ᠤᠳᠤᠭ ᠤᠨ ᠡᠮᠥᠨᠡᠳᠤ ᠬᠤᠰᠢᠭᠤᠨ ᠤ 2023 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ | ᠶᠢᠨ ᠪᠠᠶᠢᠳᠠᠯ ᠪᠠ 2024 ᠤᠨ ᠤ ᠡᠳ᠋ ᠤᠨ ᠵᠠᠰᠠᠭ ᠤᠨ ᠳᠥᠰᠥᠪ ᠤᠨ ᠳᠥᠰᠥᠯ ᠤᠨ ᠮᠡᠳᠡᠬᠦᠯᠥᠯᠲᠡ | | | —— 2024 ᠤᠨ ᠤ 1 ᠰᠠᠷ᠎ᠠ ᠶᠢᠨ 9 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠬᠡᠳᠣᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | ᠤᠳᠤᠭ ᠤᠨ ᠡᠮᠥᠨᠡᠳᠤ ᠬᠤᠰᠢᠭᠤᠨ ᠤ ᠡᠳ᠋ ᠤᠨ ᠵᠠᠰᠠᠭ ᠤᠨ ᠳᠤᠪᠴᠢᠶ᠎ᠠ | | | ᠲᠥᠯᠥᠭᠡᠯᠡᠭᠴᠢᠳ ᠡ᠄ | ᠬᠤᠰᠢᠭᠤ ᠠᠷᠠᠳ ᠤᠨ ᠵᠠᠰᠠᠭ ᠤᠨ ᠤᠷᠳᠤᠨ ᠤ ᠨᠠᠶᠢᠲᠠᠯᠭ᠎ᠠ ᠪᠠᠷ᠂ ᠡᠳᠦᠭᠡ ᠤᠳᠤᠭ ᠤᠨ ᠡᠮᠥᠨᠡᠳᠤ ᠬᠤᠰᠢᠭᠤᠨ ᠤ 2023 ᠤᠨ ᠤ ᠡᠳ᠋ ᠤᠨ ᠵᠠᠰᠠᠭ ᠤᠨ | ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ ᠪᠠ 2024 ᠤᠨ ᠤ ᠡᠳ᠋ ᠤᠨ ᠵᠠᠰᠠᠭ ᠤᠨ ᠲᠦᠰᠦᠪ ᠤᠨ ᠳᠥᠰᠥᠯ ᠤᠨ ᠮᠡᠳᠡᠬᠦᠯᠥᠯᠲᠡ ᠪᠠᠨ ᠳᠤᠰ ᠤᠳᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠬᠦᠯᠵᠤ ᠬᠢᠨᠠᠨ ᠵᠦᠪᠯᠠᠭᠦᠯᠣᠶ᠎ᠡ᠂ ᠤᠯᠤᠰ ᠲᠥᠷᠥ ᠶᠢᠨ ᠵᠦᠪᠯᠡᠯᠬᠡᠨ ᠤ ᠬᠡᠰᠢᠭᠦᠳ ᠪᠤᠯᠤᠨ ᠬᠤᠷᠠᠯ ᠳᠤ | ᠰᠤᠯᠠ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ᠃ | ᠨᠢᠭᠡ᠂ 2023 ᠤᠨ ᠤ ᠡᠳ᠋ ᠤᠨ ᠵᠠᠰᠠᠭ ᠤᠨ ᠳᠥᠰᠥᠪ ᠤᠨ ᠬᠡᠷᠡᠭᠵᠢᠬᠦᠯᠤᠯᠳᠠ ᠶᠢᠨ ᠪᠠᠶᠢᠳᠠᠯ | 2023 ᠣᠨ ᠠᠴᠠ ᠨᠠᠭᠠᠰᠢ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠣᠮᠳᠠᠲᠣ ᠣᠯᠣᠰ ᠤᠨ | ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠣᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ | ᠨᠠᠶᠢᠲᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢ ᠪᠠᠶᠢᠷᠢᠯᠠᠭᠤᠯᠤᠯᠲᠠ ᠶᠤᠰᠤᠭᠠᠷ᠂ ᠪᠦᠬᠦ ᠵᠢᠯ ᠤᠨ ᠠᠵᠢᠯ ᠤᠨ | ᠬᠠᠷᠠᠯᠳᠠ ᠶᠢᠨ ᠳᠤᠭᠤᠷᠢᠨ ᠳᠤ ᠬᠠᠤᠯᠢ ᠶᠤᠰᠤᠭᠠᠷ ᠡᠳ᠋ ᠮᠦᠩᠬᠦ ᠬᠤᠷᠠᠮᠳᠤᠭᠤᠯᠬᠤ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠵᠤᠬᠢᠰᠳᠠᠢ | ᠪᠠᠷ ᠡᠳ᠋ ᠮᠦᠩᠬᠦ ᠬᠡᠷᠡᠭᠯᠡᠬᠦ ᠶᠢ ᠪᠠᠷᠢᠮᠳᠠᠯᠠᠨ᠂ ᠬᠢᠵᠠᠭᠠᠷ ᠱᠤᠭᠤᠮ ᠤᠨ ᠰᠡᠤᠨᠬᠢᠬᠦᠢ ᠶᠢ ᠪᠠᠳᠤ ᠰᠠᠬᠢᠵᠤ᠂ ᠬᠦᠴᠢᠷ ᠢ ᠰᠢᠪᠳᠤᠯᠬᠤ ᠪᠠᠷ ᠴᠢᠷᠮᠠᠶᠢᠨ᠂ ᠰᠠᠨᠠᠭᠠᠴᠢᠯᠠᠭ᠎ᠠ | ᠠᠴᠠ ᠪᠠᠨ ᠠᠵᠢᠯᠯᠠᠨ ᠨᠢᠭᠳᠠ ᠬᠠᠮᠵᠢᠯᠴᠠᠵᠤ᠂ ᠪᠦᠬᠦ ᠬᠤᠰᠢᠭᠤᠨ ᠤ ᠡᠳ᠋ ᠤᠨ ᠵᠠᠰᠠᠭ ᠤᠨ ᠳᠤᠭᠳᠠᠭᠤᠨ ᠡᠷᠡᠬᠦᠯ ᠡᠷᠬᠢᠯᠳᠠ ᠪᠠ ᠪᠦᠬᠦ ᠵᠢᠯ ᠤᠨ ᠠᠵᠢᠯ ᠤᠨ | ᠬᠠᠷᠠᠯᠳᠠ ᠡᠬᠦᠷᠬᠡ ᠶᠢᠨ ᠴᠢᠨᠠᠷᠯᠢᠭ ᠪᠡᠶᠡᠯᠡᠬᠦᠯᠤᠯᠳᠠ ᠶᠢ ᠪᠠᠳᠤᠯᠠᠭᠰᠡᠨ ᠪᠠᠶᠢᠨ᠎ᠠ᠃ | ︵ᠨᠢᠭᠡ︶ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2023 ᠤᠨ ᠳᠤ ᠪᠦᠬᠦ ᠬᠤᠰᠢᠭᠤᠨ ᠤ ᠨᠠᠶᠢᠳᠠ ᠶᠢᠨ | ᠡᠳ᠋ ᠤᠨ ᠵᠠᠰᠠᠭ ᠤᠨ ᠲᠦᠰᠤᠪ ᠤᠨ ᠶᠡᠷᠤᠩᠬᠡᠢ ᠤᠷᠤᠯᠭ᠎ᠠ ᠵᠢᠱᠢᠯᠳᠠ ᠪᠠᠷ 64.37 ᠳ᠋ᠦᠩᠰᠢᠭᠤᠷ ᠲᠦᠬᠦᠷᠢᠭ ᠪᠡᠶᠡᠯᠡᠬᠦᠯᠪᠡ᠃ ᠡᠭᠦᠨ ᠳᠤ᠄ ᠬᠤᠰᠢᠭᠤ ᠲᠣᠰ | ᠱᠠᠳᠣᠨ ᠤ ᠨᠡᠶᠢᠲᠡ ᠶᠢᠨ ᠡᠳ᠋ ᠤᠨ ᠵᠠᠰᠠᠭ ᠤᠨ ᠳᠥᠰᠥᠪ ᠤᠨ ᠤᠷᠤᠯᠭ᠎ᠠ 20.54 ᠳ᠋ᠦᠩᠰᠢᠭᠤᠷ ᠲᠥᠭᠦᠷᠢᠭ ︵ᠱᠠᠩᠬᠠᠢ ᠶᠢᠨ ᠰᠥᠮ᠎ᠡ ᠠᠵᠤ ᠠᠬᠤᠢ ᠶᠢᠨ | ᠨᠡᠭᠡᠭᠡᠯᠳᠡ ᠶᠢᠨ ᠤᠷᠤᠨ ᠤ 1.23 ᠳ᠋ᠥᠩᠰᠢᠭᠤᠷ ᠲᠥᠭᠦᠷᠢᠭ ᠪᠠᠭᠳᠠᠨ᠎ᠠ︶᠂ ᠠᠳᠠᠯᠢ ᠬᠤᠭᠤᠴᠠᠭᠠᠨ ᠤ ᠬᠢ ᠠᠴᠠ 19.4%ᠨᠡᠮᠡᠭᠳᠡᠵᠥ᠂ ᠲᠡᠭᠡᠳᠦ ᠱᠠᠳᠤᠨ ᠤ | ᠡᠳ᠋ ᠤᠨ ᠵᠠᠰᠠᠭ ᠤᠨ ᠨᠥᠭᠦᠪᠥᠷᠢ ᠤᠷᠤᠯᠭ᠎ᠠ 32.34 ᠳ᠋ᠦᠩᠰᠢᠭᠤᠷ ᠲᠦᠭᠦᠷᠢᠭ᠂᠂ ᠲᠦᠰᠦᠪ ᠤᠨ ᠲᠤᠭᠲᠠᠪᠤᠷᠢᠵᠢᠭᠤᠯᠤᠯᠲᠠ ᠶᠢᠨ ᠳᠣᠬᠢᠷᠠᠭᠤᠯᠭ᠎ᠠ ᠶᠢᠨ ᠰᠠᠭᠤᠷᠢ | ᠮᠦᠩᠬᠦ ᠶᠢᠨ ᠤᠷᠤᠭᠤᠯᠤᠯᠳᠠ 1.04 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.6 ᠳ᠋ᠦᠩᠰᠢᠭᠤᠷ ᠲᠦᠭᠦᠷᠢᠭ᠂ ᠤᠷᠤᠨ ᠨᠤᠲᠤᠭ | ᠤᠨ ᠵᠠᠰᠠᠭ ᠤᠨ ᠤᠷᠳᠤᠨ ᠤ ᠡᠩ ᠤᠨ ᠥᠭᠴᠡᠭᠡᠨ ᠲᠡᠮᠳᠡᠭ ᠢᠶᠠᠷ ᠠᠯᠪᠠᠨ ᠵᠢᠬᠡᠯᠡᠯᠬᠡ ᠶᠢᠨ ᠳᠡᠮᠳᠡᠭ ᠤᠷᠤᠯᠠᠭᠤᠯᠤᠭᠰᠡᠨ ᠣᠷᠣᠯᠭ᠎ᠠ 9.85 ᠳ᠋ᠦᠩᠰᠢᠭᠤᠷ | ᠲᠦᠬᠦᠷᠢᠭ ︵ᠰᠢᠨ᠎ᠡ ᠨᠡᠮᠡᠭᠳᠡᠭᠰᠡᠨ ᠥᠭᠴᠡᠭᠡᠨ ᠲᠡᠮᠳᠡᠭ 2.74 ᠳ᠋ᠥᠩᠰᠢᠭᠤᠷ ᠲᠥᠭᠦᠷᠢᠭ᠂ ᠰᠤᠯᠢᠭᠰᠡᠨ ᠦᠭᠴᠡᠬᠡᠨ ᠳᠡᠮᠳᠡᠭ 0.94 ᠳ᠋ᠦᠩᠰᠢᠭᠤᠷ ᠲᠦᠬᠦᠷᠢᠭ᠂ | ᠳᠠᠬᠢᠨ ᠮᠥᠩᠭᠦ ᠬᠤᠷᠠᠮᠳᠣᠭᠤᠯᠣᠭᠰᠠᠨ ᠥᠭᠴᠡᠭᠡᠨ ᠲᠡᠮᠳᠡᠭ 6.17 ᠳ᠋ᠦᠩᠰᠢᠭᠤᠷ ᠲᠦᠬᠦᠷᠢᠭ ᠪᠠᠭᠳᠠᠨ᠎ᠠ︶᠃ | —— ᠭᠠᠶᠢᠯᠢ ᠶᠢᠨ ᠳᠦᠷᠦᠯ ᠢᠶᠠᠷ ᠬᠤᠪᠢᠶᠡᠵᠣ ᠦᠵᠡᠪᠡᠯ᠂ ᠨᠡᠶᠢᠳᠡ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠳᠠᠬᠢ ᠲᠦᠷᠪᠡᠨ ᠶᠡᠭᠡ | ᠭᠤᠣᠯ ᠴᠣᠭᠴᠠ ᠶᠢᠨ ᠭᠠᠶᠢᠯᠢ ᠶᠢᠨ ᠳᠦᠷᠥᠯ ᠢ 8 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠨᠠᠶᠢᠳᠠ ᠶᠢᠨ ᠡᠳ᠋ ᠤᠨ ᠵᠠᠰᠠᠭ ᠤᠨ ᠳᠥᠰᠥᠪ ᠤᠨ ᠣᠷᠣᠯᠭ᠎ᠠ ᠶᠢᠨ | 38.95% ᠶᠢ ᠡᠵᠡᠯᠡᠵᠣ᠂ ᠠᠳᠠᠯᠢ ᠬᠤᠭᠤᠴᠠᠭᠠᠨ ᠤ ᠬᠢ ᠠᠴᠠ 1.01 ᠳ᠋ᠥᠩᠰᠢᠭᠤᠷ ᠲᠥᠭᠦᠷᠢᠭ ᠪᠠᠭᠠᠰᠴᠤ᠂ 11.21% ᠪᠠᠷ ᠪᠠᠭᠤᠷᠠᠪᠠ᠃ ᠡᠭᠦᠨ ᠳᠤ᠄ | ᠦᠷᠲᠡᠭ ᠤᠨ ᠨᠡᠮᠡᠭᠳᠡᠯ ᠤᠨ ᠭᠠᠶᠢᠯᠢ 3.62 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 18.03% ᠪᠠᠷ ᠨᠡᠮᠡᠭᠳᠡᠪᠡ︔ ᠠᠵᠣ ᠠᠬᠤᠶᠢᠯᠠᠯ | ᠤᠨ ᠣᠯᠵᠠᠪᠣᠷᠢ ᠶᠢᠨ ᠭᠠᠶᠢᠯᠢ 1.26 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 53.22 % ᠢᠶᠠᠷ ᠪᠠᠭᠤᠷᠠᠪᠠ︔ ᠬᠤᠪᠢ ᠬᠦᠮᠦᠨ ᠤ | ᠣᠯᠵᠠᠪᠣᠷᠢ ᠶᠢᠨ ᠭᠠᠶᠢᠯᠢ 0.19 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 23.26 % ᠪᠠᠷ ᠪᠠᠭᠤᠷᠠᠪᠠ︔ ᠡᠬᠢ ᠪᠠᠶᠠᠯᠢᠭ ᠤᠨ ᠭᠠᠶᠢᠯᠢ | 2.93 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 2.68% ᠪᠠᠷ ᠪᠠᠭᠤᠷᠠᠪᠠ᠃ | —— ᠳᠠᠳᠠᠪᠣᠷᠢᠯᠠᠬᠤ ᠰᠠᠯᠠᠭ᠎ᠠ ᠮᠦᠴᠢᠷ ᠢᠶᠠᠷ ᠬᠤᠪᠢᠶᠡᠵᠣ ᠦᠵᠡᠪᠡᠯ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ 15.74 ᠳ᠋ᠦᠩᠰᠢᠭᠤᠷ | ᠳᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ 104.93% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 2.91 ᠳ᠋ᠦᠩᠰᠢᠭᠤᠷ ᠳᠦᠭᠦᠷᠢᠭ | ᠨᠡᠮᠡᠭᠳᠡᠵᠣ᠂ 22.68% ᠪᠠᠷ ᠨᠡᠮᠡᠭᠳᠡᠪᠡ︔ ᠡᠳ᠋ ᠤᠨ ᠵᠠᠰᠠᠭ ᠤᠨ ᠰᠠᠯᠠᠭ᠎ᠠ ᠮᠦᠴᠢᠷ 4.8 ᠳ᠋ᠦᠩᠰᠢᠭᠤᠷ ᠲᠦᠭᠦᠷᠢᠭ ᠪᠡᠶᠡᠯᠡᠭᠦᠯᠵᠣ᠂ ᠵᠢᠯ ᠤᠨ ᠳᠥᠰᠥᠪ ᠢᠶᠠᠨ | 90.57% ᠪᠠᠷ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 0.42 ᠳ᠋ᠦᠩᠰᠢᠭᠤᠷ ᠲᠥᠭᠦᠷᠢᠭ ᠨᠡᠮᠡᠭᠳᠡᠵᠦ ᠂ 9.59% ᠪᠠᠷ ᠨᠡᠮᠡᠭᠳᠡᠪᠡ᠃ | —— ᠠᠵᠢᠯ ᠳᠦᠷᠦᠯ ᠢᠶᠠᠷ ᠬᠤᠪᠢᠶᠡᠵᠣ ᠦᠵᠡᠪᠡᠯ᠂ ᠠᠭᠤᠷᠬᠠᠢ ᠶᠢᠨ ᠠᠵᠢᠯ ᠲᠦᠷᠦᠯ 10.54 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1.52% ᠢᠶᠠᠷ ᠨᠡᠮᠡᠭᠳᠡᠪᠡ ︵ᠡᠭᠦᠨ ᠳᠤ ᠨᠡᠭᠦᠷᠡᠰᠣᠨ ᠤ ᠠᠵᠢᠯ ᠲᠦᠷᠦᠯ 7.93 ᠳ᠋ᠦᠩᠰᠢᠭᠤᠷ ᠳᠦᠭᠦᠷᠢᠭ᠂ ᠠᠳᠠᠯᠢ ᠬᠤᠭᠤᠴᠠᠭᠠᠨ | ᠤ ᠬᠢ ᠠᠴᠠ 1.67% ᠪᠠᠷ ᠨᠡᠮᠡᠭᠳᠡᠪᠡ︔ ᠰᠢᠲᠠᠮᠠᠬᠠᠢ ᠬᠡᠢ ᠶᠢᠨ ᠠᠵᠢᠯ ᠲᠦᠷᠤᠯ 2.55 ᠳ᠋ᠦᠩᠰᠢᠭᠤᠷ ᠳᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ | ᠠᠴᠠ 23.36% ᠪᠠᠷ ᠨᠡᠮᠡᠭᠳᠡᠪᠡ︶︔ ᠤᠶᠢᠯᠡᠤᠨᠬᠦ ᠠᠵᠢᠯ ᠲᠦᠷᠤᠯ 0.22 ᠳ᠋ᠦᠩᠰᠢᠭᠤᠷ ᠲᠦᠭᠦᠷᠢᠭ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 0. | 21% ᠪᠠᠷ ᠨᠡᠮᠡᠭᠳᠡᠪᠡ︔ ᠴᠡᠬᠢᠯᠭᠠᠨ ᠬᠦᠴᠣᠨ ᠪᠠ ᠰᠢᠲᠠᠮᠠᠬᠠᠢ ᠬᠡᠢ ᠶᠢᠨ ᠠᠵᠢᠯ ᠲᠦᠷᠦᠯ 1.37 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 333.63 % ᠪᠠᠷ ᠨᠡᠮᠡᠭᠳᠡᠪᠡ︔ ᠪᠠᠷᠢᠯᠭ᠎ᠠ ᠶᠢᠨ ᠠᠵᠢᠯ ᠲᠦᠷᠦᠯ 0.44 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 17.73% ᠪᠠᠷ ᠨᠡᠮᠡᠭᠳᠡᠪᠡ︔ ᠵᠠᠮ ᠲᠡᠬᠡᠬᠡᠪᠣᠷᠢ ᠶᠢᠨ ᠦᠢᠯᠡᠰ 0.42 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 231.44% ᠪᠠᠷ ᠨᠡᠮᠡᠭᠳᠡᠪᠡ︔ ᠬᠡᠷ ᠬᠦᠷᠦᠩᠬᠡ ᠶᠢᠨ ᠠᠵᠢᠯ ᠲᠦᠷᠦᠯ 0.18 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ | ᠬᠤᠭᠤᠴᠠᠭᠠᠨ ᠤ ᠬᠢ ᠠᠴᠠ 70.79% ᠪᠠᠷ ᠨᠡᠮᠡᠭᠳᠡᠪᠡ︔ ᠪᠦᠬᠡᠮ ᠢᠶᠠᠷ ᠪᠠ ᠵᠢᠵᠢᠭᠯᠡᠨ ᠪᠣᠷᠣᠯᠠᠭᠤᠯᠬᠤ ᠦᠢᠯᠡᠰ 0.23 ᠳ᠋ᠦᠩᠰᠢᠭᠤᠷ ᠳᠦᠭᠦᠷᠢᠭ ᠪᠡᠶᠡᠯᠡᠭᠦᠯᠵᠣ᠂ | ᠠᠳᠠᠯᠢ ᠬᠤᠭᠤᠴᠠᠭᠠᠨ ᠤ ᠬᠢ ᠠᠴᠠ 34.15% ᠪᠠᠷ ᠨᠡᠮᠡᠭᠳᠡᠪᠡ︔ ᠬᠤᠨᠤᠭ ᠪᠠᠭᠤᠳᠠᠯ ᠢᠳᠡᠬᠡᠨ ᠣᠮᠳᠠᠭᠠᠨ ᠤ ᠦᠢᠯᠡᠰ 0.01 ᠳ᠋ᠦᠩᠰᠢᠭᠤᠷ ᠳᠦᠭᠦᠷᠢᠭ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 74.11% ᠪᠠᠷ ᠪᠠᠭᠤᠷᠠᠪᠠ︔ ᠰᠠᠭᠤᠭᠠᠯᠢ ᠠᠷᠠᠳ ᠤᠨ ᠦᠢᠯᠡᠴᠢᠯᠡᠬᠡᠨ ᠤ ᠦᠢᠯᠡᠰ 0.02 ᠳ᠋ᠦᠩᠰᠢᠭᠤᠷ | ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 73.59% ᠪᠠᠷ ᠪᠠᠭᠤᠷᠠᠪᠠ︔ ᠲᠦᠷᠢᠶᠡᠰᠦᠯᠡᠬᠦᠯᠬᠦ ᠪᠠ ᠬᠤᠳᠠᠯᠳᠣᠭᠠᠨ ᠤ ᠶᠠᠪᠤᠳᠠᠯ ᠤᠨ ᠠᠵᠢᠯ | ᠲᠦᠷᠦᠯ 0.04 ᠳ᠋ᠦᠩᠰᠢᠭᠤᠷ ᠲᠦᠬᠦᠷᠢᠭ ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 23.96% ᠪᠠᠷ ᠪᠠᠭᠤᠷᠠᠪᠠ︔ ᠮᠦᠩᠬᠦᠨ ᠬᠦᠢᠯᠬᠡᠬᠡᠨ ᠤ | ᠦᠢᠯᠡᠰ 0.18 ᠳ᠋ᠦᠩᠰᠢᠭᠤᠷ ᠳᠦᠭᠦᠷᠢᠭ ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 2.29% ᠪᠠᠷ ᠪᠠᠭᠤᠷᠠᠪᠠ︔ ᠪᠣᠰᠣᠳ ᠠᠵᠢᠯ ᠲᠦᠷᠦᠯ 6.89 | ᠳ᠋ᠦᠩᠰᠢᠭᠤᠷ ᠳᠦᠭᠦᠷᠢᠭ ︵ᠭᠤᠣᠯᠳᠠᠭᠤ ᠭᠠᠶᠢᠯᠢ ᠶᠢᠨ ᠪᠣᠰᠣ ᠣᠷᠣᠯᠭ᠎ᠠ ᠪᠠ ᠪᠣᠰᠣᠳ ᠠᠵᠢᠯ ᠲᠦᠷᠦᠯ ᠤᠨ ᠭᠠᠶᠢᠯᠢ ᠶᠢᠨ ᠣᠷᠣᠯᠭ᠎ᠠ ᠵᠡᠷᠬᠡ ᠶᠢ ᠪᠠᠭᠳᠠᠭᠠᠨ᠎ᠠ︶ | ᠪᠡᠶᠡᠯᠡᠭᠦᠯᠵᠣ᠂ ᠠᠳᠠᠯᠢ ᠬᠤᠭᠤᠴᠠᠭᠠᠨ ᠤ ᠬᠢ ᠠᠴᠠ 33.35% ᠪᠠᠷ ᠨᠡᠮᠡᠭᠳᠡᠪᠡ᠃ | ᠪᠦᠭᠦ ᠬᠤᠰᠢᠭᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠶᠡᠷᠤᠩᠬᠡᠢ ᠵᠠᠷᠤᠯᠭ᠎ᠠ ᠶᠢ ᠵᠢᠱᠢᠯᠳᠠ ᠪᠠᠷ 60.94 ᠳ᠋ᠦᠩᠰᠢᠭᠤᠷ ᠲᠦᠬᠦᠷᠢᠭ | ᠪᠡᠶᠡᠯᠡᠬᠦᠯᠵᠦ᠂ ᠡᠭᠦᠨ ᠳᠤ᠄ ᠡᠩ ᠤᠨ ᠨᠠᠶᠢᠳᠠ ᠶᠢᠨ ᠲᠦᠰᠤᠪ ᠤᠨ ᠵᠠᠷᠤᠯᠭ᠎ᠠ ᠶᠢ ᠵᠢᠱᠢᠯᠳᠠ ᠪᠠᠷ 53.83 ᠳ᠋ᠦᠩᠰᠢᠭᠤᠷ ᠲᠦᠬᠦᠷᠢᠭ ᠪᠡᠶᠡᠯᠡᠬᠦᠯᠵᠤ ︵ᠬᠤᠰᠢᠭᠤ | ᠳᠤᠰ ᠱᠠᠳᠤᠨ ᠤ ᠵᠠᠷᠤᠯᠭ᠎ᠠ 52.26 ᠳ᠋ᠦᠩᠰᠢᠭᠤᠷ ᠲᠦᠬᠦᠷᠢᠭ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠵᠠᠷᠤᠯᠭ᠎ᠠ 1.57 | ᠳ᠋ᠦᠩᠰᠢᠭᠤᠷ ᠲᠦᠬᠦᠷᠢᠭ︶᠂ ᠡᠩ ᠤᠨ ᠥᠭᠴᠡᠭᠡᠨ ᠲᠡᠮᠳᠡᠭ ᠤᠨ ᠵᠠᠷᠤᠯᠭ᠎ᠠ7.11 ᠳ᠋ᠦᠩᠰᠢᠭᠤᠷ ᠲᠦᠬᠦᠷᠢᠭ ︵ᠰᠤᠯᠢᠭᠰᠡᠨ ᠦᠭᠴᠡᠬᠡᠨ ᠳᠡᠮᠳᠡᠭ ᠤᠨ | ᠳᠤᠬᠢᠷᠠᠭᠤᠯᠭ᠎ᠠ ᠶᠢᠨ ᠵᠠᠷᠤᠯᠭ᠎ᠠ 0.94 ᠳ᠋ᠦᠩᠰᠢᠭᠤᠷ ᠲᠦᠬᠦᠷᠢᠭ᠂ ᠳᠠᠬᠢᠨ ᠮᠦᠩᠬᠦ ᠬᠤᠷᠠᠮᠳᠤᠭᠤᠯᠤᠭᠰᠡᠨ ᠦᠭᠴᠡᠬᠡᠨ ᠳᠡᠮᠳᠡᠭ ᠤᠨ ᠳᠤᠬᠢᠷᠠᠭᠤᠯᠭ᠎ᠠ ᠶᠢᠨ | ᠵᠠᠷᠤᠯᠭ᠎ᠠ 6.17 ᠳ᠋ᠦᠩᠰᠢᠭᠤᠷ ᠲᠦᠬᠦᠷᠢᠭ︶᠃ ᠳᠡᠬᠡᠭᠰᠢ ᠳᠤᠰᠢᠶᠠᠭᠰᠡᠨ ᠵᠠᠷᠤᠯᠭ᠎ᠠ 1.5 ᠳ᠋ᠦᠩᠰᠢᠭᠤᠷ ᠲᠦᠬᠦᠷᠢᠭ᠃ ᠲᠦᠰᠤᠪ ᠤᠨ ᠳᠤᠭᠳᠠᠪᠤᠷᠢᠵᠢᠭᠤᠯᠤᠯᠳᠠ | ᠶᠢᠨ ᠳᠤᠬᠢᠷᠠᠭᠤᠯᠭ᠎ᠠ ᠶᠢᠨ ᠰᠠᠭᠤᠷᠢ ᠮᠦᠩᠬᠦ ᠶᠢ 0.24 ᠳ᠋ᠦᠩᠰᠢᠭᠤᠷ ᠲᠦᠬᠦᠷᠢᠭ ᠳᠤᠬᠢᠷᠠᠭᠤᠯᠪᠠ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 1.69 | ᠳ᠋ᠦᠩᠰᠢᠭᠤᠷ ᠲᠦᠬᠦᠷᠢᠭ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠲᠦᠰᠤᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2023 ᠤᠨ ᠳᠤ ᠪᠦᠬᠦ | ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦ ᠶᠢᠨ ᠲᠦᠰᠤᠪ ᠤᠨ ᠶᠡᠷᠤᠩᠬᠡᠢ ᠤᠷᠤᠯᠭ᠎ᠠ ᠶᠢ ᠵᠢᠱᠢᠯᠳᠠ ᠪᠠᠷ 2.44 ᠳ᠋ᠦᠩᠰᠢᠭᠤᠷ ᠲᠥᠭᠦᠷᠢᠭ | ᠪᠡᠶᠡᠯᠡᠬᠦᠯᠵᠦ᠂ ᠠᠳᠠᠯᠢ ᠬᠤᠭᠤᠴᠠᠭᠠᠨ ᠤ ᠬᠢ ᠠᠴᠠ 7.79% ᠪᠠᠷ ᠨᠡᠮᠡᠭᠳᠡᠪᠡ᠂ ᠡᠭᠦᠨ ᠳᠤ : ᠬᠤᠰᠢᠭᠤ ᠲᠣᠰ ᠱᠠᠳᠣᠨ ᠤ ᠣᠷᠣᠯᠭ᠎ᠠ 1.83 ᠳ᠋ᠦᠩᠰᠢᠭᠤᠷ | ᠲᠦᠬᠦᠷᠢᠭ᠂ ᠳᠡᠬᠡᠳᠤ ᠱᠠᠳᠤᠨ ᠤ ᠨᠦᠬᠦᠪᠤᠷᠢ ᠤᠷᠤᠯᠭ᠎ᠠ 0.11 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 0.3 ᠳ᠋ᠦᠩᠰᠢᠭᠤᠷ | ᠲᠦᠬᠦᠷᠢᠭ᠂ ᠤᠷᠤᠨ ᠨᠤᠳᠤᠭ ᠤᠨ ᠵᠠᠰᠠᠭ ᠤᠨ ᠤᠷᠳᠤᠨ ᠤ ᠳᠤᠰᠬᠠᠢ ᠲᠦᠷᠤᠯ ᠤᠨ ᠦᠭᠴᠡᠬᠡᠨ ᠳᠡᠮᠳᠡᠭ ᠤᠨ ᠤᠷᠤᠯᠭ᠎ᠠ 0.2 ᠳ᠋ᠦᠩᠰᠢᠭᠤᠷ ᠲᠦᠬᠦᠷᠢᠭ᠃᠂ | ᠪᠦᠬᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢ ᠵᠢᠱᠢᠯᠳᠠ ᠪᠠᠷ 2.3 ᠳ᠋ᠦᠩᠰᠢᠭᠤᠷ ᠲᠦᠬᠦᠷᠢᠭ ᠪᠡᠶᠡᠯᠡᠬᠦᠯᠤᠨ᠂ | ᠠᠳᠠᠯᠢ ᠬᠤᠭᠤᠴᠠᠭᠠᠨ ᠤ ᠬᠢ ᠠᠴᠠ 9.52% ᠢᠶᠠᠷ ᠨᠡᠮᠡᠭᠳᠡᠪᠡ᠃ ᠵᠢᠯ ᠤᠨ ᠡᠴᠥᠰ ᠤᠨ ᠬᠤᠷᠠᠮᠳᠤᠯ ᠬᠠᠳᠠᠭᠠᠯᠠᠮᠵᠢ 0.14 ᠳ᠋ᠦᠩᠰᠢᠭᠤᠷ ᠲᠦᠬᠦᠷᠢᠭ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦ ᠶᠢᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2023 ᠤᠨ ᠳᠤ ᠪᠦᠬᠦ ᠬᠤᠰᠢᠭᠤᠨ ᠤ | ᠨᠡᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠤᠷᠤᠯᠭ᠎ᠠ ᠶᠢ ᠵᠢᠱᠢᠯᠳᠠ ᠪᠠᠷ 5.71 ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ | ᠬᠢ ᠠᠴᠠ 38.14% ᠪᠠᠷ ᠨᠡᠮᠡᠭᠳᠡᠪᠡ︔ ᠪᠦᠬᠦ ᠬᠤᠰᠢᠭᠤᠨ ᠤ ᠨᠠᠶᠢᠬᠡᠮ ᠤᠨ ᠳᠠᠭᠠᠤᠨᠬᠠᠯ ᠤᠨ ᠰᠠᠭᠤᠷᠢ ᠮᠦᠩᠬᠦᠨ ᠤ ᠵᠠᠷᠤᠯᠭ᠎ᠠ ᠶᠢ ᠵᠢᠱᠢᠯᠳᠠ ᠪᠠᠷ 5.71 | ᠳ᠋ᠦᠩᠰᠢᠭᠤᠷ ᠲᠦᠬᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 38.14% ᠪᠠᠷ ᠨᠡᠮᠡᠭᠳᠡᠪᠡ᠃ | ︵ᠲᠦᠷᠪᠡ︶ ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ᠃ 2023 ᠤᠨ ᠳᠤ | ᠣᠯᠣᠰ ᠤᠨ ᠦᠮᠴᠢᠯᠡᠯᠲᠣ ᠡᠳ᠋ ᠬᠦᠷᠦᠩᠬᠡ ᠶᠢᠨ ᠡᠵᠡᠩᠨᠡᠯᠲᠡ ᠶᠢᠨ ᠲᠦᠰᠦᠪ ᠤᠨ ᠤᠷᠤᠯᠭ᠎ᠠ ᠶᠢ 3 ᠲᠦᠮᠡᠨ ᠲᠦᠬᠦᠷᠢᠭ ᠪᠡᠶᠡᠯᠡᠬᠦᠯᠵᠦ᠂ ᠡᠬᠦᠨ ᠳᠤ᠄ ᠳᠡᠬᠡᠳᠤ | ᠱᠠᠳᠤᠨ ᠤ ᠨᠦᠬᠦᠪᠤᠷᠢ ᠶᠢᠨ ᠤᠷᠤᠯᠭ᠎ᠠ 2 ᠲᠦᠮᠡᠨ ᠲᠦᠬᠦᠷᠢᠭ᠂ ᠳᠡᠬᠡᠷ᠎ᠡ ᠵᠢᠯ ᠤᠨ ᠦᠯᠡᠳᠡᠪᠤᠷᠢ 1 ᠲᠦᠮᠡᠨ ᠲᠦᠬᠦᠷᠢᠭ᠃ ᠵᠢᠯ ᠤᠨ ᠡᠴᠤᠰ ᠤᠨ ᠬᠤᠷᠠᠮᠳᠤᠯ | ᠬᠠᠳᠠᠭᠠᠯᠠᠮᠵᠢ 3 ᠲᠦᠮᠡᠨ ᠲᠦᠬᠦᠷᠢᠭ᠃ | 2023 ᠣᠨ ᠤ ᠡᠳ᠋ ᠤᠨ ᠵᠠᠰᠠᠭ ᠤᠨ ᠠᠵᠢᠯ ᠪᠠ ᠲᠦᠰᠦᠪ ᠤᠨ ᠬᠡᠷᠡᠭᠵᠢᠬᠦᠯᠦᠯᠲᠡ ᠶᠢᠨ ᠭᠤᠤᠯ ᠤᠨᠴᠠᠯᠢᠭ | ︵ᠨᠢᠭᠡ︶ ᠤᠯᠠᠨ ᠠᠷᠭ᠎ᠠ ᠠᠪᠴᠠᠯ ᠢ ᠵᠡᠷᠬᠡᠪᠡᠷ ᠬᠡᠷᠡᠭᠯᠡᠨ ᠤᠷᠤᠯᠭ᠎ᠠ ᠶᠢ ᠨᠡᠮᠡᠭᠳᠡᠬᠦᠯᠵᠤ᠂ ᠡᠳ᠋ ᠤᠨ ᠵᠠᠰᠠᠭ ᠤᠨ ᠤᠷᠤᠯᠭ᠎ᠠ ᠠᠵᠤ ᠠᠬᠤᠢ ᠶᠢᠨ ᠤᠷᠤᠭᠤᠳᠠᠯ | ᠢ ᠰᠦᠷᠤᠨ ᠨᠡᠮᠡᠭᠳᠡᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠭᠳᠠᠭᠠᠭᠰᠡᠨ ᠤᠷᠤᠯᠭ᠎ᠠ ᠶᠢᠨ ᠬᠠᠷᠠᠯᠳᠠ ᠶᠢᠨ ᠳᠤᠭᠤᠷᠢᠨ ᠳᠤ ᠦᠩᠬᠡᠷᠡᠭᠰᠡᠨ | ᠵᠢᠯ ᠤᠳ ᠤᠨ ᠡᠳ᠋ ᠤᠨ ᠵᠠᠰᠠᠭ ᠤᠨ ᠤᠷᠤᠯᠭ᠎ᠠ ᠶᠢᠨ ᠪᠡᠶᠡᠯᠡᠬᠦᠯᠦᠭᠰᠡᠨ ᠪᠠᠶᠢᠳᠠᠯ᠂ ᠪᠦᠬᠦ ᠬᠤᠰᠢᠭᠤᠨ ᠤ ᠴᠢᠬᠤᠯᠠ ᠶᠡᠭᠡ ᠲᠦᠷᠤᠯ ᠵᠦᠢᠯ ᠤᠨ ᠪᠠᠶᠢᠭᠤᠯᠤᠯᠳᠠ ᠶᠢᠨ | ᠪᠠᠶᠢᠳᠠᠯ᠂ ᠭᠤᠤᠯᠳᠠᠯᠭᠠᠳᠤ ᠭᠠᠶᠢᠯᠢ ᠶᠢᠨ ᠢᠷᠡᠯᠳᠠ ᠲᠠᠢ ᠠᠵᠤ ᠠᠬᠤᠶᠢᠯᠠᠯ ᠤᠨ ᠦᠢᠯᠡᠤᠨᠪᠤᠷᠢᠯᠡᠯ ᠡᠵᠡᠩᠨᠡᠯᠳᠠ ᠶᠢᠨ ᠪᠠᠶᠢᠳᠠᠯ ᠵᠢᠴᠢ ᠵᠠᠬ᠎ᠠ ᠳᠡᠯᠬᠡᠬᠦᠷ ᠤᠨ ᠪᠠᠶᠢᠳᠠᠯ | ᠲᠠᠢ ᠤᠶᠠᠯᠳᠤᠭᠤᠯᠤᠨ᠂ ᠡᠳ᠋ ᠤᠨ ᠵᠠᠰᠠᠭ ᠤᠨ ᠤᠷᠤᠯᠭ᠎ᠠ ᠶᠢᠨ ᠳᠤᠬᠢᠷᠠᠭᠤᠯᠭ᠎ᠠ ᠶᠢᠨ ᠳᠤᠭᠳᠠᠴᠠ ᠶᠢ ᠪᠠᠶᠢᠭᠤᠯᠵᠤ᠂ ᠤᠷᠤᠯᠭ᠎ᠠ ᠶᠢ ᠶᠡᠷᠤᠩᠬᠡᠶᠢᠯᠡᠵᠤ ᠠᠤᠨᠬᠤᠨ᠂ | ᠳᠤᠭᠳᠠᠮᠠᠯ ᠬᠤᠭᠤᠴᠠᠭ᠎ᠠ ᠪᠠᠷ ᠳᠤᠬᠢᠷᠠᠭᠤᠯᠵᠤ᠂ ᠰᠠᠷ᠎ᠠ ᠪᠠᠷ ᠤᠯᠠᠷᠢᠯ ᠢ ᠪᠠᠳᠤᠯᠠᠨ᠂ ᠤᠯᠠᠷᠢᠯ ᠢᠶᠠᠷ ᠵᠢᠯ ᠢ ᠪᠠᠳᠤᠯᠠᠬᠤ ᠶᠢᠨ ᠬᠠᠮᠳᠤ ᠭᠠᠶᠢᠯᠢ ᠶᠢᠨ ᠶᠠᠪᠤᠳᠠᠯ᠂ | ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠦᠮᠴᠢᠯᠡᠯ ᠤᠨ ᠡᠳ᠋ ᠬᠦᠷᠤᠩᠬᠡ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠵᠡᠷᠬᠡ ᠰᠠᠯᠠᠭ᠎ᠠ ᠮᠦᠴᠢᠷ ᠲᠠᠢ | ᠬᠠᠮᠳᠤᠷᠠᠨ ᠭᠠᠶᠢᠯᠢ ᠳᠠᠳᠠᠪᠤᠷᠢᠯᠠᠨ ᠳᠤᠰᠢᠶᠠᠬᠤ ᠠᠵᠢᠯ ᠤᠨ ᠤᠳᠤᠷᠢᠤᠨᠬᠤ ᠳᠤᠭᠤᠶᠢᠯᠠᠩ ᠪᠠᠶᠢᠭᠤᠯᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠳᠠᠳᠠᠪᠤᠷᠢᠯᠠᠨ | ᠬᠠᠮᠢᠶᠠᠷᠬᠤ ᠬᠠᠮ ᠬᠦᠴᠤ ᠶᠢ ᠪᠦᠷᠢᠯᠳᠤᠬᠦᠯᠤᠨ᠂ ᠭᠤᠤᠯᠳᠠᠯᠭᠠᠳᠤ ᠠᠵᠢᠯ ᠲᠦᠷᠤᠯ᠂ ᠭᠤᠤᠯᠳᠠᠯᠭᠠᠳᠤ ᠠᠵᠤ ᠠᠬᠤᠶᠢᠯᠠᠯ᠂ ᠭᠤᠤᠯᠳᠠᠯᠭᠠᠳᠤ ᠲᠦᠷᠤᠯ ᠵᠦᠢᠯ ᠤᠨ | ᠭᠠᠶᠢᠯᠢ ᠶᠢᠨ ᠢᠷᠡᠯᠳᠠ ᠶᠢᠨ ᠬᠢᠨᠠᠯᠳᠠ ᠡᠵᠡᠮᠳᠡᠯ ᠢ ᠶᠡᠬᠡᠤᠨᠬᠡᠵᠤ᠂ ᠭᠠᠶᠢᠯᠢ ᠳᠠᠳᠠᠪᠤᠷᠢᠯᠠᠨ ᠬᠠᠮᠢᠶᠠᠷᠬᠤ ᠶᠠᠪᠤᠴᠠ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠴᠠᠭ | ᠳᠤᠬᠠᠢ ᠳᠤ ᠨᠢ ᠰᠢᠢᠤᠨᠪᠤᠷᠢᠯᠡᠨ᠂ ᠭᠠᠶᠢᠯᠢ ᠵᠠᠷᠤᠳᠠᠯ ᠳᠠᠳᠠᠪᠤᠷᠢᠯᠠᠵᠤ ᠬᠠᠮᠢᠶᠠᠷᠬᠤ ᠠᠵᠢᠯ ᠢ ᠳᠠᠰᠤᠷᠠᠯᠳᠠ ᠦᠬᠡᠢ ᠴᠢᠩᠭᠠᠤᠨᠬᠠᠵᠤ᠂ ᠭᠠᠶᠢᠯᠢ ᠵᠠᠷᠤᠳᠠᠯ ᠤᠨ ᠤᠷᠤᠯᠭ᠎ᠠ | ᠶᠢᠨ ᠬᠤᠷᠢᠶᠠᠪᠠᠰᠤ ᠵᠤᠬᠢᠬᠤ ᠶᠢ ᠨᠢ ᠴᠦᠮ ᠬᠤᠷᠢᠶᠠᠵᠤ ᠪᠦᠬᠦᠨ ᠢ ᠬᠦᠮᠤᠷᠬᠡ ᠳᠤ ᠤᠷᠤᠭᠤᠯᠬᠤ ᠶᠢ ᠪᠠᠳᠤᠯᠠᠪᠠ᠃ 2023 ᠣᠨ ᠳᠤ᠂ ᠵᠠᠬ᠎ᠠ ᠳᠡᠯᠬᠡᠬᠦᠷ ᠤᠨ | ᠤᠷᠴᠢᠨ ᠤ ᠬᠡᠯᠪᠡᠯᠵᠡᠯ ᠨᠡᠯᠢᠶᠡᠤᠨ ᠶᠡᠭᠡ᠂ ᠨᠡᠬᠦᠷᠡᠰᠤᠨ ᠦᠨ᠎ᠡ ᠬᠠᠩᠰᠢ ᠭᠠᠷᠤᠯᠳᠠ ᠴᠦᠮ ᠪᠠᠭᠤᠷᠠᠭᠰᠡᠨ ᠪᠠᠶᠢᠳᠠᠯ ᠳᠤᠤᠷ᠎ᠠ᠂ ᠪᠦᠬᠦ ᠵᠢᠯ ᠤᠨ ᠳᠤᠰ ᠱᠠᠳᠤᠨ ᠤ | ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 20.54 ᠳ᠋ᠦᠩᠰᠢᠭᠤᠷ ᠲᠦᠬᠦᠷᠢᠭ ᠪᠡᠶᠡᠯᠡᠬᠦᠯᠤᠨ᠂ ᠠᠳᠠᠯᠢ ᠬᠤᠭᠤᠴᠠᠭᠠᠨ ᠤ ᠬᠢ ᠠᠴᠠ 19. | 4% ᠪᠠᠷ ᠨᠡᠮᠡᠭᠳᠡᠵᠤ᠂ ᠡᠳ᠋ ᠤᠨ ᠵᠠᠰᠠᠭ ᠤᠨ ᠤᠷᠤᠯᠭ᠎ᠠ ᠮᠦᠨ ᠯᠠ ᠳᠤᠭᠳᠠᠭᠤᠨ ᠤ ᠳᠤᠮᠳᠠ ᠨᠡᠮᠡᠭᠳᠡᠬᠦ ᠤᠬᠢ ᠰᠠᠶᠢᠨ ᠬᠠᠨᠳᠤᠰᠢ ᠪᠠᠨ ᠪᠠᠳᠤᠯᠠᠭᠰᠡᠨ ᠪᠠᠶᠢᠨ᠎ᠠ᠃ | ᠳᠤᠰᠬᠠᠢ ᠲᠦᠷᠤᠯ ᠤᠨ ᠪᠡᠯᠡ ᠮᠦᠩᠬᠦ ᠶᠢ ᠴᠢᠷᠮᠠᠶᠢᠨ ᠤᠯᠬᠤ ᠬᠦᠴᠤᠯᠡᠴᠠ ᠶᠢ ᠶᠡᠬᠡᠤᠨᠬᠡᠨ᠂ ᠡᠳ᠋ ᠤᠨ ᠬᠦᠴᠤ ᠬᠦᠢᠴᠡᠤᠨ ᠪᠤᠰᠤ ᠳᠤᠳᠠᠭᠤᠳᠠᠯ ᠢ ᠪᠦᠳᠤᠮᠵᠢᠳᠠᠢ | ᠪᠠᠷ ᠨᠦᠬᠦᠪᠤᠷᠢᠯᠡᠵᠤ᠂ ᠳᠡᠬᠡᠳᠤ ᠱᠠᠳᠤᠨ ᠤ ᠡᠳ᠋ ᠤᠨ ᠵᠠᠰᠠᠭ ᠤᠨ ᠨᠦᠬᠦᠪᠤᠷᠢ ᠶᠢᠨ ᠪᠡᠯᠡ ᠮᠦᠩᠬᠦ ᠶᠢ ᠨᠠᠶᠢᠳᠠ 32.34 ᠳ᠋ᠦᠩᠰᠢᠭᠤᠷ ᠲᠦᠬᠦᠷᠢᠭ ᠴᠢᠷᠮᠠᠶᠢᠨ | ᠤᠯᠵᠤ᠂ ᠠᠳᠠᠯᠢ ᠬᠤᠭᠤᠴᠠᠭᠠᠨ ᠤ ᠬᠢ ᠠᠴᠠ 32.16% ᠪᠠᠷ ᠨᠡᠮᠡᠭᠳᠡᠨ᠂ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭᠠᠨ ᠤ ᠵᠠᠷᠤᠯᠭ᠎ᠠ ᠶᠢᠨ ᠱᠠᠭᠠᠷᠳᠠᠯᠭ᠎ᠠ ᠶᠢ | ᠪᠦᠳᠤᠮᠵᠢᠳᠠᠢ ᠪᠠᠳᠤᠯᠠᠪᠠ᠃ | ︵ᠬᠤᠶᠠᠷ︶ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠭᠤᠤᠯᠳᠠᠯᠭᠠᠳᠤ ᠬᠦᠷᠢᠶ᠎ᠡ ᠴᠠᠷᠠᠭᠠᠨ ᠤ ᠪᠠᠳᠤᠯᠠᠭ᠎ᠠ ᠶᠢᠨ ᠴᠢᠳᠠᠪᠤᠷᠢ ᠢᠯᠡᠤᠨᠳᠠ ᠴᠢᠩᠭᠠᠤᠨᠪᠠ᠃ | ᠡᠩ ᠤᠨ ᠴᠢᠨᠠᠷᠳᠠᠢ ᠵᠠᠷᠤᠯᠭ᠎ᠠ ᠪᠠ ︽ᠭᠤᠷᠪᠠᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠡᠵᠡᠮᠳᠡᠨ᠂ ︽ᠬᠠᠰᠤᠭᠳᠠᠭᠤᠯᠬᠤ ᠠᠴᠠ ᠨᠡᠮᠡᠭᠳᠡᠬᠦᠯᠬᠦ ᠦᠬᠡᠢ︾ | ᠵᠠᠷᠴᠢᠮ ᠢ ᠪᠠᠷᠢᠮᠳᠠᠯᠠᠭᠠᠤᠨ᠂ ᠪᠦᠬᠦ ᠵᠢᠯ ᠤᠨ ᠡᠩ ᠤᠨ ᠴᠢᠨᠠᠷᠳᠠᠢ ᠵᠠᠷᠤᠯᠭ᠎ᠠ 3988 ᠲᠦᠮᠡᠨ ᠲᠦᠬᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 2% | ᠢᠶᠠᠷ ᠪᠠᠭᠤᠷᠠᠪᠠ᠃ ᠬᠠᠮᠳᠤ ᠳᠤ ᠨᠢ ᠡᠳ᠋ ᠤᠨ ᠵᠠᠰᠠᠭ ᠤᠨ ᠪᠡᠯᠡ ᠮᠦᠩᠬᠦ ᠶᠢ ᠵᠤᠬᠢᠰᠳᠠᠢ ᠳᠤᠬᠢᠷᠠᠭᠤᠯᠤᠨ᠂ ᠰᠠᠷ᠎ᠠ ᠪᠦᠷᠢ ︽ᠤᠷᠤᠯᠭ᠎ᠠ ᠪᠠᠷ ᠵᠠᠷᠤᠯᠭ᠎ᠠ ᠶᠢ | ᠳᠤᠭᠳᠠᠭᠠᠬᠤ︾ ᠶᠢ ᠪᠡᠶᠡᠯᠡᠬᠦᠯᠵᠤ᠂ ᠳᠤᠰ ᠰᠠᠷ᠎ᠠ ᠶᠢᠨ ᠬᠤᠪᠢᠶᠠᠷᠢᠯᠠᠵᠤ ᠪᠤᠯᠬᠤ ᠪᠡᠯᠡ ᠮᠦᠩᠬᠦ ᠶᠢ ᠪᠦᠬᠦ ᠳᠠᠯ᠎ᠠ ᠪᠠᠷ ᠵᠠᠳᠠᠯᠤᠨ᠂ ︽ᠦᠨᠳᠤᠰᠤᠨ ᠠᠷᠠᠤᠨ ᠤᠨ | ᠠᠮᠢᠳᠤᠷᠠᠯ ᠢ ᠪᠠᠳᠤᠯᠠᠬᠤ᠂ ᠴᠡᠯᠢᠩ ᠮᠦᠩᠬᠦ ᠶᠢ ᠪᠠᠳᠤᠯᠠᠬᠤ᠂ ᠡᠷᠬᠢᠯᠳᠠ ᠶᠢ ᠪᠠᠳᠤᠯᠠᠬᠤ︾ ᠵᠢᠴᠢ ᠭᠤᠤᠯᠳᠠᠯᠭᠠᠳᠤ ᠲᠦᠷᠤᠯ ᠵᠦᠢᠯ ᠤᠨ ᠵᠠᠷᠤᠯᠭ᠎ᠠ ᠶᠢ ᠪᠠᠳᠤᠯᠠᠬᠤ | ᠳᠠᠷᠠᠭᠠᠯᠠᠯ ᠢᠶᠠᠷ ᠵᠠᠷᠤᠯᠭ᠎ᠠ ᠶᠢ ᠡᠮᠬᠢᠳᠠᠢ ᠳᠤᠬᠢᠷᠠᠭᠤᠯᠪᠠ᠃ ᠪᠦᠬᠦ ᠵᠢᠯ ᠤᠨ ᠪᠦᠬᠦ ᠬᠤᠰᠢᠭᠤᠨ ᠤ ᠡᠩ ᠤᠨ ᠨᠠᠶᠢᠳᠠ ᠶᠢᠨ ᠲᠦᠰᠤᠪ ᠤᠨ ᠵᠠᠷᠤᠯᠭ᠎ᠠ 53.83 | ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 23.49% ᠪᠠᠷ ᠨᠡᠮᠡᠭᠳᠡᠪᠡ᠂ ᠡᠬᠦᠨ ᠳᠤ ᠠᠷᠠᠤᠨ ᠤᠨ ᠠᠮᠢᠳᠤᠷᠠᠯ ᠤᠨ ᠵᠠᠷᠤᠯᠭ᠎ᠠ 28.85 | ᠳ᠋ᠦᠩᠰᠢᠭᠤᠷ ᠲᠦᠬᠦᠷᠢᠭ᠂ ᠶᠡᠷᠤᠩᠬᠡᠢ ᠵᠠᠷᠤᠯᠭ᠎ᠠ ᠶᠢᠨ 53.59% ᠶᠢ ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ 13.32% ᠢᠶᠠᠷ ᠨᠡᠮᠡᠭᠳᠡᠨ᠂ ᠡᠩ ᠤᠨ | ᠨᠠᠶᠢᠳᠠ ᠶᠢᠨ ᠲᠦᠰᠤᠪ ᠤᠨ ᠵᠠᠷᠤᠯᠭ᠎ᠠ᠂ ᠠᠷᠠᠤᠨ ᠤᠨ ᠠᠮᠢᠳᠤᠷᠠᠯ ᠤᠨ ᠵᠠᠷᠤᠯᠭ᠎ᠠ ᠳᠤᠭᠳᠠᠭᠤᠨ ᠢᠶᠠᠷ ᠨᠡᠮᠡᠭᠳᠡᠵᠤ᠂ ᠡᠳ᠋ ᠤᠨ ᠵᠠᠰᠠᠭ ᠤᠨ ᠪᠠᠳᠤᠯᠠᠭ᠎ᠠ ᠶᠢᠨ | ᠴᠢᠳᠠᠪᠤᠷᠢ ᠤᠯᠠᠮ ᠨᠢᠬᠡ ᠠᠯᠬᠤᠮ ᠴᠢᠩᠭᠠᠤᠨᠪᠠ᠃ | ︵ᠭᠤᠷᠪᠠ︶ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠶᠢ ᠳᠤᠪᠤᠶᠢᠯᠭᠠᠨ᠂ ᠦᠷᠢ ᠦᠭᠴᠡᠭᠡ ᠶᠢ ᠰᠢᠢᠤᠨᠪᠤᠷᠢᠯᠡᠬᠦ ᠠᠵᠢᠯ ᠢ ᠴᠢᠨᠠᠷᠯᠢᠭ ᠠᠬᠢᠭᠤᠯᠪᠠ᠃ | ᠦᠪᠡᠷᠳᠡᠬᠡᠨ ᠵᠠᠰᠠᠬᠤ ᠤᠷᠤᠨ ᠤ ᠳᠠᠯᠳᠠ ᠴᠢᠨᠠᠷᠳᠠᠢ ᠦᠷᠢ ᠦᠭᠴᠡᠭᠡ ᠶᠢᠨ ᠨᠢᠬᠡ ᠪᠦᠯᠦᠭ ᠢ ᠢᠯᠭᠠᠷᠠᠭᠤᠯᠬᠤ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ | ᠬᠠᠷᠢᠭᠤᠴᠠᠯᠭ᠎ᠠ ᠪᠠᠨ ᠡᠷᠡᠰ ᠡᠬᠦᠷᠬᠡᠯᠡᠵᠤ᠂ ᠠᠵᠢᠯ ᠤᠨ ᠲᠦᠰᠤᠯ ᠳᠤᠭᠳᠠᠭᠠᠨ᠂ ᠳᠤᠭᠳᠠᠮᠠᠯ ᠬᠤᠭᠤᠴᠠᠭ᠎ᠠ ᠲᠠᠢ ᠪᠠᠷ ᠦᠷᠢ ᠦᠭᠴᠡᠭᠡ ᠶᠢ ᠢᠯᠭᠠᠷᠠᠭᠤᠯᠬᠤ ᠠᠵᠢᠯ ᠢ | ᠳᠤᠬᠢᠷᠠᠭᠤᠯᠵᠤ ᠠᠬᠢᠭᠤᠯᠤᠨ᠂ ᠵᠢᠬᠡᠯᠡᠯᠬᠡ ᠬᠡᠮᠵᠢᠶᠡᠳᠠᠢ᠂ ᠬᠠᠮᠢᠶᠠᠷᠤᠯᠳᠠ ᠡᠮᠬᠢᠳᠠᠢ᠂ ᠬᠢᠨᠠᠯᠳᠠ ᠡᠷᠴᠢᠳᠠᠢ ᠵᠠᠰᠠᠭ ᠤᠨ ᠤᠷᠳᠤᠨ ᠤ ᠦᠷᠢ ᠦᠭᠴᠡᠬᠡᠨ ᠤ ᠬᠢᠨᠠᠯᠳᠠ | ᠬᠠᠮᠢᠶᠠᠷᠤᠯᠳᠠ ᠶᠢᠨ ᠰᠢᠰᠲ᠋ᠧᠮ ᠢ ᠪᠠᠶᠢᠭᠤᠯᠵᠤ᠂ ᠵᠠᠰᠠᠭ ᠤᠨ ᠤᠷᠳᠤᠨ ᠤ ᠦᠷᠢ ᠦᠭᠴᠡᠬᠡᠨ ᠤ ᠬᠠᠮᠢᠶᠠᠷᠤᠯᠳᠠ ᠶᠢᠨ ᠠᠵᠢᠯ ᠢ ᠦᠨᠡᠨᠬᠦ ᠪᠤᠳᠠᠳᠠᠶᠢᠵᠢᠭᠤᠯᠤᠨ | ᠬᠦᠨᠵᠡᠬᠡᠶᠢᠷᠡᠬᠦᠯᠵᠤ ᠨᠠᠷᠢᠯᠢᠭᠵᠢᠭᠤᠯᠪᠠ᠃ ᠲᠦᠰᠤᠪ ᠢᠶᠠᠷ ᠳᠤᠬᠢᠷᠠᠭᠤᠯᠬᠤ᠂ ᠱᠠᠩᠨᠠᠯ ᠤᠨ ᠪᠡᠯᠡ ᠮᠦᠩᠬᠦ ᠶᠢ ᠴᠢᠷᠮᠠᠶᠢᠨ ᠤᠯᠬᠤ᠂ ᠬᠦᠷᠤᠩᠬᠡ ᠬᠤᠭᠰᠢᠯ ᠢ | ᠰᠢᠢᠤᠨᠪᠤᠷᠢᠯᠡᠬᠦ ᠵᠡᠷᠬᠡ ᠠᠷᠭ᠎ᠠ ᠪᠠᠷ 11.02 ᠳ᠋ᠦᠩᠰᠢᠭᠤᠷ ᠲᠦᠬᠦᠷᠢᠭ ᠤᠨ ᠳᠠᠯᠳᠠ ᠴᠢᠨᠠᠷᠳᠠᠢ ᠦᠷᠢ ᠦᠭᠴᠡᠭᠡ ᠶᠢ ᠨᠢᠬᠡᠨᠳᠠ ᠪᠦᠬᠦᠨ ᠢ ᠰᠢᠢᠤᠨᠪᠤᠷᠢᠯᠡᠪᠡ᠃ | ᠡᠬᠦᠨ ᠤ ᠬᠠᠮᠳᠤ ᠴᠢᠳᠠᠪᠬᠢ ᠶᠢᠨ ᠳᠠᠪᠠᠭᠤᠯᠢᠭ ᠢᠶᠠᠨ ᠬᠦᠢᠴᠡᠤᠨ ᠪᠠᠳᠠᠷᠠᠭᠤᠯᠤᠨ᠂ ᠮᠠᠨ ᠤ ᠬᠤᠰᠢᠭᠤᠨ ᠤ ᠦᠷᠢ ᠦᠭᠴᠡᠬᠡᠨ ᠤ ᠪᠤᠳᠠᠳᠤ ᠪᠠᠶᠢᠳᠠᠯ ᠲᠠᠢ ᠪᠠᠨ | ᠤᠶᠠᠯᠳᠤᠭᠤᠯᠤᠨ᠂ ᠦᠭᠴᠡᠬᠡᠨ ᠳᠡᠮᠳᠡᠭᠳᠤ ᠪᠡᠯᠡ ᠮᠦᠩᠬᠦ ᠶᠢ ᠪᠦᠬᠦ ᠳᠠᠯ᠎ᠠ ᠪᠠᠷ ᠤᠯᠠᠨ ᠬᠠᠷᠠᠭᠠᠰᠤ ᠠᠴᠠ ᠴᠢᠷᠮᠠᠶᠢᠨ ᠤᠯᠵᠤ᠂ ᠨᠠᠶᠢᠳᠠ ᠶᠢᠨ ᠡᠩ ᠤᠨ ᠦᠭᠴᠡᠬᠡᠨ | ᠳᠡᠮᠳᠡᠭ ᠢ 2.74 ᠳ᠋ᠦᠩᠰᠢᠭᠤᠷ ᠲᠦᠬᠦᠷᠢᠭ᠂ ᠳᠤᠰᠬᠠᠢ ᠲᠦᠷᠤᠯ ᠤᠨ ᠦᠭᠴᠡᠬᠡᠨ ᠳᠡᠮᠳᠡᠭ ᠢ 0.2 ᠳ᠋ᠦᠩᠰᠢᠭᠤᠷ ᠲᠦᠬᠦᠷᠢᠭ ᠴᠢᠷᠮᠠᠶᠢᠵᠤ ᠤᠯᠤᠨ᠂ ᠲᠦᠷᠤᠯ | ᠵᠦᠢᠯ ᠨᠢ ᠰᠤᠷᠭᠠᠨ ᠬᠦᠮᠤᠵᠢᠯ᠂ ᠡᠮ ᠡᠮᠴᠢᠯᠡᠭᠡ ᠡᠷᠡᠬᠦᠯ ᠬᠠᠮᠠᠭᠠᠯᠠᠯ᠂ ᠰᠠᠭᠤᠷᠢ ᠲᠦᠬᠦᠬᠡᠷᠤᠮᠵᠢ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠵᠡᠷᠬᠡ ᠤᠯᠠᠨ | ᠳᠠᠯ᠎ᠠ ᠳᠤ ᠬᠤᠯᠪᠤᠭᠳᠠᠵᠤ᠂ ᠦᠭᠴᠡᠬᠡᠨ ᠳᠡᠮᠳᠡᠭᠳᠤ ᠪᠡᠯᠡ ᠮᠦᠩᠬᠦᠨ ᠤ ᠳᠤᠳᠠᠭᠤᠳᠠᠯ ᠢ ᠨᠦᠬᠦᠪᠤᠷᠢᠯᠡᠬᠦ᠂ ᠠᠷᠠᠤᠨ ᠤᠨ ᠠᠮᠢᠳᠤᠷᠠᠯ ᠢ ᠬᠠᠷᠠᠭᠠᠯᠵᠠᠬᠤ᠂ ᠪᠡᠯᠡ | ᠤᠷᠤᠭᠤᠯᠤᠯᠳᠠ ᠶᠢ ᠳᠤᠭᠳᠠᠪᠤᠷᠢᠵᠢᠭᠤᠯᠬᠤ᠂ ᠳᠤᠳᠤᠭᠠᠳᠤ ᠬᠡᠷᠡᠭᠴᠡᠭᠡ ᠶᠢ ᠦᠷᠬᠡᠤᠨᠬᠡᠬᠦ᠂ ᠬᠦᠭᠵᠢᠯᠳᠠ ᠶᠢ ᠠᠬᠢᠭᠤᠯᠬᠤ ᠤᠶᠢᠯᠡᠳᠤᠯ ᠢ ᠬᠦᠢᠴᠡᠤᠨ ᠪᠠᠳᠠᠷᠠᠭᠤᠯᠤᠨ᠂ | ᠮᠠᠨ ᠤ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠬᠦᠴᠤᠷᠬᠡᠭ ᠬᠦᠳᠡᠯᠬᠡᠭᠴᠢ ᠬᠦᠴᠤᠨ ᠨᠡᠮᠡᠷᠢᠯᠡᠪᠡ᠃ | ︵ᠳᠦᠷᠪᠡ︶ ᠦᠭᠡᠷᠡᠴᠢᠯᠡᠯᠲᠡ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ ᠴᠢᠳᠠᠪᠤᠷᠢ ᠶᠢᠨ | ᠳᠦᠪᠰᠢᠨ ᠢ ᠲᠠᠰᠣᠷᠠᠯᠲᠠ ᠦᠬᠡᠢ ᠳᠡᠭᠡᠭᠰᠢᠯᠡᠬᠦᠯᠪᠡ᠃ ᠨᠢᠭᠡ ᠳᠤ᠂ ᠡᠳ᠋ ᠤᠨ ᠵᠠᠰᠠᠭ ᠤᠨ ᠬᠢᠨᠠᠯᠲᠠ ᠶᠢ ᠦᠨᠳᠦᠷ ᠪᠦᠲᠦᠮᠵᠢᠲᠡᠢ ᠪᠠᠷ ᠦᠷᠨᠢᠬᠦᠯᠪᠡ᠃ | ︽ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ + ᠭᠤᠷᠪᠠᠳᠠᠬᠢ ᠡᠲᠡᠭᠡᠳ ᠤᠨ ᠪᠠᠶᠢᠭᠤᠯᠤᠮᠵᠢ︾ ᠬᠠᠮᠲᠤᠷᠠᠨ ᠶᠠᠪᠤᠭᠳᠠᠭᠤᠯᠬᠤ ᠠᠷᠭ᠎ᠠ ᠮᠠᠶ᠋ᠢᠭ ᠢ ᠬᠡᠷᠡᠭᠯᠡᠵᠦ᠂ | 10 ᠣᠷᠣᠯᠠᠨ ᠳᠠᠩᠰᠠᠯᠠᠬᠤ ᠪᠠᠶᠢᠭᠤᠯᠤᠮᠵᠢ ᠪᠠ 12 ᠵᠠᠰᠠᠭ ᠵᠠᠬᠢᠷᠭᠠᠨ ᠤ ᠠᠵᠢᠯ ᠦᠢᠯᠡᠰ ᠤᠨ ᠪᠠᠶᠢᠭᠤᠯᠭ᠎ᠠ ᠨᠢᠬᠡᠴᠡ ᠳᠤ ᠨᠢᠭᠲᠠᠯᠠᠨ ᠪᠤᠳᠤᠯᠲᠠ ᠶᠢᠨ ᠮᠡᠳᠡᠭᠡ | ᠵᠠᠩᠭᠢ ᠶᠢᠨ ᠶᠠᠰᠣ ᠴᠢᠨᠠᠷ ᠤᠨ ᠬᠢᠨᠠᠨ ᠪᠠᠶᠢᠴᠠᠭᠠᠯᠲᠠ ᠶᠢ ᠦᠷᠨᠢᠬᠦᠯᠦᠨ᠂ ᠢᠯᠡᠷᠡᠬᠦᠯᠦᠭᠰᠡᠨ ᠨᠢᠭᠲᠠᠯᠠᠨ ᠪᠤᠳᠤᠯᠲᠠ ᠶᠢᠨ ᠲᠤᠭᠠᠴᠠᠭ᠎ᠠ ᠳᠦᠷᠢᠮᠵᠢᠯ ᠦᠬᠡᠢ᠂ | ᠳᠠᠩᠰᠠᠯᠠᠯᠲᠠ ᠶᠢᠨ ᠠᠮᠠᠯᠠᠯᠲᠠ ᠶᠢᠨ ᠪᠢᠴᠢᠭ ᠪᠤᠲᠠᠲᠠᠢ ᠪᠢᠰᠢ ᠵᠡᠷᠭᠡ 6 ᠲᠦᠷᠦᠯ ᠤᠨ ᠠᠰᠠᠭᠤᠳᠠᠯ ᠳᠤ ᠴᠢᠭᠯᠡᠬᠦᠯᠦᠨ᠂ ᠰᠢᠢᠳᠬᠡᠬᠦ ᠰᠢᠢᠳᠪᠦᠷᠢ ᠶᠢᠨ ᠪᠢᠴᠢᠭ᠂ | ᠴᠡᠭᠴᠡᠯᠡᠯᠲᠡ ᠶᠢᠨ ᠮᠡᠳᠡᠭᠳᠡᠯ ᠪᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠪᠦᠬᠦᠨ ᠢ ᠴᠡᠭᠴᠡᠯᠡᠵᠦ᠂ ᠪᠦᠬᠦ ᠬᠤᠰᠢᠭᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ | ᠳᠦᠪᠰᠢᠨ ᠢ ᠣᠯᠠᠮ ᠨᠢᠬᠡ ᠠᠯᠬᠤᠮ ᠳᠡᠭᠡᠭᠰᠢᠯᠡᠬᠦᠯᠪᠡ᠃ ᠬᠤᠶᠠᠷ ᠲᠤ᠂ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ | ᠳᠠᠭᠠᠭᠠᠴᠢᠯᠠᠯᠳᠠ ᠵᠠᠷᠯᠠᠬᠤ ᠦᠨ᠎ᠡ ᠶᠢ ᠡᠵᠡᠮᠳᠡᠬᠦ ᠬᠢᠨᠠᠨ ᠬᠠᠷᠭᠤᠭᠤᠯᠤᠯᠳᠠ ᠶᠢ ᠪᠦᠬᠦ ᠳᠠᠯ᠎ᠠ ᠪᠠᠷ ᠦᠷᠨᠢᠬᠦᠯᠪᠡ᠃ ︽ᠵᠦᠪᠬᠡᠨ ᠨᠡᠮᠡᠭᠳᠡᠬᠦᠯᠬᠦ ᠦᠬᠡᠢ᠂ ᠵᠦᠪᠬᠡᠨ | ᠪᠠᠭᠠᠰᠬᠠᠬᠤ ᠦᠬᠡᠢ᠂ ᠭᠠᠭᠴᠠ ᠬᠦ ᠪᠤᠲᠠᠲᠠᠢ ᠶᠢ ᠡᠷᠬᠢᠮᠯᠡᠬᠦ︾ ᠬᠢᠨᠠᠨ ᠬᠠᠷᠭᠤᠭᠤᠯᠤᠯᠲᠠ ᠶᠢᠨ ᠦᠵᠡᠯᠲᠡ ᠶᠢ ᠪᠠᠷᠢᠮᠲᠠᠯᠠᠨ᠂ 4 ᠭᠤᠷᠪᠠᠳᠠᠬᠢ ᠡᠲᠡᠭᠡᠳ ᠤᠨ | ᠪᠠᠶᠢᠭᠤᠯᠤᠮᠵᠢ ᠶᠢ ᠣᠷᠢᠨ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠳᠠ ᠵᠠᠷᠯᠠᠬᠤ ᠦᠨ᠎ᠡ ᠶᠢ ᠡᠵᠡᠮᠳᠡᠬᠦ ᠬᠢᠨᠠᠨ | ᠬᠠᠷᠭᠤᠭᠤᠯᠤᠯᠳᠠ ᠶᠢᠨ ᠠᠵᠢᠯ ᠢ ᠦᠷᠨᠢᠬᠦᠯᠵᠦ᠂ 51 ᠲᠦᠷᠦᠯ ᠤᠨ ᠲᠦᠷᠦᠯ ᠵᠦᠢᠯ ᠢ ᠬᠢᠨᠠᠨ ᠬᠠᠷᠭᠤᠭᠤᠯᠤᠨ᠂ 2756 ᠲᠦᠮᠡᠨ ᠲᠦᠬᠦᠷᠢᠭ ᠡᠳ᠋ ᠤᠨ ᠵᠠᠰᠠᠭ | ᠤᠨ ᠪᠡᠯᠡ ᠮᠦᠩᠭᠦ ᠠᠷᠪᠢᠯᠠᠵᠤ᠂ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠬᠦᠯᠦᠨ᠂ ᠡᠳ᠋ ᠤᠨ ᠵᠠᠰᠠᠭ ᠤᠨ | ᠪᠡᠯᠡ ᠮᠦᠩᠬᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠬᠦᠯᠪᠡ᠃ ᠭᠤᠷᠪᠠ ᠳᠤ᠂ ᠪᠦᠲᠦᠮᠵᠢ ᠶᠢᠨ ᠦᠨᠡᠯᠡᠯᠲᠡ ᠶᠢᠨ ᠠᠵᠢᠯ ᠢ ᠪᠦᠬᠦ ᠲᠠᠯ᠎ᠠ ᠪᠠᠷ | ᠦᠷᠨᠢᠬᠦᠯᠪᠡ᠃ ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠬᠦ ᠠᠴᠠ ᠡᠮᠦᠨ᠎ᠡ ᠪᠦᠲᠦᠮᠵᠢ ᠶᠢᠨ ᠦᠨᠡᠯᠡᠯᠲᠡ ᠶᠢ ᠦᠷᠨᠢᠬᠦᠯᠦᠨ᠂ ᠪᠦᠲᠦᠮᠵᠢ ᠶᠢᠨ ᠦᠨᠡᠯᠡᠯᠲᠡ | ᠬᠢᠷᠢ ᠲᠡᠩᠴᠡᠭᠰᠡᠨ ᠦᠬᠡᠢ ᠶᠢ ᠦᠬᠡᠶᠢᠰᠬᠡᠵᠦ᠂ ᠲᠦᠷᠦᠯ ᠵᠦᠢᠯ ᠤᠨ ᠪᠤᠭᠤᠮᠲᠠ ᠶᠢ ᠴᠢᠩᠭ᠎ᠠ ᠡᠵᠡᠮᠳᠡᠨ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠶᠠᠪᠤᠴᠠ | ᠳᠤ ᠪᠦᠲᠦᠮᠵᠢ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠬᠦᠯᠦᠭᠰᠡᠨ ᠪᠠᠶᠢᠳᠠᠯ ᠢ ᠦᠨᠳᠦᠰᠦᠯᠡᠨ ᠪᠡᠯᠡ ᠮᠦᠩᠬᠦ ᠣᠯᠭᠤᠬᠤ ᠬᠠᠷᠢᠴᠠᠯ ᠢ ᠲᠤᠭᠲᠠᠭᠠᠵᠤ᠂ ᠡᠳ᠋ | ᠤᠨ ᠵᠠᠰᠠᠭ ᠤᠨ ᠪᠡᠯᠡ ᠮᠦᠩᠭᠦᠨ ᠤ ᠲᠤᠬᠢᠷᠠᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠬᠦᠯᠦᠨ᠂ ᠲᠦᠷᠦᠯ ᠵᠦᠢᠯ ᠤᠨ ᠪᠡᠯᠡ ᠮᠦᠩᠭᠦ ᠶᠢ ︽ᠬᠤᠪᠢᠶᠠᠷᠢᠯᠠᠯᠲᠠ ᠶᠢ | ᠴᠢᠬᠤᠯᠠᠴᠢᠯᠠᠵᠤ ᠬᠠᠮᠢᠶᠠᠷᠤᠯᠲᠠ ᠶᠢ ᠬᠦᠩᠬᠡᠪᠴᠢᠯᠡᠬᠦ︾ ᠠᠴᠠ ︽ᠵᠤᠭᠤᠰ ᠵᠠᠷᠤᠪᠠᠯ ᠡᠷᠬᠡᠪᠰᠢ ᠪᠦᠳᠤᠮᠵᠢ ᠶᠢ ᠨᠢ ᠠᠰᠠᠭᠤᠬᠤ︾ ᠲᠡᠶᠢᠰᠢ ᠬᠤᠪᠢᠷᠠᠭᠤᠯᠬᠤ ᠶᠢ | ᠪᠡᠶᠡᠯᠡᠬᠦᠯᠵᠦ᠂ ᠡᠳ᠋ ᠤᠨ ᠵᠠᠰᠠᠭ ᠤᠨ ᠪᠡᠯᠡ ᠮᠦᠩᠭᠦ ᠶᠢ ︽ᠵᠦᠪ ᠬᠡᠷᠡᠭᠯᠡᠬᠦ︾᠂ ︽ᠰᠠᠶᠢᠲᠤᠷ ᠬᠡᠷᠡᠭᠯᠡᠬᠦ︾ ᠶᠢ ᠪᠠᠲᠤᠯᠠᠪᠠ᠃ ᠦᠩᠭᠡᠷᠡᠭᠰᠡᠨ ᠳᠤ ᠭᠤᠤᠯᠳᠠᠭᠤ | ᠪᠠᠶᠢᠭᠤᠯᠭ᠎ᠠ ᠨᠢᠬᠡᠴᠡ ᠠᠴᠠ ᠦᠪᠡᠷᠲᠡᠬᠡᠨ ᠦᠨᠡᠯᠡᠬᠦ ᠶᠢ ᠳᠦᠰᠢᠭᠯᠡᠵᠦ ᠪᠠᠶᠢᠭᠰᠠᠨ ᠦᠨᠡᠯᠡᠯᠲᠡ ᠶᠢᠨ ᠠᠷᠭ᠎ᠠ ᠮᠠᠶ᠋ᠢᠭ ᠢ ᠦᠬᠡᠷᠡᠴᠢᠯᠡᠨ᠂ ︽ᠰᠠᠯᠠᠭ᠎ᠠ ᠮᠦᠴᠢᠷ ᠠᠴᠠ | ᠦᠪᠡᠷᠲᠡᠭᠡᠨ ᠦᠨᠡᠯᠡᠬᠦ + ᠡᠳ᠋ ᠤᠨ ᠵᠠᠰᠠᠭ ᠠᠴᠠ ᠭᠤᠤᠯᠳᠠᠯᠭ᠎ᠠ ᠲᠠᠢ ᠦᠨᠡᠯᠡᠬᠦ︾ ᠬᠤᠤᠰ ᠦᠨᠡᠯᠡᠯᠲᠡ ᠶᠢᠨ ᠲᠤᠭᠲᠠᠴᠠ ᠶᠢ ᠪᠠᠶᠢᠭᠤᠯᠪᠠ᠃ 2023 ᠣᠨ ᠳᠤ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢ ᠣᠷᠢᠬᠤ ᠪᠠᠷ ᠳᠠᠮᠵᠢᠭᠤᠯᠤᠨ᠂ 3.93 ᠳ᠋ᠦᠩᠰᠢᠭᠤᠷ ᠲᠦᠬᠦᠷᠢᠭ ᠪᠡᠯᠡ ᠮᠦᠩᠭᠦ ᠲᠠᠢ ᠬᠤᠯᠪᠤᠭᠳᠠᠭᠰᠠᠨ ᠵᠢᠯ ᠤᠨ | ᠡᠬᠢᠨ ᠤ ᠲᠦᠰᠦᠪ ᠤᠨ ᠲᠦᠷᠦᠯ ᠵᠦᠢᠯ ᠤᠨ ᠪᠦᠲᠦᠮᠵᠢ ᠶᠢᠨ ᠬᠠᠷᠠᠯᠲᠠ ᠶᠢ 663 ᠬᠢᠨᠠᠨ ᠬᠠᠷᠭᠤᠭᠤᠯᠪᠠ ︔ 139 ᠲᠦᠰᠦᠪ ᠤᠨ ᠪᠠᠶᠢᠭᠤᠯᠤᠯᠲᠠ ᠲᠠᠢ | ᠬᠤᠯᠪᠤᠭᠳᠠᠭᠰᠠᠨ 2022 ᠣᠨ ᠤ ᠲᠤᠰ ᠱᠠᠲᠤᠨ ᠤ ᠵᠠᠷᠤᠯᠭ᠎ᠠ ᠶᠢᠨ ᠲᠦᠷᠦᠯ ᠵᠦᠢᠯ ᠤᠨ ᠪᠦᠲᠦᠮᠵᠢ ᠶᠢᠨ ᠦᠪᠡᠷᠲᠡᠭᠡᠨ ᠦᠨᠡᠯᠡᠯᠲᠡ ᠶᠢ ᠵᠤᠬᠢᠶᠠᠨ ᠪᠠᠶᠢᠭᠤᠯᠵᠤ | ᠦᠷᠨᠢᠬᠦᠯᠪᠡ︔ 3 ᠳ᠋ᠦᠩᠰᠢᠭᠤᠷ ᠲᠦᠬᠦᠷᠢᠭ ᠪᠡᠯᠡ ᠮᠦᠩᠭᠦ ᠲᠠᠢ ᠬᠤᠯᠪᠤᠭᠳᠠᠭᠰᠠᠨ 37 ᠲᠦᠷᠦᠯ ᠳᠤ ᠭᠤᠤᠯᠳᠠᠯᠭ᠎ᠠ ᠲᠠᠢ ᠪᠦᠲᠦᠮᠵᠢ ᠶᠢᠨ ᠦᠨᠡᠯᠡᠯᠲᠡ ᠬᠢᠵᠦ᠂ | ᠡᠳ᠋ ᠤᠨ ᠵᠠᠰᠠᠭ ᠤᠨ ᠡᠬᠢ ᠰᠣᠷᠪᠣᠯᠵᠢ ᠶᠢ ᠰᠢᠯᠢᠳᠡᠭᠵᠢᠬᠦᠯᠦᠨ ᠲᠤᠬᠢᠷᠠᠭᠤᠯᠬᠤ ᠪᠠ ᠪᠡᠯᠡ ᠮᠦᠩᠭᠦᠨ ᠤ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠬᠦᠯᠬᠦ ᠶᠢ | ᠠᠬᠢᠭᠤᠯᠪᠠ᠃ | ︵ᠲᠠᠪᠤ︶ ᠶᠠᠰᠣ ᠴᠢᠨᠠᠷ ᠤᠨ ᠳᠡᠭᠡᠭᠰᠢᠯᠡᠬᠦᠯᠦᠯᠲᠡ ᠳᠤ ᠠᠩᠬᠠᠷᠤᠯ ᠢᠶᠠᠨ ᠲᠦᠪᠯᠡᠷᠡᠬᠦᠯᠵᠦ᠂ ᠣᠯᠣᠰ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ | ᠳᠦᠷᠢᠮᠵᠢᠬᠦᠨ ᠪᠠᠶᠢᠭᠤᠯᠤᠯᠲᠠ ᠶᠢ ᠡᠮᠬᠢᠲᠡᠢ ᠠᠬᠢᠭᠤᠯᠪᠠ᠃ ︽ᠣᠲᠤᠭ ᠤᠨ ᠡᠮᠦᠨᠡᠲᠦ ᠬᠤᠰᠢᠭᠤᠨ ᠤ ᠰᠢᠭᠤᠳ ᠬᠠᠷᠢᠶ᠎ᠠ ᠣᠯᠣᠰ ᠤᠨ ᠦᠮᠴᠢᠯᠡᠯᠲᠦ ᠠᠵᠤ | ᠠᠬᠤᠶᠢᠯᠠᠯ ᠤᠨ ᠬᠡᠯᠪᠡᠷᠢ ᠶᠢᠨ ᠬᠤᠪᠢᠷᠠᠭᠤᠯᠤᠯᠲᠠ ᠲᠡᠰ ᠳᠡᠪᠰᠢᠯᠲᠡ ᠶᠢᠨ ᠴᠢᠨᠠᠷᠯᠢᠭ ᠬᠦᠭᠵᠢᠯᠲᠡ ᠶᠢᠨ ᠵᠢᠯᠣᠭᠤᠳᠬᠤ ᠰᠠᠨᠠᠯ︾ ᠪᠠ ︽ᠬᠤᠰᠢᠭᠤ ᠰᠢᠭᠤᠳ | ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠪᠦᠲᠦᠮᠵᠢ ᠶᠢᠨ ᠬᠢᠨᠠᠨ ᠰᠢᠯᠭᠠᠯᠲᠠ ᠶᠢᠨ ᠠᠷᠭ᠎ᠠ︾ ᠶᠢ | ᠲᠤᠭᠲᠠᠭᠠᠵᠤ᠂ ︽ᠲᠠᠪᠤ ᠶᠢ ᠢᠵᠢ ᠴᠤᠭᠴᠠᠵᠢᠭᠤᠯᠤᠭᠰᠠᠨ︾ ᠬᠢᠨᠠᠨ ᠰᠢᠯᠭᠠᠯᠲᠠ ᠲᠠᠢ ᠶᠢ ᠣᠶᠠᠯᠳᠣᠭᠤᠯᠣᠨ 5 ᠬᠤᠰᠢᠭᠤ ᠰᠢᠭᠤᠳ ᠬᠠᠷᠢᠶ᠎ᠠ ᠣᠯᠣᠰ ᠤᠨ | ᠦᠮᠴᠢᠯᠡᠯᠲᠦ ᠠᠵᠤ ᠠᠬᠤᠶᠢᠯᠠᠯ ᠤᠨ 2022 ᠣᠨ ᠤ ᠡᠵᠡᠩᠨᠡᠯᠲᠡ ᠶᠢᠨ ᠪᠦᠲᠦᠮᠵᠢ ᠳᠤ ᠬᠤᠪᠢ ᠤᠯᠭᠤᠬᠤ ᠬᠢᠨᠠᠨ ᠰᠢᠯᠭᠠᠯᠲᠠ ᠬᠢᠨ᠂ ᠣᠯᠣᠰ ᠤᠨ ᠦᠮᠴᠢᠯᠡᠯᠲᠦ | ᠠᠵᠤ ᠠᠬᠤᠶᠢᠯᠠᠯ ᠳᠣᠯᠣᠳᠣᠭᠠᠷ ᠬᠡᠣᠬᠡᠳ ᠤᠨ ᠴᠡᠴᠡᠷᠯᠢᠭ ᠤᠨ ᠪᠠᠶᠢᠭᠤᠯᠤᠯᠲᠠ ᠶᠢᠨ ᠲᠦᠷᠦᠯ ᠵᠦᠢᠯ᠂ ᠬᠤᠲᠠ ᠶᠢᠨ ᠪᠤᠬᠢᠷ ᠣᠰᠣᠨ ᠤ ᠨᠡᠭᠡᠭᠡᠨ ᠠᠰᠢᠭᠯᠠᠯᠲᠠ | ᠵᠢᠴᠢ ᠲᠦᠬᠦᠷᠴᠢᠯᠡᠭᠰᠡᠨ ᠳᠦᠬᠦᠬᠡᠷᠦᠮᠵᠢ ᠶᠢᠨ ᠲᠦᠷᠦᠯ ᠵᠦᠢᠯ᠂ ᠱᠧᠨ᠋ᠵᠧᠨ ᠤ ᠡᠨᠧᠷᠬᠢ ᠶᠢᠨ ᠺᠤᠮᠫᠠᠨᠢ ᠶᠢᠨ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠶᠢ | ᠴᠤᠭᠴᠠᠵᠢᠭᠤᠯᠤᠭᠰᠠᠨ ᠲᠦᠷᠦᠯ ᠵᠦᠢᠯ ᠤᠨ ︽ᠪᠠᠷᠢᠮᠵᠢᠶᠠᠲᠤ ᠭᠠᠵᠠᠷ︾ ᠤᠨ ᠪᠠᠶᠢᠭᠤᠯᠣᠯᠲᠠ᠂ 5 ᠰᠠᠶ᠎ᠠ ᠸᠠᠲ ᠤᠨ ᠲᠠᠷᠬᠠᠢ ᠮᠠᠶ᠋ᠢᠭ ᠤᠨ ᠨᠠᠷᠠᠨ ᠡᠨᠧᠷᠬᠢ ᠪᠠᠷ | ᠴᠠᠬᠢᠯᠭᠠᠨ ᠭᠠᠷᠭᠠᠬᠤ ᠲᠦᠷᠦᠯ ᠵᠦᠢᠯ ᠵᠡᠷᠭᠡ ᠭᠤᠤᠯᠳᠠᠯᠭᠠᠲᠤ ᠲᠦᠷᠦᠯ ᠵᠦᠢᠯ ᠳᠤ ᠣᠷᠣᠯᠴᠠᠵᠤ᠂ 4.61 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ | ᠶᠢ ᠪᠡᠶᠡᠯᠡᠬᠦᠯᠦᠨ᠂ ᠨᠢᠳᠣᠨᠣᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠣᠯᠭ᠎ᠠ ᠶᠢᠨ ᠨᠡᠮᠡᠭᠳᠡᠯ 120%᠂ ᠠᠰᠢᠭ ᠬᠤᠨᠵᠢᠪᠤᠷᠢ ᠶᠢᠨ ᠨᠡᠮᠡᠭᠳᠡᠯ 60% ᠠᠴᠠ ᠳᠠᠪᠠᠵᠤ᠂ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠡᠬᠡᠪᠡᠷ ᠳᠡᠭᠡᠭᠰᠢᠯᠡᠪᠡ᠃ ᠪᠦᠬᠦ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠵᠢᠴᠢ | ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠣᠯᠣᠰ ᠤᠨ ᠡᠳ᠋ ᠬᠦᠷᠦᠩᠭᠡ ᠶᠢ ᠲᠤᠲᠣᠷᠬᠠᠶᠢᠯᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠬᠦ ᠶᠢᠨ | ᠬᠠᠮᠲᠤ ᠲᠤᠭᠲᠠᠮᠠᠯ ᠬᠦᠷᠦᠩᠭᠡ ᠳᠤ ︽ᠡᠯᠧᠺᠲᠷᠤᠨ ᠦᠨᠡᠮᠯᠡᠯ︾ ᠣᠯᠭᠤᠨ᠂ ᠡᠳ᠋ ᠬᠦᠷᠦᠩᠭᠡ ᠶᠢ ᠲᠤᠲᠤᠷᠬᠠᠶᠢᠯᠠᠨ ᠪᠠᠶᠢᠴᠠᠭᠠᠬᠤ᠂ ᠬᠢᠨᠠᠨ ᠬᠠᠷᠭᠤᠭᠤᠯᠬᠤ᠂ | ᠳᠦᠷᠢᠮ ᠢ ᠲᠡᠬᠦᠯᠳᠡᠷᠵᠢᠬᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠨ ᠤ ᠬᠤᠰᠢᠭᠤᠨ ᠤ ᠣᠯᠣᠰ ᠤᠨ ᠡᠳ᠋ ᠬᠦᠷᠦᠩᠭᠡ ᠶᠢᠨ ᠪᠠᠶᠢᠳᠠᠯ ᠢ ᠪᠦᠬᠦ ᠲᠠᠯ᠎ᠠ ᠪᠠᠷ | ᠲᠤᠲᠤᠯᠠᠵᠤ᠂ ᠣᠯᠣᠰ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠬᠦᠷᠦᠩᠭᠡ ᠶᠢᠨ ᠬᠠᠮᠢᠶᠠᠷᠤᠯᠲᠠ ᠪᠠ ᠲᠦᠰᠦᠪ ᠤᠨ ᠬᠠᠮᠢᠶᠠᠷᠤᠯᠲᠠ᠂ | ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠬᠠᠷᠢᠯᠴᠠᠨ ᠠᠭᠤᠰᠤᠯᠴᠠᠭᠤᠯᠬᠤ ᠶᠢ ᠠᠯᠬᠤᠮ ᠠᠯᠬᠤᠮ ᠢᠶᠠᠷ ᠠᠬᠢᠭᠤᠯᠵᠤ᠂ ᠡᠳ᠋ ᠬᠦᠷᠦᠩᠭᠡ ᠶᠢᠨ ᠬᠡᠷᠡᠭᠯᠡᠯᠲᠡ ᠶᠢᠨ | ᠦᠷ᠎ᠡ ᠠᠰᠢᠭ ᠢ ᠦᠨᠡᠨ ᠬᠦ ᠳᠡᠭᠡᠭᠰᠢᠯᠡᠬᠦᠯᠦᠨ᠂ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠪᠦᠲᠦᠬᠦᠯᠢᠭ ᠠᠴᠠ ᠨᠠᠷᠢᠯᠢᠭ ᠲᠠᠶᠢᠰᠢᠬᠢ ᠰᠢᠨ᠎ᠡ | ᠰᠢᠪᠲᠤᠯᠤᠯᠲᠠ ᠶᠢ ᠪᠡᠶᠡᠯᠡᠬᠦᠯᠪᠡ᠃ ᠳᠡᠭᠡᠳᠦ ᠱᠠᠲᠤᠨ ᠤ ᠨᠡᠬᠦᠷᠡᠰᠦᠨ ᠤ ᠡᠬᠢ ᠰᠣᠷᠪᠣᠯᠵᠢ ᠶᠢᠨ ᠬᠦᠷᠢᠶ᠎ᠡ ᠴᠠᠷᠠᠭᠠᠨ ᠳᠠᠬᠢ ᠬᠤᠬᠢᠷᠠᠯ ᠢ ᠨᠡᠬᠡᠮᠵᠢᠯᠡᠬᠦ ᠬᠤᠯᠪᠤᠭᠳᠠᠯ | ᠪᠦᠬᠦᠢ ᠱᠠᠭᠠᠷᠳᠠᠯᠭ᠎ᠠ ᠶᠤᠰᠤᠭᠠᠷ᠂ ᠰᠢᠨ᠎ᠡ ᠱᠠᠩᠬᠠᠢ ᠨᠢᠬᠡᠳᠦᠬᠡᠷ ᠨᠣᠮᠧᠷᠲᠦ ᠪᠠ ᠵᠡᠭᠡᠷᠭᠡᠨᠡᠲᠦ ᠨᠡᠬᠦᠷᠡᠰᠦᠨ ᠠᠭᠤᠷᠬᠠᠢ ᠶᠢᠨ ᠣᠯᠣᠰ ᠤᠨ ᠦᠮᠴᠢᠯᠡᠯᠲᠦ ᠡᠳ᠋ | ᠬᠦᠷᠦᠩᠭᠡ ᠶᠢᠨ ᠬᠤᠬᠢᠷᠠᠯ ᠢ ᠬᠠᠤᠯᠢ ᠶᠤᠰᠤᠭᠠᠷ ᠨᠡᠬᠡᠮᠵᠢᠯᠡᠨ ᠲᠤᠰᠢᠶᠠᠯᠭᠠᠵᠤ᠂ ᠣᠯᠣᠰ ᠤᠨ ᠡᠳ᠋ ᠬᠦᠷᠦᠩᠭᠡ ᠬᠡᠬᠡᠭᠳᠡᠬᠦ ᠶᠢ ᠡᠷᠡᠰ ᠰᠡᠷᠬᠡᠶᠢᠯᠡᠪᠡ᠃ | ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠣᠳᠣᠬᠠᠨ ᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠡᠷᠭᠢᠯᠲᠡ ᠪᠠ ᠡᠳ᠋ ᠤᠨ | ᠵᠠᠰᠠᠭ ᠤᠨ ᠠᠵᠢᠯ ᠳᠤ ᠪᠠᠰᠠ ᠨᠢᠭᠡ ᠪᠦᠯᠦᠭ ᠬᠦᠴᠢᠷᠳᠡᠯ ᠪᠠ ᠦᠷᠢᠰᠦᠯᠳᠦᠬᠡᠨ ᠣᠷᠣᠰᠢᠵᠣ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠣᠯᠳᠠᠭᠤ᠄ ᠰᠢᠨ᠎ᠡ | ᠭᠠᠶᠢᠯᠢ ᠶᠢᠨ ᠢᠷᠡᠯᠲᠡ ᠶᠢᠨ ᠨᠡᠮᠡᠭᠳᠡᠯ ᠢ ᠪᠠᠰᠠ ᠣᠯᠠᠮ ᠴᠢᠨᠠᠭᠰᠢᠳᠠ ᠠᠭᠤᠲᠠᠯᠠᠬᠤ ᠴᠢᠬᠤᠯᠠᠲᠠᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠦᠷᠢᠴᠡᠯ ᠮᠦᠨ | ᠳᠣᠪᠣᠶᠢᠮ᠎ᠠ ᠪᠤᠢ︔ ᠬᠡᠰᠡᠭ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠭᠠᠷᠳᠠᠮ ᠪᠦᠷᠢᠨ ᠪᠤᠰᠤ᠂ ᠨᠦᠬᠡᠴᠡ ᠬᠦᠢᠴᠡᠳ ᠦᠬᠡᠢ ᠠᠴᠠ ᠪᠤᠯᠤᠭᠠᠳ ᠲᠤᠰᠬᠠᠢ | ᠪᠡᠯᠡ ᠮᠦᠩᠭᠦ ᠣᠯᠵᠣ ᠳᠡᠶᠢᠯᠬᠦ ᠦᠬᠡᠢ᠂ ᠰᠠᠯᠠᠭ᠎ᠠ ᠮᠦᠴᠢᠷ ᠤᠨ ᠬᠤᠭᠤᠷᠤᠨᠲᠤᠬᠢ ᠵᠤᠬᠢᠴᠠᠭᠤᠯᠭ᠎ᠠ ᠬᠠᠮᠵᠢᠯᠴᠠᠭ᠎ᠠ ᠰᠣᠯᠠ᠂ ᠳᠡᠭᠡᠳᠦ ᠱᠠᠲᠤᠨ ᠤ ᠲᠣᠰᠬᠠᠢ ᠪᠡᠯᠡ | ᠮᠦᠩᠭᠦ ᠣᠯᠬᠤ ᠶᠢ ᠵᠤᠬᠢᠬᠤ ᠬᠡᠮᠵᠢᠶ᠎ᠡ ᠪᠠᠷ ᠨᠦᠯᠦᠬᠡᠯᠡᠵᠦ ᠪᠤᠢ︔ ᠬᠡᠰᠡᠭ ᠰᠠᠯᠠᠭ᠎ᠠ ᠮᠦᠴᠢᠷ ᠤᠨ ᠪᠦᠲᠦᠮᠵᠢ ᠶᠢᠨ ᠦᠵᠡᠯᠲᠡ ᠣᠬᠠᠮᠰᠠᠷ ᠲᠤᠲᠠᠮᠠᠭ᠂ ᠪᠦᠲᠦᠮᠵᠢ | ᠶᠢᠨ ᠦᠨᠡᠯᠡᠯᠲᠡ ᠳᠤ ᠢᠯᠡᠷᠡᠬᠦᠯᠦᠭᠰᠡᠨ ᠠᠰᠠᠭᠤᠳᠠᠯ ᠢ ᠴᠠᠭ ᠳᠣᠬᠠᠢ ᠳᠤᠨᠢ ᠴᠡᠭᠴᠡᠯᠡᠭᠡᠳᠦᠢ ᠵᠡᠷᠭᠡ ᠪᠤᠢ᠃ ᠡᠭᠦᠨ ᠳᠤ᠂ ᠪᠢᠳᠠ ᠠᠰᠠᠭᠤᠳᠠᠯ ᠤᠨ ᠣᠳᠣᠷᠢᠳᠣᠮᠵᠢ ᠶᠢ | ᠪᠠᠷᠢᠮᠲᠠᠯᠠᠵᠣ᠂ ᠬᠤᠷᠢᠭ᠎ᠠ ᠱᠤᠭᠤᠮ ᠤᠨ ᠰᠡᠤᠨᠬᠢᠮᠵᠢ ᠶᠢ ᠪᠠᠲᠣ ᠰᠠᠬᠢᠨ᠂ ᠢᠳᠡᠪᠬᠢᠲᠡᠢ ᠪᠦᠲᠦᠮᠵᠢᠲᠠᠢ ᠠᠷᠭ᠎ᠠ ᠬᠡᠮᠵᠢᠶ᠎ᠡ ᠶᠢ ᠰᠣᠳᠣᠯᠣᠨ ᠲᠣᠭᠲᠠᠭᠠᠵᠣ ᠰᠠᠶᠢᠲᠣᠷ | ᠰᠢᠢᠳᠪᠦᠷᠢᠯᠡᠬᠦ ᠪᠠᠷ ᠴᠢᠷᠮᠠᠶᠢᠨ᠎ᠠ᠃ | ᠬᠤᠶᠠᠷ᠂ 2024 ᠤᠨ ᠤ ᠡᠳ᠋ ᠤᠨ ᠵᠠᠰᠠᠭ ᠤᠨ ᠲᠥᠰᠥᠪ ᠤᠨ ᠲᠦᠰᠤᠯ | 2024 ᠤᠨ ᠤ ᠡᠳ᠋ ᠤᠨ ᠵᠠᠰᠠᠭ ᠤᠨ ᠲᠦᠰᠤᠪ ᠤᠨ ᠳᠤᠭᠳᠠᠭᠠᠯᠳᠠ ᠶᠢᠨ ᠵᠢᠯᠤᠭᠤᠳᠬᠤ ᠥᠵᠡᠯ ᠰᠠᠨᠠᠭ᠎ᠠ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠣᠮᠳᠠᠳᠣ ᠣᠯᠣᠰ ᠤᠨ ᠣᠨᠴᠠᠯᠢᠭᠲᠣ ᠨᠡᠶᠢᠬᠡᠮ ᠵᠢᠷᠣᠮ ᠤᠨ ᠦᠵᠡᠯ ᠰᠠᠨᠠᠭ᠎ᠠ ᠶᠢ ᠪᠠᠷᠢᠮᠲᠠᠯᠠᠵᠣ᠂ ᠨᠠᠮ ᠤᠨ ᠬᠤᠷᠢᠳᠣᠭᠠᠷ ᠶᠡᠭᠡ ᠬᠤᠷᠠᠯ᠂ ᠬᠤᠷᠢᠳᠣᠭᠠᠷ | ᠬᠤᠭᠤᠴᠠᠭᠠᠨ ᠤ ᠬᠤᠶᠠᠳᠣᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ | ᠦᠪᠦᠷ ᠮᠣᠩᠭᠤᠯ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ | ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠬᠡᠳᠦᠬᠡᠷ ᠬᠤᠭᠤᠴᠠᠭᠠᠨ ᠤ ᠳᠣᠯᠣᠳᠣᠭᠠᠷ ᠪᠦᠬᠦᠳᠡ ᠬᠤᠷᠠᠯᠳᠤᠭᠠᠨ ᠵᠢᠴᠢ ᠪᠦᠬᠦ ᠣᠷᠣᠨ ᠤ | ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠲᠠᠪᠤᠳᠣᠭᠠᠷ ᠬᠤᠭᠤᠴᠠᠭᠠᠨ ᠤ ᠳᠣᠯᠣᠳᠣᠭᠠᠷ ᠪᠦᠬᠦᠳᠡ ᠬᠤᠷᠠᠯᠳᠤᠭᠠᠨ ᠵᠢᠴᠢ ᠪᠦᠬᠦ | ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠬᠤᠰᠢᠭᠤ ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ ᠠᠷᠪᠠᠨ ᠭᠤᠷᠪᠠᠳᠣᠭᠠᠷ ᠪᠦᠬᠦᠳᠡ | ᠬᠤᠷᠠᠯᠳᠤᠭᠠᠨ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠲᠠᠪᠤᠷᠢᠵᠢᠭᠤᠯᠤᠨ᠂ ᠣᠯᠣᠰ᠂ ᠣᠷᠣᠨ᠂ | ᠬᠤᠲᠠ ᠶᠢᠨ ᠡᠳ᠋ ᠤᠨ ᠵᠠᠰᠠᠭ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ ︽ᠲᠤᠭᠲᠠᠭᠤᠨ ᠤ ᠳᠣᠮᠳᠠ | ᠣᠷᠣᠭᠰᠢᠯᠠᠬᠤ᠂ ᠣᠷᠣᠭᠰᠢᠯᠠᠯᠲᠠ ᠪᠠᠷ ᠲᠤᠭᠲᠠᠭᠤᠨ ᠢ ᠠᠬᠢᠭᠤᠯᠬᠤ᠂ ᠣᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠳᠤᠯᠬᠤ︾ ᠶᠢ ᠪᠠᠷᠢᠮᠲᠠᠯᠠᠨ᠂ ᠰᠢᠨ᠎ᠡ | ᠬᠦᠭᠵᠢᠯᠲᠡ ᠶᠢᠨ ᠦᠵᠡᠯᠲᠡ ᠶᠢ ᠪᠦᠷᠢᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠣᠬᠠᠮᠰᠠᠷ ᠢ ᠪᠠᠲᠤᠳᠬᠠᠬᠤ ᠪᠠᠷ ᠭᠤᠤᠯ ᠱᠣᠭᠤᠮ ᠪᠣᠯᠭᠠᠨ᠂ ᠡᠳ᠋ ᠤᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠡᠷᠬᠢᠯᠲᠡ ᠶᠢᠨ | ᠪᠦᠲᠦᠮᠵᠢ ᠶᠢ ᠳᠡᠭᠡᠭᠰᠢᠯᠡᠬᠦᠯᠦᠨ᠂ ᠳᠦᠭᠰᠢᠬᠦᠷᠢ ᠶᠢᠨ ᠰᠡᠷᠬᠡᠶᠢᠯᠡᠯᠲᠡ ᠰᠢᠢᠳᠪᠦᠷᠢᠯᠡᠯᠲᠡ ᠶᠢ ᠴᠢᠩᠭᠠᠳᠬᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ | ᠶᠡᠬᠡᠪᠡᠷ ᠰᠢᠯᠢᠳᠡᠭᠵᠢᠬᠦᠯᠦᠨ᠂ ᠦᠨᠳᠦᠰᠦᠨ ᠱᠠᠲᠤᠨ ᠤ ︽ᠭᠤᠷᠪᠠ ᠶᠢ ᠪᠠᠲᠣᠯᠠᠬᠤ︾ ᠬᠢᠵᠠᠭᠠᠷ ᠱᠣᠭᠤᠮ ᠢ ᠪᠠᠲᠤ ᠰᠠᠬᠢᠵᠦ᠂ ︽ᠲᠦᠷᠪᠡᠨ ᠣᠷᠣᠨ︾ ᠤ | ᠪᠠᠶᠢᠭᠤᠯᠣᠯᠲᠠ ᠳᠤ ᠪᠠᠲᠤ ᠪᠠᠬᠢ ᠡᠳ᠋ ᠤᠨ ᠵᠠᠰᠠᠭ ᠤᠨ ᠪᠠᠲᠤᠯᠠᠭ᠎ᠠ ᠬᠠᠩᠭᠠᠨ᠂ ᠳᠣᠮᠳᠠᠳᠣ ᠣᠯᠣᠰ ᠤᠨ ᠮᠠᠶ᠋ᠢᠭ ᠤᠨ ᠣᠳᠣᠬᠢᠴᠢᠯᠠᠯᠲᠠ ᠶᠢᠨ ︽ᠭᠠᠷᠮᠠᠭᠠᠶᠢᠯᠠᠨ | ᠳᠠᠪᠰᠢᠬᠤ ᠣᠲᠤᠭ ᠤᠨ ᠡᠮᠦᠨᠡᠲᠦ ᠬᠤᠰᠢᠭᠤᠨ︾ ᠤ ᠰᠢᠨ᠎ᠡ ᠠᠶᠠᠨ ᠳᠤ ᠡᠳ᠋ ᠤᠨ ᠵᠠᠰᠠᠭ ᠤᠨ ᠬᠦᠴᠦᠨ ᠴᠢᠳᠠᠯ ᠢᠶᠠᠨ ᠨᠡᠮᠡᠷᠢᠯᠡᠨ᠎ᠡ᠃ | ᠦᠨᠳᠣᠰᠣᠨ ᠵᠠᠷᠴᠢᠮ᠄ ᠨᠢᠬᠡ ᠳᠤ ︽ᠲᠡᠭ ᠰᠠᠭᠤᠷᠢᠲᠣ ᠲᠦᠰᠦᠪ︾ ᠢ ᠪᠠᠷᠢᠮᠲᠠᠯᠠᠨ᠎ᠠ᠃ ︽ᠲᠡᠭ ᠰᠠᠭᠤᠷᠢᠲᠣ ᠲᠦᠰᠦᠪ︾ ᠤᠨ ᠣᠶᠢᠯᠠᠭᠠᠭᠳᠠᠬᠤᠨ ᠢ | ᠢᠳᠡᠪᠬᠢᠲᠡᠢ ᠬᠡᠷᠡᠭᠯᠡᠵᠣ᠂ ᠵᠠᠷᠣᠯᠭ᠎ᠠ ᠶᠢᠨ ᠬᠡᠪᠰᠢᠮᠡᠯ ᠪᠠᠶᠢᠳᠠᠯ ᠢ ᠡᠪᠳᠡᠨ᠂ ᠲᠡᠭ ᠢᠶᠠᠷ ᠰᠠᠭᠤᠷᠢ ᠴᠡᠭ ᠪᠣᠯᠭᠠᠨ ᠪᠣᠳᠠᠲᠣ ᠬᠡᠷᠡᠭᠴᠡᠭᠡ ᠠᠴᠠ ᠡᠬᠦᠰᠴᠤ᠂ ᠡᠳ᠋ ᠤᠨ | ᠬᠦᠴᠦᠨ ᠤ ᠪᠠᠶᠢᠳᠠᠯ ᠲᠠᠢ ᠣᠶᠠᠯᠳᠣᠭᠤᠯᠣᠨ ᠵᠢᠯ ᠤᠨ ᠵᠠᠷᠣᠯᠭ᠎ᠠ ᠶᠢᠨ ᠲᠦᠰᠣᠪ ᠢ ᠲᠣᠭᠤᠷᠪᠢᠨ᠂ ᠡᠳ᠋ ᠤᠨ ᠵᠠᠰᠠᠭ ᠤᠨ ᠨᠢᠬᠡᠳᠣᠯᠲᠡᠢ ᠲᠦᠯᠦᠪᠵᠢᠬᠦᠯᠣᠨ | ᠲᠡᠩᠴᠡᠬᠦᠷᠢᠰᠢᠬᠦᠯᠬᠦ ᠴᠢᠳᠠᠪᠬᠢ ᠪᠣᠯᠣᠨ ᠠᠵᠣ ᠠᠬᠤᠢ ᠶᠢᠨ ᠦᠷᠭᠦᠯᠵᠢᠬᠦᠶᠢᠴᠡ ᠬᠦᠭᠵᠢᠯᠲᠡ ᠶᠢᠨ ᠴᠢᠳᠠᠪᠣᠷᠢ ᠶᠢ ᠦᠨᠡᠨ ᠬᠦ ᠴᠢᠩᠭᠠᠳᠬᠠᠵᠣ᠂ ᠡᠳ᠋ ᠤᠨ ᠵᠠᠰᠠᠭ ᠤᠨ | ᠵᠠᠰᠠᠭ ᠤᠨ ᠣᠷᠳᠣᠨ ᠤ ᠵᠠᠰᠠᠯᠲᠠ ᠳᠤ ᠬᠢ ᠰᠠᠭᠤᠷᠢ ᠪᠠ ᠴᠢᠬᠤᠯᠠ ᠲᠣᠯᠭᠠᠭᠤᠷᠢᠯᠠᠯ ᠤᠨ ᠦᠢᠯᠡᠳᠣᠯ ᠢ ᠨᠡᠩ ᠰᠠᠶᠢᠲᠣᠷ ᠪᠠᠳᠠᠷᠠᠭᠤᠯᠣᠨ᠎ᠠ᠃ ᠬᠤᠶᠠᠷ ᠲᠤ ᠬᠠᠤᠯᠢ | ᠲᠣᠭᠲᠠᠭᠠᠯ ᠶᠣᠰᠣᠭᠠᠷ ᠲᠣᠭᠤᠷᠪᠢᠨᠠ᠃ ᠣᠷᠣᠯᠭ᠎ᠠ ᠶᠢᠨ ᠲᠦᠰᠣᠪ ᠤᠨ ᠲᠦᠷᠦᠯ ᠵᠦᠢᠯ ᠳᠤ ᠬᠠᠮᠢᠶ᠎ᠠ ᠪᠦᠬᠦᠢ ᠬᠠᠤᠯᠢ ᠲᠣᠭᠲᠠᠭᠠᠯ ᠢᠶᠠᠷ ᠡᠰᠢ ᠪᠠᠷᠢᠮᠲᠠ ᠪᠣᠯᠭᠠᠵᠣ᠂ | ᠲᠣᠷ᠎ᠠ ᠲᠠᠪᠠ ᠪᠠᠷ ᠣᠷᠣᠯᠭ᠎ᠠ ᠶᠢᠨ ᠲᠦᠷᠦᠯ ᠵᠦᠢᠯ ᠭᠠᠷᠭᠠᠬᠤ᠂ ᠣᠷᠣᠯᠭ᠎ᠠ ᠶᠢ ᠨᠢᠭᠤᠬᠤ ᠵᠡᠷᠬᠡ ᠦᠵᠡᠭᠳᠡᠯ ᠡᠬᠦᠰᠬᠦ ᠶᠢ ᠡᠷᠡᠰ ᠬᠤᠷᠢᠭᠯᠠᠨ᠎ᠠ᠃ ᠵᠠᠷᠣᠯᠭ᠎ᠠ ᠶᠢᠨ | ᠲᠦᠰᠣᠪ ᠢ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠲᠣᠭᠲᠠᠭᠠᠯ ᠱᠠᠭᠠᠷᠳᠠᠯᠭ᠎ᠠ ᠶᠣᠰᠣᠭᠠᠷ ᠲᠣᠭᠤᠷᠪᠢᠵᠣ᠂ ᠲᠣᠷ᠎ᠠ ᠪᠠᠷ ᠵᠠᠷᠣᠯᠭ᠎ᠠ ᠶᠢᠨ ᠬᠡᠪᠴᠢᠶ᠎ᠡ ᠶᠢ | ᠦᠷᠬᠡᠳᠬᠡᠨ᠂ ᠵᠠᠷᠣᠯᠭ᠎ᠠ ᠶᠢᠨ ᠪᠠᠷᠢᠮᠵᠢᠶ᠎ᠠ ᠶᠢ ᠲᠡᠬᠡᠭᠰᠢᠯᠡᠬᠦᠯᠵᠣ ᠪᠣᠯᠬᠤ ᠦᠬᠡᠢ᠃ ᠭᠤᠷᠪᠠ ᠳᠤ ᠪᠠᠶᠢᠩᠭᠤ ᠠᠷᠪᠢᠴᠢ ᠶᠢ ᠪᠠᠷᠢᠮᠲᠠᠯᠠᠨ᠎ᠠ᠃ ᠲᠦᠪ ᠤᠨ ᠨᠠᠢᠮᠠᠨ | ᠲᠣᠭᠲᠠᠭᠠᠯ ᠪᠣᠯᠣᠨ ᠬᠡᠷᠡᠭᠵᠢᠬᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠲᠠᠪᠣᠷᠢᠵᠢᠭᠤᠯᠣᠨ᠂ ᠪᠦᠷᠢᠯᠬᠡᠨ ᠰᠦᠢᠳᠬᠡᠬᠦ ᠶᠢ ᠡᠷᠡᠰ ᠲᠡᠪᠴᠢᠵᠣ᠂ | ᠰᠠᠯᠠᠭ᠎ᠠ ᠮᠦᠴᠢᠷ ᠤᠨ ᠲᠦᠰᠦᠪ ᠢ ᠴᠢᠩᠭ᠎ᠠ ᠡᠵᠡᠮᠳᠡᠵᠣ ᠲᠣᠭᠤᠷᠪᠢᠨ᠂ ᠲᠦᠰᠦᠪ ᠲᠤ ᠣᠷᠣᠭᠤᠯᠣᠭᠰᠠᠨ ᠦᠬᠡᠢ ᠪᠣᠯ ᠵᠠᠷᠣᠯᠭ᠎ᠠ ᠲᠣᠬᠢᠷᠠᠭᠤᠯᠬᠤ ᠦᠬᠡᠢ᠂ | ︽ᠭᠤᠷᠪᠠᠨ ᠠᠯᠪᠠᠨ︾ ᠤ ᠵᠠᠷᠣᠳᠠᠯ ᠢ ᠬᠠᠰᠣᠭᠳᠠᠭᠤᠯᠬᠤ ᠠᠴᠠ ᠪᠢᠰᠢ ᠨᠡᠮᠡᠭᠳᠡᠬᠦᠯᠬᠦ ᠦᠬᠡᠢ᠂ ᠡᠩ ᠤᠨ ᠵᠠᠷᠣᠯᠭ᠎ᠠ ᠶᠢ ᠦᠷᠬᠦᠯᠵᠢᠯᠡᠨ ᠪᠠᠭᠠᠰᠬᠠᠵᠣ᠂ ᠪᠦᠲᠦᠮᠵᠢ | ᠲᠣᠣᠷ᠎ᠠ ᠪᠦᠲᠦᠮᠵᠢ ᠦᠬᠡᠢ ᠵᠠᠷᠣᠯᠭ᠎ᠠ ᠶᠢ ᠬᠠᠰᠣᠨ᠎ᠠ᠃ ᠲᠦᠷᠪᠡ ᠳᠤ ᠵᠠᠷᠣᠯᠭ᠎ᠠ ᠶᠢᠨ ᠪᠦᠲᠦᠴᠡ ᠶᠢ ᠰᠢᠯᠢᠳᠡᠭᠵᠢᠬᠦᠯᠣᠨᠡ᠃ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠣᠷᠢ ᠪᠠᠶᠢᠷᠢᠯᠠᠭᠤᠯᠣᠯᠲᠠ ᠶᠢᠨ ᠲᠣᠭᠤᠷᠢᠨ ᠳᠤ ︽ᠠᠷᠠᠳ ᠤᠨ ᠦᠨᠳᠦᠰᠣᠨ ᠠᠮᠢᠳᠣᠷᠠᠯ᠂ ᠴᠠᠯᠢᠩ᠂ ᠠᠵᠢᠯᠯᠠᠮᠵᠢ ᠶᠢ ᠪᠠᠲᠣᠯᠠᠬᠤ︾ | ᠪᠠ ᠪᠦᠬᠦ ᠬᠤᠰᠢᠭᠤᠨ ᠤ ᠭᠤᠣᠯᠳᠠᠯᠭᠠᠲᠣ ᠲᠦᠷᠦᠯ ᠵᠦᠢᠯ ᠤᠨ ᠪᠠᠶᠢᠭᠤᠯᠣᠯᠲᠠ ᠶᠢᠨ ᠵᠠᠷᠣᠯᠭ᠎ᠠ ᠶᠢ ᠲᠣᠪᠣᠶᠢᠯᠭᠠᠨ ᠪᠠᠲᠣᠯᠠᠨ᠎ᠠ᠃ ᠲᠠᠪᠤ ᠳᠤ ᠪᠦᠲᠦᠮᠵᠢ ᠶᠢᠨ | ᠬᠠᠮᠢᠶᠠᠷᠣᠯᠲᠠ ᠶᠢ ᠴᠢᠩᠭᠠᠳᠬᠠᠨ᠎ᠠ᠃᠂ ᠲᠦᠰᠣᠪ ᠤᠨ ᠪᠠᠶᠢᠭᠤᠯᠭ᠎ᠠ ᠶᠢᠨ ᠰᠢᠨ᠎ᠡ ᠪᠠᠷ ᠲᠣᠭᠲᠠᠭᠠᠭᠰᠠᠨ ᠴᠢᠬᠤᠯᠠ ᠶᠡᠭᠡ ᠲᠦᠷᠦ ᠶᠢᠨ ᠪᠣᠳᠣᠯᠭ᠎ᠠ ᠲᠠᠢ | ᠲᠣᠬᠢᠷᠠᠯᠴᠠᠭᠰᠠᠨ ᠲᠦᠷᠦᠯ ᠵᠦᠢᠯ ᠳᠤ ᠡᠮᠣᠨ᠎ᠡ ᠬᠤᠭᠤᠴᠠᠭᠠᠨ ᠤ ᠪᠦᠲᠦᠮᠵᠢ ᠶᠢᠨ ᠦᠨᠡᠯᠡᠯᠲᠡ ᠬᠢᠵᠣ᠂ ᠪᠦᠲᠦᠮᠵᠢ ᠶᠢᠨ ᠬᠠᠷᠠᠯᠲᠠ ᠶᠢᠨ ᠬᠠᠮᠢᠶᠠᠷᠣᠯᠲᠠ ᠶᠢ | ᠴᠢᠩᠭᠠᠳᠬᠠᠨ᠂ ᠱᠠᠭᠠᠷᠳᠠᠯᠭ᠎ᠠ ᠶᠣᠰᠣᠭᠠᠷ ᠪᠦᠲᠦᠮᠵᠢ ᠶᠢᠨ ᠬᠠᠷᠠᠯᠲᠠ ᠲᠣᠭᠲᠠᠭᠠᠭᠰᠠᠨ ᠦᠬᠡᠢ ᠪᠣᠶᠣ ᠬᠢᠨᠠᠨ ᠵᠦᠪᠰᠢᠶᠡᠷᠡᠭᠳᠡᠭᠰᠡᠨ ᠦᠬᠡᠢ ᠪᠣᠯ ᠲᠦᠰᠦᠪ | ᠲᠣᠬᠢᠷᠠᠭᠤᠯᠬᠤ ᠦᠬᠡᠢ᠃ | ︵ ᠨᠢᠬᠡ︶ ᠡᠩ ᠤᠨ ᠨᠠᠶᠢᠳᠠ ᠶᠢᠨ ᠲᠦᠰᠤᠪ | 1. ᠡᠩ ᠤᠨ ᠨᠠᠶᠢᠳᠠ ᠶᠢᠨ ᠲᠦᠰᠤᠪ ᠤᠨ ᠣᠷᠣᠯᠭ᠎ᠠ | 2024 ᠣᠨ ᠳᠤ ᠮᠠᠨ ᠤ ᠬᠤᠰᠢᠭᠤᠨ ᠤ ᠡᠩ ᠤᠨ ᠨᠠᠶᠢᠳᠠ ᠶᠢᠨ ᠲᠦᠰᠤᠪ ᠤᠨ ᠣᠷᠣᠯᠭ᠎ᠠ ᠶᠢ 47.82 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ | ᠰᠠᠨᠠᠭᠠᠴᠢᠯᠠᠵᠤ᠂ ᠡᠬᠦᠨ ᠳᠤ᠄ ᠬᠤᠰᠢᠭᠤ ᠳᠤᠰ ᠱᠠᠳᠤᠨ ᠤ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ ᠵᠢᠱᠢᠭᠰᠡᠨ ᠢᠶᠠᠷ 22.39 | ᠳ᠋ᠦᠩᠰᠢᠭᠤᠷ ᠲᠦᠬᠦᠷᠢᠭ ᠪᠡᠶᠡᠯᠡᠭᠦᠯᠵᠤ ︵ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ 1.23 ᠳ᠋ᠦᠩᠰᠢᠭᠤᠷ ᠲᠦᠬᠦᠷᠢᠭ ᠤᠨ ᠤᠷᠤᠯᠭ᠎ᠠ | ᠶᠢ ᠪᠠᠭᠳᠠᠭᠠᠨ᠎ᠠ︶᠂ ᠳᠡᠭᠡᠷ᠎ᠡ ᠵᠢᠯ ᠤᠨ ᠠᠴᠠ 9% ᠦᠰᠭᠡᠨ᠂ ᠳᠡᠬᠡᠳᠤ ᠱᠠᠳᠤᠨ ᠤ ᠨᠦᠬᠦᠪᠦᠷᠢ ᠶᠢᠨ ᠤᠷᠤᠯᠭ᠎ᠠ ᠶᠢ ᠵᠢᠱᠢᠭᠰᠡᠨ ᠢᠶᠠᠷ 23.5 ᠳ᠋ᠦᠩᠰᠢᠭᠤᠷ | ᠲᠦᠬᠦᠷᠢᠭ ᠪᠡᠶᠡᠯᠡᠭᠦᠯᠦᠨ᠂ ᠲᠦᠰᠦᠪ ᠤᠨ ᠲᠤᠭᠲᠠᠪᠤᠷᠢᠵᠢᠭᠤᠯᠤᠯᠲᠠ ᠶᠢᠨ ᠲᠤᠬᠢᠷᠠᠭᠤᠯᠭ᠎ᠠ ᠶᠢᠨ ᠪᠡᠯᠡ ᠮᠦᠩᠭᠦ ᠶᠢ 0.24 ᠳ᠋ᠦᠩᠰᠢᠭᠤᠷ ᠲᠦᠬᠦᠷᠢᠭ | ᠲᠣᠬᠢᠷᠠᠭᠤᠯᠣᠨ᠎ᠠ᠃ ᠳᠡᠬᠡᠷ᠎ᠠ ᠵᠢᠯ ᠤᠨ ᠦᠯᠡᠳᠡᠪᠤᠷᠢ ᠣᠷᠣᠯᠭ᠎ᠠ 1.69 ᠳ᠋ᠦᠩᠰᠢᠭᠤᠷ ᠲᠦᠬᠦᠷᠢᠭ᠃ | 2. ᠡᠩ ᠤᠨ ᠨᠠᠶᠢᠳᠠ ᠶᠢᠨ ᠲᠥᠰᠥᠪ ᠤᠨ ᠵᠠᠷᠤᠯᠭ᠎ᠠ | 2024 ᠤᠨ ᠤ ᠡᠩ ᠤᠨ ᠨᠠᠶᠢᠳᠠ ᠶᠢᠨ ᠲᠦᠰᠤᠪ ᠤᠨ ᠵᠠᠷᠤᠯᠭ᠎ᠠ ᠶᠢ 47.82 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ ︵ᠱᠠᠩᠬᠠᠢ | ᠶᠢᠨ ᠰᠦᠮ᠎ᠠᠠᠵᠤ ᠠᠬᠤᠢ ᠶᠢᠨ ᠨᠡᠬᠡᠬᠡᠯᠳᠠ ᠶᠢᠨ ᠤᠷᠤᠨ ᠤ 0.86 ᠳ᠋ᠦᠩᠰᠢᠭᠤᠷ ᠲᠦᠬᠦᠷᠢᠭ ᠤᠨ ᠵᠠᠷᠤᠯᠭ᠎ᠠ ᠶᠢ ᠪᠠᠭᠳᠠᠭᠠᠨ᠎ᠠ︶᠂ ᠠᠳᠠᠯᠢ ᠬᠤᠭᠤᠴᠠᠭᠠᠨ ᠤ ᠬᠢ | ᠠᠴᠠ 6.74% ᠨᠡᠮᠡᠭᠳᠡᠬᠦᠯᠣᠨ᠎ᠡ᠃ | ︵1︶ ᠡᠩ ᠤᠨ ᠡᠷᠬᠢᠯᠲᠡ ᠶᠢᠨ ᠵᠠᠷᠤᠯᠭ᠎ᠠ ᠶᠢᠨ ᠲᠦᠰᠤᠪ ᠢ 11.87 ᠳ᠋ᠦᠩᠰᠢᠭᠤᠷ ᠲᠦᠬᠦᠷᠢᠭ ᠲᠣᠬᠢᠷᠠᠭᠤᠯᠣᠨ᠂ ᠡᠩ ᠤᠨ ᠨᠡᠶᠢᠳᠡ ᠶᠢᠨ ᠲᠦᠰᠤᠪ ᠤᠨ | ᠵᠠᠷᠤᠯᠭ᠎ᠠ ᠶᠢᠨ 24.82% ᠢ ᠡᠵᠡᠯᠡᠭᠦᠯᠦᠨ᠎ᠡ᠃ ᠡᠭᠦᠨ ᠳᠤ᠄ | ① ᠴᠠᠯᠢᠩ ᠤᠨ ᠵᠠᠷᠣᠯᠭ᠎ᠠ 