ᠪᠠᠶᠠᠨᠰᠢᠯᠢ ᠭᠠᠴᠠᠭ᠎ᠠ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠤᠶᠢᠳᠣ ᠬᠡᠰᠡᠭ ᠲᠤ ᠪᠠᠶᠢᠷᠢᠯᠠᠵᠣ᠂ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠭᠠᠵᠠᠷ | ᠠᠴᠠ 36 ᠺᠢᠯᠣᠮᠧᠲᠷ ᠵᠠᠶᠢᠲᠠᠢ᠂ ᠶᠡᠷᠣᠩᠬᠡᠢ ᠲᠠᠯᠠᠪᠠᠢ 27.2 ᠲᠦᠮᠡᠨ ᠮᠣ᠋᠂ ᠨᠣᠲᠤᠭ ᠪᠡᠯᠴᠢᠬᠡᠷ 13.4 ᠲᠦᠮᠡᠨ ᠮᠣ᠋᠂ ᠣᠢ ᠶᠢᠨ ᠭᠠᠵᠠᠷ 13.4 ᠲᠦᠮᠡᠨ ᠮᠣ᠋᠂ | ᠣᠰᠣᠨ ᠭᠠᠵᠠᠷ 1.85 ᠲᠦᠮᠡᠨ ᠮᠣ᠋᠂ ᠮᠠᠯ ᠤᠨ ᠶᠡᠷᠣᠩᠬᠡᠢ ᠲᠤᠭ᠎ᠠ 1.8 ᠲᠦᠮᠡᠨ ᠲᠣᠯᠣᠭᠠᠢ᠂ ᠮᠠᠯ ᠲᠠᠷᠢᠶᠠᠯᠠᠩ ᠢᠶᠠᠷ ᠭᠤᠣᠯ ᠪᠣᠯᠭᠠᠵᠣ᠂ ᠣᠯᠠᠮᠵᠢᠯᠠᠯᠲᠣ | ᠰᠣᠶᠣᠯ ᠢᠶᠠᠷ ᠰᠠᠭᠤᠷᠢ ᠪᠣᠯᠭᠠᠭᠰᠠᠨ ᠭᠠᠵᠠᠷ ᠪᠣᠯᠣᠨ᠎ᠠ᠃ 2 ᠮᠠᠯᠵᠢᠯ ᠤᠨ ᠬᠤᠷᠰᠢᠶ᠎ᠠ᠂ 241 ᠡᠷᠣᠬᠡ 625 ᠬᠦᠮᠦᠨ ᠠᠮᠠ ᠲᠠᠢ᠂ ᠪᠠᠶᠢᠩᠭᠤ ᠰᠠᠭᠤᠭ᠎ᠠ 168 | ᠡᠷᠣᠬᠡ 468 ᠬᠦᠮᠦᠨ᠂ 28 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 16᠂ 60 ᠨᠠᠰᠣ ᠶᠢ | ᠲᠠᠪᠠᠭᠰᠠᠨ ᠨᠠᠮ ᠤᠨ ᠬᠡᠰᠢᠬᠦᠨ 10᠂ ᠡᠮᠡᠭᠲᠡᠢ ᠨᠠᠮ ᠤᠨ ᠬᠡᠰᠢᠬᠦᠨ 2 ᠪᠣᠢ᠃ 2017 ᠣᠨ ᠤ ᠮᠠᠯᠴᠢᠨ ᠲᠠᠷᠢᠶᠠᠴᠢᠨ ᠤ ᠬᠦᠮᠦᠨ ᠲᠣᠮᠳᠠᠴᠢ ᠶᠢᠨ | ᠡᠵᠡᠮᠳᠡᠵᠣ ᠪᠣᠯᠬᠤ ᠣᠷᠣᠯᠭ᠎ᠠ 15300 ᠲᠦᠬᠦᠷᠢᠭ᠃ |