ᠪᠣᠷᠣᠪᠠᠯᠭᠠᠰᠣ ᠪᠠᠯᠭᠠᠰᠣ ︽ᠭᠤᠷᠪᠠᠨ ᠵᠠᠰᠠᠯᠳᠠ ᠶᠢᠨ ᠠᠭᠤᠰᠣᠯᠴᠠᠯ︾ ᠢᠶᠠᠷ ᠬᠦᠳᠡᠭᠡ ᠲᠣᠰᠬᠤᠨ ᠤ ᠴᠢᠳᠠᠮᠠᠭᠠᠢ ᠵᠠᠰᠠᠯᠳᠠ ᠶᠢᠨ ᠰᠢᠨ᠎ᠡ ᠵᠠᠮ ᠢᠶᠠᠷ ᠵᠠᠮᠨᠠᠵᠣ ᠪᠣᠢ
ᠨᠡᠶᠢᠲᠡᠯᠡᠭᠰᠡᠨ ᠴᠠᠭ᠄
2023/3/29
     ᠬᠦᠳᠡᠭᠡ ᠲᠣᠰᠬᠤᠨ ᠤ ᠵᠠᠰᠠᠯᠳᠠ ᠶᠢᠨ ᠶᠠᠰᠣ ᠴᠢᠨᠠᠷ ᠤᠨ ᠲᠡᠭᠡᠭᠰᠢᠯᠡᠭᠦᠯᠦᠯᠳᠡ ᠪᠣᠯ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢᠨ ᠵᠠᠶᠢᠯᠠᠰᠢ ᠦᠭᠡᠢ ᠠᠷᠭ᠎ᠠ ᠵᠠᠮ ᠮᠦᠨ᠃ ᠪᠣᠷᠣᠪᠠᠯᠭᠠᠰᠣ ᠪᠠᠯᠭᠠᠰᠣ ᠨᠠᠮ ᠤᠨ ᠪᠠᠶᠢᠭᠤᠯᠣᠯᠳᠠ ᠪᠠᠷ ᠵᠢᠯᠣᠭᠤᠳᠣᠮᠵᠢ ᠪᠣᠯᠭᠠᠬᠤ ᠶᠢ ᠪᠠᠷᠢᠮᠳᠠᠯᠠᠨ᠂ ᠨᠡᠶᠢᠭᠡᠮ ᠤᠨ ᠠᠮᠣᠷ ᠲᠣᠭᠳᠠᠭᠤᠨ ᠢ ᠬᠠᠮᠠᠭᠠᠯᠠᠬᠤ ᠪᠠᠷ ᠭᠤᠣᠯ ᠰᠢᠵᠢᠮ ᠪᠣᠯᠭᠠᠵᠣ᠂ ᠬᠦᠳᠡᠭᠡ ᠲᠣᠰᠬᠤᠨ ᠤ ᠵᠠᠰᠠᠯᠳᠠ ᠶᠢ ᠭᠦᠨᠵᠡᠭᠡᠶᠢᠷᠡᠨ ᠪᠣᠳᠠᠳᠠᠶᠢᠵᠢᠭᠤᠯᠬᠤ ᠶᠢ ᠲᠠᠰᠣᠷᠠᠯᠳᠠ ᠦᠭᠡᠢ ᠠᠬᠢᠭᠤᠯᠣᠨ᠂ ᠦᠪᠡᠷᠳᠡᠭᠡᠨ ᠵᠠᠰᠠᠬᠤ᠂ ᠬᠠᠣᠯᠢ ᠪᠠᠷ ᠵᠠᠰᠠᠬᠤ᠂ ᠶᠣᠰᠣ ᠰᠣᠷᠳᠠᠬᠤᠨ ᠢᠶᠠᠷ ᠵᠠᠰᠠᠬᠤ ︽ᠭᠤᠷᠪᠠᠨ ᠵᠠᠰᠠᠯᠳᠠ ᠶᠢᠨ ᠠᠭᠤᠰᠣᠯᠴᠠᠯ︾ ᠤᠨ ᠬᠦᠳᠡᠭᠡ ᠲᠣᠰᠬᠤᠨ ᠤ ᠵᠠᠰᠠᠯᠳᠠ ᠶᠢᠨ ᠲᠣᠭᠳᠠᠴᠠ ᠶᠢ ᠪᠠᠶᠢᠭᠤᠯᠣᠨ᠂ ᠦᠪᠡᠷᠮᠢᠴᠡ ᠣᠨᠴᠠᠯᠢᠭ ᠲᠠᠢ ᠰᠢᠨ᠎ᠡ ᠴᠠᠭ ᠦᠶ᠎ᠡ ᠶᠢᠨ ᠬᠦᠳᠡᠭᠡ ᠲᠣᠰᠬᠤᠨ ᠤ ᠴᠢᠳᠠᠮᠠᠭᠠᠢ ᠵᠠᠰᠠᠯᠳᠠ  ᠶᠢᠨ ᠵᠠᠮ ᠢᠶᠠᠷ ᠵᠠᠮᠨᠠᠵᠣ ᠪᠣᠢ᠃     ︽ᠦᠪᠡᠷᠳᠡᠭᠡᠨ ᠵᠠᠰᠠᠬᠤ︾ ᠪᠠᠷ ᠰᠠᠭᠤᠷᠢ ᠪᠠᠨ ᠪᠠᠳᠣᠳᠬᠠᠨ᠂ ︽ᠡᠶ᠎ᠡ ᠵᠣᠬᠢᠴᠠᠯᠳᠦ ᠬᠦᠳᠡᠭᠡ ᠲᠣᠰᠬᠤᠨ︾ ᠢ ᠪᠠᠶᠢᠭᠤᠯᠵᠣ ᠪᠣᠢ᠃ ᠪᠣᠷᠣᠪᠠᠯᠭᠠᠰᠣ ᠪᠠᠯᠭᠠᠰᠣ ᠬᠠᠷᠢᠯᠴᠠᠭᠠᠨ ᠤ ᠵᠠᠮ ᠮᠦᠷ ᠢᠶᠠᠨ ᠰᠢᠯᠣᠭᠤᠳᠬᠠᠨ᠂ ᠨᠠᠮ ᠣᠯᠠᠨ ᠲᠦᠮᠡᠨ ᠤ ︽ᠰᠡᠳᠬᠢᠯ ᠤᠨ ᠬᠤᠯᠪᠣᠭᠠᠰᠦ︾ ᠶᠢ ᠴᠣᠭᠴᠠᠯᠠᠪᠠ᠃ ᠠᠷᠠᠳᠴᠢᠯᠠᠯ ᠢᠶᠠᠷ ᠬᠡᠷᠡᠭ ᠵᠦᠪᠯᠡᠬᠦ ᠲᠦᠷᠢᠮ ᠢ ᠲᠡᠭᠦᠯᠳᠡᠷᠵᠢᠭᠦᠯᠣᠨ᠂ ︽ᠲᠦᠷᠪᠡ ᠶᠢ ᠵᠦᠪᠯᠡᠵᠣ ᠬᠤᠶᠠᠷ ᠢ ᠢᠯᠠ ᠪᠣᠯᠭᠠᠬᠤ︾ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠣ᠂ ︽ᠨᠢᠭᠡ ᠵᠢᠷᠣᠮᠯᠠᠯ ᠲᠦᠷᠪᠡᠨ ᠬᠤᠷᠠᠯ︾ ᠤᠨ ᠵᠠᠰᠠᠯᠳᠠ ᠶᠢᠨ ᠲᠣᠭᠳᠠᠯᠴᠠᠭ᠎ᠠ ᠶᠢ ᠪᠦᠷᠢᠳᠦᠭᠦᠯᠦᠨ᠂ ︽ᠭᠤᠷᠪᠠᠨ ᠶᠠᠪᠣᠳᠠᠯ ᠢ ᠢᠯᠡ ᠪᠣᠯᠭᠠᠬᠤ︾ ᠶᠢ ᠪᠡᠶᠡᠯᠡᠭᠦᠯᠪᠠ︔ ︽ᠨᠠᠮ  ᠤᠨ ᠪᠠᠶᠢᠭᠤᠯᠣᠯᠳᠠ ᠪᠠᠷ ᠵᠢᠯᠣᠭᠤᠳᠣᠮᠵᠢ ᠪᠣᠯᠭᠠᠬᠤ᠂ ᠠᠷᠠᠳ ᠲᠦᠮᠡᠨ ᠢᠶᠠᠷ ᠭᠤᠣᠯ ᠴᠣᠭᠴᠠ ᠪᠣᠯᠭᠠᠬᠤ︾ ᠠᠵᠢᠯ ᠤᠨ ᠰᠡᠳᠬᠢᠮᠵᠢ ᠪᠠᠷ ᠠᠵᠢᠯ ᠠᠴᠠ ᠪᠠᠨ ᠠᠮᠠᠷᠠᠭᠰᠠᠨ ᠺᠠᠳ᠋ᠷᠴᠣᠳ᠂ ᠠᠬᠠᠮᠠᠳ ᠨᠠᠮ ᠤᠨ ᠭᠡᠰᠢᠭᠦᠳ᠂ ᠨᠣᠳᠤᠭ ᠤᠨ ᠲᠣᠮᠣᠭᠠᠳᠠᠨ ᠴᠢᠳᠠᠪᠦᠷᠢᠳᠠᠨ ᠵᠡᠷᠭᠡ ᠶᠢᠨ ᠵᠢᠱᠢᠶ᠎ᠡ ᠦᠵᠡᠭᠦᠯᠦᠨ ᠲᠠᠶᠢᠴᠢᠯᠠᠨ ᠲᠠᠭᠠᠭᠤᠯᠬᠤ ᠣᠶᠢᠯᠠᠳᠣᠯ ᠢ ᠭᠦᠢᠴᠡᠳ ᠪᠠᠳᠠᠷᠠᠭᠤᠯᠵᠣ᠂ ᠲᠣᠰᠬᠤᠨ ᠤ ᠠᠷᠠᠳ ᠤᠨ ᠠᠩᠬᠠᠷᠴᠦ ᠪᠠᠶᠢᠭ᠎ᠠ ᠬᠦᠷᠰᠢ ᠵᠡᠷᠭᠡᠯᠡᠳᠡᠭᠡ ᠶᠢᠨ ᠵᠠᠭᠤᠷᠠᠯᠳᠣᠭᠠᠨ᠂ ᠨᠡᠶᠢᠭᠡᠮ ᠤᠨ ᠠᠮᠣᠷ ᠲᠣᠭᠳᠠᠭᠤᠨ ᠤ ᠵᠠᠰᠠᠯᠳᠠ᠂ ᠨᠡᠶᠢᠳᠡ ᠶᠢᠨ ᠶᠣᠰᠣ ᠰᠣᠷᠳᠠᠬᠤᠨ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠣᠰᠬᠤᠨ ᠤ ᠲᠦᠷᠢᠮ ᠠᠷᠠᠳ ᠤᠨ ᠵᠢᠷᠣᠮᠯᠠᠯ ᠳᠤ ᠣᠷᠣᠭᠤᠯᠣᠨ᠂ ᠬᠡᠷᠡᠭ ᠵᠦᠪᠯᠡᠬᠦ ᠴᠣᠩᠬᠤᠪᠴᠢ ᠶᠢ ᠣᠯᠠᠨ ᠲᠦᠮᠡᠨ ᠤ ᠭᠡᠷ ᠤᠨ ᠡᠭᠦᠳᠡᠨ ᠳᠤ ᠬᠦᠷᠭᠡᠵᠣ᠂ ᠨᠢᠭᠤᠷᠳᠡᠨ ᠬᠠᠷᠢᠯᠴᠠᠬᠤ ᠪᠠᠨ ᠴᠢᠩᠭᠠᠳᠬᠠᠨ᠂ ᠬᠠᠮᠳᠦ ᠶᠢᠨ ᠲᠠᠨᠢᠯᠳᠠ ᠪᠠᠨ ᠨᠢᠭᠳᠠᠷᠠᠭᠤᠯᠵᠣ᠂ ᠠᠷᠠᠳ ᠣᠯᠠᠨ ᠤ ᠢᠳᠡᠪᠬᠢᠵᠢᠯ ᠪᠣᠯᠣᠨ ᠣᠷᠣᠯᠴᠠᠯᠭ᠎ᠠ ᠶᠢ ᠲᠡᠭᠡᠭᠰᠢᠯᠡᠭᠦᠯᠪᠡ︔ ᠵᠢᠭᠤᠷᠠᠯᠳᠣᠭᠠᠨ ᠢ ᠰᠢᠢᠳᠪᠦᠷᠢᠯᠡᠭᠦ ᠣᠷᠭᠠᠨᠢᠭ ᠠᠪᠴᠠᠯᠳᠣᠯ᠂ ᠵᠣᠬᠢᠴᠠᠩᠭᠤᠢ ᠬᠦᠳᠡᠯᠣᠯᠴᠡᠯ᠂ ᠪᠦᠳᠦᠮᠵᠢᠳᠦ ᠲᠦᠳᠡ ᠲᠣᠭᠳᠠᠯᠴᠠᠭ᠎ᠠ ᠶᠢ ᠬᠦᠴᠦᠯᠡᠨ ᠪᠠᠶᠢᠭᠤᠯᠵᠣ᠂ ᠰᠢᠨ᠎ᠡ ᠴᠠᠭ ᠦᠶ᠎ᠡ  ᠶᠢᠨ ︽ᠹᠧᠩ ᠴᠢᠶᠣᠣ ᠶᠢᠨ ᠲᠣᠷᠰᠢᠯᠭ᠎ᠠ︾ ᠶᠢ ᠬᠡᠷᠡᠭᠵᠢᠭᠦᠯᠦᠨ ᠬᠦᠭᠵᠢᠭᠦᠯᠵᠣ᠂ ᠵᠦᠷᠢᠴᠡᠯ ᠢ ᠡᠭᠦᠰᠦᠯ ᠤᠨ ᠦᠶ᠎ᠡ ᠳᠤ ᠨᠢ ᠬᠢᠵᠠᠭᠠᠷᠯᠠᠪᠠ᠃     ︽ᠬᠠᠣᠯᠢ ᠪᠠᠷ ᠵᠠᠰᠠᠬᠤ︾ ᠪᠠᠷ ᠬᠠᠮᠠᠭᠠᠯᠠᠭᠤᠯᠣᠨ᠂ ︽ᠠᠮᠣᠷ ᠲᠠᠶᠢᠪᠣᠩ ᠬᠦᠳᠡᠭᠡ ᠲᠣᠰᠬᠤᠨ︾ ᠪᠠᠶᠢᠭᠤᠯᠵᠣ ᠪᠣᠢ᠃ ᠪᠣᠷᠣᠪᠠᠯᠭᠠᠰᠣ ᠪᠠᠯᠭᠠᠰᠣ ᠢᠮᠠᠭᠳᠠ ᠬᠠᠣᠯᠢ ᠪᠠᠷ ᠵᠠᠰᠠᠬᠤ ᠵᠣᠷᠢᠭ ᠰᠠᠨᠠᠭ᠎ᠠ᠂ ᠬᠠᠣᠯᠢ ᠪᠠᠷ ᠵᠠᠰᠠᠬᠤ ᠰᠡᠳᠬᠢᠭᠦᠢ᠂ ᠬᠠᠣᠯᠢ ᠪᠠᠷ ᠵᠠᠰᠠᠬᠤ ᠠᠷᠭ᠎ᠠ ᠪᠠᠷ ᠠᠮᠣᠷ ᠲᠣᠭᠳᠠᠭᠤᠨ ᠤ ᠪᠠᠶᠢᠭᠤᠯᠣᠯᠳᠠ ᠶᠢ ᠰᠢᠨ᠎ᠡ ᠦᠨᠳᠦᠷᠴᠡ ᠲᠡᠰᠢ ᠠᠬᠢᠭᠤᠯᠬᠤ ᠪᠠᠷᠢᠮᠳᠠᠯᠠᠭᠰᠠᠭᠠᠷ ᠢᠷᠡᠪᠡ᠃ ᠪᠣᠷᠣᠪᠠᠯᠭᠠᠰᠣ ᠪᠠᠯᠭᠠᠰᠣ ᠬᠠᠣᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠣᠷᠢ᠂ ᠶᠡᠷᠦᠩᠬᠡᠶᠢᠯᠡᠭᠰᠡᠨ ᠵᠠᠰᠠᠯᠳᠠ ᠶᠢᠨ ᠠᠯᠪᠠᠨ ᠭᠡᠷ᠂ ᠨᠠᠮ ᠣᠯᠠᠨ ᠲᠦᠮᠡᠨ ᠤ ᠣᠶᠢᠯᠡᠴᠢᠯᠡᠭᠡᠨ ᠤ ᠲᠦᠪ ᠵᠡᠷᠭᠡ ᠲᠠᠯᠠᠪᠣᠷ ᠢ ᠠᠰᠢᠭᠯᠠᠨ᠂ ᠲᠦᠬᠦᠮ ᠣᠶᠢᠯᠠᠭᠠᠮᠵᠢᠳᠠᠢ ᠬᠡᠯᠪᠡᠷᠢ ᠪᠠᠷ ᠣᠯᠠᠨ ᠲᠦᠷᠦᠯ ᠤᠨ ᠰᠣᠷᠣᠯᠴᠠᠯᠭ᠎ᠠ ᠦᠷᠨᠢᠭᠦᠯᠵᠣ᠂ ᠰᠢᠭᠤᠳ ᠨᠡᠪᠳᠡᠷᠭᠦᠯᠭᠡ᠂ ᠰᠡᠷᠡᠮᠵᠢᠭᠦᠯᠬᠦ ᠬᠦᠮᠦᠵᠢᠯ ᠵᠡᠷᠭᠡ ᠬᠡᠯᠪᠡᠷᠢ ᠪᠠᠷ ᠲᠠᠮᠵᠢᠭᠤᠯᠣᠨ᠂ ᠣᠯᠠᠨ ᠲᠦᠮᠡᠨ ᠳᠤ ᠬᠠᠣᠯᠢ ᠴᠠᠭᠠᠵᠠ ᠲᠦᠷᠢᠮ ᠲᠣᠭᠳᠠᠭᠠᠯ ᠢ ᠣᠶᠢᠯᠠᠭᠠᠭᠤᠯᠣᠨ᠂ ᠬᠠᠣᠯᠢ ᠴᠠᠭᠠᠵᠠ ᠶᠢᠨ ᠬᠤᠷᠢᠭ᠎ᠠ ᠱᠣᠭᠤᠮ ᠢ ᠪᠠᠳᠦ ᠰᠠᠬᠢᠵᠣ᠂ ᠬᠠᠣᠯᠢ ᠪᠠᠷ ᠦᠪᠡᠷ  ᠤᠨ ᠡᠷᠭᠡ ᠠᠰᠢᠭ ᠢᠶᠠᠨ ᠬᠠᠮᠠᠭᠠᠯᠠᠬᠤ ᠢ ᠰᠣᠷᠣᠯᠴᠠᠭᠤᠯᠪᠠ︔ ᠪᠦᠬᠦ ᠠᠷᠠᠳ ᠲᠤ ᠬᠠᠣᠯᠢ ᠲᠦᠭᠡᠮᠡᠯᠵᠢᠭᠦᠯᠬᠦ ᠶᠢ ᠴᠢᠩᠭᠠᠳᠬᠠᠨ᠂ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠭᠠᠴᠠᠭ᠎ᠠ ᠲᠣᠰᠬᠤᠨ ᠤ ︽ᠬᠤᠶᠠᠷ ᠵᠦᠪᠯᠡᠯ︾᠂ ᠨᠠᠮ ᠤᠨ ᠬᠡᠰᠢᠭᠦᠨ᠂ ᠭᠡᠰᠢᠭᠦᠳ ᠤᠨ ᠲᠦᠯᠦᠭᠡᠯᠡᠭᠴᠢ ᠵᠡᠷᠭᠡ ᠬᠦᠴᠦᠨ ᠢ ᠵᠣᠬᠢᠶᠠᠨ ᠪᠠᠶᠢᠭᠤᠯᠵᠣ᠂ ᠡᠯ᠎ᠡ ᠲᠦᠷᠦᠯ ᠤᠨ ᠬᠠᠣᠯᠢ ᠲᠦᠭᠡᠮᠡᠯᠵᠢᠭᠦᠯᠬᠦ ᠠᠵᠢᠯᠯᠠᠭᠠᠨ ᠢ ᠪᠠᠶᠢᠩᠭᠤ ᠦᠷᠨᠢᠭᠦᠯᠵᠣ᠂ ᠦᠨᠦ ᠵᠢᠯ ᠠᠴᠠ ᠨᠠᠭᠠᠰᠢ ᠨᠡᠶᠢᠳᠡ 23 ᠠᠬᠤᠢ ᠲᠠᠯᠠᠪᠠᠢ ᠶᠢᠨ ᠬᠠᠣᠯᠢ ᠲᠦᠭᠡᠮᠡᠯᠵᠢᠭᠦᠯᠬᠦ ᠠᠵᠢᠯᠯᠠᠭ᠎ᠠ᠂ 6 ᠲᠠᠯᠠᠪᠠᠢ ᠲᠣᠰᠬᠠᠢ ᠰᠡᠳᠦᠪᠳᠦ ᠲᠠᠶᠢᠯᠣᠮᠵᠢ ᠦᠷᠨᠢᠭᠦᠯᠦᠨ᠂ ᠸᠢᠴᠠᠲ ᠤᠨ ᠣᠯᠠᠨ ᠨᠡᠶᠢᠳᠡ ᠶᠢᠨ ᠲᠠᠪᠴᠠᠩ  ᠢᠶᠠᠷ ︽ᠬᠡᠷᠡᠭ ᠢᠶᠠᠷ ᠬᠠᠣᠯᠢ ᠶᠢ ᠲᠦᠭᠡᠮᠡᠯᠵᠢᠭᠦᠯᠬᠦ︾ 100 ᠭᠠᠷᠣᠢ ᠬᠤᠪᠢ ᠮᠡᠳᠡᠭᠡ ᠵᠠᠩᠬᠢ ᠲᠠᠷᠬᠠᠭᠠᠨ᠂ ᠠᠷᠠᠳ ᠲᠦᠮᠡᠨ ᠤ ᠬᠠᠣᠯᠢ ᠪᠠᠷ ᠵᠠᠰᠠᠬᠤ ᠣᠬᠠᠮᠰᠠᠷ ᠢ ᠲᠠᠰᠣᠷᠠᠯᠳᠠ ᠦᠭᠡᠢ ᠨᠡᠮᠡᠭᠳᠡᠭᠦᠯᠪᠡ᠃     ︽ᠶᠣᠰᠣ ᠰᠣᠷᠳᠠᠬᠤᠨ ᠢᠶᠠᠷ ᠵᠠᠰᠠᠬᠤ︾ ᠪᠠᠷ ᠰᠦᠭ ᠰᠦᠨᠡᠰᠦ ᠪᠣᠯᠭᠠᠨ᠂ ︽ᠪᠣᠯᠪᠠᠰᠣᠨ ᠬᠦᠳᠡᠭᠡ ᠲᠣᠰᠬᠤᠨ︾ ᠢ ᠴᠣᠭᠴᠠᠯᠠᠵᠣ ᠪᠣᠢ᠃ ᠪᠣᠷᠣᠪᠠᠯᠭᠠᠰᠣ ᠪᠠᠯᠭᠠᠰᠣ ᠢᠮᠠᠭᠳᠠ ᠶᠣᠰᠣ ᠰᠣᠷᠳᠠᠬᠤᠨ ᠢᠶᠠᠷ ᠵᠠᠰᠠᠬᠤ ᠪᠠᠷ ᠪᠣᠯᠪᠠᠰᠣᠨ ᠰᠣᠷᠳᠠᠯ ᠢ ᠵᠣᠵᠠᠭᠠᠳᠬᠠᠬᠤ ᠶᠢ ᠪᠠᠷᠢᠮᠳᠠᠯᠠᠵᠣ᠂ ᠦᠨᠳᠦᠰᠦᠨ ᠱᠠᠳᠣᠨ ᠤ ᠵᠠᠰᠠᠯᠳᠠ ᠶᠢᠨ ᠴᠢᠳᠠᠪᠬᠢ ᠪᠣᠯᠣᠨ ᠬᠢᠷᠢ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠪᠡ᠃ ᠡᠯ᠎ᠡ ᠭᠠᠴᠠᠭ᠎ᠠ ᠲᠣᠰᠬᠤᠨ ᠤ ᠪᠣᠳᠠᠳᠦ ᠪᠠᠶᠢᠳᠠᠯ ᠢ ᠦᠨᠳᠦᠰᠦᠯᠡᠨ᠂ ᠣᠯᠠᠨ ᠲᠦᠮᠡᠨ ᠲᠠᠢ ᠣᠶᠢᠷᠠᠳᠣᠭᠰᠠᠨ ᠲᠣᠰᠬᠤᠨ ᠤ ᠲᠦᠷᠢᠮ ᠠᠷᠠᠳ ᠤᠨ ᠵᠢᠷᠣᠮᠯᠠᠯ ᠢ ᠲᠣᠭᠳᠠᠭᠠᠵᠣ᠂ ᠭᠡᠰᠢᠭᠦᠳ ᠤᠨ ᠦᠪᠡᠷ ᠢ ᠪᠠᠨ ᠬᠠᠮᠢᠶᠠᠷᠬᠤ᠂ ᠦᠪᠡᠷ ᠢ ᠪᠠᠨ ᠬᠦᠮᠦᠵᠢᠭᠦᠯᠬᠦ᠂ ᠦᠪᠡᠷ ᠲᠤ ᠪᠠᠨ ᠣᠶᠢᠯᠡᠴᠢᠯᠡᠭᠦ᠂ ᠦᠪᠡᠷ ᠢ ᠪᠠᠨ ᠬᠢᠨᠠᠬᠤ ᠬᠢᠷᠢ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠪᠡ︔ ᠰᠢᠨ᠎ᠡ ᠴᠠᠭ ᠦᠶ᠎ᠡ ᠶᠢᠨ ᠪᠣᠯᠪᠠᠰᠣᠨ ᠤ ᠣᠶᠢᠯᠡᠳᠦᠯᠭᠡ ᠶᠢᠨ ᠭᠠᠵᠠᠷ ︵ᠦᠷᠳᠡᠭᠡ︶ ᠲᠤ ᠲᠦᠰᠢᠭᠯᠡᠨ᠂ ᠨᠠᠮ ᠤᠨ ᠭᠡᠰᠢᠭᠦᠨ ᠤ ᠠᠵᠢᠯᠯᠠᠭᠠᠨ ᠤ ᠲᠠᠰᠤᠭ᠂ ᠲᠠᠯ᠎ᠠ ᠨᠣᠳᠤᠭ ᠤᠨ ᠨᠣᠮ ᠤᠨ ᠦᠷᠦᠭᠡ ᠵᠡᠷᠭᠡ ᠡᠬᠢ ᠪᠠᠶᠠᠯᠢᠭ ᠢ ᠨᠢᠭᠡᠳᠬᠡᠵᠣ᠂ ᠪᠠᠶᠠᠷ ᠲᠣᠷᠠᠰᠬᠠᠯ ᠤᠨ ᠡᠳᠦᠷ ᠤᠨ ᠤᠳ ᠲᠤ ᠬᠡᠪ ᠵᠠᠩᠰᠢᠯ ᠢ ᠦᠭᠡᠷᠡᠴᠢᠯᠡᠭᠦ᠂ ᠶᠣᠰᠣ ᠰᠣᠷᠳᠠᠬᠤᠨ ᠢ ᠡᠷᠬᠢᠮᠯᠡᠬᠦ ᠣᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠨ᠂ ᠶᠣᠰᠣ ᠰᠣᠷᠳᠠᠬᠤᠨ ᠢᠶᠠᠷ ᠵᠠᠰᠠᠬᠤ ᠶᠢ ᠬᠦᠮᠦᠰ ᠤᠨ ᠰᠡᠳᠬᠢᠯ ᠳᠤ ᠭᠦᠨᠵᠡᠭᠡᠶᠢᠷᠡᠭᠦᠯᠪᠡ︔︽ᠰᠠᠶᠢᠨ ᠬᠠᠳᠠᠮ ᠡᠵᠢ︾᠂ ︽ᠰᠠᠶᠢᠨ ᠪᠡᠷᠢ︾᠂ ︽ᠦᠵᠡᠰᠭᠦᠯᠡᠩᠳᠦ ᠬᠦᠷᠢᠶ᠎ᠡ ᠬᠠᠰᠢᠶ᠎ᠡ︾᠂ ︽ᠪᠣᠯᠪᠠᠰᠣᠨ ᠭᠡᠷ ᠪᠦᠯᠢ︾ ᠶᠢ ᠠᠷᠠᠳᠴᠢᠯᠠᠯ ᠢᠶᠠᠷ ᠦᠨᠡᠯᠡᠬᠦ ᠠᠵᠢᠯᠯᠠᠭᠠᠨ ᠢ ᠦᠷᠭᠦᠯᠵᠢᠯᠡᠨ ᠦᠷᠨᠢᠭᠦᠯᠵᠣ᠂ ᠣᠯᠠᠨ ᠲᠦᠮᠡᠨ ᠤ ᠲᠡᠷᠭᠡᠳᠡᠬᠢ ᠵᠢᠱᠢᠶ᠎ᠡ ᠲᠠᠭᠤᠷᠢᠶᠠᠯ ᠤᠳ ᠢ ᠡᠷᠴᠢᠮ ᠲᠠᠢ ᠣᠬᠠᠭᠤᠯᠪᠠ᠃ ᠠᠷᠠᠳ ᠲᠦᠮᠡᠨ ᠤ ᠢᠳᠡᠪᠬᠢᠵᠢᠯ ᠪᠣᠯᠣᠨ ᠴᠢᠷᠮᠠᠶᠢᠯᠭ᠎ᠠ  ᠶᠢ ᠲᠠᠶᠢᠴᠢᠯᠠᠨ᠂ ᠰᠠᠶᠢᠴᠣᠣᠯ‌ᠡᠴᠠ ᠲᠠᠭᠠᠨ ᠰᠣᠷᠣᠯᠴᠠᠬᠤ ᠨᠡᠶᠢᠭᠡᠮ ᠤᠨ ᠣᠷᠴᠢᠨ ᠢ ᠪᠦᠷᠢᠯᠳᠦᠭᠦᠯᠵᠣ᠂ ᠬᠦᠳᠡᠭᠡ ᠲᠣᠰᠬᠤᠨ ᠤ ᠶᠣᠰᠣ ᠰᠣᠷᠳᠠᠬᠤᠨ ᠤ ᠲᠣᠭᠳᠠᠯᠴᠠᠭ᠎ᠠ ᠪᠣᠯᠣᠨ ᠶᠣᠰᠣ ᠰᠣᠷᠳᠠᠬᠤᠨ ᠤ ᠴᠢᠳᠠᠪᠬᠢ ᠶᠢᠨ ︽ᠲᠦᠷᠬᠡᠨ ᠵᠠᠮ︾ ᠢ ᠨᠡᠪᠳᠡᠷᠡᠭᠦᠯᠪᠡ᠃     