ᠪᠣᠷᠣᠲᠣᠯᠣᠭᠠᠢ ᠲᠣᠰᠬᠤᠨ ᠪᠣᠷᠣᠪᠠᠯᠭᠠᠰᠣ ᠪᠠᠯᠭᠠᠰᠣᠨ ᠤ ᠵᠡᠬᠦᠨ ᠡᠮᠣᠨ᠎ᠡ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ | ᠠᠴᠠ 14 ᠺᠢᠯᠣᠮᠧᠲᠷ ᠵᠠᠶᠢᠲᠠᠢ᠂ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 4.9 ᠲᠦᠮᠡᠨ ᠮᠣ᠋᠂ ᠡᠬᠦᠨ ᠳᠤ ᠠᠰᠢᠭᠯᠠᠵᠣ ᠪᠣᠯᠬᠤ ᠨᠣᠲᠤᠭ ᠪᠡᠯᠴᠢᠬᠡᠷ 2.9 ᠲᠦᠮᠡᠨ | ᠮᠣ᠋᠂ ᠣᠰᠣᠨ ᠭᠠᠵᠠᠷ 1 ᠲᠦᠮᠡᠨ ᠮᠣ᠋᠃ 5 ᠮᠠᠯᠵᠢᠯ ᠤᠨ ᠬᠤᠷᠰᠢᠶ᠎ᠠ᠂ 346 ᠡᠷᠣᠬᠡ 1009 ᠬᠦᠮᠦᠨ ᠠᠮᠠ ᠲᠠᠢ᠂ ᠪᠠᠶᠢᠩᠭᠤ ᠰᠠᠭᠤᠭ᠎ᠠ 224 ᠡᠷᠣᠬᠡ 780 | ᠬᠦᠮᠦᠨ᠂ ᠲᠠᠷᠢᠶᠠᠯᠠᠩ ᠢᠶᠠᠷ ᠭᠤᠣᠯ ᠪᠣᠯᠭᠠᠵᠣ᠂ ᠮᠠᠯ ᠲᠠᠷᠢᠶᠠᠯᠠᠩ ᠢ ᠣᠶᠠᠯᠳᠣᠭᠤᠯᠣᠭᠰᠠᠨ ᠲᠣᠰᠬᠤᠨ ᠪᠣᠯᠣᠨ᠎ᠠ᠃ 32 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ | ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 1᠂ ᠡᠮᠡᠭᠲᠡᠢ ᠨᠠᠮ ᠤᠨ ᠬᠡᠰᠢᠬᠦᠨ 3᠂ 60 ᠨᠠᠰᠣ ᠶᠢ ᠲᠠᠪᠠᠭᠰᠠᠨ ᠨᠠᠮ ᠤᠨ ᠬᠡᠰᠢᠬᠦᠨ 9᠂ ᠨᠡᠬᠦᠳᠡᠯ ᠨᠠᠮ ᠤᠨ | ᠬᠡᠰᠢᠬᠦᠨ 4 ᠪᠣᠢ᠃ ᠪᠣᠷᠣᠲᠣᠯᠣᠭᠠᠢ ᠲᠣᠰᠬᠤᠨ ᠠᠯᠠᠰᠢᠨ ᠭᠠᠭ᠋ᠠᠢ ᠶᠢᠨ ᠬᠡᠪᠴᠢᠶᠡᠵᠢᠭᠰᠡᠨ ᠠᠷᠠᠴᠢᠯᠠᠯᠲᠠ ᠪᠠ ᠣᠨᠴᠠᠯᠢᠭᠲᠣ ᠲᠠᠷᠢᠮᠠᠯ ᠤᠨ ᠦᠢᠯᠡᠰ ᠢᠶᠠᠷ ᠭᠤᠣᠯ | ᠪᠣᠯᠭᠠᠵᠣ᠂ ᠭᠠᠭ᠋ᠠᠢ ᠲᠡᠵᠢᠬᠡᠬᠦ ᠨᠡᠶᠢᠬᠡᠮᠯᠢᠭ ᠪᠣᠯᠣᠨ ᠮᠠᠯ ᠲᠠᠷᠢᠶᠠᠯᠠᠩ ᠤᠨ ᠦᠢᠯᠡᠰ ᠢ ᠬᠦᠭᠵᠢᠬᠦᠯᠬᠦ ᠬᠠᠮᠳᠣᠷᠠᠯ ᠬᠤᠷᠰᠢᠶ᠎ᠠ ᠶᠢ ᠲᠠᠩᠰᠠᠯᠠᠭᠤᠯᠣᠨ᠂ ᠠᠯᠠᠰᠢᠨ ᠭᠠᠭ᠋ᠠᠢ | ᠲᠡᠵᠢᠬᠡᠬᠦ ᠪᠠᠷᠢᠮᠵᠢᠶᠠᠵᠢᠭᠰᠠᠨ ᠰᠠᠭᠤᠷᠢᠨ ᠭᠠᠵᠠᠷ ᠢ 2᠂ ᠪᠠᠷᠢᠮᠵᠢᠶᠠᠵᠢᠭᠰᠠᠨ ᠲᠣᠯᠠᠭᠠᠨ ᠬᠦᠯᠡᠮᠵᠢ ᠶᠢ 100 ᠭᠠᠷᠣᠢ ᠪᠠᠶᠢᠭᠤᠯᠵᠣ᠂ ᠵᠠᠭᠪᠣᠷᠴᠢᠯᠠᠭᠰᠠᠨ ᠲᠡᠵᠢᠬᠡᠬᠦ᠂ | ᠲᠠᠷᠢᠬᠤ ᠡᠷᠣᠬᠡ ᠶᠢ 150 ᠭᠠᠷᠣᠢ ᠬᠦᠭᠵᠢᠬᠦᠯᠵᠡᠢ᠃ 2012 ᠣᠨ ᠳᠤ ᠲᠦᠮᠡᠨ ᠮᠣ᠋ ᠦᠨᠳᠣᠷ ᠣᠨᠠᠯᠲᠠᠲᠣ ᠡᠷᠳᠡᠨᠢ ᠰᠢᠰᠢ ᠶᠢᠨ ᠰᠠᠭᠤᠷᠢᠨ ᠭᠠᠵᠠᠷ ᠪᠠᠶᠢᠭᠤᠯᠣᠨ᠂ | ᠡᠯ᠎ᠡ ᠲᠦᠷᠦᠯ ᠤᠨ ᠲᠠᠷᠢᠶᠠᠯᠠᠩ ᠤᠨ ᠮᠠᠰᠢᠨ ᠲᠣᠨᠣᠭᠯᠠᠯ ᠢ 32 ᠰᠠᠭᠤᠷᠢ ᠬᠤᠳᠠᠯᠳᠣᠨ ᠠᠪᠴᠤ᠂ ᠲᠠᠷᠢᠶᠠᠯᠠᠩ ᠤᠨ ᠮᠠᠰᠢᠨ ᠤ ᠲᠣᠰᠬᠠᠢ ᠦᠢᠯᠡᠴᠢᠯᠡᠬᠡᠨ ᠤ ᠠᠩᠬᠢ | ᠪᠠᠶᠢᠭᠤᠯᠣᠨ᠂ ᠡᠷᠣᠬᠡ ᠬᠤᠯᠪᠣᠭᠠᠯᠠᠨ ᠡᠵᠡᠩᠨᠡᠵᠣ᠂ ᠬᠠᠭᠠᠯᠪᠣᠷᠢᠯᠠᠬᠤ᠂ ᠲᠠᠷᠢᠬᠤ᠂ ᠦᠷᠡᠯᠡᠬᠦ᠂ ᠬᠤᠷᠢᠶᠠᠬᠤ᠂ ᠣᠰᠣᠯᠠᠬᠤ ᠪᠦᠬᠦ ᠶᠠᠪᠣᠴᠠ ᠶᠢ ᠮᠠᠰᠢᠨᠴᠢᠯᠠᠭᠰᠠᠨ | ᠣᠳᠣᠬᠢᠴᠢᠯᠠᠭᠰᠠᠨ ᠵᠠᠭᠪᠣᠷ ᠢ ᠪᠦᠷᠢᠯᠳᠦᠬᠦᠯᠪᠡ᠃ 2000 ᠮᠤ᠋ ᠴᠢᠨᠠᠷ ᠰᠠᠶᠢᠲᠠᠢ ᠡᠪᠡᠰᠣ᠂ 3000 ᠮᠣ᠋ ᠣᠨᠴᠠᠯᠢᠭᠲᠣ ᠠᠵᠣ ᠠᠬᠤᠢ ᠶᠢᠨ ᠲᠠᠷᠢᠮᠠᠯ ᠲᠠᠷᠢᠵᠣ᠂ 1.2 | ᠲᠦᠮᠡᠨ ᠲᠣᠯᠣᠭᠠᠢ ᠮᠠᠯ ᠠᠷᠠᠴᠢᠯᠠᠵᠣ ᠪᠣᠢ᠃ 2017 ᠣᠨ ᠳᠤ ᠮᠠᠯᠴᠢᠨ ᠲᠠᠷᠢᠶᠠᠴᠢᠳ ᠤᠨ ᠬᠦᠮᠦᠨ ᠲᠣᠮᠳᠠᠴᠢ ᠶᠢᠨ ᠴᠡᠪᠡᠷ ᠣᠷᠣᠯᠭ᠎ᠠ 14800 ᠲᠦᠬᠦᠷᠢᠭ | ᠲᠤ ᠬᠦᠷᠴᠡᠢ᠃ |