ᠬᠠᠷᠭᠠᠨᠠᠲᠤ ᠭᠠᠴᠠᠭ᠎ᠠ ᠨᠠᠩᠰᠣ ᠪᠠᠯᠭᠠᠰᠣᠨ ᠤ ᠵᠡᠭᠦᠨ ᠡᠮᠦᠨ᠎ᠡ ᠭᠡᠰᠡᠭ ᠲᠤ ᠪᠠᠶᠢᠷᠢᠯᠠᠵᠦ᠂ ᠪᠠᠯᠭᠠᠰᠣᠨ ᠤ ᠪᠠᠶᠢᠭ᠎ᠠ ᠭᠠᠵᠠᠷ ᠠᠴᠠ 16 ᠺᠢᠯᠦᠮᠧᠲᠷ ᠵᠠᠶᠢᠲᠠᠢ᠂ | ᠮᠠᠯ ᠠᠵᠣ ᠠᠬᠤᠢ ᠪᠠᠷ ᠭᠤᠣᠯ ᠪᠣᠯᠭᠠᠨ᠂ ᠮᠠᠯ ᠲᠠᠷᠢᠶᠠᠯᠠᠩ ᠢ ᠣᠶᠠᠯᠳᠣᠭᠤᠯᠣᠭᠰᠠᠨ ᠭᠠᠴᠠᠭ᠎ᠠ ᠪᠣᠯᠣᠨ᠎ᠠ᠃ ᠭᠠᠵᠠᠷ ᠰᠢᠷᠣᠢ ᠶᠢᠨ ᠶᠠᠷᠦᠩᠬᠡᠢ ᠲᠠᠯᠠᠪᠠᠢ 34.8 | ᠲᠦᠮᠡᠨ ᠮᠣ᠋᠂ ᠬᠠᠷᠢᠶᠠᠨ ᠳᠤ ᠨᠢ 5 ᠮᠠᠯᠵᠢᠯ ᠤᠨ ᠬᠤᠷᠰᠢᠶ᠎ᠠ ᠲᠠᠢ᠂ ᠨᠡᠶᠢᠲᠡ 227 ᠡᠷᠦᠬᠡ 743 ᠬᠦᠮᠦᠨ ᠠᠮᠠ ᠲᠠᠢ᠂ ᠪᠠᠶᠢᠩᠭᠤ ᠰᠠᠭᠤᠭ᠎ᠠ 150 ᠡᠷᠦᠬᠡ | 479 ᠬᠦᠮᠦᠨ᠂ ᠣᠳᠣ ᠪᠠᠶᠢᠭ᠎ᠠ ᠨᠠᠮ ᠤᠨ ᠬᠡᠰᠢᠭᠦᠨ 32 ᠬᠦᠮᠦᠨ᠂ ᠡᠭᠦᠨ ᠳᠤ ᠡᠮᠡᠭᠲᠡᠢ ᠨᠠᠮ ᠤᠨ ᠬᠡᠰᠢᠭᠦᠨ 7 ᠬᠦᠮᠦᠨ᠂ ᠴᠦᠭᠡᠨ ᠲᠤᠭᠠᠲᠣ ᠦᠨᠳᠦᠰᠦᠲᠡᠨ ᠤ | ᠨᠠᠮ ᠤᠨ ᠬᠡᠰᠢᠭᠦᠨ 30 ᠬᠦᠮᠦᠨ᠂ 35 ᠨᠠᠰᠣᠨ ᠠᠴᠠ ᠳᠣᠷᠣᠭᠰᠢᠬᠢ ᠨᠠᠮ ᠤᠨ ᠬᠡᠰᠢᠭᠦᠨ 9 ᠬᠦᠮᠦᠨ᠂ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠲᠠᠷ ᠲᠠᠢ | ᠨᠠᠮ ᠤᠨ ᠬᠡᠰᠢᠭᠦᠨ 4 ᠬᠦᠮᠦᠨ ᠪᠣᠢ᠂ ᠲᠤᠰᠢᠶᠠᠯ ᠦᠭᠡᠢ ᠨᠠᠮ ᠤᠨ ᠭᠡᠰᠢᠬᠦᠨ ᠤ 16 ᠬᠠᠷᠢᠭᠤᠴᠠᠯᠭ᠎ᠠ ᠶᠢᠨ ᠲᠤᠭᠤᠷᠢᠭ ᠲᠠᠢ︔ ᠵᠢᠯ ᠤᠨ ᠬᠠᠮᠲᠤ ᠶᠢᠨ ᠠᠵᠤ | ᠠᠬᠤᠢ ᠶᠢᠨ ᠣᠷᠣᠯᠭ᠎ᠠ 30000 ᠲᠦᠭᠦᠷᠢᠭ᠂ 2015 ᠣᠨ ᠤ ᠮᠠᠯᠴᠢᠨ ᠲᠠᠷᠢᠶᠠᠴᠢᠨ ᠤ ᠬᠦᠮᠦᠨ ᠳᠣᠮᠳᠠᠴᠢ ᠶᠢᠨ ᠣᠷᠣᠯᠭ᠎ᠠ 12500 ᠲᠦᠭᠦᠷᠢᠭ ᠲᠤ | ᠬᠦᠷᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠲᠠ ᠬᠦᠳᠡᠭᠡ ᠶᠢ ᠨᠢᠭᠡᠳᠦᠯᠲᠡᠢ ᠲᠦᠯᠦᠪᠵᠢᠭᠦᠯᠬᠦ ᠲᠣᠷᠰᠢᠯᠲᠠ ᠶᠢᠨ ᠴᠡᠭ ᠤᠨ | ᠪᠠᠶᠢᠭᠤᠯᠣᠯᠲᠠ ᠳᠣᠮᠳᠠ ᠰᠦᠪᠡᠭᠴᠢᠯᠡᠨ ᠪᠠᠶᠢᠭᠤᠯᠤᠭᠰᠠᠨ ᠠᠵᠤ ᠦᠢᠯᠡᠰ ᠤᠨ ᠰᠠᠭᠤᠷᠢ ᠲᠠᠢ᠂ ᠣᠷᠣᠯᠭ᠎ᠠ ᠶᠢᠨ ᠨᠡᠮᠡᠭᠳᠡᠯ ᠤᠨ ᠪᠠᠲᠤᠯᠠᠭ᠎ᠠ ᠲᠠᠢ᠂ ᠨᠡᠶᠢᠲᠡ ᠶᠢᠨ | ᠦᠢᠯᠡᠴᠢᠯᠡᠭᠡ ᠶᠢᠨ ᠲᠠᠪᠴᠠᠩ ᠲᠠᠢ ᠣᠳᠣ ᠦᠶ᠎ᠠ ᠶᠢᠨ ᠮᠠᠯᠵᠢᠬᠤ ᠣᠷᠣᠨ ᠤ ᠰᠠᠭᠤᠭᠠᠯᠢ ᠠᠷᠠᠳ ᠤᠨ ᠴᠡᠭ ᠪᠣᠯᠣᠨ᠎ᠠ᠃ ᠬᠤᠰᠢᠭᠤ ᠬᠢᠨᠠᠨ ᠪᠣᠳᠣᠬᠤ ᠲᠤᠪᠴᠢᠶ᠎ᠠ | 1996 ᠣᠨ ᠳᠤ ᠬᠠᠷᠭᠠᠨᠠᠲᠤ ᠭᠠᠴᠠᠭ᠎ᠠ ᠶᠢ ᠳᠠᠭᠠᠭᠠᠴᠢᠯᠠᠨ ᠳᠡᠳᠭᠦᠭᠰᠡᠨ ᠠᠴᠠ ᠨᠠᠭᠠᠰᠢ᠂ ᠨᠡᠶᠢᠲᠠ 300 ᠭᠠᠷᠤᠢ ᠲᠦᠮᠡᠨ ᠲᠦᠭᠦᠷᠢᠭ ᠤᠨ ᠪᠡᠯᠡ ᠮᠦᠩᠭᠦ | ᠣᠷᠣᠭᠤᠯᠵᠣ᠂ ᠨᠣᠷᠠᠬᠤ ᠠᠶᠣᠯᠲᠠᠢ ᠭᠡᠷ ᠪᠠᠶᠢᠰᠢᠩ ᠢ ᠦᠭᠡᠷᠡᠴᠢᠯᠡᠬᠦ᠂ ᠴᠠᠬᠢᠯᠭᠠᠨ ᠬᠦᠴᠦᠨ ᠤ ᠪᠠᠭᠲᠠᠭᠠᠮᠵᠢ ᠨᠡᠮᠡᠭᠳᠡᠭᠦᠯᠬᠦ᠂ ᠬᠦᠨᠳᠦ ᠡᠪᠡᠳᠴᠢᠲᠡᠨ ᠢ ᠲᠤᠰᠠᠯᠠᠬᠤ᠂ | ᠶᠠᠳᠠᠭᠤ ᠬᠦᠴᠢᠷᠳᠡᠯᠲᠡᠢ ᠣᠶᠣᠲᠠᠨ ᠢ ᠳᠡᠮᠵᠢᠬᠦ᠂ ᠦᠢᠯᠡᠳᠪᠦᠷᠢᠯᠡᠯ ᠠᠮᠢᠳᠣᠷᠠᠯ ᠤᠨ ᠰᠠᠭᠤᠷᠢ ᠲᠦᠭᠦᠭᠡᠷᠦᠮᠵᠢ ᠪᠠᠶᠢᠭᠤᠯᠬᠤ ᠵᠡᠷᠭᠡ ᠲᠠᠯ᠎ᠠ ᠪᠠᠷ ᠮᠠᠯᠴᠢᠳ ᠲᠤ | ᠪᠣᠳᠠᠲᠣ ᠶᠠᠪᠤᠳᠠᠯ ᠪᠦᠲᠦᠭᠡᠨ ᠦᠭᠴᠡᠢ᠃ 2011 ᠣᠨ ᠳᠤ᠂ ᠨᠠᠩᠰᠣ ᠪᠠᠯᠭᠠᠰᠣᠨ ᠠᠴᠠ ᠬᠠᠷᠭᠠᠨᠠᠲᠤ ᠭᠠᠴᠠᠭ᠎ᠠ ᠶᠢ ᠬᠤᠲᠠ ᠬᠦᠳᠡᠭᠡ ᠶᠢ ᠨᠢᠭᠡᠳᠦᠯᠲᠡᠢ | ᠲᠦᠯᠦᠪᠵᠢᠭᠦᠯᠬᠦ ᠲᠤᠷᠰᠢᠯᠲᠠ ᠶᠢᠨ ᠴᠡᠭ ᠪᠣᠯᠭᠠᠵᠤ᠂ ᠲᠤᠰᠠᠯᠠᠨ ᠪᠠᠶᠢᠭᠤᠯᠬᠤ ᠨᠢᠭᠡᠴᠡ ᠬᠢᠶ᠎ᠠ ᠪᠠᠭᠰᠢ ᠲᠤᠭᠤᠷᠢᠭ ᠤᠨ ᠳᠡᠮᠵᠢᠯᠭᠡ ᠪᠠᠷ 30 ᠲᠦᠬᠦᠷ ᠵᠣᠰᠠᠯᠠᠩ | ᠮᠠᠶ᠋ᠢᠭ ᠤᠨ ᠰᠠᠭᠤᠴᠠ᠂ 20 ᠺᠢᠯᠦᠮᠧᠲᠷ ᠭᠤᠷᠪᠠᠳᠣᠭᠠᠷ ᠲᠠᠰ ᠤᠨ ᠵᠠᠰᠠᠮᠠᠯ ᠵᠠᠮ᠂ 1 ᠡᠪᠡᠰᠦ ᠪᠣᠷᠳᠣᠭᠠᠨ ᠤ ᠰᠠᠭᠤᠷᠢᠨ ᠭᠠᠵᠠᠷ ᠪᠠ 10 ᠬᠠᠰᠢᠶ᠎ᠠ ᠰᠠᠷᠠᠪᠴᠢ ᠶᠢ | ᠰᠢᠨ᠎ᠡ ᠪᠠᠷ ᠪᠠᠶᠢᠭᠤᠯᠪᠠ᠃ 2014 ᠣᠨ ᠳᠤ᠂ ᠣᠷᠳᠣᠰ ᠬᠤᠲᠠ ᠶᠢᠨ ᠷᠠᠳᠢᠣ᠋ ᠲᠧᠯᠸᠢᠰ ᠬᠤᠷᠢᠶ᠎ᠠ ᠬᠠᠷᠭᠠᠨᠠᠲᠤ ᠭᠠᠴᠠᠭ᠎ᠠ ᠶᠢ ᠳᠠᠭᠠᠭᠠᠴᠢᠯᠠᠨ ᠳᠡᠳᠭᠦᠵᠦ ᠂ | ᠦᠨᠳᠦᠰᠦᠨ ᠱᠠᠲᠤᠨ ᠳᠤ ᠬᠦᠨᠵᠡᠭᠡᠶᠢᠷᠡᠨ ︽ᠭᠤᠷᠪᠡ ᠶᠢ ᠣᠷᠣᠨᠵᠢᠭᠤᠯᠵᠣ ᠬᠤᠶᠠᠷ ᠢ ᠬᠦᠴᠦᠷᠬᠡᠭᠵᠢᠭᠦᠯᠬᠦ︾ ᠠᠵᠢᠯ ᠤᠨ ᠲᠤᠭᠲᠠᠴᠠ ᠶᠢᠨ ᠳᠠᠭᠠᠭᠤᠯᠭ᠎ᠠ ᠳᠣᠣᠷ᠎ᠠ᠂ | ᠭᠠᠴᠠᠭᠠᠨ ᠤ ᠶᠡᠳᠡᠭᠤ ᠬᠦᠴᠢᠷᠳᠡᠯᠲᠡᠢ ᠡᠷᠦᠬᠡ ᠳᠤ 10 ᠭᠠᠷᠣᠢ ᠲᠦᠮᠡᠨ ᠲᠦᠭᠦᠷᠢᠭ ᠣᠷᠣᠭᠤᠯᠵᠣ᠂ ᠬᠠᠰᠢᠶ᠎ᠠ ᠰᠠᠷᠠᠪᠴᠢ ᠪᠠᠷᠢᠬᠤ᠂ ᠬᠤᠳᠳᠤᠭ ᠮᠠᠯᠲᠠᠬᠤ ᠵᠡᠷᠭᠡ | ᠰᠠᠭᠤᠷᠢ ᠦᠢᠯᠡᠳᠪᠦᠷᠢᠯᠡᠯ ᠤᠨ ᠲᠦᠬᠦᠭᠡᠷᠦᠮᠵᠢ ᠶᠢ ᠰᠢᠢᠳᠪᠦᠷᠢᠯᠡᠵᠦ ᠦᠭᠪᠡ᠃ ︽ᠭᠤᠷᠪᠠ ᠶᠢ ᠣᠷᠣᠨᠵᠢᠭᠤᠯᠵᠣ ᠬᠤᠶᠠᠷ ᠢ ᠬᠦᠴᠦᠷᠬᠡᠭᠵᠢᠭᠦᠯᠬᠦ︾ ᠠᠵᠢᠯᠯᠠᠭᠠᠨ | ᠳᠣᠮᠳᠠ᠂ ᠬᠤᠲᠠ ᠶᠢᠨ ᠳᠠᠭᠠᠭᠠᠴᠢᠯᠠᠨ ᠳᠡᠳᠭᠦᠬᠦ ᠨᠢᠭᠡᠴᠡ ᠬᠤᠲᠠ ᠶᠢᠨ ᠨᠡᠭᠦᠷᠡᠰᠦᠨ ᠤ ᠬᠠᠮᠢᠶᠠᠷᠤᠯᠲᠠ ᠶᠢᠨ ᠲᠤᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ | 751 ᠺᠦᠸᠠᠳ᠋ ᠮᠧᠲᠷ ᠰᠣᠶᠣᠯ ᠤᠨ ᠠᠵᠢᠯᠯᠠᠭᠠᠨ ᠤ ᠭᠠᠵᠠᠷ ᠢ ᠰᠢᠨ᠎ᠡ ᠪᠠᠷ ᠪᠠᠶᠢᠭᠤᠯᠵᠤ᠂ 2 ᠲᠦᠮᠡᠨ ᠺᠦᠸᠠᠳ᠋ ᠮᠧᠲᠷ ᠰᠣᠶᠣᠯ ᠤᠨ ᠠᠭᠤᠳᠠᠮ ᠲᠠᠯᠠᠪᠣᠷ ᠢ | ᠬᠠᠲᠠᠭᠤᠵᠢᠭᠤᠯᠣᠨ᠂ 10 ᠡᠷᠦᠬᠡ ᠶᠢᠨ ᠨᠤᠷᠠᠬᠤ ᠠᠶᠣᠯᠲᠠᠢ ᠪᠠᠶᠢᠰᠢᠩ ᠢ ᠰᠢᠨᠡᠳᠭᠡᠵᠦ᠂ 20 ᠬᠠᠰᠢᠶ᠎ᠠ ᠰᠠᠷᠠᠪᠴᠢ ᠶᠢ ᠰᠢᠨ᠎ᠡ ᠪᠠᠷ ᠪᠠᠶᠢᠭᠤᠯᠪᠠ᠃ 2014 | ᠣᠨ ᠠᠴᠠ ᠨᠠᠭᠠᠰᠢ᠂ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠣ᠂ ᠭᠠᠴᠠᠭᠠᠨ ᠤ ᠰᠣᠶᠣᠯ ᠤᠨ ᠠᠵᠢᠯᠯᠠᠭᠠᠨ ᠤ ᠲᠠᠰᠤᠭ ᠪᠠ | ᠡᠷᠡᠭᠦᠯ ᠬᠠᠮᠠᠭᠠᠯᠠᠯ ᠤᠨ ᠲᠠᠰᠤᠭ ᠤᠨ ᠴᠢᠳᠠᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ 1000 ᠺᠦᠸᠠᠳ᠋ ᠮᠧᠲᠷ ᠤᠨ ᠵᠡᠭᠡᠯᠢ ᠭᠤᠳᠣᠮᠵᠢ ᠶᠢ | ᠬᠠᠲᠠᠭᠤᠵᠢᠭᠤᠯᠵᠤ᠂ 31 ᠺᠢᠯᠦᠮᠧᠲᠷ ᠴᠠᠬᠢᠯᠭᠠᠨ ᠤᠲᠠᠰᠣ ᠲᠠᠲᠠᠨ᠂ ᠠᠷᠠᠳ ᠲᠤ ᠳᠦᠭᠦᠮ ᠦᠵᠡᠭᠦᠯᠬᠦ ᠬᠡᠲᠦ ᠳᠡᠯᠭᠡᠭᠦᠷ ᠪᠠ ᠲᠦᠪᠯᠡᠷᠡᠩᠭᠦᠢ ᠰᠠᠭᠤᠷᠢᠰᠢᠯ ᠤᠨ | ᠴᠡᠭ ᠤᠨ ᠠᠶᠤᠯᠭᠦᠢ ᠣᠣᠭᠤᠬᠤ ᠣᠰᠣᠨ ᠤ ᠢᠨᠵᠧᠨᠧᠷᠢᠩ ᠢ ᠪᠠᠶᠢᠭᠤᠯᠵᠣ᠂ 171 ᠡᠷᠦᠬᠡ ᠶᠢᠨ ᠨᠤᠷᠠᠬᠤ ᠠᠶᠣᠯᠲᠠᠢ ᠪᠠᠶᠢᠰᠢᠩ ᠢ ᠰᠢᠨᠡᠳᠭᠡᠨ᠂ ᠷᠠᠳᠢᠤ᠋ | ᠲᠧᠯᠸᠢᠰ ᠤᠨ ᠲᠤᠬᠢᠶ᠎ᠠ ᠨᠡᠪᠲᠡᠷᠡᠬᠦ ᠨᠣᠷᠮ᠎ᠠ 100%᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 100 %᠂ ᠬᠦᠳᠡᠭᠡ | ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠨᠣᠷᠮ᠎ᠠ 98% ᠳᠤ ᠬᠦᠷᠴᠡᠢ᠂ ᠬᠤᠶᠢᠰᠢᠳᠠ ᠭᠠᠴᠠᠭᠠᠨ ᠠᠴᠠ ᠬᠤᠲᠠ | ᠬᠦᠳᠡᠭᠡ ᠶᠢᠨ ᠬᠦᠭᠵᠢᠯᠲᠡ ᠶᠢ ᠨᠢᠭᠡᠳᠦᠯᠲᠡᠢ ᠲᠦᠯᠦᠪᠵᠢᠭᠦᠯᠬᠦ ᠮᠠᠯᠵᠢᠬᠤ ᠣᠷᠣᠨ ᠤ ᠵᠠᠭᠪᠣᠷ ᠢ ᠦᠷᠭᠦᠯᠵᠢᠯᠡᠨ ᠬᠡᠷᠡᠭᠵᠢᠭᠦᠯᠵᠦ᠂ ︽ᠠᠵᠤ ᠠᠬᠤᠶᠢᠯᠠᠯ + | ᠬᠤᠷᠰᠢᠶᠠᠵᠢᠯ + ᠮᠠᠯᠴᠢᠨ ᠡᠷᠦᠬᠡ︾ ᠶᠢᠨ ᠬᠦᠭᠵᠢᠭᠦᠯᠦᠯᠲᠡ ᠶᠢᠨ ᠠᠷᠭ᠎ᠠ ᠪᠠᠷ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠮᠠᠯᠴᠢᠨ ᠲᠠᠷᠢᠶᠠᠴᠢᠨ ᠤ ᠢᠳᠡᠪᠬᠢᠵᠢᠯ ᠢ | ᠳᠠᠶᠢᠴᠢᠯᠠᠬᠤ ᠠᠵᠤ ᠦᠢᠯᠡᠰ ᠤᠨ ᠭᠦᠭᠵᠢᠯᠲᠡ ᠶᠢᠨ ᠲᠤᠭᠲᠠᠴᠠ ᠶᠢ ᠡᠷᠴᠢᠮᠲᠡᠢ ᠰᠦᠪᠡᠭᠴᠢᠯᠡᠵᠦ᠂ ᠬᠤᠷᠰᠢᠭᠰᠠᠨ ᠵᠤᠬᠢᠶᠠᠨ ᠪᠠᠶᠢᠭᠤᠯᠣᠯᠲᠠ ᠠᠴᠠ ᠲᠤᠯᠤᠭᠠᠶᠢᠯᠠᠨ | ᠳᠠᠭᠠᠭᠤᠯᠬᠤ ᠶᠢ ᠵᠤᠷᠢᠭᠵᠢᠭᠤᠯᠣᠨ᠂ ᠠᠰᠢᠭ ᠣᠯᠵᠠᠪᠣᠷᠢ ᠶᠢᠨ ᠬᠤᠪᠢᠶᠠᠷᠢᠯᠠᠯᠲᠠ ᠶᠢᠨ ᠲᠤᠭᠲᠠᠴᠠ ᠶᠢ ᠪᠠᠶᠢᠭᠤᠯᠵᠤ᠂ ᠡᠪᠡᠰᠦ ᠪᠣᠷᠳᠤᠭ᠎ᠠ ᠲᠡᠷᠢᠬᠤ᠂ ᠮᠠᠯ | ᠦᠷᠡᠵᠢᠭᠦᠯᠦᠨ ᠪᠣᠶᠢᠵᠢᠭᠤᠯᠬᠤ ᠪᠠ ᠪᠣᠷᠳᠣᠵᠣ ᠲᠠᠷᠭᠤᠯᠠᠭᠤᠯᠬᠤ ᠠᠵᠢᠯ ᠬᠤᠪᠢᠶᠠᠷᠢᠯᠠᠨ ᠬᠠᠮᠵᠢᠯᠴᠠᠬᠤ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠲᠤᠰᠬᠠᠢ | ᠡᠵᠡᠩᠨᠡᠯᠲᠡ ᠪᠠᠷ ᠲᠤᠰᠬᠠᠶᠢᠵᠢᠭᠰᠠᠨ ᠦᠢᠯᠡᠳᠪᠦᠷᠢᠯᠡᠯ ᠢ ᠳᠠᠶᠢᠴᠢᠯᠠᠨ᠂ ᠲᠠᠷᠢᠬᠤ ᠪᠠᠷ ᠲᠡᠵᠢᠭᠡᠬᠦ ᠶᠢ ᠠᠬᠢᠭᠤᠯᠵᠣ᠂ ᠲᠡᠵᠢᠭᠡᠬᠦ ᠪᠠᠷ ᠣᠷᠣᠯᠭ᠎ᠠ ᠪᠠᠨ ᠨᠡᠮᠡᠭᠳᠡᠭᠦᠯᠦᠨ᠂ | ᠲᠠᠷᠢᠵᠦ ᠲᠡᠵᠢᠭᠡᠬᠦ ᠦᠢᠯᠡᠰ ᠤᠨ ᠬᠠᠮᠤᠭ ᠶᠡᠭᠡ ᠦᠷ᠎ᠡ ᠠᠰᠢᠭ ᠢ ᠡᠭᠦᠳᠴᠦ᠂ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ ᠠᠰᠢᠭ ᠲᠤᠰᠠ ᠶᠢᠨ | ᠬᠤᠯᠪᠣᠭᠠᠲᠣ ᠲᠤᠭᠲᠠᠴᠠ ᠶᠢᠨ ᠠᠷᠭ᠎ᠠ ᠲᠤᠷᠰᠢᠯᠭ᠎ᠠ ᠶᠢ ᠬᠤᠷᠠᠮᠳᠣᠭᠤᠯᠣᠨᠠ ᠃ |