ᠳᠠᠬᠢᠯᠲᠤ ᠲᠤᠰᠬᠤᠨ ᠤᠯᠵᠠᠴᠢ ᠪᠠᠯᠭᠠᠰᠤᠨ ᠠᠴᠠ ᠪᠠᠷᠠᠭᠤᠨ ᠡᠮᠦᠨ᠎ᠡ 10 ᠺᠢᠯᠣᠮᠧᠲᠷ ᠲᠤ ᠪᠠᠶᠢᠷᠢᠯᠠᠳᠠᠭ᠃ 1958 ᠤᠨ ᠳᠤ ᠳᠠᠬᠢᠯᠲᠤ ᠦᠢᠯᠡᠳᠪᠦᠷᠢᠯᠡᠯ | ᠤᠨ ᠶᠡᠭᠡ ᠪᠠᠷᠢᠭᠠᠲᠠ ᠪᠠᠶᠢᠭᠤᠯᠤᠭᠳᠠᠨ᠂ ᠳᠠᠬᠢᠯᠲᠤ ᠠᠷᠠᠳ ᠤᠨ ᠨᠢᠭᠡᠳᠦᠯ ᠳᠤ ᠬᠠᠷᠢᠶᠠᠯᠠᠭᠳᠠᠵᠤ ᠪᠠᠶᠢᠪᠠ᠃ 1984 ᠤᠨ ᠳᠤ ᠳᠠᠬᠢᠯᠲᠤ ᠦᠢᠯᠡᠳᠪᠦᠷᠢᠯᠡᠯ ᠤᠨ | ᠶᠡᠭᠡ ᠪᠠᠷᠢᠭᠠᠲᠠ ᠶᠢ ᠳᠠᠬᠢᠯᠲᠤ ᠲᠤᠰᠬᠤᠨ ᠪᠣᠯᠭᠠᠨ ᠦᠭᠡᠷᠡᠴᠢᠯᠡᠪᠡ᠃ 2005 ᠤᠨ ᠤ 6 ᠰᠠᠷ᠎ᠠ ᠳᠤ ᠤᠯᠵᠠᠴᠢ ᠪᠠᠯᠭᠠᠰᠤᠨ ᠳᠤ ᠬᠠᠷᠢᠶᠠᠯᠠᠭᠤᠯᠪᠠ᠃ ᠲᠠᠪᠤᠨ | ᠲᠠᠷᠢᠶᠠᠯᠠᠩ ᠤᠨ ᠬᠤᠷᠰᠢᠶ᠎ᠠ ᠲᠠᠢ᠂ ᠪᠦᠬᠦ ᠲᠤᠰᠬᠤᠨ ᠤ ᠭᠠᠵᠠᠷ ᠰᠢᠷᠦᠢ ᠶᠢᠨ ᠶᠡᠷᠦᠩᠬᠡᠢ ᠲᠡᠯᠡᠪᠡᠢ 5 ᠲᠦᠮᠡᠨ ᠮᠤ᠋᠂ ᠠᠰᠢᠭᠯᠠᠵᠤ ᠪᠤᠯᠬᠤ ᠭᠠᠵᠠᠷ ᠰᠢᠷᠤᠢ ᠶᠢᠨ | ᠲᠠᠯᠠᠪᠠᠢ 3 ᠲᠦᠮᠡᠨ ᠮᠤ᠋᠂ ᠭᠠᠩ ᠬᠠᠭᠤᠷᠠᠢ ᠰᠢᠯᠢᠷᠬᠡᠭ ᠭᠠᠵᠠᠷ ᠪᠠ ᠪᠠᠯᠠᠷ ᠭᠠᠵᠠᠷ ᠢᠶᠠᠷ ᠪᠦᠷᠢᠯᠳᠦᠪᠡ᠃ | ᠣᠶᠢᠷ᠎ᠠ ᠶᠢᠨ ᠵᠢᠯ ᠳᠤ ᠳᠠᠬᠢᠯᠲᠤ ᠲᠤᠰᠬᠤᠨ ᠬᠦᠲᠡᠭᠡ ᠲᠤᠰᠬᠤᠨ ᠦᠨᠳᠦᠰᠦᠨ ᠱᠠᠲᠤᠨ ᠤ ᠪᠣᠲᠠᠲᠣ ᠪᠠᠶᠢᠳᠠᠯ ᠳᠤ ᠰᠠᠭᠤᠷᠢᠯᠠᠵᠤ᠂ ︽ᠨᠠᠮ ᠤᠨ | ᠪᠠᠶᠢᠭᠤᠯᠤᠯᠲᠠ ᠶᠢ ᠴᠢᠩᠭᠠᠳᠬᠠᠬᠤ᠂ ᠠᠵᠤ ᠦᠢᠯᠡᠰ ᠢ ᠬᠦᠭᠵᠢᠬᠦᠯᠬᠦ᠂ ᠬᠦᠳᠡᠭᠡ ᠲᠤᠰᠬᠤᠨ ᠢ ᠭᠤᠶᠤᠵᠢᠭᠤᠯᠬᠤ᠂ ᠲᠠᠷᠢᠶᠠᠴᠢᠨ ᠲᠦᠮᠡᠨ ᠢ ᠴᠢᠨᠡᠭᠡᠯᠢᠭᠵᠢᠬᠦᠯᠬᠦ︾ | ᠬᠠᠷᠠᠯᠲᠠ ᠶᠢ ᠪᠠᠷᠢᠮᠲᠠᠯᠠᠨ᠂ ︽ᠨᠢᠭᠡ ᠲᠤᠰᠬᠤᠨ ᠨᠢᠭᠡ ᠨᠡᠷᠡᠲᠤ ᠲᠡᠮᠲᠡᠭ︾ ᠤᠨ ᠪᠠᠶᠢᠭᠤᠯᠤᠯᠲᠠ ᠶᠢ ᠢᠳᠡᠪᠬᠢᠲᠡᠢ ᠪᠠᠷ ᠰᠦᠪᠡᠭᠴᠢᠯᠡᠨ ᠬᠡᠷᠡᠭᠵᠢᠭᠦᠯᠵᠦ᠂ ︽ᠳᠦᠷᠪᠡᠨ | ᠨᠢᠭᠡ︾ ᠶᠢᠨ ᠠᠵᠢᠯ ᠤᠨ ᠪᠠᠶᠢᠳᠠᠯ ᠢ ᠪᠦᠷᠢᠯᠳᠦᠬᠦᠯᠦᠨ᠂ ᠲᠤᠰᠬᠤᠨ ᠭᠤᠶᠤ ᠠᠷᠠᠳ ᠴᠢᠨᠡᠭᠡᠯᠢᠭ ᠵᠤᠯ ᠵᠢᠷᠭᠠᠯᠠᠲᠤ ᠨᠣᠲᠤᠭ ᠣᠷᠣᠨ ᠢᠶᠠᠨ ᠪᠦᠲᠦᠭᠡᠨ ᠪᠠᠶᠢᠭᠤᠯᠵᠤ | ᠪᠤᠢ᠃ |