ᠨᠠᠩᠰᠤ ᠨᠡᠶᠢᠬᠡᠮ ᠲᠤᠭᠤᠷᠢᠭ 2012 ᠣᠨ ᠤ 3 ᠰᠠᠷ᠎ᠠ ᠳᠤ ᠨᠠᠩᠰᠣ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠪᠠᠶᠢᠭᠤᠯᠤᠭᠳᠠᠪᠠ᠂ | ᠠᠵᠢᠯᠯᠠᠭᠠᠨ ᠤ ᠭᠠᠵᠠᠷ ᠤᠨ ᠡᠵᠡᠯᠡᠬᠦ ᠲᠠᠯᠠᠪᠡᠢ 1380 ᠳᠡᠭᠰᠢ ᠳᠦᠷᠪᠡᠯᠵᠢᠨ ᠮᠧᠲᠷ᠂ ᠨᠠᠶᠢᠲᠠ 278 ᠡᠷᠦᠬᠡ 473 ᠬᠦᠮᠦᠨ ᠲᠠᠢ᠂ ᠪᠠᠶᠢᠩᠭᠤ ᠰᠠᠭᠤᠭ᠎ᠠ | 108 ᠡᠷᠦᠬᠡ 224 ᠬᠦᠮᠦᠨ᠂ ᠶᠠᠪᠤᠭᠤᠯ ᠬᠦᠮᠦᠨ ᠠᠮᠠ ᠣᠯᠠᠨ᠂ ᠡᠯ᠎ᠡ ᠲᠦᠷᠦᠯ ᠤᠨ ᠬᠤᠳᠠᠯᠳᠤᠭ᠎ᠠ ᠳᠡᠯᠭᠡᠭᠦᠷ ᠣᠯᠠᠨ᠃ 16 ᠨᠠᠮ ᠤᠨ ᠭᠡᠰᠢᠬᠦᠨ ᠲᠠᠢ᠂ | ᠡᠬᠦᠨ ᠳᠤ ᠡᠮᠡᠭᠲᠡᠢ ᠨᠠᠮ ᠤᠨ ᠭᠡᠰᠢᠬᠦᠨ 3 ᠬᠦᠮᠦᠨ᠃ ᠬᠠᠷᠢᠶ᠎ᠠ ᠲᠤᠭᠤᠷᠢᠭ ᠲᠤ ᠵᠡᠮᠳᠡᠭ ᠬᠦᠮᠦᠨ 18᠂ ᠬᠤᠲᠠ ᠪᠠᠯᠭᠠᠰᠤᠨ ᠤ ᠳᠣᠣᠷ᠎ᠠ ᠪᠠᠲᠤᠯᠠᠭ᠎ᠠ ᠶᠢᠨ ᠡᠷᠦᠬᠡ | 8᠂ ᠬᠦᠳᠡᠭᠡ ᠲᠤᠰᠬᠤᠨ ᠤ ᠳᠣᠣᠷ᠎ᠠ ᠪᠠᠲᠤᠯᠠᠭ᠎ᠠ ᠶᠢᠨ ᠡᠷᠦᠬᠡ 8᠂ ᠠᠵᠢᠯ ᠤᠨ ᠪᠠᠶᠢᠷᠢ ᠠᠴᠠ ᠪᠠᠭᠤᠭᠰᠠᠨ ᠠᠵᠢᠯᠲᠠᠨ 32 ᠬᠦᠮᠦᠨ᠂ ᠡᠬᠦᠨ ᠳᠤ ︽4050︾ | ᠬᠦᠮᠦᠨ 4 ᠪᠤᠢ᠃ ᠬᠤᠲᠠ ᠬᠦᠳᠡᠭᠡ ᠶᠢᠨ ᠨᠢᠭᠡᠳᠦᠯᠲᠡᠢ ᠲᠦᠯᠦᠪᠵᠢᠬᠦᠯᠦᠯᠲᠡ ᠪᠠᠷ ᠨᠠᠩᠰᠤ ᠨᠡᠶᠢᠬᠡᠮ ᠲᠤᠭᠤᠷᠢᠭ ᠪᠠ ᠪᠠᠯᠭᠠᠰᠤᠨ ᠤ ᠪᠠᠶᠢᠭᠤᠯᠤᠯᠲᠠ ᠢᠵᠢᠯ | ᠠᠯᠬᠤᠮ ᠢᠶᠠᠷ ᠠᠬᠢᠵᠦ᠂ ᠨᠢᠭᠡᠨᠲᠠ ᠱᠠᠲᠤᠴᠢ ᠴᠢᠨᠠᠷᠲᠠᠢ ᠠᠮᠵᠢᠯᠲᠠ ᠣᠯᠵᠣ᠂ ᠳᠡᠭᠦᠯᠳᠡᠷᠵᠢᠬᠦᠯᠬᠦ᠂ ᠳᠡᠭᠡᠭᠰᠢᠯᠡᠬᠦᠯᠬᠦ ᠱᠠᠲᠤᠨ ᠳᠤ ᠣᠷᠣᠪᠠ᠃ |