ᠲᠠᠪᠤᠨᠲᠤᠯᠤᠭᠠᠢ ᠭᠠᠴᠠᠭ᠎ᠠ ᠤᠯᠵᠠᠴᠢ ᠪᠠᠯᠭᠠᠰᠤᠨ ᠠᠴᠠ ᠵᠡᠭᠦᠨᠰᠢ 30 ᠺᠢᠯᠤᠮᠧᠲᠷ ᠲᠤ ᠪᠠᠶᠢᠷᠢᠯᠠᠳᠠᠭ᠃ 1958 ᠤᠨ ᠳᠤ ᠲᠠᠪᠤᠨᠲᠤᠯᠤᠭᠠᠢ ᠦᠢᠯᠡᠳᠪᠦᠷᠢᠯᠡᠯ | ᠤᠨ ᠶᠡᠭᠡ ᠪᠠᠷᠢᠭᠠᠲᠠ ᠪᠠᠶᠢᠭᠤᠯᠤᠭᠳᠠᠨ᠂ ᠵᠢᠷᠠ ᠰᠤᠮᠤᠨ ᠳᠤ ᠬᠠᠷᠢᠶᠠᠯᠠᠭᠳᠠᠵᠤ ᠪᠠᠶᠢᠪᠠ᠃ 1984 ᠤᠨ ᠳᠤ ᠭᠠᠴᠠᠭ᠎ᠠ ᠪᠣᠯᠭᠠᠨ ᠦᠭᠡᠷᠡᠴᠢᠯᠡᠵᠦ᠂ 2000 ᠤᠨ | ᠳᠤ ᠰᠤᠮᠤ ᠰᠢᠶᠠᠩ ᠪᠠᠯᠭᠠᠰᠤ ᠶᠢᠨ ᠪᠠᠶᠢᠭᠤᠯᠤᠮᠵᠢ ᠶᠢᠨ ᠦᠭᠡᠷᠡᠴᠢᠯᠠᠯᠲᠠ ᠪᠠᠷ ᠤᠯᠵᠠᠴᠢ ᠪᠠᠯᠭᠠᠰᠤᠨ ᠳᠤ ᠬᠠᠷᠢᠶᠠᠯᠠᠭᠤᠯᠪᠠ᠃ 6 ᠮᠠᠯᠵᠢᠯ ᠤᠨ ᠬᠤᠷᠰᠢᠶ᠎ᠠ ᠲᠠᠢ᠂ | ᠭᠠᠵᠠᠷ ᠰᠢᠷᠤᠢ ᠶᠢᠨ ᠶᠡᠷᠦᠩᠬᠡᠢ ᠲᠯᠠᠪᠠᠢ 57 ᠲᠦᠮᠡᠨ ᠮᠤ᠋᠂ ᠡᠭᠦᠨ ᠳᠤ ᠡᠯᠡᠰᠦ ᠮᠠᠩᠬ᠎ᠠ 18 ᠲᠦᠮᠡᠨ ᠮᠤ᠋᠂ ᠬᠤᠵᠢᠷᠰᠠᠭ ᠭᠠᠵᠠᠷ 2 ᠲᠦᠮᠡᠨ ᠮᠤ᠋᠂ ᠠᠰᠢᠭᠯᠠᠵᠤ | ᠪᠣᠯᠬᠤ ᠭᠠᠵᠠᠷ ᠰᠢᠷᠤᠢ ᠶᠢᠨ ᠲᠠᠯᠠᠪᠠᠢ 38 ᠲᠦᠮᠡᠨ ᠮᠤ᠋᠂ ᠡᠯᠡᠰᠦ ᠮᠠᠩᠬ᠎ᠠ ᠪᠠᠯᠠᠷ ᠭᠠᠵᠠᠷ ᠢᠶᠠᠷ ᠭᠤᠣᠯᠠᠯᠳᠠᠭ᠃ | ᠣᠶᠢᠷ᠎ᠠ ᠶᠢᠨ ᠵᠢᠯ ᠳᠤ ᠲᠠᠪᠤᠨᠲᠤᠯᠤᠭᠠᠢ ᠭᠠᠴᠠᠭᠠᠨ ᠤ ᠨᠠᠮ ᠤᠨ ᠡᠭᠦᠷ ᠤᠶᠤᠨᠴᠢ ᠨᠠᠮ ᠤᠨ ᠪᠠᠶᠢᠭᠤᠯᠤᠯᠲᠠ ᠶᠢᠨ ᠵᠢᠯᠤᠭᠤᠳᠤᠯᠭ᠎ᠠ ᠶᠢᠨ ᠳᠣᠣᠷ᠎ᠠ ᠨᠠᠮ ᠤᠨ | ᠡᠭᠦᠷ ᠤᠨ ᠪᠠᠶᠢᠭᠤᠯᠤᠯᠲᠠ ᠪᠠᠨ ᠮᠠᠯᠴᠢᠨ ᠲᠠᠷᠢᠶᠠᠴᠢᠨ ᠤ ᠬᠡᠪ ᠴᠢᠨᠠᠷ ᠤᠨ ᠳᠡᠭᠡᠭᠰᠢᠯᠡᠬᠦᠯᠦᠯᠲᠡ᠂ ᠠᠵᠤ ᠦᠢᠯᠡᠰ ᠤᠨ ᠬᠦᠭᠵᠢᠭᠦᠯᠦᠯᠲᠡ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠵᠡᠷᠭᠡ ᠭᠤᠤᠯᠳᠠᠯᠭᠠᠲᠤ ᠠᠵᠢᠯ ᠲᠠᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠨᠡᠷᠡᠲᠦ ᠲᠡᠮᠲᠡᠭ ᠢᠶᠠᠨ ᠰᠢᠨᠡᠴᠢᠯᠡᠵᠦ᠂ | ᠦᠷᠭᠡᠨ ᠤᠯᠠᠨ ᠨᠠᠮ ᠤᠨ ᠭᠡᠰᠢᠭᠦᠨ ᠢᠶᠠᠨ ︽ ᠳᠦᠷᠪᠡ ᠶᠢ ᠡᠷᠬᠢᠮᠯᠡᠬᠦ ᠳᠦᠷᠪᠡ ᠲᠠᠢ ᠪᠠᠶᠢᠬᠤ︾ ᠪᠠᠷᠢᠮᠵᠢᠶ᠎ᠠ ᠶᠤᠰᠤᠭᠠᠷ ᠬᠢᠷᠢ ᠲᠡᠩᠴᠡᠭᠰᠠᠨ ᠨᠠᠮ ᠤᠨ ᠭᠡᠰᠢᠭᠦᠨ | ᠪᠣᠯᠭᠠᠬᠤ ᠪᠠᠷ ᠵᠢᠯᠤᠭᠤᠳᠤᠨ ᠳᠠᠶᠢᠴᠢᠯᠠᠵᠠᠢ᠃ ᠤᠯᠠᠨ ᠲᠦᠷᠦᠯ ᠤᠨ ᠠᠵᠤ ᠦᠢᠯᠡᠰ ᠤᠨ ᠬᠦᠭᠵᠢᠭᠦᠯᠦᠯᠲᠡ᠂ ᠤᠷᠴᠢᠨ ᠲᠤᠭᠤᠷᠢᠨ ᠤ ᠰᠠᠶᠢᠵᠢᠷᠠᠭᠤᠯᠤᠯᠲᠠ ᠪᠠ | ᠨᠤᠲᠤᠭ ᠤᠨ ᠪᠣᠯᠪᠠᠰᠤᠨ ᠰᠤᠷᠲᠠᠯ ᠤᠨ ᠴᠤᠭᠴᠠᠯᠠᠯᠲᠠ ᠪᠠᠷ ᠳᠠᠮᠵᠢᠭᠤᠯᠤᠨ᠂ ᠠᠮᠢ ᠠᠬᠤᠢ᠂ ᠦᠢᠯᠡᠳᠪᠦᠷᠢᠯᠡᠯ᠂ ᠠᠵᠤ ᠠᠮᠢᠳᠣᠷᠠᠯ᠂ ᠤᠷᠴᠢᠨ ᠲᠤᠭᠤᠷᠢᠨ ᠰᠠᠶᠢᠲᠠᠢ | ︽ᠳᠦᠷᠪᠡᠨ ᠰᠠᠶᠢᠲᠠᠢ︾ ᠭᠠᠴᠠᠭ᠎ᠠ ᠶᠢ ᠡᠷᠴᠢᠮᠲᠡᠢ ᠪᠠᠶᠢᠭᠤᠯᠪᠠ᠃ | |