ᠪᠠᠶᠠᠨᠴᠠᠶᠢᠳᠠᠮ ᠭᠠᠴᠠᠭ᠎ᠠ ᠨᠠᠩᠰᠤ ᠪᠠᠯᠭᠠᠰᠣᠨ ᠲᠤᠭᠤᠷᠢᠭ ᠠᠴᠠ ᠪᠠᠷᠠᠭᠤᠨ ᠡᠮᠦᠨᠡᠰᠢ 18.5 ᠺᠢᠯᠦᠮᠧᠲᠷ ᠵᠠᠶᠢᠲᠠᠢ ᠪᠠᠶᠢᠷᠢᠯᠠᠵᠤ ᠪᠣᠢ᠂ ᠭᠠᠴᠠᠭᠠᠨ ᠤ ᠭᠠᠵᠠᠷ | ᠰᠢᠷᠣᠢ ᠶᠢᠨ ᠶᠡᠷᠦᠩᠬᠡᠢ ᠲᠠᠯᠠᠪᠠᠢ 25.7 ᠲᠦᠮᠡᠨ ᠮᠣ᠋᠂ 5 ᠮᠠᠯᠵᠢᠯ ᠤᠨ ᠬᠤᠷᠰᠢᠶ᠎ᠠ ᠲᠠᠢ᠂ ᠪᠠᠶᠢᠩᠭᠤ ᠰᠠᠭᠤᠭ᠎ᠠ 122 ᠡᠷᠦᠬᠡ 312 ᠬᠦᠮᠦᠨ᠃ ᠣᠳᠣ | ᠪᠠᠶᠢᠭ᠎ᠠ ᠨᠠᠮ ᠤᠨ ᠬᠡᠰᠢᠬᠦᠨ 33 ᠬᠦᠮᠦᠨ᠂ ᠡᠭᠦᠨ ᠳᠤ ᠴᠦᠭᠡᠨ ᠲᠤᠭᠠᠲᠤ ᠦᠨᠳᠦᠰᠦᠲᠠᠨ 28 ᠬᠦᠮᠦᠨ᠂ 60 ᠨᠠᠰᠤᠨ ᠠᠴᠠ ᠳᠡᠭᠡᠭᠰᠢ ᠨᠠᠮ ᠤᠨ ᠬᠡᠰᠢᠭᠦᠨ 11 | ᠬᠦᠮᠦᠨ᠂ ᠡᠮᠡᠭᠲᠡᠢ ᠨᠠᠮ ᠤᠨ ᠬᠡᠰᠢᠭᠦᠨ 14 ᠬᠦᠮᠦᠨ ᠪᠣᠢ᠃ ᠲᠤᠰᠢᠶᠠᠯ ᠦᠭᠡᠢ ᠨᠠᠮ ᠤᠨ ᠭᠡᠰᠢᠬᠦᠨ ᠤ ᠬᠠᠷᠢᠭᠤᠴᠠᠯᠭ᠎ᠠ ᠶᠢᠨ ᠲᠤᠭᠤᠷᠢᠭ 10᠂ ᠬᠡᠰᠢᠭᠦᠳ ᠤᠨ | ᠲᠦᠯᠦᠭᠡᠯᠡᠭᠴᠢ 10 ᠪᠣᠢ᠃ ᠭᠠᠴᠠᠭᠠᠨ ᠤ ᠠᠵᠢᠯᠯᠠᠭᠠᠨ ᠤ ᠭᠠᠵᠠᠷ ᠤᠨ ᠲᠠᠯᠠᠪᠠᠢ 4000 ᠺᠦᠸᠠᠳ᠋ ᠮᠧᠲᠷ᠂ ᠢᠵᠢ ᠪᠦᠷᠢᠳᠦᠭᠦᠯᠦᠭᠰᠡᠨ ᠪᠠᠷᠢᠮᠵᠢᠶᠠᠲᠣ ᠡᠷᠡᠭᠦᠯ | ᠬᠠᠮᠠᠭᠠᠯᠠᠯ ᠤᠨ ᠲᠠᠰᠤᠭ ᠪᠠ ᠠᠷᠠᠳ ᠲᠤ ᠳᠦᠭᠦᠮ ᠦᠵᠡᠭᠦᠯᠬᠦ ᠬᠡᠲᠦ ᠳᠡᠯᠭᠡᠭᠦᠷ ᠲᠠᠢ︔ ᠣᠰᠣᠯᠠᠯᠲᠠ ᠶᠢᠨ ᠲᠠᠷᠢᠶᠠᠨ ᠭᠠᠵᠠᠷ ᠤᠨ ᠲᠠᠯᠠᠪᠠᠢ 10500 ᠮᠤ᠋ | ︵ᠮᠦᠬᠦᠯᠢᠭᠲᠦ ᠡᠷᠳᠡᠨᠢ ᠰᠢᠰᠢ 6000 ᠮᠣ᠋᠂ ᠲᠡᠵᠢᠭᠡᠯ ᠤᠨ ᠡᠷᠳᠡᠨᠢ ᠰᠢᠰᠢ 2000 ᠮᠣ᠋᠂ ᠲᠦᠮᠦᠰᠦ 2000 ᠮᠣ᠋᠂ ᠪᠣᠰᠣᠳ ᠵᠦᠢᠯ 500 ᠮᠣ᠋︶᠂ ᠢᠵᠢ | ᠪᠦᠷᠢᠳᠦᠭᠦᠯᠦᠭᠰᠡᠨ ᠬᠤᠳᠳᠤᠭ 85᠂ ᠲᠠᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ 119 ᠪᠣᠢ᠂ 2017 ᠣᠨ ᠤ ᠮᠠᠯ ᠤᠨ ᠶᠡᠷᠦᠩᠭᠡᠢ ᠲᠤᠭ᠎ᠠ 12100 | ᠲᠤᠯᠤᠭᠠᠢ᠂ ᠮᠠᠯᠴᠢᠨ ᠲᠠᠷᠢᠶᠠᠴᠢᠨ ᠤ ᠬᠦᠮᠦᠨ ᠳᠣᠮᠳᠠᠴᠢ ᠶᠢᠨ ᠴᠡᠪᠡᠷ ᠣᠷᠣᠯᠭ᠎ᠠ 13412 ᠲᠦᠭᠦᠷᠢᠭ᠃ 3 ᠲᠦᠮᠡᠨ ᠮᠣ᠋ ᠪᠡᠯᠴᠢᠭᠡᠷᠯᠡᠭᠦᠯᠬᠦ ᠶᠢ ᠬᠤᠷᠢᠭᠯᠠᠬᠤ | ᠲᠦᠷᠦᠯ ᠵᠦᠢᠯ᠂ 8 ᠲᠦᠮᠡᠨ ᠮᠣ᠋ ᠪᠡᠯᠴᠢᠭᠡᠷ ᠰᠡᠷᠭᠦᠭᠡᠬᠦ ᠲᠦᠷᠦᠯ ᠵᠦᠢᠯ᠂ 4 ᠲᠦᠮᠡᠨ ᠮᠣ᠋ ᠨᠡᠶᠢᠲᠠ ᠶᠢᠨ ᠠᠰᠠᠷᠠᠮᠵᠢ ᠶᠢᠨ ᠣᠢ ᠶᠢᠨ ᠲᠦᠷᠦᠯ ᠵᠦᠢᠯ ᠢ | ᠬᠡᠷᠡᠭᠵᠢᠭᠦᠯᠵᠦ ᠪᠣᠢ︔ 85 ᠺᠢᠯᠦᠮᠧᠲᠷ ᠤᠨ ᠳᠣᠣᠷ᠎ᠠ ᠬᠦᠴᠦᠳᠡᠯᠲᠦ ᠴᠠᠬᠢᠯᠭᠠᠨ ᠤᠲᠠᠰᠣ ᠲᠠᠲᠠᠨ᠂ 45 ᠬᠦᠴᠦᠳᠡᠯ ᠦᠭᠡᠷᠡᠴᠢᠯᠡᠭᠴᠢ ᠤᠭᠰᠠᠷᠠᠵᠣ᠂ ᠡᠷᠦᠬᠡ | ᠳᠤ ᠴᠠᠭᠢᠯᠭᠠᠨ ᠨᠡᠪᠲᠡᠷᠡᠭᠰᠡᠨ ᠨᠣᠷᠮ᠎ᠠ100 % ᠳᠤ ᠬᠦᠷᠪᠡ︔ 30 ᠺᠢᠯᠦᠮᠧᠲᠷ ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ 8 | ᠺᠢᠯᠦᠮᠧᠲᠷ ᠰᠢᠨ᠎ᠡ ᠪᠠᠷ ᠵᠠᠰᠠᠪᠠ︔ ᠪᠠᠶᠠᠨᠴᠠᠶᠢᠳᠠᠮ ᠮᠠᠯ ᠲᠠᠷᠢᠶᠠᠯᠠᠩ ᠤᠨ ᠬᠠᠮᠲᠤᠷᠠᠯ ᠬᠤᠷᠰᠢᠶ᠎ᠠ ᠵᠡᠷᠭᠡ 7 ᠬᠠᠮᠲᠤᠷᠠᠯ ᠬᠤᠷᠰᠢᠶ᠎ᠠ ᠲᠠᠢ᠂ ᠪᠠᠷᠢᠮᠵᠢᠶᠠᠲᠣ ᠬᠠᠰᠢᠶ᠎ᠠ | ᠰᠠᠷᠠᠪᠴᠢ ᠶᠢ 58 ᠪᠠᠶᠢᠭᠤᠯᠵᠣ᠂ ᠡᠭᠦᠨ ᠳᠤ ᠲᠡᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠲᠦᠷᠦᠯ ᠵᠦᠢᠯ 20᠂ ᠵᠢᠱᠢᠶ᠎ᠠ ᠦᠵᠡᠬᠦᠯᠬᠦ ᠡᠷᠦᠬᠡ ᠶᠢᠨ | ᠲᠦᠷᠦᠯ ᠵᠦᠢᠯ 14᠂ ᠶᠠᠳᠠᠭᠠᠣ ᠶᠢ ᠳᠡᠳᠭᠦᠬᠦ ᠲᠦᠷᠦᠯ ᠵᠦᠢᠯ 10᠂ ᠨᠣᠣᠯᠣᠭᠤᠷ ᠨᠡᠮᠡᠭᠳᠡᠭᠦᠯᠬᠦ ᠲᠦᠷᠦᠯ ᠵᠦᠢᠯ 4᠂ ᠡᠳ᠋ ᠤᠨ ᠵᠠᠰᠠᠭ ᠤᠨ ᠲᠦᠷᠦᠯ ᠵᠦᠢᠯ 10 | ᠪᠣᠢ︔ ᠢᠵᠢ ᠪᠦᠷᠢᠳᠦᠭᠦᠯᠦᠭᠰᠡᠨ ᠮᠠᠰᠢᠨ ᠬᠤᠳᠳᠤᠭ ᠰᠢᠪᠡᠷᠡᠭᠡ ᠬᠤᠳᠳᠤᠭ 39᠂ ᠲᠤᠮᠤ ᠬᠡᠯᠪᠡᠷᠢ ᠶᠢᠨ ᠰᠦᠷᠴᠢᠨ ᠣᠰᠣᠯᠠᠬᠤ ᠮᠠᠰᠢᠨ 41 ᠪᠣᠢ᠂ 80 ᠣᠯᠠᠨ | ᠬᠤᠭᠤᠯᠠᠶᠢᠲᠣ ᠬᠤᠳᠳᠤᠭ ᠲᠤ 6000 ᠮᠧᠲᠷ ᠣᠰᠣ ᠠᠷᠪᠢᠯᠠᠬᠤ ᠬᠤᠭᠤᠯᠠᠢ ᠶᠢ ᠢᠵᠢ ᠪᠦᠷᠢᠳᠦᠭᠦᠯᠵᠡᠢ᠃ ᠪᠠᠶᠠᠨᠴᠠᠶᠢᠳᠠᠮ ᠭᠠᠴᠠᠭᠠᠨ ᠳᠤ ᠠᠨᠠᠨᠳᠠ᠂ | ᠡᠷᠳᠡᠨᠢᠴᠢᠯᠠᠭᠤ᠂ ᠭᠡᠷᠡᠯᠲᠦ ᠵᠡᠷᠭᠡ ᠬᠤᠰᠢᠭᠤ ᠲᠡᠰ ᠤᠨ 3 ᠰᠣᠶᠣᠯ ᠤᠨ ᠡᠷᠦᠬᠡ ᠲᠠᠢ᠂ ᠡᠭᠦᠨ ᠤ ᠲᠤᠲᠤᠷᠠᠬᠢ ᠬᠤᠶᠠᠷ ᠡᠷᠦᠬᠡ ᠶᠢ ᠬᠤᠲᠠ ᠶᠢᠨ ᠲᠡᠰ ᠤᠨ | ᠰᠣᠶᠣᠯ ᠤᠨ ᠡᠷᠦᠬᠡ ᠪᠣᠯᠭᠠᠬᠤ ᠪᠠᠷ ᠭᠤᠶᠤᠴᠢᠯᠠᠵᠤ ᠪᠤᠢ︔ ᠭᠠᠴᠠᠭᠠᠨ ᠤ ᠲᠠᠯ᠎ᠠ ᠨᠣᠲᠤᠭ ᠤᠨ ᠨᠣᠮ ᠤᠨ ᠦᠷᠭᠦᠭᠡ 50 ᠭᠠᠷᠣᠢ ᠳᠡᠭᠰᠢ ᠳᠦᠷᠪᠡᠯᠵᠢᠨ ᠮᠧᠲᠷ | ᠲᠠᠯᠠᠪᠠᠢ ᠲᠠᠢ᠂ ᠨᠣᠮ ᠤᠨ ᠰᠠᠩ᠂ ᠣᠩᠰᠢᠯᠭ᠎ᠠ ᠶᠢᠨ ᠦᠷᠦᠭᠡ ᠪᠠᠷ ᠪᠦᠷᠢᠯᠳᠦᠵᠦ᠂ 1900 ᠭᠠᠷᠣᠢ ᠨᠣᠮ ᠬᠠᠳᠠᠭᠠᠯᠠᠵᠤ ᠪᠣᠢ︔ ᠭᠠᠴᠠᠭᠠᠨ ᠳᠤ ᠮᠠᠯᠴᠢᠨ ᠠᠶᠢᠯ | ᠤᠨ ᠵᠤᠭᠠᠴᠠᠯ ᠤᠨ ᠴᠡᠭ 2 ᠪᠣᠢ᠃ |