ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2023﹈ 2 ᠲᠤᠭᠠᠲᠤ
ᠨᠡᠶᠢᠲᠡᠯᠡᠭᠰᠡᠨ ᠴᠠᠭ᠄
2023/4/11
         ︽ ᠣᠲᠤᠭ  ᠤᠨ  ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ  ᠤᠨ          ᠬᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ         ᠣᠲᠤᠭ  ᠤᠨ  ᠡᠮᠦᠨᠡᠲᠦ   ᠬᠤᠰᠢᠭᠤᠨ  ᠤ  ᠠᠷᠠᠳ  ᠤᠨ  ᠵᠠᠰᠠᠭ  ᠤᠨ  ᠣᠷᠳᠣᠨ  ᠤ  ᠠᠯᠪᠠᠨ ᠭᠡᠷ  ᠤᠨ ᠮᠡᠳᠡᠭᠳᠡᠯᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠣᠲᠤᠭ ᠤᠨ ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ  ᠬᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠢ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠤᠲᠠᠲᠠᠢ ᠲᠠᠢ ᠪᠠᠨ ᠣᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠰᠦᠬᠡᠢ᠃                          ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2023 ᠣᠨ ᠤ 1 ᠰᠠᠷ᠎ᠠ ᠶᠢᠨ 9 ᠤ ᠡᠳᠦᠷ              ᠣᠲᠤᠭ ᠤᠨ ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ                 ᠭᠠᠮᠰᠢᠭ ᠤᠨ ᠬᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ     1. ᠶᠡᠷᠦᠩᠬᠡᠢ ᠳᠦᠷᠢᠮ     1.1 ᠲᠤᠭᠤᠷᠪᠢᠯᠲᠡ ᠶᠢᠨ ᠵᠤᠷᠢᠯᠭ᠎ᠠ     ᠮᠠᠨ ᠤ ᠬᠤᠰᠢᠭᠤᠨ ᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠠᠵᠢᠯ ᠢ ᠦᠨᠳᠦᠷ ᠪᠦᠲᠦᠮᠵᠢᠲᠡᠢ ᠡᠮᠬᠢ ᠲᠢᠭᠯᠢᠮ ᠲᠠᠢ ᠶᠠᠪᠤᠭᠳᠠᠭᠤᠯᠬᠤ ᠶᠢ ᠪᠠᠲᠤᠯᠠᠬᠤ ᠶᠢᠨ ᠲᠤᠰᠠᠳᠠ᠂ ᠲᠠᠷᠢᠮᠠᠯ ᠤᠨ  ᠬᠦᠨᠳᠦ ᠨᠤᠴᠢᠲᠠᠢ ᠡᠪᠡᠳᠴᠢᠨ ᠬᠤᠷᠤᠬᠠᠢ  ᠶᠢᠨ ᠭᠠᠮᠰᠢᠭ ᠤᠨ ᠣᠷᠢᠳᠴᠢᠯᠠᠭᠰᠠᠨ ᠰᠡᠷᠡᠮᠵᠢᠯᠡᠬᠦᠯᠦᠯ ᠪᠠ ᠦᠳᠲᠡᠷ ᠰᠢᠢᠳᠪᠦᠷᠢᠯᠡᠬᠦ ᠲᠤᠭᠲᠠᠴᠠ ᠶᠢ ᠪᠠᠶᠢᠭᠤᠯᠤᠨ ᠳᠡᠭᠦᠯᠳᠡᠷᠵᠢᠬᠦᠯᠵᠦ᠂ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠬᠦᠯᠦᠨ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ  ᠬᠦᠨᠦᠬᠡᠯ ᠢ ᠴᠠᠭ ᠲᠤᠬᠠᠢ ᠳᠤᠨᠢ ᠪᠦᠲᠦᠮᠵᠢᠲᠡᠢ ᠪᠠᠷ ᠣᠷᠢᠳᠴᠢᠯᠠᠨ ᠰᠡᠷᠬᠡᠶᠢᠯᠡᠨ ᠡᠵᠡᠮᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠣᠷ ᠳᠦᠪᠰᠢᠨ᠂ ᠨᠡᠶᠢᠬᠡᠮ ᠤᠨ ᠠᠮᠣᠷ ᠲᠤᠭᠲᠠᠭᠤᠨ ᠢ ᠪᠠᠲᠤᠯᠠᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠬᠦᠯᠬᠦ᠂ ᠠᠷᠠᠳ ᠲᠦᠮᠡᠨ ᠤ ᠣᠷᠣᠯᠭ᠎ᠠ ᠶᠢ ᠨᠡᠮᠡᠭᠳᠡᠬᠦᠯᠬᠦ ᠶᠢ ᠪᠡᠶᠡᠯᠡᠬᠦᠯᠵᠦ᠂ ᠲᠠᠷᠢᠶᠠᠯᠠᠩ ᠤᠨ ᠦᠷᠬᠦᠯᠵᠢᠬᠦᠶᠢᠴᠡ ᠬᠦᠭᠵᠢᠯᠲᠡ ᠶᠢ ᠠᠬᠢᠭᠤᠯᠬᠤ ᠪᠠᠷ ᠣᠨᠴᠠᠭᠠᠶᠢᠯᠠᠨ ᠲᠤᠰ  ᠲᠦᠰᠦᠯ ᠢ ᠲᠤᠭᠲᠠᠭᠠᠪᠠ᠃     1.2 ᠠᠵᠢᠯ ᠤᠨ ᠵᠠᠷᠴᠢᠮ     1.2.1 ᠲᠠᠷᠢᠮᠠᠯ ᠤᠨ ᠪᠠᠶᠢᠭᠠᠯᠢ ᠶᠢᠨ ᠭᠠᠮᠰᠢᠭ ᠤᠨ ᠦᠷᠬᠦᠯᠵᠢᠬᠦᠶᠢᠴᠡ ᠵᠠᠰᠠᠯᠲᠠ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠶᠢ ᠱᠣᠭᠤᠵᠣ᠂ ᠰᠡᠷᠬᠡᠶᠢᠯᠡᠯᠲᠡ ᠪᠠᠷ ᠭᠤᠤᠯ ᠪᠤᠯᠭᠠᠬᠤ᠂ ᠰᠡᠷᠬᠡᠶᠢᠯᠡᠬᠦ ᠡᠵᠡᠮᠳᠡᠬᠦ ᠶᠢ ᠣᠶᠠᠯᠳᠣᠭᠤᠯᠬᠤ ᠶᠢ  ᠪᠠᠷᠢᠮᠲᠠᠯᠠᠨ᠎ᠠ᠃ ᠬᠤᠯᠪᠤᠭᠳᠠᠯ ᠪᠦᠬᠦᠢ ᠬᠠᠤᠯᠢ ᠴᠠᠭᠠᠵᠠ᠂ ᠳᠦᠷᠢᠮ ᠲᠤᠭᠲᠠᠭᠠᠯ ᠢ ᠦᠨᠳᠦᠰᠦᠯᠡᠵᠦ᠂ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠲᠠᠢ ᠬᠠᠷᠢᠯᠴᠠᠨ ᠠᠪᠴᠠᠯᠳᠣᠭᠤᠯᠣᠨ᠂ ᠵᠠᠰᠠᠭ ᠤᠨ ᠣᠷᠳᠣᠨ ᠤ ᠨᠡᠶᠢᠬᠡᠮ ᠤᠨ ᠬᠠᠮᠢᠶᠠᠷᠤᠯᠲᠠ ᠪᠠ ᠣᠯᠠᠨ ᠨᠠᠶᠢᠲᠠ ᠶᠢᠨ ᠦᠢᠯᠡᠴᠢᠯᠡᠬᠡᠨ ᠤ ᠴᠢᠳᠠᠪᠬᠢ ᠲᠠᠢ ᠬᠠᠷᠢᠯᠴᠠᠨ ᠣᠶᠠᠯᠳᠣᠭᠤᠯᠵᠣ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠣᠷ ᠳᠦᠪᠰᠢᠨ᠂  ᠲᠠᠷᠢᠶᠠᠯᠠᠩ ᠤᠨ ᠪᠦᠲᠦᠬᠡᠭᠳᠡᠬᠦᠨ ᠤ ᠶᠠᠰᠣ ᠴᠢᠨᠠᠷ ᠤᠨ ᠠᠮᠣᠷ ᠳᠦᠪᠰᠢᠨ᠂ ᠠᠮᠢ ᠠᠬᠤᠢ ᠣᠷᠴᠢᠨ ᠲᠤᠭᠤᠷᠢᠨ ᠤ ᠠᠮᠣᠷ ᠳᠦᠪᠰᠢᠨ ᠵᠢᠴᠢ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠪᠠᠲᠤᠯᠠᠬᠤ ᠶᠢ ᠠᠵᠢᠯ ᠤᠨ ᠭᠠᠷᠳᠠᠴᠠ ᠪᠠ ᠵᠣᠭᠰᠣᠴᠠ ᠪᠤᠯᠭᠠᠨ᠂ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ ᠲᠡᠬᠦᠯᠳᠡᠷᠵᠢᠬᠦᠯᠦᠨ᠎ᠡ᠃     1.2.2 ᠰᠢᠨᠵᠢᠯᠡᠬᠦ ᠤᠬᠠᠭᠠᠨᠴᠢ ᠦᠨᠳᠦᠷ ᠪᠦᠲᠦᠮᠵᠢᠲᠡᠢ᠂ ᠡᠷᠡᠰ ᠲᠠᠰᠣᠷᠬᠠᠢ ᠰᠢᠢᠳᠪᠦᠷᠢᠯᠡᠨ᠎ᠡ᠃ ᠰᠢᠨᠵᠢᠯᠡᠬᠦ ᠤᠬᠠᠭᠠᠨᠴᠢ ᠦᠨᠳᠦᠷ ᠪᠦᠲᠦᠮᠵᠢᠲᠡᠢ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠲᠤᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠨᠵᠢᠯᠡᠭᠡ ᠮᠡᠷᠬᠡᠵᠢᠯ ᠤᠨ ᠬᠢᠷᠢ ᠳᠦᠪᠰᠢᠨ ᠢ ᠳᠡᠭᠡᠭᠰᠢᠯᠡᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠠᠷᠭ᠎ᠠ ᠪᠠᠷᠢᠯ ᠢᠶᠠᠨ ᠲᠠᠰᠣᠷᠠᠯᠲᠠ ᠦᠬᠡᠢ ᠳᠡᠭᠦᠯᠳᠡᠷᠵᠢᠬᠦᠯᠵᠦ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠦᠨᠦᠬᠡᠯ ᠢ ᠬᠠᠮᠤᠭ ᠤᠨ ᠶᠡᠭᠡ ᠬᠡᠮᠵᠢᠶ᠎ᠡ  ᠪᠠᠷ ᠪᠠᠭᠠᠰᠬᠠᠨ᠎ᠠ᠃ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠢᠯᠡᠷᠡᠪᠡᠯ᠂ ᠬᠠᠤᠯᠢ ᠶᠤᠰᠤᠭᠠᠷ ᠡᠷᠡᠰ ᠲᠠᠰᠣᠷᠬᠠᠢ ᠰᠢᠢᠳᠪᠦᠷᠢᠯᠡᠨ᠂ ᠬᠡᠷᠡᠭ ᠶᠠᠪᠤᠳᠠᠯ ᠬᠦᠨᠳᠦᠷᠡᠬᠦ ᠠᠴᠠ ᠴᠢᠩᠭ᠎ᠠ ᠰᠡᠷᠬᠡᠶᠢᠯᠡᠵᠦ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠠᠴᠠ ᠪᠤᠯᠤᠭᠰᠠᠨ ᠬᠤᠬᠢᠷᠠᠯ ᠪᠠ ᠬᠦᠨᠦᠬᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃     1.2.3 ᠨᠢᠭᠡᠳᠦᠯᠲᠡᠢ ᠣᠳᠣᠷᠢᠳᠴᠣ᠂ ᠱᠠᠲᠤ ᠬᠤᠪᠢᠶᠠᠨ ᠬᠠᠷᠢᠭᠤᠴᠠᠨ᠎ᠠ᠃ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠬᠡᠳᠦᠯᠲᠡᠢ ᠣᠳᠣᠷᠢᠳᠣᠨ᠂ ᠬᠠᠷᠢᠶ᠎ᠠ ᠭᠠᠵᠠᠷ ᠠᠴᠠ ᠬᠠᠮᠢᠶᠠᠷᠴᠣ᠂ ᠱᠠᠲᠤ ᠬᠤᠪᠢᠶᠠᠨ ᠬᠠᠷᠢᠭᠤᠴᠠᠨ᠎ᠠ᠃ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ  ᠶᠢᠨ ᠭᠠᠮᠰᠢᠭ ᠤᠨ ᠪᠠᠶᠢᠳᠠᠯ ᠤᠨ ᠨᠣᠴᠢᠲᠣ ᠴᠢᠨᠠᠷ᠂ ᠡᠵᠡᠮᠳᠡᠯᠲᠦ ᠴᠢᠨᠠᠷ᠂ ᠬᠡᠷᠡᠭᠯᠡᠭᠳᠡᠬᠦ ᠡᠬᠢ ᠰᠣᠷᠪᠣᠯᠵᠢ᠂ ᠨᠦᠯᠦᠬᠡᠯᠡᠭᠳᠡᠬᠦ ᠬᠡᠪᠴᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠢ ᠲᠤᠭᠲᠠᠭᠠᠬᠤ  ᠪᠤᠶᠤ ᠡᠬᠢᠯᠡᠬᠦᠯᠵᠦ᠂ ᠬᠠᠷᠢᠭᠤᠴᠠᠯᠭ᠎ᠠ ᠶᠢᠨ ᠨᠢᠬᠡᠴᠡ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠡᠬᠦᠷᠭᠡᠯᠡᠯ ᠬᠠᠷᠢᠭᠤᠴᠠᠯᠭ᠎ᠠ ᠶᠤᠰᠤᠭᠠᠷ ᠠᠵᠢᠯ ᠢᠶᠠᠨ ᠬᠤᠪᠢᠶᠠᠷᠢᠯᠠᠵᠤ ᠬᠠᠷᠢᠭᠤᠴᠠᠨ ᠨᠢᠭᠲᠠ ᠬᠠᠮᠵᠢᠯᠴᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ  ᠠᠵᠢᠯ ᠢᠶᠠᠨ ᠦᠳᠲᠡᠷ ᠪᠦᠲᠦᠮᠵᠢᠲᠡᠢ ᠪᠠᠷ ᠶᠠᠪᠤᠭᠳᠠᠭᠤᠯᠤᠨ᠎ᠠ᠃     1.2.4 ᠣᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠵᠤ᠂ ᠰᠡᠷᠬᠡᠶᠢᠯᠡᠯᠲᠡ ᠵᠠᠰᠠᠯᠲᠠ ᠶᠢ ᠣᠶᠠᠯᠳᠣᠭᠤᠯᠣᠨ᠎ᠠ᠃ ᠣᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠵᠢᠷᠤᠮᠯᠠᠨ᠂ ᠣᠷᠢᠳᠴᠢᠯᠠᠨ ᠰᠡᠷᠡᠮᠵᠢᠯᠡᠬᠦᠯᠦᠯᠲᠡ ᠶᠢᠨ ᠬᠢᠨᠠᠨ ᠡᠵᠡᠮᠰᠢᠯ᠂  ᠣᠷᠢᠳᠴᠢᠯᠠᠨ ᠰᠡᠷᠬᠡᠶᠢᠯᠡᠯᠲᠡ ᠶᠢᠨ ᠠᠵᠢᠯ ᠢ ᠴᠢᠩᠭᠠᠳᠬᠠᠨ᠎ᠠ︔ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠢ ᠣᠷᠢᠳᠴᠢᠯᠠᠨ ᠰᠡᠷᠬᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠣᠶᠠᠯᠳᠣᠭᠤᠯᠵᠣ᠂ ᠣᠷᠢᠳᠴᠢᠯᠠᠨ ᠰᠡᠷᠬᠡᠶᠢᠯᠡᠯᠲᠡ ᠪᠠᠷ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠪᠠᠷ ᠬᠤᠤᠷ ᠬᠦᠨᠦᠬᠡᠯ ᠢ ᠪᠠᠭᠠᠰᠬᠠᠬᠤ ᠶᠢ ᠪᠡᠶᠡᠯᠡᠬᠦᠯᠦᠨ᠎ᠡ᠃     1.2.5 ᠣᠳᠣ ᠪᠠᠶᠢᠭ᠎ᠠ ᠡᠬᠢ ᠰᠣᠷᠪᠣᠯᠵᠢ ᠳᠤ ᠪᠠᠨ ᠰᠠᠭᠤᠷᠢᠯᠠᠵᠤ᠂ ᠡᠬᠢ ᠰᠣᠷᠪᠣᠯᠵᠢ ᠪᠠᠨ ᠨᠢᠭᠡᠳᠬᠡᠨ᠎ᠡ᠃ ᠮᠠᠨ ᠤ ᠬᠤᠰᠢᠭᠤᠨ ᠤ ᠣᠳᠣ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠡᠬᠢ ᠰᠣᠷᠪᠣᠯᠵᠢ ︵ᠮᠡᠳᠡᠭᠡ ᠵᠠᠩᠬᠢ᠂ ᠪᠠᠶᠢᠭᠤᠯᠤᠮᠵᠢ᠂ ᠮᠡᠷᠬᠡᠵᠢᠯ ᠵᠡᠷᠭᠡ︶ ᠪᠠᠨ ᠬᠦᠢᠴᠡᠳ ᠠᠰᠢᠭᠯᠠᠵᠤ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠪᠡᠯᠡᠳᠬᠡᠯ ᠲᠦᠰᠦᠯ ᠢ ᠬᠡᠷᠡᠭᠵᠢᠬᠦᠯᠬᠦ ᠳᠤ ᠬᠡᠷᠡᠭᠯᠡᠭᠳᠡᠬᠦ ᠡᠩᠨᠡᠭᠡᠨ ᠤ ᠪᠠᠭᠠᠵᠢ ᠬᠡᠷᠡᠭᠰᠡᠯ ᠡᠳ᠋ ᠪᠤᠳᠠᠰ ᠢ ᠨᠦᠬᠦᠪᠦᠷᠢᠯᠡᠨ ᠳᠡᠭᠦᠯᠳᠡᠷᠵᠢᠬᠦᠯᠵᠦ᠂ ᠡᠬᠢ ᠰᠣᠷᠪᠣᠯᠵᠢ ᠶᠢᠨ  ᠰᠢᠯᠢᠳᠡᠭᠵᠢᠬᠦᠯᠦᠭᠰᠡᠨ ᠲᠤᠬᠢᠷᠠᠭᠤᠯᠤᠯᠲᠠ ᠶᠢ ᠪᠡᠶᠡᠯᠡᠬᠦᠯᠦᠨ᠎ᠡ᠃     1.3 ᠲᠤᠭᠤᠷᠪᠢᠯᠲᠡ ᠶᠢᠨ ᠦᠨᠳᠦᠰᠦᠯᠡᠯ     ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠠᠷᠢᠶᠠᠯᠠᠩ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠠᠷᠢᠶᠠᠯᠠᠩ ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠬᠠᠤᠯᠢ︾᠂ ︽ᠲᠠᠷᠢᠮᠠᠯ ᠤᠨ ᠡᠪᠡᠳᠴᠢᠨ ᠬᠤᠷᠤᠬᠠᠢ ᠶᠢᠨ ᠰᠡᠷᠬᠡᠶᠢᠯᠡᠨ ᠵᠠᠰᠠᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠤᠨ ᠬᠤᠯᠪᠤᠭᠳᠠᠯ ᠪᠦᠬᠦᠢ ᠳᠦᠷᠢᠮ ᠲᠤᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠤᠲᠠᠲᠤ ᠪᠠᠶᠢᠳᠠᠯ ᠲᠠᠢ ᠪᠠᠨ ᠣᠶᠠᠯᠳᠣᠭᠤᠯᠵᠣ᠂ ᠲᠣᠰ ᠪᠡᠯᠡᠳᠬᠡᠯ  ᠲᠦᠰᠦᠯ ᠢ ᠲᠤᠭᠲᠠᠭᠠᠪᠠ᠃     1.4 ᠬᠡᠷᠡᠭᠯᠡᠭᠳᠡᠬᠦ ᠬᠦᠷᠢᠶ᠎ᠡ ᠬᠡᠪᠴᠢᠶ᠎ᠡ     ᠲᠤᠰ ᠪᠡᠯᠡᠳᠬᠡᠯ ᠲᠦᠰᠦᠯ ᠨᠢ ᠣᠲᠤᠭ ᠤᠨ ᠡᠮᠦᠨᠡᠲᠦ ᠬᠤᠰᠢᠭᠤᠨ ᠤ ᠣᠷᠣᠨ ᠬᠡᠪᠴᠢᠶᠡᠨ ᠳᠤ ᠭᠠᠷᠣᠭᠰᠠᠨ ᠡᠯ᠎ᠡ ᠲᠦᠷᠦᠯ ᠤᠨ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠠᠵᠢᠯ ᠳᠤ ᠳᠣᠬᠢᠷᠠᠵᠤ᠂ ᠭᠤᠤᠯᠳᠠᠭᠤ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠤᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ ᠢᠷᠡᠬᠦ ᠵᠢᠴᠢ ᠨᠢᠬᠦᠯᠲᠦ ᠴᠠᠷᠴᠠᠬᠠᠢ᠂ ᠮᠢᠩ ᠬᠤᠷᠤᠬᠠᠢ᠂ ᠨᠠᠩᠬᠢ ᠬᠤᠷᠤᠬᠠᠢ᠂ ᠡᠷᠳᠡᠨᠢ ᠰᠢᠰᠢ ᠶᠢᠨ ᠮᠢᠩ᠂ ᠬᠠᠲᠠᠭᠤ ᠲᠠᠯᠠᠪᠴᠢᠲᠤ ᠰᠢᠬᠦᠷ᠂ ᠲᠦᠮᠦᠰᠦᠨ ᠤ ᠪᠤᠯᠪᠠᠰᠣᠷᠠᠬᠤ ᠬᠤᠭᠤᠴᠠᠭᠠᠨ ᠤ ᠡᠪᠡᠳᠴᠢᠨ᠂  ᠡᠷᠳᠡᠨᠢ ᠰᠢᠰᠢ ᠶᠢᠨ ᠨᠠᠪᠴᠢᠨ ᠤ ᠬᠠᠴᠢᠭ ᠡᠪᠡᠳᠴᠢᠨ ︵ᠤᠯᠠᠭᠠᠨ ᠠᠭᠠᠯᠵᠢ︶᠂ ᠨᠠᠷᠠᠨ ᠬᠤᠸᠠᠷ ᠤᠨ ᠮᠦᠬᠦ ᠶᠢᠨ ᠪᠦᠬᠡᠮ ᠡᠪᠡᠳᠴᠢᠨ᠂ ᠬᠤᠯᠤᠭᠠᠨ᠎ᠠ ᠶᠢᠨ ᠬᠦᠨᠦᠬᠡᠯ ᠵᠡᠷᠭᠡ ᠶᠢ ᠰᠢᠢᠳᠪᠦᠷᠢᠯᠡᠬᠦ ᠳᠤ ᠬᠡᠷᠡᠭᠯᠡᠭᠳᠡᠨ᠎ᠡ᠃     2. ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ ᠡᠬᠦᠷᠭᠡ ᠬᠠᠷᠢᠭᠤᠴᠠᠯᠭ᠎ᠠ     2.1 ᠪᠠᠴᠢᠮ ᠪᠠᠶᠢᠳᠠᠯ ᠢ ᠠᠷᠭᠠᠴᠠᠬᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠬᠤᠰᠢᠭᠤ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠠᠵᠢᠯ ᠢ ᠬᠤᠰᠢᠭᠤ ᠣᠯᠠᠨ ᠨᠠᠶᠢᠲᠠ ᠶᠢᠨ ᠬᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠣᠳᠣᠷᠢᠳᠣᠯᠭ᠎ᠠ ᠳᠣᠣᠷ᠎ᠠ ᠶᠠᠪᠤᠭᠳᠠᠭᠤᠯᠤᠨ᠎ᠠ᠃ ᠬᠤᠰᠢᠭᠤ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ  ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠵᠢᠯᠤᠭᠤᠳᠬᠤ ᠭᠠᠵᠠᠷ ︵ᠬᠤᠰᠢᠭᠤ ᠵᠢᠯᠤᠭᠤᠳᠬᠤ ᠭᠠᠵᠠᠷ︶ ᠤᠨ ᠶᠡᠷᠦᠩᠬᠡᠢ ᠵᠢᠯᠤᠭᠤᠳᠣᠭᠴᠢ ᠶᠢ ᠬᠤᠰᠢᠭᠤ ᠲᠠᠷᠢᠶᠠᠯᠠᠩ ᠤᠨ ᠦᠢᠯᠡᠰ ᠢ ᠬᠤᠪᠢᠳᠠᠨ ᠬᠠᠮᠢᠶᠠᠷᠬᠤ ᠬᠤᠰᠢᠭᠤ ᠳᠡᠳ᠋ ᠳᠠᠷᠤᠭ᠎ᠠ ᠡᠬᠦᠷᠭᠡᠯᠡᠵᠦ᠂ ᠪᠦᠷᠢᠯᠳᠦᠬᠦᠨ ᠨᠢ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠣᠪᠴᠢᠶ᠎ᠠ᠂ ᠮᠠᠯ ᠲᠠᠷᠢᠶᠠᠯᠠᠩ ᠤᠨ ᠲᠤᠪᠴᠢᠶ᠎ᠠ᠂ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠳᠣᠪᠴᠢᠶ᠎ᠠ᠂ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ᠂ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠷᠠᠳᠢᠤ᠋ ᠲᠧᠯᠸᠢᠰ ᠬᠤᠷᠢᠶ᠎ᠠ᠂  ᠴᠠᠭ ᠠᠭᠤᠷ ᠤᠨ ᠲᠤᠪᠴᠢᠶ᠎ᠠ᠂ ᠡᠯ᠎ᠡ ᠪᠠᠯᠭᠠᠰᠣᠨ ᠤ ᠵᠠᠰᠠᠭ ᠤᠨ ᠣᠷᠳᠣᠨ ᠵᠡᠷᠭᠡ ᠰᠠᠯᠠᠭ᠎ᠠ ᠮᠦᠴᠢᠷ ᠪᠠ ᠪᠠᠶᠢᠭᠤᠯᠭ᠎ᠠ ᠨᠢᠬᠡᠴᠡ ᠶᠢᠨ ᠣᠳᠣᠷᠢᠳᠣᠯᠭ᠎ᠠ ᠪᠠᠷ ᠪᠦᠷᠢᠯᠳᠦᠨ᠎ᠡ᠃ ᠬᠤᠰᠢᠭᠤ ᠵᠢᠯᠤᠭᠤᠳᠬᠤ ᠭᠠᠵᠠᠷ ᠤᠨ ᠠᠯᠪᠠᠨ ᠭᠡᠷ ᠢ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠳᠣᠬᠢᠷᠠᠭᠤᠯᠵᠤ᠂ ᠵᠢᠯᠤᠭᠤᠳᠬᠤ ᠭᠠᠵᠠᠷ  ᠤᠨ ᠡᠳᠦᠷ ᠲᠤᠲᠤᠮ ᠤᠨ ᠠᠵᠢᠯ ᠢ ᠪᠤᠲᠠᠲᠠᠢ ᠬᠠᠷᠢᠭᠤᠴᠠᠨ᠎ᠠ᠃     2.2 ᠬᠤᠰᠢᠭᠤ ᠵᠢᠯᠤᠭᠤᠳᠬᠤ ᠭᠠᠵᠠᠷ ᠤᠨ ᠡᠬᠦᠷᠭᠡ ᠬᠠᠷᠢᠭᠤᠴᠠᠯᠭ᠎ᠠ     ᠬᠤᠰᠢᠭᠤ ᠵᠢᠯᠤᠭᠤᠳᠬᠤ ᠭᠠᠵᠠᠷ ᠤᠨ ᠭᠤᠤᠯ ᠬᠠᠷᠢᠭᠤᠴᠠᠯᠭ᠎ᠠ᠄ ᠪᠦᠬᠦ ᠬᠤᠰᠢᠭᠤᠨ ᠤ ᠲᠠᠷᠢᠶᠠᠯᠠᠩ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ  ᠢ ᠠᠷᠭᠠᠴᠠᠬᠤ ᠰᠡᠷᠬᠡᠶᠢᠯᠡᠨ ᠵᠠᠰᠠᠬᠤ ᠠᠵᠢᠯ ᠢ ᠨᠢᠬᠡᠳᠦᠯᠲᠡᠢ ᠵᠣᠬᠢᠶᠠᠨ ᠪᠠᠶᠢᠭᠤᠯᠵᠤ᠂ ᠵᠢᠯᠤᠭᠤᠳᠴᠣ ᠵᠤᠬᠢᠴᠠᠭᠤᠯᠤᠨ᠂ ᠲᠠᠷᠢᠶᠠᠯᠠᠩ ᠤᠨ ᠠᠮᠢᠳᠣ ᠪᠣᠳᠠᠰ ᠤᠨ ᠭᠠᠮᠰᠢᠭ ᠤᠨ ᠰᠡᠷᠬᠡᠶᠢᠯᠡᠨ ᠵᠠᠰᠠᠯᠲᠠ ᠶᠢᠨ ᠴᠢᠬᠤᠯᠠ ᠶᠡᠭᠡ ᠠᠰᠠᠭᠤᠳᠠᠯ ᠢ ᠰᠣᠳᠣᠯᠣᠨ ᠰᠢᠢᠳᠪᠦᠷᠢᠯᠡᠨ᠎ᠡ︔ ᠭᠠᠮᠰᠢᠭ ᠤᠨ ᠪᠠᠶᠢᠳᠠᠯ ᠤᠨ ᠵᠦᠪᠳᠡᠯᠴᠡᠭᠡ᠂ ᠭᠠᠮᠰᠢᠭ  ᠠᠴᠠ ᠠᠪᠤᠷᠠᠭᠰᠠᠨ ᠪᠠᠶᠢᠳᠠᠯ ᠤᠨ ᠨᠡᠶᠢᠲᠡᠯᠡᠯ᠂ ᠲᠤᠬᠠᠢ ᠶᠢᠨ ᠲᠠᠯᠠᠪᠠᠢ ᠶᠢᠨ ᠬᠢᠨᠠᠨ ᠪᠠᠶᠢᠴᠠᠭᠠᠯᠲᠠ ᠵᠡᠷᠭᠡ ᠠᠵᠢᠯ ᠢ ᠡᠷᠬᠢᠯᠡᠨ᠎ᠡ︔ ᠰᠡᠷᠬᠡᠶᠢᠯᠡᠨ ᠵᠠᠰᠠᠯᠲᠠ ᠶᠢᠨ ᠡᠳ᠋ ᠪᠤᠳᠠᠰ ᠢ ᠨᠦᠬᠡᠴᠡᠯᠡᠨ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠲᠤᠬᠢᠷᠠᠭᠤᠯᠤᠨ᠎ᠠ︔ ᠪᠤᠰᠣᠳ ᠡᠪᠡᠳᠴᠢᠨ ᠬᠤᠷᠤᠬᠠᠢ ᠶᠢᠨ ᠭᠠᠮᠰᠢᠭ ᠤᠨ ᠬᠤᠯᠪᠤᠭᠳᠠᠯ ᠪᠦᠬᠦᠢ ᠰᠡᠷᠬᠡᠶᠢᠯᠡᠨ ᠡᠵᠡᠮᠳᠡᠯ ᠤᠨ ᠴᠢᠬᠤᠯᠠ ᠠᠵᠢᠯ ᠢ ᠰᠢᠢᠳᠪᠦᠷᠢᠯᠡᠨ᠎ᠡ᠃     2.3 ᠬᠤᠰᠢᠭᠤ ᠵᠢᠯᠤᠭᠤᠳᠬᠤ ᠭᠠᠵᠠᠷ ᠤᠨ ᠪᠦᠷᠢᠯᠳᠦᠬᠦᠨ ᠨᠢᠬᠡᠴᠡ ᠶᠢᠨ ᠡᠬᠦᠷᠭᠡ ᠬᠠᠷᠢᠭᠤᠴᠠᠯᠭ᠎ᠠ     ᠮᠠᠯ ᠲᠠᠷᠢᠶᠠᠯᠠᠩ ᠤᠨ ᠲᠤᠪᠴᠢᠶ᠎ᠠ᠄ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠰᠡᠷᠬᠡᠶᠢᠯᠡᠨ ᠵᠠᠰᠠᠯᠲᠠ ᠶᠢᠨ ᠲᠦᠰᠦᠯ ᠲᠤᠭᠲᠠᠭᠠᠬᠤ ᠶᠢ ᠵᠤᠬᠢᠶᠠᠨ ᠪᠠᠶᠢᠭᠤᠯᠵᠤ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠪᠠᠶᠢᠴᠠᠭᠠᠯᠲᠠ ᠡᠵᠡᠮᠳᠡᠯ ᠤᠨ ᠠᠵᠢᠯ ᠢ ᠬᠠᠷᠢᠭᠤᠴᠠᠨ᠂ ᠬᠠᠨᠳᠣᠰᠢ ᠪᠠᠶᠢᠳᠠᠯ  ᠤᠨ ᠣᠷᠢᠳᠴᠢᠯᠠᠭᠰᠠᠨ ᠮᠡᠳᠡᠬᠦᠯᠦᠯᠲᠡ ᠶᠢ ᠨᠠᠶᠢᠲᠠᠯᠠᠵᠤ᠂ ᠬᠠᠷᠠᠭᠠᠯᠵᠠᠭᠰᠠᠨ ᠰᠡᠷᠬᠡᠶᠢᠯᠡᠯᠲᠡ ᠵᠠᠰᠠᠯᠲᠠ ᠶᠢᠨ ᠰᠠᠨᠠᠯ ᠢ ᠳᠣᠷᠠᠳᠣᠨ᠎ᠠ︔ ᠭᠠᠮᠰᠢᠭ ᠤᠨ ᠮᠡᠲ᠋ᠧᠷᠢᠶᠡᠯ ᠴᠤᠭᠯᠠᠭᠤᠯᠤᠨ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠠᠵᠢᠯᠲᠠᠨ ᠢᠶᠠᠨ ᠵᠤᠬᠢᠶᠠᠨ ᠪᠠᠶᠢᠭᠤᠯᠤᠨ ᠭᠠᠮᠰᠢᠭ ᠤᠨ ᠪᠠᠶᠢᠳᠠᠯ ᠢ ᠪᠠᠶᠢᠴᠠᠭᠠᠨ ᠬᠠᠷᠭᠤᠭᠤᠯᠵᠤ᠂ ᠭᠠᠮᠰᠢᠭ ᠤᠨ ᠵᠡᠷᠭᠡ ᠲᠡᠰ ᠢ ᠲᠤᠭᠲᠠᠭᠠᠨ᠎ᠠ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠳ᠋ ᠪᠤᠳᠠᠰ ᠤᠨ ᠨᠦᠬᠡᠴᠡᠯᠡᠯᠲᠡ᠂ ᠬᠦᠮᠦᠷᠭᠡ ᠶᠢᠨ ᠪᠠᠶᠢᠭᠤᠯᠤᠯᠲᠠ ᠵᠢᠴᠢ ᠪᠠᠯᠭᠠᠰᠣᠨ ᠤ ᠡᠳ᠋ ᠪᠠᠷᠠᠭᠠᠨ ᠤ ᠨᠦᠬᠡᠴᠡᠯᠡᠯᠲᠡ᠂ ᠬᠦᠮᠦᠷᠭᠡ ᠶᠢᠨ ᠪᠠᠶᠢᠭᠤᠯᠤᠯᠲᠠ ᠶᠢᠨ ᠬᠢᠨᠠᠯᠲᠠ ᠵᠢᠯᠤᠭᠤᠳᠤᠯᠭ᠎ᠠ ᠶᠢ ᠬᠠᠷᠢᠭᠤᠴᠠᠨ᠎ᠠ᠃ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠨᠠᠨ ᠡᠵᠡᠮᠳᠡᠯ ᠤᠨ ᠣᠷᠢᠳᠴᠢᠯᠠᠭᠰᠠᠨ ᠮᠡᠳᠡᠬᠦᠯᠦᠯᠲᠡ ᠶᠢᠨ ᠪᠠᠭᠠᠵᠢ  ᠬᠡᠷᠡᠭᠰᠡᠯ᠂ ᠲᠠᠷᠢᠶᠠᠯᠠᠩ ᠤᠨ ᠡᠮ᠂ ᠡᠮ ᠤᠨ ᠲᠣᠨᠣᠭᠯᠠᠯ᠂ ᠪᠤᠬᠢᠷᠳᠣᠯ ᠦᠬᠡᠢ ᠪᠠᠷ ᠰᠡᠷᠬᠡᠶᠢᠯᠡᠨ ᠡᠵᠡᠮᠳᠡᠬᠦ ᠪᠦᠲᠦᠭᠡᠭᠳᠡᠬᠦᠨ᠂ ᠬᠤᠯᠤᠭᠠᠨ᠎ᠠ ᠶᠢᠨ  ᠬᠢᠨᠠᠨ ᠡᠵᠡᠮᠳᠡᠯ ᠤᠨ ᠡᠳ᠋ ᠪᠤᠳᠠᠰ᠂ ᠬᠠᠮᠠᠭᠠᠯᠠᠯᠲᠠ ᠶᠢᠨ ᠬᠤᠪᠴᠠᠰᠣ ᠵᠡᠷᠭᠡ ᠶᠢ ᠭᠤᠤᠯᠳᠠᠯᠭ᠎ᠠ ᠲᠠᠢ ᠨᠦᠬᠡᠴᠡᠯᠡᠨ᠎ᠡ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯᠲᠡᠨ ᠤ ᠵᠢᠯᠣᠭᠤᠳᠬᠤ ᠳᠣᠭᠤᠶᠢᠯᠠᠩ ᠪᠠ ᠲᠤᠰᠬᠠᠢ ᠮᠡᠷᠭᠡᠵᠢᠯ ᠤᠨ ᠦᠢᠯᠡᠴᠢᠯᠡᠬᠡᠨ ᠤ ᠠᠩᠬᠢ ᠪᠠᠶᠢᠭᠤᠯᠬᠤ ᠶᠢ ᠬᠠᠷᠢᠭᠤᠴᠠᠨ᠂ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠮᠠᠯᠴᠢᠨ ᠲᠠᠷᠢᠶᠠᠴᠢᠨ ᠪᠠ ᠦᠨᠳᠦᠰᠦᠨ ᠱᠠᠲᠤᠨ ᠤ ᠲᠤᠰᠬᠠᠢ ᠮᠡᠷᠭᠡᠵᠢᠯ ᠤᠨ ᠦᠢᠯᠡᠴᠢᠯᠡᠬᠡᠨ ᠤ ᠠᠩᠬᠢ ᠶᠢ ᠵᠢᠯᠣᠭᠤᠳᠴᠤ ᠰᠡᠷᠬᠡᠶᠢᠯᠡᠨ ᠵᠠᠰᠠᠯᠲᠠ ᠶᠢᠨ ᠠᠵᠢᠯ ᠢ ᠦᠷᠨᠢᠬᠦᠯᠦᠨ᠂ ᠱᠠᠯᠠᠪᠳᠠᠨ ᠪᠠᠶᠢᠴᠠᠭᠠᠯᠲᠠ ᠶᠢ ᠰᠠᠶᠢᠲᠤᠷ ᠠᠳᠬᠤᠵᠤ᠂ ᠡᠯ᠎ᠡ ᠲᠥᠷᠥᠯ ᠤᠨ ᠮᠡᠷᠭᠡᠵᠢᠯ ᠤᠨ ᠠᠷᠭ᠎ᠠ ᠠᠪᠴᠠᠯ ᠢ ᠨᠡᠶᠢᠲᠡᠪᠤᠷᠢᠵᠢᠭᠤᠯᠤᠨ᠎ᠠ᠃ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠣᠬᠠᠢ ᠶᠢᠨ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠲᠥᠷᠥᠯ ᠤᠨ ᠪᠡᠯᠡ ᠮᠥᠩᠭᠦ ᠪᠠ ᠡᠳ᠋ ᠪᠤᠳᠠᠰ ᠢ ᠭᠤᠶᠤᠴᠢᠯᠠᠬᠤ᠂ ᠬᠠᠮᠢᠶᠠᠷᠬᠤ ᠪᠠ ᠬᠤᠪᠢᠶᠠᠷᠢᠯᠠᠬᠤ ᠶᠢ ᠬᠠᠷᠢᠭᠤᠴᠠᠨ᠎ᠠ᠃ ᠭᠠᠮᠰᠢᠭ ᠤᠨ ᠪᠠᠶᠢᠳᠠᠯ ᠢ ᠴᠠᠭ ᠲᠤᠬᠠᠢ ᠳᠤᠨᠢ ᠨᠡᠶᠢᠲᠡᠯᠡᠬᠦ ᠪᠠ ᠳᠡᠭᠡᠭᠰᠢ ᠮᠡᠳᠡᠭᠦᠯᠬᠦ ᠶᠢ ᠬᠠᠷᠢᠭᠤᠴᠠᠨ᠂ ᠤᠯᠤᠰ ᠤᠨ ᠨᠥᠬᠦᠪᠦᠷᠢ ᠮᠦᠩᠭᠦ ᠶᠢ ᠢᠳᠡᠪᠬᠢᠲᠡᠢ ᠪᠠᠷ ᠣᠯᠣᠨ᠎ᠠ᠃ ᠭᠠᠮᠰᠢᠭ ᠤᠨ ᠣᠷᠣᠨ ᠢ ᠵᠢᠯᠣᠭᠤᠳᠴᠤ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ᠂ ᠭᠠᠮᠰᠢᠭ ᠤᠨ ᠣᠷᠣᠨ ᠢ ᠵᠣᠬᠢᠶᠠᠨ ᠪᠠᠶᠢᠭᠤᠯᠤᠨ ᠨᠦᠬᠦᠵᠦ ᠲᠠᠷᠢᠬᠤ ᠵᠡᠷᠭᠡ ᠭᠠᠮᠰᠢᠭ ᠤᠨ ᠬᠤᠶᠢᠨᠠᠬᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠨ᠎ᠡ᠃     ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠣᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠵᠤᠬᠢᠴᠠᠭᠤᠯᠤᠯᠲᠠ ᠪᠠᠲᠤᠯᠠᠭ᠎ᠠ ᠶᠢ ᠬᠠᠷᠢᠭᠤᠴᠠᠨ᠎ᠠ     ᠬᠦᠭᠵᠢᠬᠦᠯᠦᠯᠲᠡ ᠪᠠ ᠦᠬᠡᠷᠡᠴᠢᠯᠡᠯᠲᠡ ᠶᠢᠨ ᠵᠦᠪᠯᠡᠯ᠄ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠰᠢᠢᠳᠪᠦᠷᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠢᠨᠵᠧᠨᠧᠷᠢᠩ ᠤᠨ ᠲᠦᠷᠦᠯ ᠵᠦᠢᠯ ᠢ ᠲᠦᠰᠦᠯ ᠳᠤ ᠣᠷᠣᠭᠤᠯᠬᠤ ᠶᠢ ᠬᠠᠷᠢᠭᠤᠴᠠᠵᠤ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠢᠨᠠᠨ ᠡᠵᠡᠮᠰᠢᠯ᠂ ᠣᠷᠢᠳᠴᠢᠯᠠᠨ ᠰᠡᠷᠡᠮᠵᠢᠯᠡᠬᠦᠯᠦᠯ ᠪᠠ ᠰᠡᠷᠬᠡᠶᠢᠯᠡᠨ ᠡᠵᠡᠮᠳᠡᠯ ᠤᠨ ᠰᠢᠰᠲ᠋ᠧᠮ ᠤᠨ ᠰᠠᠭᠤᠷᠢ ᠳᠦᠬᠦᠬᠡᠷᠦᠮᠵᠢ ᠶᠢᠨ ᠪᠠᠶᠢᠭᠤᠯᠤᠯᠲᠠ ᠶᠢ ᠳᠡᠮᠵᠢᠨ᠎ᠡ᠃ ᠭᠠᠮᠰᠢᠭ ᠠᠴᠠ ᠠᠪᠤᠷᠠᠬᠤ ᠠᠮᠣ ᠪᠤᠳᠠᠭᠠᠨ ᠤ ᠢᠷᠡᠯᠲᠡ ᠵᠦᠬᠡᠬᠡᠪᠦᠷᠢᠯᠡᠯᠲᠡ᠂ ᠬᠤᠯᠤᠭᠠᠨ᠎ᠠ ᠶᠢᠨ ᠬᠦᠨᠦᠬᠡᠯ ᠢ ᠡᠵᠡᠮᠳᠡᠬᠦ ᠠᠵᠢᠯᠯᠠᠭᠠᠨ  ᠤ ᠬᠤᠤᠷᠲᠤ ᠦᠭᠶᠦᠬᠡ ᠨᠠᠶᠢᠷᠠᠭᠤᠯᠬᠤ ᠳᠤ ᠬᠡᠷᠡᠭᠯᠡᠭᠳᠡᠬᠦ ᠦᠭᠶᠦᠬᠡᠨ ᠤ ᠴᠤᠭᠯᠠᠭᠤᠯᠤᠯᠲᠠ ᠪᠠ ᠬᠠᠩᠭᠠᠯᠭ᠎ᠠ ᠵᠢᠴᠢ ᠬᠠᠮᠢᠶ᠎ᠠ ᠪᠦᠬᠦᠢ ᠵᠤᠬᠢᠶᠠᠨ ᠪᠠᠶᠢᠭᠤᠯᠬᠤ ᠵᠤᠬᠢᠴᠠᠭᠤᠯᠬᠤ ᠠᠵᠢᠯ ᠢ ᠬᠠᠷᠢᠭᠤᠴᠠᠨ᠎ᠠ᠃     ᠡᠳ᠋ ᠤᠨ ᠵᠠᠰᠠᠭ ᠤᠨ ᠳᠣᠪᠴᠢᠶ᠎ᠠ᠄ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠪᠠᠴᠢᠮ ᠪᠠᠶᠢᠳᠠᠯ ᠤᠨ ᠠᠷᠭᠠᠴᠠᠨ ᠰᠢᠢᠳᠪᠦᠷᠢᠯᠡᠯᠲᠡ᠂ ᠡᠳ᠋ ᠪᠠᠷᠠᠭᠠᠨ ᠤ ᠨᠦᠬᠡᠴᠡᠯᠡᠯᠲᠡ ᠶᠢᠨ ᠲᠤᠰᠬᠠᠢ ᠲᠦᠷᠦᠯ ᠤᠨ ᠪᠡᠯᠡ ᠮᠦᠩᠭᠦ ᠶᠢᠨ  ᠬᠤᠷᠠᠮᠳᠣᠭᠤᠯᠣᠯ᠂ ᠬᠤᠪᠢᠶᠠᠷᠢᠯᠠᠯ᠂ ᠣᠯᠭᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶ᠎ᠠ᠄ ᠮᠠᠯ ᠲᠠᠷᠢᠶᠠᠯᠠᠩ ᠤᠨ ᠲᠤᠪᠴᠢᠶ᠎ᠠ ᠶᠢ ᠬᠠᠪᠰᠣᠷᠣᠨ ᠬᠤᠳᠠᠯ ᠬᠠᠭᠤᠷᠮᠠᠭ ᠲᠠᠷᠢᠶᠠᠯᠠᠩ ᠤᠨ ᠡᠮ ︵ᠲᠤᠨᠤᠭ︶ ᠡᠵᠡᠩᠨᠡᠬᠦ ᠬᠠᠤᠯᠢ ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠭᠦ ᠶᠢᠨ ᠬᠠᠮᠲᠤ ᠬᠠᠤᠯᠢ ᠶᠤᠰᠤᠭᠠᠷ ᠪᠠᠶᠢᠴᠠᠭᠠᠨ ᠰᠢᠢᠳᠬᠡᠨ᠎ᠡ᠃     ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠄ ᠡᠷᠡᠬᠦᠯ ᠬᠠᠮᠠᠭᠠᠯᠠᠯ ᠤᠨ ᠮᠡᠷᠬᠡᠵᠢᠯ ᠤᠨ ᠬᠦᠴᠦᠨ ᠢ ᠲᠤᠬᠢᠷᠠᠭᠤᠯᠬᠤ᠂ ᠰᠢᠷᠬᠠᠳᠣᠭᠰᠠᠳ ᠢ ᠠᠪᠤᠷᠠᠬᠤ ᠶᠢ ᠬᠠᠷᠢᠭᠤᠴᠠᠨ᠎ᠠ︔ ᠭᠠᠮᠰᠢᠭ ᠤᠨ ᠣᠷᠣᠨ ᠤ ᠬᠤᠯᠤᠭᠠᠨ᠎ᠠ ᠶᠢᠨ ᠬᠠᠯᠳᠠᠪᠤᠷᠢᠯᠠᠯ ᠤᠨ ᠡᠪᠡᠳᠴᠢᠨ ᠤ ᠣᠷᠢᠳᠴᠢᠯᠠᠨ ᠰᠡᠷᠡᠮᠵᠢᠯᠡᠬᠦᠯᠦᠯᠲᠡ ᠶᠢᠨ ᠬᠢᠨᠠᠨ ᠡᠵᠡᠮᠰᠢᠯ ᠢ ᠰᠠᠶᠢᠲᠤᠷ ᠬᠢᠨ᠎ᠡ︔ ᠬᠦᠨᠳᠦ ᠨᠤᠴᠢᠲᠠᠢ ᠬᠢᠵᠢᠭ ᠤᠨ ᠪᠠᠶᠢᠳᠠᠯ ᠢ ᠦᠳᠲᠡᠷ ᠲᠦᠷᠬᠡᠨ ᠰᠢᠢᠳᠪᠦᠷᠢᠯᠡᠵᠦ᠂ ᠬᠢᠵᠢᠭ ᠤᠨ ᠪᠠᠶᠢᠳᠠᠯ᠂ ᠡᠪᠡᠳᠴᠢᠨ ᠡᠮᠬᠡᠭ ᠤᠨ ᠲᠠᠷᠬᠠᠨ ᠳᠡᠯᠬᠡᠷᠡᠬᠦ ᠶᠢ ᠬᠤᠷᠢᠭᠯᠠᠨ᠎ᠠ᠃     ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠄ ᠭᠠᠮᠰᠢᠭ ᠤᠨ ᠣᠷᠣᠨ ᠤ ᠨᠡᠶᠢᠬᠡᠮ ᠤᠨ ᠠᠮᠣᠷ ᠳᠦᠪᠰᠢᠨ ᠡᠮᠬᠢ ᠲᠢᠭᠯᠢᠮ ᠪᠠ ᠵᠠᠮ ᠬᠠᠷᠢᠯᠴᠠᠭᠠᠨ ᠤ ᠡᠮᠬᠢ ᠲᠢᠭᠯᠢᠮ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠲᠠᠷᠢᠶᠠᠯᠠᠩ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠳᠤ ᠬᠠᠪᠰᠣᠷᠣᠨ᠎ᠠ᠃     ᠠᠷᠠᠳ ᠤᠨ ᠶᠠᠪᠤᠳᠠᠯ ᠤᠨ ᠳᠣᠪᠴᠢᠶ᠎ᠠ᠄ ᠭᠠᠮᠰᠢᠭ ᠤᠨ ᠣᠷᠣᠨ ᠤ ᠣᠯᠠᠨ ᠲᠦᠮᠡᠨ ᠤ ᠳᠣᠬᠤᠨᠢᠭᠤᠯᠭ᠎ᠠ ᠵᠢᠴᠢ ᠠᠪᠤᠷᠠᠨ ᠲᠤᠰᠠᠯᠠᠯᠲᠠ ᠶᠢ ᠬᠠᠷᠢᠭᠤᠴᠠᠨ᠎ᠠ᠃     ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠳᠣᠪᠴᠢᠶ᠎ᠠ᠄ ᠴᠢᠮᠡᠭᠡ ᠬᠤᠯᠪᠤᠭᠠᠨ ᠤ ᠰᠠᠭᠠᠳ ᠦᠬᠡᠢ ᠨᠡᠪᠲᠡᠷᠡᠯᠴᠡᠭᠡ ᠶᠢ ᠬᠠᠷᠢᠭᠤᠴᠠᠨ᠎ᠠ᠃     ᠵᠠᠮ ᠬᠠᠷᠢᠯᠴᠠᠭᠠᠨ ᠤ ᠲᠤᠪᠴᠢᠶ᠎ᠠ᠄ ᠪᠠᠴᠢᠮ ᠪᠠᠶᠢᠳᠠᠯ ᠢ ᠠᠷᠭᠠᠴᠠᠬᠤ ᠵᠠᠮ ᠪᠤᠯᠤᠨ ᠲᠡᠭᠡᠭᠡᠪᠦᠷᠢ ᠶᠢᠨ ᠪᠠᠲᠤᠯᠠᠭ᠎ᠠ ᠵᠢᠴᠢ  ᠨᠡᠪᠲᠡᠷᠡᠯᠴᠡᠭᠡ ᠶᠢ ᠬᠠᠷᠢᠭᠤᠴᠠᠨ᠎ᠠ᠃     ᠰᠣᠨᠢᠨ ᠮᠡᠳᠡᠭᠡᠨ ᠤ ᠵᠠᠭᠤᠴᠢᠯᠠᠭᠤᠷ᠄ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠣᠬᠠᠭᠤᠯᠭ᠎ᠠ ᠨᠡᠶᠢᠲᠡᠯᠡᠯ ᠤᠨ ᠠᠵᠢᠯ ᠪᠠ ᠶᠠᠷᠢᠶ᠎ᠠ ᠬᠡᠯᠡᠯᠴᠡᠬᠡᠨ ᠤ ᠬᠢᠨᠠᠨ ᠡᠵᠡᠮᠰᠢᠯ ᠢ ᠬᠠᠷᠢᠭᠤᠴᠠᠨ᠎ᠠ᠃     ᠴᠠᠭ ᠠᠭᠤᠷ ᠤᠨ ᠳᠣᠪᠴᠢᠶ᠎ᠠ᠄ ᠴᠠᠭ ᠠᠭᠤᠷ᠂ ᠠᠭᠤᠷ ᠠᠮᠢᠰᠬᠤᠯ ᠤᠨ ᠬᠢᠨᠠᠨ ᠡᠵᠡᠮᠰᠢᠯ ᠪᠠ ᠣᠷᠢᠳᠴᠢᠯᠠᠨ ᠰᠡᠷᠡᠮᠵᠢᠯᠡᠬᠦᠯᠦᠯ ᠢ ᠬᠠᠷᠢᠭᠤᠴᠠᠵᠤ᠂ ᠭᠠᠮᠰᠢᠭ  ᠤᠨ ᠪᠠᠶᠢᠳᠠᠯ ᠤᠨ ᠬᠢᠨᠠᠨ ᠲᠤᠭᠲᠠᠭᠠᠯᠲᠠ ᠶᠢᠨ ᠦᠨᠡᠯᠡᠯᠲᠡ ᠶᠢᠨ ᠬᠠᠮᠢᠶ᠎ᠠ ᠪᠦᠬᠦᠢ ᠴᠠᠭ ᠠᠭᠤᠷ ᠤᠨ ᠮᠡᠲ᠋ᠧᠷᠢᠶᠡᠯ ᠪᠠ ᠵᠠᠳᠠᠯᠣᠯᠲᠠ ᠦᠢᠯᠡᠴᠢᠯᠡᠭᠡ ᠶᠢ ᠬᠠᠩᠭᠠᠨ᠎ᠠ︔ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠢᠯᠡᠷᠡᠭᠰᠡᠨ ᠣᠷᠣᠨ ᠪᠦᠰᠡ ᠶᠢᠨ ᠴᠠᠭ ᠠᠭᠤᠷ ᠤᠨ ᠪᠠᠶᠢᠳᠠᠯ ᠵᠢᠴᠢ ᠣᠷᠢᠳᠴᠢᠯᠠᠨ ᠮᠡᠳᠡᠬᠦᠯᠬᠦ ᠮᠡᠳᠡᠭᠡ ᠵᠠᠩᠬᠢ ᠶᠢ ᠴᠠᠭ ᠲᠤᠬᠠᠢ ᠳᠤᠨᠢ ᠬᠠᠩᠭᠠᠨ᠎ᠠ᠃     ᠡᠯ᠎ᠡ ᠪᠠᠯᠭᠠᠰᠣᠨ ᠤ ᠵᠠᠰᠠᠭ ᠤᠨ ᠣᠷᠳᠣᠨ ᠬᠤᠰᠢᠭᠤ ᠵᠢᠯᠤᠭᠤᠳᠬᠤ ᠭᠠᠵᠠᠷ ᠤᠨ ᠲᠤᠰᠢᠶᠠᠯ ᠬᠠᠷᠢᠭᠤᠴᠠᠯᠭ᠎ᠠ ᠪᠠᠷ ᠯᠠᠪᠯᠠᠯᠲᠠ ᠪᠤᠯᠭᠠᠵᠤ᠂ ᠲᠤᠰ ᠣᠷᠣᠨ ᠪᠦᠰᠡ ᠳᠤ ᠢᠯᠡᠷᠡᠭᠰᠡᠨ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠨᠡᠶᠢᠲᠡᠮ ᠪᠠᠶᠢᠴᠠᠭᠠᠯᠲᠠ᠂ ᠳᠡᠭᠡᠭᠰᠢ ᠮᠡᠳᠡᠬᠦᠯᠦᠯᠲᠡ ᠪᠠ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠵᠡᠷᠭᠡ ᠠᠵᠢᠯ ᠢ ᠬᠠᠷᠢᠭᠤᠴᠠᠨ᠎ᠠ᠃     2.4 ᠲᠤᠰᠬᠠᠢ ᠮᠡᠷᠭᠡᠵᠢᠯᠲᠡᠨ ᠤ ᠳᠣᠭᠤᠶᠢᠯᠠᠩ ᠤᠨ ᠡᠬᠦᠷᠭᠡ ᠬᠠᠷᠢᠭᠤᠴᠠᠯᠭ᠎ᠠ     ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠠᠴᠠ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠤᠰᠬᠠᠢ ᠮᠡᠷᠭᠡᠵᠢᠯᠲᠡᠨ ᠤ ᠳᠣᠭᠤᠶᠢᠯᠠᠩ ᠢ ᠵᠤᠬᠢᠶᠠᠨ ᠪᠠᠶᠢᠭᠤᠯᠬᠤ ᠶᠢ ᠬᠠᠷᠢᠭᠤᠴᠠᠵᠤ᠂ ᠲᠠᠷᠢᠮᠠᠯ ᠤᠨ  ᠡᠪᠡᠳᠴᠢᠨ ᠬᠤᠷᠤᠬᠠᠢ ᠶᠢᠨ ᠬᠢᠨᠠᠨ ᠲᠤᠭᠲᠠᠭᠠᠯᠲᠠ ᠣᠨᠣᠰᠢᠯᠠᠯᠲᠠ᠂ ᠭᠠᠮᠰᠢᠭ ᠤᠨ ᠪᠠᠶᠢᠳᠠᠯ ᠤᠨ ᠨᠤᠲᠠᠯᠠᠯᠲᠠ᠂ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠣᠷᠢᠳᠴᠢᠯᠠᠨ ᠰᠡᠷᠡᠮᠵᠢᠯᠡᠬᠦᠯᠦᠯ ᠵᠠᠳᠠᠯᠣᠯᠲᠠ ᠪᠠ ᠮᠡᠳᠡᠭᠡ ᠵᠠᠩᠬᠢ ᠶᠢᠨ ᠨᠡᠶᠢᠲᠡᠯᠡᠯ᠂ ᠡᠰᠡᠷᠬᠦᠴᠡᠬᠦ ᠴᠢᠨᠠᠷ ᠤᠨ ᠬᠢᠨᠠᠨ ᠡᠵᠡᠮᠰᠢᠯ ᠢ ᠡᠬᠦᠷᠭᠡᠯᠡᠨ᠎ᠡ᠃     3. ᠬᠢᠨᠠᠨ ᠡᠵᠡᠮᠰᠢᠯ ᠣᠷᠢᠳᠴᠢᠯᠠᠨ ᠰᠡᠷᠡᠮᠵᠢᠯᠡᠬᠦᠯᠦᠯ     3.1 ᠬᠢᠨᠠᠨ ᠡᠵᠡᠮᠰᠢᠯ ᠣᠷᠢᠳᠴᠢᠯᠠᠨ ᠰᠡᠷᠡᠮᠵᠢᠯᠡᠬᠦᠯᠦᠯ ᠤᠨ ᠰᠠᠯᠠᠭ᠎ᠠ ᠮᠦᠴᠢᠷ     ᠬᠤᠰᠢᠭᠤ ᠰᠢᠶᠡᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠤᠨ ᠣᠷᠭᠤᠮᠠᠯ ᠤᠨ ᠬᠠᠮᠠᠭᠠᠯᠠᠯ ᠤᠨ ᠰᠠᠯᠠᠭ᠎ᠠ ᠮᠦᠴᠢᠷ ᠨᠢ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠬᠢᠨᠠᠨ ᠡᠵᠡᠮᠰᠢᠯ ᠤᠨ ᠬᠡᠷᠡᠭᠵᠢᠬᠦᠯᠦᠯᠲᠡ ᠶᠢᠨ ᠪᠠᠶᠢᠭᠤᠯᠭ᠎ᠠ ᠨᠢᠬᠡᠴᠡ ᠪᠤᠯᠤᠨ᠎ᠠ᠂ ᠲᠤᠰ ᠵᠠᠰᠠᠭ ᠵᠠᠬᠢᠷᠭᠠᠨ ᠤ ᠣᠷᠣᠨ ᠪᠦᠰᠡ ᠶᠢᠨ ᠲᠤᠲᠤᠷ᠎ᠠ ᠭᠠᠳᠠᠨ᠎ᠠ ᠭᠠᠷᠤᠭᠰᠠᠨ᠂ ᠲᠤᠰ ᠵᠠᠰᠠᠭ ᠵᠠᠬᠢᠷᠭᠠᠨ ᠤ ᠣᠷᠣᠨ ᠪᠦᠰᠡ ᠳᠤ ᠬᠦᠨᠳᠦ ᠨᠣᠴᠢᠲᠠᠢ ᠨᠦᠯᠦᠬᠡᠯᠡᠯ ᠪᠤᠯᠬᠤᠶᠢᠴᠠ ᠬᠤᠯᠪᠤᠭᠳᠠᠯ ᠪᠦᠬᠦᠢ ᠲᠠᠷᠢᠮᠠᠯ  ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠬᠦᠯᠬᠦ᠂ ᠨᠡᠶᠢᠲᠡᠯᠡᠬᠦ ᠶᠢ ᠬᠠᠷᠢᠭᠤᠴᠠᠨ᠎ᠠ᠃ ᠬᠤᠰᠢᠭᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠣᠷᠢᠳᠴᠢᠯᠠᠨ ᠰᠡᠷᠡᠮᠵᠢᠯᠡᠬᠦᠯᠦᠯ ᠤᠨ ᠲᠦᠪ ᠢ ᠬᠤᠰᠢᠭᠤ ᠮᠠᠯ ᠲᠠᠷᠢᠶᠠᠯᠠᠩ  ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠣᠷᠭᠤᠮᠠᠯ ᠤᠨ ᠬᠠᠮᠠᠭᠠᠯᠠᠯ ᠣᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠦᠷᠲᠡᠭᠡᠨ ᠳᠤ ᠲᠤᠬᠢᠷᠠᠭᠤᠯᠤᠨ᠎ᠠ᠃     3.2 ᠬᠢᠨᠠᠨ ᠡᠵᠡᠮᠰᠢᠯ ᠪᠠ ᠮᠡᠳᠡᠬᠦᠯᠦᠯᠲᠡ     3.2.1 ᠮᠡᠳᠡᠭᠡ ᠵᠠᠩᠭᠢ ᠶᠢᠨ ᠴᠤᠭᠯᠠᠭᠤᠯᠤᠯᠲᠠ     ᠬᠤᠰᠢᠭᠤᠨ ᠤ ᠲᠤᠲᠤᠨ᠎ᠠ ᠭᠠᠳᠠᠨᠠᠬᠢ ᠲᠠᠷᠢᠮᠠᠯ ᠢ ᠬᠤᠬᠢᠷᠠᠭᠤᠯᠬᠤ ᠨᠡᠬᠦᠳᠡᠯᠯᠡᠯᠲᠡ ᠶᠢᠨ ᠴᠢᠨᠠᠷᠲᠠᠢ ᠬᠤᠷᠤᠬᠠᠢ ᠶᠢᠨ ᠬᠦᠨᠦᠬᠡᠯ᠂ ᠳᠡᠯᠭᠡᠷᠡᠯᠲᠡ ᠶᠢᠨ ᠴᠢᠨᠠᠷᠲᠠᠢ ᠡᠪᠡᠳᠴᠢᠨ ᠤ ᠬᠤᠤᠷ ᠬᠦᠨᠦᠬᠡᠯ ᠪᠠ ᠭᠠᠳᠠᠨ᠎ᠠ ᠠᠴᠠ ᠣᠷᠣᠵᠣ ᠢᠷᠡᠭᠰᠡᠨ ᠬᠦᠨᠦᠬᠡᠯᠲᠦ ᠠᠮᠢᠳᠣ ᠪᠣᠳᠠᠰ ᠢᠯᠡᠷᠡᠭᠰᠡᠨ ᠪᠠᠶᠢᠳᠠᠯ᠂ ᠲᠠᠷᠢᠶᠠᠯᠠᠩ ᠤᠨ ᠪᠦᠲᠦᠭᠡᠭᠳᠡᠬᠦᠨ ᠪᠠ ᠣᠷᠭᠤᠮᠠᠯ ᠤᠨ ᠬᠠᠶᠠᠭᠳᠠᠮᠠᠯ ᠪᠤᠳᠠᠰ ᠢ ᠭᠠᠳᠠᠭᠠᠲᠤ ᠠᠴᠠ ᠣᠷᠣᠭᠤᠯᠣᠭᠰᠠᠨ᠂ ᠭᠠᠳᠠᠨ᠎ᠠ ᠠᠴᠠ ᠰᠢᠯᠵᠢᠬᠦᠯᠦᠭᠰᠡᠨ ᠪᠠᠶᠢᠳᠠᠯ᠂ ᠣᠷᠭᠤᠮᠠᠯ ᠤᠨ ᠲᠦᠷᠦᠯ ᠤᠨ ᠣᠷᠣᠭᠤᠯᠣᠯᠲᠠ ᠶᠢᠨ ᠪᠠᠶᠢᠳᠠᠯ ᠪᠠ ᠪᠤᠭᠤᠮᠳᠠ ᠠᠴᠠ ᠪᠠᠶᠢᠴᠠᠭᠠᠵᠤ ᠣᠯᠣᠭᠰᠠᠨ ᠬᠦᠨᠦᠬᠡᠯᠲᠦ ᠠᠮᠢᠳᠣ ᠪᠤᠳᠠᠰ ᠤᠨ ᠪᠠᠶᠢᠳᠠᠯ ᠵᠡᠷᠭᠡ ᠶᠢ ᠴᠣᠭᠯᠠᠭᠤᠯᠤᠨ᠎ᠠ᠃     3.2.2 ᠡᠳᠦᠷ ᠲᠤᠲᠤᠮ ᠤᠨ ᠬᠢᠨᠠᠨ ᠡᠵᠡᠮᠰᠢᠯ     ︵1︶ ᠬᠢᠨᠠᠨ ᠡᠵᠡᠮᠰᠢᠯ ᠤᠨ ᠪᠠᠶᠢᠭᠤᠯᠤᠮᠵᠢ ᠪᠠ ᠲᠤᠤᠷ ᠰᠦᠯᠵᠢᠶ᠎ᠡ ︵ᠬᠤᠰᠢᠭᠤ ᠮᠠᠯ ᠲᠠᠷᠢᠶᠠᠯᠠᠩ ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ︶᠃ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠪᠠᠶᠢᠷᠢᠯᠠᠭᠤᠯᠤᠯᠲᠠ ᠳᠣᠣᠷ᠎ᠠ᠂ ᠪᠦᠬᠦ ᠬᠤᠰᠢᠭᠤᠨ ᠤ ᠲᠠᠷᠢᠮᠠᠯ ᠤᠨ ᠭᠠᠮᠰᠢᠭ ᠤᠨ ᠠᠵᠢᠭᠯᠠᠯᠲᠠ ᠶᠢᠨ ᠴᠡᠭ ᠢ ᠵᠤᠬᠢᠶᠠᠨ ᠪᠠᠶᠢᠭᠤᠯᠤᠨ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ᠂ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠡᠪᠡᠳᠴᠢᠨ ᠬᠤᠷᠤᠬᠠᠢ  ᠶᠢᠨ ᠰᠢᠰᠲ᠋ᠧᠮᠲᠤ ᠬᠢᠨᠠᠨ ᠡᠵᠡᠮᠰᠢᠯ ᠢ ᠶᠠᠪᠤᠭᠳᠠᠭᠤᠯᠵᠤ᠂ ᠬᠠᠨᠳᠣᠰᠢ ᠪᠠᠶᠢᠳᠠᠯ ᠢ ᠵᠠᠳᠠᠯᠣᠨ᠂ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠣᠷᠲᠣ᠂ ᠳᠣᠮᠳᠠ᠂ ᠣᠬᠤᠷ ᠬᠤᠭᠤᠴᠠᠭᠠᠨ ᠤ ᠣᠷᠢᠳᠴᠢᠯᠠᠭᠰᠠᠨ ᠮᠡᠳᠡᠭᠡ ᠶᠢ ᠨᠡᠶᠢᠲᠡᠯᠡᠨ᠎ᠡ᠃     ︵2︶ ᠬᠢᠨᠠᠨ ᠡᠵᠡᠮᠰᠢᠯ ᠤᠨ ᠠᠭᠤᠯᠭ᠎ᠠ᠃ ᠪᠦᠬᠦ ᠬᠤᠰᠢᠭᠤᠨ ᠤ ᠲᠠᠷᠢᠮᠠᠯ ᠤᠨ ᠭᠠᠮᠰᠢᠭ ᠤᠨ ᠠᠵᠢᠭᠯᠠᠯᠲᠠ ᠶᠢᠨ ᠴᠡᠭ ᠠᠴᠠ ᠡᠯ᠎ᠡ ᠣᠷᠣᠨ ᠪᠦᠰᠡ ᠶᠢᠨ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ᠂ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠡᠪᠡᠳᠴᠢᠨ ᠬᠤᠷᠤᠬᠠᠢ ᠵᠢᠴᠢ ᠭᠠᠳᠠᠨ᠎ᠠ ᠠᠴᠠ ᠣᠷᠣᠵᠣ ᠢᠷᠡᠭᠰᠡᠨ ᠬᠦᠨᠦᠬᠡᠯᠲᠦ ᠠᠮᠢᠳᠣ ᠪᠤᠳᠠᠰ ᠢᠯᠡᠷᠡᠭᠰᠡᠨ ᠰᠠᠭᠤᠷᠢ ᠲᠤᠭ᠎ᠠ᠂ ᠲᠠᠯᠠᠪᠠᠢ᠂ ᠲᠦᠷᠰᠦ ᠶᠢᠨ ᠰᠦᠷᠦᠭ ᠤᠨ ᠨᠡᠮᠡᠭᠳᠡᠯ ᠬᠠᠰᠣᠭᠳᠠᠯ᠂ ᠨᠡᠬᠦᠳᠡᠯᠯᠡᠯᠲᠡ᠂ ᠳᠡᠯᠬᠡᠷᠡᠯᠲᠡ ᠵᠡᠷᠭᠡ ᠶᠢ ᠪᠤᠲᠠᠲᠠᠢ ᠬᠢᠨᠠᠨ ᠡᠵᠡᠮᠰᠢᠬᠦ ᠶᠢ ᠬᠠᠷᠢᠭᠤᠴᠠᠵᠤ᠂ ᠬᠢᠨᠠᠨ ᠡᠵᠡᠮᠰᠢᠯ ᠤᠨ ᠮᠡᠳᠡᠭᠡ ᠵᠠᠩᠭᠢ ᠶᠢ ᠬᠤᠷᠢᠶᠠᠩᠭᠤᠶᠢᠯᠠᠨ ᠵᠠᠳᠠᠯᠵᠤ᠂ ᠳᠡᠭᠡᠭᠰᠢ ᠮᠡᠳᠡᠬᠦᠯᠦᠨ᠎ᠡ᠃ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠮᠣᠵᠢ ᠶᠢᠨ ᠭᠠᠳᠠᠨ᠎ᠠ ᠵᠢᠴᠢ ᠭᠠᠳᠠᠨ᠎ᠠ ᠠᠴᠠ ᠣᠷᠣᠵᠣ ᠢᠷᠡᠭᠰᠡᠨ ᠬᠦᠨᠦᠬᠡᠯᠲᠦ ᠠᠮᠢᠳᠣ ᠪᠤᠳᠠᠰ ᠤᠨ ᠬᠦᠳᠡᠯᠦᠩᠬᠦᠢ ᠪᠠᠶᠢᠳᠠᠯ ᠢ ᠴᠤᠭᠯᠠᠭᠤᠯᠬᠤ᠂ ᠡᠮᠬᠢᠳᠬᠡᠬᠦ ᠪᠠ ᠵᠠᠳᠠᠯᠬᠤ ᠶᠢ ᠬᠠᠷᠢᠭᠤᠴᠠᠨ᠎ᠠ᠃     3.2.3 ᠮᠡᠳᠡᠭᠡ ᠵᠠᠩᠭᠢ ᠶᠢᠨ ᠮᠡᠳᠡᠬᠦᠯᠦᠯᠲᠡ     ︵1︶ ᠮᠡᠳᠡᠬᠦᠯᠦᠯᠲᠡ ᠶᠢᠨ ᠶᠠᠪᠤᠴᠠ᠃ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠲᠠᠷᠢᠮᠠᠯ ᠤᠨ ᠡᠪᠡᠳᠴᠢᠨ ᠬᠤᠷᠤᠬᠠᠢ  ᠬᠤᠯᠤᠭᠠᠨ᠎ᠠ ᠶᠢᠨ ᠭᠠᠮᠰᠢᠭ ᠤᠨ ᠪᠠᠴᠢᠮ ᠪᠠᠶᠢᠳᠠᠯ ᠤᠨ ᠮᠡᠳᠡᠬᠦᠯᠦᠯᠲᠡ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠯᠢᠪᠠ ᠪᠠᠶᠢᠭᠤᠯᠭ᠎ᠠ ᠨᠢᠬᠡᠴᠡ ᠪᠠ ᠬᠤᠪᠢ ᠬᠦᠮᠦᠨ ᠲᠠᠷᠢᠮᠠᠯ ᠤᠨ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠶᠡᠭᠡ ᠬᠡᠮᠵᠢᠶ᠎ᠡ ᠪᠠᠷ ᠭᠠᠷᠤᠭᠰᠠᠨ᠂ ᠲᠤᠰ ᠭᠠᠵᠠᠷ ᠤᠨ ᠪᠤᠰᠤ ᠪᠠᠶᠢᠩᠭᠤ ᠦᠵᠡᠭᠳᠡᠬᠦ ᠦᠬᠡᠢ ᠣᠷᠭᠤᠮᠠᠯ ᠦᠳᠲᠡᠷ ᠨᠡᠮᠡᠭᠳᠡᠭᠰᠡᠨ ᠵᠢᠴᠢ ᠦᠯᠦ ᠮᠡᠳᠡᠬᠦ ᠰᠢᠯᠲᠠᠭᠠᠨ ᠠᠴᠠ ᠪᠤᠯᠵᠤ ᠲᠠᠷᠢᠮᠠᠯ ᠶᠡᠭᠡ ᠬᠡᠮᠵᠢᠶ᠎ᠡ ᠪᠠᠷ ᠬᠤᠬᠢᠷᠠᠭᠳᠠᠭᠰᠠᠨ ᠵᠡᠷᠬᠡ ᠶᠡᠷᠦ ᠪᠤᠰᠤ ᠶᠢᠨ ᠪᠠᠶᠢᠳᠠᠯ  ᠢ ᠢᠯᠡᠷᠡᠬᠦᠯᠦᠭᠰᠡᠨ ᠦᠶᠡᠰ᠂ ᠡᠷᠬᠡᠪᠰᠢ ᠴᠠᠭ ᠲᠤᠬᠠᠢ ᠳᠤᠨᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠤ ᠮᠡᠳᠡᠬᠦᠯᠦᠨ᠎ᠡ᠃ ᠬᠤᠯᠪᠤᠭᠳᠠᠯ ᠪᠦᠬᠦᠢ ᠪᠠᠶᠢᠭᠤᠯᠤᠮᠵᠢ ᠠᠴᠠ ᠣᠨᠣᠰᠢᠯᠠᠭᠰᠠᠠ ᠤ ᠳᠠᠷᠠᠭ᠎ᠠ 2 ᠴᠠᠭ ᠤᠨ ᠲᠤᠲᠤᠷ᠎ᠠ ᠦᠷ᠎ᠡ  ᠳ᠋ᠦᠩ ᠢ ᠬᠤᠰᠢᠭᠤ ᠵᠠᠰᠠᠭ ᠤᠨ ᠣᠷᠳᠣᠨ ᠳᠤ ᠮᠡᠳᠡᠬᠦᠯᠬᠦ ᠶᠢᠨ ᠬᠠᠮᠲᠤ 6 ᠴᠠᠭ  ᠤᠨ ᠲᠤᠲᠤᠷ᠎ᠠ ᠬᠤᠲᠠ ᠶᠢᠨ ᠮᠠᠯ ᠲᠠᠷᠢᠶᠠᠯᠠᠩ ᠤᠨ ᠳᠣᠪᠴᠢᠶᠠᠨ ᠳᠤ ᠮᠡᠳᠡᠬᠦᠯᠵᠦ᠂ ᠤᠨᠴᠠᠭᠠᠢ ᠪᠠᠶᠢᠳᠠᠯ ᠳᠣᠣᠷ᠎ᠠ ᠦᠪᠡᠷᠲᠡᠬᠡᠨ ᠵᠠᠰᠠᠬᠤ ᠣᠷᠣᠨ ᠤ ᠮᠠᠯ ᠲᠠᠷᠢᠶᠠᠯᠠᠩ  ᠤᠨ ᠲᠢᠩᠬᠢᠮ ᠳᠤ ᠰᠢᠭᠤᠳ ᠮᠡᠳᠡᠬᠦᠯᠵᠦ ᠪᠤᠯᠤᠨ᠎ᠠ᠃     ︵2︶ ᠮᠡᠳᠡᠬᠦᠯᠦᠯᠲᠡ ᠶᠢᠨ ᠠᠭᠤᠯᠭ᠎ᠠ᠃ ᠲᠠᠷᠢᠮᠠᠯ ᠤᠨ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠤᠨ ᠪᠠᠴᠢᠮ ᠪᠠᠶᠢᠳᠠᠯ ᠤᠨ ᠮᠡᠳᠡᠬᠦᠯᠦᠯᠲᠡ ᠶᠢ ᠡᠷᠬᠡᠪᠰᠢ ᠪᠢᠴᠢᠭ ᠤᠨ ᠬᠡᠯᠪᠡᠷᠢ ᠶᠢᠨ ᠮᠡᠲ᠋ᠧᠷᠢᠶᠡᠯ ᠢᠶᠠᠷ ᠮᠡᠳᠡᠬᠦᠯᠦᠨ᠎ᠡ᠃ ᠮᠡᠳᠡᠬᠦᠯᠦᠯᠲᠡ ᠳᠤ ᠳᠣᠣᠷᠠᠬᠢ ᠠᠭᠤᠯᠭ᠎ᠠ ᠪᠠᠭᠲᠠᠨ᠎ᠠ᠄ ᠭᠠᠮᠰᠢᠭ ᠤᠨ ᠲᠦᠷᠦᠯ ᠢᠯᠭᠠᠯ᠂ ᠢᠯᠡᠷᠡᠭᠰᠡᠨ ᠴᠠᠭ ᠭᠠᠵᠠᠷ︔ ᠲᠤᠬ᠎ᠠ ᠬᠡᠮᠵᠢᠶ᠎ᠡ᠂ ᠲᠡᠯᠡᠪᠡᠢ᠂ ᠬᠦᠷᠢᠶ᠎ᠡ ᠬᠡᠪᠴᠢᠶ᠎ᠡ᠂ ᠡᠪᠡᠳᠴᠢᠨ ᠤ ᠢᠯᠡᠷᠡᠯ᠂ ᠬᠦᠨᠦᠬᠡᠯ ᠤᠨ ᠬᠡᠮᠵᠢᠶ᠎ᠡ ᠪᠠ ᠠᠩᠬ᠎ᠠ ᠠᠯᠬᠤᠮ ᠤᠨ ᠣᠨᠣᠰᠢᠯᠠᠯᠲᠠ ᠶᠢᠨ ᠦᠷ᠎ᠡ ᠳ᠋ᠦᠩ︔ ᠨᠢᠬᠡᠨᠲᠡ ᠬᠡᠷᠡᠭᠵᠢᠬᠦᠯᠦᠭᠰᠡᠨ ᠡᠵᠡᠮᠳᠡᠯ ᠤᠨ ᠠᠷᠭ᠎ᠠ ᠠᠪᠴᠠᠯ ᠵᠢᠴᠢ ᠪᠦᠲᠦᠮᠵᠢᠲᠤ ᠬᠡᠮᠵᠢᠶ᠎ᠡ︔ ᠮᠡᠳᠡᠬᠦᠯᠦᠭᠰᠡᠨ ᠪᠠᠶᠢᠭᠤᠯᠭ᠎ᠠ ᠨᠢᠬᠡᠴᠡ ᠵᠢᠴᠢ ᠬᠠᠷᠢᠭᠤᠴᠠᠯᠭᠠᠲᠠᠨ᠂ ᠮᠡᠳᠡᠬᠦᠯᠦᠭᠴᠢ ᠪᠠ ᠬᠠᠷᠢᠯᠴᠠᠬᠤ ᠠᠷᠭ᠎ᠠ ᠮᠠᠶ᠋ᠢᠭ᠃     3.3 ᠣᠷᠢᠳᠴᠢᠯᠠᠨ ᠮᠡᠳᠡᠬᠦᠯᠦᠯᠲᠡ ᠰᠡᠷᠡᠮᠵᠢᠯᠡᠬᠦᠯᠦᠯ ᠵᠢᠴᠢ ᠨᠡᠶᠢᠲᠡᠯᠡᠯ     3.3.1 ᠲᠠᠷᠢᠮᠠᠯ ᠤᠨ ᠡᠪᠡᠳᠴᠢᠨ ᠬᠤᠷᠤᠬᠠᠢ ᠶᠢᠨ ᠣᠷᠢᠳᠴᠢᠯᠠᠨ ᠮᠡᠳᠡᠬᠦᠯᠦᠯᠲᠡ     ᠣᠷᠢᠳᠴᠢᠯᠠᠨ ᠮᠡᠳᠡᠬᠦᠯᠦᠯᠲᠡ ᠨᠢ ᠳᠦᠭᠰᠢᠬᠦᠷᠢ ᠶᠢᠨ ᠦᠨᠡᠯᠡᠯᠲᠡ ᠪᠠᠷ ᠳᠠᠮᠵᠢᠭᠠᠳ ᠲᠠᠷᠢᠮᠠᠯ ᠤᠨ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠪᠤᠯᠤᠮᠵᠢ ᠲᠠᠢ ᠦᠶᠡᠰ᠂ ᠬᠤᠰᠢᠭᠤ ᠮᠠᠯ ᠲᠠᠷᠢᠶᠠᠯᠠᠩ ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠠᠴᠠ ᠣᠷᠲᠣ ᠳᠣᠮᠳᠠ ᠣᠬᠤᠷ ᠬᠤᠭᠤᠴᠠᠭᠠᠨ ᠤ ᠣᠷᠢᠳᠴᠢᠯᠠᠨ ᠮᠡᠳᠡᠬᠦᠯᠦᠯᠲᠡ ᠶᠢ ᠴᠠᠭ ᠲᠤᠬᠠᠢ ᠳᠤᠨᠢ ᠨᠡᠶᠢᠲᠡᠯᠡᠵᠦ᠂ ᠬᠠᠷᠠᠭᠠᠯᠵᠠᠭᠰᠠᠨ ᠲᠡᠰ ᠤᠨ ᠲᠠᠷᠢᠮᠠᠯ ᠤᠨ ᠠᠮᠢᠳᠣ ᠪᠤᠳᠠᠰ ᠤᠨ ᠬᠦᠨᠦᠬᠡᠯ  ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠢ ᠡᠬᠢᠯᠡᠬᠦᠯᠬᠦ ᠪᠠ ᠳᠠᠭᠤᠰᠬᠠᠬᠤ ᠳᠤ ᠰᠢᠢᠳᠪᠦᠷᠢᠲᠦ ᠦᠨᠳᠦᠰᠦᠯᠡᠯ ᠬᠠᠩᠭᠠᠨ᠎ᠠ᠃     3.3.2 ᠣᠷᠭᠤᠮᠠᠯ ᠤᠨ ᠬᠢᠵᠢᠭ ᠤᠨ ᠪᠠᠶᠢᠳᠠᠯ ᠤᠨ ᠣᠷᠢᠳᠴᠢᠯᠠᠨ ᠰᠡᠷᠡᠮᠵᠢᠯᠡᠬᠦᠯᠦᠯ     ᠬᠠᠤᠯᠢ ᠴᠠᠭᠠᠵᠠ᠂ ᠬᠠᠤᠯᠢ ᠳᠦᠷᠢᠮ ᠤᠨ ᠲᠤᠭᠲᠠᠭᠠᠯ ᠢ ᠦᠨᠳᠦᠰᠦᠯᠡᠨ᠂ ᠬᠤᠰᠢᠭᠤ ᠵᠠᠰᠠᠭ ᠤᠨ ᠣᠷᠳᠣᠨ ᠠᠴᠠ ᠨᠢᠭᠡᠳᠦᠯᠲᠡᠢ ᠪᠠᠷ ᠨᠡᠶᠢᠬᠡᠮ ᠨᠡᠶᠢᠲᠡ ᠪᠠ ᠵᠠᠭᠤᠴᠢᠯᠠᠭᠤᠷ ᠲᠤ ᠮᠡᠳᠡᠭᠡ ᠵᠠᠩᠬᠢ ᠨᠡᠶᠢᠲᠡᠯᠡᠨ᠎ᠡ᠃ ᠪᠤᠰᠣᠳ ᠪᠠᠶᠢᠭᠤᠯᠭ᠎ᠠ ᠨᠢᠬᠡᠴᠡ ᠪᠠ ᠬᠤᠪᠢ ᠬᠦᠮᠦᠨ ᠪᠦᠬᠦᠨ ᠶᠠᠮᠠᠷᠪᠠ ᠠᠷᠭ᠎ᠠ ᠬᠡᠯᠪᠡᠷᠢ ᠪᠠᠷ ᠨᠡᠶᠢᠬᠡᠮ ᠳᠤ ᠬᠠᠮᠢᠶ᠎ᠠ ᠪᠦᠬᠦᠢ ᠮᠡᠳᠡᠭᠡ ᠵᠠᠩᠬᠢ ᠨᠡᠶᠢᠲᠡᠯᠡᠬᠦ ᠡᠷᠬᠡ ᠦᠬᠡᠢ᠃     3.4 ᠣᠷᠢᠳᠴᠢᠯᠠᠨ ᠰᠡᠷᠡᠮᠵᠢᠯᠡᠬᠦᠯᠦᠯ ᠤᠨ ᠵᠡᠷᠭᠡ ᠲᠡᠰ     3.4.1 ᠣᠷᠢᠳᠴᠢᠯᠠᠨ ᠰᠡᠷᠡᠮᠵᠢᠯᠡᠬᠦᠯᠦᠯ ᠤᠨ ᠵᠡᠷᠭᠡ ᠲᠡᠰ     ᠬᠤᠰᠢᠭᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠦᠪᠡᠷᠲᠡᠭᠡᠨ ᠵᠠᠰᠠᠬᠤ ᠤᠷᠤᠨ ᠤ ᠨᠢᠬᠡᠳᠦᠯᠲᠡᠢ ᠣᠷᠢᠳᠴᠢᠯᠠᠨ ᠰᠡᠷᠡᠮᠵᠢᠯᠡᠬᠦᠯᠦᠯ ᠤᠨ ᠪᠠᠷᠢᠮᠵᠢᠶ᠎ᠠ ᠶᠢ ᠬᠡᠷᠡᠭᠵᠢᠬᠦᠯᠦᠨ᠎ᠡ᠄ ᠲᠠᠷᠢᠮᠠᠯ ᠤᠨ  ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠬᠤᠬᠢᠷᠠᠯ ᠪᠠ ᠬᠦᠨᠳᠦ ᠨᠤᠴᠢᠲᠠᠢ ᠪᠤᠯᠤᠮᠵᠢ ᠶᠢᠨ ᠦᠷ᠎ᠡ ᠳ᠋ᠦᠩ ᠢ ᠦᠨᠳᠦᠰᠦᠯᠡᠨ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠢ Ⅳ᠂Ⅲ᠂Ⅱ᠂Ⅰ ᠳᠡᠰ᠂ ᠳᠠᠷᠤᠢ ᠡᠩ ᠤᠨ ᠭᠠᠮᠰᠢᠭ ︵Ⅳ ᠲᠡᠰ︶᠂ ᠨᠡᠯᠢᠶᠡᠳ ᠶᠡᠭᠡ ᠭᠠᠮᠰᠢᠭ ︵Ⅲ ᠲᠡᠰ︶᠂ ᠬᠦᠨᠳᠦ ᠨᠣᠴᠢᠲᠠᠢ ᠭᠠᠮᠰᠢᠭ ︵Ⅱ ᠲᠡᠰ︶᠂ ᠣᠨᠴᠠ ᠬᠦᠨᠳᠦ ᠭᠠᠮᠰᠢᠭ ︵Ⅰ ᠲᠡᠰ︶ ᠢᠶᠠᠷ ᠬᠤᠪᠢᠶᠠᠬᠤ ᠶᠢᠨ ᠬᠠᠮᠲᠤ ᠭᠠᠮᠰᠢᠭ ᠤᠨ ᠨᠤᠴᠢᠲᠠᠢ ᠴᠢᠨᠠᠷ ᠪᠠ ᠪᠠᠴᠢᠮ ᠤᠨ ᠬᠡᠮᠵᠢᠶ᠎ᠡ ᠶᠤᠰᠤᠭᠠᠷ ᠳᠦᠷᠪᠡᠨ ᠲᠡᠰ  ᠤᠨ ᠣᠷᠢᠳᠴᠢᠯᠠᠨ ᠰᠡᠷᠡᠮᠵᠢᠯᠡᠬᠦᠯᠦᠯ   ᠬᠤᠪᠢᠶᠠᠵᠤ᠂ ᠲᠤᠰ ᠲᠤᠰ ᠬᠦᠬᠡ ᠦᠩᠭᠡ ︵Ⅳ ᠲᠡᠰ︶᠂ ᠰᠢᠷ᠎ᠠ ᠦᠩᠭᠡ ︵Ⅲ ᠲᠡᠰ︶᠂ ᠣᠯᠠᠪᠤᠷ ᠦᠩᠭᠡ ︵Ⅱ ᠲᠡᠰ︶᠂ ᠤᠯᠠᠭᠠᠨ ᠦᠩᠭᠡ ︵Ⅰ ᠲᠡᠰ︶ ᠪᠠᠷ ᠪᠠᠷᠢᠮᠵᠢᠶ᠎ᠠ ᠪᠤᠯᠭᠠᠨ᠎ᠠ᠃     3.4.2 ᠣᠷᠢᠳᠴᠢᠯᠠᠨ ᠰᠡᠷᠡᠮᠵᠢᠯᠡᠬᠦᠯᠦᠯ ᠤᠨ ᠵᠡᠷᠭᠡ ᠲᠡᠰ ᠤᠨ ᠲᠤᠭᠲᠠᠭᠠᠯᠲᠠ     3.4.2.1 Ⅳ ᠲᠡᠰ ︵ᠡᠩ ᠤᠨ ᠭᠠᠮᠰᠢᠭ︶     ︵1︶ ᠲᠤᠰ ᠲᠦᠰᠦᠯ ᠤᠨ ᠬᠡᠷᠡᠭᠯᠡᠭᠳᠡᠬᠦ ᠬᠡᠪᠴᠢᠶᠡᠨ ᠲᠤᠲᠤᠷᠠᠬᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠬᠡᠮᠵᠢᠶ᠎ᠡ 5 ᠲᠡᠰ ᠠᠴᠠ ᠳᠠᠪᠠᠵᠤ᠂ ᠲᠠᠯᠠᠪᠠᠢ ᠨᠢ ᠲᠠᠷᠢᠮᠠᠯ ᠢ ᠬᠤᠬᠢᠷᠠᠭᠤᠯᠬᠤ ᠲᠡᠯᠡᠪᠡᠢ ᠶᠢᠨ 10 % ᠠᠴᠠ ᠳᠠᠪᠠᠭᠠᠳ᠂ ᠵᠤᠬᠢᠬᠤ ᠬᠡᠮᠵᠢᠶᠡᠨ ᠤ ᠠᠵᠤ ᠠᠬᠤᠢ ᠶᠢᠨ ᠬᠤᠬᠢᠷᠠᠯ ᠭᠠᠷᠤᠭᠰᠠᠨ ᠠᠮᠢᠳᠣ ᠪᠤᠳᠠᠰ ᠤᠨ ᠭᠠᠮᠰᠢᠭ᠃     ︵2︶ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ  ᠢᠷᠡᠨ᠂ 1 ᠪᠠᠯᠭᠠᠰᠣᠨ  ᠳᠤ ᠢᠯᠡᠷᠡᠵᠦ᠂ ᠲᠠᠷᠢᠶᠠᠯᠠᠩ ᠦᠢᠯᠡᠳᠪᠦᠷᠢᠯᠡᠯ ᠳᠤ ᠵᠤᠬᠢᠬᠤ ᠬᠡᠮᠵᠢᠶᠡᠨ ᠤ ᠰᠦᠷᠳᠡᠬᠦᠯᠦᠯ ᠠᠪᠴᠢᠷᠠᠭᠰᠠᠨ ᠠᠮᠢᠳᠣ ᠪᠤᠳᠠᠰ ᠤᠨ ᠭᠠᠮᠰᠢᠭ᠃     ︵3︶ ᠪᠤᠰᠤᠳ ᠣᠨᠴᠠᠭᠠᠢ ᠪᠠᠶᠢᠳᠠᠯ ᠳᠣᠣᠷ᠎ᠠ Ⅳ ᠲᠡᠰ ︵ᠡᠩ ᠤᠨ ᠭᠠᠮᠰᠢᠭ︶ ᠤᠨ ᠬᠤᠪᠢᠶᠠᠷᠢᠯᠠᠯ ᠳᠤ ᠣᠷᠣᠭᠤᠯᠬᠤ ᠪᠠᠶᠢᠳᠠᠯ᠃     3.4.2.2 Ⅲ ᠲᠡᠰ ︵ᠨᠡᠯᠢᠶᠡᠳ ᠶᠡᠭᠡ ᠭᠠᠮᠰᠢᠭ︶     ︵1︶ ᠲᠤᠰ ᠲᠦᠰᠦᠯ ᠤᠨ ᠬᠡᠷᠡᠭᠯᠡᠭᠳᠡᠬᠦ ᠬᠡᠪᠴᠢᠶᠡᠨ ᠲᠤᠲᠤᠷ᠎ᠠ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠬᠡᠮᠵᠢᠶ᠎ᠡ 5 ᠲᠡᠰ  ᠠᠴᠠ ᠳᠠᠪᠠᠵᠤ᠂ ᠲᠠᠯᠠᠪᠠᠢ ᠨᠢ ᠲᠠᠷᠢᠮᠠᠯ ᠢ ᠬᠤᠬᠢᠷᠠᠭᠤᠯᠬᠤ ᠲᠡᠯᠡᠪᠡᠢ ᠶᠢᠨ 20 % ᠠᠴᠠ ᠳᠠᠪᠠᠭᠠᠳ᠂ ᠨᠡᠯᠢᠶᠡᠳ ᠶᠡᠭᠡ ᠬᠡᠮᠵᠢᠶᠡᠨ ᠤ ᠠᠵᠤ ᠠᠬᠤᠢ ᠶᠢᠨ ᠬᠤᠬᠢᠷᠠᠯ ᠭᠠᠷᠤᠭᠰᠠᠨ ᠠᠮᠢᠳᠣ ᠪᠤᠳᠠᠰ ᠤᠨ ᠭᠠᠮᠰᠢᠭ᠃     ︵2︶ ᠬᠦᠨᠳᠦ ᠨᠣᠴᠢᠲᠠᠢ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ ᠢᠷᠡᠨ᠂ 1 ᠪᠠᠯᠭᠠᠰᠣᠨ ᠳᠤ ᠢᠯᠡᠷᠡᠭᠰᠡᠨ ᠪᠤᠶᠤ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ ᠢᠷᠡᠨ᠂ 2 ᠪᠠᠯᠭᠠᠰᠣᠨ ᠳᠤ ᠢᠯᠡᠷᠡᠵᠦ᠂ ᠲᠠᠷᠢᠶᠠᠯᠠᠩ ᠤᠨ ᠦᠢᠯᠡᠳᠪᠦᠷᠢᠯᠡᠯ ᠳᠤ ᠨᠡᠯᠢᠶᠡᠳ ᠶᠡᠭᠡ ᠬᠡᠮᠵᠢᠶᠡᠨ ᠤ ᠰᠦᠷᠳᠡᠬᠦᠯᠦᠯ ᠠᠪᠴᠢᠷᠠᠭᠰᠠᠨ ᠠᠮᠢᠳᠣ ᠪᠤᠳᠠᠰ ᠤᠨ ᠭᠠᠮᠰᠢᠭ᠃     ︵3︶ ᠪᠤᠰᠤᠳ ᠣᠨᠴᠠᠭᠠᠢ ᠪᠠᠶᠢᠳᠠᠯ  ᠳᠣᠣᠷ᠎ᠠ Ⅲ ᠲᠡᠰ ︵ᠨᠡᠯᠢᠶᠡᠳ ᠶᠡᠭᠡ ᠭᠠᠮᠰᠢᠭ︶ ᠤᠨ ᠬᠤᠪᠢᠶᠠᠷᠢᠯᠠᠯ ᠳᠤ ᠣᠷᠣᠭᠤᠯᠬᠤ ᠪᠠᠶᠢᠳᠠᠯ᠃     3.4.2.3 Ⅱ ᠲᠡᠰ ︵ᠬᠦᠨᠳᠦ ᠨᠣᠴᠢᠲᠠᠢ ᠭᠠᠮᠰᠢᠭ︶     ︵1︶ ᠲᠤᠰ ᠲᠦᠰᠦᠯ ᠤᠨ ᠬᠡᠷᠡᠭᠯᠡᠭᠳᠡᠬᠦ ᠬᠡᠪᠴᠢᠶᠡᠨ ᠲᠤᠲᠤᠷ᠎ᠠ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠬᠡᠮᠵᠢᠶ᠎ᠡ 5 ᠲᠡᠰ  ᠠᠴᠠ ᠳᠠᠪᠠᠵᠤ᠂ ᠲᠠᠯᠠᠪᠠᠢ ᠨᠢ ᠲᠠᠷᠢᠮᠠᠯ ᠢ ᠬᠤᠬᠢᠷᠠᠭᠤᠯᠬᠤ ᠲᠡᠯᠡᠪᠡᠢ ᠶᠢᠨ 30 % ᠠᠴᠠ ᠳᠠᠪᠠᠭᠠᠳ᠂ ᠬᠦᠨᠳᠦ ᠨᠤᠴᠢᠲᠠᠢ ᠬᠦᠨᠦᠬᠡᠯ ᠠᠪᠴᠢᠷᠠᠭᠰᠠᠨ ᠠᠮᠢᠳᠣ ᠪᠤᠳᠠᠰ ᠤᠨ ᠭᠠᠮᠰᠢᠭ᠃     ︵2︶ ᠣᠨᠴᠠᠭᠠᠢ ᠬᠦᠨᠳᠦ ᠨᠣᠴᠢᠲᠠᠢ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ ᠢᠷᠡᠨ᠂ 1 ᠪᠠᠯᠭᠠᠰᠣᠨ ᠳᠤ ᠢᠯᠡᠷᠡᠭᠰᠡᠨ ᠪᠤᠶᠤ ᠬᠦᠨᠳᠦ ᠨᠣᠴᠢᠲᠠᠢ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠣᠷᠣᠵᠣ ᠢᠷᠡᠨ᠂ 2 ᠠᠴᠠ ᠳᠡᠭᠡᠭᠰᠢ ᠪᠠᠯᠭᠠᠰᠣᠨ ᠳᠤ ᠢᠯᠡᠷᠡᠵᠦ᠂ ᠲᠠᠷᠢᠶᠠᠯᠠᠩ  ᠦᠢᠯᠡᠳᠪᠦᠷᠢᠯᠡᠯ ᠳᠤ ᠬᠦᠨᠳᠦ ᠨᠣᠴᠢᠲᠠᠢ ᠰᠦᠷᠳᠡᠬᠦᠯᠦᠯ ᠠᠪᠴᠢᠷᠠᠭᠰᠠᠨ ᠠᠮᠢᠳᠣ ᠪᠤᠳᠠᠰ ᠤᠨ ᠭᠠᠮᠰᠢᠭ᠃     ︵3︶ ᠪᠤᠰᠤᠳ ᠣᠨᠴᠠᠭᠠᠢ ᠪᠠᠶᠢᠳᠠᠯ  ᠳᠣᠣᠷ᠎ᠠ Ⅱ ᠲᠡᠰ ︵  ᠬᠦᠨᠳᠦ ᠨᠣᠴᠢᠲᠠᠢ ᠭᠠᠮᠰᠢᠭ︶ ᠤᠨ ᠬᠤᠪᠢᠶᠠᠷᠢᠯᠠᠯ ᠳᠤ ᠣᠷᠣᠭᠤᠯᠬᠤ ᠪᠠᠶᠢᠳᠠᠯ᠃     3.4.2.4.1 Ⅰ ᠲᠡᠰ ︵ᠣᠨᠴᠠ ᠬᠦᠨᠳᠦ ᠭᠠᠮᠰᠢᠭ︶     ︵1︶ ᠲᠤᠰ ᠲᠦᠰᠦᠯ ᠤᠨ ᠬᠡᠷᠡᠭᠯᠡᠭᠳᠡᠬᠦ ᠬᠡᠪᠴᠢᠶᠡᠨ ᠲᠤᠲᠤᠷ᠎ᠠ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠬᠡᠮᠵᠢᠶ᠎ᠡ 5 ᠲᠡᠰ  ᠠᠴᠠ ᠳᠠᠪᠠᠵᠤ᠂ ᠲᠠᠯᠠᠪᠠᠢ ᠨᠢ ᠲᠠᠷᠢᠮᠠᠯ ᠢ ᠬᠤᠬᠢᠷᠠᠭᠤᠯᠬᠤ ᠲᠡᠯᠡᠪᠡᠢ ᠶᠢᠨ 50 % ᠠᠴᠠ ᠳᠠᠪᠠᠭᠠᠳ᠂ ᠡᠵᠡᠮᠳᠡᠯ ᠤᠨ ᠬᠦᠴᠢᠷ ᠤᠨ ᠬᠡᠮᠵᠢᠶ᠎ᠡ ᠨᠡᠯᠢᠶᠡᠳ ᠶᠡᠭᠡ᠂ ᠲᠤᠮᠤ ᠶᠡᠭᠡ ᠬᠦᠨᠦᠬᠡᠯ ᠠᠪᠴᠢᠷᠠᠭᠰᠠᠨ ᠠᠮᠢᠳᠣ ᠪᠤᠳᠠᠰ ᠤᠨ ᠭᠠᠮᠰᠢᠭ᠃     ︵2︶ ᠣᠨᠴᠠᠭᠠᠢ ᠬᠦᠨᠳᠦ ᠨᠣᠴᠢᠲᠠᠢ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠦᠨᠦᠬᠡᠯᠲᠦ ᠠᠮᠢᠳᠣ ᠪᠣᠳᠠᠰ ᠮᠠᠨ ᠤ ᠬᠤᠰᠢᠭᠤᠨ ᠳᠤ ᠰᠢᠨ᠎ᠡ ᠪᠠᠷ ᠣᠷᠣᠵᠣ ᠢᠷᠡᠨ᠂ 2 ᠠᠴᠠ ᠳᠡᠭᠡᠭᠰᠢ ᠪᠠᠯᠭᠠᠰᠣᠨ ᠳᠤ ᠢᠯᠡᠷᠡᠵᠦ᠂ ᠲᠠᠷᠢᠶᠠᠯᠠᠩ ᠦᠢᠯᠡᠳᠪᠦᠷᠢᠯᠡᠯ ᠳᠤ ᠲᠤᠮᠤ ᠶᠡᠭᠡ ᠰᠦᠷᠳᠡᠬᠦᠯᠦᠯ ᠠᠪᠴᠢᠷᠠᠭᠰᠠᠨ ᠠᠮᠢᠳᠣ ᠪᠤᠳᠠᠰ  ᠤᠨ ᠭᠠᠮᠰᠢᠭ᠃     ︵3︶ ᠪᠤᠰᠤᠳ ᠣᠨᠴᠠᠭᠠᠢ ᠪᠠᠶᠢᠳᠠᠯ  ᠳᠣᠣᠷ᠎ᠠ Ⅰ ᠲᠡᠰ ︵ᠣᠨᠴᠠ ᠬᠦᠨᠳᠦ ᠭᠠᠮᠰᠢᠭ︶ ᠤᠨ ᠬᠤᠪᠢᠶᠠᠷᠢᠯᠠᠯ ᠳᠤ ᠣᠷᠣᠭᠤᠯᠬᠤ ᠪᠠᠶᠢᠳᠠᠯ᠃     4. ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ     4.1 ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠢ ᠡᠬᠢᠯᠡᠬᠦᠯᠬᠦ ᠨᠦᠬᠦᠴᠡᠯ     ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠶᠠᠪᠤᠳᠠᠯ ᠤᠨ ᠮᠡᠳᠡᠬᠦᠯᠦᠯᠲᠡ ᠶᠢ ᠬᠠᠷᠭᠤᠭᠤᠯᠤᠭᠠᠳ ᠳᠠᠷᠦᠢ ᠳᠤᠨᠢ ᠲᠤᠭᠲᠠᠭᠠᠯ ᠶᠤᠰᠤᠭᠠᠷ ᠮᠡᠳᠡᠬᠦᠯᠬᠦ ᠶᠢᠨ ᠬᠠᠮᠲᠤ ᠬᠤᠰᠢᠭᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠶᠡᠷᠦᠩᠬᠡᠢ ᠵᠢᠯᠤᠭᠤᠳᠣᠭᠴᠢ ᠪᠠᠷ ᠵᠦᠪᠰᠢᠶᠡᠷᠡᠬᠦᠯᠦᠬᠡᠳ ᠲᠤᠰ ᠲᠦᠰᠦᠯ ᠢ ᠡᠬᠢᠯᠡᠬᠦᠯᠦᠨ᠎ᠡ᠃     4.2 ᠮᠡᠳᠡᠭᠡ ᠵᠠᠩᠭᠢ ᠶᠢᠨ ᠮᠡᠳᠡᠬᠦᠯᠦᠯᠲᠡ     4.2.1 ᠮᠡᠳᠡᠬᠦᠯᠦᠯᠲᠡ ᠶᠢᠨ ᠶᠠᠪᠤᠴᠠ     ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠶᠠᠪᠤᠳᠠᠯ ᠢᠯᠡᠷᠡᠬᠦ ᠦᠶᠡᠰ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠡᠷᠡᠭ ᠶᠠᠪᠤᠳᠠᠯ ᠤᠨ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠮᠠᠯ ᠲᠠᠷᠢᠶᠠᠯᠠᠩ ᠤᠨ ᠳᠣᠪᠴᠢᠶᠠᠨ ᠳᠤ ᠮᠡᠳᠡᠬᠦᠯᠵᠦ᠂ ᠣᠯᠠᠨ ᠲᠦᠮᠡᠨ ᠤ ᠰᠡᠷᠬᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠬᠦ ᠴᠢᠬᠤᠯᠠᠲᠠᠢ ᠦᠶᠡᠰ᠂ ᠠᠳᠠᠯᠢ ᠱᠠᠲᠤᠨ ᠤ ᠡᠷᠡᠬᠦᠯ ᠬᠠᠮᠠᠭᠠᠯᠠᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠠᠮᠲᠤ ᠳᠤᠨᠢ ᠮᠡᠳᠡᠬᠦᠯᠦᠨ᠎ᠡ᠃ ᠴᠢᠬᠤᠯᠠᠲᠠᠢ ᠦᠶᠡᠰ ᠱᠠᠲᠤ ᠠᠯᠣᠰᠯᠠᠨ ᠮᠡᠳᠡᠬᠦᠯᠵᠦ ᠪᠤᠯᠤᠨ᠎ᠠ᠃     4.2.2 ᠮᠡᠳᠡᠬᠦᠯᠦᠯᠲᠡ ᠶᠢᠨ ᠠᠭᠤᠯᠭ᠎ᠠ     ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠭᠰᠠᠨ ᠬᠡᠷᠡᠭ ᠶᠠᠪᠤᠳᠠᠯ ᠢ ᠮᠡᠳᠡᠬᠦᠯᠬᠦ ᠳᠤ ᠳᠣᠣᠷᠠᠬᠢ ᠠᠭᠤᠯᠭ᠎ᠠ ᠪᠠᠭᠲᠠᠬᠤ ᠵᠤᠬᠢᠰᠲᠠᠢ᠄     ︵1︶ ᠬᠡᠷᠡᠭ ᠶᠠᠪᠤᠳᠠᠯ ᠤᠨ ᠨᠡᠷ᠎ᠡ     ︵2︶ ᠬᠡᠷᠡᠭ ᠶᠠᠪᠤᠳᠠᠯ ᠡᠬᠦᠰᠦᠭᠰᠡᠨ ᠴᠠᠭ᠂ ᠭᠠᠵᠠᠷ᠂ ᠳᠣᠪᠴᠢ ᠦᠩᠭᠡᠷᠡᠯᠲᠡ︔     ︵3︶ ᠲᠠᠯᠠᠪᠠᠢ᠂ ᠠᠵᠤ ᠠᠬᠤᠢ ᠶᠢᠨ ᠰᠢᠭᠤᠳ ᠬᠤᠬᠢᠷᠠᠯ︔     ︵4︶ ᠠᠪᠤᠭᠰᠠᠨ ᠠᠷᠭ᠎ᠠ ᠬᠡᠮᠵᠢᠶ᠎ᠡ     ︵5︶ ᠪᠤᠰᠣᠳ ᠮᠡᠳᠡᠬᠦᠯᠬᠦ ᠵᠤᠬᠢᠰᠲᠠᠢ ᠪᠠᠶᠢᠳᠠᠯ᠃     4.3 ᠡᠮᠦᠨᠡᠬᠢ ᠬᠤᠭᠤᠴᠠᠭᠠᠨ ᠤ ᠰᠢᠢᠳᠪᠦᠷᠢᠯᠡᠯᠲᠡ     ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠬᠤᠯᠤᠭᠠᠨ᠎ᠠ ᠶᠢᠨ ᠭᠠᠮᠰᠢᠭ ᠲᠤ ᠳᠠᠭᠠᠷᠢᠭᠳᠠᠬᠤ ᠪᠤᠶᠤ ᠪᠤᠯᠤᠮᠵᠢ ᠲᠠᠢ ᠦᠶᠡᠰ᠂ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠡᠷᠬᠡᠪᠰᠢ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠪᠦᠲᠦᠮᠵᠢᠲᠡᠢ ᠪᠠᠷ ᠡᠮᠦᠨᠡᠬᠢ ᠬᠤᠭᠤᠴᠠᠭᠠᠨ ᠤ ᠰᠢᠢᠳᠪᠦᠷᠢᠯᠡᠯᠲᠡ ᠬᠢᠵᠦ᠂ ᠣᠷᠢᠳᠴᠢᠯᠠᠨ ᠰᠡᠷᠬᠡᠶᠢᠯᠡᠯᠲᠡ ᠪᠠ ᠡᠵᠡᠮᠳᠡᠯ ᠤᠨ ᠠᠷᠭ᠎ᠠ ᠠᠪᠴᠠᠯ ᠢ ᠢᠳᠡᠪᠬᠢᠲᠡᠢ ᠪᠠᠷ ᠠᠪᠤᠨ᠂ ᠲᠠᠷᠢᠶᠠᠴᠢᠨ ᠢ ᠵᠦᠪ ᠣᠨᠣᠪᠴᠢᠲᠠᠢ ᠪᠠᠷ ᠵᠢᠯᠤᠭᠤᠳᠤᠨ ᠭᠠᠮᠰᠢᠭ ᠢ ᠰᠡᠷᠬᠡᠶᠢᠯᠡᠬᠦ᠂ ᠭᠠᠮᠰᠢᠭ ᠢ ᠪᠠᠭᠠᠰᠬᠠᠬᠤ ᠠᠵᠢᠯᠯᠠᠭᠠᠨ ᠢ ᠦᠷᠨᠢᠬᠦᠯᠵᠦ᠂ ᠲᠠᠷᠢᠮᠠᠯ ᠤᠨ ᠣᠨᠠᠯᠲᠠ ᠶᠢᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠡᠵᠡᠮᠳᠡᠬᠦ ᠶᠢᠨ ᠬᠠᠮᠲᠤ ᠭᠠᠮᠰᠢᠭ ᠤᠨ ᠪᠠᠶᠢᠳᠠᠯ ᠪᠠ ᠡᠮᠦᠨᠡᠬᠢ ᠬᠤᠭᠤᠴᠠᠭᠠᠨ ᠤ ᠰᠢᠢᠳᠪᠦᠷᠢᠯᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠱᠠᠲᠤᠨ ᠳᠠᠷᠠᠭᠠᠯᠠᠨ ᠬᠤᠲᠠ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃     4.4 ᠲᠡᠰ ᠬᠤᠪᠢᠶᠠᠨ ᠪᠠᠴᠢᠮ ᠪᠠᠶᠢᠳᠠᠯ ᠢ ᠠᠷᠭᠠᠴᠠᠬᠤ     4.4.1 Ⅳ ᠲᠡᠰ ︵ᠡᠩ ᠤᠨ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ     Ⅳ ᠲᠡᠰ ᠤᠨ ᠠᠮᠢᠳᠣ ᠪᠤᠳᠠᠰ ᠤᠨ ᠭᠠᠮᠰᠢᠭ ᠭᠠᠷᠬᠤ ᠦᠶᠡᠰ ᠬᠤᠰᠢᠭᠤ ᠵᠢᠯᠤᠭᠤᠳᠬᠤ ᠭᠠᠵᠠᠷ ᠠᠴᠠ ᠲᠤᠰ ᠲᠦᠰᠦᠯ ᠢ ᠡᠬᠢᠯᠡᠬᠦᠯᠬᠦ ᠶᠢ ᠬᠠᠷᠢᠭᠤᠴᠠᠨ᠂ ᠬᠦᠬᠡ ᠦᠩᠭᠡ ᠶᠢᠨ ᠣᠷᠢᠳᠴᠢᠯᠠᠨ ᠰᠡᠷᠡᠮᠵᠢᠯᠡᠬᠦᠯᠦᠯ ᠢ ᠨᠡᠶᠢᠲᠡᠯᠡᠨ᠎ᠡ᠃ ᠬᠤᠰᠢᠭᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠪᠡᠯᠡᠳᠬᠡᠯ ᠲᠦᠰᠦᠯ ᠢ ᠡᠬᠢᠯᠡᠬᠦᠯᠬᠦ ᠶᠢ ᠬᠠᠷᠢᠭᠤᠴᠠᠵᠤ᠂ Ⅳ ᠲᠡᠰ ︵ᠡᠩ ᠤᠨ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠬᠡᠷᠡᠭᠵᠢᠬᠦᠯᠦᠨ᠎ᠡ᠃ ᠬᠤᠰᠢᠭᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠭᠠᠮᠰᠢᠭ ᠭᠠᠷᠤᠭᠰᠠᠨ ᠭᠠᠵᠠᠷ ᠤᠨ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠰᠡᠷᠬᠡᠶᠢᠯᠡᠨ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠬᠠᠷᠢᠭᠤᠴᠠᠨ᠂ ᠭᠠᠮᠰᠢᠭᠳᠠᠭᠰᠠᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠠᠶᠢᠴᠢᠯᠠᠯᠲᠠ ᠶᠢᠨ ᠠᠵᠢᠯᠯᠠᠭᠠᠨ ᠤ ᠪᠠᠶᠢᠳᠠᠯ ᠢ ᠬᠤᠰᠢᠭᠤ ᠵᠠᠰᠠᠭ  ᠤᠨ ᠣᠷᠳᠣᠨ ᠳᠤ ᠮᠡᠳᠡᠬᠦᠯᠬᠦ ᠶᠢᠨ ᠬᠠᠮᠲᠤ ᠱᠠᠲᠤ ᠳᠠᠷᠠᠭᠠᠯᠠᠨ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠵᠤᠭᠰᠣᠭᠠᠬᠤ ᠳᠤ ᠴᠣ᠋ ᠠᠳᠠᠯᠢᠬᠠᠨ ᠶᠠᠪᠤᠴᠠ ᠲᠠᠢ᠃     4.4.2 Ⅲ ᠲᠡᠰ ︵ᠨᠡᠯᠢᠶᠡᠳ ᠶᠡᠭᠡ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ     Ⅲ ᠲᠡᠰ ᠤᠨ ᠠᠮᠢᠳᠣ ᠪᠤᠳᠠᠰ ᠤᠨ ᠭᠠᠮᠰᠢᠭ ᠭᠠᠷᠬᠤ ᠦᠶᠡᠰ ᠬᠤᠰᠢᠭᠤ ᠵᠢᠯᠤᠭᠤᠳᠬᠤ ᠭᠠᠵᠠᠷ ᠠᠴᠠ ᠲᠤᠰ ᠲᠦᠰᠦᠯ ᠢ ᠡᠬᠢᠯᠡᠬᠦᠯᠬᠦ ᠶᠢ ᠬᠠᠷᠢᠭᠤᠴᠠᠬᠤ ᠶᠢᠨ ᠬᠠᠮᠲᠤ ᠬᠤᠲᠠ ᠶᠢᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠬᠡᠳ ᠰᠢᠷ᠎ᠡ ᠦᠩᠭᠡ ᠶᠢᠨ ᠣᠷᠢᠳᠴᠢᠯᠠᠨ ᠰᠡᠷᠡᠮᠵᠢᠯᠡᠬᠦᠯᠦᠯ ᠢ ᠨᠡᠶᠢᠲᠡᠯᠡᠨ᠎ᠡ᠃ ᠬᠤᠰᠢᠭᠤ ᠲᠠᠷᠢᠮᠠᠯ  ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠪᠡᠯᠡᠳᠬᠡᠯ ᠲᠦᠰᠦᠯ ᠢ ᠡᠬᠢᠯᠡᠬᠦᠯᠬᠦ ᠶᠢ ᠬᠠᠷᠢᠭᠤᠴᠠᠵᠤ᠂ Ⅲᠲᠡᠰ ︵ᠨᠡᠯᠢᠶᠡᠳ ᠶᠡᠭᠡ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠬᠡᠷᠡᠭᠵᠢᠬᠦᠯᠦᠨ᠎ᠡ᠃ ᠬᠤᠰᠢᠭᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠭᠠᠮᠰᠢᠭ ᠭᠠᠷᠤᠭᠰᠠᠨ ᠭᠠᠵᠠᠷ ᠤᠨ ᠲᠠᠷᠢᠮᠠᠯ ᠤᠨ ᠠᠮᠢᠳᠣ ᠪᠤᠳᠠᠰ  ᠤᠨ ᠭᠠᠮᠰᠢᠭ ᠤᠨ ᠰᠡᠷᠬᠡᠶᠢᠯᠡᠨ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠬᠠᠷᠢᠭᠤᠴᠠᠨ᠂ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠯᠠᠭ᠎ᠠ ᠶᠢ ᠨᠢᠬᠡᠳᠦᠯᠲᠡᠢ ᠵᠢᠯᠤᠭᠤᠳᠤᠨ᠎ᠠ᠃ ᠭᠠᠮᠰᠢᠭᠳᠠᠭᠰᠠᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠠᠶᠢᠴᠢᠯᠠᠯᠲᠠ ᠶᠢᠨ ᠠᠵᠢᠯᠯᠠᠭᠠᠨ ᠤ ᠪᠠᠶᠢᠳᠠᠯ ᠢ ᠬᠤᠲᠠ ᠶᠢᠨ  ᠵᠠᠰᠠᠭ ᠤᠨ ᠣᠷᠳᠣᠨ ᠳᠤ ᠮᠡᠳᠡᠬᠦᠯᠬᠦ ᠶᠢᠨ ᠬᠠᠮᠲᠤ ᠱᠠᠲᠤ ᠳᠠᠷᠠᠭᠠᠯᠠᠨ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃ ᠬᠤᠰᠢᠭᠤ ᠵᠠᠰᠠᠭ ᠤᠨ ᠣᠷᠳᠣᠨ ᠤ ᠰᠢᠢᠳᠪᠦᠷᠢᠯᠡᠯᠲᠡ ᠶᠢᠨ ᠴᠢᠳᠠᠪᠤᠷᠢ ᠠᠴᠠ ᠳᠠᠪᠠᠭᠰᠠᠨ ᠪᠠᠶᠢᠳᠠᠯ ᠳᠤ ᠬᠤᠰᠢᠭᠤ ᠵᠠᠰᠠᠭ ᠤᠨ ᠣᠷᠳᠣᠨ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ᠂ ᠮᠡᠷᠬᠡᠵᠢᠯ᠂ ᠡᠳ᠋ ᠪᠤᠳᠠᠰ ᠵᠡᠷᠭᠡ ᠲᠠᠯ᠎ᠠ ᠶᠢᠨ ᠳᠡᠮᠵᠢᠯᠬᠡ ᠬᠠᠩᠭᠠᠯᠭᠠᠨ᠎ᠠ᠃ ᠪᠠᠴᠢᠮ ᠪᠠᠶᠢᠳᠠᠯ  ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠵᠤᠭᠰᠣᠭᠠᠬᠤ ᠳᠤ ᠴᠣ᠋ ᠠᠳᠠᠯᠢᠬᠠᠨ ᠶᠠᠪᠤᠴᠠ ᠲᠠᠢ᠃     4.4.3 Ⅱ ᠲᠡᠰ ︵ᠬᠦᠨᠳᠦ ᠨᠣᠴᠢᠲᠠᠢ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ     Ⅱ ᠲᠡᠰ ᠤᠨ ᠠᠮᠢᠳᠣ ᠪᠤᠳᠠᠰ ᠤᠨ ᠭᠠᠮᠰᠢᠭ ᠭᠠᠷᠬᠤ ᠦᠶᠡᠰ ᠬᠤᠰᠢᠭᠤ ᠵᠢᠯᠤᠭᠤᠳᠬᠤ ᠭᠠᠵᠠᠷ ᠠᠴᠠ ᠲᠤᠰ ᠲᠦᠰᠦᠯ ᠢ ᠡᠬᠢᠯᠡᠬᠦᠯᠬᠦ ᠶᠢ ᠬᠠᠷᠢᠭᠤᠴᠠᠬᠤ ᠶᠢᠨ ᠬᠠᠮᠲᠤ ᠦᠪᠡᠷᠲᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠬᠡᠳ ᠣᠯᠠᠪᠤᠷ ᠦᠩᠭᠡ ᠶᠢᠨ ᠣᠷᠢᠳᠴᠢᠯᠠᠨ ᠰᠡᠷᠡᠮᠵᠢᠯᠡᠬᠦᠯᠦᠯ ᠢ ᠨᠡᠶᠢᠲᠡᠯᠡᠨ᠎ᠡ᠃ ᠬᠤᠰᠢᠭᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠲᠤᠰ ᠱᠠᠲᠤᠨ ᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠶᠤᠰᠤᠭᠠᠷ ᠬᠠᠷᠢᠭᠤᠴᠠᠵᠤ᠂ Ⅱᠲᠡᠰ ︵ᠬᠦᠨᠳᠦ ᠨᠣᠴᠢᠲᠠᠢ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠬᠡᠷᠡᠭᠵᠢᠬᠦᠯᠦᠨ᠎ᠡ᠃ ᠬᠤᠰᠢᠭᠤ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠭᠠᠮᠰᠢᠭ ᠭᠠᠷᠤᠭᠰᠠᠨ ᠭᠠᠵᠠᠷ ᠤᠨ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠰᠡᠷᠬᠡᠶᠢᠯᠡᠨ ᠵᠠᠰᠠᠯᠲᠠ  ᠶᠢᠨ ᠠᠵᠢᠯ ᠤᠨ ᠪᠠᠶᠢᠷᠢᠯᠠᠭᠤᠯᠤᠯᠲᠠ ᠶᠢ ᠬᠠᠷᠢᠭᠤᠴᠠᠨ᠂ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠯᠠᠭ᠎ᠠ ᠶᠢ ᠨᠢᠬᠡᠳᠦᠯᠲᠡᠢ ᠵᠢᠯᠤᠭᠤᠳᠤᠨ᠎ᠠ᠃ ᠰᠡᠷᠬᠡᠶᠢᠯᠡᠨ ᠵᠠᠰᠠᠯᠲᠠ ᠶᠢᠨ ᠡᠮ ᠤᠨ ᠵᠦᠢᠯ ᠵᠢᠴᠢ ᠡᠳ᠋ ᠪᠤᠳᠠᠰ ᠢ ᠴᠠᠭ ᠲᠤᠬᠠᠢ ᠳᠤᠨᠢ ᠣᠷᠣᠨᠵᠢᠭᠤᠯᠬᠤ ᠶᠢ ᠪᠠᠲᠤᠯᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠰᠠᠨ ᠪᠠᠶᠢᠳᠠᠯ ᠢ ᠱᠠᠲᠤ ᠳᠠᠷᠠᠭᠠᠯᠠᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠬᠦᠯᠦᠨ᠎ᠡ᠃ ᠬᠤᠰᠢᠭᠤ ᠵᠠᠰᠠᠭ ᠤᠨ ᠣᠷᠳᠣᠨ ᠤ ᠰᠢᠢᠳᠪᠦᠷᠢᠯᠡᠯᠲᠡ ᠶᠢᠨ ᠴᠢᠳᠠᠪᠤᠷᠢ ᠠᠴᠠ ᠳᠠᠪᠠᠭᠰᠠᠨ ᠪᠠᠶᠢᠳᠠᠯ ᠳᠤ ᠬᠤᠰᠢᠭᠤ ᠵᠠᠰᠠᠭ ᠤᠨ ᠣᠷᠳᠣᠨ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ᠂ ᠮᠡᠷᠬᠡᠵᠢᠯ᠂ ᠡᠳ᠋ ᠪᠤᠳᠠᠰ ᠵᠡᠷᠭᠡ ᠲᠠᠯ᠎ᠠ ᠶᠢᠨ ᠳᠡᠮᠵᠢᠯᠬᠡ ᠬᠠᠩᠭᠠᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠵᠤᠭᠰᠣᠭᠠᠬᠤ ᠳᠤ ᠴᠣ᠋ ᠠᠳᠠᠯᠢᠬᠠᠨ ᠶᠠᠪᠤᠴᠠ ᠲᠠᠢ᠃     4.4.4.1 Ⅰ ᠲᠡᠰ ︵ᠣᠨᠴᠠ ᠬᠦᠨᠳᠦ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ     ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ᠄ Ⅰ ᠲᠡᠰ ᠤᠨ ᠠᠮᠢᠳᠣ ᠪᠤᠳᠠᠰ ᠤᠨ ᠭᠠᠮᠰᠢᠭ ᠭᠠᠷᠬᠤ ᠦᠶᠡᠰ ᠬᠤᠰᠢᠭᠤ ᠵᠢᠯᠤᠭᠤᠳᠬᠤ ᠭᠠᠵᠠᠷ ᠠᠴᠠ ᠲᠤᠰ ᠲᠦᠰᠦᠯ ᠢ ᠡᠬᠢᠯᠡᠬᠦᠯᠬᠦ ᠶᠢ ᠬᠠᠷᠢᠭᠤᠴᠠᠬᠤ ᠶᠢᠨ ᠬᠠᠮᠲᠤ ᠦᠪᠡᠷᠲᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠬᠡᠳ ᠤᠯᠠᠭᠠᠨ ᠦᠩᠭᠡ ᠶᠢᠨ ᠣᠷᠢᠳᠴᠢᠯᠠᠨ ᠰᠡᠷᠡᠮᠵᠢᠯᠡᠬᠦᠯᠦᠯ ᠢ ᠨᠡᠶᠢᠲᠡᠯᠡᠨ᠎ᠡ᠃ Ⅰᠲᠡᠰ ︵ᠣᠨᠴᠠ ᠬᠦᠨᠳᠦ ᠭᠠᠮᠰᠢᠭ︶ ᠤᠨ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠬᠡᠷᠡᠭᠵᠢᠬᠦᠯᠵᠦ᠂ ᠬᠤᠰᠢᠭᠤ ᠵᠢᠯᠤᠭᠤᠳᠬᠤ ᠭᠠᠵᠠᠷ ᠠᠴᠠ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠰᠡᠷᠬᠡᠶᠢᠯᠡᠨ ᠵᠠᠰᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠬᠠᠷᠢᠭᠤᠴᠠᠨ᠂ ᠲᠠᠷᠢᠮᠠᠯ ᠤᠨ ᠠᠮᠢᠳᠣ ᠪᠤᠳᠠᠰ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯᠯᠠᠭ᠎ᠠ ᠶᠢ ᠨᠢᠬᠡᠳᠦᠯᠲᠡᠢ ᠵᠢᠯᠤᠭᠤᠳᠬᠤ ᠶᠢᠨ ᠬᠠᠮᠲᠤ ᠭᠠᠮᠰᠢᠭᠳᠠᠭᠰᠠᠨ ᠪᠠᠶᠢᠳᠠᠯ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠪᠠᠶᠢᠳᠠᠯ ᠢ ᠱᠠᠲᠤ ᠳᠠᠷᠠᠭᠠᠯᠠᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃ ᠬᠤᠰᠢᠭᠤ ᠵᠠᠰᠠᠭ ᠤᠨ ᠣᠷᠳᠣᠨ ᠤ ᠰᠢᠢᠳᠪᠦᠷᠢᠯᠡᠯᠲᠡ ᠶᠢᠨ ᠴᠢᠳᠠᠪᠤᠷᠢ ᠠᠴᠠ ᠳᠠᠪᠠᠭᠰᠠᠨ ᠪᠠᠶᠢᠳᠠᠯ ᠳᠤ ᠬᠤᠰᠢᠭᠤ ᠵᠠᠰᠠᠭ ᠤᠨ ᠣᠷᠳᠣᠨ ᠠᠴᠠ ᠬᠤᠲᠠ᠂ ᠦᠪᠡᠷᠲᠡᠭᠡᠨ ᠵᠠᠰᠠᠬᠤ ᠣᠷᠣᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ᠂ ᠮᠡᠷᠬᠡᠵᠢᠯ᠂ ᠡᠳ᠋ ᠪᠤᠳᠠᠰ ᠵᠡᠷᠭᠡ ᠲᠠᠯ᠎ᠠ ᠶᠢᠨ ᠳᠣᠰᠠᠯᠠᠮᠵᠢ ᠭᠤᠶᠤᠴᠢᠯᠠᠨ᠎ᠠ᠃     4.5 ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠠᠪᠴᠠᠯ     4.5.1 ᠭᠠᠮᠰᠢᠭ ᠭᠠᠷᠤᠭᠰᠠᠨ ᠰᠢᠯᠲᠠᠭᠠᠨ ᠤ ᠵᠠᠳᠠᠯᠣᠯᠲᠠ     ᠲᠠᠷᠢᠮᠠᠯ ᠤᠨ ᠣᠨᠠᠯᠲᠠ ᠶᠢᠨ ᠬᠤᠬᠢᠷᠠᠯ᠂ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠭᠠᠷᠤᠭᠰᠠᠨ ᠪᠠᠶᠢᠳᠠᠯ ᠢ ᠦᠨᠳᠦᠰᠦᠯᠡᠨ᠂ ᠬᠦᠨᠳᠦ ᠨᠣᠴᠢᠲᠠᠢ ᠡᠪᠡᠳᠴᠢᠨ ᠬᠤᠷᠤᠬᠠᠢ ᠢᠯᠡᠷᠡᠭᠰᠡᠨ ᠵᠢᠮ᠎ᠡ᠂ ᠳᠠᠬᠤᠯ ᠡᠪᠡᠳᠴᠢᠨ ᠤ ᠰᠣᠳᠣᠯᠣᠯ᠂ ᠲᠠᠷᠢᠮᠠᠯ ᠤᠨ   ᠪᠠᠶᠢᠷᠢᠰᠢᠯ᠂ ᠴᠠᠭ ᠠᠭᠤᠷ ᠤᠨ ᠣᠨᠴᠠᠯᠢᠭ᠂ ᠭᠠᠵᠠᠷ ᠵᠦᠢ ᠶᠢᠨ ᠣᠨᠴᠠᠯᠢᠭ ᠵᠡᠷᠭᠡ ᠬᠦᠴᠦᠨ ᠵᠦᠢᠯ ᠲᠠᠢ ᠣᠶᠠᠯᠳᠣᠭᠤᠯᠣᠨ ᠭᠠᠮᠰᠢᠭ ᠤᠨ ᠪᠠᠶᠢᠳᠠᠯ ᠭᠠᠷᠤᠭᠰᠠᠨ ᠰᠢᠯᠲᠠᠭᠠᠨ ᠢ ᠶᠡᠷᠦᠩᠬᠡᠶᠢᠯᠡᠨ ᠵᠠᠳᠠᠯᠤᠨ᠎ᠠ᠃ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠭᠠᠷᠤᠭᠰᠠᠨ ᠡᠯ᠎ᠡ ᠲᠦᠷᠦᠯ ᠤᠨ ᠰᠢᠯᠲᠠᠭᠠᠨ ︵ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠢᠷᠡᠯᠲᠡ᠂ ᠲᠠᠷᠬᠠᠯᠲᠠ ᠵᠢᠴᠢ ᠳᠡᠯᠭᠡᠷᠡᠭᠰᠡᠨ ᠵᠠᠭᠤᠴᠢᠯᠠᠭᠤᠷ ᠪᠠ ᠠᠷᠭ᠎ᠠ ᠵᠠᠮ ᠵᠡᠷᠭᠡ ᠪᠠᠭᠲᠠᠨ᠎ᠠ︶ ᠢ ᠮᠦᠷᠳᠡᠨ ᠪᠠᠶᠢᠴᠠᠭᠠᠨ᠎ᠠ᠃     4.5.2 ᠭᠠᠮᠰᠢᠭ ᠤᠨ ᠪᠠᠶᠢᠳᠠᠯ ᠭᠠᠷᠤᠭᠰᠠᠨ ᠣᠷᠣᠨ ᠪᠦᠰᠡ ᠶᠢᠨ. ᠲᠤᠭᠲᠠᠭᠠᠯᠲᠠ     ᠲᠠᠷᠢᠮᠠᠯ ᠤᠨ ᠭᠠᠮᠰᠢᠭ ᠤᠨ ᠪᠠᠶᠢᠳᠠᠯ ᠢᠯᠡᠷᠡᠭᠰᠡᠨ ᠬᠡᠮᠵᠢᠶ᠎ᠡ᠂ ᠬᠦᠨᠦᠬᠡᠯ ᠵᠢᠴᠢ ᠬᠤᠬᠢᠷᠠᠯ ᠤᠨ ᠪᠠᠶᠢᠳᠠᠯ ᠢ ᠦᠨᠳᠦᠰᠦᠯᠡᠨ᠂ ᠰᠡᠷᠬᠡᠶᠢᠯᠡᠨ ᠵᠠᠰᠠᠯᠲᠠ ᠶᠢᠨ ᠭᠤᠤᠯᠳᠠᠯᠭ᠎ᠠ ᠪᠠ ᠠᠷᠭ᠎ᠠ ᠠᠪᠴᠠᠯ ᠤᠨ ᠠᠳᠠᠯᠢ ᠪᠤᠰᠤ ᠶᠤᠰᠤᠭᠠᠷ᠂ ᠬᠢᠵᠢᠭ ᠤᠨ ᠪᠠᠶᠢᠳᠠᠯ ᠢᠯᠡᠷᠡᠭᠰᠡᠨ ᠣᠷᠣᠨ ᠪᠦᠰᠡ ᠶᠢ ᠭᠤᠤᠯᠳᠠᠯᠭᠠᠲᠤ ᠵᠠᠰᠠᠯᠲᠠ ᠶᠢᠨ ᠣᠷᠣᠨ ᠂ ᠡᠩ ᠤᠨ ᠵᠠᠰᠠᠯᠲᠠ ᠶᠢᠨ ᠣᠷᠣᠨ ᠬᠡᠵᠦ ᠬᠤᠪᠢᠶᠠᠨ᠎ᠠ᠃     ᠭᠤᠤᠯᠳᠠᠯᠭᠠᠲᠤ ᠵᠠᠰᠠᠯᠲᠠ ᠶᠢᠨ ᠣᠷᠣᠨ᠄ ᠭᠤᠤᠯᠳᠠᠭᠤ ᠭᠠᠮᠰᠢᠭᠳᠠᠭᠰᠠᠨ ᠣᠷᠣᠨ ᠢᠶᠠᠷ ᠭᠤᠤᠯ ᠪᠤᠯᠭᠠᠭᠰᠠᠨ ᠣᠷᠣᠨ ᠬᠡᠪᠴᠢᠶ᠎ᠡ᠂ ᠪᠠᠺᠲ᠋ᠧᠷᠢ ︵ᠬᠤᠷᠤᠬᠠᠢ︶  ᠶᠢᠨ ᠢᠷᠡᠯᠲᠡ ᠶᠢᠨ ᠣᠷᠣᠨ ᠪᠠᠭᠲᠠᠨ᠎ᠠ᠃     ᠡᠩ ᠤᠨ ᠵᠠᠰᠠᠯᠲᠠ ᠶᠢᠨ ᠣᠷᠣᠨ᠄ ᠭᠠᠮᠰᠢᠭ ᠭᠠᠷᠤᠭᠰᠠᠨ ᠪᠤᠯᠪᠠᠴᠣ ᠶᠡᠷᠦᠩᠬᠡᠶᠢᠯᠡᠭᠰᠡᠨ ᠠᠷᠭ᠎ᠠ ᠠᠪᠴᠠᠯ ᠢᠶᠠᠷ ᠭᠠᠮᠰᠢᠭ ᠤᠨ ᠬᠡᠮᠵᠢᠶ᠎ᠡ ᠪᠠ ᠲᠠᠷᠬᠠᠯᠲᠠ ᠶᠢᠨ ᠬᠤᠷᠳᠣᠴᠠ ᠶᠢᠨ ᠣᠷᠣᠨ ᠪᠦᠰᠡ ᠶᠢ ᠪᠦᠲᠦᠮᠵᠢᠲᠡᠢ ᠪᠠᠷ ᠡᠵᠡᠮᠳᠡᠭᠰᠡᠨ ᠵᠢᠴᠢ ᠨᠦᠯᠦᠬᠡᠯᠡᠯ ᠤᠨ ᠰᠢᠯᠲᠠᠭᠠᠨ ᠢ ᠵᠠᠳᠠᠯᠣᠭᠰᠠᠨ ᠤ ᠳᠠᠷᠠᠭ᠎ᠠ ᠬᠦᠨᠳᠦ ᠨᠣᠴᠢᠲᠠᠢ ᠡᠪᠡᠳᠴᠢᠨ ᠬᠤᠷᠤᠬᠠᠢ ᠢᠯᠡᠷᠡᠬᠦ ᠣᠷᠣᠨ ᠪᠦᠰᠡ ᠶᠢ ᠵᠢᠭᠠᠨ᠎ᠠ᠃     4.5.3 ᠪᠠᠴᠢᠮ ᠪᠠᠶᠢᠳᠠᠯ ᠢ ᠠᠷᠭᠠᠴᠠᠬᠤ ᠡᠵᠡᠮᠳᠡᠯ ᠤᠨ ᠠᠷᠭ᠎ᠠ ᠠᠪᠴᠠᠯ ᠤᠨ ᠲᠤᠭᠲᠠᠭᠠᠯᠲᠠ     ︽ᠰᠡᠷᠬᠡᠶᠢᠯᠡᠬᠦ ᠪᠠᠷ ᠭᠤᠤᠯ ᠪᠤᠯᠭᠠᠵᠤ᠂ ᠶᠡᠷᠦᠩᠬᠡᠶᠢᠯᠡᠨ ᠰᠡᠷᠬᠡᠶᠢᠯᠡᠨ ᠵᠠᠰᠠᠬᠤ︾ ᠣᠷᠭᠤᠮᠠᠯ ᠤᠨ ᠬᠠᠮᠠᠭᠠᠯᠠᠯ ᠤᠨ ᠠᠵᠢᠯ ᠤᠨ ᠴᠢᠭᠯᠡᠯᠲᠡ ᠶᠢ ᠲᠤᠤᠱᠯᠠᠭᠤᠯᠤᠨ᠂ ᠭᠠᠮᠰᠢᠭ ᠤᠨ ᠡᠵᠡᠮᠳᠡᠯ ᠤᠨ ᠦᠷᠬᠦᠯᠵᠢᠬᠦᠶᠢᠴᠡ ᠮᠡᠷᠬᠡᠵᠢᠯ ᠢ ᠬᠡᠷᠡᠭᠵᠢᠬᠦᠯᠵᠦ᠂ ᠠᠳᠠᠯᠢ ᠪᠤᠰᠤ ᠮᠠᠶ᠋ᠢᠭ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ  ᠲᠤ ᠴᠢᠭᠯᠡᠬᠦᠯᠵᠦ ᠪᠠᠴᠢᠮ ᠪᠠᠶᠢᠳᠠᠯ ᠢ ᠠᠷᠭᠠᠴᠠᠬᠤ ᠬᠠᠷᠠᠭᠠᠯᠵᠠᠭᠰᠠᠨ ᠡᠵᠡᠮᠳᠡᠯ ᠤᠨ ᠠᠷᠭ᠎ᠠ ᠠᠪᠴᠠᠯ ᠢ ᠬᠡᠷᠡᠭᠯᠡᠨ᠂ ᠲᠦᠷᠦᠯ ᠬᠤᠪᠢᠶᠠᠨ ᠵᠢᠯᠤᠭᠤᠳᠬᠤ᠂ ᠣᠷᠣᠨ ᠬᠤᠪᠢᠶᠠᠨ ᠵᠠᠰᠠᠬᠤ ᠶᠢ ᠬᠡᠷᠡᠭᠵᠢᠬᠦᠯᠵᠦ᠂ ᠵᠠᠰᠠᠯᠲᠠ ᠶᠢᠨ ᠪᠦᠲᠦᠮᠵᠢ ᠶᠢ ᠳᠡᠭᠡᠭᠰᠢᠯᠡᠬᠦᠯᠦᠨ᠎ᠡ᠃     ᠭᠤᠤᠯᠳᠠᠯᠭᠠᠲᠤ ᠰᠡᠷᠬᠡᠶᠢᠯᠡᠨ ᠵᠠᠰᠠᠯᠲᠠ ᠶᠢᠨ ᠣᠷᠣᠨ ᠳᠤ ᠭᠤᠤᠯᠳᠠᠭᠤ ᠬᠢᠮᠢ ᠶᠢᠨ ᠵᠠᠰᠠᠯᠲᠠ ᠪᠠᠷ ᠭᠤᠤᠯ ᠪᠤᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠡᠵᠡᠮᠳᠡᠯ ᠤᠨ ᠠᠷᠭ᠎ᠠ ᠠᠪᠴᠠᠯ ᠢ ᠬᠡᠷᠡᠭᠯᠡᠨ᠎ᠡ᠃     ᠡᠩ ᠤᠨ ᠵᠠᠰᠠᠯᠲᠠ ᠶᠢᠨ ᠣᠷᠣᠨ ᠳᠤ ᠭᠠᠮᠰᠢᠭ ᠤᠨ ᠡᠵᠡᠮᠳᠡᠯ ᠤᠨ ᠦᠷᠬᠦᠯᠵᠢᠬᠦᠶᠢᠴᠡ ᠮᠡᠷᠬᠡᠵᠢᠯ ᠪᠠ ᠬᠢᠮᠢ ᠶᠢᠨ ᠵᠠᠰᠠᠯᠲᠠ ᠶᠢ ᠬᠠᠷᠢᠯᠴᠠᠨ ᠣᠶᠠᠯᠳᠣᠭᠤᠯᠣᠭᠰᠠᠨ ᠪᠠᠴᠢᠮ ᠪᠠᠶᠢᠳᠠᠯ ᠢ ᠠᠷᠭᠠᠴᠠᠬᠤ ᠡᠵᠡᠮᠳᠡᠯ ᠤᠨ ᠠᠷᠭ᠎ᠠ ᠠᠪᠴᠠᠯ ᠢ ᠬᠡᠷᠡᠭᠯᠡᠨ᠎ᠡ᠃     4.5.4 ᠭᠠᠮᠰᠢᠭ ᠤᠨ ᠣᠷᠣᠨ ᠤ ᠡᠵᠡᠮᠳᠡᠯ ᠤᠨ ᠠᠷᠭ᠎ᠠ ᠠᠪᠴᠠᠯ ᠤᠨ ᠬᠡᠷᠡᠭᠵᠢᠬᠦᠯᠦᠯᠲᠡ     4.5.4.1 ᠭᠤᠤᠯᠳᠠᠯᠭᠠᠲᠤ ᠵᠠᠰᠠᠯᠲᠠ ᠶᠢᠨ ᠣᠷᠣᠨ ᠳᠤ ᠠᠪᠬᠤ ᠠᠷᠭ᠎ᠠ ᠠᠪᠴᠠᠯ     ︵1︶ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠵᠠᠰᠠᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠬᠢᠮᠢ ᠶᠢᠨ ᠵᠠᠰᠠᠯᠲᠠ ᠪᠠᠷ ᠭᠤᠤᠯ ᠪᠤᠯᠭᠠᠭᠰᠠᠨ ᠪᠠᠴᠢᠮ ᠪᠠᠶᠢᠳᠠᠯ ᠢ ᠠᠷᠭᠠᠴᠠᠬᠤ ᠨᠢᠬᠡᠳᠦᠯᠲᠡᠢ ᠰᠢᠢᠳᠪᠦᠷᠢᠯᠡᠯᠲᠡ ᠶᠢ ᠬᠡᠷᠡᠭᠵᠢᠬᠦᠯᠵᠦ᠂ ᠬᠠᠮᠤᠭ ᠤᠨ ᠣᠬᠤᠷ ᠬᠤᠭᠤᠴᠠᠭᠠᠨ ᠲᠤᠲᠤᠷ᠎ᠠ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠢ ᠡᠵᠡᠮᠳᠡᠨ᠂ ᠬᠤᠬᠢᠷᠠᠯ ᠢ ᠬᠠᠮᠤᠭ ᠤᠨ ᠪᠠᠭ᠎ᠠ ᠬᠡᠮᠵᠢᠶ᠎ᠡ ᠪᠠᠷ ᠪᠠᠭᠠᠰᠬᠠᠨ᠎ᠠ᠃     ︵2︶ ᠪᠠᠺᠲ᠋ᠧᠷᠢ ︵ᠬᠤᠷᠤᠬᠠᠢ︶ ᠶᠢᠨ ᠢᠷᠡᠯᠲᠡ ᠶᠢᠨ ᠣᠷᠣᠨ ᠳᠤ ᠦᠨᠳᠦᠷ ᠪᠦᠲᠦᠮᠵᠢᠲᠡᠢ᠂ ᠬᠤᠤᠷᠳᠠᠯ ᠪᠠᠭ᠎ᠠ᠂ ᠳᠣᠣᠷ᠎ᠠ ᠳᠦᠭᠰᠢᠬᠦᠷᠢᠲᠦ ᠲᠠᠷᠢᠶᠠᠯᠠᠩ  ᠤᠨ ᠡᠮ ᠢ ᠪᠦᠬᠦ ᠲᠠᠯ᠎ᠠ ᠪᠠᠷ ᠬᠡᠷᠡᠭᠯᠡᠨ ᠪᠠᠴᠢᠮ ᠪᠠᠶᠢᠳᠠᠯ ᠢ ᠠᠷᠭᠠᠴᠠᠵᠤ ᠰᠡᠷᠬᠡᠶᠢᠯᠡᠨ ᠵᠠᠰᠠᠨ᠎ᠠ᠃ ᠭᠠᠮᠰᠢᠭᠳᠠᠭᠰᠠᠨ ᠲᠠᠯᠠᠪᠠᠢ ᠪᠠᠷ ᠶᠡᠭᠡ ᠣᠷᠣᠨ ᠪᠦᠰᠡ ᠳᠤ ᠰᠡᠷᠬᠡᠶᠢᠯᠡᠨ ᠵᠠᠰᠠᠯᠲᠠ ᠶᠢᠨ ᠲᠤᠰᠬᠠᠢ ᠮᠡᠷᠭᠡᠵᠢᠯ ᠤᠨ ᠦᠢᠯᠡᠴᠢᠯᠡᠬᠡᠨ ᠤ ᠪᠠᠭ ᠢ ᠠᠰᠢᠭᠯᠠᠨ ᠨᠢᠬᠡᠳᠦᠯᠲᠡᠢ ᠰᠡᠷᠬᠡᠶᠢᠯᠡᠯ ᠵᠠᠰᠠᠯᠲᠠ ᠶᠢ ᠬᠡᠷᠡᠭᠵᠢᠬᠦᠯᠦᠨ᠂ ︽ᠭᠤᠷᠪᠠ ᠶᠢ ᠲᠦᠪᠯᠡᠷᠡᠬᠦᠯᠬᠦ᠂ ᠲᠠᠪᠤ ᠶᠢ ᠨᠢᠬᠡᠳᠬᠡᠬᠦ︾ ᠶᠢ ᠪᠠᠷᠢᠮᠲᠠᠯᠠᠨ᠎ᠠ᠃ ︽ᠭᠤᠷᠪᠠ ᠶᠢ ᠲᠦᠪᠯᠡᠷᠡᠬᠦᠯᠬᠦ︾ ᠳᠠᠷᠤᠢ ᠬᠦᠮᠦᠨ ᠤ ᠬᠦᠴᠦᠨ ᠢᠶᠠᠨ ᠲᠦᠪᠯᠡᠷᠡᠬᠦᠯᠬᠦ᠂ ᠡᠳ᠋  ᠤᠨ ᠬᠦᠴᠦᠨ ᠢᠶᠠᠨ ᠲᠦᠪᠯᠡᠷᠡᠬᠦᠯᠬᠦ᠂ ᠴᠠᠭ ᠬᠤᠭᠤᠴᠠᠭ᠎ᠠ ᠪᠠᠨ ᠲᠦᠪᠯᠡᠷᠡᠬᠦᠯᠬᠦ ᠪᠤᠯᠤᠨ᠎ᠠ︔ ︽ᠲᠠᠪᠤ ᠶᠢ ᠨᠢᠬᠡᠳᠬᠡᠬᠦ︾ ᠳᠠᠷᠤᠢ ᠵᠤᠬᠢᠶᠠᠨ ᠪᠠᠶᠢᠭᠤᠯᠤᠯᠲᠠ ᠪᠠᠨ ᠨᠢᠬᠡᠳᠬᠡᠬᠦ᠂ ᠬᠢᠨᠠᠨ ᠡᠵᠡᠮᠰᠢᠯ ᠢᠶᠠᠨ ᠨᠢᠬᠡᠳᠬᠡᠬᠦ᠂ ᠡᠮ ᠤᠨ ᠮᠡᠷᠬᠡᠵᠢᠯ ᠢᠶᠠᠨ ᠨᠢᠬᠡᠳᠬᠡᠬᠦ᠂ ᠡᠮ ᠨᠠᠶᠢᠷᠠᠯᠭ᠎ᠠ ᠪᠠᠨ ᠨᠢᠬᠡᠳᠬᠡᠬᠦ᠂ ᠰᠡᠷᠬᠡᠶᠢᠯᠡᠨ ᠵᠠᠰᠠᠯᠲᠠ ᠶᠢᠨ ᠴᠠᠭ ᠬᠤᠭᠤᠴᠠᠭ᠎ᠠ ᠪᠠᠨ ᠨᠢᠬᠡᠳᠬᠡᠬᠦ ᠪᠤᠯᠤᠨ᠎ᠠ᠃     ︵3︶ ᠦᠢᠯᠡᠳᠪᠦᠷᠢᠯᠡᠯ ᠢᠶᠠᠷ ᠦᠪᠡᠷ ᠢ ᠪᠠᠨ ᠠᠪᠤᠷᠠᠬᠤ ᠶᠢ ᠶᠠᠪᠤᠭᠳᠠᠭᠤᠯᠵᠤ᠂ ᠭᠠᠮᠰᠢᠭ ᠤᠨ ᠣᠷᠣᠨ ᠢ ᠵᠤᠬᠢᠶᠠᠨ ᠪᠠᠶᠢᠭᠤᠯᠵᠤ ᠨᠦᠬᠦᠵᠦ ᠲᠠᠷᠢᠬᠤ ᠵᠡᠷᠭᠡ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠨ᠎ᠡ᠃     ︵4︶ ᠰᠡᠷᠬᠡᠶᠢᠯᠡᠨ ᠵᠠᠰᠠᠯᠲᠠ ᠶᠢᠨ ᠮᠡᠷᠭᠡᠵᠢᠯ ᠤᠨ ᠵᠢᠯᠤᠭᠤᠳᠤᠯᠭ᠎ᠠ ᠶᠢᠨ ᠲᠤᠰᠬᠠᠢ ᠮᠡᠷᠬᠡᠵᠢᠯᠲᠡᠨ ᠤ ᠳᠣᠭᠤᠶᠢᠯᠠᠩ ᠠᠴᠠ  ᠲᠤᠭᠲᠠᠭᠠᠭᠰᠠᠨ ᠪᠤᠰᠣᠳ ᠡᠵᠡᠮᠳᠡᠯ ᠤᠨ ᠠᠷᠭ᠎ᠠ ᠠᠪᠴᠠᠯ᠃     4.5.4.2 ᠡᠩ ᠤᠨ ᠵᠠᠰᠠᠯᠲᠠ ᠶᠢᠨ ᠣᠷᠣᠨ ᠳᠤ ᠠᠪᠬᠤ ᠠᠷᠭ᠎ᠠ ᠠᠪᠴᠠᠯ     ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠵᠠᠰᠠᠯᠲᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠠᠮᠢ ᠠᠬᠤᠢ᠂ ᠠᠮᠢᠳᠣ ᠪᠣᠳᠠᠰ᠂ ᠹᠢᠽᠢᠺ ᠪᠠ ᠬᠢᠮᠢ ᠶᠢᠨ ᠵᠠᠰᠠᠯᠲᠠ ᠶᠢ ᠬᠠᠷᠢᠯᠴᠠᠨ ᠣᠶᠠᠯᠳᠣᠭᠤᠯᠣᠭᠰᠠᠨ ᠠᠷᠭ᠎ᠠ ᠬᠡᠯᠪᠡᠷᠢ ᠶᠢ ᠬᠡᠷᠡᠭᠵᠢᠬᠦᠯᠬᠦ ᠶᠢᠨ ᠬᠠᠮᠲᠤ ᠰᠡᠷᠬᠡᠶᠢᠯᠡᠨ ᠵᠠᠰᠠᠯᠲᠠ ᠶᠢᠨ ᠮᠡᠷᠭᠡᠵᠢᠯ ᠤᠨ ᠵᠢᠯᠤᠭᠤᠳᠣᠯᠭ᠎ᠠ ᠶᠢᠨ ᠲᠤᠰᠬᠠᠢ ᠮᠡᠷᠬᠡᠵᠢᠯᠲᠡᠨ ᠤ ᠳᠣᠭᠤᠶᠢᠯᠠᠩ ᠤᠨ ᠲᠤᠭᠲᠠᠭᠠᠭᠰᠠᠨ ᠪᠤᠰᠤᠳ ᠡᠵᠡᠮᠳᠡᠯ ᠤᠨ ᠠᠷᠭ᠎ᠠ ᠠᠪᠴᠠᠯ ᠲᠠᠢ ᠣᠶᠠᠯᠳᠣᠭᠤᠯᠣᠨ᠂ ᠡᠪᠡᠳᠴᠢᠨ ᠬᠤᠷᠤᠬᠠᠢ ᠶᠢᠨ ᠭᠠᠮᠰᠢᠭ ᠤᠨ ᠬᠡᠮᠵᠢᠶ᠎ᠡ ᠶᠢ ᠡᠵᠡᠮᠳᠡᠨ᠎ᠡ᠃     4.6 ᠮᠡᠳᠡᠭᠡ ᠵᠠᠩᠭᠢ ᠶᠢᠨ ᠨᠡᠶᠢᠲᠡᠯᠡᠯ     4.6.1 ᠮᠡᠳᠡᠭᠡ ᠵᠠᠩᠭᠢ ᠶᠢ ᠨᠡᠶᠢᠲᠡᠯᠡᠬᠦ ᠳᠤ ᠦᠨᠡᠨ ᠠᠴᠠ ᠵᠦᠪ ᠢ ᠡᠷᠢᠵᠦ᠂ ᠳᠠᠷᠤᠢ ᠳᠤᠨᠢ ᠵᠦᠪ ᠣᠨᠣᠪᠴᠢᠲᠠᠢ ᠵᠠᠷᠴᠢᠮ ᠢ ᠪᠠᠷᠢᠮᠲᠠᠯᠠᠨ᠎ᠠ᠃     4.6.2 ᠨᠢᠬᠡᠳᠦᠬᠡᠷ ᠲᠡᠰ᠂ ᠬᠤᠶᠠᠳᠣᠭᠠᠷ ᠳᠡᠰ ᠪᠠ ᠭᠤᠷᠪᠠᠳᠣᠭᠠᠷ ᠲᠡᠰ ᠤᠨ ᠣᠷᠢᠳᠴᠢᠯᠠᠨ ᠰᠡᠷᠡᠮᠵᠢᠯᠡᠬᠦᠯᠦᠯ ᠤᠨ ᠳᠣᠪᠴᠢ ᠮᠡᠳᠡᠭᠡᠨ ᠳᠤ ᠦᠨᠳᠦᠰᠦᠨ ᠪᠠᠶᠢᠳᠠᠯ᠂ ᠰᠡᠷᠬᠡᠶᠢᠯᠡᠨ ᠡᠵᠡᠮᠳᠡᠬᠦ ᠠᠵᠢᠯ ᠤᠨ ᠬᠦᠳᠡᠯᠦᠩᠭᠦᠢ ᠪᠠᠶᠢᠳᠠᠯ ᠵᠢᠴᠢ ᠦᠷ᠎ᠡ ᠪᠦᠲᠦᠮᠵᠢ᠂ ᠳᠠᠷᠠᠭᠠᠴᠢ ᠶᠢᠨ ᠠᠯᠬᠤᠮ ᠤᠨ ᠲᠤᠬᠢᠷᠠᠭᠤᠯᠤᠯᠲᠠ᠂ ᠲᠤᠲᠤᠷᠬᠠᠶᠢᠯᠠᠯᠲᠠ ᠵᠡᠷᠭᠡ ᠪᠠᠭᠲᠠᠵᠤ᠂ ᠦᠪᠡᠷᠲᠡᠭᠡᠨ ᠵᠠᠰᠠᠬᠤ ᠤᠷᠤᠨ᠂ ᠬᠤᠲᠠ ᠪᠠ ᠬᠤᠰᠢᠭᠤᠨ ᠤ ᠲᠠᠷᠢᠮᠠᠯ ᠤᠨ  ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠲᠤᠰ ᠲᠤᠰ ᠲᠤᠨᠢ ᠨᠡᠶᠢᠲᠡᠯᠡᠨ᠎ᠡ᠃     4.6.3 ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠮᠠᠶ᠋ᠢᠭ ᠲᠤ ᠡᠷᠬᠡ ᠣᠯᠭᠤᠵᠣ ᠨᠡᠶᠢᠲᠡᠯᠡᠬᠦ᠂ ᠵᠤᠬᠢᠶᠠᠨ ᠪᠠᠶᠢᠭᠤᠯᠤᠯᠲᠠ ᠠᠴᠠ ᠨᠡᠶᠢᠲᠡᠯᠡᠬᠦ᠂ ᠰᠣᠷᠪᠣᠯᠵᠢᠯᠠᠭ᠎ᠠ  ᠶᠢ ᠬᠦᠯᠢᠶᠡᠨ ᠠᠪᠬᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠬᠢᠯᠡᠬᠦ᠂ ᠴᠢᠬᠤᠯᠠ ᠰᠣᠨᠢᠨ ᠮᠡᠳᠡᠭᠡᠨ ᠤ ᠰᠦᠯᠵᠢᠶ᠎ᠡ ᠪᠠ ᠵᠠᠰᠠᠭ ᠤᠨ ᠣᠷᠳᠣᠨ ᠤ ᠰᠦᠯᠵᠢᠶ᠎ᠡ ᠪᠠᠷ ᠨᠠᠶᠢᠲᠠᠯᠠᠬᠦ ᠵᠡᠷᠭᠡ ᠪᠠᠭᠲᠠᠨ᠎ᠠ᠃     4.6.4 ᠬᠠᠮᠢᠶ᠎ᠠ ᠪᠦᠬᠦᠢ ᠡᠷᠬᠡ ᠮᠡᠳᠡᠯ ᠦᠬᠡᠢ ᠪᠤᠰᠣᠳ ᠠᠯᠢᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠶᠠᠮᠠᠷᠪᠠ ᠠᠷᠭ᠎ᠠ ᠬᠡᠯᠪᠡᠷᠢ ᠪᠠᠷ ᠨᠡᠶᠢᠬᠡᠮ ᠳᠤ ᠬᠠᠮᠢᠶ᠎ᠠ ᠪᠦᠬᠦᠢ ᠮᠡᠳᠡᠭᠡ ᠵᠠᠩᠬᠢ ᠨᠡᠶᠢᠲᠡᠯᠡᠵᠦ ᠪᠤᠯᠬᠤ ᠦᠬᠡᠢ᠃     4.7 ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠳᠠᠭᠤᠰᠬᠤ     ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠲᠤᠰᠬᠠᠢ ᠮᠡᠷᠬᠡᠵᠢᠯᠲᠡᠨ ᠤ ᠳᠣᠭᠤᠶᠢᠯᠠᠩ ᠤᠨ ᠰᠠᠨᠠᠯ ᠢ ᠬᠦᠢᠴᠡᠳ ᠰᠣᠨᠣᠰᠣᠭᠰᠠᠨ ᠤ ᠳᠠᠷᠠᠭ᠎ᠠ ᠪᠠᠴᠢᠮ ᠪᠠᠶᠢᠳᠠᠯ ᠢ ᠠᠷᠭᠠᠴᠠᠬᠤ ᠠᠵᠢᠯ ᠢ ᠳᠠᠭᠤᠰᠬᠠᠬᠤ ᠭᠤᠶᠤᠴᠢᠯᠠᠯ ᠢ ᠳᠣᠷᠠᠳᠴᠣ᠂ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠬᠠᠷᠠᠭᠠᠯᠵᠠᠭᠰᠠᠨ ᠡᠯ᠎ᠡ ᠱᠠᠲᠤᠨ ᠤ ᠲᠠᠷᠢᠮᠠᠯ ᠤᠨ ᠬᠦᠨᠳᠦ ᠨᠤᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠢᠶᠠᠷ ᠵᠦᠪᠰᠢᠶᠡᠷᠡᠬᠦᠯᠦᠬᠡᠳ ᠪᠠᠴᠢᠮ ᠪᠠᠶᠢᠳᠠᠯ ᠢ ᠠᠷᠭᠠᠴᠠᠬᠤ ᠳᠠᠶᠢᠴᠢᠯᠠᠯᠲᠠ ᠶᠢᠨ ᠠᠵᠢᠯᠯᠠᠭ᠎ᠠ ᠶᠢ ᠳᠠᠭᠤᠰᠬᠠᠬᠤ ᠶᠢᠨ ᠬᠠᠮᠲᠤ ᠠᠳᠠᠯᠢ ᠱᠠᠲᠤᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠠᠷᠢᠶᠠᠯᠠᠩ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ᠎ᠡ᠃ ᠵᠦᠪᠰᠢᠶᠡᠷᠡᠬᠦᠯᠦᠭᠰᠡᠨ ᠤ ᠳᠠᠷᠠᠭ᠎ᠠ᠂ ᠬᠤᠰᠢᠭᠤ ᠵᠢᠯᠤᠭᠤᠳᠬᠤ ᠭᠠᠵᠠᠷ ᠠᠴᠠ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠠᠭᠤᠰᠤᠭᠰᠠᠨ ᠢ ᠨᠡᠶᠢᠲᠡᠯᠡᠵᠦ᠂ ᠭᠠᠮᠰᠢᠭᠳᠠᠭᠰᠠᠨ ᠭᠠᠵᠠᠷ ᠣᠷᠣᠨ ᠤ ᠪᠠᠶᠢᠩᠭᠤ  ᠶᠢᠨ ᠬᠠᠮᠢᠶᠠᠷᠤᠯᠲᠠ ᠶᠢᠨ ᠪᠠᠶᠢᠳᠠᠯ ᠳᠤ ᠣᠷᠣᠭᠤᠯᠣᠨ᠎ᠠ︔ ᠴᠢᠬᠤᠯᠠᠲᠠᠢ ᠦᠶᠡᠰ ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠭᠠᠮᠰᠢᠭ ᠤᠨ ᠪᠠᠶᠢᠳᠠᠯ ᠳᠠᠭᠤᠰᠬᠤ ᠵᠠᠷᠯᠠᠯ ᠢ ᠨᠡᠶᠢᠲᠡᠯᠡᠨ᠎ᠡ᠃     4.8 ᠰᠡᠬᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ     ᠪᠠᠴᠢᠮ ᠪᠠᠶᠢᠳᠠᠯ ᠢ ᠠᠷᠭᠠᠴᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠦᠳᠲᠡᠷ ᠠᠷᠭ᠎ᠠ ᠠᠪᠴᠠᠯ ᠠᠪᠴᠤ᠂ ᠭᠠᠮᠰᠢᠭᠳᠠᠭᠰᠠᠳ ᠢ ᠲᠤᠰᠠᠯᠠᠨ᠂ ᠬᠡᠪ ᠤᠨ ᠨᠡᠶᠢᠬᠡᠮ ᠤᠨ ᠡᠮᠬᠢ ᠲᠢᠭᠯᠢᠮ ᠢ ᠰᠡᠷᠬᠦᠬᠡᠵᠦ᠂ ᠭᠠᠮᠰᠢᠭᠳᠠᠭᠰᠠᠨ ᠣᠯᠠᠨ ᠲᠦᠮᠡᠨ ᠤ ᠢᠳᠡᠵᠦ ᠡᠮᠦᠰᠬᠦ ᠶᠢ ᠪᠠᠲᠤᠯᠠᠨ᠎ᠠ᠃ ᠭᠠᠮᠰᠢᠭᠳᠠᠭᠰᠠᠨ ᠪᠠᠶᠢᠳᠠᠯ᠂ ᠣᠯᠠᠨ ᠲᠦᠮᠡᠨ ᠤ ᠳᠠᠭᠠᠭᠠᠬᠤ ᠴᠢᠳᠠᠪᠤᠷᠢ ᠵᠢᠴᠢ ᠠᠰᠢᠭᠯᠠᠵᠤ ᠪᠤᠯᠬᠤ ᠡᠬᠢ ᠰᠣᠷᠪᠣᠯᠵᠢ ᠶᠢ ᠪᠦᠬᠦ ᠲᠠᠯ᠎ᠠ ᠪᠠᠷ ᠦᠨᠡᠯᠡᠭᠰᠡᠨ ᠤ ᠳᠠᠷᠠᠭ᠎ᠠ᠂  ᠭᠠᠮᠰᠢᠭ ᠤᠨ ᠳᠠᠷᠠᠭᠠᠬᠢ ᠦᠢᠯᠡᠳᠪᠦᠷᠢᠯᠡᠯ ᠠᠮᠢᠳᠣᠷᠠᠯ ᠢᠶᠠᠨ ᠰᠡᠷᠬᠦᠬᠡᠬᠦ ᠲᠦᠯᠦᠪᠯᠡᠭᠡ ᠶᠢ ᠲᠤᠭᠲᠠᠭᠠᠨ᠂ ᠪᠦᠲᠦᠮᠵᠢᠲᠡᠢ ᠠᠷᠭ᠎ᠠ ᠠᠪᠴᠠᠯ ᠢ ᠦᠳᠲᠡᠷ ᠠᠪᠴᠣ᠂ ᠦᠢᠯᠡᠳᠪᠦᠷᠢᠯᠡᠯ ᠢᠶᠠᠷ ᠭᠠᠮᠰᠢᠭ ᠢ ᠠᠪᠤᠷᠠᠬᠤ ᠠᠵᠢᠯ ᠢ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃     ᠣᠨᠴᠠ ᠬᠦᠨᠳᠦ ᠵᠢᠴᠢ ᠬᠦᠨᠳᠦ ᠨᠣᠴᠢᠲᠠᠢ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠠᠷᠠᠳ ᠤᠨ ᠶᠠᠪᠤᠳᠠᠯ ᠤᠨ ᠳᠣᠪᠴᠢᠶ᠎ᠠ ᠵᠡᠷᠭᠡ ᠰᠠᠯᠠᠭ᠎ᠠ ᠮᠦᠴᠢᠷ ᠠᠴᠠ ᠭᠠᠮᠰᠢᠭ ᠤᠨ ᠣᠷᠣᠨ ᠤ ᠣᠯᠠᠨ ᠲᠦᠮᠡᠨ ᠢ ᠬᠠᠪᠰᠣᠷᠬᠤ᠂ ᠲᠤᠰᠠᠯᠠᠬᠤ ᠲᠦᠰᠦᠯ ᠢ ᠰᠣᠳᠣᠯᠣᠨ ᠳᠣᠷᠠᠳᠴᠤ᠂ ᠭᠠᠮᠰᠢᠭᠳᠠᠭᠰᠠᠳ ᠢ ᠳᠦᠪᠬᠢᠨᠡᠬᠦᠯᠬᠦ ᠪᠠ ᠭᠠᠮᠰᠢᠭ ᠠᠴᠠ ᠠᠪᠤᠷᠠᠬᠤ ᠡᠳ᠋ ᠪᠤᠳᠠᠰ ᠲᠦᠬᠡᠬᠡᠬᠦ᠂ ᠬᠡᠷᠡᠭᠯᠡᠬᠦ ᠪᠠ ᠬᠠᠮᠢᠶᠠᠷᠬᠤ ᠠᠵᠢᠯ ᠢ ᠦᠳᠲᠡᠷ ᠵᠤᠬᠢᠶᠠᠨ ᠪᠠᠶᠢᠭᠤᠯᠵᠤ ᠰᠠᠶᠢᠲᠤᠷ ᠬᠢᠨ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠣᠷᠠᠯ ᠢ ᠪᠠᠲᠤᠯᠠᠵᠤ᠂ ᠭᠠᠮᠰᠢᠭᠳᠠᠭᠰᠠᠳ ᠢ ᠳᠣᠬᠤᠨᠢᠭᠤᠯᠬᠤ ᠠᠵᠢᠯ  ᠢ ᠰᠠᠶᠢᠲᠤᠷ ᠬᠢᠨ᠎ᠡ᠃     ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ  ᠶᠢᠨ ᠭᠠᠮᠰᠢᠭ ᠤᠨ ᠳᠠᠭᠠᠳᠬᠠᠯ ᠤᠨ ᠠᠵᠢᠯ ᠢ ᠴᠢᠩᠭᠠᠳᠬᠠᠨ᠎ᠠ᠃ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠳᠠᠭᠠᠳᠬᠠᠯ ᠤᠨ ᠣᠯᠠᠨ ᠨᠠᠶᠢᠲᠠ ᠶᠢᠨ ᠬᠡᠨᠡᠳᠲᠡ ᠶᠢᠨ ᠬᠡᠷᠡᠭ ᠤᠨ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠬᠤ ᠦᠢᠯᠡᠳᠦᠯ ᠢ ᠴᠢᠬᠤᠯᠠᠴᠢᠯᠠᠨ᠂ ᠳᠠᠭᠠᠳᠬᠠᠯ ᠤᠨ ᠠᠵᠤ ᠠᠬᠤᠶᠢᠯᠠᠯ ᠳᠤ ᠭᠠᠮᠰᠢᠭ ᠤᠨ ᠳᠠᠭᠠᠳᠬᠠᠯ ᠤᠨ ᠲᠦᠷᠦᠯ ᠵᠦᠢᠯ ᠢ ᠨᠡᠮᠡᠭᠳᠡᠬᠦᠯᠬᠦ ᠶᠢ ᠰᠠᠨᠠᠭᠠᠴᠢᠯᠠᠬᠤ ᠶᠢᠨ ᠬᠠᠮᠲᠤ ᠭᠠᠮᠰᠢᠭ ᠣᠯᠠᠨᠲᠠ ᠭᠠᠷᠬᠤ ᠭᠠᠵᠠᠷ ᠣᠷᠣᠨ ᠤ ᠲᠠᠷᠢᠶᠠᠴᠢᠨ ᠢ ᠢᠳᠡᠪᠬᠢᠲᠡᠢ ᠪᠠᠷ ᠳᠠᠶᠢᠴᠢᠯᠠᠨ ᠭᠠᠮᠰᠢᠭ ᠤᠨ ᠳᠠᠭᠠᠳᠬᠠᠯ ᠳᠤ ᠣᠷᠣᠯᠴᠠᠭᠤᠯᠤᠨ᠎ᠠ᠃     ᠪᠠᠴᠢᠮ ᠪᠠᠶᠢᠳᠠᠯ ᠢ ᠠᠷᠭᠠᠴᠠᠬᠤ ᠰᠡᠷᠬᠡᠶᠢᠯᠡᠨ ᠵᠠᠰᠠᠯᠲᠠ ᠶᠢᠨ ᠠᠵᠢᠯ ᠢ ᠦᠷᠨᠢᠬᠦᠯᠬᠦ ᠶᠢᠨ ᠬᠠᠮᠲᠤ ᠬᠤᠰᠢᠭᠤ ᠵᠢᠯᠤᠭᠤᠳᠬᠤ ᠭᠠᠵᠠᠷ ᠠᠴᠠ ᠭᠠᠮᠰᠢᠭ ᠤᠨ ᠪᠠᠶᠢᠳᠠᠯ ᠤᠨ ᠪᠠᠶᠢᠴᠠᠭᠠᠯᠲᠠ ᠶᠢᠨ ᠳᠣᠭᠤᠶᠢᠯᠠᠩ ᠢ ᠬᠠᠤᠯᠢ ᠶᠤᠰᠤᠭᠠᠷ ᠪᠠᠶᠢᠭᠤᠯᠵᠤ᠂ ᠬᠤᠯᠪᠤᠭᠳᠠᠯ ᠪᠦᠬᠦ ᠬᠠᠤᠯᠢ ᠴᠠᠭᠠᠵᠠ ᠳᠦᠷᠢᠮ ᠲᠤᠭᠲᠠᠭᠠᠯ ᠢ ᠦᠨᠳᠦᠰᠦᠯᠡᠵᠦ ᠭᠠᠮᠰᠢᠭ ᠤᠨ ᠪᠠᠶᠢᠳᠠᠯ ᠤᠨ ᠪᠠᠶᠢᠴᠠᠭᠠᠯᠲᠠ ᠬᠢᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠳ᠋ᠦᠩᠨᠡᠯᠲᠡ ᠶᠢᠨ ᠬᠤᠷᠠᠯ ᠢ ᠬᠤᠷᠠᠯᠳᠣᠭᠤᠯᠵᠣ᠂ ᠠᠵᠢᠯ ᠤᠨ ᠲᠤᠷᠰᠢᠯᠭ᠎ᠠ ᠪᠠ ᠰᠣᠷᠭᠠᠮᠵᠢ ᠪᠠᠨ ᠬᠢᠨᠠᠮᠠᠭᠠᠢ ᠳ᠋ᠦᠩᠨᠡᠨ᠂ ᠳᠠᠷᠠᠭᠠᠴᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠣᠳᠣᠯᠣᠨ ᠪᠠᠶᠢᠷᠢᠯᠠᠭᠤᠯᠬᠤ ᠶᠢᠨ ᠬᠠᠮᠲᠤ ᠪᠢᠴᠢᠭ ᠤᠨ ᠬᠡᠯᠪᠡᠷᠢ ᠶᠢᠨ ᠮᠡᠳᠡᠬᠦᠯᠦᠯᠲᠡ ᠲᠣᠭᠤᠷᠪᠢᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠲᠠᠷᠢᠬᠦᠨ ᠤ ᠨᠢᠬᠡᠴᠡ ᠪᠠ ᠬᠤᠪᠢ ᠬᠦᠮᠦᠨ ᠢ ᠱᠠᠩᠨᠠᠨ ᠬᠦᠬᠢᠬᠦᠯᠦᠨ᠎ᠡ᠃     5. ᠪᠠᠲᠤᠯᠠᠭ᠎ᠠ ᠶᠢᠨ ᠠᠷᠭ᠎ᠠ ᠠᠪᠴᠠᠯ     5.1 ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ     ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠪᠠ ᠡᠯ᠎ᠡ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠬᠢᠨᠠᠨ ᠵᠢᠯᠤᠭᠤᠳᠬᠤ ᠠᠵᠢᠯ ᠢ ᠶᠠᠪᠤᠭᠳᠠᠭᠤᠯᠤᠨ᠎ᠠ ᠃ ᠭᠠᠮᠰᠢᠭ ᠢ ᠬᠢᠵᠠᠭᠠᠷᠯᠠᠬᠤ ᠡᠯ᠎ᠡ ᠲᠦᠷᠦᠯ ᠤᠨ ᠠᠷᠭ᠎ᠠ ᠠᠪᠴᠠᠯ ᠢ ᠨᠠᠶᠢᠲᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠡᠵᠡᠮᠳᠡᠵᠦ᠂ ᠵᠢᠯᠤᠭᠤᠳᠬᠤ ᠭᠠᠵᠠᠷ᠂ ᠪᠡᠯᠡᠳᠬᠡᠯ ᠲᠦᠰᠦᠯ᠂ ᠠᠵᠢᠯᠲᠠᠨ᠂. ᠪᠡᠯᠡ ᠮᠦᠩᠭᠦ᠂ ᠡᠳ᠋ ᠪᠤᠳᠠᠰ᠂ ᠮᠡᠷᠭᠡᠵᠢᠯ ᠤᠨ ᠣᠷᠣᠨᠵᠢᠭᠤᠯᠣᠯᠲᠠ ᠪᠠ ᠲᠠᠷᠢᠮᠠᠯ ᠤᠨ ᠡᠪᠡᠳᠴᠢᠨ ᠬᠤᠷᠤᠬᠠᠢ ᠢᠯᠡᠷᠡᠭᠰᠡᠨ ᠬᠦᠳᠡᠯᠦᠩᠬᠦᠢ ᠪᠠᠶᠢᠳᠠᠯ ᠵᠢᠴᠢ ᠡᠵᠡᠮᠳᠡᠯ ᠤᠨ ᠪᠦᠲᠦᠮᠵᠢ ᠶᠢ ᠪᠠᠭᠲᠠᠭᠠᠨ᠂ ᠡᠯ᠎ᠡ ᠭᠠᠵᠠᠷ ᠣᠷᠣᠨ ᠢ ᠱᠠᠯᠠᠪᠳᠠᠨ ᠲᠠᠷᠢᠮᠠᠯ ᠤᠨ ᠡᠪᠡᠳᠴᠢᠨ ᠬᠤᠷᠤᠬᠠᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃     ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠣᠷᠭᠤᠮᠠᠯ ᠤᠨ ᠬᠠᠮᠠᠭᠠᠯᠠᠯ ᠤᠨ ᠰᠠᠯᠠᠭ᠎ᠠ ᠮᠦᠴᠢᠷ ᠤᠨ ᠲᠤᠰᠬᠠᠢ ᠮᠡᠷᠬᠡᠵᠢᠯ ᠤᠨ ᠬᠦᠴᠦᠨ ᠢᠶᠠᠨ ᠳᠡᠬᠦᠯᠳᠡᠷᠵᠢᠬᠦᠯᠵᠦ᠂ ᠡᠯ᠎ᠡ ᠰᠣᠮᠣ ᠰᠢᠶᠠᠩ ᠪᠠᠯᠭᠠᠰᠣᠨ ᠤ ᠲᠠᠷᠢᠶᠠᠯᠠᠩ ᠤᠨ ᠮᠡᠷᠭᠡᠵᠢᠯ ᠲᠦᠬᠡᠮᠡᠯᠵᠢᠬᠦᠯᠦᠯᠲᠡ ᠶᠢᠨ ᠲᠦᠪ ᠠᠴᠠ ᠬᠠᠮᠢᠶ᠎ᠠ ᠪᠦᠬᠦᠢ ᠠᠵᠢᠯ ᠢ ᠲᠤᠰᠬᠠᠢ ᠬᠦᠮᠦᠨ ᠢᠶᠠᠷ ᠬᠠᠷᠢᠭᠤᠴᠠᠭᠤᠯᠬᠤ ᠶᠢ ᠲᠤᠭᠲᠠᠭᠠᠨ᠎ᠠ᠃     5.2 ᠵᠠᠷᠤᠳᠠᠯ ᠤᠨ ᠪᠠᠲᠤᠯᠠᠭ᠎ᠠ     ᠬᠤᠰᠢᠭᠤ ᠡᠳ᠋ ᠤᠨ ᠵᠠᠰᠠᠭ ᠤᠨ ᠳᠣᠪᠴᠢᠶᠠᠨ ᠠᠴᠠ ᠵᠢᠯ ᠤᠨ ᠲᠦᠰᠦᠪ ᠲᠤ ᠪᠠᠨ ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ  ᠢ ᠠᠷᠭᠠᠴᠠᠨ ᠰᠢᠢᠳᠪᠦᠷᠢᠯᠡᠬᠦ ᠲᠤᠰᠬᠠᠢ ᠵᠠᠷᠤᠳᠠᠯ ᠢ ᠲᠤᠬᠢᠷᠠᠭᠤᠯᠤᠨ᠎ᠠ᠃ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠡᠬᠢᠯᠡᠬᠦᠯᠪᠡᠯ ᠬᠤᠰᠢᠭᠤ ᠡᠳ᠋ ᠤᠨ ᠵᠠᠰᠠᠭ ᠤᠨ ᠳᠣᠪᠴᠢᠶᠠᠨ ᠠᠴᠠ ᠪᠠᠴᠢᠮ ᠪᠠᠶᠢᠳᠠᠯ ᠢ ᠠᠷᠭᠠᠴᠠᠬᠤ ᠲᠤᠰᠬᠠᠢ ᠪᠡᠯᠡ ᠮᠦᠩᠭᠦ ᠶᠢ ᠴᠠᠭ ᠲᠤᠬᠠᠢ ᠳᠤᠨᠢ  ᠣᠯᠭᠤᠵᠣ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠪ ᠤᠨ ᠠᠵᠢᠯᠯᠠᠮᠵᠢ ᠶᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠤᠰᠬᠠᠢ ᠪᠡᠯᠡ ᠮᠦᠩᠭᠦ ᠶᠢ ᠭᠤᠤᠯᠳᠠᠭᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠤᠨ ᠲᠤᠭᠲᠠᠭᠠᠭᠰᠠᠨ ᠲᠦᠷᠦᠯ ᠵᠦᠢᠯ ᠵᠢᠴᠢ ᠪᠠᠴᠢᠮ ᠪᠠᠶᠢᠳᠠᠯ ᠢ ᠠᠷᠭᠠᠴᠠᠬᠤ ᠰᠢᠢᠳᠪᠦᠷᠢᠯᠡᠯᠲᠡ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠡᠳᠦᠷ ᠲᠤᠲᠤᠮ ᠤᠨ ᠠᠵᠢᠯᠯᠠᠮᠵᠢ ᠪᠠ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡᠨ  ᠤ ᠪᠠᠶᠢᠭᠤᠯᠤᠯᠲᠠ᠂ ᠡᠳ᠋ ᠪᠤᠳᠠᠰ ᠤᠨ ᠨᠦᠬᠡᠴᠡᠯᠡᠯᠲᠡ᠂ ᠪᠡᠯᠡᠳᠬᠡᠯ ᠲᠦᠰᠦᠯ ᠤᠨ ᠬᠠᠮᠠᠭᠠᠯᠠᠯᠲᠠ ᠵᠡᠷᠭᠡ ᠠᠵᠢᠯ ᠳᠤ ᠬᠡᠷᠡᠭᠯᠡᠨ᠎ᠡ᠃     5.3 ᠡᠳ᠋ ᠪᠤᠳᠠᠰ ᠤᠨ ᠪᠠᠲᠤᠯᠠᠭ᠎ᠠ     ᠬᠤᠰᠢᠭᠤ᠂ ᠪᠠᠯᠭᠠᠰᠣᠨ ᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠳ᠋ ᠪᠤᠳᠠᠰ ᠤᠨ ᠨᠦᠬᠡᠴᠡᠯᠡᠯᠲᠡ ᠶᠢᠨ ᠳᠦᠷᠢᠮ ᠢ ᠲᠤᠭᠲᠠᠭᠠᠨ᠂ ᠪᠠᠶᠢᠳᠠᠯ ᠢ ᠦᠨᠳᠦᠰᠦᠯᠡᠨ ᠨᠡᠯᠢᠶᠡᠳ ᠪᠦᠷᠢᠨ ᠲᠡᠬᠦᠯᠳᠡᠷ ᠲᠠᠷᠢᠮᠠᠯ ᠤᠨ  ᠬᠦᠨᠳᠦ ᠨᠣᠴᠢᠲᠠᠢ ᠡᠪᠡᠳᠴᠢᠨ ᠬᠤᠷᠤᠬᠠᠢ  ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠢ ᠨᠦᠬᠡᠴᠡᠯᠡᠨ᠎ᠡ᠃ ᠨᠦᠬᠡᠴᠡᠯᠡᠯᠲᠡ ᠶᠢᠨ ᠬᠦᠮᠦᠷᠭᠡ ᠶᠢ ᠵᠠᠮ ᠬᠠᠷᠢᠯᠴᠠᠭ᠎ᠠ ᠳᠦᠬᠦᠮ ᠳᠦᠲᠡ᠂ ᠬᠠᠳᠠᠭᠠᠯᠠᠵᠤ ᠵᠦᠬᠡᠬᠡᠪᠦᠷᠢᠯᠡᠬᠦ ᠨᠦᠬᠦᠴᠡᠯ ᠲᠠᠢ᠂ ᠠᠮᠣᠷ ᠳᠦᠪᠰᠢᠨ ᠣᠷᠣᠨ ᠪᠦᠰᠡ ᠳᠤ ᠪᠠᠶᠢᠭᠤᠯᠤᠨ᠎ᠠ᠃     5.4 ᠴᠢᠮᠡᠭᠡ ᠬᠤᠯᠪᠤᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ     ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠳᠣᠪᠴᠢᠶᠠᠨ ᠠᠴᠠ ᠬᠤᠯᠪᠤᠭᠳᠠᠯ ᠪᠦᠬᠦᠢ ᠡᠷᠬᠡ ᠲᠤᠰᠢᠶᠠᠯᠲᠤ ᠰᠠᠯᠠᠭ᠎ᠠ ᠮᠦᠴᠢᠷ ᠤᠨ ᠴᠢᠮᠡᠭᠡ ᠬᠤᠯᠪᠤᠭᠠᠨ ᠤ ᠲᠤᠰᠬᠠᠢ ᠰᠦᠯᠵᠢᠶ᠎ᠡ ᠶᠢ ᠨᠢᠭᠡᠳᠬᠡᠭᠰᠡᠨ ᠰᠠᠭᠤᠷᠢᠨ ᠳᠡᠭᠡᠷ᠎ᠡ᠂ ᠲᠦᠷᠬᠡᠨ ᠱᠠᠯᠠᠮᠠᠭᠠᠢ᠂ ᠠᠮᠢᠳᠣᠯᠢᠭ ᠴᠤᠪᠤᠭᠤᠯᠢᠭ᠂ ᠲᠤᠭᠲᠠᠭᠤᠨ ᠨᠠᠶᠢᠲᠠᠪᠤᠷᠢᠲᠠᠢ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠤᠭᠠᠨ ᠤ ᠰᠢᠰᠲ᠋ᠧᠮ ᠢ ᠪᠠᠶᠢᠭᠤᠯᠤᠨ᠎ᠠ᠃ ᠣᠯᠠᠨ ᠨᠠᠶᠢᠲᠠ ᠶᠢᠨ ᠴᠢᠮᠡᠭᠡᠡ ᠬᠤᠯᠪᠤᠭᠠᠨ ᠤ ᠰᠦᠯᠵᠢᠶ᠎ᠡ  ᠶᠢ ᠲᠦᠰᠢᠭᠯᠡᠨ ᠠᠰᠢᠭᠯᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠢᠮᠡᠭᠡ ᠬᠤᠯᠪᠤᠭᠠᠨ ᠤ ᠲᠤᠰᠬᠠᠢ ᠰᠦᠯᠵᠢᠶᠡᠨ ᠤ ᠪᠠᠶᠢᠭᠤᠯᠤᠯᠲᠠ ᠶᠢ ᠲᠦᠷᠬᠡᠳᠬᠡᠨ᠂ ᠴᠢᠮᠡᠭᠡ ᠬᠤᠯᠪᠤᠭᠠᠨ ᠤ ᠴᠢᠬᠤᠯᠠ ᠳᠦᠬᠦᠬᠡᠷᠦᠮᠵᠢ᠂ ᠵᠠᠮ ᠱᠣᠭᠤᠮ ᠪᠠ ᠲᠤᠨᠤᠭ ᠳᠦᠬᠦᠬᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠪᠡᠯᠡᠳᠬᠡᠯ ᠪᠠ ᠪᠠᠴᠢᠮ ᠪᠠᠲᠤᠯᠠᠭ᠎ᠠ ᠶᠢᠨ ᠠᠷᠭ᠎ᠠ ᠠᠪᠴᠠᠯ ᠢ ᠬᠡᠷᠡᠭᠯᠡᠨ᠂ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠤᠭᠠᠨ ᠤ ᠰᠦᠯᠵᠢᠶᠡᠨ ᠤ ᠵᠢᠯᠤᠭᠤᠳᠤᠯᠭ᠎ᠠ ᠶᠢᠨ ᠰᠢᠰᠲ᠋ᠧᠮ ᠤᠨ ᠰᠠᠭᠠᠳ ᠦᠬᠡᠢ ᠨᠡᠪᠲᠡᠷᠡᠯᠴᠡᠭᠡ ᠶᠢ ᠪᠠᠲᠤᠯᠠᠨ᠎ᠠ᠃ᠡᠯ᠎ᠡ ᠪᠠᠯᠭᠠᠰᠣᠨ ᠤ ᠬᠢᠨ ᠮᠠᠯ ᠲᠠᠷᠢᠶᠠᠯᠠᠩ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠭᠠᠮᠰᠢᠭ ᠤᠨ ᠮᠡᠳᠡᠭᠡ ᠵᠠᠩᠬᠢ ᠶᠢᠨ ᠮᠡᠳᠡᠬᠦᠯᠦᠭᠴᠢ  ᠶᠢᠨ ᠳᠦᠷᠢᠮ ᠢ ᠲᠤᠭᠲᠠᠭᠠᠨ᠂ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠣᠯᠠᠨᠲᠠ ᠭᠠᠷᠬᠤ᠂ ᠠᠮᠠᠷᠬᠠᠨ ᠭᠠᠷᠬᠤ ᠭᠠᠵᠠᠷ ᠲᠤ᠂ ᠭᠠᠴᠠᠭ᠎ᠠ ᠲᠤᠰᠬᠤᠨ ᠤ ᠬᠤᠯᠪᠤᠭᠳᠠᠯ ᠪᠦᠬᠦᠢ ᠠᠵᠢᠯᠲᠠᠨ ᠢ ᠲᠤᠰᠬᠠᠢ ᠲᠤᠰᠢᠶᠠᠯᠲᠤ ᠪᠤᠶᠤ ᠲᠤᠰᠢᠶᠠᠯ ᠬᠠᠪᠰᠣᠷᠭᠠᠭᠰᠠᠨ ᠮᠡᠳᠡᠭᠡ ᠵᠠᠩᠭᠢ ᠶᠢᠨ ᠮᠡᠳᠡᠬᠦᠯᠦᠭᠴᠢ ᠪᠠᠷ ᠣᠷᠢᠵᠦ᠂ ᠬᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠴᠣᠭᠯᠠᠭᠤᠯᠬᠤ ᠶᠢᠨ ᠬᠠᠮᠲᠤ ᠴᠠᠭ ᠲᠤᠬᠠᠢ ᠳᠤᠨᠢ ᠮᠡᠳᠡᠬᠦᠯᠦᠨ᠎ᠡ᠃ ᠡᠯ᠎ᠡ ᠪᠠᠯᠭᠠᠰᠣ᠂ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠪᠠᠶᠢᠭᠤᠯᠤᠮᠵᠢ᠂ ᠬᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢᠨ ᠮᠡᠳᠡᠬᠦᠯᠦᠭᠴᠢ ᠠᠴᠠ ᠡᠯ᠎ᠡ ᠲᠦᠷᠦᠯ ᠤᠨ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠬᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠴᠤᠭᠯᠠᠭᠤᠯᠬᠤ ᠪᠠ ᠳᠡᠭᠡᠭᠰᠢ ᠮᠡᠳᠡᠬᠦᠯᠬᠦ ᠦᠶᠡᠰ᠂ ᠡᠷᠬᠡᠪᠰᠢ ᠪᠤᠰᠤᠳᠴᠢ᠂ ᠦᠨᠡᠨ ᠪᠤᠲᠠᠲᠠᠢ᠂ ᠴᠠᠭ ᠲᠤᠬᠠᠢ ᠳᠤᠨᠢ ᠪᠠᠶᠢᠬᠤ ᠶᠢ ᠪᠠᠷᠢᠮᠲᠠᠯᠠᠵᠤ᠂ ᠬᠤᠳᠠᠯ ᠢᠶᠠᠷ ᠮᠡᠳᠡᠬᠦᠯᠬᠦ᠂ ᠮᠡᠳᠡᠬᠦᠯᠬᠦ ᠦᠬᠡᠢ ᠪᠠᠷ ᠨᠢᠭᠤᠬᠤ᠂ ᠬᠤᠶᠢᠰᠢᠯᠠᠭᠤᠯᠤᠨ ᠮᠡᠳᠡᠬᠦᠯᠵᠦ ᠪᠤᠯᠬᠤ ᠦᠬᠡᠢ᠃     5.5 ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠲᠤᠯᠠᠭ᠎ᠠ     ᠬᠤᠰᠢᠭᠤ᠂ ᠪᠠᠯᠭᠠᠰᠣ᠂ ᠭᠠᠴᠠᠭ᠎ᠠ ᠲᠤᠰᠬᠤᠨ ᠤ ᠪᠠᠴᠢᠮ ᠪᠠᠶᠢᠳᠠᠯ ᠢ ᠠᠷᠭᠠᠴᠠᠬᠤ ᠰᠡᠷᠬᠡᠶᠢᠯᠡᠨ ᠵᠠᠰᠠᠯᠲᠠ ᠶᠢᠨ ᠲᠤᠰᠬᠠᠢ ᠮᠡᠷᠬᠡᠵᠢᠯ ᠤᠨ ᠡᠩᠨᠡᠭᠡ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠡᠷᠬᠡᠶᠢᠯᠡᠨ ᠵᠠᠰᠠᠯᠲᠠ ᠶᠢᠨ ᠪᠠᠭᠠᠵᠢ ᠬᠡᠷᠡᠭᠰᠡᠯ ᠢ ᠲᠤᠬᠢᠷᠠᠭᠤᠯᠤᠨ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ  ᠠᠴᠠ ᠪᠠᠴᠢᠮ ᠪᠠᠶᠢᠳᠠᠯ ᠢ ᠠᠷᠭᠠᠴᠠᠬᠤ ᠰᠡᠷᠬᠡᠶᠢᠯᠡᠨ ᠵᠠᠰᠠᠯᠲᠠ ᠶᠢᠨ ᠲᠤᠰᠬᠠᠢ ᠮᠡᠷᠬᠡᠵᠢᠯ ᠤᠨ ᠡᠩᠨᠡᠭᠡᠨ ᠤ ᠠᠵᠢᠯᠲᠠᠨ ᠳᠤ ᠲᠤᠭᠲᠠᠮᠠᠯ ᠬᠤᠭᠤᠴᠠᠭ᠎ᠠ ᠲᠠᠢ ᠪᠠᠷ ᠮᠡᠷᠬᠡᠵᠢᠯ ᠤᠨ ᠪᠤᠯᠪᠠᠰᠣᠷᠠᠯ ᠬᠢᠵᠦ᠂ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠪᠠ ᠮᠡᠷᠭᠡᠵᠢᠯ ᠤᠨ ᠬᠢᠷᠢ ᠳᠦᠪᠰᠢᠨ ᠢ ᠲᠠᠰᠣᠷᠠᠯᠲᠠ ᠦᠬᠡᠢ ᠳᠡᠭᠡᠭᠰᠢᠯᠡᠬᠦᠯᠦᠨ᠎ᠡ᠃     ᠡᠯ᠎ᠡ ᠪᠠᠯᠭᠠᠰᠣ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠷᠠᠳᠢᠣ᠋᠂ ᠲᠧᠯᠸᠢᠰ᠂ ᠰᠣᠨᠢᠨ᠂ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠵᠠᠭᠤᠴᠢᠯᠠᠭᠤᠷ  ᠢᠶᠠᠷ ᠳᠠᠮᠵᠢᠭᠤᠯᠤᠨ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠠᠷᠢᠶᠠᠯᠠᠩ ᠤᠨ ᠬᠠᠤᠯᠢ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠲᠠᠷᠢᠶᠠᠯᠠᠩ ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠬᠠᠤᠯᠢ︾᠂ ︽ᠲᠠᠷᠢᠮᠠᠯ ᠤᠨ ᠡᠪᠡᠳᠴᠢᠨ ᠬᠤᠷᠤᠬᠠᠢ ᠶᠢᠨ ᠭᠠᠮᠰᠢᠭ ᠤᠨ ᠰᠡᠷᠬᠡᠶᠢᠯᠡᠨ ᠵᠠᠰᠠᠯᠲᠠ  ᠶᠢᠨ ᠳᠦᠷᠢᠮ︾᠂ ︽ᠲᠠᠷᠢᠶᠠᠯᠠᠩ ᠤᠨ ᠡᠮ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠣᠯᠢ ᠴᠠᠭᠠᠵᠠ ᠳᠦᠷᠢᠮ ᠲᠤᠭᠲᠠᠭᠠᠯ ᠤᠨ ᠣᠬᠠᠭᠤᠯᠭ᠎ᠠ ᠶᠢ ᠲᠤᠭᠲᠠᠮᠠᠯ ᠬᠤᠭᠤᠴᠠᠭ᠎ᠠ ᠲᠠᠢ ᠪᠠᠷ ᠶᠠᠪᠤᠭᠳᠠᠭᠤᠯᠤᠨ᠎ᠠ᠃     ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠮᠡᠷᠭᠡᠵᠢᠯ ᠤᠨ ᠪᠤᠯᠪᠠᠰᠣᠷᠠᠯ ᠢ ᠲᠤᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠵᠦ᠂ ᠡᠯ᠎ᠡ ᠪᠠᠯᠭᠠᠰᠣᠨ ᠤ ᠲᠠᠷᠢᠶᠠᠯᠠᠩ ᠤᠨ ᠮᠡᠷᠬᠡᠵᠢᠯ ᠤᠨ ᠺᠠᠳ᠋ᠷ ᠪᠠ ᠲᠠᠷᠢᠶᠠᠯᠠᠩ ᠤᠨ ᠮᠡᠷᠭᠡᠵᠢᠯᠲᠡᠨ ᠢ ᠭᠤᠤᠯᠳᠠᠯᠭ᠎ᠠ ᠲᠠᠢ ᠪᠤᠯᠪᠠᠰᠣᠷᠠᠭᠤᠯᠤᠨ᠎ᠠ᠃ ᠪᠤᠯᠪᠠᠰᠣᠷᠠᠯ ᠤᠨ ᠠᠭᠤᠯᠭ᠎ᠠ ᠳᠤ ᠲᠠᠷᠢᠮᠠᠯ  ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠶᠡᠷᠦᠩᠬᠡᠶᠢᠯᠡᠭᠰᠡᠨ ᠵᠠᠰᠠᠯᠲᠠ᠂ ᠰᠢᠨ᠎ᠡ ᠲᠠᠷᠢᠶᠠᠯᠠᠩ ᠤᠨ ᠡᠮ ︵ᠪᠠᠭᠠᠵᠢ︶ ᠤᠨ ᠬᠡᠷᠡᠭᠯᠡᠯᠲᠡ ᠶᠢᠨ ᠮᠡᠷᠬᠡᠵᠢᠯ ᠵᠡᠷᠭᠡ ᠪᠠᠭᠲᠠᠵᠤ᠂ ᠮᠡᠳᠡᠯᠬᠡ ᠪᠠᠨ ᠲᠠᠰᠣᠷᠠᠯᠲᠠ ᠦᠬᠡᠢ ᠰᠢᠨᠡᠴᠢᠯᠡᠨ᠂ ᠭᠠᠮᠰᠢᠭ ᠢ ᠰᠡᠷᠬᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠪᠠ ᠮᠡᠷᠬᠡᠵᠢᠯ ᠤᠨ ᠬᠢᠷᠢ ᠳᠦᠪᠰᠢᠨ ᠢᠶᠠᠨ ᠳᠡᠭᠡᠭᠰᠢᠯᠡᠬᠦᠯᠦᠨ᠎ᠡ᠃     6. ᠪᠡᠯᠡᠳᠬᠡᠯ ᠲᠦᠰᠦᠯ ᠤᠨ ᠬᠠᠮᠢᠶᠠᠷᠤᠯᠲᠠ ᠪᠠ ᠰᠢᠨᠡᠴᠢᠯᠡᠯᠲᠡ     ᠲᠤᠰ ᠲᠦᠰᠦᠯ ᠢ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠲᠤᠯᠤᠭᠠᠶᠢᠯᠠᠨ ᠲᠤᠭᠲᠠᠭᠠᠵᠤ᠂ ᠬᠤᠰᠢᠭᠤ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠵᠦ ᠬᠡᠷᠡᠭᠵᠢᠬᠦᠯᠦᠨ᠎ᠡ᠃ ᠲᠤᠰ ᠲᠦᠰᠦᠯ ᠳᠤ ᠵᠠᠰᠠᠪᠤᠷᠢ ᠣᠷᠣᠭᠤᠯᠬᠤ ᠳᠤ᠂ ᠬᠤᠰᠢᠭᠤ ᠵᠢᠯᠤᠭᠤᠳᠬᠤ ᠭᠠᠵᠠᠷ ᠠᠴᠠ ᠰᠠᠨᠠᠯ ᠳᠣᠷᠠᠳᠴᠣ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠵᠦ ᠵᠠᠰᠠᠪᠤᠷᠢᠯᠠᠨ᠂ ᠵᠠᠷᠴᠢᠮ ᠳᠡᠭᠡᠷ᠎ᠡ ᠪᠠᠨ ᠭᠤᠷᠪᠠᠨ ᠵᠢᠯ ᠳᠤ ᠨᠢᠬᠡ ᠣᠳᠠᠭ᠎ᠠ ᠵᠠᠰᠠᠪᠤᠷᠢᠯᠠᠨ᠎ᠠ᠃ ᠲᠤᠰ ᠲᠦᠰᠦᠯ ᠢ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠬᠠᠷᠢᠭᠤᠴᠠᠨ ᠲᠠᠶᠢᠯᠪᠤᠷᠢᠯᠠᠵᠤ᠂ ᠪᠠᠲᠤᠯᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃     7. ᠬᠡᠷᠡᠭᠵᠢᠬᠦᠯᠦᠯᠲᠡ ᠶᠢᠨ ᠴᠠᠭ     ᠲᠤᠰ ᠲᠦᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ᠳᠠᠭᠠᠯᠳᠣᠭᠤᠯᠣᠯ᠄ .1. ᠣᠲᠤᠭ ᠤᠨ ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ                2. ᠣᠲᠤᠭ ᠤᠨ ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢᠳᠠᠭᠠᠯᠳᠣᠭᠤᠯᠣᠯ 1  ᠳᠣᠪᠴᠢᠯᠠᠪᠠᠳᠠᠭᠠᠯᠳᠣᠭᠤᠯᠣᠯ 2     ᠣᠲᠤᠭ ᠤᠨ ᠡᠮᠦᠨᠡᠲᠦ ᠬᠤᠰᠢᠭᠤᠨ ᠤ ᠲᠠᠷᠢᠮᠠᠯ ᠤᠨ ᠬᠦᠨᠳᠦ ᠨᠣᠴᠢᠲᠠᠢ ᠡᠪᠡᠳᠴᠢᠨ ᠬᠤᠷᠤᠬᠠᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ᠶᠡᠷᠦᠩᠭᠡᠢ ᠵᠢᠯᠤᠭᠤᠳᠣᠭᠴᠢ᠄ ᠶᠢᠦ ᠵᠢᠶᠡᠨ ᠴᠢᠩ    ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ     ᠳᠡᠳ᠋ ᠶᠡᠷᠦᠩᠬᠡᠢ ᠵᠢᠯᠤᠭᠤᠳᠤᠭᠴᠢ᠄ ᠡᠷᠳᠡᠨᠢᠪᠢᠯᠢᠭ    ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ     ᠪᠦᠷᠢᠯᠳᠦᠬᠦᠨ᠄ ᠸᠠᠩ ᠰᠢᠶᠡᠨ ᠯᠢ    ᠬᠤᠰᠢᠭᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠲᠤᠪᠴᠢᠶᠠᠨ ᠤ ᠳᠣᠪᠴᠢᠶᠠᠨ ᠳᠠᠷᠤᠭ᠎ᠠ     ᠰᠢᠦᠸᠠᠢ ᠵᠤᠤ ᠰᠧᠨ    ᠬᠤᠰᠢᠭᠤ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ     ᠪᠠᠶᠠᠨᠮᠦ᠋ᠩᠬᠡ     ᠬᠤᠰᠢᠭᠤ ᠠᠷᠠᠳ ᠤᠨ ᠶᠠᠪᠤᠳᠠᠯ ᠤᠨ ᠳᠣᠪᠴᠢᠶᠠᠨ ᠳᠠᠷᠤᠭ᠎ᠠ     ᠰᠧ ᠪᠤᠤ ᠳ᠋ᠦᠩ     ᠬᠤᠰᠢᠭᠤ ᠡᠳ᠋ ᠤᠨ ᠵᠠᠰᠠᠭ ᠤᠨ ᠳᠣᠪᠴᠢᠶᠠᠨ ᠳᠠᠷᠤᠭ᠎ᠠ     ᠷᠠᠰᠢ     ᠬᠤᠰᠢᠭᠤ ᠵᠠᠮ ᠬᠠᠷᠢᠯᠴᠠᠭᠠᠨ ᠤ ᠳᠣᠪᠴᠢᠶᠠᠨ ᠳᠠᠷᠤᠭ᠎ᠠ     ᠡᠾᠧ ᠹᠦ᠋ ᠶᠦᠨ     ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠷᠬᠢᠯᠡᠭᠴᠢ     ᠷᠠᠳᠨ᠎ᠠ     ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠣᠪᠴᠢᠶᠠᠨ ᠳᠠᠷᠤᠭ᠎ᠠ     ᠹᠧᠩ ᠿᠢ ᠱᠧᠩ     ᠬᠤᠰᠢᠭᠤ ᠴᠠᠭ ᠠᠭᠤᠷ ᠤᠨ ᠳᠣᠪᠴᠢᠶᠠᠨ ᠳᠠᠷᠤᠭ᠎ᠠ     ᠨᠠᠶᠠ     ᠣᠯᠵᠠᠴᠢ ᠪᠠᠯᠭᠠᠰᠣᠨ ᠤ ᠪᠠᠯᠭᠠᠰᠣᠨ ᠳᠠᠷᠤᠭ᠎ᠠ     ᠪᠠᠶᠠᠨᠵᠢᠷᠭᠠᠯ     ᠱᠠᠩᠬᠠᠢ ᠶᠢᠨ ᠰᠦᠮ᠎ᠡ ᠪᠠᠯᠭᠠᠰᠣᠨ ᠤ ᠪᠠᠯᠭᠠᠰᠣᠨ ᠳᠠᠷᠤᠭ᠎ᠠ     ᠦᠨᠡᠨᠴᠢ      ᠪᠤᠷᠤᠪᠠᠯᠭᠠᠰᠣ ᠪᠠᠯᠭᠠᠰᠣᠨ ᠤ ᠪᠠᠯᠭᠠᠰᠣᠨ ᠳᠠᠷᠤᠭ᠎ᠠ     ᠸᠠᠩ ᠸᠧᠢ     ᠨᠠᠩᠰᠣ ᠪᠠᠯᠭᠠᠰᠣᠨ ᠤ ᠪᠠᠯᠭᠠᠰᠣᠨ ᠳᠠᠷᠤᠭ᠎ᠠ     ᠠᠭᠤᠯᠠ     ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ     ᠯᠣ᠋ ᠴᠢ     ᠬᠤᠰᠢᠭᠤ ᠮᠠᠯ ᠲᠠᠷᠢᠶᠠᠯᠠᠩ ᠤᠨ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠡᠷᠬᠢᠯᠡᠭᠴᠢ 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