︽ᠣᠲᠤᠭ ᠤᠨ ᠡᠮᠦᠨᠡᠲᠦ ᠬᠤᠰᠢᠭᠤᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ | ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ | ᠳᠠᠩᠰᠠᠯᠠᠬᠤ ᠠᠵᠢᠯ ᠤᠨ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠤᠨ ᠡᠮᠦᠨᠡᠲᠦ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ |
|
| ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠄ | ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠰᠣᠳᠣᠯᠣᠭᠠᠳ᠂ ᠡᠳᠦᠭᠡ ︽ᠣᠲᠤᠭ ᠤᠨ ᠡᠮᠦᠨᠡᠲᠦ ᠬᠤᠰᠢᠭᠤᠨ ᠤ ᠣᠢ ᠶᠢᠨ ᠭᠠᠵᠠᠷ᠂ ᠨᠤᠲᠤᠭ ᠪᠡᠯᠴᠢᠭᠡᠷ | ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ | ᠲᠦᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠣᠱᠯᠠᠭᠤᠯᠤᠨ ᠬᠡᠷᠡᠭᠵᠢᠬᠦᠯᠰᠦᠬᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 4 ᠰᠠᠷ᠎ᠠ ᠶᠢᠨ 3 ᠤ ᠡᠳᠦᠷ | | ᠣᠲᠤᠭ ᠤᠨ ᠡᠮᠦᠨᠡᠲᠦ ᠬᠤᠰᠢᠭᠤᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ | ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ | ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠲᠦᠰᠦᠯ | | ᠪᠦᠬᠦ ᠬᠤᠰᠢᠭᠤᠨ ᠤ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ | ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ ᠪᠠᠲᠤᠯᠠᠬᠤ | ᠶᠢᠨ ᠲᠤᠰᠠᠳᠠ᠂ ︽ᠢᠷᠭᠡᠨ ᠤ ᠬᠠᠤᠯᠢ ᠶᠢᠨ ᠪᠢᠴᠢᠭ︾᠂ ︽ᠪᠦᠬᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠢ ᠰᠢᠭᠤᠢ ᠶᠢᠨ ᠬᠠᠤᠯᠢ︾᠂ ︽ᠪᠦᠬᠦᠳᠡ | ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠨᠣᠲᠤᠭ ᠪᠡᠯᠴᠢᠭᠡᠷ ᠤᠨ ᠬᠠᠤᠯᠢ︾᠂ ︽ᠬᠦᠳᠡᠭᠡ ᠲᠤᠰᠬᠤᠨ ᠤ ᠭᠠᠵᠠᠷ ᠰᠢᠷᠤᠢ ᠵᠢᠨᠲ᠋ᠠᠭᠠᠭᠠᠴᠢᠯᠠᠯᠲᠠ ᠵᠢᠨᠬᠠᠤᠯᠢ︾᠂ | ︽ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠬᠦᠯᠬᠦ ᠳᠦᠷᠢᠮ︾᠂ ︽ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠷ | ᠬᠡᠷᠡᠭᠵᠢᠬᠦᠯᠬᠦ ᠳᠦᠷᠢᠮ ᠤᠨ ᠬᠡᠷᠡᠭᠵᠢᠬᠦᠯᠬᠦ ᠨᠠᠷᠢᠨ ᠳᠦᠷᠢᠮ︾ ᠵᠡᠷᠭᠡ ᠬᠠᠣᠯᠢ ᠴᠠᠭᠠᠵᠠ ᠳᠦᠷᠢᠮ ᠲᠤᠭᠲᠠᠭᠠᠯ ᠪᠠ ︽ᠦᠯᠦ ᠬᠦᠳᠡᠯᠬᠦ ᠬᠦᠷᠦᠩᠭᠡ ᠶᠢᠨ | ᠳᠠᠩᠰᠠᠯᠠᠯᠲᠠ ᠶᠢᠨ ᠬᠠᠷᠢᠭᠤᠴᠠᠯᠭ᠎ᠠ ᠶᠢᠨ ᠪᠢᠴᠢᠭ ᠮᠡᠲ᠋ᠧᠷᠢᠶᠡᠯ ᠢ ᠨᠢᠭᠡᠳᠬᠡᠬᠦ ᠲᠤᠬᠠᠢ ᠲᠦᠪ ᠬᠤᠷᠢᠶᠠᠨ ᠤ ᠪᠠᠶᠢᠭᠤᠯᠤᠮᠵᠢ ᠤᠷᠤᠨ ᠲᠤᠭᠠᠨ ᠤ ᠵᠦᠪᠯᠡᠯ ᠤᠨ ᠠᠯᠪᠠᠨ | ᠬᠡᠷ ᠤᠨ ᠮᠡᠳᠡᠭᠳᠡᠯ︾ ︵ᠲᠦᠪ ᠣᠷᠣᠨ ᠲᠤᠭ᠎ᠠ ᠠᠯᠪᠠᠨ ᠲᠠᠷᠬᠠᠭᠠᠬᠤ ﹇2019﹈ 218 ᠲᠤᠭᠠᠲᠤ︶᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ | ᠡᠬᠦᠷᠭᠡ ᠬᠠᠷᠢᠭᠤᠴᠠᠯᠭ᠎ᠠ ᠶᠢ ᠨᠢᠭᠡᠳᠬᠡᠬᠦ ᠲᠤᠬᠠᠢ ᠲᠦᠪ ᠬᠤᠷᠢᠶᠠᠨ ᠤ ᠪᠠᠶᠢᠭᠤᠯᠤᠮᠵᠢ ᠤᠷᠤᠨ ᠲᠤᠭᠠᠨ ᠤ ᠵᠦᠪᠯᠡᠯ ᠤᠨ ᠠᠯᠪᠠᠨ ᠬᠡᠷ ᠤᠨ ᠮᠡᠳᠡᠭᠳᠡᠯ︾ ︵ᠵᠠᠰᠠᠪᠤᠷᠢ | ᠤᠷᠤᠭᠤᠯᠤᠭᠰᠠᠨ ᠬᠡᠪᠯᠡᠯ︶᠂ ︽ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ ᠣᠢ ᠮᠣᠳᠣᠨ ᠤ ᠦᠮᠴᠢᠯᠡᠬᠦ ᠡᠷᠬᠡ ᠶᠢᠨ ᠳᠠᠩᠰᠠᠯᠠᠯᠲᠠ ᠶᠢᠨ | ᠮᠡᠲ᠋ᠧᠷᠢᠶᠡᠯ ᠰᠢᠯᠵᠢᠬᠦᠯᠦᠨ ᠲᠤᠰᠢᠶᠠᠭᠰᠠᠨ ᠲᠤᠭ᠎ᠠ ᠪᠠᠷᠢᠮᠲᠠ ᠶᠢ ᠨᠢᠭᠡᠳᠬᠡᠬᠦ ᠪᠠ ᠮᠡᠳᠡᠭᠡ ᠵᠠᠩᠭᠢ ᠶᠢ ᠬᠠᠮᠲᠤᠪᠡᠷ ᠡᠳ᠋ᠯᠡᠬᠦ ᠶᠢ ᠲᠦᠷᠭᠡᠳᠬᠡᠨ ᠠᠬᠢᠭᠤᠯᠬᠤ ᠲᠤᠬᠠᠢ | ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠬᠤ ﹇2023﹈ 2 ᠲᠤᠭᠠᠲᠤ︶᠂ ︽ᠦᠯᠦ ᠬᠦᠳᠡᠯᠬᠦ ᠬᠦᠷᠦᠩᠭᠡ ᠶᠢᠨ ᠨᠢᠭᠡᠳᠦᠯᠲᠡᠢ | ᠳᠠᠩᠰᠠᠯᠠᠯᠲᠠ ᠶᠢ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠬᠡᠷ᠎ᠡ ᠶᠢᠨ ᠬᠠᠮᠢᠶᠠᠷᠤᠯᠲᠠ ᠲᠠᠢ ᠠᠪᠴᠠᠯᠳᠣᠭᠤᠯᠬᠤ ᠠᠵᠢᠯ ᠤᠨ | ᠲᠦᠰᠦᠯ ᠤᠨ ᠲᠤᠬᠠᠢ ᠮᠡᠳᠡᠭᠳᠡᠯ︾ ︵ᠦᠪᠦᠷ ᠪᠠᠶᠢᠭᠠᠯᠢ ᠶᠢᠨ ᠡᠬᠢ ᠪᠠᠶᠠᠯᠢᠭ ᠦᠰᠦᠭᠲᠦ ﹇2020﹈ 490 ᠲᠤᠭᠠᠲᠤ︶ ᠵᠡᠷᠭᠡ ᠶᠢᠨ ᠵᠤᠷᠢᠭ ᠰᠠᠨᠠᠭ᠎ᠠ ᠶᠢ | ᠦᠨᠳᠦᠰᠦᠯᠡᠨ᠂ ᠮᠠᠨ ᠤ ᠬᠤᠰᠢᠭᠤᠨ ᠤ ᠪᠤᠲᠠᠲᠠᠢ ᠲᠠᠢ ᠪᠠᠨ ᠣᠶᠠᠯᠳᠣᠭᠤᠯᠵᠣ᠂ ᠲᠤᠰ ᠲᠦᠰᠦᠯ ᠢ ᠲᠤᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ᠂ ᠮᠠᠨ ᠤ ᠬᠤᠰᠢᠭᠤᠨ ᠤ ᠦᠯᠦ ᠬᠦᠳᠡᠯᠬᠦ ᠬᠦᠷᠦᠩᠭᠡ ᠶᠢᠨ | ᠨᠢᠭᠡᠳᠦᠯᠲᠡᠢ ᠳᠠᠩᠰᠠᠯᠠᠯᠲᠠ ᠶᠢᠨ ᠳᠦᠷᠢᠮ ᠢ ᠲᠠᠰᠣᠷᠠᠯᠲᠠ ᠦᠬᠡᠢ ᠲᠡᠬᠦᠯᠳᠡᠷᠵᠢᠬᠦᠯᠦᠨ᠎ᠡ᠃ ᠳᠦᠷᠢᠮ ᠲᠤᠭᠲᠠᠭᠠᠯ ᠢ ᠳᠡᠬᠦᠯᠳᠡᠷᠵᠢᠬᠦᠯᠬᠦ᠂ ᠡᠬᠦᠷᠭᠡ ᠬᠠᠷᠢᠭᠤᠴᠠᠯᠭ᠎ᠠ | ᠪᠠᠨ ᠨᠢᠭᠡᠳᠬᠡᠬᠦ᠂ ᠣᠯᠠᠨ ᠲᠦᠮᠡᠨ ᠳᠤ ᠳᠦᠬᠦᠮ ᠦᠵᠡᠬᠦᠯᠬᠦ᠂ ᠨᠢᠬᠡᠳᠦᠯᠲᠡᠢ ᠲᠦᠯᠦᠪᠵᠢᠬᠦᠯᠦᠨ ᠨᠡᠶᠢᠲᠡ ᠳᠤᠨᠢ ᠬᠠᠷᠠᠭᠠᠯᠵᠠᠬᠤ᠂ ᠲᠤᠭᠲᠠᠭᠤᠨ ᠢᠶᠠᠷ ᠬᠡᠷᠡᠭᠵᠢᠬᠦᠯᠬᠦ | ᠵᠠᠷᠴᠢᠮ ᠶᠤᠰᠤᠭᠠᠷ᠂ ᠳᠠᠩᠰᠠᠯᠠᠯᠲᠠ ᠶᠢᠨ ᠪᠠᠶᠢᠭᠤᠯᠤᠮᠵᠢ᠂ ᠳᠠᠩᠰᠠᠯᠠᠯᠲᠠ ᠶᠢᠨ ᠦᠨᠳᠦᠰᠦᠯᠡᠯ᠂ ᠳᠠᠩᠰᠠ ᠲᠡᠮᠲᠡᠭᠯᠡᠯ ᠪᠠ ᠮᠡᠳᠡᠭᠡ ᠵᠠᠩᠭᠢ ᠶᠢᠨ ᠳᠠᠪᠴᠠᠩ ︽ᠳᠦᠷᠪᠡ | ᠶᠢ ᠨᠢᠭᠡᠳᠬᠡᠬᠦ︾ ᠶᠢ ᠦᠨᠳᠦᠰᠦᠨ ᠳᠡᠭᠡᠨ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ | ᠲᠠᠷᠢᠶᠠᠯᠠᠬᠤ ᠤᠷᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢᠨ ᠨᠢᠬᠡᠳᠦᠯᠲᠡᠢ ᠳᠠᠩᠰᠠᠯᠠᠯᠲᠠ ᠳᠤ ᠳᠣᠬᠢᠷᠠᠬᠤ | ᠳᠦᠷᠢᠮᠵᠢᠬᠦᠨ ᠳᠦᠷᠢᠮ ᠲᠤᠭᠲᠠᠭᠠᠯᠲᠠ ᠶᠢ ᠢᠳᠡᠪᠬᠢᠲᠡᠢ ᠪᠠᠷ ᠰᠦᠪᠡᠭᠴᠢᠯᠡᠵᠦ᠂ ᠡᠷᠬᠡ ᠶᠢᠨ ᠵᠠᠭᠠᠭ ᠲᠤᠲᠤᠷᠬᠠᠢ᠂ ᠠᠵᠢᠯ ᠤᠨ ᠬᠤᠪᠢᠶᠠᠷᠢᠯᠠᠯ ᠵᠤᠬᠢᠰᠲᠠᠢ᠂ ᠡᠷᠬᠡ | ᠬᠠᠷᠢᠭᠤᠴᠠᠯᠭ᠎ᠠ ᠨᠢᠭᠡᠳᠦᠯᠲᠡᠢ᠂ ᠠᠵᠢᠯᠯᠠᠮᠵᠢ ᠦᠨᠳᠦᠷ ᠪᠦᠲᠦᠮᠵᠢᠲᠡᠢ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠰᠢᠰᠲ᠋ᠧᠮ ᠢ ᠦᠳᠲᠡᠷ | ᠪᠦᠷᠢᠯᠳᠦᠬᠦᠯᠦᠨ᠎ᠡ᠃ | ᠬᠤᠶᠠᠷ᠂ ᠦᠨᠳᠦᠰᠦᠨ ᠵᠠᠷᠴᠢᠮ | ᠬᠤᠪᠢᠷᠠᠭᠤᠯᠬᠤ ᠦᠬᠡᠢ ᠰᠣᠯᠢᠬᠤ ᠦᠬᠡᠢ ᠵᠠᠷᠴᠢᠮ ᠢ ᠪᠠᠷᠢᠮᠲᠠᠯᠠᠨ᠎ᠠ᠂ ᠣᠣᠯ ᠤᠨ ᠳᠠᠩᠰᠠᠯᠠᠯᠲᠠ ᠶᠢᠨ ᠦᠨᠡᠮᠯᠡᠯ ᠬᠦᠴᠦᠨ ᠲᠠᠢ᠂ ᠣᠣᠯ ᠳᠠᠩᠰᠠᠯᠠᠯᠲᠠ ᠶᠢᠨ | ᠪᠦᠲᠦᠮᠵᠢ ᠶᠢ ᠵᠦᠪᠰᠢᠶᠡᠷᠡᠨ᠂ ᠳᠠᠬᠢᠨ ᠳᠠᠩᠰᠠᠯᠠᠬᠤ ᠠᠵᠢᠯ ᠭᠠᠷᠭᠠᠬᠤ ᠦᠬᠡᠢ︔ ᠠᠰᠠᠭᠤᠳᠠᠯ ᠢᠶᠠᠷ ᠣᠳᠣᠷᠢᠳᠣᠮᠵᠢ ᠪᠤᠯᠭᠠᠬᠤ ᠶᠢ ᠪᠠᠷᠢᠮᠲᠠᠯᠠᠵᠤ᠂ ᠣᠢ ᠶᠢᠨ ᠭᠠᠵᠠᠷ᠂ | ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢ ᠳᠠᠩᠰᠠᠯᠠᠬᠤ ᠦᠢᠯᠡᠳᠦᠯᠬᠡ ᠳᠣᠮᠳᠠᠬᠢ ᠳᠣᠪᠣᠶᠢᠮ᠎ᠠ | ᠠᠰᠠᠭᠤᠳᠠᠯ ᠢ ᠪᠦᠬᠦ ᠲᠠᠯ᠎ᠠ᠂ ᠣᠯᠠᠨ ᠬᠠᠷᠠᠭᠠᠰᠣ ᠠᠴᠠ ᠰᠣᠳᠣᠯᠣᠨ ᠰᠢᠢᠳᠪᠦᠷᠢᠯᠡᠨ᠎ᠡ︔ ᠠᠷᠠᠳ ᠲᠤ ᠳᠦᠬᠦᠮ ᠦᠵᠡᠬᠦᠯᠬᠦ ᠠᠰᠢᠭᠲᠠᠢ ᠪᠠᠶᠢᠬᠤ ᠵᠠᠷᠴᠢᠮ ᠢ | ᠪᠠᠷᠢᠮᠲᠠᠯᠠᠨ᠂ ᠣᠯᠠᠨ ᠲᠦᠮᠡᠨ ᠤ ᠠᠰᠢᠭ ᠲᠤᠰᠠ ᠪᠠᠷ ᠭᠠᠷᠳᠠᠴᠠ ᠪᠠ ᠵᠤᠭᠰᠣᠴᠠ ᠪᠤᠯᠭᠠᠵᠤ᠂ ᠬᠠᠤᠯᠢ ᠶᠤᠰᠤᠨ ᠤ ᠡᠷᠬᠡ ᠠᠰᠢᠭ ᠢ ᠨᠢ ᠬᠠᠮᠠᠭᠠᠯᠠᠪᠠ︔ ᠬᠠᠣᠯᠢ | ᠳᠦᠷᠢᠮ ᠶᠤᠰᠤᠭᠠᠷ ᠶᠠᠪᠤᠭᠳᠠᠬᠤ ᠵᠠᠷᠴᠢᠮ ᠢ ᠪᠠᠷᠢᠮᠲᠠᠯᠠᠨ᠂ ᠬᠠᠣᠯᠢ ᠶᠤᠰᠤᠭᠠᠷ ᠵᠠᠰᠠᠭ ᠶᠠᠪᠤᠭᠤᠯᠬᠤ ᠣᠬᠠᠮᠰᠠᠷ ᠢ ᠪᠠᠲᠤ ᠱᠣᠭᠤᠵᠣ᠂ ᠬᠠᠤᠯᠢ ᠳᠦᠷᠢᠮ ᠶᠤᠰᠤᠭᠠᠷ | ᠶᠠᠪᠤᠭᠳᠠᠭᠤᠯᠬᠤ ᠶᠢ ᠳᠠᠩᠰᠠᠯᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠤᠨ᠂ ᠦᠯᠡᠳᠡᠭᠳᠡᠯ ᠠᠰᠠᠭᠤᠳᠠᠯ ᠢ ᠬᠠᠤᠯᠢ ᠶᠤᠰᠤᠭᠠᠷ ᠵᠦᠢ ᠳᠣᠬᠢᠲᠠᠢ | ᠰᠢᠢᠳᠪᠦᠷᠢᠯᠡᠨ᠎ᠡ᠃ | ᠭᠤᠷᠪᠠ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ | ᠲᠠᠷᠢᠶᠠᠯᠠᠩ ᠤᠨ ᠳᠣᠪᠴᠢᠶ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠡᠬᠦᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ | ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠤᠨ ᠵᠤᠷᠢᠭ ᠰᠠᠨᠠᠭ᠎ᠠ ᠶᠤᠰᠤᠭᠠᠷ᠂ ᠰᠢᠶᠠᠩ ᠪᠠᠯᠭᠠᠰᠣ᠂ ᠰᠠᠯᠠᠭ᠎ᠠ ᠮᠦᠴᠢᠷ ᠤᠨ ᠣᠢ ᠶᠢᠨ ᠭᠠᠵᠠᠷ᠂ ᠨᠤᠲᠤᠭ ᠪᠡᠯᠴᠢᠭᠡᠷ | ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠬᠡᠳᠦᠯᠲᠡᠢ ᠳᠠᠩᠰᠠᠯᠠᠬᠤ ᠠᠵᠢᠯ ᠤᠨ | ᠡᠬᠦᠷᠭᠡ ᠴᠢᠳᠠᠪᠬᠢ ᠶᠢ ᠣᠯᠠᠮ ᠲᠤᠲᠤᠷᠬᠠᠶᠢᠯᠠᠨ᠂ ᠲᠤᠬᠠᠶᠢᠯᠠᠭᠰᠠᠨ ᠠᠵᠢᠯ ᠤᠨ ᠠᠪᠴᠠᠯᠳᠣᠭᠤᠯᠣᠯ ᠢ ᠰᠠᠶᠢᠲᠤᠷ ᠬᠢᠵᠦ᠂ ᠡᠯ᠎ᠡ ᠪᠠᠯᠭᠠᠰᠣᠨ ᠤ ᠠᠷᠠᠳ ᠤᠨ ᠵᠠᠰᠠᠭ | ᠤᠨ ᠣᠷᠳᠣᠨ ᠠᠴᠠ ᠠᠩᠬᠠᠨ ᠤ ᠬᠢᠨᠠᠯᠲᠠ ᠶᠢ ᠬᠠᠷᠢᠭᠤᠴᠠᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠠᠴᠠ ᠳᠠᠬᠢᠨ ᠬᠢᠨᠠᠯᠲᠠ ᠶᠢᠨ ᠰᠠᠨᠠᠯ | ᠳᠣᠷᠠᠳᠴᠣ᠂ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠠᠴᠠ ᠦᠨᠡᠮᠯᠡᠯ ᠣᠯᠭᠤᠨ᠎ᠠ᠃ | ︵ᠨᠢᠬᠡ︶ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠤ ᠡᠬᠦᠷᠭᠡ ᠴᠢᠳᠠᠪᠬᠢ | 1. ᠦᠯᠦ ᠬᠦᠳᠡᠯᠬᠦ ᠬᠦᠷᠦᠩᠭᠡ ᠶᠢᠨ ᠨᠢᠭᠡᠳᠦᠯᠲᠡᠢ ᠳᠠᠩᠰᠠᠯᠠᠯᠲᠠ ᠶᠢ ᠬᠡᠷᠡᠭᠵᠢᠬᠦᠯᠬᠦ ᠠᠴᠠ ᠡᠮᠦᠨ᠎ᠡ ᠣᠯᠭᠤᠭᠰᠠᠨ ᠡᠯ᠎ᠡ ᠲᠦᠷᠦᠯ ᠤᠨ ᠦᠨᠡᠮᠯᠡᠯ ᠢ ᠰᠣᠯᠢᠬᠤ᠂ | ᠰᠢᠯᠵᠢᠬᠦᠯᠬᠦ ᠵᠢᠴᠢ ᠳᠠᠩᠰᠠᠯᠠᠯᠲᠠ ᠶᠢ ᠬᠤᠪᠢᠷᠠᠭᠤᠯᠬᠤ ᠶᠠᠪᠤᠴᠠ ᠳᠤ᠂ ᠬᠠᠮᠢᠶ᠎ᠠ ᠪᠦᠬᠦᠢ ᠡᠷᠭᠡᠲᠦ ᠬᠦᠮᠦᠨ ᠢ ᠵᠤᠬᠢᠶᠠᠨ ᠪᠠᠶᠢᠭᠤᠯᠤᠨ ᠵᠠᠬ᠎ᠠ ᠬᠢᠵᠠᠭᠠᠷ᠂ ᠲᠠᠯᠠᠪᠠᠢ ᠶᠢ | ᠬᠠᠷᠭᠤᠭᠤᠯᠤᠨ ᠲᠤᠭᠲᠠᠭᠠᠬᠤ ᠶᠢ ᠬᠠᠷᠢᠭᠤᠴᠠᠨ᠎ᠠ᠃ | 2. ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠳᠦᠷᠪᠡᠨ ᠵᠠᠬ᠎ᠠ | ᠶᠢᠨ ᠬᠦᠷᠢᠶ᠎ᠡ ᠬᠡᠪᠴᠢᠶᠡᠨ ᠳᠤ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ᠂ ᠬᠡᠬᠡᠷ᠎ᠡ ᠶᠢᠨ ᠠᠵᠢᠯ ᠤᠨ ᠬᠡᠮᠵᠢᠨ ᠵᠢᠷᠤᠭᠯᠠᠯᠲᠠ ︵ᠡᠷᠬᠡᠪᠰᠢ RTK ᠢᠶᠠᠷ ᠬᠡᠮᠵᠢᠨ᠎ᠡ︶ | ᠬᠢᠬᠦ ᠪᠠ ᠬᠦᠷᠰᠢ ᠵᠡᠷᠭᠡᠯᠡᠳᠡᠭᠡ ᠵᠠᠭᠠᠭ ᠵᠢᠭᠠᠭᠴᠢ ᠶᠢ ᠵᠤᠬᠢᠶᠠᠨ ᠪᠠᠶᠢᠭᠤᠯᠤᠨ ᠭᠠᠷ ᠤᠨ ᠦᠰᠦᠭ ᠵᠢᠷᠤᠭᠤᠯᠬᠤ ᠶᠢ ᠬᠠᠷᠢᠭᠤᠴᠠᠨ᠎ᠠ᠃ | 3. ᠭᠠᠴᠠᠭ᠎ᠠ ᠲᠤᠰᠬᠤᠨ ᠤ ᠵᠦᠪᠯᠡᠯ ᠢ ᠵᠢᠯᠤᠭᠤᠳᠣᠨ ᠬᠡᠰᠢᠬᠦᠳ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠣᠭᠤᠯᠵᠣ᠂ ᠰᠢᠢᠳᠪᠦᠷᠢ ᠲᠤᠭᠲᠠᠭᠠᠬᠤ ᠶᠢ | ᠬᠠᠷᠢᠭᠤᠴᠠᠨ᠎ᠠ᠃ | 4. ᠭᠠᠴᠠᠭ᠎ᠠ ᠲᠤᠰᠬᠤᠨ ᠤ ᠵᠦᠪᠯᠡᠯ ᠢ ᠵᠢᠯᠤᠭᠤᠳᠤᠨ ᠲᠤᠰ ᠬᠠᠷᠢᠶ᠎ᠠ ᠭᠠᠵᠠᠷ ᠤᠨ ᠬᠦᠷᠢᠶ᠎ᠡ ᠴᠠᠷᠠᠭᠠᠨ ᠳᠠᠬᠢ ᠣᠢ ᠶᠢᠨ ᠭᠠᠵᠠᠷ᠂ ᠨᠣᠲᠤᠭ ᠪᠡᠯᠴᠢᠭᠡᠷ ᠪᠠ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ ᠬᠡᠷ᠎ᠡ ᠪᠠᠶᠢᠭᠤᠯᠬᠤ ᠶᠢ ᠵᠤᠬᠢᠶᠠᠨ ᠪᠠᠶᠢᠭᠤᠯᠤᠨ ᠬᠠᠷᠢᠭᠤᠴᠠᠨ᠎ᠠ᠃ | 5. ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ ᠳᠠᠩᠰᠠᠯᠠᠯᠲᠠ᠂ | ᠬᠤᠪᠢᠷᠠᠭᠤᠯᠤᠯᠲᠠ᠂ ᠰᠢᠯᠵᠢᠬᠦᠯᠦᠯᠲᠡ᠂ ᠪᠠᠷᠢᠴᠠᠭᠠᠯᠠᠯᠲᠠ ᠳᠤ ᠡᠷᠬᠡ ᠶᠢᠨ ᠬᠠᠷᠢᠶᠠᠯᠠᠯ᠂ ᠵᠠᠬ᠎ᠠ ᠬᠢᠵᠠᠭᠠᠷ᠂. ᠲᠠᠯᠠᠪᠠᠢ ᠵᠢᠴᠢ ᠲᠦᠷᠦᠯ ᠢᠯᠭᠠᠯ ᠤᠨ ᠠᠩᠬᠠᠨ ᠤ | ᠬᠢᠨᠠᠯᠲᠠ ᠶᠢᠨ ᠰᠠᠨᠠᠯ ᠭᠠᠷᠭᠠᠬᠤ ᠶᠢ ᠬᠠᠷᠢᠭᠤᠴᠠᠨ᠎ᠠ᠃ | 6. ᠭᠠᠴᠠᠭ᠎ᠠ ᠲᠤᠰᠬᠤᠨ ᠤ ᠵᠦᠪᠯᠡᠯ ᠢ ᠵᠢᠯᠤᠭᠤᠳᠤᠨ ᠲᠤᠰ ᠭᠠᠴᠠᠭ᠎ᠠ ᠲᠤᠰᠬᠤᠨ ᠤ ᠬᠦᠷᠢᠶ᠎ᠡ ᠴᠠᠷᠠᠭᠠᠨ ᠳᠠᠬᠢ ᠣᠢ ᠶᠢᠨ ᠭᠠᠵᠠᠷ᠂ ᠨᠣᠲᠤᠭ ᠪᠡᠯᠴᠢᠭᠡᠷ ᠪᠠ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ ᠳᠠᠩᠰᠠᠯᠠᠯᠲᠠ ᠶᠢᠨ ᠵᠦᠢᠯᠡᠰ ᠢ ᠨᠡᠶᠢᠲᠡᠯᠡᠬᠦ ᠶᠢ ᠬᠠᠷᠢᠭᠤᠴᠠᠨ᠎ᠠ᠃ | 7. ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ︵ᠳᠠᠭᠠᠭᠠᠴᠢᠯᠠᠨ | ᠡᠵᠡᠩᠨᠡᠬᠦ ᠡᠷᠭᠡ ᠪᠠᠭᠲᠠᠨ᠎ᠠ︶ ᠶᠢᠨ ᠰᠢᠯᠵᠢᠬᠦᠯᠦᠯᠲᠡ ᠶᠢᠨ ᠳᠠᠩᠰᠠᠯᠠᠯᠲᠠ ᠶᠢᠨ ᠪᠤᠲᠠᠲᠠᠢ ᠠᠵᠢᠯ ᠢ ᠬᠠᠷᠢᠭᠤᠴᠠᠨ᠎ᠠ᠃ | 8. ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ | ᠤᠨ ᠳᠣᠪᠴᠢᠶ᠎ᠠ ᠲᠠᠢ ᠬᠠᠮᠲᠤᠷᠠᠨ ᠡᠷᠬᠡ ᠶᠢᠨ ᠬᠠᠷᠢᠶᠠᠯᠠᠯ ᠤᠨ ᠮᠠᠷᠭᠤᠭᠠᠨ ᠢ ᠬᠠᠤᠯᠢ ᠶᠤᠰᠤᠭᠠᠷ ᠡᠶᠡᠳᠡᠬᠦᠯᠦᠨ ᠰᠢᠢᠳᠪᠦᠷᠢᠯᠡᠬᠦ ᠶᠢ ᠬᠠᠷᠢᠭᠤᠴᠠᠵᠤ᠂ ᠣᠢ ᠶᠢᠨ | ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ ᠳᠠᠩᠰᠠᠯᠠᠯᠲᠠ ᠶᠢᠨ ᠲᠡᠣᠬᠡᠨ ᠦᠯᠡᠳᠡᠭᠳᠡᠯ | ᠠᠰᠠᠭᠤᠳᠠᠯ ᠵᠢᠴᠢ ᠬᠠᠮᠢᠶ᠎ᠠ ᠪᠦᠬᠦᠢ ᠠᠵᠢᠯ ᠢ ᠰᠢᠢᠳᠪᠦᠷᠢᠯᠡᠨ᠂ ᠡᠶᠡᠳᠡᠬᠦᠯᠦᠨ ᠰᠢᠢᠳᠪᠦᠷᠢᠯᠡᠬᠦ ᠳᠤ ᠬᠦᠴᠢᠷ ᠠᠰᠠᠭᠤᠳᠠᠯ ᠢ ᠴᠢᠭᠯᠡᠬᠦᠯᠦᠨ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠬᠠᠣᠯᠢ ᠶᠤᠰᠤᠭᠠᠷ ᠡᠶᠡᠳᠡᠬᠦᠯᠦᠨ ᠰᠢᠢᠳᠪᠦᠷᠢᠯᠡᠬᠦ ᠪᠤᠶᠤ ᠬᠠᠣᠯᠢ ᠴᠠᠭᠠᠵᠠ ᠶᠢᠨ ᠶᠠᠪᠤᠴᠠ ᠪᠠᠷ ᠰᠢᠢᠳᠪᠦᠷᠢᠯᠡᠬᠦ ᠶᠢ | ᠭᠤᠶᠤᠴᠢᠯᠠᠨ ᠮᠡᠳᠡᠬᠦᠯᠦᠨ᠎ᠡ᠃ | 9. ᠪᠤᠢ ᠪᠦᠬᠦᠢ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ | ᠮᠡᠲ᠋ᠧᠷᠢᠶᠡᠯ ᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ ᠪᠤᠶᠤ ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠪᠠᠷ ᠬᠢᠨᠠᠨ ᠬᠠᠷᠭᠤᠭᠤᠯᠬᠤ ᠶᠢ | ᠬᠠᠷᠢᠭᠤᠴᠠᠵᠤ᠂ ᠡᠯ᠎ᠡ ᠲᠦᠷᠦᠯ ᠤᠨ ᠬᠡᠷ᠎ᠡ ᠶᠢᠨ ᠡᠷᠬᠡ ᠶᠢᠨ ᠭᠤᠤᠯ ᠴᠤᠭᠴᠠ ᠲᠤᠲᠤᠷᠬᠠᠢ ᠪᠠᠶᠢᠬᠤ ᠶᠢ ᠪᠠᠲᠤᠯᠠᠨ᠎ᠠ᠃ | ︵ᠬᠤᠶᠠᠷ︶ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠡᠬᠦᠷᠭᠡ ᠴᠢᠳᠠᠪᠬᠢ | 1. ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠤᠢ ᠶᠢᠨ ᠭᠠᠵᠠᠷ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠯᠲᠡ ᠵᠢᠴᠢ ᠬᠤᠯᠪᠤᠭᠳᠠᠯ | ᠪᠦᠬᠦᠢ ᠬᠡᠷ᠎ᠡ ᠶᠢᠨ ᠬᠠᠮᠢᠶᠠᠷᠤᠯᠲᠠ ᠶᠢᠨ ᠵᠢᠯᠤᠭᠤᠳᠤᠯᠭ᠎ᠠ ᠶᠢ ᠬᠠᠷᠢᠭᠤᠴᠠᠵᠤ᠂ ᠣᠢ ᠮᠣᠳᠣᠨ ᠤ ᠡᠷᠬᠡ᠂ ᠨᠣᠲᠤᠭ ᠪᠡᠯᠴᠢᠭᠡᠷ ᠢ ᠰᠢᠯᠵᠢᠬᠦᠯᠦᠨ ᠠᠷᠠᠯᠵᠢᠶᠠᠯᠠᠬᠤ | ᠠᠵᠢᠯ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ | 2. ᠠᠩᠬ᠎ᠠ ᠲᠤᠭᠲᠠᠭᠠᠭᠰᠠᠨ ᠣᠢ ᠮᠣᠳᠣᠨ ᠤ ᠡᠷᠬᠡ᠂ ᠨᠤᠲᠤᠭ ᠪᠡᠯᠴᠢᠭᠡᠷ ᠤᠨ ᠳᠠᠩᠰᠠᠯᠠᠯᠲᠠ ᠳᠤ ᠬᠢᠨᠠᠨ ᠲᠤᠭᠲᠠᠭᠠᠬᠤ ᠰᠠᠨᠠᠯ ᠭᠠᠷᠭᠠᠬᠤ ︵ᠣᠢ ᠶᠢᠨ | ᠲᠦᠷᠦᠯ᠂ ᠮᠣᠳᠣᠨ ᠤ ᠲᠦᠷᠦᠯ᠂ ᠨᠣᠲᠤᠭ ᠪᠡᠯᠴᠢᠭᠡᠷ ᠤᠨ ᠲᠦᠷᠦᠯ᠂ ᠲᠡᠯᠡᠪᠡᠢ ᠵᠡᠷᠭᠡ︶ ᠶᠢ ᠬᠠᠷᠢᠭᠤᠴᠠᠨ᠎ᠠ᠃ | 3. ᠣᠢ ᠮᠣᠳᠣᠨ ᠤ ᠡᠷᠬᠡ᠂ ᠨᠤᠲᠤᠭ ᠪᠡᠯᠴᠢᠭᠡᠷ ᠤᠨ ᠡᠷᠭᠡᠲᠦ ᠭᠠᠵᠠᠷ ᠢ ᠰᠢᠯᠵᠢᠬᠦᠯᠬᠦ ᠪᠠ ᠪᠠᠷᠢᠴᠠᠭᠠᠯᠠᠬᠤ ᠳᠤ ᠬᠠᠷᠭᠤᠭᠤᠯᠵᠤ ᠳᠠᠩᠰᠠᠯᠠᠭᠤᠯᠬᠤ ᠰᠠᠨᠠᠯ | ᠭᠠᠷᠭᠠᠬᠤ ᠶᠢ ᠬᠠᠷᠢᠭᠤᠴᠠᠨ᠎ᠠ᠃ | 4. ᠣᠢ ᠮᠣᠳᠣᠨ ᠤ ᠡᠷᠭᠡ᠂ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠲᠤᠭᠲᠠᠭᠠᠯᠲᠠ ᠶᠢᠨ ᠳᠠᠬᠢᠨ ᠬᠢᠨᠠᠬᠤ ᠠᠵᠢᠯ ᠢ ᠬᠠᠷᠢᠭᠤᠴᠠᠵᠤ᠂ ᠳᠠᠩᠰᠠᠯᠠᠯᠲᠠ | ᠶᠢᠨ ᠡᠷᠬᠡ ᠶᠢᠨ ᠬᠠᠷᠢᠶᠠᠯᠠᠯ᠂ ᠵᠠᠬ᠎ᠠ ᠬᠢᠵᠠᠭᠠᠷ᠂ ᠲᠠᠯᠠᠪᠠᠢ ᠵᠢᠴᠢ ᠲᠦᠷᠦᠯ ᠢᠯᠭᠠᠯ ᠢ ᠳᠠᠬᠢᠨ ᠬᠢᠨᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ ᠭᠠᠷᠭᠠᠨ᠎ᠠ᠃ | 5. ᠣᠢ ᠶᠢᠨ ᠭᠠᠵᠠᠷ᠂ ᠨᠣᠲᠤᠭ ᠪᠡᠯᠴᠢᠭᠡᠷ ᠢ ᠲᠠᠲᠠᠪᠣᠷᠢᠯᠠᠨ ᠬᠡᠷᠡᠭᠯᠡᠬᠦ ᠣᠴᠢᠷ ᠶᠠᠪᠤᠳᠠᠯ ᠢ ᠬᠦᠯᠢᠶᠡᠨ ᠠᠪᠴᠣ ᠰᠢᠯᠵᠢᠬᠦᠯᠦᠨ ᠮᠡᠳᠡᠬᠦᠯᠬᠦ ᠵᠡᠷᠭᠡ ᠠᠵᠢᠯ ᠢ | ᠬᠠᠷᠢᠭᠤᠴᠠᠨ᠎ᠠ᠃ | 6. ᠬᠡᠷ᠎ᠡ ᠶᠢᠨ ᠵᠢᠭᠤᠷᠠᠭᠠᠨ ᠵᠢᠴᠢ ᠡᠷᠬᠡ ᠶᠢᠨ ᠬᠠᠷᠢᠶᠠᠯᠠᠯ ᠤᠨ ᠵᠢᠭᠤᠷᠠᠭᠠᠨ ᠢ ᠬᠠᠪᠰᠣᠷᠣᠨ ᠡᠶᠡᠳᠡᠬᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ | 7. ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠲᠠᠢ ᠬᠠᠮᠵᠢᠯᠴᠠᠨ ᠣᠢ ᠶᠢᠨ ᠭᠠᠵᠠᠷ᠂ ᠨᠣᠲᠤᠭ ᠪᠡᠯᠴᠢᠭᠡᠷ ᠤᠨ ᠡᠷᠬᠡ ᠶᠢ ᠳᠠᠩᠰᠠᠯᠠᠵᠤ | ᠦᠨᠡᠮᠯᠡᠯ ᠣᠯᠭᠤᠬᠤ ᠠᠵᠢᠯ ᠢ ᠦᠷᠨᠢᠬᠦᠯᠵᠦ᠂ ᠣᠢ ᠶᠢᠨ ᠭᠠᠵᠠᠷ᠂ ᠨᠣᠲᠤᠭ ᠪᠡᠯᠴᠢᠭᠡᠷ ᠤᠨ ᠳᠠᠩᠰᠠᠯᠠᠯᠲᠠ ᠶᠢᠨ ᠠᠵᠢᠯ ᠢ ᠵᠢᠯᠤᠭᠤᠳᠤᠨ᠎ᠠ᠃ | ︵ᠭᠤᠷᠪᠠ︶ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠡᠬᠦᠷᠭᠡ ᠴᠢᠳᠠᠪᠬᠢ | 1. ᠬᠦᠳᠡᠭᠡ ᠲᠤᠰᠬᠤᠨ ᠤ ᠭᠠᠵᠠᠷ ᠰᠢᠷᠤᠢ ︵ᠲᠠᠷᠢᠶᠠᠨ ᠭᠠᠵᠠᠷ᠂ ᠣᠰᠣᠨ ᠤ ᠴᠠᠷᠠᠭ᠎ᠠ᠂ ᠭᠤᠤᠯ ᠤᠨ ᠰᠠᠶᠢᠷᠭᠠᠯ ᠪᠠᠭᠲᠠᠨ᠎ᠠ︶ ᠶᠢᠨ ᠳᠠᠭᠠᠭᠠᠴᠢᠯᠠᠨ | ᠡᠵᠡᠩᠨᠡᠯᠲᠡ ᠵᠢᠴᠢ ᠬᠤᠯᠪᠤᠭᠳᠠᠯ ᠪᠦᠬᠦᠢ ᠬᠡᠷ᠎ᠡ ᠶᠢᠨ ᠬᠠᠮᠢᠶᠠᠷᠤᠯᠲᠠ ᠶᠢᠨ ᠵᠢᠯᠤᠭᠤᠳᠤᠯᠭ᠎ᠠ ᠶᠢ ᠬᠠᠷᠢᠭᠤᠴᠠᠨ᠎ᠠ᠃ | 2. ᠬᠦᠳᠡᠭᠡ ᠲᠤᠰᠬᠤᠨ ᠤ ᠭᠠᠵᠠᠷ ᠰᠢᠷᠤᠢ ︵ᠲᠠᠷᠢᠶᠠᠨ ᠭᠠᠵᠠᠷ᠂ ᠣᠰᠣᠨ ᠤ ᠴᠠᠷᠠᠭ᠎ᠠ᠂ ᠭᠤᠤᠯ ᠤᠨ ᠰᠠᠶᠢᠷᠭᠠᠯ ᠪᠠᠭᠲᠠᠨ᠎ᠠ︶ ᠶᠢᠨ ᠲᠠᠪᠳᠠᠨ ᠬᠢᠨᠠᠬᠤ ᠠᠵᠢᠯ | ᠢ ᠬᠠᠷᠢᠭᠤᠴᠠᠵᠤ᠂ ᠳᠠᠩᠰᠠᠯᠠᠭᠤᠯᠬᠤ ᠡᠷᠬᠡ ᠶᠢᠨ ᠬᠠᠷᠢᠶᠠᠯᠠᠯ᠂ ᠵᠠᠬ᠎ᠠ ᠬᠢᠵᠠᠭᠠᠷ᠂ ᠲᠠᠯᠠᠪᠠᠢ ᠵᠢᠴᠢ ᠲᠦᠷᠦᠯ ᠢᠯᠭᠠᠯ ᠢ ᠳᠠᠪᠳᠠᠨ ᠬᠢᠨᠠᠬᠤ ᠶᠢᠨ ᠬᠠᠮᠲᠤ ᠬᠢᠨᠠᠨ | ᠬᠠᠷᠭᠤᠭᠤᠯᠤᠭᠰᠠᠨ ᠪᠤᠲᠠᠲᠠᠢ ᠰᠠᠨᠠᠯ ᠭᠠᠷᠭᠠᠨ᠎ᠠ᠃ | 3. ᠬᠦᠳᠡᠭᠡ ᠲᠤᠰᠬᠤᠨ ᠤ ᠭᠠᠵᠠᠷ ᠰᠢᠷᠤᠢ ︵ᠲᠠᠷᠢᠶᠠᠨ ᠭᠠᠵᠠᠷ᠂ ᠣᠰᠣᠨ ᠤ ᠴᠠᠷᠠᠭ᠎ᠠ᠂ ᠭᠤᠤᠯ ᠤᠨ ᠰᠠᠶᠢᠷᠭᠠᠯ ᠪᠠᠭᠲᠠᠨ᠎ᠠ︶ ᠶᠢᠨ ᠰᠢᠯᠵᠢᠬᠦᠯᠦᠯᠲᠡ ᠶᠢᠨ | ᠳᠦᠷᠢᠮᠵᠢᠯ ᠢ ᠬᠠᠷᠢᠭᠤᠴᠠᠵᠤ᠂ ᠬᠡᠷ᠎ᠡ ᠶᠢᠨ ᠵᠢᠭᠤᠷᠠᠭᠠᠨ ᠢ ᠡᠶᠡᠳᠡᠬᠦᠯᠵᠦ ᠰᠢᠢᠳᠪᠦᠷᠢᠯᠡᠨ᠂ ᠡᠷᠬᠡ ᠶᠢᠨ ᠬᠠᠷᠢᠶᠠᠯᠠᠯ ᠤᠨ ᠵᠢᠭᠤᠷᠠᠭᠠᠨ ᠢ ᠬᠠᠮᠵᠢᠯᠴᠠᠨ ᠡᠶᠡᠳᠡᠬᠦᠯᠦᠨ | ᠰᠢᠢᠳᠪᠦᠷᠢᠯᠡᠨ᠎ᠠ᠃ | 4. ᠬᠦᠳᠡᠭᠡ ᠲᠤᠰᠬᠤᠨ ᠤ ᠭᠠᠵᠠᠷ ᠰᠢᠷᠤᠢ ︵ᠲᠠᠷᠢᠶᠠᠨ ᠭᠠᠵᠠᠷ᠂ ᠣᠰᠣᠨ ᠤ ᠴᠠᠷᠠᠭ᠎ᠠ᠂ ᠭᠤᠤᠯ ᠤᠨ ᠰᠠᠶᠢᠷᠭᠠᠯ ᠪᠠᠭᠲᠠᠨ᠎ᠠ︶ ᠶᠢᠨ ᠡᠷᠬᠡ ᠶᠢ ᠨᠤᠲᠠᠯᠠᠨ | ᠲᠤᠭᠲᠠᠭᠠᠭᠰᠠᠨ ᠲᠤᠭ᠎ᠠ ᠪᠠᠷᠢᠮᠲᠠ ᠶᠢᠨ ᠬᠦᠮᠦᠷᠭᠡ ᠳᠠᠬᠢ ᠳᠠᠭᠠᠭᠠᠴᠢᠯᠠᠯᠲᠠ ᠶᠢᠨ ᠠᠭᠤᠯᠭ᠎ᠠ ᠲᠠᠢ ᠨᠢᠭᠡᠳᠦᠯ ᠦᠬᠡᠢ ᠵᠡᠷᠭᠡ ᠠᠰᠠᠭᠤᠳᠠᠯ ᠢ ᠮᠦᠷᠳᠡᠨ ᠪᠠᠶᠢᠴᠠᠭᠠᠵᠤ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠪᠤᠯᠤᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ ᠲᠡᠮᠲᠡᠭᠯᠡᠭᠰᠡᠨ ᠭᠠᠵᠠᠷ ᠤᠨ | ᠮᠠᠷᠭᠤᠯᠳᠤᠭᠠᠨ ᠤ ᠬᠡᠪᠴᠢᠶᠡᠨ ᠳᠠᠬᠢ ᠬᠠᠮᠲᠤᠪᠡᠷ ᠵᠦᠪᠳᠡᠯᠴᠡᠬᠦ ᠲᠤᠭᠲᠠᠴᠠ ᠶᠢ ᠪᠠᠶᠢᠭᠤᠯᠤᠨ᠎ᠠ᠃ | 5. ᠦᠯᠦ ᠬᠦᠳᠡᠯᠬᠦ ᠬᠦᠷᠦᠩᠭᠡ ᠶᠢᠨ ᠨᠢᠭᠡᠳᠦᠯᠲᠡᠢ ᠳᠠᠩᠰᠠᠯᠠᠯᠲᠠ ᠬᠠᠮᠢᠶᠠᠷᠤᠯᠲᠠ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠲᠤᠪᠡᠷ ᠡᠳ᠋ᠯᠡᠬᠦ | ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠨ᠎ᠠ᠃ | 6. ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠲᠠᠢ ᠬᠠᠮᠵᠢᠯᠴᠠᠨ ᠬᠦᠳᠡᠭᠡ ᠲᠤᠰᠬᠤᠨ ᠤ ᠭᠠᠵᠠᠷ ᠰᠢᠷᠤᠢ ︵ᠲᠠᠷᠢᠶᠠᠨ ᠭᠠᠵᠠᠷ᠂ ᠣᠰᠣᠨ ᠤ | ᠴᠠᠷᠠᠭ᠎ᠠ᠂ ᠭᠤᠤᠯ ᠤᠨ ᠰᠠᠶᠢᠷᠭᠠᠯ ᠪᠠᠭᠲᠠᠨ᠎ᠠ︶ ᠶᠢ ᠳᠠᠩᠰᠠᠯᠠᠨ ᠦᠨᠡᠮᠯᠡᠯ ᠣᠯᠭᠤᠬᠤ ᠠᠵᠢᠯ ᠢ ᠦᠷᠨᠢᠬᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ | ᠳᠠᠩᠰᠠᠯᠠᠯᠲᠠ ᠶᠢᠨ ᠠᠵᠢᠯ ᠢ ᠵᠢᠯᠤᠭᠤᠳᠤᠨ᠎ᠠ᠃ | ︵ᠳᠦᠷᠪᠡ︶ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠡᠬᠦᠷᠭᠡ ᠴᠢᠳᠠᠪᠬᠢ | 1. ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ | ᠬᠦᠷᠦᠩᠭᠡ ᠶᠢᠨ ᠳᠠᠩᠰᠠᠯᠠᠯᠲᠠ ᠶᠢᠨ ᠮᠡᠲ᠋ᠧᠷᠢᠶᠡᠯ ᠢ ᠴᠤᠭᠯᠠᠭᠤᠯᠬᠤ᠂ ᠬᠢᠨᠠᠨ ᠰᠢᠯᠭᠠᠬᠤ᠂ ᠡᠮᠬᠢᠳᠬᠡᠬᠦ᠂ ᠬᠠᠮᠲᠤᠪᠡᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠬᠤ᠂ | ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ᠃ | 2. ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ | ᠬᠦᠷᠦᠩᠭᠡ ᠶᠢᠨ ᠳᠠᠩᠰᠠᠯᠠᠯᠲᠠ ︵ᠬᠦᠯᠢᠶᠡᠨ ᠠᠪᠬᠤ᠂ ᠬᠢᠨᠠᠨ ᠬᠠᠷᠭᠤᠭᠤᠯᠬᠤ᠂ ᠳᠠᠩᠰᠠᠯᠠᠬᠤ︶ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ | 3. ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠬᠡᠷ᠎ᠡ ᠪᠠ ᠡᠷᠬᠡ | ᠶᠢᠨ ᠬᠠᠷᠢᠶᠠᠯᠠᠯ ᠤᠨ ᠵᠢᠭᠤᠷᠠᠭᠠᠨ ᠢ ᠡᠶᠡᠳᠡᠬᠦᠯᠦᠨ ᠰᠢᠢᠳᠪᠦᠷᠢᠯᠡᠬᠦ ᠳᠤ ᠣᠷᠣᠯᠴᠠᠨ᠎ᠠ᠃ | 4. ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠬᠢ ᠶᠢᠨ ᠬᠠᠮᠢᠶᠠᠷᠤᠯᠲᠠ ᠶᠢᠨ ᠳᠠᠪᠴᠠᠩ ᠢ ᠪᠠᠶᠢᠭᠤᠯᠤᠨ ᠳᠡᠬᠦᠯᠳᠡᠷᠵᠢᠬᠦᠯᠬᠦ ᠶᠢ | ᠬᠠᠷᠢᠭᠤᠴᠠᠨ᠎ᠠ᠃ | 5. ᠣᠯᠣᠰ ᠠᠴᠠ ᠲᠤᠭᠲᠠᠭᠠᠭᠰᠠᠨ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ | ᠡᠷᠬᠡ ᠶᠢᠨ ᠲᠦᠷᠦᠯ ᠤᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠨᠣᠲᠠᠯᠠᠨ ᠲᠤᠭᠲᠠᠭᠠᠵᠤ ᠳᠠᠩᠰᠠᠯᠠᠬᠤ ᠬᠠᠮᠢᠶ᠎ᠠ ᠪᠦᠬᠦᠢ ᠳᠦᠷᠢᠮ᠂ ᠪᠠᠷᠢᠮᠵᠢᠶ᠎ᠠ᠂ ᠳᠦᠷᠢᠮᠵᠢᠯ | ᠢ ᠵᠤᠬᠢᠶᠠᠨ ᠪᠠᠶᠢᠭᠤᠯᠤᠨ ᠨᠠᠶᠢᠲᠠᠪᠤᠷᠢᠵᠢᠭᠤᠯᠬᠤ ᠶᠢ ᠬᠠᠷᠢᠭᠤᠴᠠᠨ᠎ᠠ᠃ | ᠳᠦᠷᠪᠡ᠂ ᠲᠤᠭ᠎ᠠ ᠪᠠᠷᠢᠮᠲᠠ ᠶᠢ ᠰᠢᠯᠵᠢᠬᠦᠯᠦᠨ ᠲᠤᠰᠢᠶᠠᠬᠤ ᠵᠢᠴᠢ ᠬᠠᠮᠲᠤᠪᠡᠷ ᠡᠳ᠋ᠯᠡᠬᠦ | ︵ᠨᠢᠬᠡ︶ ᠪᠦᠯᠦᠭ ᠳᠠᠷᠠᠭᠠᠯᠠᠨ ᠪᠠᠶᠢᠴᠠᠭᠠᠨ ᠡᠮᠬᠢᠳᠬᠡᠨ᠎ᠡ᠃ ᠬᠤᠰᠢᠭᠤ ᠣᠢ ᠰᠢᠭᠤᠢ ᠨᠤᠲᠤᠭ ᠪᠡᠯᠴᠢᠬᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ | ᠳᠣᠪᠴᠢᠶᠠᠨ ᠠᠴᠠ ᠭᠠᠴᠠᠭ᠎ᠠ ᠲᠤᠰᠬᠤᠨ ᠂ ᠡᠷᠦᠬᠡ ᠪᠤᠶᠤ ᠣᠢ ᠰᠢᠭᠤᠢ ᠶᠢᠨ ᠲᠠᠯᠠᠪᠠᠢ ᠪᠠᠷ ᠨᠢᠭᠡᠴᠢ ᠪᠤᠯᠭᠠᠵᠤ᠂ ᠣᠢ ᠮᠣᠳᠣᠨ ᠤ ᠡᠷᠬᠡ ᠶᠢᠨ ᠳᠠᠩᠰᠠᠯᠠᠯᠲᠠ ᠶᠢᠨ | ᠣᠣᠯ ᠮᠡᠲ᠋ᠧᠷᠢᠶᠡᠯ ᠢ ᠪᠦᠯᠦᠭ ᠳᠠᠷᠠᠭᠠᠯᠠᠵᠤ ᠪᠠᠶᠢᠴᠠᠭᠠᠨ᠂ ᠲᠦᠷᠦᠯ ᠬᠤᠪᠢᠶᠠᠨ ᠡᠮᠬᠢᠯᠡᠵᠦ᠂ ᠪᠢᠴᠢᠮᠡᠯ ᠪᠠ ᠡᠯᠧᠺᠲᠷᠤᠨ ᠲᠤᠭ᠎ᠠ ᠪᠠᠷᠢᠮᠲᠠ ᠶᠢ ᠠᠪᠴᠠᠯᠳᠣᠭᠤᠯᠣᠨ᠂ | ᠨᠢᠬᠡ ᠪᠦᠯᠦᠭ ᠢ ᠡᠮᠬᠢᠳᠬᠡᠪᠡᠯ᠂ ᠨᠢᠭᠡ ᠪᠦᠯᠦᠭ ᠢ ᠰᠢᠯᠵᠢᠬᠦᠯᠦᠨ ᠲᠤᠰᠢᠶᠠᠬᠤ ᠶᠢ ᠪᠡᠶᠡᠯᠡᠬᠦᠯᠦᠨ᠎ᠡ᠃ ᠲᠤᠭ᠎ᠠ ᠪᠠᠷᠢᠮᠲᠠ ᠡᠮᠬᠢᠯᠡᠬᠦ ᠶᠠᠪᠤᠴᠠ ᠳᠤ᠂ ᠮᠡᠲ᠋ᠧᠷᠢᠶᠡᠯ | ᠲᠤᠲᠠᠭᠰᠠᠨ᠂ ᠪᠤᠷᠤᠭᠤ ᠳᠠᠩᠰᠠᠯᠠᠭᠰᠠᠨ᠂ ᠨᠢᠭᠡ ᠭᠠᠵᠠᠷ ᠲᠤ ᠣᠯᠠᠨ ᠦᠨᠡᠮᠯᠡᠯ ᠲᠠᠢ᠂ ᠨᠢᠭᠡᠨᠲᠡ ᠳᠠᠩᠰᠠᠯᠠᠭᠤᠯᠤᠭᠠᠳ ᠦᠨᠡᠮᠯᠡᠯ ᠣᠯᠭᠤᠭᠰᠠᠨ ᠦᠬᠡᠢ᠂ | ᠳᠠᠩᠰᠠᠯᠠᠭᠤᠯᠤᠭᠰᠠᠨ ᠪᠤᠯᠪᠠᠴᠣ ᠡᠷᠬᠡ ᠪᠠᠨ ᠠᠯᠳᠠᠭᠰᠠᠨ᠂ ᠪᠢᠴᠢᠮᠡᠯ ᠮᠡᠲ᠋ᠧᠷᠢᠶᠡᠯ ᠪᠠ ᠡᠯᠧᠺᠲᠷᠤᠨ ᠲᠤᠭ᠎ᠠ ᠪᠠᠷᠢᠮᠲᠠ ᠨᠢ ᠨᠢᠬᠡᠳᠦᠯ ᠦᠬᠡᠢ ᠵᠡᠷᠭᠡ ᠠᠰᠠᠭᠤᠳᠠᠯ | ᠣᠷᠣᠰᠢᠵᠦ ᠪᠠᠶᠢᠪᠠᠯ᠂ ᠬᠤᠰᠢᠭᠤ ᠣᠢ ᠰᠢᠭᠤᠢ ᠨᠤᠲᠤᠭ ᠪᠡᠯᠴᠢᠬᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠠᠰᠠᠭᠤᠳᠠᠯ ᠤᠨ ᠨᠠᠷᠢᠨ | ᠳᠠᠩᠰᠠ ᠶᠢ ᠲᠦᠷᠦᠯ ᠬᠤᠪᠢᠶᠠᠵᠤ ᠡᠮᠬᠢᠯᠡᠨ᠂ ᠰᠢᠢᠳᠪᠦᠷᠢᠯᠡᠵᠦ ᠳᠠᠶᠢᠯᠬᠦ ᠶᠢ ᠨᠢ ᠰᠢᠢᠳᠪᠦᠷᠢᠯᠡᠬᠦ ᠶᠢᠨ ᠬᠠᠮᠲᠤ ᠮᠡᠲ᠋ᠧᠷᠢᠶᠡᠯ ᠢ ᠰᠢᠯᠵᠢᠬᠦᠯᠦᠨ ᠲᠤᠰᠢᠶᠠᠬᠤ ᠦᠶᠡᠰ | ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠳᠤ ᠲᠤᠰᠢᠶᠠᠵᠦ᠂ ᠰᠡᠬᠦᠯᠴᠢ ᠶᠢᠨ ᠬᠤᠭᠤᠴᠠᠭᠠᠨ ᠳᠤ ᠲᠤᠭ᠎ᠠ ᠪᠠᠷᠢᠮᠲᠠ ᠡᠮᠬᠢᠳᠬᠡᠬᠦ ᠳᠤ ᠳᠦᠬᠦᠮ | ᠦᠵᠡᠬᠦᠯᠦᠨ᠎ᠡ᠃ | ︵ᠬᠤᠶᠠᠷ︶ ᠮᠡᠲ᠋ᠧᠷᠢᠶᠡᠯ ᠢ ᠪᠦᠬᠦ ᠲᠠᠯ᠎ᠠ ᠪᠠᠷ ᠰᠢᠯᠵᠢᠬᠦᠯᠦᠨ ᠲᠤᠰᠢᠶᠠᠨ᠎ᠠ᠃ ᠲᠤᠭ᠎ᠠ ᠪᠠᠷᠢᠮᠲᠠ ᠶᠢ ᠡᠮᠬᠢᠯᠡᠵᠦ ᠳᠠᠭᠤᠰᠤᠭᠰᠠᠨ ᠤ ᠳᠠᠷᠠᠭ᠎ᠠ᠂ ᠬᠤᠰᠢᠭᠤ ᠣᠢ | ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ | ᠠᠴᠠ ᠡᠮᠦᠨ᠎ᠡ ᠣᠯᠭᠤᠭᠰᠠᠨ ᠡᠯ᠎ᠡ ᠲᠦᠷᠦᠯ ᠤᠨ ᠦᠨᠡᠮᠯᠡᠯ ᠤᠨ ᠳᠠᠩᠰᠠ ᠡᠪᠬᠡᠮᠡᠯ ᠤᠨ ᠮᠡᠲ᠋ᠧᠷᠢᠶᠡᠯ ᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ | ᠶᠢᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠯᠧᠺᠲᠷᠤᠨ ᠳᠠᠩᠰᠠ ᠡᠪᠬᠡᠮᠡᠯ ᠤᠨ ᠬᠠᠮᠢᠶᠠᠷᠤᠯᠲᠠ ᠬᠦᠮᠦᠷᠬᠡᠯᠡᠯᠲᠡ ᠶᠢᠨ ᠪᠠᠷᠢᠮᠵᠢᠶ᠎ᠠ | ᠶᠤᠰᠤᠭᠠᠷ ᠡᠮᠬᠢᠯᠡᠨ ᠰᠢᠷᠪᠢᠵᠦ᠂ ᠡᠯᠧᠺᠲᠷᠤᠨ ᠳᠠᠩᠰᠠ ᠡᠪᠬᠡᠮᠡᠯ ᠢ ᠪᠦᠷᠢᠯᠳᠦᠬᠦᠯᠦᠨ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠦᠯᠦ | ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠲᠤ ᠰᠢᠯᠵᠢᠬᠦᠯᠦᠨ ᠲᠤᠰᠢᠶᠠᠵᠤ᠂ ᠪᠢᠴᠢᠮᠡᠯ ᠳᠠᠩᠰᠠ ᠡᠪᠬᠡᠮᠡᠯ ᠢ ᠬᠤᠰᠢᠭᠤ ᠣᠢ ᠰᠢᠭᠤᠢ ᠨᠤᠲᠤᠭ ᠪᠡᠯᠴᠢᠭᠡᠷ | ᠤᠨ ᠲᠤᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠠᠮᠢᠶᠠᠷᠴᠣ ᠪᠤᠶᠤ ᠬᠤᠰᠢᠭᠤ ᠳᠠᠩᠰᠠ ᠡᠪᠬᠡᠮᠡᠯ ᠤᠨ ᠲᠡᠣᠬᠡ ᠣᠶᠢᠯᠠᠯᠭ᠎ᠠ ᠶᠢᠨ ᠰᠠᠩ ᠳᠤ | ᠲᠤᠰᠢᠶᠠᠨ ᠬᠠᠳᠠᠭᠠᠯᠠᠭᠤᠯᠤᠨ᠎ᠠ᠃ ᠦᠯᠦ ᠬᠦᠳᠡᠯᠬᠦ ᠬᠦᠷᠦᠩᠭᠡ ᠶᠢᠨ ᠨᠢᠭᠡᠳᠦᠯᠲᠡᠢ ᠳᠠᠩᠰᠠᠯᠠᠯᠲᠠ ᠶᠢ ᠬᠡᠷᠡᠭᠵᠢᠬᠦᠯᠦᠭᠰᠡᠨ ᠤ ᠳᠠᠷᠠᠭ᠎ᠠ᠂ ᠪᠢᠴᠢᠮᠡᠯ ᠰᠢᠨ᠎ᠡ ᠳᠠᠩᠰᠠ | ᠡᠪᠬᠡᠮᠡᠯ ᠢ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠰᠠᠯᠠᠭ᠎ᠠ ᠮᠦᠴᠢᠷ ᠲᠤ ᠦᠯᠡᠳᠡᠭᠡᠨ | ᠬᠠᠳᠠᠭᠠᠯᠠᠨ᠎ᠠ᠃ | ︵ᠭᠤᠷᠪᠠ︶ ᠮᠡᠳᠡᠭᠡ ᠵᠠᠩᠬᠢ ᠶᠢ ᠬᠠᠮᠲᠤᠪᠡᠷ ᠡᠳ᠋ᠯᠡᠬᠦ ᠠᠷᠭ᠎ᠠ ᠵᠠᠮ ᠢ ᠨᠡᠪᠲᠡᠷᠡᠬᠦᠯᠦᠨ᠎ᠡ᠃ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ | ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠪᠠ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠬᠠᠷᠢᠯᠴᠠᠨ ᠬᠠᠮᠵᠢᠯᠴᠠᠵᠤ᠂ ᠡᠯ᠎ᠡ ᠲᠤᠬᠠᠶᠢᠯᠠᠭᠰᠠᠨ | ᠠᠵᠢᠯ ᠤᠨ ᠰᠢᠰᠲ᠋ᠧᠮ ᠤᠨ ᠣᠷᠢᠳᠴᠢᠯᠠᠨ ᠦᠯᠡᠳᠡᠭᠡᠬᠦ ᠵᠠᠯᠭᠠᠭᠠᠰᠣ ᠶᠢᠨ ᠪᠠᠶᠢᠭᠤᠯᠤᠯᠲᠠ ᠶᠢ ᠰᠠᠶᠢᠲᠤᠷ ᠬᠢᠨ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ | ᠳᠣᠪᠴᠢᠶᠠᠨ ᠠᠴᠠ ᠰᠢᠰᠲ᠋ᠧᠮ ᠤᠨ ᠵᠠᠯᠭᠠᠭᠠᠰᠣ ᠶᠢᠨ ᠠᠪᠴᠠᠯᠳᠣᠭᠤᠯᠭᠠ ᠶᠢ ᠬᠠᠷᠢᠭᠤᠴᠠᠵᠤ᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ | ᠶᠢᠨ ᠬᠠᠮᠢᠶᠠᠷᠤᠯᠲᠠ ᠶᠢᠨ ᠳᠠᠪᠴᠠᠩ ᠪᠤᠯᠤᠨ ᠰᠠᠯᠠᠭ᠎ᠠ ᠮᠦᠴᠢᠷ ᠤᠨ ᠰᠢᠰᠲ᠋ᠧᠮ ᠤᠨ ᠬᠠᠮᠲᠤᠪᠡᠷ ᠡᠳ᠋ᠯᠡᠬᠦ ᠠᠷᠭ᠎ᠠ ᠵᠠᠮ ᠢ ᠨᠡᠪᠲᠡᠷᠡᠬᠦᠯᠦᠨ᠂ ᠲᠤᠭ᠎ᠠ ᠪᠠᠷᠢᠯᠲᠠ | ᠰᠣᠯᠢᠯᠴᠠᠬᠤ ᠠᠭᠤᠯᠵᠠᠷ᠂ ᠲᠤᠭ᠎ᠠ ᠪᠠᠷᠢᠮᠲᠠ ᠶᠢ ᠬᠠᠭᠤᠯᠤᠨ ᠬᠦᠷᠬᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠩᠰᠠᠯᠠᠯᠲᠠ ᠶᠢᠨ ᠮᠡᠳᠡᠭᠡ ᠵᠠᠩᠭᠢ ᠶᠢ ᠬᠠᠮᠲᠤᠪᠡᠷ | ᠡᠳ᠋ᠯᠡᠬᠦ ᠶᠢ ᠪᠡᠶᠡᠯᠡᠬᠦᠯᠵᠦ᠂ ᠲᠦᠷ ᠨᠦᠬᠦᠴᠡᠯ ᠪᠦᠷᠢᠳᠦᠬᠡᠳᠦᠢ ᠪᠠᠶᠢᠪᠠᠯ ᠬᠦᠮᠦᠨ ᠤ ᠬᠦᠴᠦ ᠪᠠᠷ ᠰᠣᠯᠢᠯᠴᠠᠬᠤ᠂ ᠬᠠᠭᠤᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠠᠮᠲᠤᠪᠡᠷ ᠡᠳ᠋ᠯᠡᠬᠦ ᠶᠢ ᠦᠷᠨᠢᠬᠦᠯᠵᠦ ᠪᠤᠯᠤᠨ᠎ᠠ᠃ | ᠲᠠᠪᠤ᠂ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠤᠨ ᠬᠦᠢᠴᠡᠳᠬᠡᠯᠲᠡ ᠶᠢᠨ ᠶᠠᠪᠤᠴᠠ | ᠱᠠᠭᠠᠷᠳᠠᠯᠭ᠎ᠠ ᠶᠤᠰᠤᠭᠠᠷ᠂ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ | ᠶᠢᠨ ᠲᠦᠷᠦᠯ ᠤᠨ ᠲᠤᠬᠠᠶᠢᠯᠠᠭᠰᠠᠨ ᠠᠵᠢᠯ ᠳᠤ᠄ ᠠᠩᠬᠠᠨ ᠤ ᠳᠠᠩᠰᠠᠯᠠᠯᠲᠠ᠂ ᠰᠢᠯᠵᠢᠬᠦᠯᠦᠯᠲᠡ ᠶᠢᠨ ᠳᠠᠩᠰᠠᠯᠠᠯᠲᠠ᠂ ᠬᠤᠪᠢᠷᠠᠭᠤᠯᠤᠯᠲᠠ ᠶᠢᠨ ᠳᠠᠩᠰᠠᠯᠠᠯᠲᠠ᠂ | ᠦᠬᠡᠶᠢᠰᠬᠡᠬᠦ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ᠂ ᠣᠷᠢᠳᠴᠢᠯᠠᠨ ᠮᠡᠳᠡᠬᠦᠯᠬᠦ ᠳᠠᠩᠰᠠᠯᠠᠯᠲᠠ᠂ ᠵᠠᠯᠠᠷᠠᠭᠤᠯᠬᠤ ᠳᠠᠩᠰᠠᠯᠠᠯᠲᠠ ᠵᠡᠷᠭᠡ ᠪᠠᠭᠲᠠᠨ᠎ᠠ᠃ | 1. ᠭᠤᠶᠤᠴᠢᠯᠠᠭᠴᠢ ᠠᠴᠠ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ | ᠶᠢᠨ ᠳᠠᠩᠰᠠᠯᠠᠯᠲᠠ ︵ᠠᠩᠬᠠᠨ ᠤ ᠳᠠᠩᠰᠠᠯᠠᠯᠲᠠ᠂ ᠬᠤᠪᠢᠷᠠᠭᠤᠯᠤᠯᠲᠠ ᠶᠢᠨ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ︶ ᠵᠡᠷᠭᠡ ᠬᠠᠮᠢᠶ᠎ᠠ ᠪᠦᠬᠦᠢ | ᠳᠠᠩᠰᠠᠯᠠᠯᠲᠠ ᠶᠢ ᠬᠢᠬᠦ ᠳᠤ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠵᠤ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠶᠠᠪᠤᠴᠠ ᠶᠢᠨ ᠶᠤᠰᠤᠭᠠᠷ᠂ ᠭᠠᠴᠠᠭ᠎ᠠ ᠲᠤᠰᠬᠤᠨ᠂ ᠬᠤᠷᠰᠢᠶ᠎ᠠ ᠶᠢ ᠵᠣᠬᠢᠶᠠᠨ ᠪᠠᠶᠢᠭᠤᠯᠤᠨ ᠬᠤᠷᠠᠯ | ᠬᠤᠷᠠᠯᠳᠣᠭᠤᠯᠵᠣ᠂ ᠴᠡᠭ ᠲᠤᠭᠲᠠᠭᠠᠨ ᠨᠤᠲᠠᠯᠠᠭᠠᠳ ︵ᠡᠷᠬᠡᠪᠰᠢ RTK ᠪᠠᠷ ᠬᠡᠮᠵᠢᠬᠦ ᠬᠡᠷᠡᠭᠲᠡᠢ︶᠂ ᠬᠦᠷᠰᠢ ᠰᠠᠭᠠᠬᠠᠯᠲᠠ ᠶᠢᠨ ᠬᠢᠨ ᠭᠠᠷ ᠤᠨ ᠦᠰᠦᠭ ᠵᠢᠷᠤᠵᠤ᠂ | ᠢᠯᠡ ᠨᠡᠶᠢᠲᠡᠯᠡᠭᠡᠳ ︵ᠨᠡᠶᠢᠲᠡᠯᠡᠬᠦ ᠬᠤᠭᠤᠴᠠᠭ᠎ᠠ᠄ 15 ᠡᠳᠦᠷ︶ ᠣᠨᠳᠣᠣ ᠰᠠᠨᠠᠯ ᠦᠬᠡᠢ ᠪᠤᠯᠤᠭᠰᠠᠨ ᠤ ᠳᠠᠷᠠᠭ᠎ᠠ᠂ ᠳᠠᠭᠠᠭᠠᠴᠢᠯᠠᠭᠤᠯᠬᠤ᠂ ᠰᠢᠯᠵᠢᠬᠦᠯᠦᠨ ᠦᠭᠭᠦ | ᠬᠡᠷ᠎ᠡ ᠳᠤ ᠭᠠᠷ ᠤᠨ ᠦᠰᠦᠭ ᠵᠢᠷᠤᠨ᠎ᠠ᠃ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ | ᠳᠠᠩᠰᠠᠯᠠᠬᠤ ᠡᠷᠬᠡ ᠶᠢᠨ ᠬᠠᠷᠢᠶᠠᠯᠠᠯ᠂ ᠵᠠᠬ᠎ᠠ ᠬᠢᠵᠠᠭᠠᠷ᠂ ᠲᠠᠯᠠᠪᠠᠢ ᠵᠢᠴᠢ ᠲᠦᠷᠦᠯ ᠢᠯᠭᠠᠯ ᠢ ᠳᠠᠬᠢᠨ ᠬᠢᠨᠠᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠰᠠᠨᠠᠯ | ᠭᠠᠷᠭᠠᠨ᠎ᠠ᠃ | 2. ᠭᠤᠶᠤᠴᠢᠯᠠᠭᠴᠢ ᠪᠤᠶᠤ ᠣᠷᠣᠯᠠᠨ ᠬᠦᠢᠴᠡᠳᠬᠡᠭᠴᠢ ᠠᠴᠠ ᠬᠢᠨᠠᠨ ᠬᠠᠷᠭᠤᠭᠤᠯᠤᠭᠰᠠᠨ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠡᠲ᠋ᠧᠷᠢᠶᠡᠯ ᠢᠶᠠᠨ ᠠᠪᠴᠣ | ᠡᠯ᠎ᠡ ᠪᠠᠯᠭᠠᠰᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠲᠤ ᠬᠦᠷᠴᠦ ᠬᠠᠮᠢᠶ᠎ᠠ ᠪᠦᠬᠦᠢ ᠳᠠᠩᠰᠠᠯᠠᠯᠲᠠ ᠬᠢᠯᠬᠡᠨ᠎ᠡ᠃ ᠡᠯ᠎ᠡ ᠪᠠᠯᠭᠠᠰᠣᠨ ᠤ ᠪᠠᠶᠢᠭᠠᠯᠢ ᠶᠢᠨ ᠡᠬᠢ | ᠪᠠᠶᠠᠯᠢᠭ ᠤᠨ ᠭᠠᠵᠠᠷ ᠬᠦᠯᠢᠶᠡᠨ ᠠᠪᠤᠭᠰᠠᠨ ᠤ ᠳᠠᠷᠠᠭ᠎ᠠ᠂ ᠶᠠᠪᠤᠴᠠ ︵ᠭᠤᠶᠤᠴᠢᠯᠠᠬᠤ᠂ ᠬᠦᠯᠢᠶᠡᠨ ᠠᠪᠬᠤ᠂ ᠬᠢᠨᠠᠨ ᠬᠠᠷᠭᠤᠭᠤᠯᠬᠤ᠂ ᠳᠠᠩᠰᠠᠯᠠᠬᠤ᠂ ᠦᠨᠡᠮᠯᠡᠯ | ᠣᠯᠭᠤᠬᠤ︶ ᠶᠤᠰᠤᠭᠠᠷ ᠨᠦᠬᠦᠴᠡᠯ ᠳᠤ ᠨᠡᠶᠢᠴᠡᠭᠰᠡᠨ ᠢ ᠨᠢ ᠳᠠᠩᠰᠠᠯᠠᠬᠤ ᠶᠢᠨ ᠬᠠᠮᠲᠤ ᠬᠠᠮᠢᠶ᠎ᠠ ᠪᠦᠬᠦᠢ ᠦᠨᠡᠮᠯᠡᠯ ᠣᠯᠭᠤᠨ᠎ᠠ᠃ | 3. ᠡᠷᠬᠡᠲᠦ ᠬᠦᠮᠦᠨ ︽ᠣᠢ ᠮᠣᠳᠣᠨ ᠤ ᠡᠷᠬᠡ ᠶᠢᠨ ᠦᠨᠡᠮᠯᠡᠯ︾᠂ ︽ᠨᠣᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾᠂ ︽ᠮᠠᠯᠵᠢᠬᠤ | ᠲᠠᠷᠢᠶᠠᠯᠠᠬᠤ ᠤᠷᠤᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾᠂ ︽ᠦᠯᠦ ᠬᠦᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ︾ ᠢ | ᠣᠯᠣᠭᠰᠠᠨ ᠤ ᠳᠠᠷᠠᠭ᠎ᠠ᠂ ᠵᠠᠯᠠᠷᠠᠭᠤᠯᠬᠤ᠂ ᠪᠠᠷᠢᠴᠠᠭᠠᠯᠠᠬᠤ᠂ ᠬᠦᠴᠦᠨ ᠦᠬᠡᠢ ᠪᠤᠯᠭᠠᠬᠤ ᠳᠠᠩᠰᠠᠯᠠᠯᠲᠠ ᠬᠢᠯᠬᠡᠬᠦ ᠪᠠᠷ ᠭᠤᠶᠤᠴᠢᠯᠠᠪᠠᠯ᠂ ᠬᠤᠰᠢᠭᠤ ᠪᠠᠶᠢᠭᠠᠯᠢ ᠶᠢᠨ | ᠡᠬᠢ ᠪᠠᠶᠠᠯᠢᠭ ᠤᠨ ᠲᠤᠪᠴᠢᠶᠠᠨ ᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠠᠴᠠ ᠬᠦᠯᠢᠶᠡᠨ ᠠᠪᠴᠣ ᠰᠢᠢᠳᠪᠦᠷᠢᠯᠡᠨ᠎ᠡ︔ ᠬᠠᠤᠯᠢ ᠴᠠᠭᠠᠵᠠ | ᠶᠢᠨ ᠰᠠᠯᠠᠭ᠎ᠠ ᠮᠦᠴᠢᠷ ᠠᠴᠠ ᠪᠠᠶᠢᠴᠠᠭᠠᠨ ᠪᠢᠲᠡᠬᠦᠮᠵᠢᠯᠡᠭᠰᠡᠨ ᠪᠠᠶᠢᠪᠠᠯ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠠᠴᠠ ᠬᠠᠮᠢᠶ᠎ᠠ ᠪᠦᠬᠦᠢ ᠬᠠᠤᠯᠢ | ᠴᠠᠭᠠᠵᠠ ᠶᠢᠨ ᠪᠢᠴᠢᠭ ᠬᠠᠷ᠎ᠠ ᠶᠤᠰᠤᠭᠠᠷ ᠬᠦᠯᠢᠶᠡᠨ ᠠᠪᠴᠣ ᠰᠢᠢᠳᠪᠦᠷᠢᠯᠡᠨ᠎ᠡ︔ ᠬᠢᠨᠠᠨ ᠬᠠᠷᠭᠤᠭᠤᠯᠬᠤ ᠶᠠᠪᠤᠴᠠ ᠳᠤ ᠡᠯ᠎ᠡ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠬᠠᠮᠵᠢᠯᠴᠠᠨ ᠪᠠᠶᠢᠴᠠᠭᠠᠬᠤ | ᠴᠢᠬᠤᠯᠠᠲᠠᠢ ᠲᠠᠢ ᠪᠤᠯ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠠᠴᠠ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠣᠢ | ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠳᠤ ᠵᠠᠬᠢᠳᠠᠯ ᠭᠠᠷᠭᠠᠵᠤ᠂ ᠡᠯ᠎ᠡ ᠪᠠᠯᠭᠠᠰᠣᠨ ᠤ ᠠᠷᠠᠳ ᠤᠨ ᠵᠠᠰᠠᠭ | ᠤᠨ ᠣᠷᠳᠣᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠵᠠᠬᠢᠳᠠᠯ ᠢ ᠦᠨᠳᠦᠰᠦᠯᠡᠨ | ᠬᠠᠷᠢᠭᠤ ᠲᠤᠰᠬᠠᠨ᠎ᠠ᠃ | 4. ᠡᠷᠬᠡ ᠶᠢᠨ ᠬᠠᠷᠢᠶᠠᠯᠠᠯ ᠤᠨ ᠮᠠᠷᠭᠤᠯᠳᠣᠭᠠᠨ ᠢ ᠬᠠᠷᠠᠬᠠᠨ ᠰᠢᠢᠳᠪᠦᠷᠢᠯᠡᠭᠡᠳᠦᠢ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ | ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠳᠤ᠂ ᠡᠯ᠎ᠡ ᠪᠠᠯᠭᠠᠰᠣ ᠠᠴᠠ ᠲᠤᠯᠤᠭᠠᠶᠢᠯᠠᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ | ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢ ᠬᠠᠮᠲᠤᠷᠠᠨ ᠦᠷᠨᠢᠬᠦᠯᠵᠦ᠂ ᠭᠠᠵᠠᠷ ᠰᠢᠷᠤᠢ ᠶᠢᠨ ᠲᠦᠷᠦᠯ᠂ | ᠲᠠᠯᠠᠪᠠᠢ ᠶᠢ ᠳᠠᠬᠢᠨ ᠰᠢᠨ᠎ᠡ ᠪᠠᠷ ᠮᠠᠭᠠᠳᠯᠠᠵᠤ ᠲᠤᠭᠲᠠᠭᠠᠨ᠂ ᠬᠤᠪᠢᠷᠠᠯᠲᠠ ᠳᠤ ᠣᠨᠳᠣᠣ ᠰᠠᠨᠠᠯ ᠦᠬᠡᠢ ᠲᠠᠢ ᠨᠢ ᠳᠠᠬᠢᠨ ᠳᠠᠭᠠᠭᠠᠴᠢᠯᠠᠬᠤ ᠭᠡᠷ᠎ᠡ ︵ᠭᠠᠵᠠᠷ ᠰᠢᠷᠤᠢ | ᠳᠠᠭᠠᠭᠠᠴᠢᠯᠠᠬᠤ ᠬᠤᠭᠤᠴᠠᠭ᠎ᠠ ᠶᠢ ᠬᠤᠪᠢᠷᠠᠭᠤᠯᠬᠤ ᠦᠬᠡᠢ᠂ ᠵᠦᠪᠬᠡᠨ ᠲᠠᠯᠠᠪᠠᠢ ᠶᠢ ᠨᠢ ᠬᠤᠪᠢᠷᠠᠭᠤᠯᠤᠨ᠎ᠠ︶ ᠲᠤᠭᠲᠠᠭᠠᠨ᠎ᠠ︔ ᠡᠷᠬᠡ ᠶᠢᠨ ᠬᠠᠷᠢᠶᠠᠯᠠᠯ ᠤᠨ | ᠵᠢᠭᠤᠷᠠᠭᠠᠨ ᠪᠠ ᠪᠤᠷᠤᠭᠤ ᠳᠠᠩᠰᠠᠯᠠᠭᠰᠠᠨ ᠵᠡᠷᠭᠡ ᠪᠠᠶᠢᠳᠠᠯ ᠪᠠᠶᠢᠪᠠᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ | ᠮᠦᠴᠢᠷ ᠵᠢᠴᠢ ᠭᠠᠴᠠᠭ᠎ᠠ ᠲᠤᠰᠬᠤᠨ ᠢ ᠵᠤᠬᠢᠶᠠᠨ ᠪᠠᠶᠢᠭᠤᠯᠤᠨ ᠵᠢᠭᠤᠷᠠᠭᠠᠨ ᠪᠠ ᠪᠤᠷᠤᠭᠤ ᠳᠠᠩᠰᠠᠯᠠᠭᠰᠠᠨ ᠣᠴᠢᠷ ᠶᠠᠪᠤᠳᠠᠯ ᠢ ᠪᠠᠶᠢᠴᠠᠭᠠᠨ ᠰᠢᠢᠳᠪᠦᠷᠢᠯᠡᠨ᠎ᠡ᠃ | ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠠᠴᠠ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠦᠨᠳᠦᠰᠦᠯᠡᠨ᠂ ᠣᠣᠯ ᠤᠨ ᠳᠠᠩᠰᠠᠯᠠᠯᠲᠠ ᠶᠢᠨ | ᠦᠨᠡᠮᠯᠡᠯ ᠢ ᠬᠦᠴᠦᠨ ᠦᠬᠡᠢ ᠪᠤᠯᠭᠠᠬᠤ ᠶᠢᠨ ᠬᠠᠮᠲᠤ ᠳᠠᠬᠢᠨ ᠳᠠᠩᠰᠠᠯᠠᠵᠤ ᠦᠨᠡᠮᠯᠡᠯ ᠣᠯᠭᠤᠨ᠎ᠠ︔ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠢ ᠬᠠᠷᠠᠬᠠᠨ | ᠰᠢᠢᠳᠪᠦᠷᠢᠯᠡᠭᠡᠳᠦᠢ ᠪᠠᠶᠢᠪᠠᠯ᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠠᠴᠠ ᠳᠠᠩᠰᠠᠯᠠᠬᠤ ᠭᠤᠶᠤᠴᠢᠯᠠᠯ ᠢ ᠬᠦᠯᠢᠶᠡᠨ ᠠᠪᠬᠤ ᠦᠬᠡᠢ | ᠪᠦᠭᠡᠳ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠠᠴᠠ ᠭᠤᠶᠤᠴᠢᠯᠠᠭᠴᠢ ᠳᠤ ᠮᠡᠳᠡᠭᠳᠡᠵᠦ᠂ ᠮᠠᠷᠭᠤᠯᠳᠤᠭᠠᠨ ᠢ ᠰᠢᠢᠳᠪᠦᠷᠢᠯᠡᠭᠰᠡᠨ ᠤ ᠳᠠᠷᠠᠭ᠎ᠠ | ᠰᠠᠶ᠋ᠢ ᠬᠦᠯᠢᠶᠡᠨ ᠠᠪᠤᠨ᠎ᠠ᠃ | 5. ᠪᠤᠲᠠᠲᠠᠢ ᠶᠠᠪᠤᠴᠠ᠄ ᠡᠷᠬᠡᠲᠦ ᠬᠦᠮᠦᠨ ᠠᠴᠠ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠳᠤ ᠭᠤᠶᠤᠴᠢᠯᠠᠬᠤ↓ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠠᠴᠠ ᠠᠩᠬ᠎ᠠ ᠠᠯᠬᠤᠮ ᠬᠦᠯᠢᠶᠡᠨ ᠠᠪᠴᠣ ᠰᠢᠢᠳᠪᠦᠷᠢᠯᠡᠬᠦ↓ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠴᠠᠭ᠎ᠠ ᠲᠤᠰᠬᠤᠨ᠂ ᠬᠤᠷᠰᠢᠶ᠎ᠠ | ᠶᠢᠨ ᠣᠯᠠᠨ ᠲᠦᠮᠡᠨ ᠢ ᠵᠤᠬᠢᠶᠠᠨ ᠪᠠᠶᠢᠭᠤᠯᠤᠨ ᠬᠡᠰᠢᠬᠦᠳ ᠤᠨ ᠬᠤᠷᠠᠯ ᠬᠤᠷᠠᠯᠳᠣᠭᠤᠯᠬᠤ↓ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠴᠠᠭ᠎ᠠ | ᠲᠤᠰᠬᠤᠨ᠂ ᠬᠤᠷᠰᠢᠶ᠎ᠠ᠂ ᠡᠷᠬᠡᠲᠦ ᠬᠦᠮᠦᠨ᠂ ᠬᠦᠷᠰᠢ ᠰᠠᠭᠠᠬᠠᠯᠲᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠤᠨ ᠬᠡᠬᠡᠷ᠎ᠡ ᠶᠢᠨ ᠠᠵᠢᠯ ᠤᠨ | ᠡᠷᠬᠡ ᠶᠢᠨ ᠬᠠᠷᠢᠶᠠᠯᠠᠯ ᠢ ᠪᠠᠶᠢᠴᠠᠭᠠᠬᠤ ᠪᠠ ᠬᠡᠮᠵᠢᠨ ᠵᠢᠷᠤᠭᠯᠠᠬᠤ ︵ᠪᠠᠯᠭᠠᠰᠣᠨ ᠤ ᠵᠠᠰᠠᠭ ᠤᠨ ᠣᠷᠳᠣᠨ ᠠᠴᠠ ᠶᠠᠪᠤᠴᠠ ᠶᠤᠰᠤᠭᠠᠷ ᠭᠤᠷᠪᠠᠳᠣᠭᠠᠷ ᠡᠲᠡᠭᠡᠳ ᠤᠨ | ᠬᠡᠮᠵᠢᠨ ᠵᠢᠷᠤᠭᠯᠠᠬᠤ ᠪᠠᠶᠢᠭᠤᠯᠤᠮᠵᠢ ᠶᠢ ᠲᠤᠭᠲᠠᠭᠠᠨ᠎ᠠ︶↓ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠵᠤᠬᠢᠶᠠᠨ ᠪᠠᠶᠢᠭᠤᠯᠤᠨ ᠢᠯᠡ | ᠨᠡᠶᠢᠲᠡᠯᠡᠬᠦ↓ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠭᠠᠴᠠᠭ᠎ᠠ ᠲᠤᠰᠬᠤᠨ᠂ ᠬᠤᠷᠰᠢᠶ᠎ᠠ᠂ ᠡᠷᠬᠡᠲᠦ ᠬᠦᠮᠦᠨ ᠢ ᠵᠤᠬᠢᠶᠠᠨ ᠪᠠᠶᠢᠭᠤᠯᠤᠨ | ᠳᠠᠭᠠᠭᠠᠴᠢᠯᠠᠬᠤ᠂ ᠰᠢᠯᠵᠢᠬᠦᠯᠦᠨ ᠦᠭᠭᠦ ᠬᠡᠷ᠎ᠡ ᠳᠤ ᠭᠠᠷ ᠤᠨ ᠦᠰᠦᠭ ᠵᠢᠷᠤᠬᠤ↓ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠠᠴᠠ ᠠᠩᠬ᠎ᠠ ᠬᠢᠨᠠᠬᠤ↓ | ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠠᠴᠠ ᠳᠠᠬᠢᠨ ᠬᠢᠨᠠᠬᠤ↓ ᠡᠷᠬᠡᠲᠦ ᠬᠦᠮᠦᠨ/ | ᠣᠷᠣᠯᠠᠨ ᠬᠦᠢᠴᠡᠳᠬᠡᠭᠴᠢ ᠠᠴᠠ ᠡᠯ᠎ᠡ ᠪᠠᠯᠭᠠᠰᠣᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠲᠤ ᠳᠠᠩᠰᠠᠯᠠᠯᠲᠠ ᠶᠢ ᠬᠦᠢᠴᠡᠳᠬᠡᠬᠦ↓ ᠡᠯ᠎ᠡ ᠪᠠᠯᠭᠠᠰᠣᠨ ᠤ | ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠠᠵᠢᠯᠲᠠᠨ ᠠᠴᠠ ᠬᠠᠮᠢᠶ᠎ᠠ ᠪᠦᠬᠦᠢ ᠠᠯᠬᠤᠮ ᠳᠠᠷᠠᠭ᠎ᠠ ᠶᠤᠰᠤᠭᠠᠷ ᠦᠨᠡᠮᠯᠡᠯ ᠣᠯᠭᠤᠬᠤ↓ ᠡᠯ᠎ᠡ ᠪᠠᠯᠭᠠᠰᠣᠨ ᠤ | ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠢᠨ ᠳᠠᠩᠰᠠ ᠡᠪᠬᠡᠮᠡᠯ ᠢ ᠬᠠᠳᠠᠭᠠᠯᠠᠬᠤ ᠶᠢ ᠬᠠᠷᠢᠭᠤᠴᠠᠨ᠎ᠠ᠃ | ᠵᠢᠷᠭᠤᠭ᠎ᠠ᠂ ᠠᠵᠢᠯᠯᠠᠭᠠᠨ ᠤ ᠳᠦᠷᠢᠮᠵᠢᠯ ᠪᠠ ᠱᠠᠭᠠᠷᠳᠠᠯᠭ᠎ᠠ | 1. ᠬᠤᠯᠪᠤᠭᠳᠠᠯ ᠪᠦᠬᠦᠢ ᠳᠣᠬᠠᠶᠢᠯᠠᠭᠰᠠᠨ ᠠᠵᠢᠯ ᠤᠨ ᠬᠦᠰᠦᠨᠦᠭ ᠢ ᠨᠢᠬᠡᠳᠬᠡᠵᠦ᠂ ᠣᠢ ᠮᠣᠳᠣᠨ ᠤ ᠡᠷᠬᠡ ᠶᠢᠨ ᠳᠠᠩᠰᠠᠯᠠᠯᠲᠠ ᠭᠤᠶᠤᠴᠢᠯᠠᠬᠤ ᠬᠢᠨᠠᠨ | ᠴᠤᠬᠤᠯᠠᠪᠤᠷᠢᠯᠠᠯ ᠤᠨ ᠬᠦᠰᠦᠨᠦᠭ᠂ ᠨᠣᠲᠤᠭ ᠪᠡᠯᠴᠢᠭᠡᠷ ᠤᠨ ᠳᠠᠭᠠᠭᠠᠴᠢᠯᠠᠯᠲᠠ ᠭᠤᠶᠤᠴᠢᠯᠠᠬᠤ ᠳᠠᠩᠰᠠᠯᠠᠯᠲᠠ ᠶᠢᠨ ᠬᠢᠨᠠᠨ ᠴᠤᠬᠤᠯᠠᠪᠤᠷᠢᠯᠠᠬᠤ ᠬᠦᠰᠦᠨᠦᠭ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠭᠤᠶᠤᠴᠢᠯᠠᠬᠤ ᠳᠠᠩᠰᠠᠯᠠᠯᠲᠠ ᠶᠢᠨ ᠬᠢᠨᠠᠨ ᠴᠤᠬᠤᠯᠠᠪᠤᠷᠢᠯᠠᠬᠤ ᠬᠦᠰᠦᠨᠦᠭ ᠵᠡᠷᠭᠡ ᠶᠢ | ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠬᠦᠰᠦᠨᠦᠭ ᠤᠨ ᠱᠠᠭᠠᠷᠳᠠᠯᠭ᠎ᠠ ᠶᠤᠰᠤᠭᠠᠷ᠂ ᠨᠢᠬᠡᠳᠦᠯᠲᠡᠢ ᠬᠦᠰᠦᠨᠦᠭ ᠢᠶᠠᠷ ᠳᠦᠷᠢᠮᠵᠢᠬᠦᠨ ᠳᠠᠭᠯᠠᠨ᠎ᠠ᠃ | 2. ︽ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶ᠎ᠠ ᠶᠢᠨ ︿ᠬᠦᠳᠡᠭᠡ ᠲᠤᠰᠬᠤᠨ ᠤ ᠦᠯᠦ ᠬᠦᠳᠡᠯᠬᠦ ᠬᠦᠷᠦᠩᠭᠡ ᠶᠢᠨ ︵ᠭᠤᠷᠪᠠᠨ | ᠡᠷᠬᠡ︶ ᠶᠢᠨ ᠳᠠᠩᠰᠠᠯᠠᠯᠲᠠ ᠶᠢ ᠰᠣᠮᠣ ᠰᠢᠶᠠᠩ ᠪᠠᠯᠭᠠᠰᠣᠨ ᠳᠤ ᠰᠢᠯᠵᠢᠬᠦᠯᠦᠨ ᠬᠦᠢᠴᠡᠳᠬᠡᠬᠦ ᠵᠢᠴᠢ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ | ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠨᠵᠡᠬᠡᠶᠢᠷᠡᠬᠦᠯᠬᠦ ᠬᠡᠷᠡᠭᠵᠢᠬᠦᠯᠬᠦ ᠲᠦᠰᠦᠯ ᠢ ᠳᠠᠷᠤᠮᠠᠯᠯᠠᠨ ᠲᠠᠷᠬᠠᠭᠠᠬᠤ ᠲᠤᠬᠠᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ︾ ᠢ ᠣᠯᠠᠮᠵᠢᠯᠠᠨ ᠶᠠᠪᠤᠭᠤᠯᠬᠤ ᠲᠤᠬᠠᠢ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠮᠡᠳᠡᠭᠳᠡᠯ︾ ︵ | ᠣᠷᠳᠣᠰ ᠪᠠᠶᠢᠭᠠᠯᠢ ᠶᠢᠨ ᠡᠬᠢ ᠪᠠᠶᠠᠯᠢᠭ ᠲᠠᠷᠬᠠᠭᠠᠬᠤ ﹇2022﹈ 300 ᠲᠤᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠣᠢ ᠶᠢᠨ ᠭᠠᠵᠠᠷ᠂ ᠨᠤᠲᠤᠭ | ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠬᠡᠮᠵᠢᠨ ᠵᠢᠷᠤᠭᠯᠠᠬᠤ ᠵᠠᠷᠤᠳᠠᠯ ᠢ ᠵᠢᠯ ᠪᠦᠷᠢ ᠶᠢᠨ ᠡᠳ᠋ ᠤᠨ | ᠵᠠᠰᠠᠭ ᠤᠨ ᠲᠦᠰᠦᠪ ᠤᠨ ᠲᠤᠬᠢᠷᠠᠭᠤᠯᠤᠯᠲᠠ ᠳᠤ ᠣᠷᠣᠭᠤᠯᠵᠣ᠂ ᠡᠯ᠎ᠡ ᠪᠠᠯᠭᠠᠰᠣᠨ ᠤ ᠵᠠᠰᠠᠭ ᠤᠨ ᠣᠷᠳᠣᠨ ᠠᠴᠠ ᠭᠤᠷᠪᠠᠳᠠᠬᠢ ᠡᠲᠡᠭᠡᠳ ᠤᠨ ᠬᠡᠮᠵᠢᠨ | ᠵᠢᠷᠤᠭᠯᠠᠬᠤ ᠺᠤᠮᠫᠠᠨᠢ ᠶᠢ ᠣᠷᠢᠵᠦ ᠪᠤᠲᠠᠲᠠᠢ ᠬᠡᠷᠡᠭᠵᠢᠬᠦᠯᠦᠨ᠎ᠡ᠂ ᠬᠡᠬᠡᠷ᠎ᠡ ᠶᠢᠨ ᠠᠵᠢᠯ ᠤᠨ ᠬᠡᠮᠵᠢᠨ ᠵᠢᠷᠤᠭᠯᠠᠯᠲᠠ ᠠᠴᠠ ᠡᠮᠦᠨ᠎ᠡ ᠴᠡᠭ ᠲᠡᠮᠲᠡᠭ ᠰᠢᠯᠭᠠᠬᠤ | ᠴᠢᠬᠤᠯᠠᠲᠠᠢ᠂ ᠬᠡᠮᠵᠢᠨ ᠵᠢᠷᠤᠭᠯᠠᠬᠤ ᠳᠤ ᠡᠷᠬᠡᠪᠰᠢ RTK ᠪᠠᠭᠠᠵᠢ ᠪᠠ ᠨᠢᠬᠡᠳᠦᠯᠲᠡᠢ ᠵᠢᠷᠤᠭ ᠤᠨ ᠪᠠᠶᠢᠷᠢᠰᠢᠯ ︵ᠣᠯᠣᠰ ᠤᠨ 2000 ᠡᠬᠡ ᠭᠠᠵᠠᠷ ᠤᠨ | ᠪᠠᠶᠢᠷᠢᠰᠢᠯ ᠤᠨ ᠰᠢᠰᠲ᠋ᠧᠮ︶ ᠢ ᠬᠡᠷᠡᠭᠯᠡᠨ᠎ᠡ᠃ | 3. ᠭᠤᠷᠪᠠᠳᠣᠭᠠᠷ ᠣᠳᠠᠭᠠᠨ ᠤ ᠪᠦᠬᠦ ᠣᠯᠣᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠪᠦᠲᠦᠮᠵᠢ ᠶᠢᠨ ᠵᠢᠷᠤᠭ ᠤᠨ ᠶᠡᠷᠦᠩᠬᠡᠶᠢᠯᠡᠭᠰᠡᠨ ᠬᠢᠨᠠᠨ | ᠬᠠᠮᠢᠶᠠᠷᠤᠯᠲᠠ ᠶᠢᠨ ᠳᠠᠪᠴᠠᠩ ᠢ ᠨᠢᠬᠡᠳᠦᠯᠲᠡᠢ ᠬᠡᠷᠡᠭᠯᠡᠨ ᠬᠢᠨᠠᠨ ᠬᠠᠷᠭᠤᠭᠤᠯᠵᠤ᠂ ᠵᠢᠷᠤᠭ ᠬᠦᠰᠦᠨᠦᠭᠲᠤ ᠺᠠᠷᠲ ᠲᠡᠪᠲᠡᠷ ᠢ ᠨᠢᠬᠡᠳᠬᠡᠬᠦ᠂ ᠬᠦᠮᠦᠨ ᠭᠠᠵᠠᠷ ᠦᠨᠡᠮᠯᠡᠯ | ᠢ ᠬᠠᠷᠢᠯᠴᠠᠨ ᠨᠡᠶᠢᠴᠡᠬᠦᠯᠬᠦ ᠶᠢ ᠪᠡᠶᠡᠯᠡᠬᠦᠯᠦᠨ᠎ᠡ᠃ | 4. ᠣᠢ ᠶᠢᠨ ᠭᠠᠵᠠᠷ᠂ ᠨᠣᠲᠤᠭ ᠪᠡᠯᠴᠢᠬᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢ ᠳᠠᠭᠠᠭᠠᠴᠢᠯᠠᠬᠤ᠂ | ᠰᠢᠯᠵᠢᠬᠦᠯᠬᠦ ᠳᠤ ︽ᠨᠢᠬᠡᠳᠦᠯᠲᠡᠢ ᠵᠠᠭᠪᠤᠷᠢᠲᠤ ᠬᠡᠷ᠎ᠡ︾ ᠶᠢ ᠬᠡᠷᠡᠭᠯᠡᠨ᠂ ᠬᠡᠷ᠎ᠡ ᠶᠢᠨ ᠵᠠᠭᠪᠤᠷ ᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ | ᠬᠤᠰᠢᠭᠤ ᠮᠠᠯ ᠲᠠᠷᠢᠶᠠᠯᠠᠩ ᠤᠨ ᠳᠣᠪᠴᠢᠶ᠎ᠠ ᠠᠴᠠ ᠬᠠᠮᠢᠶ᠎ᠠ ᠪᠦᠬᠦᠢ ᠪᠠᠷᠢᠮᠵᠢᠶ᠎ᠠ ᠪᠠᠷ ᠬᠡᠷᠡᠭᠵᠢᠬᠦᠯᠦᠨ᠎ᠡ᠃ | ᠳᠣᠯᠤᠭ᠎ᠠ᠂ ᠠᠵᠢᠯ ᠤᠨ ᠠᠯᠬᠤᠮ ᠳᠠᠷᠠᠭ᠎ᠠ ᠵᠢᠴᠢ ᠬᠤᠭᠤᠴᠠᠭ᠎ᠠ ᠭᠤᠭᠴᠤᠭᠠᠨ ᠤ ᠲᠤᠬᠢᠷᠠᠭᠤᠯᠤᠯᠲᠠ | ︵ᠨᠢᠭᠡ︶ ᠠᠵᠢᠯ ᠤᠨ ᠪᠠᠶᠢᠷᠢᠯᠠᠭᠤᠯᠣᠯᠲᠠ ᠶᠢᠨ ᠱᠠᠲᠤ ᠦᠶ᠎ᠡ ︵2022 ᠣᠨ ᠤ 12 ᠰᠠᠷ᠎ᠠ︶ | 1. ᠵᠤᠬᠢᠶᠠᠨ ᠪᠠᠶᠢᠭᠤᠯᠤᠨ ᠣᠳᠣᠷᠢᠳᠬᠤ ᠶᠢ ᠨᠠᠶᠢᠲᠠᠪᠤᠷᠢᠵᠢᠭᠤᠯᠵᠤ᠂ ᠠᠵᠢᠯ ᠤᠨ ᠪᠠᠶᠢᠭᠤᠯᠤᠮᠵᠢ ᠶᠢ ᠪᠠᠶᠢᠭᠤᠯᠤᠨ᠎ᠠ᠃ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠶᠢ ᠳᠣᠭᠤᠶᠢᠯᠠᠩ ᠳᠠᠷᠤᠭ᠎ᠠ᠂ ᠡᠯ᠎ᠡ ᠬᠠᠮᠢᠶ᠎ᠠ ᠪᠦᠬᠦ ᠬᠤᠪᠢᠳᠠᠨ ᠬᠠᠮᠢᠶᠠᠷᠬᠤ ᠳᠡᠳ᠋ ᠬᠤᠰᠢᠭᠤ ᠳᠠᠷᠤᠭ᠎ᠠ ᠢ ᠳᠡᠳ᠋ ᠳᠣᠭᠤᠶᠢᠯᠠᠩ ᠤᠨ ᠳᠠᠷᠤᠭ᠎ᠠ ᠪᠤᠯᠭᠠᠵᠤ᠂ | ᠡᠯ᠎ᠡ ᠪᠠᠯᠭᠠᠰᠣ᠂ ᠬᠤᠰᠢᠭᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭᠠᠨ ᠤ ᠵᠦᠪᠯᠡᠯ ᠤᠨ ᠠᠯᠪᠠᠨ ᠭᠡᠷ᠂ ᠲᠤᠲᠤᠭᠠᠲᠤ ᠶᠢ ᠬᠠᠮᠠᠭᠠᠯᠠᠬᠤ ᠲᠤᠪᠴᠢᠶ᠎ᠠ᠂ | ᠪᠠᠶᠢᠴᠠᠭᠠᠬᠤ ᠬᠤᠷᠢᠶ᠎ᠠ᠂ ᠰᠢᠬᠦᠬᠦ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ | ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠮᠠᠯ ᠲᠠᠷᠢᠶᠠᠯᠠᠩ ᠤᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠵᠠᠰᠠᠭ ᠤᠨ ᠶᠠᠪᠤᠳᠠᠯ | ᠤᠨ ᠦᠢᠯᠡᠴᠢᠯᠡᠬᠡᠨ ᠤ ᠲᠤᠪᠴᠢᠶ᠎ᠠ᠂ ᠳᠠᠩᠰᠠ ᠡᠪᠬᠡᠮᠡᠯ ᠲᠡᠣᠬᠡ ᠣᠶᠢᠯᠠᠯᠭ᠎ᠠ ᠶᠢᠨ ᠰᠠᠩ᠂ ᠬᠠᠤᠯᠢ ᠶᠢᠨ ᠶᠠᠪᠤᠳᠠᠯ ᠤᠨ ᠲᠦᠪ ᠵᠡᠷᠭᠡ ᠪᠠᠶᠢᠭᠤᠯᠭ᠎ᠠ ᠨᠢᠬᠡᠴᠡ ᠶᠢᠨ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠤᠯᠭᠠᠭᠰᠠᠨ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠵᠤ᠂ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ | ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠭᠡ ᠶᠢᠨ ᠦᠯᠦ ᠬᠦᠳᠡᠯᠬᠦ ᠬᠦᠷᠦᠩᠭᠡ ᠶᠢ ᠨᠢᠬᠡᠳᠦᠯᠲᠡᠢ ᠳᠠᠩᠰᠠᠯᠠᠬᠤ ᠠᠵᠢᠯ ᠢ ᠪᠦᠬᠦ ᠬᠦᠴᠦᠨ | ᠢᠶᠠᠷ ᠠᠬᠢᠭᠤᠯᠬᠤ ᠶᠢ ᠬᠠᠷᠢᠭᠤᠴᠠᠭᠤᠯᠬᠤ ᠶᠢᠨ ᠬᠠᠮᠲᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠳᠤ ᠠᠯᠪᠠᠨ ᠭᠡᠷ ᠲᠤᠬᠢᠷᠠᠭᠤᠯᠤᠨ᠂ ᠨᠢᠬᠡᠳᠦᠯᠲᠡᠢ | ᠲᠤᠬᠢᠷᠠᠭᠤᠯᠤᠯᠲᠠ ᠪᠠ ᠡᠳᠦᠷ ᠲᠤᠲᠤᠮ ᠤᠨ ᠣᠴᠢᠷ ᠶᠠᠪᠤᠳᠠᠯ ︵ᠳᠠᠭᠠᠯᠳᠣᠭᠤᠯᠣᠯ 1 ᠶᠢ ᠦᠵᠡᠬᠡᠷᠡᠢ︶ ᠢ ᠰᠢᠢᠳᠪᠦᠷᠢᠯᠡᠬᠦ ᠶᠢ ᠬᠠᠷᠢᠭᠤᠴᠠᠭᠤᠯᠤᠨ᠎ᠠ᠃ ᠡᠯ᠎ᠡ | ᠪᠠᠯᠭᠠᠰᠣᠨ ᠤ ᠠᠵᠢᠯ ᠤᠨ ᠲᠤᠰᠬᠠᠢ ᠪᠠᠭ ᠢ ᠪᠠᠶᠢᠭᠤᠯᠵᠤ᠂ ᠬᠠᠮᠢᠶ᠎ᠠ ᠪᠦᠬᠦᠢ ᠬᠤᠪᠢᠳᠠᠨ ᠬᠠᠮᠢᠶᠠᠷᠬᠤ ᠳᠡᠳ᠋ ᠬᠤᠰᠢᠭᠤ ᠳᠠᠷᠤᠭ᠎ᠠ ᠳᠤ ᠳᠣᠭᠤᠶᠢᠯᠠᠩ ᠤᠨ ᠳᠠᠷᠤᠭ᠎ᠠ | ᠶᠢᠨ ᠲᠤᠰᠢᠶᠠᠯ ᠢ ᠡᠬᠦᠷᠭᠡᠯᠡᠬᠦᠯᠦᠨ᠂ ᠡᠯ᠎ᠡ ᠪᠠᠯᠭᠠᠰᠣ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠣᠳᠣᠷᠢᠳᠣᠯᠭ᠎ᠠ᠂ ᠲᠤᠬᠠᠶᠢᠯᠠᠭᠰᠠᠨ ᠠᠵᠢᠯ ᠤᠨ | ᠭᠤᠤᠯᠯᠠᠭᠴᠢ ᠬᠦᠴᠦᠨ ᠢᠶᠠᠷ ᠠᠵᠢᠯ ᠤᠨ ᠳᠣᠭᠤᠶᠢᠯᠠᠩ ᠤᠨ ᠬᠡᠰᠢᠬᠦᠨ ᠪᠤᠯᠭᠠᠵᠤ᠂ ᠪᠦᠬᠦ ᠬᠤᠰᠢᠭᠤᠨ ᠤ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ | ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠬᠡᠳᠦᠯᠲᠡᠢ ᠳᠠᠩᠰᠠᠯᠠᠬᠤ ᠠᠵᠢᠯ ︵ᠳᠠᠭᠠᠯᠳᠣᠭᠤᠯᠣᠯ | 2 ᠢ ᠦᠵᠡᠬᠡᠷᠡᠢ︶ ᠢ ᠪᠦᠬᠦ ᠬᠦᠴᠦᠨ ᠢᠶᠠᠷ ᠠᠬᠢᠭᠤᠯᠤᠨ᠎ᠠ᠃ | 2. ᠠᠵᠢᠯ ᠤᠨ ᠵᠠᠷᠤᠳᠠᠯ ᠢ ᠨᠠᠶᠢᠲᠠᠪᠤᠷᠢᠵᠢᠭᠤᠯᠵᠤ᠂ ᠠᠵᠢᠯ ᠤᠨ ᠦᠷ᠎ᠡ ᠠᠰᠢᠭ ᠢ ᠳᠡᠭᠡᠭᠰᠢᠯᠡᠬᠦᠯᠦᠨ᠎ᠡ᠃ ᠣᠢ ᠶᠢᠨ ᠭᠠᠵᠠᠷ᠂ ᠨᠣᠲᠤᠭ ᠪᠡᠯᠴᠢᠭᠡᠷ ᠪᠠ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠬᠡᠳᠦᠯᠲᠡᠢ ᠳᠠᠩᠰᠠᠯᠠᠬᠤ ᠠᠵᠢᠯ ᠤᠨ | ᠡᠬᠦᠷᠭᠡ ᠶᠢ ᠦᠨᠳᠦᠰᠦᠯᠡᠨ᠂ ᠡᠯ᠎ᠡ ᠪᠠᠯᠭᠠᠰᠣᠨ ᠤ ᠠᠷᠠᠳ` ᠤᠨ ᠵᠠᠰᠠᠭ ᠤᠨ ᠣᠷᠳᠣᠨ ᠠᠴᠠ ᠲᠤᠯᠤᠭᠠᠶᠢᠯᠠᠨ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ᠂ ᠬᠡᠮᠵᠢᠨ | ᠵᠢᠷᠤᠭᠯᠠᠯᠲᠠ ᠶᠢᠨ ᠠᠵᠢᠯ ᠢ ᠬᠠᠷᠢᠭᠤᠴᠠᠵᠤ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ | ᠪᠢᠴᠢᠮᠡᠯ ᠳᠠᠩᠰᠠ ᠡᠪᠬᠡᠮᠡᠯ ᠤᠨ ᠡᠮᠬᠢᠳᠬᠡᠯ ᠪᠠ ᠡᠯᠧᠺᠲᠷᠣᠨ ᠰᠢᠷᠪᠢᠯᠲᠡ ᠶᠢᠨ ᠠᠵᠢᠯ ᠢ ᠬᠠᠷᠢᠭᠤᠴᠠᠨ᠂ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠠᠴᠠ | ᠡᠯᠧᠺᠲᠷᠤᠨ ᠳᠠᠩᠰᠠ ᠡᠪᠬᠡᠮᠡᠯ ᠢ ᠬᠦᠮᠦᠷᠭᠡᠯᠡᠬᠦ᠂ ᠬᠠᠮᠲᠤᠪᠡᠷ ᠡᠳ᠋ᠯᠡᠬᠦ ᠲᠤᠭ᠎ᠠ ᠪᠠᠷᠢᠮᠲᠠ᠂ ᠳ᠋ᠠᠶᠢᠲ᠋ᠠ ᠬᠦᠮᠦᠷᠭᠡ ᠪᠠᠶᠢᠭᠤᠯᠬᠤ᠂ ᠰᠢᠨ᠎ᠡ ᠪᠠᠷ ᠪᠠᠶᠢᠭᠤᠯᠤᠭᠰᠠᠨ ᠳᠠᠩᠰᠠ | ᠬᠠᠷ᠎ᠠ ᠶᠢ ᠡᠪᠬᠡᠮᠡᠯ ᠳᠤ ᠣᠷᠣᠭᠤᠯᠬᠤ᠂ ᠬᠦᠮᠦᠷᠭᠡᠯᠡᠬᠦ ᠠᠵᠢᠯ ᠢ ᠬᠠᠷᠢᠭᠤᠴᠠᠨ᠎ᠠ᠃ ᠡᠯ᠎ᠡ ᠰᠠᠯᠠᠭ᠎ᠠ ᠮᠦᠴᠢᠷ ᠤᠨ ᠬᠢᠨ ᠲᠦᠷᠦᠯ ᠵᠦᠢᠯ ᠤᠨ ᠲᠦᠰᠦᠪ ᠢᠶᠠᠨ | ᠬᠤᠰᠢᠭᠤ ᠵᠠᠰᠠᠭ ᠤᠨ ᠣᠷᠳᠣᠨ ᠳᠤ ᠮᠡᠳᠡᠬᠦᠯᠦᠨ ᠬᠢᠨᠠᠨ ᠵᠦᠪᠰᠢᠶᠡᠷᠡᠬᠦᠯᠵᠦ᠂ ᠵᠠᠷᠣᠳᠠᠯ ᠢ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠬᠤᠰᠢᠭᠤ ᠡᠳ᠋ ᠤᠨ ᠵᠠᠰᠠᠭ ᠤᠨ | ᠳᠣᠪᠴᠢᠶᠠᠨ ᠠᠴᠠ ᠲᠦᠷᠦᠯ ᠵᠦᠢᠯ ᠤᠨ ᠵᠠᠷᠤᠳᠠᠯ ᠣᠯᠭᠤᠬᠤ ᠶᠢ ᠦᠳᠲᠡᠷ ᠨᠠᠶᠢᠲᠠᠪᠤᠷᠢᠵᠢᠭᠤᠯᠤᠨ᠎ᠠ᠃ | 3. ᠬᠡᠷᠡᠭᠵᠢᠬᠦᠯᠬᠦ ᠲᠦᠰᠦᠯ ᠢ ᠲᠤᠭᠤᠷᠪᠢᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠤᠲᠤᠷᠬᠠᠶᠢᠯᠠᠨ᠎ᠠ᠃ ᠬᠤᠰᠢᠭᠤ ᠪᠠᠶᠢᠭᠠᠯᠢ ᠶᠢᠨ ᠡᠬᠢ ᠪᠠᠶᠠᠯᠢᠭ | ᠤᠨ ᠲᠤᠪᠴᠢᠶᠠᠨ ᠠᠴᠠ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠬᠤᠰᠢᠭᠤ ᠮᠠᠯ | ᠲᠠᠷᠢᠶᠠᠯᠠᠩ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠲᠠᠢ ᠬᠠᠮᠲᠤᠷᠠᠨ ᠬᠠᠮᠢᠶ᠎ᠠ ᠪᠦᠬᠦᠢ ᠲᠦᠷᠦ ᠶᠢᠨ ᠪᠤᠳᠣᠯᠭ᠎ᠠ᠂ ᠪᠢᠴᠢᠭ ᠮᠡᠲ᠋ᠧᠷᠢᠶᠡᠯ ᠤᠨ ᠱᠠᠭᠠᠷᠳᠠᠯᠭ᠎ᠠ | ᠶᠤᠰᠤᠭᠠᠷ᠂ ᠮᠠᠨ ᠤ ᠬᠤᠰᠢᠭᠤᠨ ᠤ ᠪᠤᠲᠠᠲᠠᠢ ᠲᠠᠢ ᠪᠠᠨ ᠣᠶᠠᠯᠳᠣᠭᠤᠯᠵᠣ᠂ ᠬᠡᠷᠡᠭᠵᠢᠬᠦᠯᠬᠦ ᠲᠦᠰᠦᠯ ᠢ ᠲᠤᠭᠤᠷᠪᠢᠨ᠎ᠡ᠃ ᠲᠤᠰᠬᠠᠢ ᠬᠦᠮᠦᠨ ᠢᠶᠠᠷ | ᠬᠠᠷᠢᠭᠤᠴᠠᠭᠤᠯᠬᠤ ᠶᠢ ᠨᠠᠶᠢᠲᠠᠪᠤᠷᠢᠵᠢᠭᠤᠯᠤᠨ᠂ ᠳᠠᠩᠰᠠ ᠮᠡᠲ᠋ᠧᠷᠢᠶᠡᠯ ᠰᠢᠯᠵᠢᠬᠦᠯᠦᠨ ᠲᠤᠰᠢᠶᠠᠬᠤ᠂ ᠮᠡᠷᠬᠡᠵᠢᠯ ᠤᠨ ᠠᠵᠢᠯ ᠤᠨ ᠡᠩᠨᠡᠭᠡᠨ ᠤ ᠬᠠᠷᠢᠴᠠᠭ᠎ᠠ | ᠵᠤᠬᠢᠴᠠᠭᠤᠯᠤᠯᠲᠠ᠂ ᠪᠤᠲᠠᠲᠠᠢ ᠠᠵᠢᠯ ᠢ ᠬᠡᠷᠡᠭᠵᠢᠬᠦᠯᠬᠦ ᠵᠡᠷᠭᠡ ᠲᠠᠯ᠎ᠠ ᠪᠠᠷ ᠠᠵᠢᠯ ᠤᠨ ᠬᠤᠪᠢᠶᠠᠷᠢᠯᠠᠯ ᠢᠶᠠᠨ ᠲᠤᠲᠤᠷᠬᠠᠶᠢᠯᠠᠵᠤ᠂ ᠲᠤᠰᠬᠠᠢ ᠬᠦᠮᠦᠨ ᠢᠶᠠᠷ | ᠵᠤᠬᠢᠴᠠᠭᠤᠯᠬᠤ ᠶᠢ ᠬᠡᠷᠡᠭᠵᠢᠬᠦᠯᠦᠨ᠂ ᠠᠵᠢᠯ ᠢᠮᠠᠭᠲᠠ ᠶᠠᠪᠤᠭᠳᠠᠬᠤ ᠶᠢ ᠪᠠᠲᠤᠯᠠᠨ᠎ᠠ᠃ | 4. ᠬᠤᠯᠪᠤᠭᠠᠲᠤ ᠬᠤᠷᠠᠯ ᠤᠨ ᠲᠤᠭᠲᠠᠴᠠ ᠶᠢ ᠪᠠᠶᠢᠭᠤᠯᠤᠨ᠎ᠠ᠃ ᠣᠢ ᠶᠢᠨ ᠭᠠᠵᠠᠷ᠂ ᠨᠣᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ | ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠲᠦᠷᠦᠯ ᠤᠨ ᠦᠯᠦ ᠬᠦᠳᠡᠯᠬᠦ ᠬᠦᠷᠦᠩᠭᠡ ᠶᠢ ᠳᠠᠩᠰᠠᠯᠠᠬᠤ ᠶᠠᠪᠤᠴᠠ ᠳᠤ ᠢᠯᠡᠷᠡᠭᠰᠡᠨ ᠬᠦᠨᠳᠦ ᠶᠡᠭᠡ ᠪᠤᠶᠤ ᠬᠦᠴᠢᠷ | ᠪᠡᠷᠬᠡᠲᠡᠢ ᠣᠴᠢᠷ ᠶᠠᠪᠤᠳᠠᠯ ᠢ ᠠᠵᠢᠯ ᠤᠨ ᠣᠳᠣᠷᠢᠳᠬᠤ ᠳᠣᠭᠤᠶᠢᠯᠠᠩ ᠤᠨ ᠪᠠᠶᠢᠩᠭᠤ ᠶᠢᠨ ᠬᠠᠷᠢᠭᠤᠴᠠᠭᠴᠢ ᠠᠴᠠ ᠵᠤᠬᠢᠶᠠᠨ ᠪᠠᠶᠢᠭᠤᠯᠵᠤ᠂ ᠡᠯ᠎ᠡ ᠪᠠᠯᠭᠠᠰᠣᠨ ᠤ | ᠠᠷᠠᠳ ᠤᠨ ᠵᠠᠰᠠᠭ ᠤᠨ ᠣᠷᠳᠣᠨ ᠠᠴᠠ ᠲᠤᠯᠤᠭᠠᠶᠢᠯᠠᠨ᠂ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ᠂ ᠬᠤᠰᠢᠭᠤ ᠮᠠᠯ ᠲᠠᠷᠢᠶᠠᠯᠠᠩ ᠤᠨ | ᠲᠤᠪᠴᠢᠶ᠎ᠠ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠠᠴᠠ ᠬᠠᠮᠲᠤᠪᠡᠷ ᠰᠣᠳᠣᠯᠣᠨ ᠲᠤᠭᠲᠠᠭᠠᠨ᠎ᠠ᠃ | | ︵ᠬᠤᠶᠠᠷ︶ ᠬᠡᠷᠡᠭᠵᠢᠬᠦᠯᠦᠯᠲᠡ ᠶᠢᠨ ᠱᠠᠲᠤ ᠦᠶ᠎ᠡ ︵2022 ᠣᠨ ᠤ 10 ᠰᠠᠷ᠎ᠠ ᠠᠴᠠ 2023 ᠣᠨ ᠤ 6 ᠰᠠᠷ᠎ᠠ︶ | 2022 ᠣᠨ ᠤ 10 ᠰᠠᠷ᠎ᠠ ᠠᠴᠠ 2022 ᠣᠨ ᠤ 12 ᠰᠠᠷ᠎ᠠ ᠳᠤ᠂ ︽ᠣᠲᠤᠭ ᠤᠨ ᠡᠮᠦᠨᠡᠲᠦ ᠬᠤᠰᠢᠭᠤᠨ ᠤ ᠣᠢ ᠶᠢᠨ ᠭᠠᠵᠠᠷ᠂ ᠨᠤᠲᠤᠭ ᠪᠡᠯᠴᠢᠭᠡᠷ | ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠬᠡᠳᠦᠯᠲᠡᠢ ᠳᠠᠩᠰᠠᠯᠠᠬᠤ ᠠᠵᠢᠯ ᠤᠨ | ᠲᠦᠰᠦᠯ︾ ᠳᠤ ᠰᠠᠨᠠᠯ ᠬᠤᠷᠢᠶᠠᠬᠤ ᠪᠠ ᠳᠠᠷᠤᠮᠠᠯᠯᠠᠨ ᠲᠠᠷᠬᠠᠭᠠᠬᠤ ᠠᠵᠢᠯ ᠢ ᠪᠡᠶᠡᠯᠡᠬᠦᠯᠦᠨ᠎ᠡ᠃ | 2022 ᠣᠨ ᠤ 10 ᠰᠠᠷ᠎ᠠ ᠠᠴᠠ 2023 ᠣᠨ ᠤ 12 ᠰᠠᠷ᠎ᠠ ᠳᠤ᠂ ᠣᠢ ᠶᠢᠨ ᠡᠷᠬᠡ᠂ ᠨᠤᠲᠤᠭ ᠪᠡᠯᠴᠢᠭᠡᠷ ᠤᠨ ᠲᠦᠷᠦᠯ ᠤᠨ ᠲᠤᠭ᠎ᠠ ᠪᠠᠷᠢᠮᠲᠠ ᠶᠢᠨ | ᠳᠠᠩᠰᠠ ᠡᠪᠬᠡᠮᠡᠯ ᠢ ᠰᠢᠯᠵᠢᠬᠦᠯᠦᠨ ᠲᠤᠰᠢᠶᠠᠬᠤ᠂ ᠬᠦᠮᠦᠷᠬᠡᠯᠡᠬᠦ᠂ ᠬᠤᠷᠢᠶᠠᠩᠭᠤᠶᠢᠯᠠᠨ ᠲᠤᠰᠢᠶᠠᠬᠤ ᠠᠵᠢᠯ ᠢ ᠪᠡᠶᠡᠯᠡᠬᠦᠯᠦᠨ᠎ᠡ᠃ | 2024 ᠣᠨ ᠤ 1 ᠰᠠᠷ᠎ᠠ ᠳᠤ᠂ ᠣᠢ ᠶᠢᠨ ᠡᠷᠬᠡ᠂ ᠨᠤᠲᠤᠭ ᠪᠡᠯᠴᠢᠭᠡᠷ ᠤᠨ ᠳᠠᠩᠰᠠᠯᠠᠯᠲᠠ ᠶᠢ ᠦᠯᠦ ᠬᠦᠳᠡᠯᠬᠦ ᠬᠦᠷᠦᠩᠭᠡ ᠶᠢᠨ ᠨᠢᠬᠡᠳᠦᠯᠲᠡᠢ | ᠳᠠᠩᠰᠠᠯᠠᠯᠲᠠ ᠳᠤ ᠣᠷᠣᠭᠤᠯᠵᠣ᠂ ᠡᠳᠦᠷ ᠲᠤᠲᠤᠮ ᠤᠨ ᠳᠠᠩᠰᠠᠯᠠᠯᠲᠠ ᠣᠷᠣᠭᠰᠢᠲᠠᠢ ᠶᠠᠪᠤᠭᠳᠠᠬᠤ ᠶᠢ ᠪᠠᠲᠤᠯᠠᠨ᠎ᠠ᠃ | 2023 ᠣᠨ ᠤ 1 ᠰᠠᠷ᠎ᠠ ᠠᠴᠠ 2023 ᠣᠨ ᠤ 12 