ᠮᠣᠭᠠᠶᠢᠲᠤ ᠭᠠᠴᠠᠭ᠎ᠠ ᠨᠠᠩᠰᠤ ᠪᠠᠯᠭᠠᠰᠤᠨ ᠠᠴᠠ 13 ᠺᠢᠯᠤᠮᠧᠲᠷ ᠵᠠᠶᠢᠲᠠᠢ᠂ ᠬᠠᠷᠢᠶ᠎ᠠ ᠭᠠᠵᠠᠷ ᠤᠨ ᠲᠡᠯᠡᠪᠡᠢ 42 ᠲᠦᠮᠡᠨ ᠮᠤ᠋᠂ ᠡᠷᠦᠬᠡ ᠠᠮᠠ ᠶᠢᠨ ᠲᠤᠭ᠎ᠠ | 220 ᠡᠷᠦᠬᠡ 663 ᠬᠦᠮᠦᠨ᠂ 62 ᠡᠷᠦᠬᠡ 383 ᠬᠦᠮᠦᠨ ᠰᠢᠯᠵᠢᠵᠦ᠂ ᠭᠠᠳᠠᠭᠰᠢ ᠭᠠᠷᠴᠤ ᠬᠦᠳᠡᠯᠮᠦᠷᠢᠯᠡᠭᠰᠡᠨ 42 ᠡᠷᠦᠬᠡ 106 ᠬᠦᠮᠦᠨ᠂ ᠪᠠᠶᠢᠩᠭᠤ | ᠰᠠᠭᠤᠭ᠎ᠠ 125 ᠡᠷᠦᠬᠡ 383 ᠬᠦᠮᠦᠨ᠂ ᠡᠭᠦᠨ ᠳᠤ ᠮᠣᠩᠭᠤᠯ ᠦᠨᠳᠦᠰᠦᠲᠡᠨ ᠤ ᠬᠦᠮᠦᠨ ᠠᠮᠠ 70% ᠶᠢ ᠡᠵᠡᠯᠡᠨ᠎ᠡ᠃ 2017 ᠣᠨ ᠤ ᠮᠠᠯ ᠤᠨ | ᠶᠡᠷᠦᠩᠬᠡᠢ ᠲᠤᠭ᠎ᠠ 12400 ᠲᠤᠯᠤᠭᠠᠢ᠂ 2017 ᠣᠨ ᠤ ᠬᠦᠮᠦᠨ ᠳᠤᠮᠳᠠᠴᠢ ᠶᠢᠨ ᠴᠡᠪᠡᠷ ᠣᠷᠣᠯᠭ᠎ᠠ 11000 ᠲᠦᠭᠦᠷᠢᠭ᠂ ᠣᠰᠣᠯᠠᠯᠲᠠ ᠶᠢᠨ ᠭᠠᠵᠠᠷ | 4800 ᠮᠣ᠋᠂ ᠭᠤᠤᠯᠳᠠᠭᠤ ᠠᠮᠣ᠂ ᠡᠷᠳᠡᠨᠢ ᠰᠢᠰᠢ᠂ ᠬᠤᠰᠢᠶᠠᠩᠭᠤᠷ ᠵᠡᠷᠭᠡ ᠶᠢ ᠲᠠᠷᠢᠵᠦ ᠪᠤᠢ᠃ 68 ᠺᠢᠯᠤᠮᠧᠲᠷ ᠬᠦᠳᠡᠭᠡ ᠲᠤᠰᠬᠤᠨ ᠤ ᠴᠠᠷᠳᠠᠮᠠᠯ ᠵᠠᠮ ᠲᠠᠢ᠂ | ᠵᠠᠮ ᠬᠠᠷᠢᠯᠴᠠᠭ᠎ᠠ ᠳᠦᠭᠦᠮ ᠲᠦᠳᠡ᠃ ᠮᠣᠭᠠᠶᠢᠲᠤ ᠭᠠᠴᠠᠭ᠎ᠠ ᠬᠤᠪᠢᠰᠬᠠᠯ ᠤᠨ ᠦᠷᠡᠭᠳᠡᠭᠰᠡᠨ ᠪᠠᠭᠠᠲᠤᠷ ᠪᠣᠷᠣᠪᠠᠭᠠᠲᠤᠷ ᠤᠨ ᠨᠣᠲᠤᠭ ᠪᠣᠯᠬᠤ ᠪᠦᠭᠡᠳ | ᠬᠤᠪᠢᠰᠬᠠᠯᠲᠤ ᠬᠦᠮᠦᠵᠢᠯ ᠤᠨ ᠰᠤᠶᠤᠯ᠂ ᠮᠣᠩᠭᠤᠯ ᠦᠨᠳᠦᠰᠦᠲᠡᠨ ᠤ ᠭᠠᠷ ᠣᠷᠠᠯᠠᠯ᠂ ᠳᠠᠬᠢᠯᠭ᠎ᠠ᠂ ᠢᠳᠡᠭᠡᠨ ᠣᠮᠳᠠᠭᠠᠨ᠂ ᠠᠳᠣᠭᠤᠨ ᠰᠣᠶᠣᠯ ᠪᠠ ᠠᠷᠠᠳ ᠤᠨ | ᠵᠠᠩ ᠦᠢᠯᠡ ᠵᠡᠷᠭᠡ ᠶᠢ ᠪᠦᠷᠢᠨ ᠪᠦᠲᠦᠨ ᠬᠠᠳᠠᠭᠠᠯᠠᠵᠦ ᠪᠠᠶᠢᠭ᠎ᠠ ᠪᠣᠯᠬᠤᠷ ᠰᠣᠶᠣᠯ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠳᠤ ᠳᠣᠬᠢᠷᠠᠮᠵᠢᠲᠡᠢ᠃ |