ᠪᠠᠶᠠᠨ ᠦᠵᠦᠭᠦᠷ ᠭᠠᠴᠠᠭ᠎ᠠ ᠨᠠᠩᠰᠣ ᠪᠠᠯᠭᠠᠰᠣᠨ ᠤ ᠪᠠᠶᠢᠭ᠎ᠠ ᠭᠠᠵᠠᠷ ᠠᠴᠠ ᠪᠠᠷᠠᠭᠤᠨ ᠬᠤᠶᠢᠰᠢ 74 ᠺᠢᠯᠦᠮᠧᠲᠷ ᠵᠠᠶᠢᠲᠠᠢ᠂ ᠣᠯᠵᠠᠴᠢ ᠪᠠᠯᠭᠠᠰᠣᠨ ᠠᠴᠠ 60 | ᠺᠢᠯᠦᠮᠧᠲᠷ ᠵᠠᠶᠢᠲᠠᠢ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠤᠪᠴᠢᠶ᠎ᠠ ᠶᠢᠨ ᠳᠠᠭᠠᠭᠠᠴᠢᠯᠠᠨ ᠳᠡᠳᠭᠦᠬᠦ ᠴᠡᠭ ᠪᠣᠯᠣᠨ᠎ᠠ᠃ ᠪᠠᠶᠠᠨ ᠦᠵᠦᠭᠦᠷ ᠭᠠᠴᠠᠭᠠᠨ ᠤ | ᠭᠠᠵᠠᠷ ᠰᠢᠷᠣᠢ ᠶᠢᠨ ᠶᠡᠷᠦᠩᠬᠡᠢ ᠲᠠᠯᠠᠪᠠᠢ 28.6 ᠲᠦᠮᠡᠨ ᠮᠣ᠋᠂ ᠠᠰᠢᠭᠯᠠᠵᠤ ᠪᠣᠯᠬᠤ ᠨᠤᠲᠤᠭ ᠪᠡᠯᠴᠢᠭᠡᠷ ᠤᠨ ᠲᠠᠯᠠᠪᠠᠢ 23 ᠲᠦᠮᠡᠨ ᠮᠣ᠋᠂ ᠪᠦᠲᠦᠮᠵᠢᠲᠠᠢ | ᠣᠰᠣᠯᠠᠯᠲᠠ ᠶᠢᠨ ᠲᠠᠯᠠᠪᠠᠢ 6500 ᠮᠤ᠋᠂ ᠮᠠᠯ ᠤᠨ ᠶᠡᠷᠦᠩᠬᠡᠢ ᠲᠤᠭ᠎ᠠ 12200 ᠲᠤᠯᠤᠭᠠᠢ᠃ ᠬᠠᠷᠢᠶᠠᠨ ᠳᠤ ᠨᠢ 3 ᠮᠠᠯᠵᠢᠯ ᠤᠨ ᠬᠤᠷᠰᠢᠶ᠎ᠠ᠂ ᠨᠡᠶᠢᠲᠡ 137 | ᠡᠷᠦᠬᠡ 374 ᠬᠦᠮᠦᠨ ᠠᠮᠠ ᠲᠠᠢ᠂ ᠪᠠᠶᠢᠩᠭᠤ ᠰᠠᠭᠤᠭ᠎ᠠ 78 ᠡᠷᠦᠬᠡ 253 ᠬᠦᠮᠦᠨ᠃ ᠮᠤᠩᠭᠤᠯ ᠦᠨᠳᠦᠰᠦᠲᠡᠨ ᠢᠶᠠᠷ ᠭᠤᠣᠯ ᠪᠣᠯᠭᠠᠵᠣ᠂ ᠬᠢᠲᠠᠳ | ᠦᠨᠳᠦᠰᠦᠲᠡᠨ ᠲᠦᠪᠯᠡᠷᠡᠨ ᠰᠠᠭᠤᠷᠢᠰᠢᠭᠰᠠᠨ᠂ ᠮᠠᠯ ᠠᠵᠣ ᠠᠬᠤᠢ ᠪᠠᠷ ᠭᠤᠣᠯ ᠪᠣᠯᠭᠠᠨ᠂ ᠮᠠᠯ ᠲᠠᠷᠢᠶᠠᠯᠠᠩ ᠢ ᠬᠠᠮᠲᠤ ᠬᠦᠭᠵᠢᠭᠦᠯᠦᠭᠰᠡᠨ ᠭᠠᠴᠠᠭ᠎ᠠ ᠪᠣᠯᠣᠨ᠎ᠠ᠃ | ᠭᠠᠴᠠᠭᠠᠨ ᠤ ᠨᠠᠮ ᠤᠨ ᠡᠭᠦᠷ ᠲᠤ 25 ᠨᠠᠮ ᠤᠨ ᠬᠡᠰᠢᠭᠦᠨ᠂ 4 ᠨᠠᠮ ᠤᠨ ᠡᠭᠦᠷ ᠤᠨ ᠬᠡᠰᠢᠬᠦᠨ ᠲᠠᠢ᠂ ᠡᠭᠦᠨ ᠳᠤ ᠴᠦᠭᠡᠨ ᠲᠤᠭᠠᠲᠤ ᠦᠨᠳᠦᠰᠦᠲᠡᠨ ᠤ ᠨᠠᠮ ᠤᠨ | ᠬᠡᠰᠢᠬᠦᠨ 6᠂ ᠡᠮᠡᠭᠲᠡᠢ ᠨᠠᠮ ᠤᠨ ᠬᠡᠰᠢᠬᠦᠨ 5 ᠪᠣᠢ᠃ ᠲᠤᠰᠢᠶᠠᠯ ᠦᠭᠡᠢ ᠨᠠᠮ ᠤᠨ ᠬᠡᠰᠢᠬᠦᠨ ᠤ ᠬᠠᠷᠢᠭᠤᠴᠠᠯᠭ᠎ᠠ ᠶᠢᠨ ᠲᠤᠭᠤᠷᠢᠭ ᠢ 13 ᠬᠤᠪᠢᠶᠠᠵᠤ᠂ | ᠪᠡᠯᠡᠳᠭᠡᠯ ᠺᠠᠳ᠋ᠷ 2᠂ ᠬᠡᠰᠢᠭᠦᠳ ᠤᠨ ᠲᠦᠯᠦᠭᠡᠯᠡᠭᠴᠢ 11 ᠪᠣᠢ᠃ ᠭᠠᠴᠠᠭᠠᠨ ᠤ ᠠᠵᠢᠯᠯᠠᠭᠠᠨ ᠤ ᠭᠠᠵᠠᠷ 341 ᠺᠦᠸᠠᠳ᠋ ᠮᠧᠲᠷ᠂ ᠬᠠᠮᠲᠣ ᠶᠢᠨ ᠪᠡᠯᠴᠢᠭᠡᠷ | 500 ᠮᠤ᠋᠂ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ 3 ᠲᠦᠮᠡᠨ ᠲᠦᠭᠦᠷᠢᠭ᠂ ᠮᠠᠯᠴᠢᠨ ᠲᠠᠷᠢᠶᠠᠴᠢᠨ ᠤ ᠬᠦᠮᠦᠨ ᠳᠣᠮᠳᠠᠴᠢ ᠶᠢᠨ ᠵᠢᠯ ᠤᠨ ᠣᠷᠣᠯᠭ᠎ᠠ | 1.3 ᠲᠦᠮᠡᠨ ᠲᠦᠭᠦᠷᠢᠭ᠃ |