ᠤᠯᠠᠭᠠᠨᠳᠣᠪᠣᠩ ᠭᠠᠴᠠᠭ᠎ᠠ ᠤᠯᠵᠠᠴᠢ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ ᠪᠠᠷᠠᠭᠤᠨ ᠡᠮᠦᠨ᠎ᠡ ᠪᠠᠷᠤᠭ 15 ᠺᠢᠯᠣᠮᠧᠲᠷ ᠲᠤ | ᠪᠠᠶᠢᠷᠢᠯᠠᠵᠤ᠂ 1958 ᠤᠨ ᠳᠤ ᠤᠯᠠᠭᠠᠨᠳᠤᠪᠤᠩ ᠦᠢᠯᠡᠳᠪᠦᠷᠢᠯᠡᠯ ᠤᠨ ᠶᠡᠭᠡ ᠪᠠᠷᠢᠭᠠᠲᠠ ᠪᠠᠶᠢᠭᠤᠯᠤᠭᠳᠠᠨ᠂ ᠤᠤᠯ ᠤᠨ ᠵᠢᠷᠠ ᠰᠤᠮᠤᠨ ᠳᠤ ᠬᠠᠷᠢᠶᠠᠯᠠᠭᠳᠠᠵᠤ᠂ | ᠲᠤᠰ ᠵᠢᠯ ᠳᠤ ᠪᠠᠷᠢᠭᠠᠲᠠ ᠶᠢᠨ ᠨᠠᠮ ᠤᠨ ᠡᠭᠦᠷ ᠪᠠᠶᠢᠭᠤᠯᠤᠭᠳᠠᠪᠠ᠃ 1984 ᠤᠨ ᠳᠤ ᠤᠯᠠᠭᠠᠨᠳᠤᠪᠤᠩ ᠦᠢᠯᠡᠳᠪᠦᠷᠢᠯᠡᠯ ᠤᠨ ᠶᠡᠭᠡ ᠪᠠᠷᠢᠭᠠᠲᠠ ᠶᠢ ᠭᠠᠴᠠᠭ᠎ᠠ | ᠪᠣᠯᠭᠠᠨ ᠦᠭᠡᠷᠡᠴᠢᠯᠡᠵᠦ᠂ 2000 ᠤᠨ ᠤ 3 ᠰᠠᠷ᠎ᠠ ᠳᠤ ᠰᠤᠮᠤ ᠰᠢᠶᠠᠩ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠪᠠᠷ ᠤᠯᠠᠭᠠᠨᠳᠣᠪᠣᠩ ᠭᠠᠴᠠᠭ᠎ᠠ ᠤᠯᠵᠠᠴᠢ | ᠪᠠᠯᠭᠠᠰᠤᠨ ᠳᠤ ᠬᠠᠷᠢᠶᠠᠯᠠᠭᠤᠯᠪᠠ᠃ 3 ᠮᠠᠯᠵᠢᠯ ᠤᠨ ᠬᠤᠷᠰᠢᠶ᠎ᠠ ᠲᠠᠢ᠂ ᠭᠠᠵᠠᠷ ᠰᠢᠷᠦᠢ ᠶᠢᠨ ᠶᠡᠷᠦᠩᠬᠡᠢ ᠲᠡᠯᠡᠪᠡᠢ 26 ᠲᠦᠮᠡᠨ ᠮᠤ᠋᠂ ᠡᠭᠦᠨ ᠳᠤ ᠠᠰᠢᠭᠯᠠᠵᠤ | ᠪᠣᠯᠬᠤ ᠨᠤᠲᠤᠭ ᠪᠡᠯᠴᠢᠭᠡᠷ 19.8 ᠲᠦᠮᠡᠨ ᠮᠤ᠋᠂ ᠬᠤᠵᠢᠷᠰᠠᠭ ᠭᠠᠵᠠᠷ ᠢᠶᠠᠷ ᠭᠤᠤᠯᠯᠠᠵᠤ᠂ ᠰᠢᠪᠠᠭ᠂ ᠬᠠᠷᠮᠠᠭ ᠢᠶᠠᠷ ᠭᠤᠤᠯᠯᠠᠭᠰᠠᠨ ᠣᠷᠭᠤᠮᠠᠯ ᠪᠦᠷᠬᠦᠪᠴᠢ ᠲᠠᠢ᠃ | |