ᠴᠠᠭᠠᠨᠪᠠᠯᠭᠠᠰᠤ ᠭᠠᠴᠠᠭᠠᠤᠯᠵᠠᠴᠢ ᠪᠠᠯᠭᠠᠰᠤᠨ ᠠᠴᠠ ᠵᠡᠭᠦᠨ ᠡᠮᠦᠨᠡᠰᠢ 15 ᠺᠢᠯᠣᠮᠧᠲᠷ ᠲᠤ ᠪᠠᠶᠢᠷᠢᠯᠠᠳᠠᠭ᠃ 1963 ᠣᠨ ᠳᠤ ᠴᠠᠭᠠᠨᠪᠠᠯᠭᠠᠰᠤ | ᠦᠢᠯᠡᠳᠪᠦᠷᠢᠯᠡᠯ ᠤᠨ ᠶᠡᠭᠡ ᠪᠠᠷᠢᠭᠠᠲᠠ ᠪᠠᠶᠢᠭᠤᠯᠤᠭᠳᠠᠨ᠂ ᠲᠤᠰ ᠵᠢᠯ ᠳᠤ ᠪᠠᠷᠢᠭᠠᠲᠠ ᠶᠢᠨ ᠨᠠᠮ ᠤᠨ ᠡᠭᠦᠷ ᠪᠠᠶᠢᠭᠤᠯᠤᠭᠳᠠᠵᠤ᠂ ᠵᠢᠷᠠ ᠰᠣᠮᠣᠨ ᠳᠤ | ᠬᠠᠷᠢᠶᠠᠯᠠᠭᠳᠠᠵᠤ ᠪᠠᠶᠢᠪᠠ᠃ 1984 ᠣᠨ ᠳᠤ ᠴᠠᠭᠠᠨᠪᠠᠯᠭᠠᠰᠤ ᠦᠢᠯᠡᠳᠪᠦᠷᠢᠯᠡᠯ ᠤᠨ ᠶᠡᠭᠡ ᠪᠠᠷᠢᠭᠠᠲᠠ ᠶᠢ ᠭᠠᠴᠠᠭ᠎ᠠ ᠪᠣᠯᠭᠠᠨ ᠦᠭᠡᠷᠡᠴᠢᠯᠡᠵᠦ᠂ 2000 ᠣᠨ | ᠳᠤ ᠤᠯᠵᠠᠴᠢ ᠪᠠᠯᠭᠠᠰᠤᠨ ᠳᠤ ᠬᠠᠷᠢᠶᠠᠯᠠᠭᠤᠯᠪᠠ᠃ 6 ᠮᠠᠯᠵᠢᠯ ᠤᠨ ᠬᠤᠷᠰᠢᠶ᠎ᠠ ᠲᠠᠢ᠂ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 38 ᠲᠦᠮᠡᠨ ᠮᠤ᠋᠂ ᠡᠭᠦᠨ ᠳᠤ | ᠡᠯᠡᠰᠦ ᠮᠠᠩᠬ᠎ᠠ 10 ᠲᠦᠮᠡᠨ ᠮᠤ᠋᠂ ᠬᠤᠵᠢᠷᠰᠠᠭ ᠴᠠᠶᠢᠳᠠᠮ 2 ᠲᠦᠮᠡᠨ ᠮᠤ᠋᠂ ᠠᠰᠢᠭᠯᠠᠵᠤ ᠪᠣᠯᠬᠤ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 26 ᠲᠦᠮᠡᠨ ᠮᠤ᠋᠂ | ᠡᠯᠡᠰᠦ ᠮᠠᠩᠬ᠎ᠠ᠂ ᠪᠠᠯᠠᠷ ᠪᠠ ᠬᠤᠵᠢᠷᠰᠠᠭ ᠴᠠᠶᠢᠳᠠᠮ ᠢᠶᠠᠷ ᠠᠯᠭᠠᠰᠠᠨ ᠪᠦᠷᠢᠯᠳᠦᠪᠡ᠃ | ᠣᠶᠢᠷ᠎ᠠ ᠶᠢᠨ ᠵᠢᠯ ᠳᠤ ᠴᠠᠭᠠᠨᠪᠠᠯᠭᠠᠰᠤ ᠭᠠᠴᠠᠭᠠᠨ ᠤ ᠨᠠᠮ ᠤᠨ ᠡᠭᠦᠷ ︽ᠠᠮᠢ ᠠᠬᠤᠶᠢᠴᠢᠯᠠᠭᠰᠠᠨ᠂ ᠠᠵᠤ ᠦᠢᠯᠡᠰᠴᠢᠯᠡᠭᠰᠡᠨ᠂ ᠴᠢᠨᠡᠭᠡᠯᠢᠭᠵᠢᠭᠰᠡᠨ︾ | ᠭᠠᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠨᠢᠭᠡ ᠶᠢ ᠬᠦᠲᠦᠯᠬᠦ ᠬᠤᠶᠠᠷ ᠢ ᠳᠠᠶᠢᠴᠢᠯᠠᠬᠤ ᠭᠤᠷᠪᠠ ᠶᠢ ᠵᠢᠱᠢᠶ᠎ᠡ ᠦᠵᠡᠭᠦᠯᠬᠦ᠂ ᠲᠦᠷᠪᠡᠨ ᠵᠦᠢᠯ ᠤᠨ | ᠳᠦᠷᠢᠮ ᠢᠶᠠᠷ ᠬᠠᠮᠢᠶᠠᠷᠤᠯᠲᠠ ᠶᠢ ᠳᠦᠷᠢᠮᠵᠢᠭᠦᠯᠬᠦ︾ ᠠᠵᠢᠯᠯᠠᠭᠠᠨ ᠤ ᠲᠤᠭᠲᠠᠴᠠ ᠶᠢ ᠬᠡᠷᠡᠭᠵᠢᠬᠦᠯᠦᠨ᠂ ᠠᠵᠢᠯ ᠤᠨ ᠰᠢᠨ᠎ᠡ ᠪᠠᠷ ᠰᠢᠨ᠎ᠡ ᠮᠠᠯᠵᠢᠬᠤ ᠣᠷᠣᠨ ᠢ | ᠪᠦᠲᠦᠭᠡᠨ ᠪᠠᠶᠢᠭᠤᠯᠵᠤ᠂ ᠦᠢᠯᠡᠴᠢᠯᠡᠭᠡᠨ ᠤ ᠰᠢᠨ᠎ᠡ ᠦᠵᠡᠯᠲᠡ ᠪᠠᠷ ᠮᠠᠯᠴᠢᠨ ᠲᠠᠷᠢᠶᠠᠴᠢᠨ ᠢ ᠳᠠᠶᠢᠴᠢᠯᠠᠨ ᠦᠢᠯᠡᠰ ᠪᠦᠲᠦᠭᠡᠨ ᠴᠢᠨᠡᠭᠡᠯᠢᠭᠵᠡᠯ ᠤᠨ ᠵᠠᠮ ᠢᠶᠠᠷ | ᠵᠠᠮᠨᠠᠨ᠂ ᠣᠬᠢ ᠰᠠᠶᠢᠨ ᠦᠷ᠎ᠡ ᠠᠰᠢᠭ ᠣᠯᠵᠣ᠂ ᠠᠵᠤ ᠠᠬᠤᠢ ᠨᠠᠶᠢᠬᠡᠮ ᠤᠨ ᠡᠯ᠎ᠡ ᠲᠦᠷᠦᠯ ᠤᠨ ᠠᠵᠢᠯ ᠦᠢᠯᠡᠰ ᠤᠨ ᠲᠦᠷᠭᠡᠨ ᠬᠦᠭᠵᠢᠯᠲᠡ ᠶᠢ ᠠᠬᠢᠭᠤᠯᠪᠠ᠃ | 2016 ᠤᠨ ᠳᠤ ᠪᠦᠬᠦ ᠬᠤᠲᠠ ᠶᠢᠨ ᠠᠩᠬᠠᠳᠣᠭᠠᠷ ᠪᠦᠯᠦᠭ ︽ᠲᠠᠪᠤᠨ ᠰᠠᠶᠢᠲᠠᠢ ᠭᠤᠷᠪᠠᠨ ᠳᠡᠭᠡᠭᠰᠢᠯᠡᠯᠲᠡ ᠲᠠᠢ︾ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ | |