︽ᠣᠳᠤᠭ ᠤᠨ ᠡᠮᠦᠨᠡᠳᠦ ᠬᠤᠰᠢᠭᠤᠨ ᠤ ᠪᠦᠬᠦ ᠣᠯᠣᠰ ᠤᠨ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ | ︵ᠡᠷᠳᠡᠨᠢ ᠰᠢᠰᠢ︶ ᠤᠨ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠴᠣᠭᠴᠠᠯᠠᠯᠳᠠ ᠶᠢᠨ | ᠬᠡᠷᠡᠭᠵᠢᠭᠦᠯᠬᠦ ᠲᠦᠰᠦᠯ︾ ᠢ ᠲᠠᠷᠣᠮᠠᠯᠯᠠᠨ ᠲᠠᠷᠬᠠᠭᠠᠬᠤ ᠲᠣᠬᠠᠢ ᠣᠳᠤᠭ ᠤᠨ ᠡᠮᠦᠨᠡᠳᠦ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠄ | ︽ᠣᠳᠤᠭ ᠤᠨ ᠡᠮᠦᠨᠡᠳᠦ ᠬᠤᠰᠢᠭᠤᠨ ᠤ ᠪᠦᠬᠦ ᠣᠯᠣᠰ ᠤᠨ ᠪᠣᠬᠢᠷᠳᠣᠯ ᠦᠭᠡᠢ ᠢᠳᠡᠭᠡᠨ ᠤ ᠣᠭ ᠮᠠᠲ᠋ᠧᠷᠢᠶᠡᠯ ︵ᠡᠷᠳᠡᠨᠢ ᠰᠢᠰᠢ︶ ᠤᠨ | ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ | ᠨᠠᠷᠢᠨ ᠬᠢᠨᠠᠮᠠᠭᠠᠢ ᠲᠣᠣᠱᠯᠠᠭᠤᠯᠣᠨ ᠬᠡᠷᠡᠭᠵᠢᠭᠦᠯᠰᠦᠭᠡᠢ᠃ | | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠰᠠᠷ᠎ᠠ ᠶᠢᠨ 13 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠪᠦᠬᠦ ᠣᠯᠣᠰ ᠤᠨ ᠪᠣᠬᠢᠷᠳᠣᠯ ᠦᠭᠡᠢ ᠢᠳᠡᠭᠡᠨ ᠤ | ᠣᠭ ᠮᠠᠲ᠋ᠧᠷᠢᠶᠡᠯ ︵ᠡᠷᠳᠡᠨᠢ ᠰᠢᠰᠢ︶ ᠤᠨ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠤᠨ | ᠰᠠᠭᠤᠷᠢᠨ ᠭᠠᠵᠠᠷ ᠤᠨ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ | | | ᠪᠣᠬᠢᠷᠳᠦᠯ ᠦᠭᠡᠢ ᠲᠠᠷᠢᠶᠠᠯᠠᠩ ᠢ ᠬᠦᠭᠵᠢᠭᠦᠯᠬᠦ᠂ ᠴᠢᠨᠠᠷ ᠴᠢᠨᠰᠠᠭᠠᠳᠦ ᠲᠠᠷᠢᠶᠠᠯᠠᠩ ᠢ ᠬᠦᠭᠵᠢᠭᠦᠯᠬᠦ᠂ ᠨᠡᠷᠡᠳᠦ ᠲᠡᠮᠳᠡᠭ ᠢᠶᠠᠷ ᠲᠠᠷᠢᠶᠠᠯᠠᠩ ᠢ | ᠬᠦᠴᠦᠷᠬᠡᠭᠵᠢᠭᠦᠯᠬᠦ ᠪᠠᠶᠢᠳᠣᠯᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠪᠣᠬᠢᠷᠳᠣᠯ ᠦᠭᠡᠢ ᠢᠳᠡᠭᠡᠨ ᠤ ᠠᠵᠣ ᠣᠶᠢᠯᠠᠰ ᠤᠨ ᠬᠦᠭᠵᠢᠯᠳᠡ ᠶᠢ ᠲᠦᠷᠭᠡᠳᠬᠡᠵᠣ᠂ | ᠲᠠᠷᠢᠶᠠᠯᠠᠩ ᠤᠨ ᠣᠶᠢᠯᠠᠰ ᠤᠨ ᠴᠢᠨᠠᠷᠯᠢᠭ ᠬᠦᠭᠵᠢᠯᠳᠡ ᠶᠢ ᠠᠬᠢᠭᠤᠯᠣᠨ᠂ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ ᠤᠨ ᠦᠷᠢᠰᠦᠯᠳᠦᠬᠦ ᠬᠦᠴᠦᠨ ᠢ | ᠨᠡᠮᠡᠭᠳᠡᠭᠦᠯᠵᠣ᠂ ᠬᠦᠳᠡᠭᠡ ᠲᠣᠰᠬᠤᠨ ᠤ ᠠᠵᠣ ᠣᠶᠢᠯᠠᠰ ᠤᠨ ᠬᠦᠭᠵᠢᠨ ᠮᠠᠨᠳᠣᠯᠳᠠ ᠶᠢ ᠠᠬᠢᠭᠤᠯᠬᠤ ᠶᠢᠨ ᠲᠦᠯᠦᠭᠡ ︽ᠪᠦᠬᠦ ᠣᠯᠣᠰ ᠤᠨ ᠪᠣᠬᠢᠷᠳᠣᠯ ᠦᠭᠡᠢ | ᠢᠳᠡᠭᠡᠨ ᠤ ᠣᠭ ᠮᠡᠲ᠋ᠧᠷᠢᠶᠡᠯ ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠴᠤᠭᠴᠠᠯᠠᠯᠳᠠ ᠪᠣᠯᠣᠨ ᠬᠠᠮᠢᠶᠠᠷᠣᠯᠳᠠ ᠶᠢᠨ ᠠᠷᠭ᠎ᠠ︾ | ︵ᠲᠣᠮᠳᠠᠳᠦ ᠪᠣᠬᠢᠷᠳᠣᠯ ᠦᠭᠡᠢ ᠰᠠᠭᠤᠷᠢᠨ ﹇2020﹈ 149 ᠲᠣᠭᠠᠳᠦ︶᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 2023 ᠣᠨ ᠤ ᠮᠠᠯ | ᠲᠠᠶᠢᠷᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠭᠤᠣᠯᠳᠠᠯᠭᠠᠳᠦ ᠠᠵᠢᠯ ᠢ ᠠᠬᠢᠭᠤᠯᠬᠤ ᠲᠦᠰᠦᠯ︾ | ︵ᠦᠪᠦᠷ ᠮᠠᠯ ᠲᠠᠷᠢᠶᠠᠯᠠᠩ ᠶᠠᠰᠦ ᠴᠢᠨᠠᠷ ᠲᠠᠷᠬᠠᠭᠠᠭᠰᠠᠨ ﹇2023﹈ 16 ᠲᠣᠭᠠᠳᠦ︶ ᠤᠨ ᠱᠠᠭᠠᠷᠳᠠᠯᠭ᠎ᠠ ᠪᠠᠷ ᠪᠣᠳᠠᠳᠠᠢ ᠪᠠᠶᠢᠳᠠᠯ ᠲᠠᠢ ᠪᠠᠨ ᠣᠶᠠᠯᠳᠣᠭᠤᠯᠣᠨ᠂ | ᠣᠨᠴᠠᠭᠠᠶᠢᠯᠠᠨ ᠲᠣᠰ ᠲᠦᠰᠦᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠲᠠᠭᠤᠷᠢᠶᠠᠯ ᠣᠷᠣᠨ ᠤ ᠴᠣᠭᠴᠠᠯᠠᠯᠳᠠ ᠪᠠᠷ ᠣᠳᠣᠷᠢᠳᠣᠮᠵᠢ ᠪᠣᠯᠭᠠᠵᠣ᠂ ᠲᠠᠷᠢᠶᠠᠯᠠᠩ ᠤᠨ ᠣᠶᠢᠯᠠᠰ ᠤᠨ | ᠪᠣᠬᠢᠷᠳᠣᠯ ᠦᠭᠡᠢ ᠬᠦᠭᠵᠢᠯᠳᠡ ᠪᠠᠷ ᠵᠢᠱᠢᠶ᠎ᠡ ᠦᠵᠡᠭᠦᠯᠬᠦ ᠪᠠ ᠪᠣᠬᠢᠷᠳᠣᠯ ᠦᠭᠡᠢ ᠢᠳᠡᠭᠡᠨ ᠤ ᠬᠦᠭᠵᠢᠯᠳᠡ ᠶᠢᠨ ᠰᠠᠭᠤᠷᠢ ᠶᠢ ᠪᠠᠳᠣᠳᠬᠠᠬᠤ ᠪᠠᠷ ᠬᠠᠷᠠᠯᠳᠠ ᠪᠠᠨ | ᠪᠣᠯᠭᠠᠵᠣ᠂ ︽ᠵᠠᠰᠠᠭ ᠤᠨ ᠣᠷᠳᠣᠨ ᠠᠴᠠ ᠠᠬᠢᠭᠤᠯᠬᠤ᠂ ᠠᠵᠣ ᠣᠶᠢᠯᠠᠰᠵᠢᠭᠦᠯᠦᠨ ᠡᠵᠡᠩᠨᠡᠭᠦ᠂ ᠬᠠᠷᠢᠴᠠᠩᠭᠤᠢ ᠪᠠᠷ ᠲᠦᠪᠯᠡᠷᠡᠭᠦᠯᠦᠨ ᠵᠠᠯᠭᠠᠯᠳᠣᠭᠤᠯᠬᠤ᠂ | ᠵᠣᠬᠢᠮᠵᠢᠳᠠᠢ ᠬᠡᠪᠴᠢᠶᠡᠵᠢᠭᠦᠯᠦᠨ ᠬᠦᠭᠵᠢᠭᠦᠯᠬᠦ︾ ᠵᠠᠷᠴᠢᠮ ᠢ ᠪᠠᠷᠢᠮᠳᠠᠯᠠᠨ᠂ ᠡᠷᠳᠡᠨᠢ ᠰᠢᠰᠢ ᠶᠢᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠬᠡᠪᠴᠢᠶᠡᠵᠢᠭᠰᠡᠨ | ᠪᠠᠶᠢᠷᠢᠰᠢᠭᠤᠯᠣᠯᠳᠠ᠂ ᠪᠠᠷᠢᠮᠵᠢᠶᠠᠴᠢᠯᠠᠭᠰᠠᠨ ᠣᠶᠢᠯᠠᠳᠪᠦᠷᠢᠯᠠᠯ᠂ ᠠᠵᠣ ᠤᠶᠢᠯᠠᠰᠵᠢᠭ᠍ᠰᠡᠨ ᠡᠵᠡᠩᠨᠡᠯᠳᠡ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠣ᠂ ᠲᠠᠷᠢᠶᠠᠯᠠᠩ | ᠤᠨ ᠣᠶᠢᠯᠠᠰ ᠤᠨ ᠪᠠᠷᠢᠮᠵᠢᠶᠡᠴᠢᠯᠠᠯᠳᠠ ᠪᠠ ᠨᠡᠷᠡᠳᠦ ᠲᠡᠮᠳᠡᠭᠴᠢᠯᠡᠯᠳᠡ ᠶᠢ ᠣᠷᠭᠠᠨᠢᠭ ᠢᠶᠠᠷ ᠣᠶᠠᠯᠳᠣᠭᠤᠯᠬᠤ ᠶᠢ ᠠᠬᠢᠭᠤᠯᠣᠨ᠂ ᠲᠠᠷᠢᠶᠠᠯᠠᠩ ᠤᠨ ᠣᠶᠢᠯᠠᠰ ᠤᠨ | ᠣᠶᠢᠯᠠᠳᠪᠦᠷᠢᠯᠠᠯ ᠪᠣᠯᠣᠨ ᠲᠣᠯᠣᠭᠠᠶᠢᠯᠠᠭᠴᠢ ᠠᠵᠣ ᠠᠬᠤᠶᠢᠯᠠᠯ ᠤᠨ ᠪᠦᠳᠦᠮᠵᠢ ᠲᠠᠢ ᠠᠪᠴᠠᠯᠳᠣᠭᠤᠯᠣᠯ ᠢ ᠠᠬᠢᠭᠤᠯᠵᠣ᠂ ᠪᠦᠬᠦ ᠬᠤᠰᠢᠭᠤᠨ ᠤ ᠲᠠᠷᠢᠶᠠᠯᠠᠩ ᠤᠨ | ᠣᠶᠢᠯᠠᠰ ᠤᠨ ᠪᠠᠷᠢᠮᠵᠢᠶᠠᠴᠢᠯᠠᠯᠳᠠ ᠪᠣᠯᠣᠨ ᠪᠣᠬᠢᠷᠳᠣᠯ ᠦᠭᠡᠢ ᠢᠳᠡᠭᠡᠨ ᠤ ᠠᠵᠣ ᠣᠶᠢᠯᠠᠰ ᠤᠨ ᠣᠶᠢᠯᠠᠳᠪᠦᠷᠢᠯᠠᠯ ᠤᠨ ᠲᠦᠪᠰᠢᠨ ᠢ ᠪᠦᠬᠦ ᠲᠠᠯ᠎ᠠ ᠪᠠᠷ | ᠲᠡᠭᠡᠭᠰᠢᠯᠡᠭᠦᠯᠦᠨ᠂ ᠲᠠᠷᠢᠶᠠᠯᠠᠩ ᠤᠨ ᠣᠶᠢᠯᠠᠰ ᠤᠨ ᠦᠷᠢᠰᠦᠯᠳᠦᠭᠦ ᠬᠦᠴᠦᠨ ᠢ ᠲᠠᠰᠣᠷᠠᠯᠳᠠ ᠦᠭᠡᠢ ᠨᠡᠮᠡᠭᠳᠡᠭᠦᠯᠵᠣ᠂ ᠲᠠᠷᠢᠶᠠᠯᠠᠩ ᠤᠨ ᠣᠶᠢᠯᠠᠰ ᠦᠷ᠎ᠡ ᠠᠰᠢᠭ ᠤᠨ | ᠨᠡᠮᠡᠭᠳᠡᠯ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠣᠨ᠎ᠠ᠃ | ᠬᠤᠶᠠᠷ᠂ ᠴᠣᠭᠴᠠᠯᠠᠯᠳᠠ ᠶᠢᠨ ᠬᠠᠷᠠᠯᠳᠠ | 10 ᠲᠦᠮᠡᠨ ᠮᠣ᠋ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ ︵ᠡᠷᠳᠡᠨᠢ ᠰᠢᠰᠢ︶ ᠤᠨ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ | ᠤᠨ ᠴᠣᠭᠴᠠᠯᠠᠯᠳᠠ ᠪᠠᠷ ᠲᠠᠮᠵᠢᠭᠤᠯᠵᠣ᠂ ᠡᠭᠦᠨ ᠳᠤ ᠣᠯᠵᠠᠴᠢ 3 ᠲᠦᠮᠡᠨ ᠮᠣ᠋᠂ ᠨᠠᠩᠰᠦ 2.8 ᠲᠦᠮᠡᠨ ᠮᠣ᠋᠂ ᠪᠣᠷᠣᠪᠠᠯᠭᠠᠰᠣ 4.2 ᠮᠣ᠋᠂ ᠪᠣᠬᠢᠷᠳᠣᠯ ᠦᠭᠡᠢ | ᠢᠳᠡᠭᠡᠨ ᠤ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠪᠣᠯᠣᠨ ᠪᠦᠬᠦ ᠶᠠᠪᠣᠴᠠ ᠶᠢᠨ ᠶᠠᠰᠦ ᠴᠢᠨᠠᠷ ᠤᠨ ᠡᠵᠡᠮᠳᠡᠯ ᠢ ᠪᠦᠬᠦ ᠲᠠᠯ᠎ᠠ ᠪᠠᠷ ᠬᠡᠷᠡᠭᠵᠢᠭᠦᠯᠵᠣ᠂ ᠰᠠᠭᠤᠷᠢᠨ | ᠭᠠᠵᠠᠷ ᠤᠨ ᠡᠷᠳᠡᠨᠢ ᠰᠢᠰᠢ ᠶᠢᠨ ᠶᠡᠷᠦᠩᠭᠡᠢ ᠭᠠᠷᠣᠯᠳᠠ ᠶᠢ 7 ᠲᠦᠮᠡᠨ ᠲᠣᠨ ᠠᠴᠠ ᠲᠠᠪᠠᠭᠤᠯᠣᠨ᠂ ᠪᠦᠬᠦᠨ ᠢ ᠪᠣᠬᠢᠷᠳᠣᠯ ᠦᠭᠡᠢ ᠢᠳᠡᠭᠡᠨ ᠤ ᠪᠠᠷᠢᠮᠵᠢᠶ᠎ᠡ ᠳᠤ | ᠬᠦᠷᠭᠡᠵᠣ᠂ ᠪᠠᠷᠢᠮᠵᠢᠶᠠᠴᠢᠯᠠᠭᠰᠠᠨ᠂ ᠠᠵᠣ ᠣᠶᠢᠯᠠᠰᠵᠢᠭᠰᠠᠨ᠂ ᠵᠠᠬ᠎ᠠ ᠲᠡᠯᠭᠡᠭᠦᠷᠴᠢᠯᠡᠭᠰᠡᠨ ᠬᠦᠭᠵᠢᠯᠳᠡ ᠶᠢ ᠪᠡᠶᠡᠯᠡᠭᠦᠯᠦᠨ᠂ ᠪᠦᠬᠦ ᠬᠤᠰᠢᠭᠤᠨ ᠤ ᠲᠠᠷᠢᠶᠠᠯᠠᠩ ᠤᠨ | ᠣᠶᠢᠯᠠᠰ ᠤᠨ ᠪᠣᠬᠢᠷᠳᠣᠯ ᠦᠭᠡᠢ ᠲᠠᠷᠢᠶᠠᠯᠠᠩ ᠤᠨ ᠣᠶᠢᠯᠠᠰ ᠲᠡᠶᠢᠰᠢᠬᠢ ᠬᠦᠭᠵᠢᠯᠳᠡ ᠶᠢ ᠲᠠᠶᠢᠴᠢᠯᠠᠨ᠎ᠠ᠃ | ᠭᠤᠷᠪᠠ᠂ ᠬᠡᠷᠡᠭᠵᠢᠭᠦᠯᠬᠦ ᠠᠯᠬᠤᠮ ᠲᠠᠷᠠᠭ᠎ᠠ | ︵ᠨᠢᠭᠡ︶ ᠣᠬᠠᠭᠤᠯᠣᠨ ᠲᠠᠶᠢᠴᠢᠯᠠᠬᠤ ᠱᠠᠳᠣ ︵2023 ᠣᠨ ᠤ 2 — 3 ᠰᠠᠷ᠎ᠠ︶᠃ ᠠᠵᠢᠯ ᠤᠨ ᠣᠳᠣᠷᠢᠳᠬᠤ ᠲᠣᠭᠤᠶᠢᠯᠠᠩ ᠪᠠᠶᠢᠭᠤᠯᠣᠨ᠂ | ᠮᠡᠷᠭᠡᠵᠢᠯ ᠤᠨ ᠣᠶᠢᠯᠡᠴᠢᠯᠡᠭᠡ᠂ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠡᠩᠨᠡᠭᠡ ᠶᠢ ᠵᠣᠬᠢᠶᠠᠨ ᠪᠠᠶᠢᠭᠤᠯᠵᠣ᠂ ᠴᠣᠭᠴᠠᠯᠠᠯᠳᠠ ᠶᠢᠨ ᠲᠦᠰᠦᠯ | ᠲᠣᠭᠳᠠᠭᠠᠨ᠂ ᠲᠠᠶᠢᠴᠢᠯᠠᠯᠳᠠ ᠪᠠᠶᠢᠷᠢᠯᠠᠭᠤᠯᠣᠯᠳᠠ ᠶᠢᠨ ᠬᠤᠷᠠᠯ ᠬᠤᠷᠠᠯᠳᠣᠭᠤᠯᠵᠣ᠂ ᠲᠣᠬᠠᠶᠢᠯᠠᠭᠰᠠᠨ ᠠᠵᠢᠯ ᠤᠨ ᠪᠣᠯᠪᠠᠰᠣᠷᠠᠯ ᠦᠷᠨᠢᠭᠦᠯᠦᠨ᠂ ᠠᠵᠢᠯ ᠤᠨ ᠡᠭᠦᠷᠭᠡ | ᠶᠢ ᠨᠠᠷᠢᠯᠢᠭᠵᠢᠭᠤᠯᠵᠣ᠂ ᠠᠵᠢᠯ ᠤᠨ ᠬᠠᠷᠢᠭᠤᠴᠠᠯᠭ᠎ᠠ ᠪᠠᠨ ᠪᠣᠳᠠᠳᠠᠶᠢᠵᠢᠭᠤᠯᠣᠨ᠂ ᠣᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠣ᠂ ᠣᠬᠢ ᠰᠠᠶᠢᠨ ᠶᠠᠷᠢᠶ᠎ᠠ | ᠬᠡᠯᠡᠯᠴᠡᠭᠡᠨ ᠤ ᠣᠷᠴᠢᠨ ᠢ ᠪᠦᠷᠢᠯᠳᠦᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠣᠨ ᠬᠡᠷᠡᠭᠵᠢᠭᠦᠯᠬᠦ ᠱᠠᠳᠦ ︵2023 ᠣᠨ ᠤ 3 ᠰᠠᠷ᠎ᠠ — 11 ᠰᠠᠷ᠎ᠠ︶ | 1. ᠣᠶᠢᠯᠠᠳᠪᠦᠷᠢᠯᠠᠯ ᠤᠨ ᠰᠠᠭᠤᠷᠢᠨ ᠭᠠᠵᠠᠷ ᠢ ᠲᠣᠭᠳᠠᠭᠠᠨ᠎ᠠ᠃ ᠡᠯ᠎ᠡ ᠪᠠᠯᠭᠠᠰᠣ ᠪᠣᠬᠢᠷᠳᠣᠯ ᠦᠭᠡᠢ ᠢᠳᠡᠭᠡᠨ ᠤ ᠣᠶᠢᠯᠠᠳᠪᠦᠷᠢᠯᠠᠯ ᠤᠨ ᠰᠠᠭᠤᠷᠢᠨ ᠭᠠᠵᠠᠷ ᠢ | ᠰᠣᠩᠭᠤᠬᠤ ᠱᠠᠭᠠᠷᠳᠠᠯᠭ᠎ᠠ ᠪᠠᠷ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠭᠠᠴᠠᠭ᠎ᠠ ᠲᠣᠰᠬᠤᠨ ᠪᠣᠯᠣᠨ ᠡᠷᠳᠡᠨᠢ ᠰᠢᠰᠢ ᠲᠠᠷᠢᠬᠤ ᠭᠠᠵᠠᠷ ᠢ ᠰᠣᠩᠭᠤᠬᠤ ᠶᠢᠨ | ᠬᠠᠮᠳᠦ ᠡᠷᠦᠭᠡ ᠳᠤ ᠨᠠᠶᠢᠳᠠᠪᠦᠷᠢᠵᠢᠭᠤᠯᠣᠨ᠎ᠠ᠃ ᠡᠬᠦᠨ ᠤ ᠬᠠᠮᠳᠦ ᠰᠠᠭᠤᠷᠢᠨ ᠭᠠᠵᠠᠷ ᠤᠨ ᠲᠠᠷᠬᠠᠯᠳᠠ ᠶᠢᠨ ᠭᠠᠵᠠᠷ ᠵᠢᠷᠤᠭ ᠪᠣᠯᠣᠨ ᠭᠠᠵᠠᠷ ᠤᠨ ᠲᠠᠷᠬᠠᠯᠳᠠ ᠶᠢᠨ | ᠵᠢᠷᠤᠭ ᠢ ᠨᠠᠷᠢᠨ ᠨᠢᠮᠪᠡᠢ ᠵᠢᠷᠣᠵᠣ᠂ ᠨᠢᠭᠡᠳᠦᠯᠳᠡᠢ ᠳ᠋ᠣᠭᠠᠷᠯᠠᠬᠤ ᠶᠢᠨ ᠬᠠᠮᠳᠦ ᠰᠠᠭᠤᠷᠢᠨ ᠭᠠᠵᠠᠷ ᠵᠢᠴᠢ ᠡᠯ᠎ᠡ ᠣᠶᠢᠯᠠᠳᠪᠦᠷᠢᠯᠠᠯ ᠤᠨ ᠨᠢᠭᠡᠴᠢ ᠶᠢᠨ ᠢᠯᠠᠳᠳᠡ ᠣᠷᠣᠨ | ᠪᠠᠶᠢᠷᠢ ᠳᠤ ᠰᠠᠭᠤᠷᠢᠨ ᠭᠠᠵᠠᠷ ᠤᠨ ᠲᠡᠮᠳᠡᠭ ᠫᠠᠶᠢᠰᠠ ᠪᠣᠰᠬᠠᠵᠣ᠂ ᠰᠠᠭᠤᠷᠢᠨ ᠭᠠᠵᠠᠷ ᠤᠨ ᠨᠡᠷᠡᠶᠢᠳᠦᠯ᠂ ᠰᠠᠭᠤᠷᠢᠨ ᠭᠠᠵᠠᠷ ᠤᠨ ᠬᠦᠷᠢᠶ᠎ᠡ ᠬᠡᠪᠴᠢᠶ᠎ᠡ᠂ ᠰᠠᠭᠤᠷᠢᠨ | ᠭᠠᠵᠠᠷ ᠤᠨ ᠲᠠᠯᠠᠪᠠᠢ᠂ ᠰᠠᠭᠤᠷᠢᠨ ᠭᠠᠵᠠᠷ ᠢ ᠪᠠᠶᠢᠭᠤᠯᠬᠤ ᠪᠠᠶᠢᠭᠤᠯᠭ᠎ᠠ᠂ ᠰᠠᠭᠤᠷᠢᠨ ᠭᠠᠵᠠᠷ ᠲᠤ ᠲᠠᠷᠢᠵᠣ ᠪᠣᠶᠢᠵᠢᠭᠤᠯᠬᠤ ᠲᠦᠷᠦᠯ ᠵᠣᠶᠢᠯ᠂ ᠭᠤᠣᠯ ᠪᠣᠯᠬᠤ | ᠮᠡᠷᠭᠡᠵᠢᠯ ᠤᠨ ᠠᠷᠭ᠎ᠠ ᠠᠪᠴᠠᠯ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃ | 2. ᠲᠠᠷᠢᠮᠠᠯ ᠤᠨ ᠡᠭᠦᠯᠳᠡᠷ ᠪᠣᠯᠣᠨ ᠲᠠᠷᠢᠶᠠᠯᠠᠩ ᠳᠤ ᠣᠷᠣᠭᠤᠯᠬᠤ ᠵᠣᠶᠢᠯᠠᠰ ᠢ ᠲᠣᠭᠳᠠᠭᠠᠨ᠎ᠠ᠃ ᠡᠯ᠎ᠡ ᠪᠠᠯᠭᠠᠰᠣ ᠰᠠᠭᠤᠷᠢᠨ ᠭᠠᠵᠠᠷ ᠤᠨ ᠭᠠᠴᠠᠭ᠎ᠠ ᠲᠣᠰᠬᠤᠨ | ᠤ ᠪᠣᠳᠠᠳᠦ ᠪᠠᠶᠢᠳᠠᠯ ᠢ ᠦᠨᠳᠦᠰᠦᠯᠡᠨ ᠲᠠᠷᠢᠮᠠᠯ ᠤᠨ ᠡᠭᠦᠯᠳᠡᠷ ᠢ ᠲᠣᠭᠳᠠᠭᠠᠨ᠂ ᠰᠠᠭᠤᠷᠢᠨ ᠭᠠᠵᠠᠷ ᠤᠨ ᠭᠠᠴᠠᠭ᠎ᠠ ᠲᠣᠰᠬᠤᠨ ᠪᠣᠯᠭᠠᠨ ᠳᠤ 2 — 3 ᠲᠦᠷᠦᠯ | ᠤᠨ ᠡᠷᠳᠡᠨᠢ ᠰᠢᠰᠢ ᠶᠢᠨ ᠡᠭᠦᠯᠳᠡᠷ ᠢ ᠲᠦᠪᠯᠡᠷᠡᠩᠭᠦᠢ ᠵᠠᠯᠭᠠᠯᠳᠣᠭᠤᠯᠣᠨ ᠲᠠᠷᠢᠵᠣ᠂ ᠵᠣᠬᠢᠬᠤ ᠬᠡᠪᠴᠢᠶᠡᠵᠢᠯ ᠢ ᠪᠦᠷᠢᠯᠳᠦᠭᠦᠯᠬᠦ ᠶᠢᠨ ᠬᠠᠮᠳᠦ ᠮᠡᠷᠭᠡᠵᠢᠯ ᠤᠨ | ᠱᠠᠭᠠᠷᠳᠠᠯᠭ᠎ᠠ ᠪᠠᠷ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠳᠤ ᠣᠷᠣᠭᠤᠯᠬᠤ ᠵᠣᠶᠢᠯᠠᠰ ᠢᠶᠠᠨ ᠲᠣᠭᠳᠠᠭᠠᠨ᠂ ᠲᠠᠷᠢᠬᠤ ᠠᠴᠠ ᠡᠮᠦᠨᠡᠬᠢ ᠪᠡᠯᠡᠳᠬᠡᠯ ᠠᠵᠢᠯ ᠢ | ᠰᠠᠶᠢᠳᠦᠷ ᠬᠢᠨ᠎ᠡ᠃ | 3. ᠬᠤᠳᠠᠯᠳᠣᠨ ᠠᠪᠬᠤ ᠭᠡᠷ᠎ᠡ ᠲᠣᠭᠳᠠᠨᠠ᠃ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠪᠠᠯᠭᠠᠰᠣ ᠨᠢᠭᠡᠪᠦᠷᠢ 1 ᠬᠤᠷᠰᠢᠶᠠᠵᠢᠯ ᠲᠣᠭᠳᠠᠭᠠᠨ᠂ ᠲᠣᠰ | ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠲᠠᠷᠢᠮᠠᠯ ᠤᠨ ᠡᠷᠦᠭᠡ ᠶᠢᠨ ᠡᠷᠳᠡᠨᠢ ᠰᠢᠰᠢ ᠶᠢ ᠬᠤᠳᠠᠯᠳᠣᠨ ᠠᠪᠬᠤ ᠶᠢ ᠬᠠᠷᠢᠭᠤᠴᠠᠬᠤ ᠶᠢᠨ ᠬᠠᠮᠳᠦ | ᠲᠣᠯᠣᠭᠠᠶᠢᠯᠠᠭᠴᠢ ᠠᠵᠣ ᠠᠬᠤᠶᠢᠯᠠᠯ ᠲᠠᠢ ᠣᠭ ᠮᠡᠲ᠋ᠧᠷᠢᠶᠡᠯ ᠢ ᠬᠤᠳᠠᠯᠳᠣᠨ ᠠᠪᠬᠤ ᠭᠡᠷ᠎ᠡ ᠲᠣᠭᠳᠠᠵᠣ᠂ ᠭᠡᠷ᠎ᠡ ᠪᠣᠯᠣᠨ ᠠᠵᠣ ᠠᠬᠤᠶᠢᠯᠠᠯ ᠤᠨ ᠬᠤᠳᠠᠯᠳᠣᠨ ᠠᠪᠬᠤ | ᠱᠠᠭᠠᠷᠳᠠᠯᠭ᠎ᠠ ᠪᠠᠷ ᠲᠠᠷᠢᠮᠠᠯ ᠤᠨ ᠡᠷᠦᠭᠡ ᠶᠢ ᠵᠣᠬᠢᠶᠠᠨ ᠪᠠᠶᠢᠭᠤᠯᠣᠨ ᠣᠶᠢᠯᠠᠳᠪᠦᠷᠢᠯᠡᠵᠣ᠂ ︽ᠲᠣᠯᠣᠭᠠᠶᠢᠯᠠᠭᠴᠢ ᠠᠵᠣ ᠠᠬᠤᠶᠢᠯᠠᠯ + ᠬᠤᠷᠰᠢᠶᠠᠵᠢᠯ + ᠰᠠᠭᠤᠷᠢᠨ | ᠭᠠᠵᠠᠷ + ᠮᠠᠯᠴᠢᠨ ᠲᠠᠷᠢᠶᠠᠴᠢᠨ ᠡᠷᠦᠭᠡ︾ ᠶᠢᠨ ᠣᠶᠢᠯᠠᠳᠪᠦᠷᠢᠯᠠᠯ ᠡᠵᠡᠩᠨᠡᠯᠳᠡ ᠬᠠᠮᠢᠶᠠᠷᠣᠯᠳᠠ ᠶᠢᠨ ᠵᠠᠭᠪᠣᠷ ᠢ ᠪᠦᠷᠢᠯᠳᠦᠭᠦᠯᠦᠨ᠎ᠡ᠃ | 4. ᠡᠯ᠎ᠡ ᠲᠦᠷᠦᠯ ᠤᠨ ᠬᠠᠮᠢᠶᠠᠷᠣᠯᠳᠠ ᠶᠢᠨ ᠲᠣᠭᠳᠠᠯᠴᠠᠭ᠎ᠠ ᠶᠢ ᠪᠠᠶᠢᠭᠤᠯᠣᠨ᠎ᠠ᠃ ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠲᠣᠭᠳᠠᠴᠠ ᠶᠢ ᠪᠠᠶᠢᠭᠤᠯᠣᠨ | ᠲᠡᠭᠦᠯᠳᠡᠷᠵᠢᠭᠦᠯᠦᠨ᠎ᠡ᠄ ᠨᠢᠭᠡ ᠳᠤ ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ᠂ ᠡᠷᠦᠭᠡ ᠶᠢᠨ ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠲᠣᠭᠳᠠᠯᠴᠠᠭ᠎ᠠ ᠪᠣᠯᠣᠨ | ᠬᠤᠰᠢᠭᠤ᠂ ᠪᠠᠯᠭᠠᠰᠣ᠂ ᠭᠠᠴᠠᠭ᠎ᠠ ᠲᠣᠰᠬᠤᠨ ᠭᠤᠷᠪᠠᠨ ᠱᠠᠳᠣᠨ ᠤ ᠮᠡᠷᠭᠡᠵᠢᠯ ᠢ ᠲᠦᠭᠡᠮᠡᠯᠵᠢᠭᠦᠯᠬᠦ ᠣᠶᠢᠯᠡᠴᠢᠯᠡᠭᠡᠨ ᠤ ᠲᠣᠭᠳᠠᠯᠴᠠᠭ᠎ᠠ ᠶᠢ ᠪᠠᠶᠢᠭᠤᠯᠵᠣ᠂ ᠪᠣᠬᠢᠷᠳᠣᠯ | ᠦᠭᠡᠢ ᠢᠳᠡᠭᠡᠨ ᠤ ᠡᠷᠳᠡᠨᠢ ᠰᠢᠰᠢ ᠶᠢᠨ ᠣᠶᠢᠯᠠᠳᠪᠦᠷᠢᠯᠡᠭᠴᠢ ᠶᠢᠨ ᠬᠡᠷᠡᠭᠯᠡᠭᠦ ᠭᠠᠷ ᠠᠪᠣᠯᠭ᠎ᠠ ᠪᠣᠯᠣᠨ ᠪᠣᠬᠢᠷᠳᠣᠯ ᠦᠭᠡᠢ ᠢᠳᠡᠭᠡᠨ ᠤ ᠪᠠᠷᠢᠮᠵᠢᠶᠠᠴᠢᠯᠠᠭᠰᠠᠨ | ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠬᠦᠰᠦᠨᠦᠭᠳᠦ ᠶᠢ ᠲᠣᠭᠳᠠᠭᠠᠨ᠂ ᠡᠯ᠎ᠡ ᠰᠠᠭᠤᠷᠢᠨ ᠭᠠᠵᠠᠷ ᠤᠨ ᠮᠠᠯᠴᠢᠨ | ᠲᠠᠷᠢᠶᠠᠴᠢᠨ ᠡᠷᠦᠭᠡ ᠶᠢ ᠵᠢᠯᠣᠭᠤᠳᠣᠨ ᠪᠣᠬᠢᠷᠳᠣᠯ ᠦᠭᠡᠢ ᠡᠷᠳᠡᠨᠢ ᠰᠢᠰᠢ ᠶᠢᠨ ᠰᠠᠭᠤᠷᠢᠨ ᠭᠠᠵᠠᠷ ᠤᠨ ᠣᠶᠢᠯᠠᠳᠪᠦᠷᠢᠯᠠᠯ ᠤᠨ ᠲᠠᠷᠢᠶᠠᠯᠠᠩ ᠤᠨ ᠠᠵᠢᠯᠯᠠᠭ᠎ᠠ ᠪᠣᠯᠣᠨ | ᠣᠶᠢᠯᠠᠳᠪᠦᠷᠢᠯᠠᠯ ᠤᠨ ᠮᠡᠲ᠋ᠧᠷᠢᠶᠡᠯ ᠤᠨ ᠲᠠᠩᠰᠠ ᠡᠪᠬᠡᠮᠡᠯ ᠢ ᠪᠠᠶᠢᠭᠤᠯᠣᠨ᠎ᠠ᠃ ᠬᠤᠶᠠᠷ ᠲᠤ ︽ᠰᠢᠯᠢᠳᠡᠭ ᠡᠭᠦᠯᠳᠡᠷ ᠢ ᠨᠢᠭᠡᠳᠬᠡᠬᠦ᠂ ᠣᠶᠢᠯᠠᠳᠪᠦᠷᠢᠯᠠᠯ ᠤᠨ | ᠠᠵᠢᠯᠯᠠᠭᠠᠨ ᠤ ᠲᠦᠷᠢᠮ ᠢ ᠨᠢᠭᠡᠳᠬᠡᠬᠦ᠂ ᠣᠷᠣᠭᠤᠯᠣᠯᠳᠠ ᠡᠳ᠋ ᠤᠨ ᠬᠠᠩᠭᠠᠯᠭ᠎ᠠ ᠪᠣᠯᠣᠨ ᠬᠡᠷᠡᠭᠯᠡᠯᠳᠡ ᠶᠢ ᠨᠢᠭᠡᠳᠭᠡᠬᠦ᠂ ᠲᠠᠷᠢᠶᠠᠨ ᠬᠠᠮᠢᠶᠠᠷᠣᠯᠳᠠ ᠶᠢ ᠨᠢᠭᠡᠳᠬᠡᠬᠦ᠂ | ᠬᠤᠷᠢᠶᠠᠯᠳᠠ ᠶᠢ ᠨᠢᠭᠡᠳᠬᠡᠬᠦ︾ ᠶᠢᠨ ︽ᠲᠠᠪᠤ ᠶᠢ ᠨᠢᠭᠡᠳᠬᠡᠬᠦ︾ ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠲᠦᠷᠢᠮ ᠢ ᠪᠠᠶᠢᠭᠤᠯᠣᠨ᠎ᠠ᠃ ᠭᠤᠷᠪᠠ ᠳᠤ ᠰᠠᠭᠤᠷᠢᠨ | ᠭᠠᠵᠠᠷ ᠤᠨ ᠣᠶᠢᠯᠠᠳᠪᠦᠷᠢᠯᠠᠯ ᠳᠤ ᠣᠷᠣᠭᠤᠯᠬᠤ ᠡᠳ᠋ ︵ᠣᠶᠢᠯᠠᠳᠪᠦᠷᠢᠯᠠᠯ ᠤᠨ ᠮᠡᠲ᠋ᠧᠷᠢᠶᠡᠯ︶ ᠤᠨ ᠬᠠᠮᠢᠶᠠᠷᠣᠯᠳᠠ ᠶᠢᠨ ᠲᠦᠷᠢᠮ ᠪᠣᠯᠣᠨ ᠰᠠᠭᠤᠷᠢᠨ ᠭᠠᠵᠠᠷ ᠤᠨ | ᠲᠠᠷᠢᠶᠠᠯᠠᠩ ᠤᠨ ᠣᠷᠣᠭᠤᠯᠣᠯᠳᠠ ᠶᠢᠨ ᠡᠳ᠋ ᠤᠨ ᠵᠠᠬ᠎ᠠ ᠲᠡᠯᠭᠡᠬᠦᠷ ᠤᠨ ᠵᠦᠪᠰᠢᠶᠡᠷᠡᠯ ᠤᠨ ᠲᠣᠭᠳᠠᠴᠠ ᠶᠢ ᠪᠠᠶᠢᠭᠤᠯᠵᠣ᠂ ᠣᠷᠣᠭᠤᠯᠣᠯᠳᠠ ᠶᠢᠨ ᠡᠳ᠋ ᠤᠨ | ᠬᠡᠷᠡᠭᠯᠡᠯᠳᠡ ᠶᠢᠨ ᠵᠠᠩᠬᠢᠯᠠᠭ᠎ᠠ ᠶᠢ ᠡᠬᠢ ᠠᠴᠠ ᠨᠢ ᠰᠠᠶᠢᠳᠦᠷ ᠡᠵᠡᠮᠳᠡᠨ᠎ᠡ᠃ ᠰᠠᠭᠤᠷᠢᠨ ᠭᠠᠵᠠᠷ ᠤᠨ ᠣᠶᠢᠯᠠᠳᠪᠦᠷᠢᠯᠠᠯ ᠤᠨ ᠣᠷᠣᠭᠤᠯᠣᠯᠳᠠ ᠶᠢᠨ ᠡᠳ᠋ ᠤᠨ ᠨᠡᠶᠢᠳᠡᠯᠡᠯ | ᠤᠨ ᠲᠦᠷᠢᠮ ᠢ ᠲᠣᠭᠳᠠᠭᠠᠨ᠂ ᠰᠠᠭᠤᠷᠢᠨ ᠭᠠᠵᠠᠷ ᠲᠤ ᠬᠡᠷᠡᠭᠯᠡᠭᠦ ᠶᠢ ᠵᠦᠪᠰᠢᠶᠡᠷᠡᠭᠰᠡᠨ᠂ ᠴᠠᠭᠠᠵᠠᠯᠠᠭᠰᠠᠨ ᠪᠣᠶᠣ ᠬᠢᠵᠠᠭᠠᠷᠯᠠᠭᠰᠠᠨ ᠲᠠᠷᠢᠶᠠᠯᠠᠩ ᠤᠨ ᠣᠷᠣᠭᠤᠯᠣᠯᠳᠠ | ᠶᠢᠨ ᠡᠳ᠋ ᠤᠨ ᠭᠠᠷᠴᠠᠭ ᠢ ᠲᠣᠭᠳᠠᠭᠰᠠᠨ ᠬᠤᠭᠤᠴᠠᠭ᠎ᠠ ᠲᠠᠢ ᠨᠡᠶᠢᠳᠡᠯᠡᠭᠦ ᠶᠢᠨ ᠬᠠᠮᠳᠦ ᠲᠣᠳᠣᠷᠬᠠᠶᠢᠯᠠᠨ᠎ᠠ᠃ ᠲᠦᠷᠪᠡ ᠳᠤ ᠣᠶᠢᠯᠠᠳᠪᠦᠷᠢᠯᠠᠯ ᠤᠨ ᠬᠠᠮᠢᠶᠠᠷᠣᠯᠳᠠ | ᠶᠢᠨ ᠲᠠᠩᠰᠠ ᠡᠪᠬᠡᠮᠡᠯ ᠤᠨ ᠲᠦᠷᠢᠮ ᠪᠣᠯᠣᠨ ᠶᠠᠰᠦ ᠴᠢᠨᠠᠷ ᠢ ᠮᠦᠷᠳᠡᠬᠦ ᠲᠦᠷᠢᠮ ᠢ ᠪᠠᠶᠢᠭᠤᠯᠣᠨ᠂ ᠡᠯ᠎ᠡ ᠪᠠᠯᠭᠠᠰᠣ ᠮᠠᠯᠴᠢᠨ ᠲᠠᠷᠢᠶᠠᠴᠢᠨ ᠡᠷᠦᠭᠡ ᠶᠢᠨ ᠲᠠᠩᠰᠠ | ᠡᠪᠬᠡᠮᠡᠯ ᠢ ᠨᠢᠭᠡᠳᠦᠯᠳᠡᠢ ᠵᠣᠬᠢᠶᠠᠨ ᠪᠠᠶᠢᠭᠤᠯᠵᠣ᠂ ᠲᠠᠩᠰᠠ ᠡᠪᠬᠡᠮᠡᠯ ᠤᠨ ᠠᠭᠤᠯᠭ᠎ᠠ ᠳᠤ ᠰᠠᠭᠤᠷᠢᠨ ᠭᠠᠵᠠᠷ ᠤᠨ ᠨᠡᠶᠢᠷᠡᠳᠣᠯ᠂ ᠭᠠᠵᠠᠷ ᠤᠨ ᠳ᠋ᠣᠭᠠᠷᠯᠠᠯ᠂ ᠮᠠᠯᠴᠢᠨ | ᠲᠠᠷᠢᠶᠠᠴᠢᠨ ᠡᠷᠦᠭᠡ ᠶᠢᠨ ᠣᠪᠣᠭ ᠨᠠᠷ᠎ᠡ᠂ ᠲᠠᠷᠢᠮᠠᠯ ᠤᠨ ᠲᠦᠷᠦᠯ ᠡᠭᠦᠯᠳᠡᠷ ᠵᠢᠴᠢ ᠲᠠᠷᠢᠮᠠᠯ ᠤᠨ ᠲᠠᠯᠠᠪᠠᠢ ᠵᠡᠷᠭᠡ ᠶᠢ ᠪᠠᠭᠳᠠᠭᠠᠨ᠎ᠠ᠃ ᠲᠠᠪᠤ ᠳᠤ ᠲᠠᠷᠢᠶᠠᠨ | ᠣᠶᠢᠯᠠᠳᠪᠦᠷᠢᠯᠠᠯ ᠤᠨ ᠬᠠᠮᠢᠶᠠᠷᠣᠯᠳᠠ ᠶᠢᠨ ᠲᠡᠮᠳᠡᠭᠯᠡᠯ ᠢ ᠨᠢᠭᠡᠳᠬᠡᠨ᠂ ᠮᠠᠯᠴᠢᠨ ᠲᠠᠷᠢᠶᠠᠴᠢᠨ ᠡᠷᠦᠭᠡ ᠮᠡᠷᠭᠡᠵᠢᠯ ᠤᠨ ᠣᠶᠢᠯᠡᠴᠢᠯᠡᠭᠡᠨ ᠤ ᠲᠣᠭᠤᠶᠢᠯᠠᠩ ᠤᠨ | ᠵᠢᠯᠣᠭᠤᠳᠣᠯᠭ᠎ᠠ ᠲᠣᠣᠷ᠎ᠠ ᠱᠠᠭᠠᠷᠳᠠᠯᠭ᠎ᠠ ᠶᠣᠰᠣᠭᠠᠷ ᠦᠨᠡᠨ ᠪᠣᠳᠠᠳᠠᠢ ᠪᠠᠶᠢᠳᠠᠯ ᠢᠶᠠᠨ ᠲᠠᠭᠯᠠᠵᠣ᠂ ᠪᠦᠳᠦᠭᠡᠭᠳᠡᠭᠦᠨ ᠢ ᠪᠣᠷᠣᠯᠠᠭᠤᠯᠣᠭᠰᠠᠨ ᠤ ᠲᠠᠷᠠᠭ᠎ᠠ 10 ᠡᠳᠦᠷ | ᠤᠨ ᠲᠣᠳᠣᠷ᠎ᠠ ᠡᠯ᠎ᠡ ᠪᠠᠯᠭᠠᠰᠦ ᠠᠴᠠ ᠨᠢᠭᠡᠳᠦᠯᠳᠡᠢ ᠬᠤᠷᠢᠶᠠᠨ ᠬᠤᠰᠢᠭᠤ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠤ ᠲᠠᠩᠰᠠᠯᠠᠭᠤᠯᠵᠣ᠂ ᠭᠤᠷᠪᠠᠨ ᠵᠢᠯ | ᠬᠠᠳᠠᠭᠠᠯᠠᠨ᠎ᠠ᠃ ᠵᠢᠷᠭᠤᠭ᠎ᠠ ᠳᠤ ᠰᠠᠭᠤᠷᠢᠨ ᠭᠠᠵᠠᠷ ᠤᠨ ᠣᠷᠴᠢᠨ ᠬᠠᠮᠠᠭᠠᠯᠠᠯᠳᠠ ᠶᠢᠨ ᠲᠦᠷᠢᠮ ᠢ ᠲᠣᠭᠳᠠᠭᠠᠨ᠂ ᠣᠰᠣ᠂ ᠵᠠᠮ᠂ ᠣᠢ᠂ ᠲᠠᠷᠢᠶᠠᠨ ᠤ | ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠣ᠂ ᠰᠠᠭᠤᠷᠢᠨ ᠭᠠᠵᠠᠷ ᠤᠨ ᠣᠶᠢᠯᠠᠳᠪᠦᠷᠢᠯᠠᠯ ᠤᠨ ᠨᠦᠭᠦᠴᠡᠯ ᠪᠣᠯᠣᠨ ᠣᠷᠴᠢᠨ ᠲᠣᠭᠤᠷᠢᠨ ᠤ ᠶᠠᠰᠦ ᠴᠢᠨᠠᠷ ᠢ | ᠲᠠᠰᠣᠷᠠᠯᠳᠠ ᠦᠭᠡᠢ ᠲᠡᠭᠦᠯᠳᠡᠷᠵᠢᠭᠦᠯᠦᠨ ᠲᠡᠭᠡᠭᠰᠢᠯᠡᠭᠦᠯᠣᠨ᠎ᠠ᠃ ᠰᠠᠭᠤᠷᠢᠨ ᠭᠠᠵᠠᠷ ᠤᠨ ᠣᠷᠴᠢᠨ ᠬᠠᠮᠠᠭᠠᠯᠠᠯᠳᠠ ᠶᠢ ᠦᠷᠨᠢᠭᠦᠯᠣᠨ᠂ ᠰᠠᠭᠤᠷᠢᠨ ᠭᠠᠵᠠᠷ ᠤᠨ ᠡᠷᠬᠢᠨ | ᠲᠣᠭᠤᠷᠢᠨ ᠤ 5 ᠺᠢᠯᠣᠮᠧᠲᠷ ᠪᠣᠯᠣᠨ ᠰᠠᠯᠬᠢᠨ ᠤ ᠲᠡᠭᠡᠳᠦ ᠴᠢᠭᠯᠡᠯ ᠤᠨ 20 ᠺᠢᠯᠣᠮᠧᠲᠷ ᠤᠨ ᠲᠣᠳᠣᠷ᠎ᠠ ᠪᠣᠬᠢᠷᠳᠣᠯ ᠲᠠᠢ ᠣᠶᠢᠯᠠᠳᠪᠦᠷᠢᠯᠠᠯ ᠠᠭᠤᠷᠬᠠᠢ ᠶᠢᠨ ᠠᠵᠣ | ᠠᠬᠤᠶᠢᠯᠠᠯ ᠪᠠᠶᠢᠭᠤᠯᠬᠤ ᠶᠢ ᠴᠠᠭᠠᠵᠠᠯᠠᠨ᠎ᠠ᠃ ᠰᠠᠭᠤᠷᠢᠨ ᠭᠠᠵᠠᠷ ᠤᠨ ᠬᠡᠪᠴᠢᠶᠡᠨ ᠲᠣᠳᠣᠷᠠᠬᠢ ᠮᠠᠯ ᠵᠢᠭᠦᠷᠳᠡᠨ ᠤ ᠢᠯᠭᠠᠳᠠᠰᠦ ᠶᠢ ᠬᠦᠨᠦᠭᠡᠯ ᠦᠭᠡᠢ ᠰᠢᠢᠳᠪᠦᠷᠢᠯᠡᠨ᠂ | ᠬᠡᠷᠡᠭᠯᠡᠭᠦ ᠰᠡᠭᠡᠭ ᠪᠣᠷᠳᠣᠭᠤᠷ ᠢ ᠡᠷᠬᠡᠪᠰᠢ ᠦᠨᠳᠦᠷ ᠬᠠᠯᠠᠭᠤᠨ ᠢᠶᠠᠷ ᠢᠰᠭᠡᠵᠣ᠂ ᠬᠦᠨᠦᠭᠡᠯ ᠦᠭᠡᠢ ᠶᠢ ᠪᠠᠳᠣᠯᠠᠨ᠎ᠠ᠃ | 5. ᠲᠠᠷᠢᠶᠠᠯᠠᠩ ᠤᠨ ᠣᠶᠢᠯᠠᠰ ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠢ ᠪᠦᠬᠦ ᠲᠠᠯ᠎ᠠ ᠪᠠᠷ ᠠᠬᠢᠭᠤᠯᠣᠨ᠎ᠠ᠃ ᠨᠢᠭᠡ ᠳᠤ ᠪᠣᠬᠢᠷᠳᠣᠯ ᠦᠭᠡᠢ | ᠣᠶᠢᠯᠠᠳᠪᠦᠷᠢᠯᠠᠯ ᠤᠨ ᠣᠶᠢᠯᠠᠭᠠᠭᠳᠠᠬᠤᠨ ᠢ ᠪᠠᠷᠢᠮᠳᠠᠯᠠᠨ᠂ ᠨᠢᠭᠡᠳᠦᠯᠳᠡᠢ ᠰᠡᠷᠭᠡᠶᠢᠯᠡᠨ ᠨᠢᠭᠡᠳᠦᠯᠳᠡᠢ ᠵᠠᠰᠠᠬᠤ᠂ ᠪᠣᠬᠢᠷᠳᠣᠯ ᠦᠭᠡᠢ ᠰᠡᠷᠭᠡᠶᠢᠯᠡᠨ ᠵᠠᠰᠠᠬᠤ᠂ ᠨᠠᠶᠢᠷᠠᠯᠭ᠎ᠠ | ᠲᠠᠢ ᠪᠣᠷᠳᠣᠭᠤᠷ ᠣᠷᠣᠭᠤᠯᠬᠤ ᠪᠠ ᠦᠨᠳᠦᠷ ᠪᠦᠳᠦᠮᠵᠢᠳᠡᠢ ᠬᠤᠣᠷᠳᠦ ᠴᠢᠨᠠᠷ ᠢᠶᠠᠷ ᠲᠣᠣᠷ᠎ᠠ ᠲᠠᠷᠢᠶᠠᠯᠠᠩ ᠤᠨ ᠡᠮ ᠬᠡᠷᠡᠭᠯᠡᠭᠦ ᠶᠢ ᠢᠳᠡᠪᠬᠢᠳᠡᠢ ᠲᠦᠭᠡᠮᠡᠯᠵᠢᠭᠦᠯᠵᠣ᠂ | ᠪᠣᠬᠢᠷᠳᠣᠯ ᠦᠭᠡᠢ ᠡᠷᠳᠡᠨᠢ ᠰᠢᠰᠢ ᠶᠢᠨ ᠣᠶᠢᠯᠠᠳᠪᠦᠷᠢᠯᠠᠯ ᠤᠨ ᠮᠡᠷᠭᠡᠵᠢᠯ ᠤᠨ ᠠᠵᠢᠯᠯᠠᠬᠤ ᠲᠦᠷᠢᠮ ᠢ ᠲᠣᠭᠳᠠᠭᠠᠨ᠂ ᠲᠦᠷᠢᠮ ᠤᠨ ᠪᠠᠷᠢᠮᠵᠢᠶ᠎ᠡ ᠶᠢᠨ ᠡᠷᠦᠭᠡ ᠳᠤ | ᠣᠷᠣᠭᠤᠯᠬᠤ ᠨᠣᠷᠮ᠎ᠠ ᠶᠢ 100% ᠳᠤ ᠬᠦᠷᠭᠡᠨ᠎ᠡ᠃ ᠬᠤᠶᠠᠷ ᠲᠤ ᠡᠯ᠎ᠡ ᠪᠠᠯᠭᠠᠰᠣ ᠮᠡᠷᠭᠡᠵᠢᠯ ᠤᠨ ᠣᠶᠢᠯᠡᠴᠢᠯᠡᠭᠡᠨ ᠤ ᠠᠵᠢᠯᠯᠠᠬᠤ ᠠᠩᠬᠢ᠂ ᠬᠤᠷᠰᠢᠶᠠᠵᠢᠯ ᠵᠢᠴᠢ | ᠲᠠᠷᠢᠮᠠᠯ ᠤᠨ ᠲᠣᠮᠣ ᠡᠷᠦᠭᠡ ᠳᠤ ᠲᠦᠰᠢᠭᠯᠡᠨ᠂ ᠲᠣᠰ ᠪᠦᠷᠢ 50 ᠮᠣ᠋ ᠪᠣᠬᠢᠷᠳᠣᠯ ᠦᠭᠡᠢ ᠢᠳᠡᠭᠡᠨ ᠤ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ | ᠭᠠᠵᠠᠷ ᠤᠨ ᠲᠣᠷᠰᠢᠯᠳᠠ ᠶᠢᠨ ᠵᠢᠱᠢᠶ᠎ᠡ ᠦᠵᠡᠭᠦᠯᠬᠦ ᠲᠠᠷᠢᠶ᠎ᠠ ᠭᠠᠷᠭᠠᠵᠣ᠂ ᠲᠣᠷᠰᠢᠯᠳᠠ ᠶᠢᠨ ᠲᠠᠷᠢᠶᠠᠨ ᠭᠠᠵᠠᠷ ᠢ ᠰᠢᠨᠵᠢᠯᠡᠭᠦ ᠣᠬᠠᠭᠠᠨᠴᠢ ᠪᠠᠷ ᠵᠣᠬᠢᠰᠳᠠᠢ | ᠪᠠᠶᠢᠭᠤᠯᠣᠨ᠂ ᠲᠣᠷᠰᠢᠯᠳᠠ ᠶᠢᠨ ᠲᠠᠷᠢᠶᠠᠨ ᠤ ᠵᠢᠱᠢᠶ᠎ᠡ ᠦᠵᠡᠭᠦᠯᠬᠦ ᠵᠢᠯᠣᠭᠤᠳᠣᠮᠵᠢ ᠶᠢᠨ ᠣᠶᠢᠯᠠᠳᠣᠯ ᠢ ᠦᠨᠡᠨ ᠬᠦ ᠭᠦᠢᠴᠡᠳ ᠪᠠᠳᠠᠷᠠᠭᠤᠯᠣᠨ᠎ᠠ᠃ ᠲᠣᠷᠰᠢᠯᠳᠠ ᠶᠢᠨ | ᠲᠠᠷᠢᠶᠠᠨ ᠳᠤ ᠰᠢᠨ᠎ᠡ ᠮᠡᠷᠭᠡᠵᠢᠯ᠂ ᠡᠭᠦᠯᠳᠡᠷ᠂ ᠪᠣᠷᠳᠣᠭᠤᠷ᠂ ᠡᠪᠡᠳᠴᠢᠨ ᠬᠤᠷᠣᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ | ᠣᠶᠢᠯᠠᠳᠪᠦᠷᠢᠯᠠᠯ ᠤᠨ ᠮᠡᠷᠭᠡᠵᠢᠯ ᠤᠨ ᠲᠣᠷᠰᠢᠯᠳᠡ ᠶᠢᠨ ᠵᠢᠱᠢᠶ᠎ᠡ ᠦᠵᠡᠭᠦᠯᠵᠣ᠂ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ | ᠣᠶᠢᠯᠠᠳᠪᠦᠷᠢᠯᠠᠯ ᠪᠣᠯᠣᠨ ᠬᠠᠮᠢᠶᠠᠷᠣᠯᠳᠠ ᠶᠢ ᠵᠢᠯᠣᠭᠤᠳᠣᠨ᠎ᠠ᠃ ᠭᠤᠷᠪᠠ ᠳᠤ ᠮᠡᠷᠭᠡᠵᠢᠯ ᠤᠨ ᠵᠢᠯᠣᠭᠤᠳᠣᠯᠭ᠎ᠠ ᠪᠣᠯᠣᠨ ᠣᠶᠢᠯᠡᠴᠢᠯᠡᠭᠡ ᠪᠠᠨ ᠴᠢᠩᠭᠠᠳᠬᠠᠨ᠂ | ᠲᠠᠷᠢᠶᠠᠯᠠᠩ ᠤᠨ ᠣᠶᠢᠯᠠᠰ ᠤᠨ ᠪᠠᠷᠢᠮᠵᠢᠶᠡᠴᠢᠯᠠᠭᠰᠠᠨ ᠣᠶᠢᠯᠠᠳᠪᠦᠷᠢᠯᠠᠯ ᠢ ᠠᠬᠢᠭᠤᠯᠵᠣ᠂ ᠮᠠᠨ ᠤ ᠬᠤᠰᠢᠭᠤᠨ ᠤ 10 ᠲᠦᠮᠡᠨ ᠮᠣ᠋ ᠪᠣᠬᠢᠷᠳᠣᠯ ᠦᠭᠡᠢ ᠢᠳᠡᠭᠡᠨ ᠤ | ᠣᠭ ᠮᠡᠲ᠋ᠧᠷᠢᠶᠡᠯ ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠲᠦᠷᠪᠡ ᠳᠤ | ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠡᠩᠨᠡᠭᠡ ᠠᠴᠠ ᠰᠠᠭᠤᠷᠢᠨ ᠭᠠᠵᠠᠷ ᠤᠨ ᠬᠤᠷᠰᠢᠶᠠᠵᠢᠯ ᠵᠢᠴᠢ ᠮᠠᠯᠴᠢᠨ ᠲᠠᠷᠢᠶᠠᠴᠢᠨ ᠡᠷᠦᠭᠡ ᠶᠢ ᠪᠠᠶᠢᠩᠭᠤ ᠶᠢᠨ | ᠴᠢᠨᠠᠷᠳᠡᠢ ᠰᠢᠮᠳᠠᠭᠤᠯᠣᠨ ᠪᠣᠬᠢᠷᠳᠣᠯ ᠦᠭᠡᠢ ᠡᠷᠳᠡᠨᠢ ᠰᠢᠰᠢ ᠶᠢᠨ ᠣᠶᠢᠯᠠᠳᠪᠦᠷᠢᠯᠠᠯ ᠤᠨ ᠠᠵᠢᠯᠯᠠᠬᠤ ᠲᠦᠷᠢᠮ ᠢ ᠬᠡᠷᠡᠭᠵᠢᠭᠦᠯᠦᠨ ᠨᠠᠶᠢᠳᠠᠪᠦᠷᠢᠵᠢᠭᠤᠯᠵᠣ᠂ ᠲᠣᠭᠳᠠᠮᠠᠯ | ᠬᠤᠭᠤᠴᠠᠭ᠎ᠠ᠂ ᠲᠣᠭᠳᠠᠮᠠᠯ ᠪᠣᠰᠣ ᠬᠤᠭᠤᠴᠠᠭ᠎ᠠ ᠲᠠᠢ ᠪᠠᠷ ᠰᠠᠭᠤᠷᠢᠨ ᠭᠠᠵᠠᠷ ᠤᠨ ᠣᠷᠴᠢᠨ ᠲᠣᠭᠤᠷᠢᠨ᠂ ᠣᠶᠢᠯᠠᠳᠪᠦᠷᠢᠯᠠᠯ ᠤᠨ ᠶᠠᠪᠣᠴᠠ᠂ ᠲᠠᠷᠢᠶᠠᠯᠠᠩ ᠤᠨ | ᠣᠷᠣᠭᠤᠯᠣᠯᠳᠠ ᠶᠢᠨ ᠡᠳ᠋ ᠤᠨ ᠬᠡᠷᠡᠭᠯᠡᠯᠳᠡ᠂ ᠪᠦᠳᠦᠭᠡᠭᠳᠡᠭᠦᠨ ᠤ ᠶᠠᠰᠦ ᠴᠢᠨᠠᠷ᠂ ᠵᠠᠬ᠎ᠠ ᠲᠡᠯᠭᠡᠭᠦᠷ ᠵᠢᠴᠢ ᠣᠶᠢᠯᠠᠳᠪᠦᠷᠢᠯᠠᠯ ᠤᠨ ᠲᠠᠩᠰᠠ ᠡᠪᠬᠡᠮᠡᠯ ᠳᠤ ᠬᠢᠨᠠᠨ | ᠪᠠᠶᠢᠴᠠᠭᠠᠯᠳᠠ ᠪᠣᠯᠣᠨ ᠰᠣᠭᠤᠯᠣᠨ ᠪᠠᠶᠢᠴᠠᠭᠠᠯᠳᠠ ᠶᠢ ᠭᠤᠷᠪᠠ ᠣᠳᠠᠭ᠎ᠠ ᠠᠴᠠ ᠲᠡᠭᠡᠭᠰᠢ ᠬᠢᠨ᠂ ᠲᠡᠮᠳᠡᠭᠯᠡᠯ ᠢ ᠪᠦᠷᠢᠨ ᠭᠦᠢᠴᠡᠳ ᠪᠠᠶᠢᠯᠭᠠᠨ᠎ᠠ᠃ | 6. ᠮᠡᠷᠭᠡᠵᠢᠯ ᠤᠨ ᠪᠣᠯᠪᠠᠰᠣᠷᠠᠯ ᠢᠶᠠᠨ ᠴᠢᠩᠭᠠᠳᠬᠠᠨ᠎ᠠ᠃ ᠪᠣᠯᠪᠠᠰᠣᠷᠠᠯ ᠤᠨ ᠲᠦᠯᠦᠪᠯᠡᠭᠡ ᠲᠣᠭᠳᠠᠭᠠᠨ᠂ ᠪᠣᠯᠪᠠᠰᠣᠷᠠᠯ ᠡᠷᠬᠢᠯᠡᠵᠣ᠂ ᠰᠠᠭᠤᠷᠢᠨ ᠭᠠᠵᠠᠷ ᠤᠨ | ᠣᠶᠢᠯᠠᠳᠪᠦᠷᠢᠯᠠᠯ ᠤᠨ ᠬᠠᠮᠢᠶᠠᠷᠣᠭᠴᠢ᠂ ᠮᠡᠷᠭᠡᠵᠢᠯᠳᠠᠨ ᠵᠢᠴᠢ ᠮᠠᠯᠴᠢᠨ ᠲᠠᠷᠢᠶᠠᠴᠢᠨ ᠡᠷᠦᠭᠡ ᠳᠤ ᠮᠡᠷᠭᠡᠵᠢᠯ ᠤᠨ ᠪᠣᠯᠪᠠᠰᠣᠷᠠᠯ ᠬᠦᠷᠳᠡᠭᠡᠵᠣ᠂ ᠡᠷᠦᠭᠡ ᠪᠣᠯᠭᠠᠨ ᠳᠤ | ᠠᠳᠠᠭ ᠲᠤ ᠪᠠᠨ 1 ᠬᠦᠮᠦᠨ ᠳᠤ ᠪᠣᠬᠢᠷᠳᠣᠯ ᠦᠭᠡᠢ ᠢᠳᠡᠭᠡᠨ ᠤ ᠣᠶᠢᠯᠠᠳᠪᠦᠷᠢᠯᠠᠯ ᠤᠨ ᠮᠡᠷᠭᠡᠵᠢᠯ ᠢ ᠡᠵᠡᠮᠰᠢᠭᠦᠯᠵᠣ᠂ ᠪᠣᠯᠪᠠᠰᠣᠷᠠᠯ ᠤᠨ ᠪᠦᠬᠦ ᠶᠠᠪᠣᠴᠠ ᠶᠢ ᠪᠦᠷᠢᠨ | ᠲᠡᠮᠳᠡᠭᠯᠡᠨ᠂ ᠰᠢᠯᠭᠠᠯᠳᠠ ᠳᠤ ᠬᠢᠷᠢ ᠲᠡᠩᠴᠡᠭᠰᠡᠨ ᠪᠠᠶᠢᠬᠤ ᠬᠡᠷᠡᠭᠳᠡᠢ᠃ | ︵ᠭᠤᠷᠪᠠ︶ ᠲᠣᠷᠰᠢᠯᠭ᠎ᠠ ᠪᠠᠨ ᠬᠤᠷᠢᠶᠠᠩᠭᠤᠶᠢᠯᠠᠬᠤ ᠱᠠᠳᠦ ︵2023 ᠣᠨ ᠤ 10 — 11 ᠰᠠᠷ᠎ᠠ︶᠃ ᠬᠤᠰᠢᠭᠤ ᠴᠣᠭᠴᠠᠯᠠᠯᠳᠠ ᠶᠢᠨ | ᠣᠳᠣᠷᠢᠳᠬᠤ ᠲᠣᠭᠤᠶᠢᠯᠠᠩ ᠠᠴᠠ ᠡᠯ᠎ᠡ ᠪᠠᠯᠭᠠᠰᠣᠨ ᠤ ᠰᠠᠭᠤᠷᠢᠨ ᠭᠠᠵᠠᠷ ᠤᠨ ᠴᠣᠭᠴᠠᠯᠠᠯᠳᠠ ᠶᠢᠨ ᠠᠵᠢᠯ ᠢ ᠦᠪᠡᠰᠦᠪᠡᠨ ᠰᠢᠯᠭᠠᠨ ᠪᠠᠶᠢᠴᠠᠭᠠᠬᠤ ᠪᠠᠶᠢᠴᠠᠭᠠᠯᠳᠠ | ᠦᠷᠨᠢᠭᠦᠯᠣᠨ᠂ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠣᠬᠠᠢ ᠳᠤ ᠨᠢ ᠴᠡᠭᠴᠡᠯᠡᠭᠦ ᠶᠢᠨ ᠬᠠᠮᠳᠦ ᠲᠡᠭᠡᠳᠦ ᠱᠠᠳᠣᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠲᠤ ᠰᠢᠯᠭᠠᠨ ᠬᠤᠷᠢᠶᠠᠵᠣ ᠨᠣᠳᠠᠯᠠᠨ ᠬᠡᠷᠡᠴᠢᠯᠡᠭᠦ ᠶᠢ ᠭᠤᠶᠣᠴᠢᠯᠠᠨ᠎ᠠ᠃ ᠡᠭᠦᠨ ᠤ ᠬᠠᠮᠳᠦ᠂ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ | ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠶᠢᠨ ᠠᠵᠢᠯ ᠤᠨ ᠰᠠᠶᠢᠨ ᠲᠣᠷᠰᠢᠯᠭ᠎ᠠ᠂ ᠠᠷᠭ᠎ᠠ ᠠᠪᠴᠠᠯ ᠢ | ᠪᠣᠯᠪᠠᠰᠣᠷᠠᠭᠤᠯᠵᠣ᠂ ᠮᠠᠨ ᠤ ᠬᠤᠰᠢᠭᠤᠨ ᠤ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ | ᠤᠨ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠣᠯᠣᠨ ᠪᠠᠶᠢᠭᠤᠯᠣᠯᠳᠠ ᠶᠢᠨ ᠬᠢᠷᠢ ᠲᠦᠪᠰᠢᠨ ᠢᠶᠠᠨ ᠣᠯᠠᠮ ᠲᠡᠭᠡᠭᠰᠢᠯᠡᠭᠦᠯᠦᠨ᠎ᠡ᠃ | ᠲᠦᠷᠪᠡ᠂ ᠪᠠᠳᠣᠯᠠᠭ᠎ᠠ ᠶᠢᠨ ᠠᠷᠭ᠎ᠠ ᠠᠪᠴᠠᠯ | ︵ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠂ ᠪᠡᠯᠡ ᠮᠦᠩᠭᠦᠨ ᠤ ᠣᠷᠣᠭᠤᠯᠣᠯᠳᠠ ᠪᠠᠨ ᠨᠡᠮᠡᠭᠳᠡᠭᠦᠯᠦᠨ᠎ᠡ᠃ ᠣᠳᠤᠭ ᠤᠨ ᠡᠮᠦᠨᠡᠳᠦ | ᠬᠤᠰᠢᠭᠤᠨ ᠤ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠠᠯ ︵ᠡᠷᠳᠡᠨᠢ ᠰᠢᠰᠢ︶ ᠤᠨ ᠪᠠᠷᠢᠮᠵᠢᠶᠠᠴᠢᠯᠠᠭᠰᠠᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ | ᠪᠠᠶᠢᠭᠤᠯᠣᠯᠳᠠ ᠶᠢᠨ ᠣᠳᠣᠷᠢᠳᠬᠤ ᠲᠣᠭᠤᠶᠢᠯᠠᠩ ᠢ ᠪᠠᠶᠢᠭᠤᠯᠣᠨ᠂ ᠰᠠᠭᠤᠷᠢᠨ ᠭᠠᠵᠠᠷ ᠤᠨ ᠴᠣᠭᠴᠠᠯᠠᠯᠳᠠ ᠶᠢᠨ ᠶᠠᠪᠣᠴᠠ ᠳᠤ ᠲᠣᠬᠢᠶᠠᠯᠳᠣᠭᠰᠠᠨ ᠴᠢᠬᠤᠯᠠ ᠶᠡᠭᠡ | ᠠᠰᠠᠭᠤᠳᠠᠯ ᠢ ᠨᠢᠭᠡᠳᠦᠯᠳᠡᠢ ᠵᠣᠬᠢᠴᠠᠭᠤᠯᠣᠨ ᠰᠢᠢᠳᠪᠦᠷᠢᠯᠡᠨ᠎ᠡ᠃ ᠣᠳᠣᠷᠢᠳᠬᠤ ᠲᠣᠭᠤᠶᠢᠯᠠᠩ ᠤᠨ ᠲᠣᠣᠷ᠎ᠠ ᠠᠯᠪᠠᠨ ᠭᠡᠷ ᠭᠠᠷᠭᠠᠨ᠂ ᠠᠯᠪᠠᠨ ᠭᠡᠷ ᠢ ᠬᠤᠰᠢᠭᠤ ᠮᠠᠯ | ᠲᠠᠷᠢᠶᠠᠯᠠᠩ ᠤᠨ ᠲᠣᠪᠴᠢᠶᠠᠨ ᠳᠤ ᠲᠣᠬᠢᠷᠠᠭᠤᠯᠵᠣ᠂ ᠡᠯ᠎ᠡ ᠪᠦᠷᠢᠯᠳᠦᠭᠦᠨ ᠪᠠᠶᠢᠭᠤᠯᠭ᠎ᠠ ᠶᠢᠨ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠵᠣ ᠵᠢᠯᠣᠭᠤᠳᠣᠨ᠂ | ᠱᠠᠭᠠᠷᠳᠠᠨ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠪᠠᠯᠭᠠᠰᠣ ᠬᠠᠷᠠᠭᠠᠯᠵᠠᠭᠰᠠᠨ ᠣᠳᠣᠷᠢᠳᠬᠤ ᠪᠠᠶᠢᠭᠤᠯᠣᠮᠵᠢ ᠪᠠᠶᠢᠭᠤᠯᠣᠨ᠂ ᠬᠠᠷᠢᠶᠠᠳᠦ ᠣᠷᠣᠨ ᠤ | ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠶᠢᠨ ᠠᠵᠢᠯ ᠢ ᠨᠢᠭᠡᠳᠦᠯᠳᠡᠢ ᠵᠢᠯᠣᠭᠤᠳᠣᠨ ᠵᠣᠬᠢᠴᠠᠭᠤᠯᠵᠣ᠂ ᠣᠶᠢᠯᠠᠳᠪᠦᠷᠢᠯᠠᠯ ᠤᠨ ᠰᠠᠭᠤᠷᠢᠨ ᠭᠠᠵᠠᠷ | ᠤᠨ ᠴᠣᠭᠴᠠᠯᠠᠯᠳᠠ ᠶᠢᠨ ᠠᠵᠢᠯ ᠢ ᠲᠣᠰᠬᠠᠢ ᠬᠦᠮᠦᠨ ᠢᠶᠠᠷ ᠪᠣᠳᠠᠳᠠᠢ ᠬᠠᠷᠢᠴᠠᠭᠤᠯᠣᠨᠠ᠃ ᠡᠬᠦᠨ ᠤ ᠬᠠᠮᠳᠦ᠂ ᠪᠡᠯᠡ ᠮᠦᠩᠭᠦᠨ ᠤ ᠪᠠᠳᠣᠯᠠᠭ᠎ᠠ ᠶᠢ ᠴᠢᠩᠭᠠᠳᠬᠠᠨ᠂ | ᠰᠠᠭᠤᠷᠢᠨ ᠭᠠᠵᠠᠷ ᠤᠨ ᠴᠣᠭᠴᠠᠯᠠᠯᠳᠠ ᠶᠢᠨ ᠵᠠᠷᠣᠳᠠᠯ ᠢ ᠲᠣᠰ ᠱᠠᠳᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠵᠣ᠂ ᠰᠠᠭᠤᠷᠢᠨ ᠭᠠᠵᠠᠷ ᠤᠨ | ᠴᠣᠭᠴᠠᠯᠠᠯᠳᠠ ᠶᠢᠨ ᠠᠵᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠨ᠎ᠠ᠃ | ︵ᠬᠤᠶᠠᠷ︶ ᠣᠬᠠᠭᠤᠯᠭ᠎ᠠ ᠲᠠᠶᠢᠴᠢᠯᠠᠯᠳᠠ ᠪᠠᠨ ᠦᠷᠭᠡᠳᠬᠡᠨ᠂ ᠣᠬᠢ ᠰᠠᠶᠢᠨ ᠶᠠᠷᠢᠶ᠎ᠠ ᠬᠡᠯᠡᠯᠴᠡᠭᠡᠨ ᠤ ᠣᠷᠴᠢᠨ ᠢ ᠪᠦᠷᠢᠯᠳᠦᠭᠦᠯᠦᠨ᠎ᠡ᠃ ᠡᠯ᠎ᠡ ᠪᠠᠯᠭᠠᠰᠣ᠂ | ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠷᠠᠳᠢᠤ᠋᠂ ᠲᠧᠯᠸᠢᠰ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠣᠬᠠᠭᠤᠯᠭ᠎ᠠ ᠶᠢᠨ ᠬᠠᠭᠤᠳᠠᠰᠦ | ᠲᠠᠷᠬᠠᠭᠠᠬᠤ᠂ ᠣᠷᠢᠶ᠎ᠠ ᠪᠢᠴᠢᠭᠡᠰᠦ ᠡᠯᠭᠦᠬᠦ ᠵᠡᠷᠭᠡ ᠠᠷᠭ᠎ᠠ ᠪᠠᠷ ᠰᠠᠭᠤᠷᠢᠨ ᠭᠠᠵᠠᠷ ᠤᠨ ᠪᠠᠶᠢᠭᠤᠯᠣᠯᠳᠠ ᠪᠣᠯᠣᠨ ᠬᠠᠮᠢᠶᠠᠷᠣᠯᠳᠠ ᠶᠢᠨ ᠣᠬᠠᠭᠤᠯᠭ᠎ᠠ ᠶᠢᠨ ᠠᠵᠢᠯᠯᠠᠭᠠᠨ | ᠦᠷᠨᠢᠭᠦᠯᠵᠣ᠂ ᠠᠷᠠᠳ ᠣᠯᠠᠨ ᠪᠣᠯᠣᠨ ᠺᠠᠳ᠋ᠷᠴᠣᠳ ᠤᠨ ᠣᠭ ᠮᠡᠲ᠋ᠧᠷᠢᠶᠡᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠶᠢ ᠴᠢᠬᠤᠯᠠᠴᠢᠯᠠᠬᠤ ᠣᠬᠠᠮᠰᠠᠷ ᠢ | ᠲᠡᠭᠡᠭᠰᠢᠯᠡᠭᠦᠯᠦᠨ᠂ ᠪᠦᠬᠦ ᠨᠡᠶᠢᠭᠡᠮ ᠢᠶᠠᠷ ᠢᠶᠠᠨ ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ ᠤᠨ ᠣᠶᠢᠯᠠᠳᠪᠦᠷᠢᠯᠠᠯ ᠤᠨ ᠰᠠᠭᠤᠷᠢᠨ ᠭᠠᠵᠠᠷ ᠤᠨ ᠪᠠᠶᠢᠭᠤᠯᠣᠯᠳᠠ | ᠶᠢ ᠬᠠᠯᠠᠮᠵᠢᠯᠠᠨ ᠲᠡᠮᠵᠢᠬᠦ ᠣᠬᠢ ᠰᠠᠶᠢᠨ ᠣᠷᠴᠢᠨ ᠢ ᠪᠣᠢ ᠪᠣᠯᠭᠠᠨ᠎ᠠ᠃ | ︵ᠭᠤᠷᠪᠠ︶ ᠬᠢᠨᠠᠯᠳᠠ ᠬᠠᠮᠢᠶᠠᠷᠣᠯᠳᠠ ᠪᠠᠨ ᠴᠢᠩᠭᠠᠳᠬᠠᠨ᠂ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠦᠨ᠎ᠡ᠃ ᠣᠳᠣᠷᠢᠳᠬᠤ ᠲᠣᠭᠤᠶᠢᠯᠠᠩ ᠤᠨ ᠠᠯᠪᠠᠨ | ᠭᠡᠷ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠣᠨ ᠰᠠᠭᠤᠷᠢᠨ ᠭᠠᠵᠠᠷ ᠤᠨ ᠴᠣᠭᠴᠠᠯᠠᠯᠳᠠ ᠶᠢᠨ ᠠᠵᠢᠯ ᠳᠤ ᠲᠣᠭᠳᠠᠮᠠᠯ ᠬᠤᠭᠤᠴᠠᠭ᠎ᠠ᠂ | ᠲᠣᠭᠳᠠᠮᠠᠯ ᠪᠣᠰᠣ ᠬᠤᠭᠤᠴᠠᠭᠠᠨ ᠤ ᠬᠢᠨᠠᠯᠳᠠ ᠪᠠᠶᠢᠴᠠᠭᠠᠯᠳᠠ ᠶᠠᠪᠣᠭᠳᠠᠭᠤᠯᠣᠨ᠂ ᠢᠯᠡᠷᠡᠭᠦᠯᠦᠭᠰᠡᠨ ᠠᠰᠠᠭᠤᠳᠠᠯ ᠢ ᠴᠠᠭ ᠲᠣᠬᠠᠢ ᠳᠤ ᠨᠢ ᠰᠢᠢᠳᠪᠦᠷᠢᠯᠡᠵᠣ᠂ ᠰᠢᠨ᠎ᠡ | ᠲᠣᠭᠳᠠᠴᠠ ᠶᠢ ᠲᠠᠰᠣᠷᠠᠯᠳᠠ ᠦᠭᠡᠢ ᠰᠦᠪᠡᠭᠴᠢᠯᠡᠨ᠂ ᠰᠢᠨ᠎ᠡ ᠨᠡᠶᠢᠳᠡᠯᠢᠭ ᠵᠢᠱᠢᠶ᠎ᠡ ᠶᠢ ᠢᠯᠡᠷᠡᠭᠦᠯᠵᠣ᠂ ᠰᠠᠶᠢᠨ ᠲᠣᠷᠰᠢᠯᠭ᠎ᠠ ᠬᠤᠷᠠᠮᠳᠣᠭᠤᠯᠣᠨᠠ᠃ ᠡᠭᠦᠨ ᠤ | ᠬᠠᠮᠳᠦ᠂ ᠱᠠᠩᠨᠠᠬᠤ ᠲᠣᠷᠭᠠᠬᠤ ᠵᠢᠴᠢ ᠬᠢᠨᠠᠨ ᠰᠢᠯᠭᠠᠬᠤ ᠠᠷᠭ᠎ᠠ ᠲᠣᠭᠳᠠᠭᠠᠨ᠂ ᠬᠢᠨᠠᠨ ᠰᠢᠯᠭᠠᠯᠳᠠ ᠶᠢᠨ ᠦᠷ᠎ᠡ ᠳ᠋ᠦᠩ ᠤᠨ ᠬᠡᠷᠡᠭᠯᠡᠯᠳᠡ ᠶᠢ ᠴᠢᠩᠭᠠᠳᠬᠠᠵᠣ᠂ | ᠬᠢᠨᠠᠨ ᠰᠢᠯᠭᠠᠯᠳᠠ ᠶᠢᠨ ᠦᠷ᠎ᠡ ᠳ᠋ᠦᠩ ᠢᠶᠠᠷ ᠲᠡᠷᠢᠭᠦᠨ ᠤ ᠨᠢᠭᠡᠴᠢ ᠶᠢ ᠵᠠᠷᠯᠠᠯ ᠨᠡᠶᠢᠳᠡᠯᠡᠵᠣ ᠬᠦᠬᠢᠭᠦᠯᠦᠨ ᠱᠠᠩᠨᠠᠵᠣ᠂ ᠠᠵᠢᠯ ᠢᠶᠠᠨ ᠬᠦᠴᠦᠳᠡᠢ ᠠᠬᠢᠭᠤᠯᠣᠭᠰᠠᠨ | ᠦᠭᠡᠢ᠂ ᠡᠭᠦᠷᠭᠡ ᠬᠠᠷᠠᠯᠳᠠ ᠪᠠᠨ ᠪᠡᠶᠡᠯᠡᠭᠦᠯᠦᠭᠰᠡᠨ ᠦᠭᠡᠢ ᠪᠣᠯ ᠪᠣᠯᠵᠣᠨ ᠶᠠᠷᠢᠯᠴᠠᠵᠣ ᠬᠠᠷᠢᠭᠤᠴᠠᠯᠭ᠎ᠠ ᠨᠡᠭᠡᠮᠵᠢᠯᠡᠨ᠎ᠡ᠃ | | |