ᠳᠠᠬᠢᠯᠲᠤ ᠨᠡᠶᠢᠬᠡᠮ ᠲᠤᠭᠤᠷᠢᠭ
ᠨᠡᠶᠢᠲᠡᠯᠡᠭᠰᠡᠨ ᠴᠠᠭ᠄
2023/8/28
     ᠳᠠᠬᠢᠯᠲᠤ ᠨᠡᠶᠢᠬᠡᠮ ᠲᠤᠭᠤᠷᠢᠭ ᠪᠣᠯ 2006 ᠣᠨ ᠤ 1 ᠰᠠᠷ᠎ᠠ ᠳᠤ ᠣᠣᠯ ᠤᠨ ᠲᠠᠬᠢᠯᠲᠤ ᠰᠠᠭᠤᠭᠠᠯᠢ ᠠᠷᠠᠳ ᠤᠨ ᠵᠦᠪᠯᠡᠯ ᠢ ᠦᠭᠡᠷᠡᠴᠢᠯᠡᠨ ᠪᠠᠶᠢᠭᠤᠯᠤᠭᠰᠠᠨ ᠣᠲᠤᠭ ᠤᠨ ᠡᠮᠦᠨᠡᠲᠦ ᠬᠤᠰᠢᠭᠤᠨ ᠤ ᠠᠩᠬᠠᠳᠠᠭᠴᠢ ᠬᠦᠳᠡᠭᠡ ᠲᠤᠰᠬᠤᠨ ᠤ ᠨᠠᠶᠢᠬᠡᠮ ᠲᠤᠭᠤᠷᠢᠭ ᠪᠣᠯᠣᠨ᠎ᠠ᠃ ᠣᠯᠵᠠᠴᠢ ᠪᠠᠯᠭᠠᠰᠤᠨ ᠠᠴᠠ ᠪᠠᠷᠠᠭᠤᠨ ᠡᠮᠦᠨ᠎ᠡ 10 ᠺᠢᠯᠤᠮᠧᠲᠷ ᠵᠠᠶᠢᠲᠠᠢ᠂ ᠦᠪᠦᠷ ᠮᠣᠩᠭᠤᠯ᠂ ᠱᠠᠨᠰᠢ᠂ ᠨᠢᠩᠰᠢᠶᠠ ᠭᠤᠷᠪᠠᠨ ᠮᠤᠵᠢ ᠣᠷᠣᠨ ᠤ ᠠᠭᠤᠯᠵᠠᠷ ᠭᠠᠵᠠᠷ ᠲᠤ ᠪᠠᠶᠢᠷᠢᠯᠠᠵᠤ ᠪᠤᠢ᠃ ᠬᠠᠷᠢᠶ᠎ᠠ ᠲᠤᠭᠤᠷᠢᠭ ᠤᠨ ᠶᠡᠷᠦᠩᠬᠡᠢ ᠲᠡᠯᠡᠪᠡᠢ 2.4 ᠳᠡᠭᠰᠢ ᠳᠦᠷᠪᠡᠯᠵᠢᠨ ᠺᠢᠯᠤᠮᠧᠲᠷ᠂ 2005 ᠣᠨ ᠳᠤ ᠤᠯᠤᠰ ᠤᠨ ᠲᠠᠷᠢᠶᠠᠯᠠᠩ ᠤᠨ ᠶᠠᠮᠤᠨ ᠠᠴᠠ ᠨᠡᠷᠡᠶᠢᠳᠦᠭᠰᠡᠨ ᠳᠠᠬᠢᠯᠲᠤ ᠶᠢᠨ ᠠᠮᠢᠲᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠪᠠ 2006 ᠤᠨ ᠳᠤ ᠪᠠᠶᠢᠭᠤᠯᠤᠭᠰᠠᠨ ᠪᠦᠬᠦ ᠬᠤᠰᠢᠭᠤᠨ ᠤ ᠮᠠᠯᠴᠢᠨ ᠲᠠᠷᠢᠶᠠᠴᠢᠨ ᠤ ᠪᠤᠯᠪᠠᠰᠤᠷᠠᠯ ᠤᠨ ᠦᠢᠯᠡᠴᠢᠯᠡᠭᠡᠨ ᠤ ᠲᠦᠪ ᠲᠠᠢ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