ᠪᠠᠶᠠᠨ ᠣᠰᠣ ᠭᠠᠴᠠᠭ᠎ᠠ ᠨᠡᠶᠢᠲᠡ 290 ᠡᠷᠦᠬᠡ 920 ᠬᠦᠮᠦᠨ ᠠᠮᠠ ᠲᠠᠢ᠂ ᠡᠭᠦᠨ ᠳᠤ ᠪᠠᠶᠢᠩᠭᠤ ᠰᠠᠭᠤᠭ᠎ᠠ 212 ᠡᠷᠦᠬᠡ 451 ᠬᠦᠮᠦᠨ ᠲᠠᠢ᠂ | ᠬᠠᠷᠢᠶᠠᠨ ᠳᠤ ᠨᠢ 7 ᠮᠠᠯᠵᠢᠯ ᠤᠨ ᠬᠤᠷᠰᠢᠶ᠎ᠠ ᠲᠠᠢ᠂ ᠶᠡᠷᠦᠩᠬᠡᠢ ᠲᠠᠯᠠᠪᠠᠢ 49.6 ᠲᠦᠮᠡᠨ ᠮᠣ᠋᠂ ᠠᠰᠢᠭᠯᠠᠵᠤ ᠪᠣᠯᠬᠤ ᠨᠣᠲᠤᠭ ᠪᠡᠯᠴᠢᠭᠡᠷ ᠤᠨ ᠲᠠᠯᠠᠪᠠᠢ 22.86 | ᠲᠦᠮᠡᠨ ᠮᠣ᠋᠂ ᠪᠦᠲᠦᠮᠵᠢᠲᠠᠢ ᠣᠰᠣᠯᠠᠯᠲᠠ ᠶᠢᠨ ᠲᠠᠯᠠᠪᠠᠢ 1.7 ᠲᠦᠮᠡᠨ ᠮᠣ᠋᠂ ᠮᠠᠯ ᠤᠨ ᠶᠡᠷᠦᠩᠬᠡᠢ ᠲᠤᠭ᠎ᠠ 2.3 ᠲᠦᠮᠡᠨ ᠲᠤᠯᠤᠭᠠᠢ᠂ ᠦᠪᠡᠷᠲᠡᠭᠡᠨ ᠵᠠᠰᠠᠬᠤ | ᠣᠷᠣᠨ ᠤ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠬᠦᠯᠬᠦ ᠴᠡᠭ ᠪᠣᠯᠣᠨ᠎ᠠ᠂ 2016 ᠣᠨ ᠤ ᠮᠠᠯᠴᠢᠨ | ᠲᠠᠷᠢᠶᠠᠴᠢᠨ ᠤ ᠬᠦᠮᠦᠨ ᠳᠣᠮᠳᠠᠴᠢ ᠶᠢᠨ ᠴᠡᠪᠡᠷ ᠣᠷᠣᠯᠭ᠎ᠠ 1.32 ᠲᠦᠮᠡᠨ ᠲᠦᠭᠦᠷᠢᠭ ᠲᠤ ᠬᠦᠷᠪᠡ᠃ 2016 ᠣᠨ ᠳᠤ 5.7 ᠺᠢᠯᠦᠮᠧᠲᠷ ᠵᠡᠭᠡᠯᠢ ᠭᠤᠳᠣᠮᠵᠢ | ᠶᠢ ᠬᠠᠲᠠᠭᠤᠵᠢᠭᠤᠯᠤᠨ᠂ 212 ᠡᠷᠦᠬᠡ ᠮᠠᠯᠴᠢᠨ ᠲᠠᠷᠢᠶᠠᠴᠢᠨ ᠤ ᠭᠡᠷ ᠪᠠᠶᠢᠰᠢᠩ ᠤᠨ ᠦᠭᠡᠷᠡᠴᠢᠯᠡᠯᠲᠡ ᠶᠢ ᠪᠠᠶᠠᠯᠠᠭᠦᠯᠵᠦ᠂ 