ 9000 ᠪᠣᠭ ᠮᠠᠯ᠂ 300 ᠪᠣᠳᠠ ᠮᠠᠯ ᠢ ᠭᠠᠳᠠᠭᠰᠢ ᠪᠣᠷᠣᠯᠠᠭᠤᠯᠳᠠᠭ᠃ |