ᠠᠳᠣᠭᠤᠨ ᠬᠤᠳᠳᠤᠭ ᠲᠤᠰᠬᠤᠨ ᠤᠯᠵᠠᠴᠢ ᠪᠠᠯᠭᠠᠰᠤᠨ ᠠᠴᠠ ᠪᠠᠷᠠᠭᠤᠨ ᠡᠮᠦᠨ᠎ᠡ 11 ᠺᠢᠯᠣᠮᠧᠲᠷ ᠲᠤ ᠪᠠᠶᠢᠷᠢᠯᠠᠳᠠᠭ᠃ 1958 ᠤᠨ ᠳᠤ ᠠᠳᠣᠭᠤᠨ | ᠬᠤᠳᠳᠤᠭ ᠦᠢᠯᠡᠳᠪᠦᠷᠢᠯᠡᠯ ᠤᠨ ᠶᠡᠭᠡ ᠪᠠᠷᠢᠭᠠᠲᠠ ᠪᠠᠶᠢᠭᠤᠯᠤᠭᠳᠠᠨ᠂ ᠳᠠᠬᠢᠯᠲᠤ ᠠᠷᠠᠳ ᠤᠨ ᠨᠢᠭᠡᠳᠦᠯ ᠳᠤ ᠬᠠᠷᠢᠶᠠᠯᠠᠭᠳᠠᠵᠤ ᠪᠠᠶᠢᠪᠠ᠃ 1984 ᠤᠨ ᠳᠤ | ᠠᠳᠣᠭᠤᠨ ᠬᠤᠳᠳᠤᠭ ᠦᠢᠯᠡᠳᠪᠦᠷᠢᠯᠡᠯ ᠤᠨ ᠶᠡᠭᠡ ᠪᠠᠷᠢᠭᠠᠲᠠ ᠶᠢ ᠠᠳᠣᠭᠤᠨ ᠬᠤᠳᠳᠤᠭ ᠲᠤᠰᠬᠤᠨ ᠪᠣᠯᠭᠠᠨ ᠦᠭᠡᠷᠡᠴᠢᠯᠡᠵᠦ᠂ 2005 ᠤᠨ ᠤ 6 ᠳᠤ | ᠤᠯᠵᠠᠴᠢ ᠪᠠᠯᠭᠠᠰᠤᠨ ᠳᠤ ᠬᠠᠷᠢᠶᠠᠯᠠᠭᠤᠯᠪᠠ᠃ 8 ᠲᠠᠷᠢᠶᠠᠯᠠᠩ ᠤᠨ ᠬᠤᠷᠰᠢᠶ᠎ᠠ ᠲᠠᠢ᠂ ᠪᠦᠬᠦ ᠲᠤᠰᠬᠤᠨ ᠤ ᠭᠠᠵᠠᠷ ᠰᠢᠷᠦᠢ ᠶᠢᠨ ᠶᠡᠷᠦᠩᠬᠡᠢ ᠲᠡᠯᠡᠪᠡᠢ 10 ᠲᠦᠮᠡᠨ ᠮᠤ᠋᠂ | ᠡᠭᠦᠨ ᠳᠤ ᠡᠯᠡᠰᠦᠵᠢᠭᠰᠡᠨ ᠲᠠᠯᠠᠪᠠᠢ 3 ᠲᠦᠮᠡᠨ ᠮᠤ᠋᠂ ᠠᠰᠢᠭᠯᠠᠵᠤ ᠪᠤᠯᠬᠤ ᠭᠠᠵᠠᠷ ᠰᠢᠷᠤᠢ ᠶᠢᠨ ᠲᠠᠯᠠᠪᠠᠢ 8 ᠲᠦᠮᠡᠨ ᠮᠤ᠋᠂ ᠭᠠᠩ ᠬᠠᠭᠤᠷᠠᠢ ᠰᠢᠯᠢᠷᠬᠡᠭ ᠭᠠᠵᠠᠷ | ᠪᠣᠯᠣᠨ᠎ᠠ᠃ | ᠣᠶᠢᠷ᠎ᠠ ᠶᠢᠨ ᠵᠢᠯ ᠳᠤ ᠲᠤᠰᠬᠤᠨ ᠤ ᠨᠠᠮ ᠤᠨ ᠡᠭᠦᠷ ᠣᠶᠣᠨᠴᠢ ᠨᠠᠮ ᠤᠨ ᠪᠠᠶᠢᠭᠤᠯᠤᠯᠲᠠ ᠪᠠᠷ ᠵᠢᠯᠤᠭᠤᠳᠤᠯᠭ᠎ᠠ ᠪᠤᠯᠭᠠᠨ᠂ ︽ᠲᠠᠪᠤᠨ ᠰᠠᠶᠢᠲᠠᠢ ᠭᠤᠷᠪᠠᠨ | ᠳᠡᠭᠡᠭᠰᠢᠯᠡᠯᠲᠡ ᠲᠠᠢ︾ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠶᠢᠨ ᠲᠤᠭᠤᠷᠢᠨ ᠳᠤ ᠰᠢᠨ᠎ᠡ ᠠᠷᠭ᠎ᠠ ᠵᠠᠮ ᠢ ᠰᠦᠪᠡᠭᠴᠢᠯᠠᠨ᠂ | ᠰᠢᠨ᠎ᠡ ᠪᠦᠲᠦᠮᠵᠢ ᠶᠢ ᠡᠭᠦᠳᠴᠦ᠂ ︽ᠬᠤᠶᠠᠷ ᠵᠦᠪᠯᠡᠯ︾ ᠤᠨ ᠵᠤᠬᠢᠶᠠᠨ ᠪᠠᠶᠢᠭᠤᠯᠬᠤ ᠴᠢᠳᠠᠪᠤᠷᠢ ᠪᠠᠨ ᠢᠯᠡᠷᠬᠡᠢ ᠳᠡᠭᠡᠭᠰᠢᠯᠡᠬᠦᠯᠪᠡ᠂ 2017 ᠤᠨ ᠳᠤ ︽ᠲᠠᠪᠤᠨ | ᠰᠠᠶᠢᠲᠠᠢ ᠭᠤᠷᠪᠠᠨ ᠳᠡᠭᠡᠭᠰᠢᠯᠡᠯᠲᠡ ᠲᠠᠢ︾ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠᠷ ᠦᠨᠡᠯᠡᠭᠳᠡᠪᠡ᠃ |