ᠱᠠᠭᠠᠵᠠᠩᠲᠤ ᠲᠤᠰᠬᠤᠨᠨᠢ ᠱᠠᠩᠬᠠᠢ ᠶᠢᠨ ᠰᠦᠮ᠎ᠡ ᠪᠠᠯᠭᠠᠰᠣᠨ ᠳᠤ ᠬᠠᠷᠢᠶᠠᠯᠠᠭᠳᠠᠵᠣ᠂ ᠦᠪᠦᠷ ᠮᠣᠩᠭᠤᠯ ᠨᠢᠩᠰᠢᠶᠠ ᠬᠤᠶᠠᠷ ᠣᠷᠣᠨ ᠤ ᠠᠭᠤᠯᠵᠠᠷ | ᠭᠠᠵᠠᠷ ᠲᠤ ᠪᠠᠶᠢᠷᠢᠯᠠᠵᠦ᠂ ᠪᠠᠷᠠᠭᠤᠨ ᠢᠶᠠᠨ ᠢᠷᠭᠠᠢ ᠬᠤᠲᠠ ᠶᠢᠨ ᠪᠢᠨ ᠡᠾ ᠰᠢᠨ᠎ᠡ ᠲᠤᠭᠤᠷᠢᠭ ᠲᠠᠢ ᠬᠦᠷᠰᠢᠯᠡᠵᠦ᠂ ᠢᠷᠭᠠᠢ ᠬᠤᠲᠠ ᠶᠢᠨ ᠲᠤᠭᠤᠷᠢᠭ ᠠᠴᠠ 40 | ᠺᠢᠯᠤᠮᠧᠲᠷ ᠵᠠᠶᠢᠲᠠᠢ᠂ ᠬᠠᠲᠤᠨ ᠭᠤᠤᠯ ᠤᠨ ᠨᠢᠩᠰᠢᠶᠠ ᠶᠢᠨ ᠭᠡᠰᠡᠭ ᠠᠴᠠ ᠵᠦᠪᠬᠡᠨ 10 ᠺᠢᠯᠦᠮᠧᠲᠷ ᠵᠠᠶᠢᠲᠠᠢ᠂ ᠭᠠᠵᠠᠷ ᠤᠨ ᠪᠠᠶᠢᠴᠠ ᠳᠡᠭᠰᠢ ᠲᠠᠷᠳᠠᠩ᠂ ᠬᠠᠷᠢᠶᠠᠨ | ᠳᠠᠬᠢ ᠨᠡᠭᠦᠷᠡᠰᠦᠨ ᠤ ᠡᠬᠢ ᠪᠠᠶᠠᠯᠢᠭ ᠡᠯᠪᠡᠭ᠂ ᠵᠠᠮ ᠬᠠᠷᠢᠯᠴᠠᠭ᠎ᠠ ᠲᠤᠶᠢᠯ ᠶᠢᠨ ᠳᠦᠭᠦᠮ ᠲᠦᠳᠡ᠃ ᠱᠠᠭᠠᠵᠠᠩᠲᠣ ᠲᠤᠰᠬᠤᠨ ᠨᠢ ᠳᠡᠭᠡᠲᠦ ᠱᠠᠲᠤᠨ ᠤ ᠨᠠᠮ ᠤᠨ | ᠬᠤᠷᠢᠶᠠᠵᠠᠰᠠᠭ ᠤᠨ ᠣᠷᠳᠣᠨ ᠠᠴᠠ ᠠᠭᠤᠷᠬᠠᠢ ᠶᠢᠨ ᠣᠷᠣᠨ ᠤ ᠴᠡᠭᠴᠡᠯᠡᠵᠦ ᠨᠡᠭᠦᠯᠭᠡᠨ ᠰᠢᠯᠵᠢᠭᠦᠯᠬᠦ ᠲᠤᠰᠬᠤᠨ ᠢᠶᠠᠷ ᠲᠤᠭᠲᠠᠭᠠᠭᠳᠠᠵᠤ᠂ ᠨᠡᠶᠢᠲᠡ 208 ᠡᠷᠦᠬᠡ | 638 ᠬᠦᠮᠦᠨ ᠠᠮᠠ᠂ ᠲᠤᠰᠬᠤᠨ ᠤ ᠭᠠᠵᠠᠷ ᠰᠢᠷᠣᠢ ᠶᠢᠨ ᠶᠡᠷᠦᠩᠬᠡᠢ ᠲᠠᠯᠠᠪᠠᠢ 14 ᠲᠦᠮᠡᠨ ᠮᠣ᠋᠂ ᠡᠭᠦᠨ ᠳᠤ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ | 6800 ᠭᠠᠷᠣᠢ ᠮᠣ᠋᠂ ᠣᠶᠢᠲᠣ ᠭᠠᠵᠠᠷ ᠤᠨ ᠶᠡᠷᠦᠩᠬᠡᠢ ᠲᠠᠯᠠᠪᠠᠢ 12000 ᠭᠠᠷᠣᠢ ᠮᠣ᠋᠂ ᠨᠡᠶᠢᠲᠡ 800 ᠭᠠᠷᠣᠢ ᠮᠠᠯ ᠠᠷᠠᠴᠢᠯᠠᠵᠤ᠂ ᠭᠤᠣᠯᠯᠠᠬᠤ ᠠᠵᠤ | ᠦᠢᠯᠡᠰ ᠨᠢ ᠲᠠᠷᠢᠶᠠᠯᠠᠩ᠂ ᠠᠮᠤ ᠪᠣᠳᠠᠭᠠᠨ ᠤ ᠭᠤᠣᠯ ᠪᠣᠯᠬᠤ ᠲᠦᠷᠦᠯ ᠵᠦᠢᠯ ᠨᠢ ᠡᠷᠳᠡᠨᠢ ᠰᠢᠰᠢ᠂ ᠲᠠᠷᠪᠣᠰ ᠵᠡᠷᠭᠡ ᠲᠠᠷᠢᠮᠠᠯ ᠪᠣᠯᠣᠨ᠎ᠠ᠃ ᠲᠤᠰ ᠲᠣᠰᠬᠤᠨ ᠣᠳᠣ | ᠨᠢᠭᠡ ᠬᠤᠪᠢ ᠣᠷᠣᠭᠤᠯᠬᠤ ᠳᠦᠷᠢᠮᠲᠤ ᠺᠣᠮᠫᠠᠨᠢ ᠪᠠᠶᠢᠵᠤ᠂ ︽ᠣᠲᠤᠭ ᠤᠨ ᠡᠮᠦᠨᠡᠲᠦ ᠬᠤᠰᠢᠭᠤᠨ ᠤ ᠰᠢᠨ ᠡᠾ ᠪᠠᠷᠠᠭ᠎ᠠ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ︾ | ᠪᠣᠯᠣᠨ᠎ᠠ᠂ ᠳᠠᠩᠰᠠᠯᠠᠭᠤᠯᠣᠭᠰᠠᠨ ᠪᠡᠯᠡ ᠮᠦᠩᠭᠦ 130 ᠭᠠᠷᠣᠢ ᠲᠦᠮᠡᠨ ᠲᠦᠭᠦᠷᠢᠭ᠂ 24 ᠪᠠᠷᠢᠯᠭ᠎ᠠ ᠶᠢᠨ ᠮᠠᠰᠢᠨ ᠲᠠᠢ᠂ ᠡᠭᠦᠨ ᠳᠤ 20 ᠡᠸᠣ ᠮᠠᠨ ᠲᠡᠮᠲᠡᠭᠲᠦ | ᠲᠦᠷᠪᠡᠨ ᠬᠦᠬᠦᠷᠭᠡᠲᠦ ᠮᠠᠰᠢᠨ ᠲᠡᠷᠭᠡ᠂ 2 ᠳ᠋ᠧ ᠯᠦᠩ ᠲᠡᠮᠲᠡᠭᠲᠦ ᠲᠦᠷᠪᠡᠨ ᠬᠦᠬᠦᠷᠭᠡᠲᠦ ᠮᠠᠰᠢᠨ ᠲᠡᠷᠭᠡ᠂ 2 ᠳ᠋ᠠ ᠯᠢ ᠱᠧᠨ ᠲᠡᠮᠲᠡᠭᠲᠦ ᠲᠦᠷᠪᠡᠨ ᠬᠦᠬᠦᠷᠭᠡᠲᠦ | ᠮᠠᠰᠢᠨ ᠲᠡᠷᠭᠡ ᠶᠢ ᠰᠢᠨ᠎ᠡ ᠪᠠᠷ ᠣᠷᠣᠭᠤᠯᠵᠣ᠂ ᠺᠣᠮᠫᠠᠨᠢ ᠨᠢ ᠭᠤᠣᠯ ᠨᠡᠭᠦᠷᠡᠰᠦᠨ ᠴᠢᠯᠠᠭᠤᠨ ᠤ ᠲᠡᠭᠡᠭᠡᠪᠦᠷᠢ᠂ ᠬᠠᠶᠢᠷ ᠴᠢᠯᠠᠭᠤᠨ ᠤ ᠮᠠᠲ᠋ᠧᠷᠢᠶᠡᠯ ᠵᠡᠷᠭᠡ | ᠲᠤᠬᠠᠶᠢᠯᠠᠭᠰᠠᠨ ᠠᠵᠢᠯ ᠢ ᠡᠵᠡᠩᠨᠡᠨ᠎ᠡ᠃ | |