ᠣᠶᠢᠷ᠎ᠠ ᠶᠢᠨ ᠵᠢᠯ ᠠᠴᠠ ᠨᠠᠭᠠᠰᠢ᠂ ᠣᠲᠤᠭ ᠤᠨ ᠡᠮᠦᠨᠡᠲᠦ ᠬᠤᠰᠢᠭᠤ ᠭᠠᠵᠠᠷ ᠣᠷᠣᠨ ᠤ ᠡᠬᠢ ᠰᠣᠷᠪᠣᠯᠵᠢ ᠶᠢᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ | ᠣᠨᠴᠠᠯᠢᠭᠲᠤ ᠲᠠᠷᠢᠮᠠᠯ ᠢ ᠬᠦᠭᠵᠢᠬᠦᠯᠬᠦ ᠶᠢ ᠲᠠᠷᠢᠮᠠᠯ ᠤᠨ ᠪᠦᠲᠦᠴᠡ ᠶᠢᠨ ᠲᠤᠬᠢᠷᠠᠭᠤᠯᠤᠯᠲᠠ᠂ ᠬᠦᠢᠳᠡᠭᠡ ᠲᠤᠰᠬᠤᠨ ᠤ ᠬᠦᠭᠵᠢᠯ ᠮᠠᠨᠳᠣᠯ ᠳᠤ ᠬᠦᠴᠦᠨ ᠨᠡᠮᠡᠷᠢᠯᠡᠬᠦ | ᠴᠢᠬᠤᠯᠠ ᠭᠠᠷᠳᠠᠴᠠ ᠪᠤᠯᠭᠠᠨ᠂ ᠰᠣᠶᠤᠭ᠎ᠠ ᠪᠤᠶᠢᠵᠢᠭᠤᠯᠤᠯᠲᠠ᠂ ᠨᠤᠭᠤᠭ᠎ᠠ ᠵᠢᠮᠢᠰ ᠤᠨ ᠦᠢᠯᠡᠳᠪᠦᠷᠢᠯᠡᠯ᠂ ᠮᠡᠷᠬᠡᠵᠢᠯ ᠤᠨ ᠰᠢᠨᠡᠴᠢᠯᠡᠯᠲᠡ᠂ ᠦᠵᠡᠮᠵᠢ ᠶᠢᠨ ᠰᠣᠨᠢᠷᠬᠠᠯᠲᠠ | ᠶᠢ ᠴᠣᠭᠴᠠᠵᠢᠭᠤᠯᠤᠭᠰᠠᠨ ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠲᠤᠭᠤᠷᠢᠭ ᠢ ᠲᠠᠰᠣᠷᠠᠯᠲᠠ ᠦᠬᠡᠢ ᠪᠠᠶᠢᠭᠤᠯᠬᠤ ᠶᠢᠨ ᠬᠠᠮᠲᠤ ︽ᠲᠤᠯᠤᠭᠠᠶᠢᠯᠠᠭᠴᠢ | ᠠᠵᠤ ᠠᠬᠤᠶᠢᠯᠠᠯ + ᠰᠠᠭᠤᠷᠢᠨ ᠭᠠᠵᠠᠷ + ᠮᠠᠯᠴᠢᠨ ᠲᠠᠷᠢᠶᠠᠴᠢᠨ︾᠂ ︽ᠨᠠᠮ ᠤᠨ ᠡᠬᠦᠷ + ᠬᠤᠷᠰᠢᠶᠠᠵᠢᠯ + ᠰᠠᠭᠤᠷᠢᠨ ᠭᠠᠵᠠᠷ + ᠮᠠᠯᠴᠢᠨ ᠲᠠᠷᠢᠶᠠᠴᠢᠨ︾ | ᠵᠡᠷᠭᠡ ᠠᠵᠤ ᠦᠢᠯᠡᠰᠴᠢᠯᠡᠭᠰᠡᠨ ᠬᠤᠯᠪᠤᠭᠠᠯᠠᠯ ᠤᠨ ᠵᠠᠭᠪᠤᠷ ᠢ ᠠᠰᠢᠭᠯᠠᠵᠤ᠂ ︽ᠨᠢᠭᠡ ᠭᠠᠴᠠᠭ᠎ᠠ ᠲᠤᠰᠬᠤᠨ ᠨᠢᠬᠡ ᠪᠦᠲᠦᠬᠡᠭᠳᠡᠬᠦᠨ︾ ᠤ ᠠᠵᠤ ᠦᠢᠯᠡᠰ ᠤᠨ | ᠬᠦᠭᠵᠢᠯᠲᠡ ᠶᠢᠨ ᠲᠤᠭᠲᠠᠴᠠ ᠶᠢ ᠪᠠᠶᠢᠭᠤᠯᠤᠭᠰᠠᠨ ᠠᠴᠠ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠪᠠ᠃ | | | | | ᠣᠳᠣᠬᠠᠨ ᠳᠤ ᠶᠠᠭ ᠲᠠᠷᠪᠤᠰ ᠪᠤᠯᠪᠠᠰᠣᠷᠠᠵᠤ ᠪᠠᠶᠢᠭ᠎ᠠ ᠬᠤᠭᠤᠴᠠᠭ᠎ᠠ ᠪᠤᠯᠬᠤᠷ ᠣᠲᠤᠭ ᠤᠨ ᠡᠮᠦᠨᠡᠲᠦ ᠬᠤᠰᠢᠭᠤᠨ ᠤ ᠪᠤᠷᠤᠪᠠᠯᠭᠠᠰᠣ ᠪᠠᠯᠭᠠᠰᠣ ᠶᠢᠨ ᠡᠯ᠎ᠡ | ᠭᠠᠴᠠᠭ᠎ᠠ ᠲᠤᠰᠬᠤᠨ ᠤ 1.2 ᠲᠦᠮᠡ ᠭᠠᠷᠤᠢ ᠮᠣ᠋ ᠲᠠᠷᠪᠤᠰ ᠡᠯᠪᠡᠭ ᠬᠤᠷᠢᠶᠠᠯᠲᠠ ᠤᠯᠵᠤ᠂ 4200 ᠲᠦᠮᠡᠨ ᠺᠢᠯᠤᠭ᠍ᠷᠠᠮ ᠰᠢᠬᠠᠮ ᠲᠠᠷᠪᠤᠰ ᠵᠠᠬ᠎ᠠ ᠳᠡᠯᠬᠡᠬᠦᠷ ᠲᠤ | ᠭᠠᠷᠪᠠ᠃ | | | | | ᠪᠤᠷᠤᠪᠠᠯᠭᠠᠰᠣ ᠪᠠᠯᠭᠠᠰᠣ ᠶᠢᠨ ᠪᠤᠷᠤᠲᠤᠯᠤᠭᠠᠢ ᠲᠤᠰᠬᠤᠨ ᠤ ᠲᠠᠷᠪᠤᠰ ᠤᠨ ᠰᠠᠭᠤᠷᠢᠨ ᠭᠠᠵᠠᠷ ᠲᠤ᠂ ᠲᠠᠷᠢᠶᠠᠴᠢᠳ ᠣᠷᠭᠤᠴᠠ ᠰᠠᠶᠢᠲᠠᠢ ᠲᠠᠷᠪᠤᠰ ᠢᠶᠠᠨ | ᠬᠤᠷᠢᠶᠠᠬᠤ᠂ ᠵᠦᠬᠡᠬᠡᠪᠦᠷᠢᠯᠡᠬᠦ᠂ ᠬᠠᠶᠢᠷᠴᠠᠭᠯᠠᠬᠤ ᠠᠵᠢᠯ ᠳᠤ ᠪᠠᠨ ᠶᠠᠭᠠᠷᠠᠯᠳᠣᠵᠣ᠂ ᠲᠠᠷᠢᠶᠠᠴᠢᠨ ᠵᠠᠩ ᠹᠦ᠋ ᠶᠦᠨ ᠤ ᠲᠠᠨᠢᠯᠴᠠᠭᠤᠯᠬᠤ ᠪᠠᠷ᠂ ᠲᠡᠳᠡᠨ ᠤ ᠬᠢᠨ ᠤ ᠡᠨᠡ ᠵᠢᠯ | ᠲᠠᠷᠢᠭᠰᠠᠨ ᠶᠢᠨ ᠴᠧᠩ 5 ᠨᠣᠮᠧᠷᠲᠦ ᠲᠠᠷᠪᠤᠰ ᠤᠨ ᠵᠤᠬᠢᠴᠠᠯᠳᠣᠬᠤ ᠴᠢᠨᠠᠷ ᠨᠢ ᠴᠢᠩᠭ᠎ᠠ᠂ ᠠᠮᠲᠠ ᠰᠢᠮᠡᠲᠡᠢ ᠮᠦᠷᠲᠡᠭᠡᠨ ᠴᠢᠨᠠᠷ ᠰᠠᠶᠢᠲᠠᠢ ᠣᠨᠴᠠᠯᠢᠭ ᠲᠠᠢ ᠪᠤᠯᠬᠤᠷ | ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠪᠤᠯᠤᠨ ᠵᠤᠭᠠᠴᠠᠭᠰᠠᠳ ᠤᠨ ᠬᠦᠷᠢᠶᠡᠯᠡᠯ ᠢ ᠣᠯᠵᠣ᠂ ᠪᠦᠬᠦ ᠣᠯᠣᠰ ᠤᠨ ᠡᠯ᠎ᠡ ᠭᠠᠵᠠᠷ ᠲᠤ ᠪᠤᠷᠤᠯᠠᠭᠤᠯᠤᠭᠳᠠᠵᠤ | ᠪᠠᠶᠢᠨ᠎ᠠ ᠬᠡᠪᠡ᠃ | | | | | | |