ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠡ ᠪᠣᠯᠣᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠶᠢ ᠪᠦᠳᠦᠮᠵᠢᠳᠡᠢ ᠠᠪᠴᠠᠯᠳᠣᠭᠤᠯᠬᠤ ᠠᠵᠢᠯ | ᠢ ᠯᠠᠪᠳᠠᠭᠤᠨ ᠪᠠᠳᠣᠳᠠᠢ ᠬᠢᠵᠣ᠂ ᠶᠠᠳᠠᠭᠤ ᠠᠴᠠ ᠠᠩᠬᠢᠵᠢᠷᠠᠭᠤᠯᠬᠤ ᠪᠠ ᠠᠪᠴᠠᠯᠳᠣᠭᠤᠯᠬᠤ ᠪᠡᠯᠡ ᠮᠦᠩᠭᠦᠨ ᠤ ᠲᠦᠷᠦᠯ ᠵᠣᠶᠢᠯ ᠤᠨ ᠡᠳ᠋ ᠬᠦᠷᠦᠩᠭᠡ ᠶᠢᠨ | ᠬᠤᠶᠢᠰᠢᠳᠠ ᠶᠢᠨ ᠬᠠᠮᠢᠶᠠᠷᠣᠯᠳᠠ ᠶᠢᠨ ᠪᠣᠳᠠᠳᠠᠶᠢᠵᠢᠭᠤᠯᠣᠯᠳᠠ ᠶᠢ ᠪᠠᠳᠣᠯᠠᠨ᠂ ᠪᠡᠯᠡ ᠬᠦᠷᠦᠩᠭᠡ ᠶᠢᠨ ᠲᠦᠷᠦᠯ ᠵᠣᠶᠢᠯ ᠤᠨ ᠦᠷᠳᠡᠭ ᠢ ᠪᠠᠳᠣᠯᠠᠬᠤ᠂ ᠦᠷᠳᠡᠭ ᠢ | ᠨᠡᠮᠡᠭᠳᠡᠭᠦᠯᠬᠦ ᠣᠶᠢᠯᠠᠳᠣᠯ ᠢ ᠪᠠᠳᠠᠷᠠᠭᠤᠯᠬᠤ ᠶᠢᠨ ᠲᠣᠰᠠᠳᠠ ᠣᠶᠢᠷ᠎ᠠ ᠳᠤ ᠱᠠᠩᠬᠠᠢ ᠶᠢᠨ ᠰᠦᠮ᠎ᠡ ᠪᠠᠯᠭᠠᠰᠣ ︽ᠭᠤᠷᠪᠠ ᠶᠢ ᠠᠳᠬᠤᠨ ᠭᠤᠷᠪᠠ ᠶᠢ ᠠᠬᠢᠭᠤᠯᠬᠤ︾ | ᠠᠵᠢᠯᠯᠠᠭᠠᠨ ᠢᠶᠠᠷ ᠲᠠᠮᠵᠢᠭᠤᠯᠣᠨ ᠶᠠᠳᠠᠭᠤ ᠠᠴᠠ ᠠᠩᠬᠢᠵᠢᠷᠠᠭᠤᠯᠬᠤ ᠪᠠ ᠠᠪᠴᠠᠯᠳᠣᠭᠤᠯᠬᠤ ᠪᠡᠯᠡ ᠮᠦᠩᠭᠦᠨ ᠤ ᠲᠦᠷᠦᠯ ᠵᠣᠶᠢᠯ ᠤᠨ ᠡᠳ᠋ ᠬᠦᠷᠦᠩᠭᠡ ᠶᠢᠨ ᠦᠪᠡᠷ | ᠤᠨ ᠪᠠᠶᠢᠴᠠᠭᠠᠯᠳᠠ ᠶᠢ ᠯᠠᠪᠳᠠᠭᠤᠨ ᠪᠣᠳᠠᠳᠠᠢ ᠦᠷᠨᠢᠭᠦᠯᠪᠡ᠃ | ᠪᠠᠶᠢᠴᠠᠭᠠᠯᠳᠠ ᠶᠢ ᠴᠢᠩᠭᠠᠳᠬᠠᠨ᠂ ᠰᠠᠭᠤᠷᠢ ᠲᠣᠭᠠᠨ ᠤ ᠪᠠᠶᠢᠴᠠᠭᠠᠯᠳᠠ ᠶᠢ ᠠᠬᠢᠭᠤᠯᠪᠠ᠃ ᠱᠠᠩᠬᠠᠢ ᠶᠢᠨ ᠰᠦᠮ᠎ᠡ ᠪᠠᠯᠭᠠᠰᠣ 2012 ᠣᠨ ᠠᠴᠠ 2022 | ᠣᠨ ᠪᠣᠯᠳᠠᠯᠠᠬᠢ ᠶᠠᠳᠠᠭᠤ ᠠᠴᠠ ᠠᠩᠭᠢᠵᠢᠷᠠᠭᠤᠯᠬᠤ ᠲᠦᠷᠦᠯ ᠵᠣᠶᠢᠯ ᠵᠢᠴᠢ ᠡᠯ᠎ᠡ ᠱᠠᠳᠣᠨ ᠤ ᠠᠪᠴᠠᠯᠳᠣᠭᠤᠯᠬᠤ ᠪᠡᠯᠡ ᠮᠦᠩᠭᠦᠨ ᠤ ᠲᠦᠷᠦᠯ ᠵᠣᠶᠢᠯ ᠳᠤ ᠦᠪᠡᠷ | ᠤᠨ ᠪᠠᠶᠢᠴᠠᠭᠠᠯᠳᠠ ᠶᠢ ᠢᠳᠡᠪᠬᠢᠳᠡᠢ ᠦᠷᠨᠢᠭᠦᠯᠵᠣ᠂ ᠢᠯᠡᠷᠡᠭᠦᠯᠦᠭᠰᠡᠨ ᠠᠰᠠᠭᠤᠳᠠᠯ ᠢ ᠴᠠᠭ ᠲᠣᠬᠠᠢ ᠳᠤ ᠨᠢ ᠴᠡᠭᠴᠡᠯᠡᠪᠡ᠃ ᠦᠪᠡᠷ ᠤᠨ ᠪᠠᠶᠢᠴᠠᠭᠠᠯᠳᠠ ᠳᠤ | ᠮᠡᠲ᠋ᠧᠷᠢᠶᠡᠯ ᠦᠵᠡᠬᠦ᠂ ᠬᠦᠰᠦᠨᠦᠭ ᠲᠠᠭᠯᠠᠬᠤ᠂ ᠪᠣᠳᠠᠳᠦ ᠭᠠᠵᠠᠷ ᠲᠤ ᠨᠢ ᠪᠠᠶᠢᠴᠠᠭᠠᠬᠤ ᠵᠡᠷᠭᠡ ᠠᠷᠭ᠎ᠠ ᠪᠠᠷ ᠡᠳ᠋ ᠬᠦᠷᠦᠩᠭᠡ ᠶᠢᠨ ᠬᠤᠶᠢᠰᠢᠳᠠ ᠶᠢᠨ ᠬᠠᠮᠢᠶᠠᠷᠣᠯᠳᠠ | ᠶᠢᠨ ᠪᠠᠶᠢᠳᠠᠯ ᠢ ᠨᠠᠷᠢᠯᠢᠭ ᠣᠨᠣᠪᠴᠢᠳᠠᠢ ᠪᠠᠶᠢᠴᠠᠭᠠᠵᠣ᠂ ᠲᠠᠩᠰᠠ ᠡᠪᠬᠡᠮᠡᠯ ᠪᠦᠷᠢᠨ ᠭᠦᠢᠴᠡᠳ᠂ ᠡᠳ᠋ ᠬᠦᠷᠦᠩᠭᠡ ᠶᠢᠨ ᠲᠠᠩᠰᠠᠯᠠᠭᠤᠯᠣᠯᠳᠠ ᠲᠣᠳᠦ᠂ ᠠᠰᠢᠭ | ᠣᠷᠣᠯᠭ᠎ᠠ ᠶᠢᠨ ᠪᠠᠶᠢᠴᠠᠭᠠᠯᠳᠠ ᠲᠣᠳᠣᠷᠬᠠᠢ᠂ ᠡᠳ᠋ ᠬᠦᠷᠦᠩᠭᠡ ᠶᠢᠨ ᠬᠠᠮᠢᠶᠠᠷᠣᠯᠳᠠ ᠬᠠᠮᠠᠭᠠᠯᠠᠯᠳᠠ ᠬᠡᠪ ᠤᠨ ᠶᠣᠰᠣᠭᠠᠷ ᠪᠠᠶᠢᠬᠤ ᠶᠢ ᠪᠠᠳᠣᠯᠠᠪᠠ᠃ | ᠲᠦᠷᠦᠯ ᠵᠣᠶᠢᠯ ᠤᠨ ᠬᠤᠪᠢᠶᠠᠷᠢᠯᠠᠯ ᠢ ᠰᠠᠶᠢᠳᠦᠷ ᠠᠳᠬᠤᠨ᠂ ᠲᠦᠷᠢᠮᠵᠢᠭᠦᠨ ᠬᠠᠮᠢᠶᠠᠷᠣᠯᠳᠠ ᠶᠢ ᠠᠬᠢᠭᠤᠯᠪᠠ᠃ ᠲᠣᠰ ᠣᠳᠠᠭᠠᠨ ᠤ ᠦᠪᠡᠷ ᠤᠨ | ᠪᠠᠶᠢᠴᠠᠭᠠᠯᠳᠠ ᠳᠤ ᠡᠳ᠋ ᠬᠦᠷᠦᠩᠭᠡ ᠶᠢᠨ ᠬᠤᠪᠢᠶᠠᠷᠢᠯᠠᠯ᠂ ᠵᠢᠯ ᠤᠨ ᠬᠤᠶᠠᠷ ᠪᠠᠷᠢᠮᠵᠢᠶ᠎ᠡ ᠪᠠᠷ ᠬᠠᠮᠢᠶᠠᠷᠣᠯᠳᠠ ᠶᠠᠪᠣᠭᠳᠠᠭᠤᠯᠵᠣ᠂ ᠡᠵᠡᠩᠨᠡᠯᠳᠡ ᠶᠢᠨ ᠴᠢᠨᠠᠷᠳᠠᠢ ᠡᠳ᠋ | ᠬᠦᠷᠦᠩᠭᠡ ᠶᠢᠨ ᠭᠤᠣᠯᠳᠠᠯᠭᠠᠳᠦ ᠪᠠᠶᠢᠴᠠᠭᠠᠯᠳᠠ ᠳᠤ ᠠᠰᠢᠭ ᠣᠷᠣᠯᠭ᠎ᠠ ᠪᠠᠶᠢᠬᠤ ᠡᠰᠡᠬᠦ᠂ ᠠᠰᠢᠭ ᠣᠷᠣᠯᠭ᠎ᠠ ᠶᠢᠨ ᠠᠯᠬᠤᠮ ᠲᠠᠷᠠᠭ᠎ᠠ ᠲᠦᠷᠢᠮᠵᠢᠭᠦᠨ ᠡᠰᠡᠬᠦ᠂ ᠡᠳ᠋ | ᠬᠦᠷᠦᠩᠭᠡ ᠰᠣᠯᠠ ᠪᠠᠶᠢᠬᠤ ᠪᠣᠶᠣ ᠡᠪᠳᠡᠷᠡᠵᠣ ᠰᠦᠢᠳᠦᠭᠰᠡᠨ ᠡᠰᠡᠬᠦ᠂ ᠠᠰᠢᠭ ᠣᠷᠣᠯᠭ᠎ᠠ ᠶᠢᠨ ᠬᠤᠪᠢᠶᠠᠷᠢᠯᠠᠯ ᠬᠡᠪ ᠤᠨ ᠡᠰᠡᠬᠦ᠂ ᠡᠳ᠋ ᠬᠦᠷᠦᠩᠭᠡ ᠶᠢᠨ ᠬᠤᠶᠢᠰᠢᠳᠠ | ᠶᠢᠨ ᠬᠠᠮᠢᠶᠠᠷᠣᠯᠳᠠ ᠬᠠᠮᠠᠭᠠᠯᠠᠯᠳᠠ ᠶᠢᠨ ᠲᠣᠭᠳᠠᠴᠠ ᠲᠡᠭᠦᠯᠳᠡᠷ ᠡᠰᠡᠬᠦ ᠶᠢ ᠪᠠᠶᠢᠴᠠᠭᠠᠨ᠂ ᠦᠪᠡᠷ ᠤᠨ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠪᠣᠯᠣᠨ | ᠴᠡᠭᠴᠡᠯᠡᠯᠳᠡ ᠶᠢᠨ ᠪᠠᠶᠢᠳᠠᠯ ᠢᠶᠠᠨ ᠵᠢᠯ ᠬᠤᠪᠢᠶᠠᠨ ᠬᠤᠷᠢᠶᠠᠩᠭᠤᠶᠢᠯᠠᠪᠠ᠃ | ᠴᠡᠭᠴᠡᠯᠡᠯᠳᠡ ᠶᠢ ᠪᠣᠳᠠᠳᠠᠢ ᠠᠳᠬᠤᠨ᠂ ᠦᠷ᠎ᠡ ᠠᠰᠢᠭ ᠢ ᠠᠬᠢᠭᠤᠯᠪᠠ᠃ ᠱᠠᠩᠬᠠᠢ ᠶᠢᠨ ᠰᠦᠮ᠎ᠡ ᠪᠠᠯᠭᠠᠰᠦ ᠦᠩᠭᠡᠷᠡᠭᠰᠡᠨ ᠵᠢᠯ ᠤᠳ ᠤᠨ 23 ᠲᠦᠷᠦᠯ | ᠵᠣᠶᠢᠯ᠂ 60 ᠲᠦᠷᠦᠯ ᠤᠨ ᠡᠳ᠋ ᠬᠦᠷᠦᠩᠭᠡ ᠳᠤ ᠪᠠᠶᠢᠴᠠᠭᠠᠯᠳᠠ ᠬᠢᠵᠣ᠂ ᠭᠤᠣᠯᠳᠠᠭᠤ ᠡᠯ᠎ᠡ ᠭᠠᠴᠠᠭ᠎ᠠ ᠲᠣᠰᠬᠤᠨ ᠨᠡᠶᠢᠭᠡᠮ ᠲᠣᠭᠤᠷᠢᠭ ᠲᠤ ᠬᠤᠯᠪᠣᠭᠳᠠᠨ᠂ | ᠢᠯᠡᠷᠡᠭᠦᠯᠦᠭᠰᠡᠨ ᠠᠰᠠᠭᠤᠳᠠᠯ ᠳᠤ ᠲᠠᠩᠰᠠ ᠡᠪᠬᠡᠮᠡᠯ ᠪᠠᠶᠢᠭᠤᠯᠬᠤ ᠶᠢᠨ ᠬᠠᠮᠳᠦ ᠴᠠᠭ ᠲᠣᠬᠠᠢ ᠳᠤ ᠨᠢ ᠴᠡᠭᠴᠡᠯᠡᠪᠡ᠃ | ᠲᠠᠷᠠᠭ᠎ᠠ ᠠᠯᠬᠤᠮ ᠳᠤ ᠱᠠᠩᠬᠠᠢ ᠶᠢᠨ ᠰᠦᠮ᠎ᠡ ᠪᠠᠯᠭᠠᠰᠣ ᠱᠠᠭᠠᠷᠳᠠᠨ ᠪᠠᠶᠢᠴᠠᠭᠠᠯᠳᠠ ᠪᠠᠨ ᠦᠷᠭᠦᠯᠵᠢᠯᠡᠨ ᠴᠢᠩᠭᠠᠳᠬᠠᠵᠣ᠂ ᠶᠠᠳᠠᠭᠤ ᠠᠴᠠ ᠠᠩᠬᠢᠵᠢᠷᠠᠭᠤᠯᠬᠤ | ᠪᠠ ᠠᠪᠴᠠᠯᠳᠣᠭᠤᠯᠬᠤ ᠪᠡᠯᠡ ᠮᠦᠩᠭᠦᠨ ᠤ ᠲᠦᠷᠦᠯ ᠵᠣᠶᠢᠯ ᠤᠨ ᠡᠳ᠋ ᠬᠦᠷᠦᠩᠭᠡ ᠶᠢᠨ ︽ᠲᠠᠪᠳᠠᠨ ᠬᠢᠨᠠᠬᠤ︾ ᠠᠵᠢᠯ ᠢ ᠲᠣᠭᠳᠠᠭᠰᠠᠨ ᠬᠤᠭᠤᠴᠠᠭ᠎ᠠ ᠲᠠᠢ | ᠦᠷᠨᠢᠭᠦᠯᠦᠨ᠂ ᠠᠰᠠᠭᠤᠳᠠᠯ ᠤᠨ ᠴᠡᠭᠴᠡᠯᠡᠯᠳᠡ ᠶᠢ ᠦᠷᠭᠦᠯᠵᠢᠯᠡᠨ ᠰᠠᠶᠢᠳᠦᠷ ᠠᠳᠬᠤᠨ᠎ᠠ᠃ ᠡᠭᠦᠨ ᠤ ᠬᠠᠮᠳᠦ ︽ᠦᠷᠳᠡᠭ ᠢ ᠪᠠᠳᠣᠯᠠᠬᠤ ᠦᠷᠳᠡᠭ ᠢ ᠨᠡᠮᠡᠭᠳᠡᠭᠦᠯᠬᠦ︾ | ᠪᠠᠷ ᠬᠠᠷᠠᠯᠳᠠ ᠪᠠᠨ ᠪᠣᠯᠭᠠᠨ᠂ ᠦᠪᠡᠷᠳᠡᠭᠡᠨ ᠡᠵᠡᠩᠨᠡᠭᠦ᠂ ᠬᠤᠯᠪᠣᠭᠠᠯᠠᠨ ᠡᠵᠡᠩᠨᠡᠭᠦ᠂ ᠨᠡᠶᠢᠳᠡᠨ ᠬᠠᠮᠢᠶᠠᠷᠣᠭᠤᠯᠬᠤ᠂ ᠪᠡᠯᠡ ᠬᠤᠷᠰᠢᠬᠤ᠂ ᠲᠠᠭᠠᠭᠠᠴᠢᠯᠠᠯᠳᠠ ᠵᠠᠷᠯᠠᠵᠣ | ᠲᠦᠷᠢᠶᠡᠰᠦᠯᠡᠭᠦᠯᠬᠦ ᠵᠡᠷᠭᠡ ᠣᠯᠠᠨ ᠠᠷᠭ᠎ᠠ ᠪᠠᠷ ᠡᠳ᠋ ᠬᠦᠷᠦᠩᠭᠡ ᠶᠢᠨ ᠡᠵᠡᠩᠨᠡᠯᠳᠡ ᠶᠢ ᠰᠠᠶᠢᠳᠦᠷ ᠬᠢᠵᠣ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠷ | ᠲᠠᠮᠵᠢᠭᠤᠯᠣᠨ ᠶᠠᠳᠠᠭᠤ ᠠᠴᠠ ᠠᠩᠬᠢᠵᠢᠷᠠᠭᠤᠯᠬᠤ ᠲᠦᠷᠣᠯ ᠵᠣᠶᠢᠯ ᠤᠨ ᠡᠳ᠋ ᠬᠦᠷᠦᠩᠭᠡ ᠶᠢᠨ ᠴᠢᠳᠠᠪᠬᠢ ᠶᠢᠨ ᠵᠠᠮ ᠢ ᠦᠷᠭᠡᠳᠬᠡᠵᠣ᠂ ᠡᠳ᠋ ᠬᠦᠷᠦᠩᠭᠡ ᠶᠢ ᠰᠣᠯᠠ | ᠪᠠᠶᠢᠯᠭᠠᠬᠤ ᠦᠭᠡᠢ᠂ ᠰᠦᠢᠳᠦᠯ ᠦᠭᠡᠢ ᠶᠢ ᠪᠠᠳᠣᠯᠠᠨ᠂ ᠦᠷᠳᠡᠭ ᠢ ᠪᠠᠳᠣᠯᠠᠵᠣ ᠦᠷᠳᠡᠭ ᠢ ᠨᠡᠮᠡᠭᠳᠡᠭᠦᠯᠬᠦ ᠪᠠᠷ ᠪᠣᠢ᠃ |