ᠪᠠᠭ᠎ᠠ ᠬᠡᠵᠣᠣᠷ ᠲᠣᠰᠬᠤᠨ
ᠨᠡᠶᠢᠲᠡᠯᠡᠭᠰᠡᠨ ᠴᠠᠭ᠄
2023/7/19
    ᠪᠠᠭ᠎ᠠ ᠬᠡᠵᠣᠣᠷ ᠲᠣᠰᠬᠤᠨ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠤᠶᠢᠳᠣ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ 28 ᠺᠢᠯᠣᠮᠧᠲᠷ ᠵᠠᠶᠢᠲᠠᠢ᠂ ᠵᠡᠬᠦᠨᠰᠢ ᠪᠠᠨ ᠵᠠᠩᠭᠠᠨ ᠰᠢᠯᠢ ᠲᠣᠰᠬᠤᠨ ᠲᠠᠢ ᠰᠠᠪᠠᠯᠠᠨ᠂ ᠡᠮᠣᠨᠡᠰᠢ ᠪᠠᠨ ᠱᠠᠨᠰᠢ ᠮᠣᠵᠢ ᠶᠢᠨ ᠪᠠᠶᠠᠨ ᠲᠦᠬᠦᠮ ᠪᠠᠯᠭᠠᠰᠣ  ᠲᠠᠢ ᠬᠦᠷᠰᠢᠯᠡᠵᠣ᠂ ᠪᠠᠷᠠᠭᠤᠨᠰᠢ ᠪᠠᠨ ᠬᠡᠵᠣᠣᠷ ᠲᠣᠰᠬᠤᠨ ᠲᠠᠢ ᠵᠠᠯᠭᠠᠯᠳᠣᠵᠣ᠂ ᠬᠤᠶᠢᠰᠢ ᠪᠠᠨ  ᠪᠠᠶᠠᠨᠰᠢᠪᠡᠷ ᠭᠠᠴᠠᠭ᠎ᠠ ᠲᠠᠢ ᠵᠠᠬ᠎ᠠ ᠨᠡᠶᠢᠯᠡᠨ᠎ᠡ᠃ 6 ᠮᠠᠯᠵᠢᠯ ᠤᠨ ᠬᠤᠷᠰᠢᠶ᠎ᠠ᠂ 335 ᠡᠷᠣᠬᠡ 1076 ᠬᠦᠮᠦᠨ ᠠᠮᠠ ᠲᠠᠢ᠂ 708 ᠬᠦᠳᠡᠯᠮᠣᠷᠢ ᠬᠦᠴᠦ ᠲᠠᠢ᠂ ᠬᠢᠲᠠᠳ ᠦᠨᠳᠣᠰᠣᠲᠡᠨ ᠢᠶᠠᠷ ᠭᠤᠣᠯ ᠪᠣᠯᠭᠠᠭᠰᠠᠨ ᠲᠣᠰᠬᠤᠨ ᠪᠣᠯᠣᠨ᠎ᠠ᠃ 22 ᠨᠠᠮ ᠤᠨ ᠬᠡᠰᠢᠬᠦᠨ ᠲᠠᠢ᠂ ᠡᠬᠦᠨ ᠳᠤ ᠡᠮᠡᠭᠲᠡᠢ ᠨᠠᠮ ᠤᠨ ᠬᠡᠰᠢᠬᠦᠨ 4᠂ 60 ᠨᠠᠰᠣ ᠶᠢ ᠲᠠᠪᠠᠭᠰᠠᠨ ᠨᠠᠮ ᠤᠨ ᠬᠡᠰᠢᠬᠦᠨ 7᠂ ᠨᠡᠬᠦᠳᠡᠯ ᠨᠠᠮ  ᠤᠨ ᠬᠡᠰᠢᠬᠦᠨ 4 ᠪᠣᠢ᠂ ᠦᠨᠳᠣᠰᠣᠨ ᠱᠠᠲᠣᠨ ᠤ ᠠᠵᠢᠯᠯᠠᠭᠠᠨ ᠤ ᠭᠠᠵᠠᠷ ᠤᠨ ᠪᠠᠷᠢᠯᠭ᠎ᠠ ᠶᠢᠨ ᠲᠠᠯᠠᠪᠠᠢ 1200 ᠺᠦᠸᠠᠳ᠋ ᠮᠧᠲᠷ᠂ ᠨᠢᠬᠡᠳᠣᠭᠡᠷ ᠲᠦᠷᠦᠯ ᠤᠨ ᠠᠵᠢᠯᠯᠠᠭᠠᠨ ᠤ ᠭᠠᠵᠠᠷ ᠲᠤ ᠬᠠᠷᠢᠶᠠᠯᠠᠭᠳᠠᠨ᠎ᠠ᠃ ᠪᠦᠬᠦ ᠲᠣᠰᠬᠤᠨ ᠤ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 9.6 ᠲᠦᠮᠡᠨ ᠮᠣ᠋᠂ ᠡᠬᠦᠨ ᠳᠤ ᠠᠰᠢᠭᠯᠠᠵᠣ ᠪᠣᠯᠬᠤ ᠨᠣᠲᠤᠭ ᠪᠡᠯᠴᠢᠬᠡᠷ 5.5 ᠲᠦᠮᠡᠨ ᠮᠣ᠋᠂ ᠣᠢ ᠶᠢᠨ ᠭᠠᠵᠠᠷ 1.8 ᠲᠦᠮᠡᠨ ᠮᠣ᠋᠂ ᠣᠰᠣᠨ ᠭᠠᠵᠠᠷ 1.5 ᠲᠦᠮᠡᠨ ᠮᠣ᠋᠂ ᠠᠮᠣ ᠪᠣᠳᠠᠭᠠᠨ ᠤ ᠶᠡᠷᠣᠩᠬᠡᠢ ᠣᠨᠠᠯᠲᠠ 6028 ᠲᠣᠨ᠂ ᠴᠢᠨᠠᠷ ᠰᠠᠶᠢᠲᠠᠢ ᠡᠪᠡᠰᠣ 285 ᠮᠤ᠋᠂ ᠣᠨᠴᠠᠯᠢᠭᠲᠣ ᠠᠵᠣ ᠠᠬᠤᠢ ᠶᠢᠨ ᠲᠠᠷᠢᠮᠠᠯ 2200 ᠮᠤ᠋᠂ ᠮᠠᠯ ᠤᠨ ᠶᠡᠷᠣᠩᠬᠡᠢ ᠲᠤᠭ᠎ᠠ 1.8 ᠲᠦᠮᠡᠨ ᠲᠣᠯᠣᠭᠠᠢ᠂ ᠠᠯᠠᠰᠢᠨ ᠮᠠᠯ ᠤᠨ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠲᠣᠭᠤᠷᠢᠭ 2᠂ ᠵᠠᠭᠪᠣᠷᠴᠢᠯᠠᠭᠰᠠᠨ ᠲᠡᠵᠢᠬᠡᠨ ᠦᠷᠡᠵᠢᠬᠦᠯᠬᠦ ᠡᠷᠣᠬᠡ 45᠂ ᠮᠠᠯᠴᠢᠨ ᠲᠠᠷᠢᠶᠠᠴᠢᠳ ᠤᠨ 2017 ᠣᠨ ᠤ ᠬᠦᠮᠦᠨ ᠲᠣᠮᠳᠠᠴᠢ ᠶᠢᠨ ᠴᠡᠪᠡᠷ ᠣᠷᠣᠯᠭ᠎ᠠ 1.6 ᠲᠦᠮᠡᠨ ᠲᠦᠬᠦᠷᠢᠭ᠃ ᠲᠣᠰᠬᠤᠨ ᠤ ᠬᠢᠵᠠᠭᠠᠷ ᠢᠶᠠᠷ ᠨᠡᠪᠲᠡᠷᠡᠬᠦ ᠵᠠᠰᠠᠮᠠᠯ ᠵᠠᠮ 53 ᠺᠢᠯᠣᠮᠧᠲᠷ᠂ ᠲᠠᠷᠢᠶᠠᠯᠠᠩ ᠤᠨ ᠴᠠᠬᠢᠯᠭᠠᠨ ᠤ ᠲᠦᠬᠡᠮᠡᠯᠵᠢᠯ ᠤᠨ ᠨᠣᠷᠮ᠎ᠠ 100% ᠳᠤ ᠬᠦᠷᠦᠭᠰᠡᠨ ᠲᠠᠷᠢᠶᠠᠯᠠᠩ ᠢᠶᠠᠷ ᠭᠤᠣᠯ ᠪᠣᠯᠭᠠᠵᠣ᠂ ᠮᠠᠯ ᠲᠠᠷᠢᠶᠠᠯᠠᠩ ᠢ ᠣᠶᠠᠯᠳᠣᠭᠤᠯᠣᠭᠰᠠᠨ ᠲᠣᠰᠬᠤᠨ ᠪᠣᠯᠣᠨ᠎ᠠ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