ᠤᠳᠤᠭ ᠡᠮᠤᠨᠡᠳᠤ ᠵᠠᠰᠠᠭ ᠳᠠᠷᠬᠠᠭᠠᠬᠤ ﹇2023﹈ 1 ᠳᠤᠭᠠᠳᠤ
ᠨᠡᠶᠢᠲᠡᠯᠡᠭᠰᠡᠨ ᠴᠠᠭ᠄
2023/5/12
          ︽ᠤᠳᠤᠭ ᠤᠨ ᠡᠮᠤᠨᠡᠳᠤ ᠬᠤᠰᠢᠭᠤᠨ ᠤ 2023 ᠤᠨ ᠤ ᠮᠠᠯ ᠳᠠᠷᠢᠶᠠᠯᠠᠩ ᠤᠨ ᠤᠶᠢᠯᠡᠰ ᠤᠨ ᠴᠢᠨᠠᠷᠯᠢᠭ           ᠬᠦᠭᠵᠢᠯᠳᠠ ᠶᠢ ᠠᠬᠢᠭᠤᠯᠬᠤ ᠳᠡᠮᠵᠢᠯᠬᠡ ᠶᠢᠨ ᠲᠦᠷᠤ ᠶᠢᠨ ᠪᠤᠳᠤᠯᠭ᠎ᠠ︾ ᠶᠢ ᠳᠠᠷᠤᠮᠠᠯᠯᠠᠨ ᠳᠠᠷᠬᠠᠭᠠᠬᠤ              ᠳᠤᠬᠠᠢ ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠮᠡᠳᠡᠭᠳᠡᠯ         ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠬᠠᠮᠢᠶᠠᠷᠤᠯᠳᠠ ᠶᠢᠨ ᠵᠦᠪᠯᠡᠯ᠂ ᠡᠯ᠎ᠡ ᠪᠠᠯᠭᠠᠰᠤ ᠶᠢᠨ ᠠᠷᠠᠤᠨ ᠤᠨ ᠵᠠᠰᠠᠭ ᠤᠨ ᠤᠷᠳᠤᠨ᠂ ᠬᠤᠰᠢᠭᠤ ᠰᠢᠭᠤᠤᠨ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠤᠶᠢᠯᠡᠰ ᠤᠨ ᠨᠢᠬᠡᠴᠠ᠄     ᠡᠳᠤᠬᠡ ︽ᠤᠳᠤᠭ ᠤᠨ ᠡᠮᠤᠨᠡᠳᠤ ᠬᠤᠰᠢᠭᠤᠨ ᠤ 2023 ᠤᠨ ᠤ ᠮᠠᠯ ᠳᠠᠷᠢᠶᠠᠯᠠᠩ ᠤᠨ ᠤᠶᠢᠯᠡᠰ ᠤᠨ ᠴᠢᠨᠠᠷᠯᠢᠭ ᠬᠦᠭᠵᠢᠯᠳᠠ ᠶᠢ ᠠᠬᠢᠭᠤᠯᠬᠤ ᠳᠡᠮᠵᠢᠯᠬᠡ  ᠶᠢᠨ ᠲᠦᠷᠤ ᠶᠢᠨ ᠪᠤᠳᠤᠯᠭ᠎ᠠ︾ ᠶᠢ ᠬᠤᠰᠢᠭᠤ ᠠᠷᠠᠤᠨ ᠤᠨ ᠵᠠᠰᠠᠭ ᠤᠨ ᠤᠷᠳᠤᠨ ᠤ 2023 ᠤᠨ ᠤ 1 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠵᠦᠪᠰᠢᠶᠡᠷᠡᠬᠦᠯᠤᠬᠡᠤᠨ ᠳᠠᠷᠤᠮᠠᠯᠯᠠᠨ ᠳᠠᠷᠬᠠᠭᠠᠯ᠎ᠠ᠂᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠰᠤᠬᠡᠢ᠃                                  ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ                                               2023 ᠤᠨ ᠤ 1 ᠰᠠᠷ᠎ᠠ ᠶᠢᠨ 10 ᠤ ᠡᠳᠤᠷ                 ᠤᠳᠤᠭ ᠤᠨ ᠡᠮᠤᠨᠡᠳᠤ ᠬᠤᠰᠢᠭᠤᠨ ᠤ 2023 ᠤᠨ ᠤ ᠮᠠᠯ ᠳᠠᠷᠢᠶᠠᠯᠠᠩ ᠤᠨ ᠤᠶᠢᠯᠡᠰ ᠤᠨ                       ᠴᠢᠨᠠᠷᠯᠢᠭ ᠬᠦᠭᠵᠢᠯᠳᠠ ᠶᠢ ᠠᠬᠢᠭᠤᠯᠬᠤ ᠳᠡᠮᠵᠢᠯᠬᠡ ᠶᠢᠨ ᠲᠦᠷᠤ ᠶᠢᠨ ᠪᠤᠳᠤᠯᠭ᠎ᠠ     ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ︽ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ᠂  ᠮᠠᠯᠴᠢᠨ ᠳᠠᠷᠢᠶᠠᠴᠢᠨ︾ ᠤ ᠠᠵᠢᠯ ᠤᠨ ᠴᠢᠬᠤᠯᠠ ᠦᠬᠦᠯᠡᠮᠵᠢ ᠪᠠ ᠦᠪᠤᠷ ᠮᠤᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠤᠨ᠂ ᠠᠮᠢ ᠠᠬᠤᠢ ᠶᠢ ᠳᠡᠷᠢᠬᠦᠨ ᠳᠤ ᠳᠠᠯᠪᠢᠬᠤ ᠪᠤᠬᠢᠷᠳᠤᠯ ᠦᠬᠡᠢ ᠬᠦᠭᠵᠢᠯᠳᠠ ᠶᠢ ᠪᠠᠷᠢᠮᠳᠠᠯᠠᠵᠤ᠂ ᠤᠷᠳᠤᠰ ᠬᠤᠳᠠ ᠶᠢᠨ ︽ᠨᠢᠬᠡᠳᠤᠬᠡᠷ ᠠᠵᠤ ᠤᠶᠢᠯᠡᠰ ᠢ ᠳᠠᠬᠢᠨ ᠴᠤᠭᠴᠠᠯᠠᠬᠤ︾ ᠱᠠᠭᠠᠷᠳᠠᠯᠭ᠎ᠠ ᠶᠢᠨ ᠳᠤᠭᠤᠷᠢᠨ ᠳᠤ ᠬᠤᠰᠢᠭᠤ ᠡᠳ᠋ ᠤᠨ ᠵᠠᠰᠠᠭ ᠤᠨ ᠪᠡᠯᠡ ᠮᠦᠩᠬᠦᠨ ᠤ ᠬᠦᠰᠢᠬᠦᠷᠬᠡ ᠶᠢᠨ ᠤᠶᠢᠯᠡᠳᠤᠯ ᠢ ᠬᠦᠢᠴᠡᠤᠨ ᠪᠠᠳᠠᠷᠠᠭᠤᠯᠤᠨ᠂ ᠮᠠᠯ ᠳᠠᠷᠢᠶᠠᠯᠠᠩ ᠢ ᠬᠠᠷᠠᠭᠠᠯᠵᠠᠬᠤ ᠡᠯ᠎ᠡ ᠲᠦᠷᠤᠯ ᠤᠨ ᠪᠡᠯᠡ ᠮᠦᠩᠬᠦ ᠶᠢ ᠨᠢᠬᠡᠳᠤᠯᠳᠠᠢ ᠬᠡᠷᠡᠭᠯᠡᠵᠤ᠂ ᠮᠠᠯ ᠳᠠᠷᠢᠶᠠᠯᠠᠩ ᠤᠨ ᠤᠶᠢᠯᠡᠰ ᠤᠨ ᠴᠢᠨᠠᠷᠯᠢᠭ ᠬᠦᠭᠵᠢᠯᠳᠠ ᠶᠢᠨ ᠳᠤᠪᠤᠶᠢᠮ᠎ᠠ ᠳᠤᠳᠠᠭᠤᠳᠠᠯ ᠪᠠ ᠪᠠᠭᠤᠷᠠᠢ ᠳᠠᠯ᠎ᠠ ᠶᠢ ᠨᠦᠬᠦᠪᠤᠷᠢᠯᠡᠨ᠂ ᠮᠠᠯ ᠳᠠᠷᠢᠶᠠᠯᠠᠩ ᠤᠨ ᠤᠶᠢᠯᠡᠰ ᠤᠨ ᠴᠢᠨᠠᠷᠯᠢᠭ ᠪᠦᠳᠤᠮᠵᠢᠳᠠᠢ ᠪᠤᠬᠢᠷᠳᠤᠯ ᠦᠬᠡᠢ ᠬᠡᠯᠪᠡᠷᠢ ᠬᠤᠪᠢᠷᠠᠭᠠᠯᠳᠠ  ᠶᠢ ᠠᠬᠢᠭᠤᠯᠵᠤ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠳᠠᠭᠤᠷᠢᠶᠠᠯ ᠤᠷᠤᠨ ᠤ ᠴᠤᠭᠴᠠᠯᠠᠯᠳᠠ ᠶᠢ ᠠᠬᠢᠭᠤᠯᠬᠤ ᠶᠢᠨ ᠳᠤᠰᠠᠳᠠ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠳᠤᠰ ᠲᠦᠷᠤ ᠶᠢᠨ ᠪᠤᠳᠤᠯᠭ᠎ᠠ ᠶᠢ ᠳᠤᠭᠳᠠᠭᠠᠪᠠ᠃     ᠨᠢᠬᠡ᠂ ᠳᠠᠷᠢᠮᠠᠯ ᠤᠨ ᠪᠦᠳᠤᠴᠠ ᠶᠢ ᠳᠤᠬᠢᠷᠠᠭᠤᠯᠵᠤ᠂ ᠳᠠᠷᠢᠶᠠᠯᠠᠩ ᠤᠨ ᠦᠨᠳᠤᠷ ᠪᠦᠳᠤᠮᠵᠢᠳᠠᠢ ᠪᠤᠬᠢᠷᠳᠤᠯ ᠦᠬᠡᠢ ᠬᠦᠭᠵᠢᠯᠳᠠ ᠶᠢ ᠠᠬᠢᠭᠤᠯᠤᠨ᠎ᠠ     ︵ᠨᠢᠬᠡ︶ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ᠃ ᠰᠢᠷ᠎ᠠ ᠪᠤᠷᠴᠠᠭ ᠡᠷᠳᠡᠨᠢ ᠰᠢᠰᠢ ᠶᠢᠨ ᠪᠦᠰᠡᠯᠢᠭ ᠨᠠᠶᠢᠯᠡᠮᠡᠯ ᠳᠠᠷᠢᠯᠳᠠ ᠶᠢ 1 ᠲᠦᠮᠡᠨ ᠮᠤ᠋ ᠳᠡᠯᠬᠡᠷᠡᠬᠦᠯᠵᠤ᠂ ᠰᠢᠷ᠎ᠠ ᠪᠤᠷᠴᠠᠭ ᠤᠨ ᠦᠷ᠎ᠠ᠂ ᠡᠪᠡᠰᠤ ᠠᠷᠢᠯᠭᠠᠭᠴᠢ᠂ ᠤᠰᠤ ᠬᠠᠳᠠᠭᠠᠯᠠᠬᠤ ᠡᠳ᠋ ᠤᠨ ᠬᠤᠳᠠᠯᠳᠤᠨ ᠠᠪᠤᠯᠳᠠ ᠵᠢᠴᠢ ᠪᠤᠯᠪᠠᠰᠤᠷᠠᠯ ᠤᠬᠠᠭᠤᠯᠭ᠎ᠠ ᠵᠡᠷᠬᠡ ᠳᠤ ᠨᠦᠬᠦᠪᠤᠷᠢ ᠤᠯᠭᠤᠨ᠎ᠠ᠃     ︵ᠬᠤᠶᠠᠷ︶ ᠬᠠᠭᠤᠷᠠᠢ ᠰᠤᠷᠭᠤᠭ ᠢᠶᠠᠷ ᠬᠠᠳᠠᠭᠠᠯᠠᠬᠤ ᠬᠤᠤᠰ ᠬᠡᠷᠡᠭᠴᠡᠬᠡᠳᠤ ᠯᠠᠵᠤᠤ ᠶᠢᠨ ᠳᠠᠷᠢᠯᠳᠠ᠃ ᠬᠤᠩ ᠯᠥᠩ ᠤᠨ ᠰᠢᠷᠢᠰ ᠬᠠᠭᠤᠷᠠᠢ ᠰᠤᠷᠭᠤᠭ  ᠢᠶᠠᠷ ᠬᠠᠳᠠᠭᠠᠯᠠᠬᠤ ᠬᠤᠤᠰ ᠬᠡᠷᠡᠭᠴᠡᠬᠡᠳᠤ ᠯᠠᠵᠤᠤ ᠶᠢ 3.3 ᠲᠦᠮᠡᠨ ᠮᠤ᠋ ᠳᠡᠯᠬᠡᠷᠡᠬᠦᠯᠤᠨ ᠳᠠᠷᠢᠨ᠎ᠠ᠃ ᠬᠠᠤᠯᠢ ᠶᠤᠰᠤᠨ ᠤ ᠤᠰᠤᠯᠠᠯᠳᠠ ᠶᠢᠨ ᠭᠠᠵᠠᠷ ᠲᠤ ᠳᠠᠷᠢᠭᠰᠡᠨ ᠡᠵᠡᠩᠨᠡᠯᠳᠠ ᠶᠢᠨ ᠭᠤᠤᠯ ᠴᠤᠭᠴᠠ ᠳᠤ ᠮᠤ᠋ ᠪᠦᠷᠢ ᠳᠤ 300 ᠲᠦᠬᠦᠷᠢᠭ ᠤᠨ ᠦᠷ᠎ᠠ ᠶᠢᠨ ᠴᠢᠬᠢ ᠶᠢᠨ ᠨᠦᠬᠦᠪᠤᠷᠢ ᠤᠯᠭᠤᠨ᠎ᠠ᠃ ᠦᠨᠳᠤᠷ ᠪᠦᠳᠤᠮᠵᠢᠳᠠᠢ ᠤᠰᠤ ᠠᠷᠪᠢᠯᠠᠬᠤ ᠳᠤᠰᠤᠯᠭᠠᠨ ᠤᠰᠤᠯᠠᠯᠳᠠ ᠪᠠᠷ ᠤᠰᠤᠯᠠᠭᠰᠡᠨ ᠪᠤᠯ ᠮᠤ᠋ ᠪᠦᠷᠢ ᠳᠤ 45 ᠲᠦᠬᠦᠷᠢᠭ ᠤᠨ ᠦᠨᠳᠤᠷ ᠪᠦᠳᠤᠮᠵᠢᠳᠠᠢ ᠤᠰᠤ ᠠᠷᠪᠢᠯᠠᠬᠤ ᠳᠤᠰᠤᠯᠭᠠᠨ ᠤᠰᠤᠯᠠᠯᠳᠠ ᠶᠢᠨ ᠨᠦᠬᠦᠪᠤᠷᠢ ᠤᠯᠭᠤᠨ᠎ᠠ︔ ᠳᠠᠷᠢᠶᠠᠯᠠᠩ ᠤᠨ ᠮᠠᠰᠢᠨᠴᠢᠯᠠᠯᠳᠠ ᠶᠢᠨ ᠤᠶᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠠᠴᠠ ᠬᠠᠭᠤᠷᠠᠢ ᠰᠤᠷᠭᠤᠭ ᠢᠶᠠᠷ ᠬᠠᠳᠠᠭᠠᠯᠠᠬᠤ ᠬᠤᠤᠰ ᠬᠡᠷᠡᠭᠴᠡᠬᠡᠳᠤ ᠯᠠᠵᠤᠤ ᠶᠢᠨ ᠳᠠᠷᠢᠯᠳᠠ ᠶᠢᠨ ᠬᠡᠷ᠎ᠡ ᠳᠤᠭᠳᠠᠭᠰᠠᠨ ᠠᠵᠤ ᠠᠬᠤᠶᠢᠯᠠᠯ ᠪᠠ ᠳᠠᠷᠢᠯᠳᠠ ᠶᠢᠨ ᠡᠷᠤᠬᠡ ᠳᠤ ᠤᠶᠢᠯᠡᠴᠢᠯᠡᠭᠡ ᠬᠠᠩᠭᠠᠭᠰᠡᠨ ᠪᠤᠯ᠂ ᠮᠤ᠋ ᠪᠦᠷᠢ ᠳᠤ 27 ᠲᠦᠬᠦᠷᠢᠭ ᠤᠨ ᠳᠠᠷᠢᠶᠠᠯᠠᠩ ᠮᠠᠰᠢᠨᠴᠢᠯᠠᠯᠳᠠ ᠶᠢᠨ ᠤᠶᠢᠯᠡᠴᠢᠯᠡᠬᠡᠨ ᠤ ᠨᠦᠬᠦᠪᠤᠷᠢ ᠤᠯᠭᠤᠨ᠎ᠠ᠃ ᠳᠠᠷᠢᠶᠠᠯᠠᠩ ᠤᠨ ᠮᠠᠰᠢᠨᠴᠢᠯᠠᠯᠳᠠ ᠶᠢᠨ ᠤᠶᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠳᠤᠰᠬᠠᠢ ᠮᠠᠰᠢᠨ ᠮᠧᠬᠠᠨᠢᠭ ᠬᠤᠳᠠᠯᠳᠤᠨ ᠠᠪᠤᠭᠰᠠᠨ ᠪᠤᠯ ᠰᠠᠭᠤᠷᠢ ᠪᠦᠷᠢ ᠳᠤ ᠬᠤᠳᠠᠯᠳᠤᠨ ᠠᠪᠤᠭᠰᠠᠨ ᠦᠨ᠎ᠡ ᠶᠢᠨ 40% ᠪᠠᠷ ᠨᠦᠬᠦᠪᠤᠷᠢᠯᠡᠵᠤ᠂ ᠭᠠᠭᠴᠠ ᠰᠠᠭᠤᠷᠢ ᠮᠠᠰᠢᠨ ᠤ ᠨᠦᠬᠦᠪᠤᠷᠢ ᠶᠢ 2 ᠲᠦᠮᠡᠨ ᠲᠦᠬᠦᠷᠢᠭ ᠠᠴᠠ ᠬᠡᠳᠤᠷᠡᠬᠦᠯᠵᠤ ᠪᠤᠯᠬᠤ ᠦᠬᠡᠢ︔ ᠲᠦᠷᠤᠯ ᠵᠦᠢᠯ ᠤᠨ ᠡᠷᠬᠢᠯᠳᠠ ᠵᠡᠷᠬᠡ ᠵᠠᠷᠤᠳᠠᠯ ᠢ 30 ᠲᠦᠮᠡᠨ ᠲᠦᠬᠦᠷᠢᠭ ᠳᠤᠬᠢᠷᠠᠭᠤᠯᠤᠨ᠎ᠠ᠃     ︵ᠭᠤᠷᠪᠠ︶ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ ᠵᠠᠰᠠᠯᠳᠠ᠃ ᠳᠠᠬᠢᠯᠳᠤ ᠪᠠ ᠤᠯᠵᠠᠴᠢ ᠪᠠᠯᠭᠠᠰᠤ ᠶᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠤᠷᠤᠨ ᠤ 1000 ᠮᠤ᠋ ᠳᠤ ᠦᠨᠵᠢᠬᠦᠯᠤᠨ ᠳᠠᠷᠢᠬᠤ ᠶᠢ ᠬᠡᠷᠡᠭᠵᠢᠬᠦᠯᠵᠤ᠂ ᠮᠤ᠋ ᠪᠦᠷᠢ ᠳᠤ 1000 ᠲᠦᠬᠦᠷᠢᠭ ᠤᠨ ᠨᠦᠬᠦᠪᠤᠷᠢ ᠤᠯᠭᠤᠨ᠎ᠠ︔ ᠪᠤᠷᠤᠭᠠᠨ ᠢ ᠠᠰᠢᠭᠯᠠᠬᠤ ᠬᠠᠭᠤᠷᠠᠢ ᠳᠠᠷᠢᠶ᠎ᠠ ᠪᠠᠷ 2000 ᠮᠤ᠋ ᠡᠯᠳᠡᠪ ᠠᠮᠤ ︵ᠨᠠᠷᠢᠮᠤ᠂ ᠰᠢᠷ᠎ᠠ ᠪᠤᠷᠴᠠᠭ᠂ ᠠᠮᠤ᠂ ᠰᠠᠭᠠᠭ ᠵᠡᠷᠬᠡ︶ ᠳᠠᠷᠢᠵᠤ᠂ ᠮᠤ᠋ ᠪᠦᠷᠢ ᠳᠤ 500 ᠲᠦᠬᠦᠷᠢᠭ ᠨᠦᠬᠦᠪᠤᠷᠢᠯᠡᠨ᠎ᠡ︔ 10 ᠮᠤ᠋ ᠬᠠᠤᠯᠢ ᠶᠤᠰᠤᠨ ᠤ ᠤᠰᠤᠯᠠᠯᠳᠠ ᠶᠢᠨ ᠭᠠᠵᠠᠷ ᠢᠶᠠᠷ ᠨᠢᠬᠡ ᠰᠠᠭᠤᠷᠢ 0.8 ᠮᠤ᠋ ᠠᠴᠠ ᠳᠡᠬᠡᠭᠰᠢᠬᠢ ᠪᠠᠷᠢᠮᠵᠢᠶᠠᠳᠤ ᠰᠦᠯᠢᠶᠤᠤ ᠭᠤᠯᠳᠤᠩ ᠰᠡᠷᠠᠪᠴᠢ ᠰᠤᠯᠢᠬᠤ ᠮᠦᠷᠳᠡᠬᠡᠨ ᠦᠯᠡᠳᠡᠬᠡᠭᠰᠡᠨ 9.2 ᠮᠤ᠋ ᠳᠤ ᠪᠠᠨ ᠰᠠᠶᠢᠨ ᠳᠤᠷ᠎ᠠ ᠠᠴᠠ ᠪᠠᠨ ᠪᠤᠷᠤᠭᠠᠨ ᠢ ᠠᠰᠢᠭᠯᠠᠬᠤ ᠬᠠᠭᠤᠷᠠᠢ ᠳᠠᠷᠢᠶ᠎ᠠ ᠪᠤᠶᠤ ᠤᠰᠤ ᠶᠢ  ᠬᠢᠵᠠᠭᠠᠷᠯᠠᠬᠤ ᠡᠯᠳᠡᠪ ᠠᠮᠤ ᠳᠠᠷᠢᠪᠠᠯ ︵ᠵᠢᠯ ᠳᠤ 3 ᠤᠳᠠᠭ᠎ᠠ ᠳᠤᠰᠤᠯᠭᠠᠨ ᠤᠰᠤᠯᠠᠯᠳᠠ ᠪᠠᠷ ᠬᠢᠵᠠᠭᠠᠷᠯᠠᠨ᠂ ᠮᠤ᠋ ᠪᠦᠷᠢ ᠶᠢᠨ ᠤᠰᠤ ᠬᠡᠷᠡᠭᠯᠡᠬᠦ ᠬᠡᠮᠵᠢᠶ᠎ᠡ 60 ᠪᠤᠰᠤᠭ᠎ᠠ ᠲᠦᠷᠪᠡᠯᠵᠢᠨ ᠮᠧᠲᠷ ᠠᠴᠠ ᠬᠡᠳᠤᠷᠡᠵᠤ ᠪᠤᠯᠬᠤ ᠦᠬᠡᠢ︶᠂ ᠰᠠᠭᠤᠷᠢ ᠪᠦᠷᠢ ᠳᠤ 1.5 ᠲᠦᠮᠡᠨ ᠲᠦᠬᠦᠷᠢᠭ ᠨᠦᠬᠦᠪᠤᠷᠢᠯᠡᠨ᠎ᠡ᠃     ︵ᠲᠦᠷᠪᠡ︶ ᠰᠦᠯᠢᠶᠤᠤ ᠭᠤᠯᠳᠤᠩ ᠰᠠᠷᠠᠪᠴᠢ ᠶᠢᠨ ᠨᠦᠬᠦᠪᠤᠷᠢ᠃ ︽2020 ᠤᠨ ᠤ ᠮᠠᠯ ᠳᠠᠷᠢᠶᠠᠯᠠᠩ ᠤᠨ ᠤᠶᠢᠯᠡᠰ ᠤᠨ ᠪᠦᠳᠤᠴᠠ ᠶᠢᠨ ᠳᠤᠬᠢᠷᠠᠭᠤᠯᠤᠯᠳᠠ ᠶᠢ ᠠᠬᠢᠭᠤᠯᠤᠨ ᠵᠠᠬ᠎ᠠ ᠳᠡᠯᠬᠡᠬᠦᠷ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠬᠡᠤᠨᠬᠡᠬᠦ ᠬᠡᠷᠡᠭᠵᠢᠬᠦᠯᠤᠯᠳᠠ ᠶᠢᠨ ᠲᠦᠰᠤᠯ︾ ᠶᠤᠰᠤᠭᠠᠷ᠂ 2020 ᠤᠨ ᠳᠤ ᠰᠢᠨ᠎ᠠ ᠪᠠᠷ  ᠪᠠᠶᠢᠭᠤᠯᠤᠭᠰᠡᠨ ᠮᠦᠷᠳᠡᠬᠡᠨ ᠦᠷᠬᠦᠯᠵᠢᠯᠡᠨ ᠬᠡᠷᠡᠭᠯᠡᠵᠤ ᠪᠠᠶᠢᠭ᠎ᠠ 137 ᠰᠠᠭᠤᠷᠢ ᠰᠦᠯᠢᠶᠤᠤ ᠭᠤᠯᠳᠤᠩ ᠰᠠᠷᠠᠪᠴᠢ ᠶᠢ ᠰᠢᠯᠭᠠᠨ ᠬᠤᠷᠢᠶᠠᠭᠠᠤᠨ ᠬᠢᠷᠢ ᠳᠡᠩᠴᠡᠭᠰᠡᠨ ᠤ ᠰᠡᠬᠦᠯᠡᠷ᠂ ᠰᠠᠭᠤᠷᠢ ᠪᠦᠷᠢ ᠳᠤ 2000 ᠲᠦᠬᠦᠷᠢᠭ ᠤᠨ ᠨᠦᠬᠦᠪᠤᠷᠢ ᠤᠯᠭᠤᠨ᠎ᠠ᠃     ︵ᠳᠠᠪᠤ︶ ᠳᠠᠷᠢᠮᠠᠯ ᠤᠨ ᠤᠶᠢᠯᠡᠰ ᠤᠨ ᠲᠦᠷᠤ ᠶᠢᠨ ᠪᠤᠳᠤᠯᠭ᠎ᠠ ᠶᠢᠨ ᠳᠠᠭᠠᠤᠨᠬᠠᠯ᠃ ᠬᠠᠤᠯᠢ ᠶᠤᠰᠤᠨ ᠤ ᠤᠰᠤᠯᠠᠯᠳᠠ ᠶᠢᠨ ᠭᠠᠵᠠᠷ ᠲᠤ ᠯᠠᠵᠤᠤ ᠳᠠᠷᠢᠵᠤ ᠳᠠᠭᠠᠤᠨᠬᠠᠯ ᠳᠤ ᠤᠷᠤᠭᠤᠯᠬᠤ ᠡᠷᠤᠬᠡ ᠳᠤ ᠳᠠᠭᠠᠤᠨᠬᠠᠯ ᠤᠨ ᠵᠠᠷᠤᠳᠠᠯ ᠤᠨ ᠨᠦᠬᠦᠪᠤᠷᠢ ᠤᠯᠭᠤᠨ᠎ᠠ᠃ ᠰᠢᠨ᠎ᠠ ᠰᠤᠷᠭᠤᠭ ᠢᠳᠡᠰᠢᠨ ᠯᠠᠵᠤᠤ ᠳᠠᠷᠢᠬᠤ ᠡᠷᠤᠬᠡ ᠳᠤ ᠮᠤ᠋ ᠪᠦᠷᠢ ᠳᠤ 70%᠂ 100.8 ᠲᠦᠬᠦᠷᠢᠭ ᠤᠨ ᠳᠠᠭᠠᠤᠨᠬᠠᠯ ᠤᠨ ᠵᠠᠷᠤᠳᠠᠯ ᠤᠨ ᠨᠦᠬᠦᠪᠤᠷᠢ ᠤᠯᠭᠤᠨ᠎ᠠ︔ ᠬᠤᠩ ᠯᠥᠩ ᠰᠢᠷᠢᠰ ᠬᠠᠭᠤᠷᠠᠢ ᠰᠤᠷᠭᠤᠭ ᠢᠶᠠᠷ ᠬᠠᠳᠠᠭᠠᠯᠠᠬᠤ ᠬᠤᠤᠰ ᠬᠡᠷᠡᠭᠴᠡᠬᠡᠳᠤ ᠯᠠᠵᠤᠤ ᠳᠠᠷᠢᠵᠤ᠂ ᠦᠨ᠎ᠠ ᠶᠢᠨ ᠵᠢᠭᠠᠯᠳᠠ ᠳᠤᠭ᠎ᠠ ᠶᠢᠨ ᠳᠠᠭᠠᠤᠨᠬᠠᠯ ᠳᠡᠬᠡᠷ᠎ᠡ ᠮᠦᠨᠳᠤᠷ ᠢ ᠰᠡᠷᠬᠡᠶᠢᠯᠡᠬᠦ ᠳᠤᠷᠰᠢᠯᠳᠠ ᠶᠢᠨ ᠳᠠᠭᠠᠤᠨᠬᠠᠯ ᠢ ᠳᠠᠭᠠᠯᠳᠤᠭᠤᠯᠬᠤ ᠡᠷᠤᠬᠡ ᠳᠤ ᠮᠤ᠋ ᠪᠦᠷᠢ ᠳᠤ 70%᠂ 35 ᠲᠦᠬᠦᠷᠢᠭ ᠤᠨ ᠳᠠᠭᠠᠤᠨᠬᠠᠯ ᠤᠨ ᠵᠠᠷᠤᠳᠠᠯ ᠤᠨ ᠨᠦᠬᠦᠪᠤᠷᠢ ᠤᠯᠭᠤᠨ᠎ᠠ᠃     ︵ᠵᠢᠷᠭᠤᠭ᠎ᠠ︶ ᠠᠵᠤ ᠠᠬᠤᠢ ᠶᠢᠨ ᠤᠢ ᠶᠢᠨ ᠳᠠᠷᠢᠯᠳᠠ᠃ ᠡᠯ᠎ᠡ ᠡᠵᠡᠩᠨᠡᠯᠳᠠ ᠶᠢᠨ ᠭᠤᠤᠯ ᠴᠤᠭᠴᠠ ᠶᠢ ᠵᠤᠷᠢᠭᠵᠢᠭᠤᠯᠤᠨ ᠠᠵᠤ ᠠᠬᠤᠢ ᠶᠢᠨ ᠤᠢ ᠪᠠᠶᠢᠭᠤᠯᠵᠤ᠂ ᠳᠠᠷᠢᠯᠭ᠎ᠠ ᠶᠢᠨ ᠳᠠᠯᠠᠪᠠᠢ ᠰᠢᠨ᠎ᠠ ᠪᠠᠷ 10 ᠮᠤ᠋ ᠠᠴᠠ ᠳᠡᠬᠡᠭᠰᠢ ᠨᠡᠮᠡᠭᠳᠡᠭᠰᠡᠨ ᠡᠷᠤᠬᠡ ᠶᠢ ᠰᠢᠯᠭᠠᠨ ᠬᠤᠷᠢᠶᠠᠵᠤ ᠬᠢᠷᠢ ᠳᠡᠩᠴᠡᠭᠰᠡᠨ ᠤ ᠳᠠᠷᠠᠭ᠎ᠠ ᠮᠤ᠋ ᠪᠦᠷᠢ ᠳᠤ 800 ᠲᠦᠬᠦᠷᠢᠭ ᠤᠨ ᠨᠦᠬᠦᠪᠤᠷᠢ ᠤᠯᠭᠤᠨ᠎ᠠ︔ ᠠᠵᠤ ᠠᠬᠤᠢ ᠶᠢᠨ ᠤᠢ ᠶᠢ ᠳᠠᠷᠢᠬᠤ ᠮᠡᠷᠬᠡᠵᠢᠯ ᠤᠨ ᠤᠶᠢᠯᠡᠴᠢᠯᠡᠭᠡ᠂ ᠳᠤᠷᠰᠢᠯᠳᠠ ᠶᠢᠨ ᠳᠠᠭᠤᠷᠢᠶᠠᠯ᠂ ᠰᠢᠨ᠎ᠠ ᠮᠡᠷᠬᠡᠵᠢᠯ ᠤᠨ ᠳᠡᠯᠬᠡᠷᠡᠬᠦᠯᠤᠯᠳᠠ ᠵᠡᠷᠬᠡ ᠶᠢ ᠳᠤᠬᠢᠷᠠᠭᠤᠯᠬᠤ ᠵᠠᠷᠤᠳᠠᠯ 80 ᠲᠦᠮᠡᠨ ᠲᠦᠬᠦᠷᠢᠭ᠃     ᠬᠤᠶᠠᠷ᠂ ᠳᠡᠵᠢᠬᠡᠨ ᠦᠷᠡᠵᠢᠬᠦᠯᠬᠡ ᠶᠢᠨ ᠪᠦᠳᠤᠴᠠ ᠶᠢ ᠳᠤᠬᠢᠷᠠᠭᠤᠯᠤᠨ᠂ ᠮᠠᠯ ᠠᠵᠤ ᠠᠬᠤᠢ ᠶᠢᠨ ᠴᠢᠨᠠᠷᠯᠢᠭ ᠪᠦᠳᠤᠮᠵᠢᠳᠤ ᠬᠦᠭᠵᠢᠯᠳᠠ ᠶᠢ ᠠᠬᠢᠭᠤᠯᠤᠨ᠎ᠠ      ︵ᠨᠢᠬᠡ︶ ᠰᠢᠯᠢᠳᠡᠭ ᠡᠬᠦᠯᠳᠡᠷ ᠤᠷᠤᠭᠤᠯᠤᠨ᠎ᠠ᠃ ᠬᠤᠰᠢᠭᠤ ᠰᠢᠶᠠᠨ ᠠᠴᠠ ᠳᠡᠬᠡᠭᠰᠢᠬᠢ ᠤᠶᠢᠯᠡᠤᠨᠪᠤᠷᠢᠯᠡᠯ ᠡᠵᠡᠩᠨᠡᠯᠳᠠ ᠶᠢᠨ ᠵᠦᠪᠰᠢᠶᠡᠷᠡᠯ ᠢ ᠪᠦᠷᠢᠯᠳᠤᠬᠦᠯᠦᠭᠰᠡᠨ ᠡᠬᠦᠯᠳᠡᠷ ᠤᠨ ᠮᠠᠯ ᠤᠨ ᠳᠠᠯᠠᠪᠠᠢ ᠠᠴᠠ ᠭᠠᠷᠤᠭᠰᠠᠨ ᠤᠨᠴᠠ ᠳᠡᠰ᠂ ᠨᠢᠬᠡᠳᠤᠬᠡᠷ ᠳᠡᠰ ᠤᠨ ᠡᠬᠦᠯᠳᠡᠷ ᠤᠨ ᠠᠯᠠᠰᠢᠨ ᠮᠠᠯ᠂ ᠨᠤᠤᠯᠤᠭᠤᠷ ᠤᠨ ᠢᠮᠠᠭᠠᠨ ᠤ ᠡᠬᠦᠯᠳᠡᠷ ᠤᠨ ᠮᠠᠯ ᠬᠤᠳᠠᠯᠳᠤᠨ ᠤᠷᠤᠭᠤᠯᠤᠭᠰᠡᠨ ᠳᠡᠵᠢᠬᠡᠨ ᠦᠷᠡᠵᠢᠬᠦᠯᠬᠦ ᠡᠷᠤᠬᠡ ᠳᠤ ᠮᠠᠯ ᠪᠦᠷᠢ ᠳᠤ 2000 ᠲᠦᠬᠦᠷᠢᠭ ᠤᠨ ᠨᠦᠬᠦᠪᠤᠷᠢ ᠤᠯᠭᠤᠨ᠎ᠠ᠃      ︵ᠬᠤᠶᠠᠷ︶ ᠮᠤᠩᠭᠤᠯ ᠬᠤᠨᠢᠨ ᠤ ᠡᠬᠦᠯᠳᠡᠷ ᠬᠠᠮᠠᠭᠠᠯᠠᠯᠳᠠ᠃ 100 ᠳᠤᠯᠤᠭᠠᠢ ᠠᠴᠠ ᠳᠡᠬᠡᠭᠰᠢ ᠮᠤᠩᠭᠤᠯ ᠡᠮ᠎ᠡ ᠬᠤᠨᠢ ᠳᠡᠵᠢᠬᠡᠵᠤ ᠪᠠᠶᠢᠭ᠎ᠠ ᠳᠡᠵᠢᠬᠡᠨ ᠦᠷᠡᠵᠢᠬᠦᠯᠬᠦ ᠡᠷᠤᠬᠡ ᠬᠢᠨᠠᠨ ᠳᠤᠭᠳᠠᠭᠠᠯᠳᠠ ᠪᠠᠷ ᠳᠠᠮᠵᠢᠭᠠᠤᠨ ᠬᠢᠷᠢ ᠳᠡᠩᠴᠡᠭᠰᠡᠨ ᠤ ᠳᠠᠷᠠᠭ᠎ᠠ᠂ ᠳᠡᠵᠢᠬᠡᠨ ᠦᠷᠡᠵᠢᠬᠦᠯᠬᠦ ᠡᠷᠤᠬᠡ ᠳᠤ ᠬᠤᠨᠢ ᠪᠦᠷᠢ ᠳᠤ 100 ᠲᠦᠬᠦᠷᠢᠭ ᠤᠨ ᠡᠬᠦᠯᠳᠡᠷ ᠬᠠᠮᠠᠭᠠᠯᠠᠯᠳᠠ ᠶᠢᠨ ᠨᠦᠬᠦᠪᠤᠷᠢ ᠤᠯᠭᠤᠨ᠎ᠠ᠃ ᠤᠶᠢᠯᠡᠤᠨᠪᠤᠷᠢᠯᠡᠯ ᠤᠨ ᠴᠢᠳᠠᠪᠬᠢ ᠶᠢᠨ ᠬᠡᠮᠵᠢᠯᠳᠠ ᠶᠢᠨ ᠵᠠᠷᠤᠳᠠᠯ ᠮᠠᠯ ᠪᠦᠷᠢ 7 ᠲᠦᠬᠦᠷᠢᠭ᠂ ᠴᠢᠬᠢᠨ ᠳᠡᠮᠳᠡᠭ᠂ ᠳᠠᠩᠰᠠᠯᠠᠨ ᠺᠠᠷᠲ᠋ᠠᠯᠠᠬᠤ ᠵᠡᠷᠬᠡ ᠶᠢ ᠪᠠᠭᠳᠠᠭᠠᠨ᠎ᠠ᠃     ︵ᠭᠤᠷᠪᠠ︶ ᠨᠤᠤᠯᠤᠭᠤᠷ ᠤᠨ ᠢᠮᠠᠭᠠᠨ ᠤ ᠤᠶᠢᠯᠡᠰ ᠤᠨ ᠴᠢᠨᠠᠷᠯᠢᠭ ᠬᠦᠭᠵᠢᠯᠳᠠ᠃ ᠪᠠᠷᠢᠮᠵᠢᠶᠠᠳᠤ ᠤᠶᠢᠯᠡᠤᠨᠪᠤᠷᠢᠯᠡᠯ ᠳᠤ ᠨᠠᠶᠢᠴᠡᠬᠦ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠳᠡᠵᠢᠬᠡᠨ ᠦᠷᠡᠵᠢᠬᠦᠯᠬᠦ ᠬᠤᠷᠰᠢᠶᠠᠵᠢᠯ ᠤᠨ ᠪᠦᠷᠢᠯᠳᠤᠬᠦᠨ 100 ᠡᠷᠤᠬᠡ ᠶᠢ ᠳᠡᠮᠵᠢᠨ᠎ᠠ᠂ 200 ᠳᠡᠭᠰᠢ ᠲᠦᠷᠪᠡᠯᠵᠢᠨ ᠮᠧᠲᠷ ᠠᠴᠠ ᠳᠡᠬᠡᠭᠰᠢᠬᠢ ᠪᠠᠷᠢᠮᠵᠢᠶᠠᠳᠤ ᠳᠡᠵᠢᠬᠡᠨ ᠦᠷᠡᠵᠢᠬᠦᠯᠬᠦ ᠫᠧᠩ ᠬᠤᠷᠢᠶ᠎ᠠ ᠪᠤᠶᠤ 200 ᠳᠡᠭᠰᠢ ᠲᠦᠷᠪᠡᠯᠵᠢᠨ ᠮᠧᠲᠷ ᠠᠴᠠ ᠳᠡᠬᠡᠭᠰᠢᠬᠢ ᠡᠪᠡᠰᠤ ᠬᠠᠳᠠᠭᠠᠯᠠᠬᠤ ᠬᠦᠮᠤᠷᠬᠡ ᠶᠢ ᠰᠢᠨ᠎ᠠ ᠪᠠᠷ ᠪᠠᠶᠢᠭᠤᠯᠤᠭᠰᠡᠨ ᠪᠤᠶᠤ ᠰᠢᠨ᠎ᠠ ᠪᠠᠷ ᠲᠦᠬᠦᠷ ᠳᠡᠵᠢᠬᠡᠪᠤᠷᠢ ᠶᠢᠨ ᠮᠠᠰᠢᠨ ︵ᠳᠤᠭᠤᠰᠤ ᠳᠡᠮᠤᠷ ᠢ ᠠᠷᠢᠯᠭᠠᠬᠤ ᠮᠠᠰᠢᠨ᠂ ᠪᠤᠷᠳᠤᠭ᠎ᠠ ᠤᠷᠤᠭᠤᠯᠬᠤ ᠮᠠᠰᠢᠨ ᠪᠠ 4 ᠪᠤᠰᠤᠭ᠎ᠠ ᠲᠦᠷᠪᠡᠯᠵᠢᠨ ᠮᠧᠲᠷ ᠠᠴᠠ ᠳᠡᠬᠡᠭᠰᠢᠬᠢ ᠪᠤᠷᠳᠤᠭ᠎ᠠ ᠵᠢᠭᠤᠷᠠᠬᠤ ᠮᠠᠰᠢᠨ ᠢ ᠳᠤᠰ ᠪᠦᠷᠢ 1 ᠰᠠᠭᠤᠷᠢ ᠪᠠᠭᠳᠠᠭᠠᠨ᠎ᠠ︶ ᠬᠤᠳᠠᠯᠳᠤᠨ ᠠᠪᠤᠭᠰᠡᠨ ᠡᠷᠤᠬᠡ ᠳᠤ ᠤᠯᠤᠰ ᠤᠨ ᠮᠠᠰᠢᠨᠴᠢᠯᠠᠯᠳᠠ ᠶᠢᠨ ᠬᠤᠳᠠᠯᠳᠤᠨ ᠠᠪᠤᠯᠳᠠ ᠶᠢᠨ ᠨᠦᠬᠦᠪᠤᠷᠢ ᠠᠴᠠ ᠭᠠᠳᠠᠨ᠎ᠠ᠂ ᠡᠷᠤᠬᠡ ᠪᠦᠷᠢ ᠳᠤ 2 ᠲᠦᠮᠡᠨ ᠲᠦᠬᠦᠷᠢᠭ ᠤᠨ ᠨᠦᠬᠦᠪᠤᠷᠢ ᠤᠯᠭᠤᠨ᠎ᠠ᠃     ︵ᠲᠦᠷᠪᠡ︶ ᠮᠠᠯ ᠤᠨ ᠮᠢᠬ᠎ᠠ ᠪᠤᠯᠪᠠᠰᠤᠷᠠᠭᠤᠯᠬᠤ ᠤᠶᠢᠯᠡᠤᠨᠪᠤᠷᠢᠯᠡᠯ ᠢ ᠠᠬᠢᠭᠤᠯᠤᠨ᠎ᠠ᠃ ᠳᠤᠬᠠᠢ ᠶᠢᠨ ᠭᠠᠵᠠᠷ ᠤᠨ ᠠᠵᠤ ᠠᠬᠤᠶᠢᠯᠠᠯ ᠢ ᠳᠠᠮᠵᠢᠨ ᠬᠤᠰᠢᠭᠤᠨ  ᠳᠤ ᠵᠢᠯ ᠤᠨ ᠮᠠᠯ ᠤᠨ ᠮᠢᠬ᠎ᠠ ᠪᠤᠯᠪᠠᠰᠤᠷᠠᠭᠤᠯᠬᠤ ᠤᠶᠢᠯᠡᠤᠨᠪᠤᠷᠢᠯᠡᠯ ᠤᠨ ᠴᠢᠳᠠᠪᠤᠷᠢ 10 ᠲᠦᠮᠡᠨ ᠳᠤᠯᠤᠭᠠᠢ ᠠᠴᠠ ᠳᠡᠬᠡᠭᠰᠢᠬᠢ ᠮᠢᠬ᠎ᠠ ᠪᠤᠯᠪᠠᠰᠤᠷᠠᠭᠤᠯᠬᠤ ᠬᠠᠮᠳᠤᠷᠠᠭᠰᠠᠨ ᠤᠶᠢᠯᠡᠤᠨᠪᠤᠷᠢ 1 ᠪᠠᠶᠢᠭᠤᠯᠤᠨ᠂ 2000 ᠲᠦᠮᠡᠨ ᠲᠦᠬᠦᠷᠢᠭ ᠤᠨ ᠪᠡᠯᠡ ᠤᠷᠤᠭᠤᠯᠤᠯᠳᠠ ᠲᠠᠢ ᠮᠦᠷᠳᠡᠬᠡᠨ ᠵᠢᠯ ᠤᠨ ᠨᠢᠳᠤᠯᠬᠤ ᠬᠡᠮᠵᠢᠶ᠎ᠡ 5 ᠲᠦᠮᠡᠨ ᠳᠤᠯᠤᠭᠠᠢ ᠠᠴᠠ ᠳᠡᠬᠡᠭᠰᠢ ᠪᠠᠶᠢᠪᠠᠯ ᠰᠢᠯᠭᠠᠨ ᠬᠤᠷᠢᠶᠠᠵᠤ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠠᠵᠤ ᠠᠬᠤᠶᠢᠯᠠᠯ ᠳᠤ 320 ᠲᠦᠮᠡᠨ ᠲᠦᠬᠦᠷᠢᠭ ᠤᠨ ᠳᠡᠤᠨᠬᠦᠯᠳᠠ ᠶᠢᠨ ᠱᠠᠩᠨᠠᠯ ᠤᠨ ᠪᠡᠯᠡ ᠮᠦᠩᠬᠦ ᠤᠯᠭᠤᠨ᠎ᠠ᠃     ︵ᠳᠠᠪᠤ︶ ᠴᠢᠨᠠᠷ ᠰᠠᠶᠢᠳᠠᠢ ᠠᠯᠠᠰᠢᠨ ᠮᠠᠯ ᠨᠢᠳᠤᠯᠬᠤ ᠨᠦᠬᠦᠪᠤᠷᠢ᠃ ᠳᠤᠰ ᠭᠠᠵᠠᠷ ᠤᠨ ᠠᠵᠤ ᠠᠬᠤᠶᠢᠯᠠᠯ ᠳᠤᠰ ᠬᠤᠰᠢᠭᠤᠨ ᠤ ᠳᠤᠳᠤᠷᠠᠬᠢ ᠳᠡᠵᠢᠬᠡᠨ ᠦᠷᠡᠵᠢᠬᠦᠯᠵᠤ ᠪᠠᠶᠢᠭ᠎ᠠ ᠰᠢᠯᠢᠳᠡᠭ ᠠᠯᠠᠰᠢᠨ ᠮᠠᠯ ᠢ ᠨᠢᠳᠤᠯᠪᠠᠯ᠂ ᠠᠵᠤ ᠠᠬᠤᠶᠢᠯᠠᠯ ᠳᠤ ᠮᠠᠯ ᠪᠦᠷᠢ ᠳᠤ 20 ᠲᠦᠬᠦᠷᠢᠭ ᠤᠨ ᠨᠦᠬᠦᠪᠤᠷᠢ ᠤᠯᠭᠤᠨ᠎ᠠ᠃     ᠭᠤᠷᠪᠠ᠂ ᠨᠡᠷᠡᠳᠤ ᠳᠡᠮᠳᠡᠭ ᠤᠨ ᠪᠤᠶᠢᠵᠢᠭᠤᠯᠤᠯᠳᠠ ᠶᠢᠨ ᠬᠦᠴᠤᠯᠡᠴᠠ ᠪᠠᠨ ᠶᠡᠬᠡᠤᠨᠬᠡᠨ᠂ ᠪᠦᠳᠤᠬᠡᠭᠳᠡᠬᠦᠨ ᠤ ᠴᠢᠨᠠᠷᠯᠢᠭ ᠦᠨ᠎ᠠ ᠰᠠᠶᠢᠳᠠᠢ ᠬᠦᠭᠵᠢᠯᠳᠠ ᠶᠢ ᠠᠬᠢᠭᠤᠯᠤᠨ᠎ᠠ     ︵ᠨᠢᠬᠡ︶ ᠨᠡᠷᠡᠳᠤ ᠳᠡᠮᠳᠡᠭ ᠤᠨ ᠪᠤᠶᠢᠵᠢᠭᠤᠯᠤᠯᠳᠠ ᠳᠡᠯᠬᠡᠷᠡᠬᠦᠯᠤᠯᠳᠠ᠃ 400 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ᠨᠡᠷᠡᠳᠤ ᠳᠡᠮᠳᠡᠭ ᠤᠨ ᠪᠠᠶᠢᠴᠠᠭᠠᠯᠳᠠ ᠰᠤᠳᠤᠯᠤᠯᠳᠠ᠂ ᠲᠦᠯᠤᠪᠵᠢᠬᠦᠯᠬᠡ ᠨᠠᠶᠢᠷᠠᠭᠤᠯᠤᠯᠳᠠ᠂ ᠪᠠᠷᠢᠮᠵᠢᠶ᠎ᠠ ᠳᠤᠭᠳᠠᠭᠠᠯᠳᠠ᠂ ᠶᠠᠰᠤ ᠴᠢᠨᠠᠷ ᠤᠨ ᠬᠢᠨᠠᠯᠳᠠ ᠬᠠᠮᠢᠶᠠᠷᠤᠯᠳᠠ᠂ ᠤᠬᠠᠭᠤᠯᠭ᠎ᠠ ᠳᠡᠯᠬᠡᠷᠡᠬᠦᠯᠤᠯᠳᠠ᠂ ᠰᠢᠭᠤᠤᠨ ᠨᠡᠪᠳᠡᠷᠡᠬᠦᠯᠬᠡ ᠶᠢᠨ ᠪᠠᠷᠠᠭ᠎ᠠ ᠬᠤᠳᠠᠯᠳᠤᠯᠳᠠ᠂ ᠭᠠᠳᠠᠨᠠᠬᠢ ᠪᠤᠯᠪᠠᠰᠤᠷᠠᠯ᠂ ᠪᠤᠬᠢᠷᠳᠤᠯ ᠦᠬᠡᠢ ᠤᠷᠭᠠᠨᠢᠭ ᠪᠦᠳᠤᠬᠡᠭᠳᠡᠬᠦᠨ ᠤ ᠬᠡᠷᠡᠴᠢᠯᠡᠯ᠂ ᠤᠯᠠᠨ ᠨᠠᠶᠢᠳᠠ ᠶᠢᠨ ᠳᠠᠪᠴᠠᠩ ᠪᠠ ᠰᠦᠯᠵᠢᠶᠡᠨ ᠡᠵᠡᠩᠨᠡᠯᠳᠠ ᠬᠠᠮᠠᠭᠠᠯᠠᠯᠳᠠ᠂ ᠡᠯ᠎ᠡ ᠲᠦᠷᠤᠯ ᠤᠨ ᠮᠠᠲ᠋ᠧᠷᠢᠶᠡᠯ ᠤᠨ ᠳᠠᠷᠤᠮᠠᠯᠯᠠᠯᠳᠠ ᠵᠡᠷᠬᠡ ᠳᠤ ᠬᠡᠷᠡᠭᠯᠡᠵᠤ᠂ ᠨᠡᠷᠡᠳᠤ ᠳᠡᠮᠳᠡᠭ ᠤᠨ ᠮᠡᠳᠡᠴᠠ ᠶᠢᠨ ᠨᠤᠷᠮ᠎ᠠ ᠶᠢ ᠦᠷᠬᠡᠤᠨᠬᠡᠨ᠂ ᠪᠦᠳᠤᠬᠡᠭᠳᠡᠬᠦᠨ ᠤ ᠳᠠᠭᠠᠯᠳᠠ ᠦᠷᠳᠡᠭ ᠢ ᠳᠡᠬᠡᠭᠰᠢᠯᠡᠬᠦᠯᠬᠦ ᠬᠡᠷᠡᠭᠳᠠᠢ᠃ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠮᠢᠬ᠎ᠠ︾ ᠶᠢᠨ ᠤᠷᠢᠤᠨᠴᠢᠯᠠᠨ ᠤᠶᠢᠯᠡᠤᠨᠬᠦ ᠲᠦᠷᠤᠯ ᠤᠨ ᠰᠤᠳᠤᠯᠤᠨ ᠨᠡᠬᠡᠬᠡᠯᠳᠠ ᠶᠢ ᠳᠡᠮᠵᠢᠨ ᠵᠤᠷᠢᠭᠵᠢᠭᠤᠯᠤᠨ᠎ᠠ᠃ ᠤᠷᠤᠨ ᠤ ᠭᠠᠳᠠᠨᠠᠬᠢ ᠭᠤᠷᠪᠠᠳᠤᠭᠠᠷ ᠱᠤᠭᠤᠮ ᠠᠴᠠ ᠳᠡᠬᠡᠭᠰᠢᠬᠢ ᠬᠤᠳᠠ ᠳᠤ 500 ᠲᠦᠮᠡᠨ ᠲᠦᠬᠦᠷᠢᠭ ᠠᠴᠠ ᠳᠡᠬᠡᠭᠰᠢ ᠵᠢᠯ ᠤᠨ ᠪᠤᠷᠤᠯᠠᠭᠤᠯᠭ᠎ᠠ ᠶᠢᠨ ᠦᠷᠳᠡᠭ ᠲᠠᠢ ᠰᠢᠭᠤᠤᠨ ᠡᠵᠡᠩᠨᠡᠯᠳᠠ ᠶᠢᠨ ᠳᠡᠯᠬᠡᠬᠦᠷ᠂ ᠳᠤᠰᠬᠠᠢ ᠬᠤᠳᠠᠯᠳᠤᠭᠠᠨ ᠤ ᠳᠡᠯᠬᠡᠬᠦᠷ ᠨᠢᠬᠡᠪᠤᠷᠢ ᠳᠤ10 ᠲᠦᠮᠡᠨ ᠲᠦᠬᠦᠷᠢᠭ ᠱᠠᠩᠨᠠᠨ᠎ᠠ᠃     ︵ᠬᠤᠶᠠᠷ︶ ᠪᠤᠬᠢᠷᠳᠤᠯ ᠦᠬᠡᠢ ᠢᠳᠡᠬᠡᠨ ᠤ ᠲᠦᠬᠦᠬᠡᠢ ᠮᠠᠲ᠋ᠧᠷᠢᠶᠡᠯ ︵ᠡᠷᠳᠡᠨᠢ ᠰᠢᠰᠢ︶ ᠤᠨ ᠪᠠᠷᠢᠮᠵᠢᠶᠠᠳᠤ ᠳᠠᠭᠤᠷᠢᠶᠠᠯ ᠰᠠᠭᠤᠷᠢᠨ ᠭᠠᠵᠠᠷ ᠢ ᠴᠤᠭᠴᠠᠯᠠᠨ᠎ᠠ᠃ 20 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ᠰᠠᠭᠤᠷᠢᠨ ᠭᠠᠵᠠᠷ ᠤᠨ ᠮᠠᠯᠴᠢᠨ ᠳᠠᠷᠢᠶᠠᠴᠢᠨ ᠤ ᠪᠤᠯᠪᠠᠰᠤᠷᠠᠯ᠂ ᠢᠯᠡᠷᠬᠡᠶᠢᠯᠡᠯ ᠤᠨ ᠫᠠᠶᠢᠰᠠ ᠤᠬᠠᠭᠤᠯᠭ᠎ᠠ ᠶᠢᠨ ᠫᠠᠶᠢᠰᠠ ᠶᠢᠨ ᠪᠤᠰᠬᠠᠯᠳᠠ᠂ ᠮᠡᠷᠬᠡᠵᠢᠯ ᠤᠨ ᠮᠠᠲ᠋ᠧᠷᠢᠶᠡᠯ ᠪᠠ ᠤᠶᠢᠯᠡᠤᠨᠪᠤᠷᠢᠯᠡᠯ ᠤᠨ ᠳᠡᠮᠳᠡᠭᠯᠡᠯ ᠤᠨ ᠳᠡᠪᠳᠡᠷ ᠤᠨ ᠳᠠᠷᠤᠮᠠᠯᠯᠠᠯᠳᠠ᠂ ᠤᠷᠴᠢᠨ ᠳᠤᠭᠤᠷᠢᠨ ᠵᠢᠴᠢ ᠪᠦᠳᠤᠬᠡᠭᠳᠡᠬᠦᠨ ᠤ ᠬᠢᠨᠠᠨ ᠪᠠᠶᠢᠴᠠᠭᠠᠯᠳᠠ ᠵᠡᠷᠬᠡ ᠴᠤᠭᠴᠠᠯᠠᠯᠳᠠ ᠶᠢᠨ ᠠᠵᠢᠯ ᠳᠤ ᠬᠡᠷᠡᠭᠯᠡᠨ᠎ᠡ᠃     ︵ᠭᠤᠷᠪᠠ︶ ᠳᠡᠯᠬᠡᠨ ᠦᠵᠡᠬᠦᠯᠬᠡ ᠦᠵᠡᠰᠬᠦᠯᠠᠩ ᠢ ᠳᠠᠮᠵᠢᠨ᠎ᠠ᠃ 62.6 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ᠡᠯ᠎ᠡ ᠲᠦᠷᠤᠯ ᠤᠨ ᠳᠡᠯᠬᠡᠨ ᠦᠵᠡᠬᠦᠯᠬᠡ ᠦᠵᠡᠰᠬᠦᠯᠠᠩ ᠡᠷᠬᠢᠯᠡᠨ ᠬᠢᠬᠦ ᠪᠤᠶᠤ ᠵᠤᠬᠢᠶᠠᠨ ᠪᠠᠶᠢᠭᠤᠯᠤᠨ ᠤᠷᠤᠯᠴᠠᠬᠤ ᠳᠤ ᠬᠡᠷᠡᠭᠯᠡᠨ᠎ᠡ᠃     ᠲᠦᠷᠪᠡ᠂ ᠰᠢᠨᠵᠢᠯᠡᠭᠡ ᠮᠡᠷᠬᠡᠵᠢᠯ ᠢ ᠳᠡᠯᠬᠡᠷᠡᠬᠦᠯᠬᠦ ᠤᠶᠢᠯᠡᠴᠢᠯᠡᠭᠡ ᠪᠠᠨ ᠰᠢᠨᠡᠴᠢᠯᠡᠨ᠂ ᠠᠵᠤ ᠤᠶᠢᠯᠡᠰ ᠤᠨ ᠭᠠᠷᠤᠯᠳᠠ ᠶᠢ ᠨᠡᠮᠡᠭᠳᠡᠬᠦᠯᠤᠨ ᠪᠦᠳᠤᠮᠵᠢ ᠶᠢ ᠳᠡᠬᠡᠭᠰᠢᠯᠡᠬᠦᠯᠬᠦ ᠬᠦᠭᠵᠢᠯᠳᠠ ᠶᠢ ᠠᠬᠢᠭᠤᠯᠤᠨ᠎ᠠ     ︵ᠨᠢᠬᠡ︶ ᠰᠢᠨᠵᠢᠯᠡᠭᠡ ᠮᠡᠷᠬᠡᠵᠢᠯ ᠤᠨ ᠤᠶᠢᠯᠡᠴᠢᠯᠡᠭᠡ ᠶᠢ ᠳᠡᠯᠬᠡᠷᠡᠬᠦᠯᠤᠨ᠎ᠠ᠃ 70 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ᠠᠵᠤ ᠤᠶᠢᠯᠡᠰ ᠤᠨ ᠮᠡᠷᠬᠡᠵᠢᠯ ᠤᠨ ᠤᠶᠢᠯᠡᠴᠢᠯᠡᠭᠡ᠂ ᠡᠬᠦᠯᠳᠡᠷ ᠤᠨ ᠪᠤᠶᠢᠵᠢᠭᠤᠯᠤᠯᠳᠠ᠂ ᠵᠢᠱᠢᠶ᠎ᠡ ᠦᠵᠡᠬᠦᠯᠬᠦ ᠳᠠᠭᠤᠷᠢᠶᠠᠯ᠂ ᠰᠠᠭᠤᠷᠢ ᠲᠦᠬᠦᠬᠡᠷᠤᠮᠵᠢ ᠶᠢᠨ ᠪᠠᠶᠢᠭᠤᠯᠤᠯᠳᠠ ᠵᠢᠴᠢ ᠦᠵᠡᠬᠦᠯᠬᠡ᠂ ᠤᠬᠠᠭᠤᠯᠭ᠎ᠠ ᠪᠤᠯᠪᠠᠰᠤᠷᠠᠯ᠂ ᠳᠠᠭᠤᠷᠢᠶᠠᠯ ᠴᠡᠭ ︵ᠡᠷᠤᠬᠡ︶ ᠤᠨ ᠪᠤᠶᠢᠵᠢᠭᠤᠯᠤᠯᠳᠠ ᠵᠡᠷᠬᠡ ᠳᠤ ᠬᠡᠷᠡᠭᠯᠡᠨ᠎ᠡ᠃     ︵ᠬᠤᠶᠠᠷ︶ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠭᠡ᠃ 460 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ︽ᠪᠦᠬᠦᠶᠢᠯᠡ ᠬᠤᠰᠢᠭᠤ ᠪᠠᠷ ᠢᠶᠠᠨ ᠠᠬᠢᠭᠤᠯᠬᠤ︾ ᠪᠠ ︽ᠪᠠᠯᠭᠠᠰᠤ ᠳᠤᠯᠤᠭᠠᠶᠢᠯᠠᠨ᠂ ᠠᠵᠤ ᠠᠬᠤᠶᠢᠯᠠᠯ ᠬᠤᠷᠰᠢᠵᠤ᠂ ᠬᠢᠵᠢᠭ ᠰᠡᠷᠬᠡᠶᠢᠯᠡᠭᠴᠢ ᠬᠠᠮᠵᠢᠯᠴᠠᠬᠤ︾ ᠵᠠᠭᠪᠤᠷ ᠢ ᠬᠡᠷᠡᠭᠯᠡᠵᠤ᠂ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠭᠡ ᠶᠢ ᠡᠷᠢᠯᠬᠢᠯᠡᠵᠤ ᠠᠬᠢᠭᠤᠯᠤᠨ᠂ ᠪᠦᠬᠦ ᠬᠤᠰᠢᠭᠤᠨ ᠤ 190 ᠲᠦᠮᠡᠨ ᠳᠤᠯᠤᠭᠠᠢ ᠪᠠᠭ᠎ᠠ ᠮᠠᠯ᠂ 5.6 ᠲᠦᠮᠡᠨ ᠦᠬᠡᠷ  ᠤᠨ ᠡᠬᠡᠯᠢᠯᠡᠭᠡ᠂ ᠡᠮᠴᠢᠯᠡᠭᠡ᠂ ᠳᠠᠬᠤᠯ ᠡᠪᠡᠤᠨᠴᠢᠨ ᠤ ᠪᠠᠶᠢᠴᠠᠭᠠᠯᠳᠠ᠂ ᠬᠢᠨᠠᠯᠳᠠ ᠪᠠᠶᠢᠴᠠᠭᠠᠯᠳᠠ ᠵᠡᠷᠬᠡ ᠤᠶᠢᠯᠡᠴᠢᠯᠡᠭᠡ ᠳᠤ ᠨᠦᠬᠦᠪᠤᠷᠢ ᠤᠯᠭᠤᠬᠤ ᠮᠦᠷᠳᠡᠬᠡᠨ ᠡᠪᠡᠤᠨᠴᠢᠨ ᠢᠶᠠᠷ ᠦᠬᠦᠭᠰᠡᠨ ᠮᠠᠯ ᠵᠢᠬᠦᠷᠳᠠᠨ ᠢ ᠪᠤᠬᠢᠷᠳᠤᠯ ᠦᠬᠡᠢ ᠰᠢᠢᠤᠨᠪᠤᠷᠢᠯᠡᠵᠤ ᠬᠤᠷᠢᠶᠠᠨ ᠴᠤᠭᠯᠠᠭᠤᠯᠬᠤ ᠴᠡᠭ ᠢ 50 ᠪᠠᠶᠢᠭᠤᠯᠤᠨ᠎ᠠ᠃     ︵ᠭᠤᠷᠪᠠ︶ ᠤᠶᠤᠨᠴᠢ ᠮᠠᠯ ᠳᠠᠷᠢᠶᠠᠯᠠᠩ ᠢ ᠬᠦᠭᠵᠢᠬᠦᠯᠤᠨ᠎ᠠ᠃ 62 ᠲᠦᠮᠡᠨ ᠲᠦᠬᠦᠷᠢᠭ ᠤᠨ ᠳᠡᠮᠵᠢᠯᠬᠡ ᠶᠢᠨ ᠪᠡᠯᠡ ᠮᠦᠩᠬᠦ ᠳᠤᠬᠢᠷᠠᠭᠤᠯᠤᠨ᠂ ᠡᠬᠦᠯᠡᠨ ᠡᠬᠢ ᠪᠠᠶᠠᠯᠢᠭ ᠤᠨ ᠤᠶᠢᠯᠡᠴᠢᠯᠡᠬᠦᠷ ᠤᠨ ᠪᠠᠭᠳᠠᠭᠠᠮᠵᠢ ᠶᠢᠨ ᠦᠷᠬᠡᠤᠨᠬᠡᠯᠳᠠ᠂ ᠤᠶᠤᠨᠴᠢ ᠮᠠᠯ ᠳᠠᠷᠢᠶᠠᠯᠠᠩ ᠤᠨ ᠳᠠᠪᠴᠠᠩ᠂ ᠲᠦᠬᠦᠬᠡᠷᠤᠮᠵᠢ ᠶᠢᠨ ᠬᠠᠮᠠᠭᠠᠯᠠᠯᠳᠠ᠂ ᠤᠶᠤᠨᠴᠢ ᠮᠠᠯᠴᠢᠨ ᠳᠠᠷᠢᠶᠠᠴᠢᠨ ᠡᠷᠤᠬᠡ ᠵᠡᠷᠬᠡ ᠳᠤ ᠬᠡᠷᠡᠭᠯᠡᠨ᠎ᠡ᠃     ᠳᠠᠪᠤ᠂ ᠬᠠᠮᠢᠶ᠎ᠠ ᠪᠦᠬᠦᠢ ᠱᠠᠭᠠᠷᠳᠠᠯᠭ᠎ᠠ     ︵ᠨᠢᠬᠡ︶ ᠳᠤᠰ ᠲᠦᠷᠤ ᠶᠢᠨ ᠪᠤᠳᠤᠯᠭ᠎ᠠ ᠬᠡᠷᠪᠡ ᠤᠨᠴᠠᠭᠠᠢ ᠳᠤᠳᠤᠷᠬᠠᠶᠢᠯᠠᠯᠳᠠ ᠦᠬᠡᠢ ᠪᠤᠯ ᠨᠦᠬᠦᠪᠤᠷᠢ ᠶᠢᠨ ᠪᠠᠷᠢᠮᠵᠢᠶ᠎ᠠ ᠳᠤ ᠴᠦᠮ ᠳᠡᠬᠡᠳᠤ ᠱᠠᠳᠤᠨ ᠤ ᠡᠩ ᠤᠨ ᠰᠢᠯᠵᠢᠬᠦᠯᠤᠨ ᠦᠭᠬᠦ ᠪᠡᠯᠡ ᠮᠦᠩᠬᠦ ᠶᠢ ᠪᠠᠭᠳᠠᠭᠠᠨ᠎ᠠ᠃     ︵ᠬᠤᠶᠠᠷ︶ ᠳᠤᠰ ᠲᠦᠷᠤ ᠶᠢᠨ ᠪᠤᠳᠤᠯᠭ᠎ᠠ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠬᠤᠪᠢᠴᠠᠭᠠᠳᠤ ᠬᠤᠷᠰᠢᠶᠠᠵᠢᠯ ᠢ ᠡᠩ ᠳᠡᠷᠢᠬᠦᠨ ᠳᠤ ᠳᠡᠮᠵᠢᠨ᠎ᠡ᠃     ︵ᠭᠤᠷᠪᠠ︶ ᠳᠤᠰ ᠲᠦᠷᠤ ᠶᠢᠨ ᠪᠤᠳᠤᠯᠭ᠎ᠠ ᠠᠳᠠᠯᠢ ᠨᠢᠬᠡᠨ ᠲᠦᠷᠤᠯ ᠵᠦᠢᠯ ᠳᠤ ᠬᠤᠰᠢᠭᠤ ᠳᠤᠰ ᠱᠠᠳᠤᠨ ᠤ ᠪᠡᠯᠡ ᠮᠦᠩᠬᠦ ᠶᠢ ᠳᠠᠪᠬᠤᠴᠠᠭᠤᠯᠬᠤ ᠦᠬᠡᠢ᠂ ᠦᠨᠳᠤᠷ ᠢ ᠨᠢ ᠳᠠᠭᠠᠬᠤ ᠠᠴᠠ ᠳᠤᠤᠷ᠎ᠠ ᠶᠢ ᠨᠢ ᠳᠠᠭᠠᠬᠤ ᠦᠬᠡᠢ ᠵᠠᠷᠴᠢᠮ ᠶᠤᠰᠤᠭᠠᠷ ᠳᠡᠮᠵᠢᠨ᠎ᠡ᠃ ᠲᠦᠷᠤᠯ ᠵᠦᠢᠯ ᠤᠨ ᠮᠡᠳᠡᠬᠦᠯᠤᠯᠳᠠ᠂ ᠬᠡᠷᠡᠭᠵᠢᠬᠦᠯᠬᠦ ᠱᠠᠭᠠᠷᠳᠠᠯᠭ᠎ᠠ᠂ ᠰᠢᠯᠭᠠᠨ ᠬᠤᠷᠢᠶᠠᠬᠤ ᠠᠷᠭ᠎ᠠ ᠵᠡᠷᠬᠡ ᠶᠢ ᠪᠤᠳᠠᠳᠠᠢ ᠬᠡᠷᠡᠭᠵᠢᠬᠦᠯᠬᠦ ᠨᠠᠷᠢᠨ ᠲᠦᠷᠢᠮ ᠶᠤᠰᠤᠭᠠᠷ ᠬᠡᠷᠡᠭᠵᠢᠬᠦᠯᠵᠤ᠂ ᠪᠦᠬᠦᠶᠢᠯᠡ ᠲᠦᠷᠤᠯ ᠵᠦᠢᠯ ᠢ ᠴᠦᠮ ᠬᠡᠷᠡᠭᠵᠢᠬᠦᠯᠬᠦ ᠨᠠᠷᠢᠨ ᠲᠦᠷᠢᠮ ᠶᠤᠰᠤᠭᠠᠷ ᠰᠢᠯᠭᠠᠨ ᠬᠤᠷᠢᠶᠠᠭᠠᠤᠨ ᠬᠢᠷᠢ ᠳᠡᠩᠴᠡᠭᠰᠡᠨ ᠤ ᠳᠠᠷᠠᠭ᠎ᠠ ᠨᠦᠬᠦᠪᠤᠷᠢ ᠤᠯᠭᠤᠨ᠎ᠠ᠃     ︵ᠲᠦᠷᠪᠡ︶ ᠳᠤᠰ ᠲᠦᠷᠤ ᠶᠢᠨ ᠪᠤᠳᠤᠯᠭ᠎ᠠ ᠲᠦᠷᠤᠯ ᠵᠦᠢᠯ ᠪᠦᠷᠢ ᠳᠤ ᠬᠠᠮᠤᠭ ᠶᠡᠭᠡ ᠨᠦᠬᠦᠪᠤᠷᠢ ᠶᠢᠨ ᠬᠡᠪᠴᠢᠶᠡᠵᠢᠯ ᠳᠤᠭᠳᠠᠭᠠᠵᠤ᠂ ᠳᠤᠬᠢᠷᠠᠭᠤᠯᠬᠤ ᠪᠤᠶᠤ ᠬᠤᠪᠢᠷᠠᠭᠠᠬᠤ ᠴᠢᠬᠤᠯᠠᠳᠠᠢ ᠳᠡᠮᠵᠢᠯᠬᠡ ᠶᠢᠨ ᠲᠦᠷᠤᠯ ᠵᠦᠢᠯ ᠳᠤ ᠳᠤᠰ ᠲᠦᠷᠤ ᠶᠢᠨ ᠪᠤᠳᠤᠯᠭ᠎ᠠ ᠶᠢᠨ ᠲᠦᠰᠤᠪ ᠳᠤᠳᠤᠷᠠᠬᠢ ᠦᠯᠡᠳᠡᠪᠤᠷᠢ ᠪᠡᠯᠡ ᠮᠦᠩᠬᠦ ᠶᠢ ᠠᠰᠢᠭᠯᠠᠨ ᠳᠡᠮᠵᠢᠵᠤ᠂ ︽ᠨᠢᠬᠡ ᠬᠡᠷᠡᠭ ᠢ ᠨᠢᠬᠡ ᠵᠦᠪᠯᠡᠬᠦ︾ ᠶᠢ ᠬᠡᠷᠡᠭᠵᠢᠬᠦᠯᠤᠨ᠂ ᠬᠤᠰᠢᠭᠤ ᠠᠷᠠᠤᠨ ᠤᠨ ᠵᠠᠰᠠᠭ ᠤᠨ ᠤᠷᠳᠤᠨ ᠳᠤ ᠮᠡᠳᠡᠬᠦᠯᠤᠬᠡᠤᠨ ᠵᠦᠪᠰᠢᠶᠡᠷᠡᠬᠦᠯᠦᠭᠰᠡᠨ ᠤ ᠳᠠᠷᠠᠭ᠎ᠠ ᠲᠦᠷᠤ ᠶᠢᠨ ᠪᠤᠳᠤᠯᠭ᠎ᠠ ᠶᠢᠨ ᠳᠠᠮᠵᠢᠯᠬᠡ ᠤᠯᠭᠤᠨ᠎ᠠ᠃     ︵ᠳᠠᠪᠤ︶ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠤᠯ ᠵᠦᠢᠯ ᠪᠠ ᠪᠡᠯᠡ ᠮᠦᠩᠬᠦ ᠶᠢᠨ ᠬᠢᠨᠠᠯᠳᠠ ᠬᠠᠮᠢᠶᠠᠷᠤᠯᠳᠠ ᠪᠠᠨ ᠴᠢᠩᠭᠠᠤᠨᠬᠠᠨ᠂ ᠲᠦᠷᠤᠯ ᠵᠦᠢᠯ ᠢ ᠮᠡᠳᠡᠬᠦᠯᠤᠬᠡᠤᠨ ᠬᠡᠷᠡᠭᠵᠢᠬᠦᠯᠦᠭᠰᠡᠨ ᠦᠬᠡᠢ ᠡᠵᠡᠩᠨᠡᠯᠳᠠ ᠶᠢᠨ ᠭᠤᠤᠯ ᠴᠤᠭᠴᠠ ᠶᠢᠨ ᠪᠤᠰᠤᠤᠨ ᠲᠦᠷᠤᠯ ᠵᠦᠢᠯ ᠢ ᠲᠦᠷ ᠳᠡᠮᠵᠢᠬᠦ ᠦᠬᠡᠢ ᠪᠠᠶᠢᠬᠤ ᠬᠡᠷᠡᠭᠳᠠᠢ᠃ ᠬᠡᠷᠪᠡ ᠬᠤᠳᠠᠯ ᠬᠠᠭᠤᠷᠮᠠᠭ ᠵᠤᠬᠢᠶᠠᠬᠤ᠂ ᠪᠡᠯᠡ ᠮᠦᠩᠬᠦ ᠶᠢ ᠮᠡᠬᠡᠯᠡᠨ ᠠᠪᠬᠤ᠂ ᠲᠦᠷᠤᠯ ᠵᠦᠢᠯ ᠤᠨ ᠨᠦᠬᠦᠪᠤᠷᠢ ᠶᠢ ᠳᠠᠪᠬᠤᠷ ᠡᠳ᠋ᠯᠡᠬᠦ ᠵᠡᠷᠬᠡ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠢᠯᠡᠷᠡᠪᠡᠯ᠂ ᠳᠡᠮᠵᠢᠯᠬᠡ ᠶᠢᠨ ᠪᠡᠯᠡ ᠮᠦᠩᠬᠦ ᠶᠢ ᠨᠡᠬᠡᠮᠵᠢᠯᠡᠨ ᠠᠪᠴᠢᠷᠠᠬᠤ ᠮᠦᠷᠳᠡᠬᠡᠨ ᠬᠠᠮᠢᠶ᠎ᠠ ᠪᠦᠬᠦᠢ ᠬᠦᠮᠤᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃     ︵ᠵᠢᠷᠭᠤᠭ᠎ᠠ︶ ᠳᠤᠰ ᠲᠦᠷᠤ ᠶᠢᠨ ᠪᠤᠳᠤᠯᠭ᠎ᠠ ᠶᠢ ᠳᠠᠷᠤᠮᠠᠯᠯᠠᠨ ᠳᠠᠷᠬᠠᠭᠠᠭᠰᠡᠨ ᠡᠳᠤᠷ ᠠᠴᠠ ᠡᠬᠢᠯᠡᠨ ᠬᠡᠷᠡᠭᠵᠢᠬᠦᠯᠤᠨ᠎ᠠ᠃     ︵ᠳᠤᠯᠤᠭ᠎ᠠ︶ ᠳᠤᠰ ᠲᠦᠷᠤ ᠶᠢᠨ ᠪᠤᠳᠤᠯᠭ᠎ᠠ ᠶᠢ ᠬᠤᠰᠢᠭᠤ ᠮᠠᠯ ᠳᠠᠷᠢᠶᠠᠯᠠᠩ ᠤᠨ ᠳᠤᠪᠴᠢᠶ᠎ᠠ᠂ ᠤᠢ ᠰᠢᠭᠤᠢ ᠨᠤᠳᠤᠭ ᠪᠡᠯᠴᠢᠬᠡᠷ ᠤᠨ ᠳᠤᠪᠴᠢᠶ᠎ᠠ ᠠᠴᠠ ᠬᠠᠷᠢᠭᠤᠴᠠᠨ ᠳᠠᠶᠢᠯᠪᠤᠷᠢᠯᠠᠬᠤ ᠮᠦᠷᠳᠡᠬᠡᠨ ᠬᠤᠰᠢᠭᠤ ᠡᠳ᠋ ᠤᠨ ᠵᠠᠰᠠᠭ ᠤᠨ ᠳᠤᠪᠴᠢᠶ᠎ᠠ ᠲᠠᠢ ᠬᠠᠮᠳᠤᠷᠠᠨ ᠪᠤᠳᠠᠳᠠᠢ ᠬᠡᠷᠡᠭᠵᠢᠬᠦᠯᠬᠦ ᠨᠠᠷᠢᠨ ᠲᠦᠷᠢᠮ ᠢ ᠳᠤᠭᠳᠠᠭᠠᠨ᠎ᠠ᠃                                   ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ  ᠤ ᠠᠯᠪᠠᠨ ᠬᠡᠷ                                     2023 ᠤᠨ ᠤ 1 ᠰᠠᠷ᠎ᠠ ᠶᠢᠨ 10 ᠤ ᠡᠳᠤᠷ  ᠤ ᠡᠳᠤᠷ ᠳᠠᠷᠤᠮᠠᠯᠯᠠᠨ ᠳᠠᠷᠬᠠᠭᠠᠪᠠ
ᠢᠷᠡᠯᠲᠡ᠄ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠡᠲ᠋ᠧᠷᠢᠶᠠᠯ