ᠰᠠᠷ᠎ᠠ ᠶᠢᠨ ᠰᠠᠬᠦᠯᠴᠢ ᠪᠤᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ | ᠳᠠᠭᠠᠭᠠᠴᠢᠯᠠᠨ ᠡᠵᠡᠩᠨᠡᠬᠦ ᠡᠷᠬᠡ ᠶᠢᠨ ᠲᠦᠷᠦᠯ ᠤᠨ ᠲᠤᠭ᠎ᠠ ᠪᠠᠷᠢᠮᠲᠠ ᠶᠢᠨ ᠳᠠᠩᠰᠠ ᠡᠪᠬᠡᠮᠡᠯ ᠢ ᠰᠢᠯᠵᠢᠬᠦᠯᠦᠨ ᠲᠤᠰᠢᠶᠠᠬᠤ ᠠᠵᠢᠯ ᠢ ᠶᠠᠪᠤᠭᠳᠠᠭᠤᠯᠤᠨ᠎ᠠ᠃ | 2024 ᠣᠨ ᠤ 1 ᠰᠠᠷ᠎ᠠ ᠠᠴᠠ 2024 ᠣᠨ ᠤ 6 ᠰᠠᠷ᠎ᠠ ᠶᠢᠨ ᠰᠡᠬᠦᠯᠴᠢ ᠪᠤᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ | ᠳᠠᠭᠠᠭᠠᠴᠢᠯᠠᠨ ᠡᠵᠡᠩᠨᠡᠬᠦ ᠡᠷᠬᠡ ᠶᠢᠨ ᠲᠦᠷᠦᠯ ᠤᠨ ᠡᠯᠧᠺᠲᠷᠤᠨ ᠲᠤᠭ᠎ᠠ ᠪᠠᠷᠢᠮᠲᠠ ᠶᠢ ᠬᠦᠮᠦᠷᠬᠡᠯᠡᠬᠦ᠂ ᠬᠤᠷᠢᠶᠠᠩᠭᠤᠶᠢᠯᠠᠨ ᠲᠤᠰᠢᠶᠠᠬᠤ ᠠᠵᠢᠯ ᠢ ᠶᠠᠪᠤᠭᠳᠠᠭᠤᠯᠤᠨ᠎ᠠ᠃ | | 2024 ᠣᠨ ᠤ 6 ᠰᠠᠷ᠎ᠠ ᠠᠴᠠ 2024 ᠣᠨ ᠤ 12 ᠰᠠᠷ᠎ᠠ ᠶᠢᠨ ᠰᠡᠬᠦᠯᠴᠢ ᠪᠤᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ | ᠳᠠᠭᠠᠭᠠᠴᠢᠯᠠᠨ ᠡᠵᠡᠩᠨᠡᠬᠦ ᠡᠷᠬᠡ ᠶᠢᠨ ᠲᠦᠷᠦᠯ ᠤᠨ ᠳᠠᠩᠰᠠᠯᠠᠯᠲᠠ ᠶᠢ ᠦᠯᠦ ᠬᠦᠳᠡᠯᠬᠦ ᠬᠦᠷᠦᠩᠭᠡ ᠶᠢᠨ ᠨᠢᠬᠡᠳᠦᠯᠲᠡᠢ ᠳᠠᠩᠰᠠᠯᠠᠯᠲᠠ ᠳᠤ ᠣᠷᠣᠭᠤᠯᠵᠣ᠂ ᠡᠳᠦᠷ | ᠲᠤᠲᠤᠮ ᠤᠨ ᠳᠠᠩᠰᠠᠯᠠᠯᠲᠠ ᠣᠷᠣᠭᠰᠢᠲᠠᠢ ᠶᠠᠪᠤᠭᠳᠠᠬᠤ ᠶᠢ ᠪᠠᠲᠤᠯᠠᠨ᠎ᠠ᠃ | ᠨᠠᠢᠮᠠ᠂ ᠬᠠᠮᠵᠢᠯᠴᠠᠭ᠎ᠠ ᠵᠤᠬᠢᠴᠠᠭᠤᠯᠤᠯᠲᠠ ᠶᠢᠨ ᠴᠢᠩᠭᠠᠳᠬᠠᠯᠲᠠ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠮᠠᠯ ᠲᠠᠷᠢᠶᠠᠯᠠᠩ ᠤᠨ ᠲᠤᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ ᠬᠠᠷᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠨᠢᠭᠲᠠ | ᠬᠠᠮᠵᠢᠯᠴᠠᠵᠤ᠂ ᠰᠢᠯᠵᠢᠬᠦᠯᠦᠨ ᠲᠤᠰᠢᠶᠠᠬᠤ ᠬᠤᠭᠤᠴᠠᠭᠠᠨ ᠤ ᠡᠯ᠎ᠡ ᠲᠦᠷᠦᠯ ᠤᠨ ᠳᠠᠩᠰᠠᠯᠠᠯᠲᠠ ᠶᠢᠨ ᠠᠵᠢᠯ ᠢᠶᠠᠨ ᠬᠢᠨᠠᠮᠠᠭᠠᠢ ᠰᠠᠶᠢᠲᠤᠷ ᠬᠢᠨ᠂ ᠳᠠᠩᠰᠠᠯᠠᠬᠤ | ᠦᠨᠡᠮᠯᠡᠯ ᠣᠯᠭᠤᠬᠤ ᠠᠵᠢᠯ᠂ ᠣᠯᠠᠨ ᠲᠦᠮᠡᠨ ᠤ ᠭᠤᠶᠤᠴᠢᠯᠠᠨ ᠦᠨᠡᠮᠯᠡᠯ ᠠᠪᠬᠤ ᠶᠢ ᠨᠦᠯᠦᠬᠡᠯᠡᠬᠦ ᠦᠬᠡᠢ ᠪᠠᠶᠢᠬᠤ ᠶᠢ ᠪᠠᠲᠤᠯᠠᠨ᠎ᠠ᠃ ᠳᠡᠭᠡᠳᠦ ᠱᠠᠲᠤᠨ ᠠᠴᠠ | ᠪᠤᠲᠠᠲᠠᠢ ᠠᠵᠢᠯ ᠤᠨ ᠲᠦᠰᠦᠯ ᠭᠠᠷᠭᠠᠭᠰᠠᠨ ᠪᠠᠶᠢᠪᠠᠯ᠂ ᠲᠡᠷᠡ ᠶᠤᠰᠤᠭᠠᠷ ᠬᠡᠷᠡᠭᠵᠢᠬᠦᠯᠵᠦ᠂ ᠲᠤᠰ ᠲᠦᠰᠦᠯ ᠢ ᠬᠦᠴᠦᠨ ᠦᠬᠡᠢ ᠪᠤᠯᠭᠠᠨ᠎ᠠ᠃ | ᠳᠠᠭᠠᠯᠳᠣᠭᠤᠯᠣᠯ 1 | ᠣᠲᠤᠭ ᠤᠨ ᠡᠮᠦᠨᠡᠲᠦ ᠬᠤᠰᠢᠭᠤᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ | ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠣᠳᠣᠷᠢᠳᠬᠤ ᠳᠣᠭᠤᠶᠢᠯᠠᠩ | ᠳᠣᠭᠤᠶᠢᠯᠠᠩ ᠤᠨ ᠳᠠᠷᠤᠭ᠎ᠠ᠄ ᠶᠠᠩ ᠶᠢᠩ ᠰᠢᠨ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠦᠪᠯᠡᠯ ᠤᠨ ᠡᠷᠬᠢᠯᠡᠭᠴᠢ | ᠳᠣᠭᠤᠶᠢᠯᠠᠩ ᠤᠨ ᠳᠡᠳ᠋ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳ᠋ᠣᠸᠡᠨ ᡁᠢ ᠴᠢᠶᠠᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠷᠢᠯᠳᠦᠬᠦᠨ᠄ ᠭᠤᠤ ᠵᠤᠤ ᠸᠧᠢ ᠣᠯᠵᠠᠴᠢ ᠪᠠᠯᠭᠠᠰᠣᠨ ᠤ ᠪᠠᠯᠭᠠᠰᠣᠨ ᠳᠠᠷᠤᠭ᠎ᠠ | ᠪᠠᠶᠠᠨᠵᠢᠷᠭᠠᠯ ᠱᠠᠩᠬᠠᠢ ᠶᠢᠨ ᠰᠦᠮ᠎ᠡ ᠪᠠᠯᠭᠠᠰᠣᠨ ᠤ ᠪᠠᠯᠭᠠᠰᠣᠨ ᠳᠠᠷᠤᠭ᠎ᠠ | ᠦᠨᠡᠨᠴᠢ ᠪᠤᠷᠤᠪᠠᠯᠭᠠᠰᠣ ᠪᠠᠯᠭᠠᠰᠣᠨ ᠤ ᠪᠠᠯᠭᠠᠰᠣᠨ ᠳᠠᠷᠤᠭ᠎ᠠ | ᠸᠠᠩ ᠸᠧᠢ ᠨᠠᠩᠰᠣ ᠪᠠᠯᠭᠠᠰᠣᠨ ᠤ ᠪᠠᠯᠭᠠᠰᠣᠨ ᠳᠠᠷᠤᠭ᠎ᠠ | ᠡᠷᠳᠡᠨᠢᠪᠤᠯᠠᠭ ᠬᠤᠰᠢᠭᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭᠠᠨ ᠤ ᠵᠦᠪᠯᠡᠯ ᠤᠨ ᠠᠯᠪᠠᠨ ᠭᠡᠷ ᠤᠨ ᠡᠷᠬᠢᠯᠡᠭᠴᠢ | ᠪᠠᠶᠠᠨᠮᠦ᠋ᠩᠭᠡ ᠬᠤᠰᠢᠭᠤ ᠠᠷᠠᠳ ᠤᠨ ᠶᠠᠪᠤᠳᠠᠯ ᠤᠨ ᠳᠣᠪᠴᠢᠶᠠᠨ ᠤ ᠲᠤᠪᠴᠢᠶᠠᠨ ᠳᠠᠷᠤᠭ᠎ᠠ | ᠬᠤᠸᠠᠩ ᠪᠢᠨ ᠬᠤᠰᠢᠭᠤ ᠬᠠᠣᠯᠢ ᠴᠠᠭᠠᠵᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ | ᠰᠧ ᠪᠤᠤ ᠳ᠋ᠦᠩ ᠬᠤᠰᠢᠭᠤ ᠡᠳ᠋ ᠤᠨ ᠵᠠᠰᠠᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠵᠠᠩ ᠹᠦ᠋ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠣᠪᠴᠢᠶᠠᠨ ᠳᠠᠷᠤᠭ᠎ᠠ | ᠯᠢᠶᠠᠩ ᠵᠢᠶᠡᠨ ᠵᠢᠶᠦ᠋ᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠣᠪᠴᠢᠶᠠᠨ ᠳᠠᠷᠤᠭ᠎ᠠ | ᠮᠣᠣ ᠪᠤᠤ ᠯᠢᠨ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠳᠣᠪᠴᠢᠶᠠᠨ ᠤ ᠳᠣᠪᠴᠢᠶᠠᠨ ᠳᠠᠷᠤᠭ᠎ᠠ | ᠶᠠᠩ ᠳ᠋ᠦᠩ ᠬᠤᠰᠢᠭᠤ ᠲᠤᠲᠤᠭᠠᠲᠤ ᠶᠢ ᠬᠠᠮᠠᠭᠠᠯᠠᠬᠤ ᠳᠣᠪᠴᠢᠶᠠᠨ ᠤ ᠳᠡᠳ᠋ ᠳᠠᠷᠤᠭ᠎ᠠ | ᠪᠤᠶᠠᠨᠳᠠᠯᠠᠢ ᠬᠤᠰᠢᠭᠤ ᠠᠷᠠᠳ ᠤᠨ ᠰᠢᠬᠦᠬᠦ ᠬᠤᠷᠢᠶᠠᠨ ᠤ ᠳᠡᠳ᠋ ᠳᠠᠷᠤᠭ᠎ᠠ | ᠴᠢᠭᠯᠡᠯ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ | ᠶᠠᠩ ᠶᠦᠩ ᠴᠧᠨ ᠬᠤᠰᠢᠭᠤ ᠳᠠᠩᠰᠠ ᠡᠪᠬᠡᠮᠡᠯ ᠲᠡᠣᠬᠡ ᠣᠶᠢᠯᠠᠯᠭ᠎ᠠ ᠶᠢᠨ ᠣᠷᠳᠣᠨ ᠤ ᠳᠠᠷᠤᠭ᠎ᠠ | ᠶᠠᠨ ᠱᠢ ᠷᠦᠩ ᠬᠤᠰᠢᠭᠤ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠪ ᠤᠨ ᠡᠷᠬᠢᠯᠡᠭᠴᠢ | ᠬᠠᠷᠢᠯᠴᠠᠭᠴᠢ᠄ ᠨᠢᠦ ᠢᠦᠢ ᠯᠢᠨ ᠬᠤᠰᠢᠭᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠷᠬᠢᠯᠡᠭᠴᠢ ︵13947716854︶ | ᠰᠡᠷᠡᠩ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠬᠢᠨᠠᠨ ᠴᠤᠬᠤᠯᠠᠪᠤᠷᠢᠯᠠᠬᠤ ᠲᠠᠰᠤᠭ ᠤᠨ ᠬᠠᠷᠢᠭᠤᠴᠠᠯᠭᠠᠲᠠᠨ | ︵15047332444︶ | ᠬᠤᠪᠢᠲᠤ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠠᠵᠢᠯᠲᠠᠨ ︵13624877210︶ | ᠳᠠᠭᠠᠯᠳᠣᠭᠤᠯᠣᠯ 2 | ᠣᠯᠵᠠᠴᠢ ᠪᠠᠯᠭᠠᠰᠣᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ | ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠲᠤᠰᠬᠠᠢ ᠪᠠᠭ | ᠳᠣᠭᠤᠶᠢᠯᠠᠩ ᠤᠨ ᠳᠠᠷᠤᠭ᠎ᠠ᠄ ᠳ᠋ᠣᠸᠡᠨ ᡁᠢ ᠴᠢᠶᠠᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠵᠠᠩ ᠹᠦ᠋ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠣᠪᠴᠢᠶᠠᠨ ᠳᠠᠷᠤᠭ᠎ᠠ | ᠯᠢᠶᠠᠩ ᠵᠢᠶᠡᠨ ᠵᠢᠶᠦ᠋ᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠣᠪᠴᠢᠶᠠᠨ ᠳᠠᠷᠤᠭ᠎ᠠ | ᠪᠦᠷᠢᠯᠳᠦᠬᠦᠨ᠄ ᠡᠾᠧ ᠵᠢᠦ ᠣᠯᠵᠠᠴᠢ ᠪᠠᠯᠭᠠᠰᠣᠨ ᠤ ᠨᠠᠮ ᠤᠨ ᠬᠤᠷᠢᠶᠠᠨ ᠤ ᠬᠡᠰᠢᠬᠦᠨ᠂ ᠪᠠᠯᠭᠠᠰᠣᠨ ᠳᠡᠳ᠋ ᠳᠠᠷᠤᠭ᠎ᠠ | ᠢᠦᠢ ᠫᠸᠢ ᡁᠢ ᠣᠯᠵᠠᠴᠢ ᠪᠠᠯᠭᠠᠰᠣᠨ ᠤ ᠳᠡᠳ᠋ ᠳᠠᠷᠤᠭ᠎ᠠ | ᠯᠢᠦ ᠶᠡᠨ ᠮᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠡᠳ᠋ ᠳᠠᠷᠤᠭ᠎ᠠ | ᠵᠠᠩ ᠬᠤᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ | ᠯᠢ ᠶᠢᠨ ᠰᠢᠶᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠡᠳ᠋ ᠳᠠᠷᠤᠭ᠎ᠠ | ᠰᠡᠷᠡᠩ ᠬᠤᠰᠢᠭᠤ ᠲᠤᠭᠠᠴᠠᠯᠠᠭᠰᠠᠨ ᠨᠤᠲᠤᠭ ᠪᠡᠯᠴᠢᠭᠡᠷ ᠤᠨ ᠲᠦᠪ ᠤᠨ ᠡᠷᠬᠢᠯᠡᠭᠴᠢ | ᠨᠢᠦ ᠢᠦᠢ ᠯᠢᠨ ᠬᠤᠰᠢᠭᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠷᠬᠢᠯᠡᠭᠴᠢ | ᠮᠠ ᠸᠧᠨ ᠷᠦᠢ ᠤᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠤᠨ ᠲᠦᠬᠡᠮᠡᠯᠵᠢᠬᠦᠯᠦᠯᠲᠡ ᠶᠢᠨ ᠲᠦᠪ ᠤᠨ | ᠡᠷᠬᠢᠯᠡᠭᠴᠢ | ᠱᠣᠣ ᠵᠢᠩ ᠪᠦᠸᠧ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠣᠯᠵᠠᠴᠢ ᠪᠠᠯᠭᠠᠰᠣᠨ ᠳᠠᠬᠢ ᠪᠠᠶᠢᠭᠠᠯᠢ ᠶᠢᠨ ᠡᠬᠢ | ᠪᠠᠶᠠᠯᠢᠭ ᠤᠨ ᠭᠠᠵᠠᠷ ᠤᠨ ᠳᠠᠷᠤᠭ᠎ᠠ | ᠵᠠᠩ ᠸᠧᠨ ᠬᠤ᠋ ᠤᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠳᠡᠳ᠋ | ᠡᠷᠬᠢᠯᠡᠭᠴᠢ | ᠬᠠᠰᠮᠦ᠋ᠷᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠣᠢ ᠶᠢᠨ ᠭᠠᠵᠠᠷ ᠤᠨ ᠠᠵᠢᠯᠲᠠᠨ | ᠬᠠᠨ ᠴᠧᠨ ᠭᠠᠩ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠠᠵᠢᠯᠲᠠᠨ | ᠰᠣᠶᠣᠯᠳᠠᠯᠠᠢ ᠮᠠᠯ ᠲᠠᠷᠢᠶᠠᠯᠠᠩ ᠤᠨ ᠳᠣᠪᠴᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠦᠢᠯᠡᠴᠢᠯᠡᠬᠡᠨ ᠤ ᠲᠦᠪ ᠤᠨ | ᠠᠵᠢᠯᠲᠠᠨ | ᠵᠠᠩ ᠱᠣ᠋ ᠯᠢ ᠤᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠠᠵᠢᠯᠲᠠᠨ | ᠱᠠᠩᠬᠠᠢ ᠶᠢᠨ ᠰᠦᠮ᠎ᠡ ᠪᠠᠯᠭᠠᠰᠣᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ | ᠡᠵᠡᠩᠨᠡᠬᠦ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠲᠤᠰᠬᠠᠢ ᠪᠠᠭ | ᠳᠣᠭᠤᠶᠢᠯᠠᠩ ᠤᠨ ᠳᠠᠷᠤᠭ᠎ᠠ᠄ ᠳ᠋ᠣᠸᠡᠨ ᡁᠢ ᠴᠢᠶᠠᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠵᠠᠩ ᠹᠦ᠋ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠣᠪᠴᠢᠶᠠᠨ ᠳᠠᠷᠤᠭ᠎ᠠ | ᠯᠢᠶᠠᠩ ᠵᠢᠶᠡᠨ ᠵᠢᠶᠦ᠋ᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠣᠪᠴᠢᠶᠠᠨ | ᠳᠠᠷᠤᠭ᠎ᠠ | ᠪᠦᠷᠢᠯᠳᠦᠬᠦᠨ᠄ ᠬᠠᠰᠵᠢᠷᠭᠠᠯ ᠱᠠᠩᠬᠠᠢ ᠶᠢᠨ ᠰᠦᠮ᠎ᠡ ᠪᠠᠯᠭᠠᠰᠣᠨ ᠤ ᠪᠠᠯᠭᠠᠰᠣᠨ ᠳᠡᠳ᠋ ᠳᠠᠷᠤᠭ᠎ᠠ | ᠯᠢᠦ ᠶᠡᠨ ᠮᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠡᠳ᠋ ᠳᠠᠷᠤᠭ᠎ᠠ | ᠵᠠᠩ ᠬᠤᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ | ᠯᠢ ᠶᠢᠨ ᠰᠢᠶᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠡᠳ᠋ ᠳᠠᠷᠤᠭ᠎ᠠ | ᠨᠢᠦ ᠢᠦᠢ ᠯᠢᠨ ᠬᠤᠰᠢᠭᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠷᠬᠢᠯᠡᠭᠴᠢ | ᠰᠡᠷᠡᠩ ᠬᠤᠰᠢᠭᠤ ᠲᠤᠭᠠᠴᠠᠯᠠᠭᠰᠠᠨ ᠨᠤᠲᠤᠭ ᠪᠡᠯᠴᠢᠭᠡᠷ ᠤᠨ ᠲᠦᠪ ᠤᠨ ᠡᠷᠬᠢᠯᠡᠭᠴᠢ | ᠱᠢ ᠳ᠋ᠦᠩ ᠱᠧᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠱᠠᠩᠬᠠᠢ ᠶᠢᠨ ᠰᠦᠮ᠎ᠡ ᠪᠠᠯᠭᠠᠰᠣᠨ ᠳᠠᠬᠢ ᠪᠠᠶᠢᠭᠠᠯᠢ ᠶᠢᠨ | ᠡᠬᠢ ᠪᠠᠶᠠᠯᠢᠭ ᠤᠨ ᠭᠠᠵᠠᠷ ᠤᠨ ᠳᠠᠷᠤᠭ᠎ᠠ | ᠬᠠᠰᠮᠦ᠋ᠷᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠣᠢ ᠶᠢᠨ ᠭᠠᠵᠠᠷ ᠤᠨ ᠠᠵᠢᠯᠲᠠᠨ | ᠬᠠᠨ ᠴᠧᠨ ᠭᠠᠩ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠠᠵᠢᠯᠲᠠᠨ | ᠬᠤᠪᠢᠲᠤ ᠮᠠᠯ ᠲᠠᠷᠢᠶᠠᠯᠠᠩ ᠤᠨ ᠳᠣᠪᠴᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠦᠢᠯᠡᠴᠢᠯᠡᠬᠡᠨ ᠤ ᠲᠦᠪ ᠤᠨ ᠠᠵᠢᠯᠲᠠᠨ | ᠠᠷᠢᠭᠤᠨ᠎ᠠ ᠱᠠᠩᠬᠠᠢ ᠶᠢᠨ ᠰᠦᠮ᠎ᠡ ᠪᠠᠯᠭᠠᠰᠣᠨ ᠤ ᠶᠡᠷᠦᠩᠬᠡᠶᠢᠯᠡᠭᠰᠡᠨ ᠮᠡᠷᠬᠡᠵᠢᠯ ᠤᠨ ᠲᠦᠪ ᠤᠨ ᠠᠵᠢᠯᠲᠠᠨ | ᠵᠢᠷᠭᠠᠯᠳᠠᠯᠠᠢ ᠱᠠᠩᠬᠠᠢ ᠶᠢᠨ ᠰᠦᠮ᠎ᠡ ᠪᠠᠯᠭᠠᠰᠣᠨ ᠤ ᠶᠡᠷᠦᠩᠬᠡᠶᠢᠯᠡᠭᠰᠡᠨ ᠮᠡᠷᠬᠡᠵᠢᠯ ᠤᠨ ᠲᠦᠪ ᠤᠨ ᠠᠵᠢᠯᠲᠠᠨ | ᠪᠤᠷᠤᠪᠠᠯᠭᠠᠰᠣ ᠪᠠᠯᠭᠠᠰᠣᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ | ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠲᠤᠰᠬᠠᠢ ᠪᠠᠭ | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠵᠠᠩ ᠹᠦ᠋ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠣᠪᠴᠢᠶᠠᠨ ᠳᠠᠷᠤᠭ᠎ᠠ | ᠯᠢᠶᠠᠩ ᠵᠢᠶᠡᠨ ᠵᠢᠶᠦ᠋ᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠣᠪᠴᠢᠶᠠᠨ | ᠳᠠᠷᠤᠭ᠎ᠠ | ᠪᠦᠷᠢᠯᠳᠦᠬᠦᠨ᠄ ᠪᠠᠢ ᠯᠣ᠋ ᠪᠤᠷᠤᠪᠠᠯᠭᠠᠰᠣ ᠪᠠᠯᠭᠠᠰᠣᠨ ᠤ ᠪᠠᠯᠭᠠᠰᠣᠨ ᠳᠡᠳ᠋ ᠳᠠᠷᠤᠭ᠎ᠠ | ᠯᠢᠦ ᠶᠡᠨ ᠮᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠡᠳ᠋ ᠳᠠᠷᠤᠭ᠎ᠠ | ᠵᠠᠩ ᠬᠤᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ | ᠯᠢ ᠶᠢᠨ ᠰᠢᠶᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠡᠳ᠋ ᠳᠠᠷᠤᠭ᠎ᠠ | ᠰᠡᠷᠡᠩ ᠬᠤᠰᠢᠭᠤ ᠲᠤᠭᠠᠴᠠᠯᠠᠭᠰᠠᠨ ᠨᠤᠲᠤᠭ ᠪᠡᠯᠴᠢᠭᠡᠷ ᠤᠨ ᠲᠦᠪ ᠤᠨ ᠡᠷᠬᠢᠯᠡᠭᠴᠢ | ᠪᠤᠯᠠᠭ ᠮᠠᠯ ᠲᠠᠷᠢᠶᠠᠯᠠᠩ ᠤᠨ ᠳᠣᠪᠴᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠦᠢᠯᠡᠴᠢᠯᠡᠬᠡᠨ ᠤ ᠲᠦᠪ ᠤᠨ ᠡᠷᠬᠢᠯᠡᠭᠴᠢ | ᠨᠢᠦ ᠢᠦᠢ ᠯᠢᠨ ᠬᠤᠰᠢᠭᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠷᠬᠢᠯᠡᠭᠴᠢ | ᠪᠦᠬᠡ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠪᠤᠷᠤᠪᠠᠯᠭᠠᠰᠣ ᠪᠠᠯᠭᠠᠰᠣᠨ ᠳᠠᠬᠢ ᠪᠠᠶᠢᠭᠠᠯᠢ ᠶᠢᠨ ᠡᠬᠢ ᠪᠠᠶᠠᠯᠢᠭ | ᠤᠨ ᠭᠠᠵᠠᠷ ᠤᠨ ᠳᠠᠷᠤᠭ᠎ᠠ | ᠵᠢᠶᠠ ᡁᠢ ᠸᠧᠢ ᠪᠤᠷᠤᠪᠠᠯᠭᠠᠰᠣ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ | ᠡᠷᠬᠢᠯᠡᠭᠴᠢ | ᠬᠠᠰᠮᠦ᠋ᠷᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠣᠢ ᠶᠢᠨ ᠭᠠᠵᠠᠷ ᠤᠨ ᠠᠵᠢᠯᠲᠠᠨ | ᠵᠢᠷᠠᠨᠠ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠠᠵᠢᠯᠲᠠᠨ | ᠲᠠᠩᠬᠢᠰ ᠪᠤᠷᠤᠪᠠᠯᠭᠠᠰᠣ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠠᠵᠢᠯᠲᠠᠨ | ᠸᠠᠩ ᠶᠠᠩ ᠪᠤᠷᠤᠪᠠᠯᠭᠠᠰᠣ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠬᠡᠵᠢᠯ ᠲᠦᠬᠡᠮᠡᠯᠵᠢᠬᠦᠯᠦᠯᠲᠡ ᠶᠢᠨ ᠲᠦᠪ ᠤᠨ ᠠᠵᠢᠯᠲᠠᠨ | ᠨᠠᠩᠰᠣ ᠪᠠᠯᠭᠠᠰᠣᠨ ᠤ ᠣᠢ ᠶᠢᠨ ᠭᠠᠵᠠᠷ᠂ ᠨᠤᠲᠤᠭ ᠪᠡᠯᠴᠢᠭᠡᠷ ᠪᠠ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶᠢᠨ | ᠦᠯᠦ ᠬᠦᠳᠡᠯᠬᠦ ᠬᠦᠷᠦᠩᠭᠡ ᠶᠢ ᠨᠢᠭᠡᠳᠦᠯᠲᠡᠢ ᠳᠠᠩᠰᠠᠯᠠᠬᠤ ᠠᠵᠢᠯ ᠤᠨ ᠲᠤᠰᠬᠠᠢ ᠪᠠᠭ | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠵᠠᠩ ᠹᠦ᠋ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠣᠪᠴᠢᠶᠠᠨ ᠳᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠣᠪᠴᠢᠶᠠᠨ ᠳᠠᠷᠤᠭ᠎ᠠ | ᠯᠢᠶᠠᠩ ᠵᠢᠶᠡᠨ ᠵᠢᠶᠦ᠋ᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠣᠪᠴᠢᠶᠠᠨ ᠳᠠᠷᠤᠭ᠎ᠠ | ᠪᠦᠷᠢᠯᠳᠦᠬᠦᠨ᠄ ᠰᠢᠶᠧ ᠵᠢᠶᠡᠨ ᠪᠢᠨ ᠨᠠᠩᠰᠣ ᠪᠠᠯᠭᠠᠰᠣᠨ ᠤ ᠪᠠᠯᠭᠠᠰᠣᠨ ᠳᠡᠳ᠋ ᠳᠠᠷᠤᠭ᠎ᠠ | ᠯᠢᠦ ᠶᠡᠨ ᠮᠢᠨ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠳᠡᠳ᠋ ᠳᠠᠷᠤᠭ᠎ᠠ | ᠵᠠᠩ ᠬᠤᠢ ᠬᠤᠰᠢᠭᠤ ᠮᠠᠯ ᠲᠠᠷᠢᠶᠠᠯᠠᠩ ᠤᠨ ᠳᠣᠪᠴᠢᠶᠠᠨ ᠤ ᠳᠡᠳ᠋ ᠳᠠᠷᠤᠭ᠎ᠠ | ᠯᠢ ᠶᠢᠨ ᠰᠢᠶᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠳᠡᠳ᠋ ᠳᠠᠷᠤᠭ᠎ᠠ | ᠰᠡᠷᠡᠩ ᠬᠤᠰᠢᠭᠤ ᠲᠤᠭᠠᠴᠠᠯᠠᠭᠰᠠᠨ ᠨᠤᠲᠤᠭ ᠪᠡᠯᠴᠢᠭᠡᠷ ᠤᠨ ᠲᠦᠪ ᠤᠨ ᠡᠷᠬᠢᠯᠡᠭᠴᠢ | ᠨᠢᠦ ᠢᠦᠢ ᠯᠢᠨ ᠬᠤᠰᠢᠭᠤ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠶᠢᠨ ᠲᠦᠪ ᠤᠨ ᠡᠷᠬᠢᠯᠡᠭᠴᠢ | ᠯᠾᠰᠦ᠋ᠷᠦᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠨᠠᠩᠰᠣ ᠪᠠᠯᠭᠠᠰᠣᠨ ᠳᠠᠬᠢ ᠪᠠᠶᠢᠭᠠᠯᠢ ᠶᠢᠨ ᠡᠬᠢ ᠪᠠᠶᠠᠯᠢᠭ ᠤᠨ | ᠭᠠᠵᠠᠷ ᠤᠨ ᠳᠠᠷᠤᠭ᠎ᠠ | ᠪᠤᠤᠰᠣᠸᠡᠷ ᠨᠠᠩᠰᠣ ᠪᠠᠯᠭᠠᠰᠣᠨ ᠤ ᠶᠡᠷᠦᠩᠬᠡᠶᠢᠯᠡᠭᠰᠡᠨ ᠮᠡᠷᠬᠡᠵᠢᠯ ᠤᠨ ᠲᠦᠪ ᠤᠨ ᠡᠷᠬᠢᠯᠡᠭᠴᠢ | ᠣᠷᠠᠨᠳᠦ᠋ᠰᠢ ᠨᠠᠩᠰᠣ ᠪᠠᠯᠭᠠᠰᠣᠨ ᠤ ᠶᠡᠷᠦᠩᠬᠡᠶᠢᠯᠡᠭᠰᠡᠨ ᠮᠡᠷᠬᠡᠵᠢᠯ ᠤᠨ ᠲᠦᠪ ᠤᠨ ᠳᠡᠳ᠋ ᠡᠷᠬᠢᠯᠡᠭᠴᠢ | ᠬᠠᠰᠮᠦ᠋ᠷᠡᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠤ ᠣᠢ ᠶᠢᠨ ᠭᠠᠵᠠᠷ ᠤᠨ ᠠᠵᠢᠯᠲᠠᠨ | ᠲᠤᠨᠠᠯ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠤ ᠠᠵᠢᠯᠲᠠᠨ | ᠰᠡᠴᠡᠨᠪᠢᠯᠢᠭ ᠮᠠᠯ ᠲᠠᠷᠢᠶᠠᠯᠠᠩ ᠤᠨ ᠳᠣᠪᠴᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ ᠦᠢᠯᠡᠴᠢᠯᠡᠬᠡᠨ ᠤ ᠲᠦᠪ ᠤᠨ | ᠠᠵᠢᠯᠲᠠᠨ | ᠢᠷᠠᠭᠤ ᠨᠠᠩᠰᠣ ᠪᠠᠯᠭᠠᠰᠣᠨ ᠤ ᠶᠡᠷᠦᠩᠬᠡᠶᠢᠯᠡᠭᠰᠡᠨ ᠮᠡᠷᠬᠡᠵᠢᠯ ᠤᠨ ᠲᠦᠪ ᠤᠨ ᠠᠵᠢᠯᠲᠠᠨ | | ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠵᠠᠰᠠᠭ ᠤᠨ ᠤᠷᠳᠤᠨ ᠤ ᠠᠯᠪᠠᠨ ᠬᠡᠷ | 2023 ᠤᠨ ᠤ 4 ᠰᠠᠷ᠎ᠠ ᠶᠢᠨ 3 ᠤ ᠡᠳᠤᠷ ᠳᠠᠷᠤᠮᠠᠯᠯᠠᠨ ᠳᠠᠷᠬᠠᠭᠠᠪᠠ | |