ᠣᠯᠵᠠᠴᠢ ᠪᠠᠯᠭᠠᠰᠣᠨ ᠤ ᠨᠠᠮ ᠤᠨ ᠬᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠦᠪ ᠠᠴᠠ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ | ᠦᠢᠯᠡᠴᠢᠯᠡᠭᠡ ᠪᠠᠷ ᠳᠦᠬᠦᠮ ᠦᠵᠡᠬᠦᠯᠬᠦ ᠪᠠᠷ ᠴᠢᠬᠤᠯᠠ ᠭᠠᠷᠳᠠᠴᠠ ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠨᠡᠴᠢᠯᠡᠵᠦ ᠰᠢᠯᠢᠳᠡᠭᠵᠢᠬᠦᠯᠦᠨ᠂ | ᠨᠠᠮ ᠤᠨ ᠬᠡᠰᠢᠬᠦᠨ ᠣᠯᠠᠨ ᠲᠦᠮᠡᠨ ᠳᠤ ᠦᠢᠯᠡᠴᠢᠯᠡᠬᠦ ᠬᠦᠬᠦᠷᠬᠡ ᠬᠤᠯᠪᠤᠭᠠᠰᠣ ᠶᠢ ᠰᠢᠯᠤᠭᠤᠳᠬᠠᠵᠤ᠂ ᠣᠯᠠᠨ ᠲᠦᠮᠡᠨ ᠤ ᠣᠴᠢᠷ ᠶᠠᠪᠤᠳᠠᠯ ᠬᠦᠢᠴᠡᠳᠬᠡᠬᠦ ᠳᠤ | ᠣᠳᠠᠭᠠᠨ᠂ ᠣᠯᠠᠨ ᠭᠠᠵᠠᠷ᠂ ᠨᠠᠭᠠᠰᠢ ᠴᠠᠭᠠᠰᠢ ᠬᠦᠶᠦᠬᠦ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠣᠯᠠᠨ ᠲᠦᠮᠡᠨ ᠤ ᠣᠴᠢᠷ ᠶᠠᠪᠤᠳᠠᠯ ᠢ | ᠬᠦᠢᠴᠡᠳᠬᠡᠬᠦ ᠲᠦᠳᠡ ᠶᠢᠨ ᠬᠡᠮᠵᠢᠶ᠎ᠡ᠂ ᠬᠠᠨᠣᠮᠵᠢ ᠶᠢ ᠪᠦᠬᠦ ᠲᠠᠯ᠎ᠠ ᠪᠠᠷ ᠳᠡᠭᠡᠭᠰᠢᠯᠡᠬᠦᠯᠪᠡ᠃ | ᠠᠷᠠᠳ ᠲᠤ ᠳᠦᠬᠦᠮ ᠦᠵᠡᠬᠦᠯᠬᠦ ᠲᠦᠪ ᠤᠨ ᠦᠢᠯᠡᠴᠢᠯᠡᠬᠡᠨ ᠤ ᠴᠣᠩᠬᠤᠪᠴᠢ ᠶᠢ ᠵᠦᠢ ᠵᠤᠬᠢᠰᠲᠠᠢ ᠲᠦᠯᠦᠪᠵᠢᠬᠦᠯᠪᠡ᠃ ᠣᠯᠠᠨ ᠲᠦᠮᠡᠨ ᠤ ᠣᠴᠢᠷ | ᠶᠠᠪᠤᠳᠠᠯ ᠬᠦᠢᠴᠡᠳᠬᠡᠬᠦ ᠳᠤ ᠣᠯᠠᠮ ᠳᠦᠬᠦᠮ ᠦᠵᠡᠬᠦᠯᠬᠦ ᠶᠢᠨ ᠲᠤᠰᠠᠳᠠ᠂ ᠨᠠᠮ ᠤᠨ ᠬᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠦᠪ ᠤᠨ ᠬᠢᠨ ᠠᠷᠠᠳ ᠲᠤ | ᠳᠦᠬᠦᠮ ᠦᠵᠡᠬᠦᠯᠬᠦ ᠲᠢᠩᠬᠢᠮ ᠤᠨ ᠴᠣᠩᠬᠤᠪᠴᠢ ᠶᠢ ᠴᠡᠭᠴᠡᠵᠢᠬᠦᠯᠦᠨ ᠨᠡᠶᠢᠬᠡᠮ ᠤᠨ ᠠᠪᠤᠷᠠᠨ ᠲᠤᠰᠠᠯᠠᠯᠲᠠ᠂ ᠨᠡᠶᠢᠬᠡᠮ ᠤᠨ ᠪᠠᠲᠤᠯᠠᠭ᠎ᠠ ᠠᠵᠢᠯ ᠣᠯᠭᠤᠯᠲᠠ ᠵᠢᠴᠢ | ᠡᠷᠡᠬᠦᠯ ᠬᠠᠮᠠᠭᠠᠯᠠᠯ ᠡᠷᠡᠬᠦᠯ ᠮᠡᠨᠳᠦ᠂ ᠴᠡᠷᠢᠭ ᠠᠴᠠ ᠬᠠᠯᠬᠠᠳᠠᠭᠰᠠᠳ ᠤᠨ ᠦᠢᠯᠡᠴᠢᠯᠡᠭᠡ᠂ ᠣᠢ ᠰᠢᠭᠤᠢ ᠨᠤᠲᠤᠭ ᠪᠡᠯᠴᠢᠭᠡᠷ ᠣᠰᠣ ᠪᠠ ᠪᠠᠶᠢᠭᠠᠯᠢ ᠶᠢᠨ ᠡᠬᠢ | ᠪᠠᠶᠠᠯᠢᠭ ᠤᠨ ᠦᠢᠯᠡᠴᠢᠯᠡᠭᠡ᠂ ᠬᠤᠲᠠ ᠶᠢᠨ ᠬᠠᠮᠢᠶᠠᠷᠤᠯᠲᠠ ᠵᠡᠷᠭᠡ 5 ᠴᠣᠩᠬᠤᠪᠴᠢ ᠪᠤᠯᠭᠠᠨ ᠪᠠᠶᠢᠭᠤᠯᠵᠤ᠂ ᠣᠯᠠᠨ ᠲᠦᠮᠡᠨ ᠤ ᠪᠠᠶᠢᠩᠭᠤ ᠬᠦᠢᠴᠡᠳᠬᠡᠳᠡᠭ | ᠣᠴᠢᠷ ᠶᠠᠪᠤᠳᠠᠯ ᠢ ᠠᠷᠠᠳ ᠲᠤ ᠳᠦᠬᠦᠮ ᠦᠵᠡᠬᠦᠯᠬᠦ ᠲᠢᠩᠬᠢᠮ ᠳᠤ ᠨᠢᠬᠡᠳᠦᠯᠲᠡᠢ ᠰᠢᠯᠵᠢᠬᠦᠯᠬᠦ ᠶᠢᠨ ᠬᠠᠮᠲᠤ 2 ᠶᠡᠷᠦᠩᠬᠡᠶᠢᠯᠡᠭᠰᠡᠨ ᠴᠤᠩᠬᠤᠪᠴᠢ ᠶᠢ ᠨᠡᠮᠡᠵᠦ | ᠪᠠᠶᠢᠭᠤᠯᠤᠨ᠂ ︽ᠡᠮᠦᠨ᠎ᠡ ᠳᠠᠪᠴᠠᠩ ᠳᠤ ᠶᠡᠷᠦᠩᠬᠡᠶᠢᠯᠡᠨ ᠬᠦᠯᠢᠶᠡᠨ ᠠᠪᠬᠤ᠂ ᠠᠷᠤ ᠳᠠᠪᠴᠠᠩ ᠳᠤ ᠲᠦᠷᠦᠯ ᠬᠤᠪᠢᠶᠠᠵᠤ ᠬᠢᠨᠠᠨ ᠴᠤᠬᠤᠯᠠᠪᠤᠷᠢᠯᠠᠬᠤ᠂ | ᠶᠡᠷᠦᠩᠬᠡᠶᠢᠯᠡᠭᠰᠡᠨ ᠴᠤᠩᠬᠤᠪᠴᠢ ᠠᠴᠠ ᠮᠡᠲ᠋ᠧᠷᠢᠶᠡᠯ ᠭᠠᠷᠭᠠᠬᠤ︾ ᠦᠢᠯᠡᠴᠢᠯᠡᠬᠡᠨ ᠤ ᠵᠠᠭᠪᠤᠷ ᠢ ᠬᠡᠷᠡᠭᠵᠢᠬᠦᠯᠵᠦ᠂ ︽ᠭᠠᠭᠴᠠᠬᠠᠨ ᠦᠷᠲᠡᠭᠡ ᠪᠠᠷ ᠲᠦᠪᠯᠡᠷᠡᠩᠬᠦᠢ | ᠬᠦᠢᠴᠡᠳᠬᠡᠬᠦ︾᠂ ︽ᠭᠠᠭᠴᠠᠬᠠᠨ ᠴᠤᠩᠬᠤᠪᠴᠢ ᠪᠠᠷ ᠣᠯᠠᠨ ᠬᠦᠢᠴᠡᠳᠬᠡᠬᠦ︾ ᠶᠢ ᠪᠡᠶᠡᠯᠡᠬᠦᠯᠦᠨ᠂ ᠣᠯᠠᠨ ᠲᠦᠮᠡᠨ ᠤ ᠣᠴᠢᠷ ᠶᠠᠪᠤᠳᠠᠯ ᠰᠢᠢᠳᠪᠦᠷᠢᠯᠡᠬᠦ ᠳᠤ ᠶᠡᠭᠡ | ᠳᠦᠬᠦᠮ ᠦᠵᠡᠬᠦᠯᠪᠡ᠃ | ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠠᠷᠭ᠎ᠠ ᠠᠪᠴᠠᠯ ᠢ ᠰᠢᠨᠵᠢᠯᠡᠬᠦ ᠣᠬᠠᠭᠠᠨᠴᠢ ᠪᠠᠷ ᠰᠢᠯᠢᠳᠡᠭᠵᠢᠬᠦᠯᠪᠡ᠃ ᠨᠠᠮ ᠤᠨ ᠬᠡᠰᠢᠬᠦᠨ ᠣᠯᠠᠨ | ᠲᠦᠮᠡᠨ ᠳᠤ ᠦᠢᠯᠡᠴᠢᠯᠡᠬᠦ ᠲᠦᠪ ᠤᠨ ᠬᠢᠨ ᠠᠷᠠᠳ ᠲᠤ ᠳᠦᠬᠦᠮ ᠦᠵᠡᠬᠦᠯᠬᠦ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠦᠢᠯᠡᠴᠢᠯᠡᠭᠡ ᠶᠢ ᠭᠠᠴᠠᠭ᠎ᠠ | ᠲᠤᠰᠬᠤᠨ ︵ᠨᠡᠶᠢᠬᠡᠮ ᠲᠤᠭᠤᠷᠢᠭ︶ ᠤ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠦᠷᠲᠡᠭᠡᠨ ᠳᠤ ᠬᠦᠨᠵᠡᠬᠡᠶᠢᠷᠡᠬᠦᠯᠦᠨ ᠦᠷᠬᠡᠳᠬᠡᠵᠦ᠂ ᠲᠤᠤᠷᠵᠢᠯ | ᠪᠠᠶᠢᠭᠤᠯᠤᠯᠲᠠ ᠳᠤ ᠲᠦᠰᠢᠭᠯᠡᠵᠦ ᠨᠠᠮ ᠤᠨ ᠬᠡᠰᠢᠬᠦᠨ ᠺᠠᠳ᠋ᠷᠴᠣᠳ ᠢᠶᠠᠷ ᠭᠤᠤᠯᠯᠠᠬᠤ ᠬᠦᠴᠦᠨ᠂ ᠲᠤᠤᠷᠵᠢᠯ ᠬᠠᠮᠢᠶᠠᠷᠤᠯᠲᠠ ᠶᠢᠨ ᠬᠡᠰᠢᠬᠦᠨ ᠢᠶᠠᠷ ᠨᠦᠬᠦᠪᠦᠷᠢ | ᠬᠦᠴᠦᠨ ᠪᠤᠯᠭᠠᠭᠰᠠᠨ ᠲᠤᠰᠬᠠᠢ ᠲᠤᠰᠢᠶᠠᠯᠲᠤ ᠶᠡᠷᠦᠩᠬᠡᠶᠢᠯᠡᠭᠰᠡᠨ ᠴᠤᠩᠬᠤᠪᠴᠢ᠂ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠠᠵᠢᠯ ᠤᠨ ᠡᠩᠨᠡᠭᠡ ᠶᠢ | ᠪᠠᠶᠢᠭᠤᠯᠤᠨ᠂ ᠪᠠᠯᠭᠠᠰᠣ᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠬᠤᠶᠠᠷ ᠱᠠᠲᠤᠨ ᠤ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠵᠦᠢᠯᠡᠰ ᠤᠨ ᠰᠠᠭᠤᠷᠢ ᠳᠠᠩᠰᠠ ᠶᠢ ᠡᠮᠬᠢᠯᠡᠨ ᠨᠠᠷᠢᠯᠢᠭᠵᠢᠭᠤᠯᠵᠤ᠂ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠲᠤᠰᠢᠶᠠᠯ | ᠬᠠᠷᠢᠭᠤᠴᠠᠯᠭ᠎ᠠ᠂ ᠲᠤᠤᠷ ᠰᠦᠯᠵᠢᠶ᠎ᠡ ᠪᠠ ᠪᠤᠲᠠᠲᠤ ᠠᠵᠢᠯᠯᠠᠭ᠎ᠠ ᠶᠢᠨ ᠦᠢᠯᠡᠴᠢᠯᠡᠬᠡᠨ ᠤ ᠶᠠᠪᠤᠴᠠ᠂ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ | ᠬᠤᠭᠤᠴᠠᠭᠠᠨ ᠤ ᠢᠯᠡ ᠨᠡᠶᠢᠲᠡᠯᠡᠯ ᠣᠬᠠᠭᠤᠯᠭ᠎ᠠ ᠶᠢ ᠳᠦᠷᠢᠮᠵᠢᠬᠦᠯᠦᠨ᠂ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠬᠦᠯᠬᠦ ᠶᠢᠨ ᠬᠠᠮᠲᠤ ᠬᠠᠪᠰᠣᠷᠣᠨ | ᠬᠦᠢᠴᠡᠳᠬᠡᠬᠦ ᠣᠷᠣᠯᠠᠨ ᠬᠦᠢᠴᠡᠳᠬᠡᠬᠦ᠂ ︽ᠶᠡᠷᠦᠩᠬᠡᠶᠢᠯᠡᠭᠰᠡᠨ ᠴᠤᠩᠬᠤᠪᠴᠢ ᠪᠠᠷ ᠬᠦᠢᠴᠡᠳᠬᠡᠬᠦ︾ ᠦᠢᠯᠡᠴᠢᠯᠡᠭᠡ ᠶᠢ ᠶᠠᠪᠤᠭᠳᠠᠭᠤᠯᠵᠤ᠂ ᠦᠢᠯᠡᠴᠢᠯᠡᠬᠡᠨ ᠤ ᠬᠢᠷᠢ | ᠳᠦᠪᠰᠢᠨ ᠪᠠ ᠴᠢᠨᠠᠷ ᠴᠢᠨᠰᠠᠭ᠎ᠠ ᠶᠢ ᠰᠢᠯᠢᠳᠡᠭᠵᠢᠬᠦᠯᠦᠨ᠂ ᠦᠩᠭᠡᠷᠡᠭᠰᠡᠨ ᠤ ︽ᠣᠯᠠᠨ ᠲᠦᠮᠡᠨ ᠦᠪᠡᠷ ᠢᠶᠠᠨ ᠬᠦᠢᠴᠡᠳᠬᠡᠬᠦ︾ ᠶᠢ ᠦᠨᠡᠨ ᠬᠦ ︽ᠬᠠᠪᠰᠣᠷᠣᠨ | ᠬᠦᠢᠴᠡᠳᠬᠡᠬᠦ ᠣᠷᠣᠯᠠᠨ ᠬᠦᠢᠴᠡᠳᠬᠡᠬᠦ︾ ᠪᠤᠯᠭᠠᠨ ᠬᠤᠪᠢᠷᠠᠭᠤᠯᠪᠠ᠃ | ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠶᠠᠰᠣ ᠴᠢᠨᠠᠷ ᠢ ᠢᠳᠡᠪᠬᠢᠲᠡᠢ ᠪᠠᠷ ᠳᠡᠭᠡᠭᠰᠢᠯᠡᠬᠦᠯᠪᠡ᠃ ︽ᠭᠠᠭᠴᠠᠬᠠᠨ ᠣᠳᠠᠭ᠎ᠠ ᠳᠡᠭᠡᠷ᠎ᠡ ᠬᠦᠢᠴᠡᠳᠬᠡᠬᠦ᠂ | ᠭᠠᠭᠴᠠᠬᠠᠨ ᠣᠳᠠᠭ᠎ᠠ ᠳᠡᠭᠡᠷ᠎ᠡ ᠬᠦᠢᠴᠡᠳᠬᠡᠵᠦ ᠳᠡᠶᠢᠯᠬᠦ︾ ᠦᠢᠯᠡᠴᠢᠯᠡᠭᠡᠨ ᠤ ᠦᠵᠡᠯᠲᠡ ᠶᠢ ᠪᠠᠷᠢᠮᠲᠠᠯᠠᠨ᠂ ᠨᠠᠮ ᠤᠨ ᠬᠡᠰᠢᠬᠦᠨ ᠣᠯᠠᠨ ᠲᠦᠮᠡᠨ ᠳᠤ ᠦᠢᠯᠡᠴᠢᠯᠡᠬᠦ | ᠲᠦᠪ ︵ᠦᠷᠲᠡᠭᠡ︶ ᠤᠨ ᠢᠯᠡ ᠪᠠᠶᠢᠷᠢᠯᠠᠯ ᠳᠤ ᠶᠡᠷᠦᠩᠬᠡᠶᠢᠯᠡᠭᠰᠡᠨ ᠴᠣᠩᠬᠤᠪᠴᠢ ᠵᠢᠴᠢ ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠠᠵᠢᠯᠲᠠᠨ ᠤ ᠨᠡᠷ᠎ᠡ᠂ | ᠬᠡᠷᠡᠯ ᠵᠢᠷᠤᠭ᠂ ᠬᠠᠷᠢᠯᠴᠠᠬᠤ ᠠᠷᠭ᠎ᠠ ᠮᠠᠶ᠋ᠢᠭ ᠢ ᠢᠯᠡ ᠨᠠᠶᠢᠲᠠᠯᠠᠵᠤ᠂ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ︽ᠬᠦᠯᠢᠶᠡᠨ ᠠᠪᠤᠭᠰᠠᠨ ᠠᠵᠢᠯᠲᠠᠨ ᠤ | ᠬᠠᠷᠢᠭᠤᠴᠠᠯᠭ᠎ᠠ ᠶᠢᠨ ᠳᠦᠷᠢᠮ︾᠂ ︽ᠬᠠᠪᠰᠣᠷᠣᠨ ᠬᠦᠢᠴᠡᠳᠬᠡᠬᠦ ᠣᠷᠣᠯᠠᠨ ᠬᠦᠢᠴᠡᠳᠬᠡᠬᠦ ᠳᠦᠷᠢᠮ︾᠂ ︽ᠭᠠᠭᠴᠠᠬᠠᠨ ᠣᠳᠠᠭ᠎ᠠ ᠳᠤ ᠮᠡᠳᠡᠭᠳᠡᠬᠦ ᠳᠦᠷᠢᠮ︾᠂ | ︽ᠴᠠᠭ ᠬᠢᠵᠠᠭᠠᠷᠯᠠᠨ ᠬᠦᠢᠴᠡᠳᠬᠡᠵᠦ ᠳᠠᠭᠤᠰᠬᠠᠬᠤ ᠳᠦᠷᠢᠮ︾ ᠤᠨ ᠬᠡᠷᠡᠭᠵᠢᠬᠦᠯᠦᠯᠲᠡ ᠶᠢ ᠴᠢᠩᠭᠠᠳᠬᠠᠨ᠂ ᠣᠯᠠᠨ ᠲᠦᠮᠡᠨ ᠳᠤ ᠴᠢᠨᠠᠷ ᠰᠠᠶᠢᠲᠠᠢ᠂ ᠦᠨᠳᠦᠷ | ᠪᠦᠲᠦᠮᠵᠢᠲᠡᠢ᠂ ᠳᠦᠬᠦᠮ ᠳᠦᠳᠡ ᠦᠢᠯᠡᠴᠢᠯᠡᠭᠡ ᠬᠠᠩᠭᠠᠬᠤ ᠶᠢᠨ ᠬᠠᠮᠲᠤ ︽ᠰᠠᠶᠢᠨ ᠮᠠᠭᠤ ᠶᠢ ᠦᠨᠡᠯᠡᠬᠦ ᠳᠦᠷᠢᠮ︾᠂ ︽ᠠᠬᠤᠢ ᠲᠠᠯᠠᠪᠠᠢ ᠳᠤ ᠢᠯᠡᠴᠢᠯᠡᠨ | ᠮᠡᠳᠡᠬᠦᠯᠬᠦ ᠳᠦᠷᠢᠮ︾ ᠢ ᠬᠡᠷᠡᠭᠵᠢᠬᠦᠯᠵᠦ᠂ ᠣᠴᠢᠷ ᠶᠠᠪᠤᠳᠠᠯ ᠰᠢᠢᠳᠪᠦᠷᠢᠯᠡᠬᠦ ᠤᠯᠠᠨ ᠲᠦᠮᠡᠨ ᠠᠴᠠ ᠠᠬᠤᠢ ᠲᠠᠯᠠᠪᠠᠢ ᠳᠤ ᠴᠤᠩᠬᠤᠪᠴᠢ ᠵᠢᠴᠢ ᠬᠠᠪᠰᠣᠷᠣᠨ | ᠬᠦᠢᠴᠡᠳᠬᠡᠬᠦ ᠣᠷᠣᠯᠠᠨ ᠬᠦᠢᠴᠡᠳᠬᠡᠬᠦ ᠠᠵᠢᠯᠲᠠᠨ ᠤ ᠦᠢᠯᠡᠴᠢᠯᠡᠬᠡᠨ ᠤ ᠣᠪᠣᠷ᠂ ᠠᠵᠢᠯ ᠤᠨ ᠪᠦᠲᠦᠮᠵᠢ ᠵᠡᠷᠭᠡ ᠶᠢ ᠨᠢᠬᠡ ᠣᠳᠠᠭ᠎ᠠ ᠨᠢᠬᠡ ᠦᠨᠡᠯᠡᠬᠦ ᠪᠤᠶᠤ | ᠵᠠᠭᠠᠯᠳᠣᠨ᠂ ᠣᠯᠠᠨ ᠲᠦᠮᠡᠨ ᠤ ᠲᠠᠯᠠᠭᠠᠷ ᠬᠦᠶᠦᠵᠦ᠂ ᠢᠯᠡᠬᠦᠦ ᠴᠠᠭ ᠵᠠᠷᠤᠴᠠᠭᠤᠯᠬᠤ ᠶᠢ ᠡᠷᠡᠰ ᠳᠡᠪᠴᠢᠵᠦ᠂ ᠦᠢᠯᠡᠴᠢᠯᠡᠬᠡᠨ ᠤ ᠠᠷᠭ᠎ᠠ ᠮᠠᠶ᠋ᠢᠭ ᠢ ᠪᠦᠷᠢᠨ | ᠳᠡᠬᠦᠯᠳᠡᠷ ᠪᠠᠶᠢᠯᠭᠠᠬᠤ᠂ ᠦᠢᠯᠡᠴᠢᠯᠡᠬᠡᠨ ᠤ ᠵᠦᠢᠯᠡᠰ ᠢ ᠳᠠᠷᠤᠭᠳᠠᠭᠤᠯᠤᠯ ᠦᠬᠡᠢ ᠪᠠᠶᠢᠯᠭᠠᠬᠤ᠂ ᠵᠠᠭᠠᠯᠳᠣᠭᠰᠠᠨ ᠵᠦᠢᠯᠡᠰ ᠦᠬᠡᠢ ᠪᠠᠶᠢᠬᠤ ᠶᠢ ᠦᠨᠡᠨ ᠬᠦ | ᠪᠡᠶᠡᠯᠡᠬᠦᠯᠪᠡ᠃ | ᠣᠳᠣᠬᠠᠨ ᠪᠤᠯᠲᠠᠯ᠎ᠠ᠂ ᠣᠯᠵᠠᠴᠢ ᠪᠠᠯᠭᠠᠰᠣᠨ ᠤ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠬᠢᠨ ᠣᠯᠠᠨ ᠲᠦᠮᠡᠨ ᠳᠤ 230 | ᠬᠤᠪᠢ ᠠᠷᠠᠳ ᠲᠤ ᠳᠦᠬᠦᠮ ᠦᠵᠡᠬᠦᠯᠬᠦ ᠬᠠᠪᠰᠣᠷᠣᠨ ᠬᠦᠢᠴᠡᠳᠬᠡᠯᠲᠡ ᠦᠢᠯᠡᠴᠢᠯᠡᠭᠡ᠂ 46 ᠬᠤᠪᠢ ᠣᠷᠣᠯᠠᠨ ᠬᠦᠢᠴᠡᠳᠬᠡᠯᠲᠡ ᠦᠢᠯᠡᠴᠢᠯᠡᠭᠡ ᠶᠢ ᠬᠠᠩᠭᠠᠵᠤ᠂ | ᠣᠴᠢᠷ ᠶᠠᠪᠤᠳᠠᠯ ᠢ ᠴᠠᠭ ᠤᠨ ᠬᠢᠵᠠᠭᠠᠷᠯᠠᠯ ᠶᠤᠰᠤᠭᠠᠷ ᠬᠦᠢᠴᠡᠳᠬᠡᠵᠦ ᠳᠠᠭᠤᠰᠬᠠᠭᠰᠠᠨ ᠨᠤᠷᠮ᠎ᠠ 100% ᠳᠤ ᠬᠦᠷᠦᠨ᠂ ᠣᠯᠠᠨ ᠲᠦᠮᠡᠨ ᠤ ᠬᠠᠨᠤᠮᠵᠢ 100% | ᠳᠤ ᠬᠦᠷᠪᠡ᠃ |