ᠶᠡᠭᠡ ᠰᠢᠬᠢᠷ ᠲᠣᠰᠬᠤᠨ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ | ᠪᠠᠷᠤᠭ 100 ᠺᠢᠯᠣᠮᠧᠲᠷ ᠵᠠᠶᠢᠲᠠᠢ᠂ ᠬᠤᠰᠢᠭᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠠᠴᠠ ᠪᠠᠷᠤᠭ 28 ᠺᠢᠯᠣᠮᠧᠲᠷ ᠵᠠᠶᠢᠲᠠᠢ᠃ ᠲᠣᠰᠬᠤᠨ ᠤ ᠵᠠᠰᠠᠭ | ᠵᠠᠬᠢᠷᠭᠠᠨ ᠤ ᠬᠤᠪᠢᠶᠠᠷᠢ ᠶᠢᠨ ᠪᠠᠶᠢᠷᠢᠯᠠᠯ ᠤᠨ ᠲᠠᠯ᠎ᠠ ᠳᠤ ᠡᠮᠣᠨᠡᠰᠢ ᠪᠠᠨ ᠨᠢᠩᠰᠢᠶᠠ ᠶᠢᠨ ᠲᠡᠷᠬᠡ ᠰᠢᠶᠠᠨ ᠲᠠᠢ ᠬᠦᠷᠰᠢᠯᠡᠵᠣ᠂ ᠪᠠᠷᠠᠭᠤᠨᠰᠢ ᠪᠠ ᠬᠤᠶᠢᠰᠢ ᠪᠠᠨ | ᠣᠯᠵᠠᠴᠢ ᠪᠠᠯᠭᠠᠰᠣᠨ ᠤ ᠠᠳᠣᠭᠤᠨ ᠬᠤᠳᠳᠤᠭ ᠲᠣᠰᠬᠤᠨ᠂ ᠣᠯᠠᠭᠠᠨᠳᠣᠪᠣᠩ ᠭᠠᠴᠠᠭ᠎ᠠ ᠲᠠᠢ ᠰᠠᠪᠠᠯᠠᠨ᠂ ᠵᠡᠬᠦᠨᠰᠢ ᠪᠠᠨ ᠲᠣᠰ ᠪᠠᠯᠭᠠᠰᠣᠨ ᠤ ᠢᠮᠠᠭᠠᠯᠠᠢ | ᠲᠣᠰᠬᠤᠨ ᠲᠠᠢ ᠵᠠᠯᠭᠠᠯᠳᠣᠨᠠ᠃ ᠪᠦᠬᠦ ᠲᠣᠰᠬᠤᠨ ᠳᠤ 7 ᠮᠠᠯᠵᠢᠯ ᠤᠨ ᠬᠤᠷᠰᠢᠶ᠎ᠠ᠂ 405 ᠡᠷᠣᠬᠡ 1015 ᠬᠦᠮᠦᠨ ᠠᠮᠠ ᠲᠠᠢ᠂ ᠡᠬᠦᠨ ᠳᠤ ᠪᠠᠶᠢᠩᠭᠤ | ᠰᠠᠭᠤᠭ᠎ᠠ 92 ᠡᠷᠣᠬᠡ 216 ᠬᠦᠮᠦᠨ᠃ ᠲᠣᠰᠬᠤᠨ ᠤ ᠨᠠᠮ ᠤᠨ ᠡᠬᠦᠷ ᠲᠤ 36 ᠨᠠᠮ ᠤᠨ ᠬᠡᠰᠢᠬᠦᠨ ᠲᠠᠢ᠂ ᠡᠬᠦᠨ ᠳᠤ ᠨᠡᠬᠦᠳᠡᠯ ᠨᠠᠮ ᠤᠨ ᠬᠡᠰᠢᠬᠦᠨ 24᠂ | ᠡᠮᠡᠭᠲᠡᠢ ᠨᠠᠮ ᠤᠨ ᠬᠡᠰᠢᠬᠦᠨ 6 ᠪᠣᠢ᠃ ᠭᠠᠵᠠᠷ ᠰᠢᠷᠣᠢ ᠶᠢᠨ ᠶᠡᠷᠣᠩᠬᠡᠢ ᠲᠠᠯᠠᠪᠠᠢ 10.2 ᠲᠦᠮᠡᠨ ᠮᠣ᠋᠂ ᠡᠬᠦᠨ ᠳᠤ ᠠᠰᠢᠭᠯᠠᠵᠣ ᠪᠣᠯᠬᠤ ᠨᠣᠲᠤᠭ ᠪᠡᠯᠴᠢᠬᠡᠷ 7.3 | ᠲᠦᠮᠡᠨ ᠮᠣ᠋᠂ ᠣᠢ ᠶᠢᠨ ᠭᠠᠵᠠᠷ 2.38 ᠲᠦᠮᠡᠨ ᠮᠣ᠋᠂ ᠣᠰᠣᠨ ᠭᠠᠵᠠᠷ 0.52 ᠲᠦᠮᠡᠨ ᠮᠣ᠋᠃ ᠮᠠᠯ ᠤᠨ ᠶᠡᠷᠣᠩᠬᠡᠢ ᠲᠤᠭ᠎ᠠ 6500 ᠲᠣᠯᠣᠭᠠᠢ᠂ ᠭᠤᠣᠯᠳᠠᠭᠤ | ᠦᠬᠡᠷ᠂ ᠬᠤᠨᠢ᠂ ᠢᠮᠠᠭ᠎ᠠ᠂ ᠭᠠᠭ᠋ᠠᠢ ᠵᠡᠷᠬᠡ ᠪᠣᠢ᠃ ᠲᠣᠰᠬᠤᠨ ᠤ ᠭᠠᠵᠠᠷ ᠤᠨ ᠪᠠᠶᠢᠴᠠ ᠨᠢ ᠵᠡᠬᠦᠨ ᠬᠤᠶᠢᠨ᠎ᠠ ᠠᠴᠠ ᠪᠠᠷᠠᠭᠤᠨ ᠡᠮᠣᠨᠡᠰᠢ ᠬᠡᠯᠪᠡᠶᠢᠵᠣ᠂ ᠴᠠᠶᠢᠳᠠᠮ | ᠭᠠᠵᠠᠷ ᠢᠶᠠᠷ ᠭᠤᠣᠯᠯᠠᠨ᠎ᠠ᠃ ᠶᠡᠭᠡ ᠰᠢᠬᠢᠷ ᠲᠣᠰᠬᠤᠨ ᠮᠠᠯ ᠲᠠᠷᠢᠶᠠᠯᠠᠩ ᠢᠶᠠᠷ ᠭᠤᠣᠯ ᠪᠣᠯᠭᠠᠵᠣ᠂ ᠣᠢ᠂ ᠲᠣᠰᠠᠯᠠᠬᠤ ᠦᠢᠯᠡᠰ ᠢᠶᠠᠷ ᠲᠡᠳ᠋ᠯᠡᠬᠦᠯᠣᠭ᠍ᠰᠡᠨ ᠨᠡᠶᠢᠳᠡᠯᠢᠭ | ᠲᠠᠷᠢᠶᠠᠯᠠᠬᠤ ᠲᠣᠰᠬᠤᠨ ᠪᠣᠯᠣᠨ᠎ᠠ᠃ ᠭᠠᠵᠠᠷ ᠵᠦᠢ ᠶᠢᠨ ᠣᠨᠴᠠᠭᠠᠢ ᠪᠠᠶᠢᠷᠢᠯᠠᠯ ᠠᠴᠠ ᠪᠣᠯᠵᠣ᠂ ᠬᠠᠨ ᠣᠯᠣᠰ ᠤᠨ ᠦᠶ᠎ᠡ ᠠᠴᠠ ᠡᠯᠪᠡᠭ ᠲᠡᠯᠪᠡᠭ ᠲᠠᠪᠣᠰᠣᠨ | ᠭᠠᠷᠣᠯᠲᠠ ᠪᠠᠷ ᠢᠶᠠᠨ ᠠᠯᠳᠠᠷᠰᠢᠵᠡᠢ᠃ ᠬᠡᠪᠡᠴᠤ ᠣᠰᠣᠨ ᠰᠣᠷᠪᠣᠯᠵᠢ ᠬᠤᠮᠰᠠ᠂ ᠣᠷᠣᠰᠢᠬᠤ ᠨᠦᠬᠦᠴᠡᠯ ᠪᠠᠷᠣᠭᠲᠠᠢ ᠵᠡᠷᠬᠡ ᠠᠴᠠ ᠰᠢᠯᠲᠠᠭᠠᠯᠠᠵᠣ᠂ 2007 ᠣᠨ | ᠳᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠬᠢᠵᠠᠭᠠᠷᠲᠠᠢ ᠨᠡᠬᠡᠬᠡᠨ ᠬᠦᠭᠵᠢᠬᠦᠯᠬᠦ ᠣᠷᠣᠨ︾ ᠢᠶᠠᠷ ᠲᠣᠭᠲᠠᠭᠠᠵᠠᠢ᠃ 2012 ᠣᠨ ᠳᠤ | ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠶᠡᠭᠡ ᠰᠢᠬᠢᠷ ᠲᠣᠰᠬᠤᠨ ᠢ ᠪᠦᠬᠦᠶᠢᠯᠡ ᠴᠣᠭᠴᠠ ᠪᠠᠷ ᠨᠢ ᠪᠦᠬᠦ ᠬᠤᠰᠢᠭᠤᠨ ᠤ ᠬᠤᠲᠠ ᠬᠦᠳᠡᠭᠡ ᠶᠢᠨ | ᠨᠢᠬᠡᠳᠣᠯᠲᠠᠢ ᠲᠦᠯᠦᠪᠵᠢᠬᠦᠯᠣᠯᠲᠡ ᠶᠢᠨ ᠬᠡᠪᠴᠢᠶᠠᠨ ᠳᠤ ᠣᠷᠣᠭᠤᠯᠣᠨ᠂ ᠲᠣᠬᠠᠢ ᠶᠢᠨ ᠵᠢᠯ ᠳᠤ ᠪᠠᠨ ᠬᠤᠲᠠ ᠬᠦᠳᠡᠭᠡ ᠶᠢᠨ ᠨᠢᠬᠡᠳᠣᠯᠲᠠᠢ ᠲᠦᠯᠦᠪᠵᠢᠬᠦᠯᠣᠯᠲᠡ | ᠶᠢᠨ ᠬᠡᠰᠡᠭ ᠲᠦᠷᠦ ᠶᠢᠨ ᠪᠣᠳᠣᠯᠭ᠎ᠠ ᠶᠢ ᠬᠡᠷᠡᠭᠵᠢᠬᠦᠯᠵᠡᠢ᠃ | |