199 ᠡᠷᠦᠬᠡ ᠳᠤ ᠣᠣᠭᠤᠬᠤ | ᠣᠰᠣᠨ ᠤ ᠢᠨᠵᠧᠨᠧᠷᠢᠩ ᠢ ᠬᠡᠷᠡᠭᠵᠢᠭᠦᠯᠦᠨ᠂ ᠡᠷᠦᠬᠡ ᠪᠣᠯᠭᠠᠨ ᠳᠤ ᠴᠠᠭᠢᠯᠭᠠᠨ ᠨᠡᠪᠲᠡᠷᠡᠬᠦ᠂ ᠷᠠᠳᠢᠤ᠋ ᠲᠧᠯᠸᠢᠰ ᠤᠨ ᠲᠤᠬᠢᠶ᠎ᠠ ᠨᠡᠪᠲᠡᠷᠡᠬᠦ ᠶᠢ ᠪᠠᠶᠡᠯᠡᠭᠦᠯᠪᠡ᠃ ᠪᠦᠬᠦ | ᠭᠠᠴᠠᠭᠠᠨ ᠤ 6 ᠡᠷᠦᠬᠡ 20 ᠶᠠᠳᠠᠭᠤ ᠬᠦᠴᠢᠷᠳᠡᠯᠲᠡᠢ ᠬᠦᠮᠦᠨ ᠠᠮᠠ ᠢ ᠳᠠᠭᠠᠭᠠᠴᠢᠯᠠᠨ ᠳᠡᠳᠭᠦᠭᠦ ᠨᠢᠭᠡᠴᠡ ᠶᠢᠨ ᠬᠠᠪᠰᠣᠷᠣᠯᠭ᠎ᠠ᠂ ᠰᠤᠷᠭᠠᠨ ᠬᠦᠮᠦᠵᠢᠯ ᠤᠨ | ᠳᠣᠰᠠᠯᠠᠮᠵᠢ᠂ ᠬᠡᠪᠴᠢᠶᠡᠵᠢᠭᠰᠡᠨ ᠠᠷᠠᠴᠢᠯᠠᠭ᠎ᠠ᠂ ᠦᠪᠡᠷᠲᠡᠭᠡᠨ ᠦᠢᠯᠡᠰ ᠪᠦᠲᠦᠭᠡᠬᠦ᠂ ᠠᠵᠢᠯ ᠮᠡᠷᠭᠡᠵᠢᠯ ᠤᠨ ᠪᠣᠯᠪᠠᠰᠣᠷᠠᠯ᠂ ᠣᠨᠳᠣᠣ ᠭᠠᠵᠠᠷ ᠲᠤ ᠨᠡᠭᠦᠯᠭᠡᠨ | ᠰᠢᠯᠵᠢᠭᠦᠯᠬᠦ᠂ ᠨᠠᠭᠠᠲᠣ ᠵᠠᠬ᠎ᠠ ᠶᠢᠨ ᠪᠠᠲᠤᠯᠠᠭ᠎ᠠ ᠵᠡᠷᠭᠡ ᠠᠷᠭ᠎ᠠ ᠪᠠᠷ ᠳᠠᠮᠵᠢᠭᠤᠯᠣᠨ ᠶᠠᠳᠠᠭᠤ ᠠᠴᠠ ᠠᠩᠭᠢᠵᠢᠷᠠᠭᠤᠯᠣᠨ᠂ ᠨᠠᠷᠢᠯᠢᠭ ᠣᠨᠣᠴᠠᠲᠠᠢ ᠪᠠᠷ ᠶᠠᠳᠠᠭᠤ ᠶᠢ | ᠳᠡᠳᠭᠦᠬᠦ ᠠᠵᠢᠯ ᠤᠨ ᠪᠣᠳᠠᠲᠠᠢ ᠠᠮᠵᠢᠯᠲᠠ ᠶᠢ ᠣᠯᠵᠣ᠂ 2016 ᠣᠨ ᠤ ᠵᠢᠯ ᠤᠨ ᠡᠴᠦᠰ ᠲᠤ ᠪᠦᠬᠦᠶᠢᠯᠡ ᠶᠡᠳᠡᠭᠤ ᠬᠦᠴᠢᠷᠳᠡᠯᠲᠡᠢ ᠡᠷᠦᠬᠡ ᠶᠢ ᠴᠦᠮ | ᠶᠠᠳᠠᠭᠤ ᠠᠴᠠ ᠠᠩᠭᠢᠵᠢᠷᠠᠭᠤᠯᠪᠠ᠃ |