ᠦᠨᠳᠦᠰᠦᠨ ᠱᠠᠳᠦ ᠬᠦᠴᠦᠷᠬᠡᠭᠵᠢᠪᠡᠯ ᠣᠯᠣᠰ ᠣᠷᠣᠨ ᠬᠦᠴᠦᠷᠬᠡᠭᠵᠢᠵᠣ᠂ ᠦᠨᠳᠦᠰᠦᠨ ᠱᠠᠳᠦ ᠠᠮᠣᠷ ᠲᠠᠶᠢᠪᠣᠩ ᠪᠠᠶᠢᠪᠠᠯ ᠣᠯᠣᠰ ᠣᠷᠣᠨ ᠠᠮᠣᠷ ᠠᠮᠣᠭᠤᠯᠠᠩ ᠪᠣᠯᠣᠨ᠎ᠠ᠃ ᠬᠦᠳᠡᠭᠡ ᠲᠣᠰᠬᠤᠨ ᠪᠣᠯ ᠬᠠᠮᠤᠭ ᠦᠨᠳᠦᠰᠦᠨ ᠵᠠᠰᠠᠯᠳᠠ ᠶᠢᠨ ᠨᠢᠭᠡᠴᠢ ᠮᠦᠨ᠂ ᠣᠯᠣᠰ ᠤᠨ ᠵᠠᠰᠠᠯᠳᠠ ᠶᠢᠨ ᠰᠢᠰᠲ᠋ᠧᠮ ᠤᠨ ︽ᠰᠡᠵᠢᠭᠦᠷ ᠮᠡᠳᠡᠷᠡᠯ︾ ᠪᠣᠯᠣᠨ᠎ᠠ᠃ ᠪᠣᠷᠣᠪᠠᠯᠭᠠᠰᠣ ᠪᠠᠯᠭᠠᠰᠦ ᠦᠪᠡᠷᠳᠡᠭᠡᠨ ᠵᠠᠰᠠᠬᠤ ᠪᠠᠷ ᠰᠠᠭᠤᠷᠢ ᠪᠠᠨ ᠪᠣᠯᠭᠠᠨ᠂ ᠬᠠᠣᠯᠢ ᠪᠠᠷ ᠵᠠᠰᠠᠬᠤ ᠪᠠᠷ ᠪᠠᠳᠣᠯᠠᠭ᠎ᠠ ᠪᠠᠨ ᠪᠣᠯᠭᠠᠵᠣ᠂ ᠶᠣᠰᠣ ᠰᠣᠷᠳᠠᠬᠤᠨ ᠢᠶᠠᠷ ᠵᠠᠰᠠᠬᠤ ᠪᠠᠷ ᠣᠳᠣᠷᠢᠳᠣᠮᠵᠢ ᠪᠣᠯᠭᠠᠭᠰᠠᠨ ︽ᠭᠤᠷᠪᠠᠨ ᠵᠠᠰᠠᠯᠳᠠ ᠶᠢᠨ ᠠᠭᠤᠰᠣᠯᠴᠠᠯ︾ ᠢ ᠪᠠᠷᠢᠮᠳᠠᠯᠠᠨ᠂ ︽1 + 1 + 1 ∨3︾ ᠵᠠᠰᠠᠯᠳᠠ ᠶᠢᠨ ᠦᠷ᠎ᠡ ᠪᠦᠳᠦᠮᠵᠢ ᠶᠢ ᠪᠠᠳᠠᠷᠠᠭᠤᠯᠵᠣ᠂ ᠬᠦᠳᠡᠭᠡ ᠲᠣᠰᠬᠤᠨ ᠤ ᠵᠠᠰᠠᠯᠳᠠ ᠶᠢᠨ ᠬᠠᠮᠳᠦ ᠪᠠᠷ ᠵᠠᠰᠠᠬᠤ ᠬᠠᠮᠳᠦ ᠪᠠᠷ ᠪᠠᠶᠢᠭᠤᠯᠬᠤ ᠰᠢᠨ᠎ᠡ ᠪᠠᠶᠢᠳᠠᠯ ᠢ ᠨᠡᠭᠡᠭᠡᠨ᠂ ᠬᠦᠳᠡᠭᠡ ᠲᠣᠰᠬᠤᠨ ᠤ ᠴᠢᠳᠠᠮᠠᠭᠠᠢ ᠵᠠᠰᠠᠯᠳᠠ ᠶᠢᠨ ᠰᠢᠨ᠎ᠡ ᠵᠠᠮ ᠢᠶᠠᠷ ᠵᠠᠮᠨᠠᠵᠣ ᠪᠣᠢ᠃ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