ᠲᠦᠪᠡᠳ ᠭᠠᠴᠠᠭ᠎ᠠ ᠨᠢ ᠱᠠᠩᠬᠠᠢ ᠶᠢᠨ ᠰᠦᠮ᠎ᠡ ᠪᠠᠯᠭᠠᠰᠣᠨ ᠤ ᠵᠡᠬᠦᠨ ᠭᠡᠰᠡᠭ ᠲᠤ ᠪᠠᠶᠢᠷᠢᠯᠠᠵᠦ᠂ ᠣᠯᠵᠠᠴᠢ ᠠᠴᠠ ᠢᠷᠭᠠᠢ ᠬᠦᠷᠬᠦ ᠵᠠᠮ K32-K52 | ᠨᠢ ᠭᠠᠴᠠᠭᠠᠨ ᠤ ᠡᠮᠦᠨ᠎ᠡ ᠣᠮᠠᠷ᠎ᠠ ᠭᠤᠤᠯ ᠲᠡᠩᠬᠡᠯᠢᠭ ᠱᠣᠭᠤᠮ ᠢ ᠬᠦᠨᠳᠡᠯᠡᠨ ᠨᠡᠪᠲᠡᠯᠵᠦ᠂ ᠶᠡᠷᠦᠩᠬᠡᠢ ᠲᠠᠯᠠᠪᠠᠢ 67.1 ᠲᠦᠮᠡᠨ ᠮᠣ᠋᠂ ᠠᠮᠢ ᠠᠬᠤᠢ ᠶᠢᠨ | ᠠᠶᠠᠨᠳᠠᠭᠠᠨ ᠰᠡᠷᠭᠦᠬᠦ ᠣᠷᠣᠨ 10.5 ᠲᠦᠮᠡ ᠮᠣ᠋᠂ ᠣᠰᠣᠯᠠᠯᠲᠠ ᠶᠢᠨ ᠭᠠᠵᠠᠷ 4.5 ᠲᠦᠮᠡᠨ ᠮᠣ᠋᠃ ᠬᠠᠷᠢᠶᠠᠨ ᠳᠤ ᠨᠢ ᠲᠠᠪᠤᠨ ᠮᠠᠯᠵᠢᠯ ᠤᠨ ᠬᠤᠷᠰᠢᠶ᠎ᠠ᠂ | ᠬᠤᠶᠠᠷ ᠨᠡᠭᠦᠯᠭᠡᠨ ᠰᠢᠯᠵᠢᠭᠦᠯᠬᠦ ᠣᠷᠣᠨ ᠲᠠᠢ᠃ ᠨᠠᠶᠢᠲᠠ 407 ᠡᠷᠦᠬᠡ 1170 ᠬᠦᠮᠦᠨ ᠠᠮᠠ ᠲᠠᠢ᠂ ᠡᠭᠦᠨ ᠳᠤ ᠪᠠᠶᠢᠩᠭᠤ ᠰᠠᠭᠤᠷᠢᠰᠢᠬᠤ 342 ᠡᠷᠦᠬᠡ | 1055 ᠬᠦᠮᠦᠨ ᠠᠮᠠ᠃ ᠭᠠᠴᠠᠭᠠᠨ ᠤ ᠮᠠᠯ ᠤᠨ ᠶᠡᠷᠤᠩᠬᠡᠢ ᠲᠤᠭ᠎ᠠ ᠲᠤᠯᠠᠭᠠᠢ 3.83 ᠲᠦᠮᠡ᠂ ᠵᠢᠯ ᠤᠨ ᠬᠠᠮᠲᠤ ᠶᠢᠨ ᠠᠵᠤ ᠠᠬᠤᠢ ᠶᠢᠨ ᠲᠤᠭᠲᠠᠭᠤᠨ | ᠤᠷᠣᠯᠭ᠎ᠠ 2.4 ᠲᠦᠮᠡᠨ ᠲᠦᠭᠦᠷᠢᠭ᠂ ᠮᠠᠯᠴᠢᠨ ᠲᠠᠷᠢᠶᠠᠴᠢᠨ ᠤ ᠬᠦᠮᠦᠨ ᠳᠣᠮᠳᠠᠴᠢ ᠶᠢᠨ ᠴᠡᠪᠡᠷ ᠣᠷᠣᠯᠭ᠎ᠠ 14449 ᠲᠦᠭᠦᠷᠢᠭ ᠲᠤ ᠬᠦᠷᠦᠨ᠎ᠡ᠃ 2016 | ᠣᠨ ᠳᠤ ᠪᠦᠬᠦ ᠬᠤᠲᠠ ᠶᠢᠨ ︽ᠲᠠᠪᠤᠨ ᠰᠠᠶᠢᠲᠠᠢ ᠭᠤᠷᠪᠠᠨ ᠳᠡᠭᠡᠭᠰᠢᠯᠡᠯᠲᠡ︾ ᠭᠠᠴᠠᠭ᠎ᠠ ᠲᠤᠰᠬᠤᠨ᠂ ᠪᠦᠬᠦ ᠬᠤᠲᠠ ᠶᠢᠨ ᠰᠢᠯᠢᠳᠡᠭ ᠨᠠᠮ ᠤᠨ ᠵᠤᠬᠢᠶᠠᠨ | ᠪᠠᠶᠢᠭᠤᠯᠤᠯᠲᠠ᠂ ᠪᠦᠬᠦ ᠬᠤᠲᠠ ᠶᠢᠨ ᠭᠤᠣᠯᠳᠠᠯᠭᠠᠲᠣ ᠵᠢᠱᠢᠶ᠎ᠡ ᠦᠵᠡᠭᠦᠯᠬᠦ ᠲᠤᠰᠬᠤᠨ ᠢᠶᠠᠷ ᠦᠨᠡᠯᠡᠭᠳᠡᠪᠡ᠃ ᠬᠢᠯᠢ ᠲᠤᠲᠤᠷ᠎ᠠ ᠨᠢ ᠬᠠᠭᠠᠰ ᠡᠯᠡᠰᠦᠷᠭᠡᠭᠵᠢᠭᠰᠡᠨ | ᠨᠣᠲᠤᠭ ᠪᠡᠯᠴᠢᠭᠡᠷ ᠲᠤ ᠬᠠᠷᠢᠶᠠᠯᠠᠭᠳᠠᠵᠤ᠂ ᠣᠰᠣᠨ ᠤ ᠡᠬᠢ ᠪᠠᠶᠠᠯᠢᠭ ᠡᠯᠪᠡᠭ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠰᠠᠶᠢᠨ᠂ ᠲᠠᠷᠢᠶᠠᠯᠠᠩ | ᠮᠠᠯ ᠠᠵᠤ ᠠᠬᠤᠢ ᠶᠢᠨ ᠬᠦᠭᠵᠢᠯᠲᠡ ᠵᠢᠴᠢ ᠰᠣᠶᠣᠯ ᠵᠢᠭᠤᠯᠴᠢᠯᠠᠯ ᠤᠨ ᠦᠢᠯᠡᠰ ᠤᠨ ᠨᠡᠭᠡᠭᠡᠨ ᠭᠦᠭᠵᠢᠭᠦᠯᠦᠯᠲᠡ ᠳᠤ ᠲᠤᠬᠢᠷᠠᠨ᠎ᠠ᠃ |