10.76 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 11.28% ᠪᠠᠷ ᠨᠡᠮᠡᠭᠳᠡᠭᠦᠯᠦᠨ᠎ᠡ᠃ | ② ᠨᠡᠶᠢᠳᠡ ᠶᠢᠨ ᠬᠡᠷᠡᠭᠯᠡᠭᠡᠨ ᠤ ᠵᠠᠷᠣᠳᠠᠯ ᠤᠨ ᠵᠠᠷᠣᠯᠭ᠎ᠠ 0.96 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ 3.76% ᠪᠠᠷ | ᠨᠡᠮᠡᠭᠳᠡᠭᠦᠯᠦᠨ᠎ᠡ᠃ ᠡᠭᠦᠨ ᠳᠤ ︽ᠭᠤᠷᠪᠠᠨ ᠠᠯᠪᠠᠨ ᠵᠠᠷᠣᠳᠠᠯ︾ ᠤᠨ ᠵᠠᠷᠣᠯᠭ᠎ᠠ 0.15 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 82. | 07% ᠪᠠᠷ ᠨᠡᠮᠡᠭᠳᠡᠭᠦᠯᠦᠨ᠎ᠡ ︔ | ③ ᠠᠵᠢᠯᠴᠢᠨ ᠤ ᠡᠪᠯᠡᠯ ᠤᠨ ᠵᠠᠷᠣᠯᠭ᠎ᠠ ᠵᠢᠴᠢ ᠠᠰᠠᠷᠠᠮᠵᠢ 0.15 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 22.26% ᠪᠠᠷ | ᠨᠡᠮᠡᠭᠳᠡᠭᠦᠯᠦᠨ᠎ᠡ᠃ | ︵2︶ ᠪᠡᠯᠡᠳᠬᠡᠯ ᠵᠠᠷᠣᠯᠭ᠎ᠠ 0.48 ᠳ᠋ᠦᠩᠰᠢᠭᠤᠷ ᠲᠦᠬᠦᠷᠢᠭ ᠲᠣᠬᠢᠷᠠᠭᠤᠯᠣᠨ᠂ ᠡᠩ ᠤᠨ ᠨᠡᠶᠢᠳᠡ ᠶᠢᠨ ᠲᠦᠰᠤᠪ ᠤᠨ ᠵᠠᠷᠤᠯᠭ᠎ᠠ ᠶᠢᠨ 1.01% ᠶᠢ | ᠡᠵᠡᠯᠡᠭᠦᠯᠦᠨ᠎ᠡ᠃ | ︵3︶ ᠲᠦᠷᠦᠯ ᠵᠣᠶᠢᠯ ᠤᠨ ᠵᠠᠷᠣᠯᠭ᠎ᠠ ᠶᠢᠨ ᠲᠦᠰᠦᠪ ᠢ 34.61 ᠳ᠋ᠦᠩᠰᠢᠭᠤᠷ ᠲᠦᠬᠦᠷᠢᠭ ᠲᠣᠬᠢᠷᠠᠭᠤᠯᠣᠨ ᠡᠩ ᠤᠨ ᠨᠡᠶᠢᠳᠡ ᠶᠢᠨ ᠲᠦᠰᠤᠪ ᠤᠨ | ᠵᠠᠷᠤᠯᠭ᠎ᠠ ᠶᠢᠨ 72.38% ᠶᠢ ᠡᠵᠡᠯᠡᠭᠦᠯᠦᠨ᠎ᠡ᠃ ᠡᠭᠦᠨ ᠳᠤ᠄ | 1︶ ᠲᠦᠷᠦ ᠶᠢᠨ ᠪᠣᠳᠣᠯᠭ᠎ᠠ ᠶᠢᠨ ᠴᠢᠨᠠᠷᠳᠡᠢ ᠪᠡᠯᠡ ᠮᠦᠩᠭᠦ 2.99 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 34.51% ᠪᠠᠷ | ᠨᠡᠮᠡᠭᠳᠡᠭᠦᠯᠦᠨ᠎ᠡ︔ | 2︶ ᠠᠷᠠᠳ ᠢ ᠬᠠᠷᠠᠭᠠᠯᠵᠠᠬᠤ ᠪᠣᠳᠠᠲᠣ ᠶᠠᠪᠤᠳᠠᠯ ᠵᠢᠴᠢ ᠠᠷᠠᠳ ᠤᠨ ᠠᠮᠢᠳᠣᠷᠠᠯ ᠤᠨ ᠢᠨᠵᠧᠨᠧᠷᠢᠩ ᠤᠨ 0.5 ᠳ᠋ᠥᠩᠰᠢᠭᠤᠷ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 85.19% ᠪᠠᠷ ᠨᠡᠮᠡᠭᠳᠡᠭᠦᠯᠦᠨ᠎ᠡ︔ | 3︶ ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠠᠵᠢᠯ ᠤᠨ 0.11 ᠳ᠋ᠥᠩᠰᠢᠭᠤᠷ ᠲᠥᠭᠦᠷᠢᠭ᠂ ᠲᠡᠭᠡᠷ᠎ᠡ ᠵᠢᠯ ᠤᠨ ᠲᠦᠰᠦᠪ ᠲᠠᠢ ᠠᠳᠠᠯᠢ︔ | 4︶ ᠬᠦᠨᠳᠦ ᠶᠡᠭᠡ ᠬᠢᠵᠢᠭ ᠰᠡᠷᠭᠡᠶᠢᠯᠡᠯᠳᠡ ᠶᠢᠨ ᠪᠡᠯᠡ ᠮᠦᠩᠭᠦ 0.1 ᠳ᠋ᠥᠩᠰᠢᠭᠤᠷ ᠲᠥᠭᠦᠷᠢᠭ᠂ ᠲᠡᠭᠡᠷ᠎ᠡ ᠵᠢᠯ ᠤᠨ ᠲᠦᠰᠦᠪ ᠲᠠᠢ ᠠᠳᠠᠯᠢ︔ | 5︶ ᠦᠭᠴᠡᠭᠡ ᠰᠢᠢᠳᠪᠦᠷᠢᠯᠡᠭᠦ ᠵᠠᠷᠣᠯᠭ᠎ᠠ 0.38 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 92.58% ᠪᠠᠷ | ᠪᠠᠭᠤᠷᠠᠭᠤᠯᠣᠨ᠎ᠠ︔ | 6︶ ᠦᠭᠴᠡᠭᠡᠨ ᠲᠡᠮᠳᠡᠭ ᠤᠨ ᠬᠦᠣ ᠮᠦᠩᠭᠦ ᠲᠦᠯᠦᠭᠦ 1.8 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 0.81% ᠪᠠᠷ | ᠨᠡᠮᠡᠭᠳᠡᠭᠦᠯᠣᠨ᠎ᠡ︔ | 7︶ ᠲᠣᠬᠠᠶᠢᠯᠠᠭᠰᠠᠨ ᠠᠵᠢᠯ ᠤᠨ ᠵᠠᠷᠣᠳᠠᠯ 1.99 ᠳ᠋ᠦᠩᠰᠢᠭᠤᠷ ᠲᠦᠬᠦᠷᠢᠭ᠂ ᠠᠳᠠᠯᠢ ᠬᠤᠭᠤᠴᠠᠭᠠᠨ ᠤ ᠬᠢ ᠠᠴᠠ 16.24% ᠪᠠᠷ | ᠨᠡᠮᠡᠭᠳᠡᠭᠦᠯᠣᠨ᠎ᠡ︔ | 8︶ ᠣᠷᠢᠳᠴᠢᠯᠠᠨ ᠦᠯᠡᠳᠡᠭᠡᠭᠦ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠵᠠᠷᠤᠳᠠᠯ 0.08 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠲᠦᠰᠦᠪ ᠲᠠᠢ | ᠠᠳᠠᠯᠢ︔ | 9︶ ᠠᠷᠠᠴᠢᠯᠠᠨ ᠰᠡᠯᠪᠢᠭᠦ ᠵᠠᠷᠤᠳᠠᠯ᠂ ᠪᠤᠯᠭᠤᠭᠠᠨ ᠲᠤᠬᠤᠨᠢᠭᠤᠯᠬᠤ ᠵᠠᠷᠤᠳᠠᠯ 0.1 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 42. | 86% ᠪᠠᠷ ᠨᠡᠮᠡᠭᠳᠡᠭᠦᠯᠣᠨ᠎ᠡ︔ | 10︶ ᠵᠠᠰᠠᠭ ᠤᠨ ᠤᠷᠳᠤᠨ ᠠᠴᠠ ᠨᠡᠶᠢᠳᠡ ᠶᠢᠨ ᠥᠢᠯᠡᠴᠢᠯᠡᠭᠡ ᠬᠤᠳᠠᠯᠳᠤᠨ ᠠᠪᠬᠤ 0.6 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ | ᠠᠴᠠ 50% ᠪᠠᠷ ᠨᠡᠮᠡᠭᠳᠡᠭᠦᠯᠣᠨ᠎ᠡ︔ | 11︶ ᠵᠠᠰᠠᠭ ᠤᠨ ᠤᠷᠳᠤᠨ ᠤ ᠬᠤᠳᠠᠯᠳᠤᠨ ᠠᠪᠤᠯᠲᠠ ᠶᠢᠨ 0.8 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 23.08% ᠪᠠᠷ | ᠨᠡᠮᠡᠭᠳᠡᠭᠦᠯᠣᠨ᠎ᠡ︔ | 12︶ ᠰᠤᠷᠭᠠᠨ ᠬᠦᠮᠤᠵᠢᠯ ᠤᠨ ᠵᠠᠷᠣᠳᠠᠯ ᠤᠨ ᠨᠡᠮᠡᠯᠳᠡ 0.15 ᠳ᠋ᠦᠩᠰᠢᠭᠤᠷ ᠲᠦᠬᠦᠷᠢᠭ᠂ ᠲᠡᠭᠡᠷ᠎ᠡ ᠵᠢᠯ ᠤᠨ ᠲᠦᠰᠦᠪ ᠲᠠᠢ ᠠᠳᠠᠯᠢ︔ | 13︶ ᠲᠥᠷᠥᠯ ᠵᠥᠢᠯ ᠤᠨ ᠡᠮᠥᠨ᠎ᠡ ᠬᠤᠭᠤᠴᠠᠭᠠᠨ ᠤ ᠵᠠᠷᠤᠳᠠᠯ ᠪᠠ ᠲᠥᠭᠦᠷᠴᠢᠯᠡᠨ ᠨᠡᠶᠢᠯᠡᠭᠦᠯᠭᠦ 0.4 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ | ᠤ ᠬᠢ ᠠᠴᠠ 14.29% ᠪᠠᠷ ᠨᠡᠮᠡᠭᠳᠡᠭᠦᠯᠣᠨ᠎ᠡ︔ | 14︶ ᠲᠠᠩᠰᠠᠯᠠᠭᠤᠯᠣᠯᠲᠠ ᠶᠢᠨ ᠬᠦᠷᠣᠩᠬᠡ ᠮᠦᠩᠬᠦ 1.36 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 4.13% ᠪᠠᠷ | ᠪᠠᠭᠤᠷᠠᠭᠤᠯᠣᠨ᠎ᠠ︔ | 15︶ ᠭᠤᠣᠯᠳᠠᠯᠭᠠᠳᠦ ᠲᠦᠷᠦᠯ ᠵᠣᠶᠢᠯ 4 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 33.33% ᠪᠠᠷ ᠨᠡᠮᠡᠭᠳᠡᠭᠦᠯᠣᠨ᠎ᠡ︔ | 16︶ ᠰᠢᠨᠵᠢᠯᠡᠭᠡ ᠮᠡᠷᠬᠡᠵᠢᠯ ᠤᠨ ᠵᠠᠷᠤᠯᠭ᠎ᠠ ᠵᠢᠴᠢ ᠠᠷᠠᠯᠵᠢᠶᠠᠴᠢᠨ ᠣᠷᠢᠵᠣ ᠪᠡᠯᠡ ᠲᠠᠳᠠᠬᠤ ᠵᠠᠷᠣᠯᠭ᠎ᠠ 0.2 ᠳ᠋ᠥᠩᠰᠢᠭᠤᠷ ᠲᠦᠬᠦᠷᠢᠭ᠂ ᠲᠡᠭᠡᠷ᠎ᠡ ᠵᠢᠯ ᠤᠨ | ᠲᠦᠰᠦᠪ ᠲᠠᠢ ᠠᠳᠠᠯᠢ︔ | 17︶ PPP ᠲᠦᠷᠦᠯ ᠵᠣᠶᠢᠯ ᠤᠨ ᠠᠵᠢᠯᠯᠠᠮᠵᠢ ᠶᠢᠨ 3.05 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 201.98% ᠪᠠᠷ | ᠨᠡᠮᠡᠭᠳᠡᠭᠦᠯᠣᠨ᠎ᠡ︔ | 18︶ ᠲᠡᠭᠡᠳᠦ ᠱᠠᠳᠣᠨ ᠤ ᠲᠣᠰᠬᠠᠢ ᠲᠦᠷᠦᠯ ᠤᠨ ᠪᠡᠯᠡ ᠮᠦᠩᠭᠦ 11 ᠳ᠋ᠥᠩᠰᠢᠭᠤᠷ ᠲᠥᠭᠦᠷᠢᠭ ᠂(ᠣᠷᠢᠳᠴᠢᠯᠠᠨ ᠪᠠᠭᠤᠯᠭᠠᠭᠰᠠᠨ ᠲᠡᠭᠡᠳᠦ ᠱᠠᠳᠣᠨ ᠤ | ᠲᠣᠰᠬᠠᠢ ᠲᠦᠷᠦᠯ ᠤᠨ 2.29 ᠳ᠋ᠦᠩᠰᠢᠭᠤᠷ ᠲᠦᠬᠦᠷᠢᠭ ᠢ ᠪᠠᠭᠳᠠᠭᠠᠨ᠎ᠠ)ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠭᠦᠯᠣᠨ᠎ᠡ︔ | 19︶ ᠬᠠᠳᠠᠭᠠᠯᠠᠪᠤᠷᠢ ᠪᠡᠯᠡ ᠮᠦᠩᠬᠦ ᠶᠢ ᠠᠮᠢᠳᠣᠯᠢᠭᠵᠢᠭᠤᠯᠬᠤ ᠲᠣᠬᠢᠷᠠᠭᠤᠯᠭ᠎ᠠ 5 ᠳ᠋ᠥᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 25. | 31% ᠪᠠᠷ ᠨᠡᠮᠡᠭᠳᠡᠭᠦᠯᠣᠨ᠎ᠡ︔ | ︵4︶ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠵᠠᠷᠣᠯᠭ᠎ᠠ 0.86 ᠳ᠋ᠥᠩᠰᠢᠭᠤᠷ ᠲᠥᠭᠦᠷᠢᠭ᠂ ᠡᠩ ᠤᠨ ᠨᠠᠶᠢᠳᠠ ᠶᠢᠨ | ᠲᠥᠰᠥᠪ ᠤᠨ ᠵᠠᠷᠤᠯᠭ᠎ᠠ ᠶᠢᠨ 1.79% ᠶᠢ ᠡᠵᠡᠯᠡᠭᠦᠯᠦᠨ᠎ᠡ︔ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠥᠩᠭᠦᠨ ᠤ ᠲᠥᠰᠥᠪ | ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠤᠷᠤᠯᠭ᠎ᠠ ᠶᠢᠨ ᠲᠦᠰᠤᠪ ᠢ 2.26 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ | ᠠᠳᠠᠯᠢ ᠬᠤᠭᠤᠴᠠᠭᠠᠨ ᠠᠴᠠ 7.38% ᠪᠠᠭᠤᠷᠠᠭᠤᠯᠣᠨ᠎ᠠ᠂ ᠡᠬᠦᠨ ᠳᠤ᠄ ᠬᠤᠰᠢᠭᠤ ᠳᠤᠰ ᠱᠠᠳᠤᠨ ᠤ ᠤᠷᠤᠯᠭ᠎ᠠ 2.12 ᠳ᠋ᠦᠩᠰᠢᠭᠤᠷ ᠲᠦᠬᠦᠷᠢᠭ᠂ ᠲᠡᠭᠡᠷ᠎ᠡ | ᠵᠢᠯ ᠤᠨ ᠦᠯᠡᠳᠡᠪᠤᠷᠢ ᠤᠷᠤᠯᠭ᠎ᠠ 0.14 ᠳ᠋ᠦᠩᠰᠢᠭᠤᠷ ᠲᠦᠬᠦᠷᠢᠭ᠃ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠬᠦᠨ ᠤ ᠵᠠᠷᠤᠯᠭ᠎ᠠ ᠶᠢᠨ ᠲᠦᠰᠤᠪ ᠢ 2. | 26 ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠤ ᠬᠢ ᠠᠴᠠ 7.38% ᠪᠠᠭᠤᠷᠠᠭᠤᠯᠣᠨ᠎ᠠ᠃ | ︵ᠭᠤᠷᠪᠠ︶ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠲᠥᠰᠥᠪ | ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠤᠷᠤᠯᠭ᠎ᠠ ᠶᠢᠨ ᠲᠥᠰᠥᠪ ᠢ 5.85 ᠳ᠋ᠦᠩᠰᠢᠭᠤᠷ ᠲᠦᠬᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ | ᠠᠳᠠᠯᠢ ᠬᠤᠭᠤᠴᠠᠭᠠᠨ ᠤ ᠬᠢ ᠠᠴᠠ 2.45% ᠨᠡᠮᠡᠭᠳᠡᠬᠦᠯᠣᠨ᠎ᠡ᠃ ᠨᠠᠶᠢᠬᠡᠮ ᠤᠨ ᠳᠠᠭᠠᠤᠨᠬᠠᠯ ᠤᠨ ᠰᠠᠭᠤᠷᠢ ᠮᠥᠩᠭᠦᠨ ᠤ ᠵᠠᠷᠤᠯᠭ᠎ᠠ ᠶᠢᠨ ᠲᠦᠰᠤᠪ ᠢ 5.85 | ᠳ᠋ᠦᠩᠰᠢᠭᠤᠷ ᠲᠦᠬᠦᠷᠢᠭ ᠳᠤᠬᠢᠷᠠᠭᠤᠯᠬᠤ ᠶᠢ ᠰᠠᠨᠠᠭᠠᠴᠢᠯᠠᠵᠤ᠂ ᠠᠳᠠᠯᠢ ᠬᠤᠭᠤᠴᠠᠭᠠᠨ ᠤ ᠬᠢ ᠠᠴᠠ 2.45% ᠨᠡᠮᠡᠭᠳᠡᠭᠦᠯᠦᠨ᠎ᠡ᠃ | ︵ᠲᠦᠷᠪᠡ︶ ᠣᠯᠣᠰ ᠤᠨ ᠦᠮᠴᠢᠯᠡᠯᠳᠦ ᠬᠦᠷᠦᠩᠭᠡ ᠶᠢᠨ ᠡᠵᠡᠩᠨᠡᠯᠳᠡ ᠶᠢᠨ ᠲᠦᠰᠦᠪ | ᠣᠯᠣᠰ ᠤᠨ ᠦᠮᠴᠢᠯᠡᠯᠳᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠣᠷᠣᠯᠭ᠎ᠠ ᠶᠢ 503 ᠲᠦᠮᠡᠨ ᠲᠦᠬᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ | ᠡᠭᠦᠨ ᠳᠤ ᠬᠤᠰᠢᠭᠤ ᠲᠣᠰ ᠱᠠᠳᠣᠨ ᠤ ᠣᠯᠣᠰ ᠤᠨ ᠦᠮᠴᠢᠯᠡᠯᠳᠦ ᠬᠦᠷᠦᠩᠭᠡ ᠶᠢᠨ ᠡᠵᠡᠩᠨᠡᠯᠳᠡ ᠶᠢᠨ ᠲᠦᠰᠦᠪ ᠤᠨ ᠣᠷᠣᠯᠭ᠎ᠠ ᠶᠢ 500 ᠲᠦᠮᠡᠨ ᠲᠦᠬᠦᠷᠢᠭ | ᠲᠤᠬᠢᠷᠠᠭᠤᠯᠬᠤ ᠶᠢ ᠰᠠᠨᠠᠭᠠᠴᠢᠯᠠᠨ᠎ᠠ᠂ ᠲᠡᠭᠡᠷ᠎ᠡ ᠵᠢᠯ ᠤᠨ ᠦᠯᠡᠳᠡᠪᠦᠷᠢ ᠣᠷᠣᠯᠭ᠎ᠠ 3 ᠲᠦᠮᠡᠨ ᠲᠦᠬᠦᠷᠢᠭ᠃ ᠣᠯᠣᠰ ᠤᠨ ᠦᠮᠴᠢᠯᠡᠯᠳᠦ ᠬᠦᠷᠦᠩᠭᠡ ᠶᠢᠨ | ᠡᠵᠡᠩᠨᠡᠯᠳᠡ ᠶᠢᠨ ᠲᠦᠰᠦᠪ ᠤᠨ ᠵᠠᠷᠣᠯᠭ᠎ᠠ ᠶᠢ 353 ᠲᠦᠮᠡᠨ ᠲᠦᠬᠦᠷᠢᠭ ᠲᠤᠬᠢᠷᠠᠭᠤᠯᠬᠤ ᠶᠢ ᠰᠠᠨᠠᠭᠠᠴᠢᠯᠠᠵᠤ᠂ ᠣᠯᠣᠰ ᠤᠨ ᠦᠮᠴᠢᠯᠡᠯᠳᠦ ᠬᠦᠷᠦᠩᠭᠡ ᠶᠢᠨ | ᠡᠵᠡᠩᠨᠡᠯᠳᠡ ᠶᠢᠨ ᠲᠦᠰᠦᠪ ᠤᠨ ᠰᠢᠯᠵᠢᠭᠦᠯᠦᠨ ᠭᠠᠷᠭᠠᠬᠤ ᠪᠡᠯᠡ ᠮᠦᠩᠭᠦ ᠶᠢ 150 ᠲᠦᠮᠡᠨ ᠲᠦᠬᠦᠷᠢᠭ ᠲᠤᠬᠢᠷᠠᠭᠤᠯᠬᠤ ᠶᠢ ᠰᠠᠨᠠᠭᠠᠴᠢᠯᠠᠨ᠎ᠠ᠃ | ᠭᠤᠷᠪᠠ᠂ 2024 ᠤᠨ ᠤ ᠡᠳ᠋ ᠤᠨ ᠵᠠᠰᠠᠭ ᠤᠨ ᠠᠵᠢᠯ ᠤᠨ ᠭᠤᠤᠯ ᠡᠭᠦᠷᠭᠡ | ︵ᠨᠢᠭᠡ︶ ᠲᠡᠭᠡᠭᠰᠢ ᠲᠤᠭᠤᠭᠰᠢ ᠬᠤᠯᠪᠤᠭᠠᠯᠠᠨ ᠭᠥᠳᠡᠯᠥᠯᠴᠡᠭᠦ ᠶᠢ ᠪᠠᠷᠢᠮᠳᠠᠯᠠᠵᠤ᠂ ︽ᠡᠳ᠋ ᠢ ᠬᠤᠷᠠᠭᠤᠯᠬᠤ︾ ᠠᠵᠢᠯ ᠢ ᠰᠠᠶᠢᠳᠤᠷ ᠭᠥᠢᠴᠡᠳᠭᠡᠨ᠎ᠡ᠃ ᠪᠥᠬᠦ | ᠵᠢᠯ ᠤᠨ ᠣᠷᠣᠯᠭ᠎ᠠ ᠶᠢᠨ ᠬᠠᠷᠠᠯᠲᠠ ᠶᠢ ᠬᠢᠨᠠᠭᠤᠷ ᠠᠩᠬᠠᠷᠴᠤ᠂ ᠶᠡᠷᠥᠩᠭᠡᠶᠢᠯᠡᠭᠰᠡᠨ ᠭᠠᠶᠢᠯᠢ ᠵᠠᠰᠠᠯᠳᠠ ᠶᠢ ᠬᠠᠮᠵᠢᠯᠴᠠᠨ ᠠᠬᠢᠭᠤᠯᠬᠤ ᠠᠵᠢᠯ ᠤᠨ ᠲᠣᠭᠲᠠᠴᠠ | ᠲᠤᠭᠳᠠᠭᠠᠨ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠵᠢᠯ ᠤᠨ ᠬᠠᠮ ᠬᠦᠴᠦᠨ ᠢ ᠨᠢᠭᠲᠠᠷᠠᠭᠤᠯᠵᠤ᠂ ᠠᠵᠤ ᠠᠬᠤᠶᠢᠯᠠᠯ ᠤᠨ ᠤᠶᠢᠯᠡᠤᠨᠪᠤᠷᠢᠯᠡᠯ ᠡᠵᠡᠩᠨᠡᠯᠳᠠ ᠶᠢᠨ ᠪᠠᠶᠢᠳᠠᠯ ᠢ ᠪᠠᠶᠢᠴᠠᠭᠠᠵᠤ ᠤᠶᠢᠯᠠᠭᠠᠨ᠂ ᠭᠠᠶᠢᠯᠢ ᠳᠤ | ᠬᠤᠯᠪᠣᠭᠳᠠᠭᠰᠠᠨ ᠮᠡᠳᠡᠭᠡ ᠰᠡᠯᠳᠡ ᠶᠢ ᠨᠡᠪᠳᠡᠷᠡᠯᠴᠡᠨ ᠠᠰᠢᠭᠯᠠᠬᠤ ᠪᠠᠨ ᠡᠷᠴᠢᠮᠵᠢᠭᠦᠯᠥᠨ᠂ ᠲᠠᠲᠠᠪᠤᠷᠢᠯᠠᠨ ᠬᠠᠮᠢᠶᠠᠷᠬᠤ ᠴᠢᠨᠠᠷ ᠪᠦᠲᠦᠮᠵᠢ ᠶᠢ ᠤᠯᠠᠮ ᠲᠡᠭᠡᠭᠰᠢᠯᠡᠭᠦᠯᠵᠤ᠂ | ᠭᠠᠶᠢᠯᠢ ᠲᠠᠳᠠᠪᠤᠷᠢᠯᠠᠬᠤ ᠨᠡᠮᠡᠭᠳᠡᠯ ᠵᠠᠶ ᠶᠢ ᠭᠦᠨᠵᠡᠭᠡᠶ ᠠᠭᠤᠳᠠᠯᠠᠨ᠎ᠠ᠃ ᠭᠠᠶᠢᠯᠢ ᠶᠢᠨ ᠪᠤᠰᠤ ᠲᠠᠳᠠᠪᠤᠷᠢᠯᠠᠯᠳᠠ ᠶᠢᠨ ᠵᠢᠱᠢᠯᠲᠡ ᠵᠠᠳᠠᠯᠤᠯᠲᠠ ᠶᠢ ᠨᠠᠷᠢᠯᠢᠭᠵᠢᠭᠤᠯᠵᠤ᠂ | ᠭᠤᠤᠯᠳᠠᠯᠭᠠᠳᠠᠢ ᠬᠤᠷᠢᠶᠠᠬᠤ ᠨᠢᠭᠡᠴᠢ ᠠᠴᠠ ᠬᠠᠤᠯᠢ ᠶᠣᠰᠣᠭᠠᠷ ᠲᠠᠲᠠᠪᠤᠷᠢᠯᠠᠬᠤ ᠪᠠ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠬᠤ ᠠᠵᠢᠯ ᠢ ᠰᠢᠪᠠᠳᠠᠭᠤᠯᠤᠨ᠂ | ᠡᠳ᠋ ᠤᠨ ᠵᠠᠰᠠᠭ ᠤᠨ ᠣᠷᠣᠯᠭ᠎ᠠ ᠶᠢᠨ ᠴᠢᠨᠠᠷ ᠬᠡᠮᠵᠢᠶ᠎ᠡ ᠶᠢ ᠵᠡᠷᠭᠡᠳᠡ ᠨᠡᠮᠡᠭᠳᠡᠭᠦᠯᠥᠨ᠎ᠡ᠃ ᠡᠭᠦᠨ ᠤ ᠬᠠᠮᠲᠤ᠂ ︽ᠪᠠᠯᠠ ᠮᠥᠩᠭᠦ ᠶᠢ ᠲᠥᠷᠥᠯ ᠵᠦᠢᠯ ᠳᠤ ᠨᠢ | ᠲᠠᠭᠠᠭᠤᠯᠬᠤ︾ ᠵᠠᠷᠴᠢᠮ ᠶᠣᠰᠣᠭᠠᠷ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠪᠠ ᠲᠥᠷᠥᠯ ᠵᠦᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠭᠤᠷᠪᠠᠨ ᠲᠠᠯ᠎ᠠ ᠪᠠᠷ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠷᠢᠮᠲᠠᠯᠠᠵᠤ᠂ ᠲᠥᠷᠥᠯ ᠵᠦᠢᠯ ᠤᠨ ᠲᠥᠯᠥᠪᠵᠢᠭᠦᠯᠭᠡ ᠶᠢ ᠰᠠᠶᠢᠲᠤᠷ ᠨᠠᠷᠢᠯᠢᠭᠵᠢᠭᠤᠯᠤᠨ᠂ | ᠲᠥᠷᠥᠯ ᠵᠦᠢᠯ ᠤᠨ ᠨᠥᠭᠡᠴᠡ ᠭᠥᠴᠥᠨ ᠢ ᠪᠤᠵᠠᠭᠠᠶᠢᠷᠠᠭᠤᠯᠤᠨ᠎ᠠ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠ ᠪᠠᠯᠠ ᠮᠥᠩᠭᠦ ᠶᠢᠨ ᠳᠡᠮᠵᠢᠯᠭᠡ ᠶᠢᠨ | ᠨᠡᠭᠡᠭᠡᠯᠳᠡᠳᠤ ᠬᠤᠭᠤᠴᠠᠭ᠎ᠠ ᠶᠢ ᠯᠠᠪ ᠠᠰᠢᠭᠯᠠᠨ᠂ ︽ᠢᠳᠡᠪᠬᠢᠲᠡᠶ ᠭᠤᠶᠤᠴᠢᠯᠡᠨ᠂ ᠭᠥᠢᠴᠡᠳ ᠮᠡᠳᠡᠭᠦᠯᠬᠦ︾ ᠵᠠᠷᠴᠢᠮ ᠶᠣᠰᠣᠭᠠᠷ ᠪᠠᠯᠠ ᠮᠥᠩᠭᠦ ᠶᠢ ᠡᠵᠡᠮᠳᠡᠭᠦ ᠨᠠᠷᠢᠨ | ᠪᠥᠷᠢᠳᠭᠡᠯ ᠲᠤᠳᠤᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠭᠰᠡᠨ ᠪᠥᠭᠡᠳ ᠠᠰᠢᠭ ᠤᠷᠤᠯᠭ᠎ᠠ ᠰᠠᠶᠢᠳᠠᠢ᠂ ᠳᠠᠶᠢᠴᠢᠯᠠᠬᠤ ᠴᠢᠨᠠᠷ ᠢᠶᠠᠷ | ᠴᠢᠩᠭ᠎ᠠ ᠴᠢᠨᠠᠷᠯᠢᠭ ᠲᠥᠷᠥᠯ ᠵᠦᠢᠯ ᠢ ᠪᠥᠬᠦ ᠲᠠᠯ᠎ᠠ ᠪᠠᠷ ᠡᠮᠬᠢᠯᠡᠨ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠲᠤᠭᠳᠠᠴᠠ ᠲᠤᠭᠳᠠᠭᠠᠵᠤ᠂ ᠲᠥᠷᠥᠯ ᠵᠦᠢᠯ ᠤᠨ | ᠪᠠᠯᠠ ᠮᠥᠩᠭᠦ ᠤᠯᠬᠤ ᠠᠵᠢᠯ ᠢ ᠰᠠᠶᠢᠲᠤᠷ ᠭᠥᠢᠴᠡᠳᠭᠡᠨ᠂ ᠲᠥᠷᠥ ᠶᠢᠨ ᠪᠣᠳᠣᠯᠭ᠎ᠠ ᠶᠢᠨ ᠠᠰᠢᠭᠳᠤ ᠲᠤᠬᠢᠶᠠᠯ ᠢ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠡᠳ᠋ ᠤᠨ ᠵᠠᠰᠠᠭ ᠤᠨ ᠠᠰᠢᠭ ᠤᠷᠤᠯᠭ᠎ᠠ ᠶᠢᠨ ᠬᠡᠮᠵᠢᠶ᠎ᠡ ᠶᠢ ᠪᠤᠵᠠᠭᠠᠶᠢᠷᠠᠭᠤᠯᠤᠨ᠂ ᠮᠠᠨ ᠤ ᠬᠤᠰᠢᠭᠤᠨ ᠤ ᠬᠡᠷᠡᠭᠯᠡᠭᠦᠶᠢᠴᠡ ᠡᠳ᠋ ᠤᠨ ᠬᠦᠴᠦᠨ ᠤ | ᠲᠤᠳᠠᠮᠠᠭ ᠪᠤᠢ ᠳᠤᠲᠠᠭᠤᠳᠠᠯ ᠢ ᠨᠥᠬᠦᠪᠥᠷᠢᠯᠡᠨ᠎ᠡ᠃ | ︵ᠬᠤᠶᠠᠷ︶ ᠠᠷᠪᠢᠯᠠᠨ ᠭᠠᠮᠨᠠᠵᠤ ᠡᠳᠥᠷ ᠥᠩᠭᠡᠷᠡᠭᠡᠭᠦ ᠶᠢ ᠪᠠᠷᠢᠮᠲᠠᠯᠠᠵᠤ᠂ ︽ᠡᠳ᠋ ᠢᠶᠠᠨ ᠵᠤᠬᠢᠴᠠᠭᠤᠯᠬᠤ︾ ᠠᠵᠢᠯ ᠢ ᠰᠠᠶᠢᠲᠤᠷ ᠭᠥᠢᠴᠡᠳᠭᠡᠨ᠎ᠡ᠃ ᠲᠥᠰᠦᠪ | ᠤᠨ ᠭᠥᠢᠴᠡᠳᠭᠡᠯ ᠤᠨ ᠬᠠᠮᠢᠶᠠᠷᠤᠯᠲᠠ ᠶᠢ ᠴᠢᠩᠭᠠᠳᠬᠠᠵᠤ᠂ ︽ᠤᠷᠢᠳᠠᠪᠠᠷ ᠲᠥᠰᠦᠪᠯᠡᠵᠦ ᠳᠠᠷᠠᠭ᠎ᠠ ᠨᠢ ᠵᠠᠷᠤᠬᠤ᠂ ᠲᠥᠰᠦᠪ ᠦᠭᠡᠢ ᠪᠤᠯ ᠵᠠᠷᠤᠬᠤ ᠦᠭᠡᠢ ᠪᠠᠶᠢᠬᠤ︾ | ᠶᠢ ᠪᠠᠷᠢᠮᠳᠠᠯᠠᠨ᠂ ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠡᠩ ᠤᠨ ᠴᠢᠨᠠᠷ ᠲᠠᠢ ᠵᠠᠷᠤᠯᠭ᠎ᠠ ᠶᠢ ᠰᠠᠶᠢᠳᠤᠷ ᠠᠪᠴᠢᠭᠤᠯᠤᠨ᠂ ︽ᠲᠤᠳᠤᠷ᠎ᠠ | ᠪᠠᠨ ᠲᠤᠭ᠎ᠠ ᠲᠠᠢ ᠬᠠᠷᠠᠮᠴᠢ ᠪᠠᠶᠠᠨ︾ ᠪᠤᠯᠤᠨ᠎ᠠ᠃ ᠥᠯᠡᠳᠡᠮᠡᠯ ᠪᠡᠯᠡ ᠮᠥᠩᠭᠦ ᠶᠢ ᠢᠳᠡᠪᠬᠢᠲᠡᠶ ᠠᠮᠢᠳᠤᠯᠢᠭᠵᠢᠭᠤᠯᠵᠤ᠂ ︽ᠡᠬᠢ ᠰᠡᠭᠦᠯ ᠢ ᠬᠠᠷᠠᠭᠠᠯᠵᠠᠨ᠂ | ᠪᠠᠳᠤᠯᠠᠭ᠎ᠠ ᠬᠢᠵᠠᠭᠠᠷᠯᠠᠯ ᠢ ᠪᠠᠷᠢᠮᠳᠠᠯᠠᠵᠤ᠂ ᠡᠮᠬᠢ ᠵᠢᠷᠤᠮ ᠢ ᠲᠣᠬᠢᠷᠠᠭᠤᠯᠬᠤ︾ ᠵᠠᠷᠴᠢᠮ ᠶᠣᠰᠣᠭᠠᠷ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠬᠦ | ᠡᠷᠴᠢᠮ ᠢᠶᠠᠨ ᠴᠢᠩᠭᠠᠳᠬᠠᠨ᠂ ᠬᠢᠵᠠᠭᠠᠷ ᠲᠠᠢ ᠡᠳ᠋ ᠤᠨ ᠬᠦᠴᠦᠨ ᠢᠶᠠᠨ ᠵᠠᠩᠭᠢᠯᠠᠭ᠎ᠠ ᠶᠢᠨ ᠭᠠᠵᠠᠷ ᠲᠤ ᠤᠨᠤᠭᠠᠨ ᠬᠡᠷᠡᠭᠯᠡᠵᠦ᠂ ᠰᠤᠷᠭᠠᠨ ᠬᠥᠮᠦᠵᠢᠯ᠂ ᠡᠷᠡᠭᠦᠯ ᠡᠩᠭᠡ᠂ | ᠨᠡᠶᠢᠭᠡᠮ ᠤᠨ ᠪᠠᠲᠤᠯᠠᠭ᠎ᠠ᠂ ᠰᠢᠨᠵᠢᠯᠡᠭᠡ ᠰᠣᠶᠣᠯ ᠵᠡᠷᠭᠡ ᠴᠠᠷᠠᠭᠠᠨ ᠳᠤ ᠭᠤᠤᠯᠳᠠᠯᠭᠠᠳᠠᠢ ᠵᠠᠷᠤᠴᠠᠭᠤᠯᠤᠨ᠂ ᠵᠠᠰᠠᠭ ᠤᠨ ᠣᠷᠳᠣᠨ ᠤ ᠠᠷᠪᠢᠯᠠᠯᠳᠠ ᠪᠠᠷ ᠠᠷᠠᠳ | ᠤᠯᠠᠨ ᠤ ᠪᠠᠭ᠋ᠠᠷᠬᠠᠯ ᠢ ᠪᠠᠲᠤᠯᠠᠵᠤ᠂ ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠨ᠂ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠨ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠰᠢᠢᠳᠪᠥᠷᠢ ᠪᠠᠶᠢᠷᠢᠯᠠᠭᠤᠯᠤᠯᠲᠠ ᠶᠢ ᠰᠠᠶᠢᠲᠤᠷ ᠪᠠᠲᠤᠯᠠᠵᠤ᠂ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠭᠥᠴᠥᠯᠡᠴᠡ ᠡᠷᠴᠢᠮ ᠢᠶᠠᠨ ᠡᠷᠴᠢᠯᠡᠭᠦᠯᠥᠨ᠂ ᠵᠠᠷᠤᠯᠭ᠎ᠠ ᠶᠢᠨ ᠬᠠᠷᠢᠭᠤᠴᠠᠯᠭ᠎ᠠ ᠶᠢ ᠴᠢᠩᠳᠠᠯᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦᠨ ᠤ ᠲᠤᠶᠢᠯ | ᠠᠰᠢᠭ ᠢ ᠪᠠᠳᠠᠷᠠᠭᠤᠯᠤᠨ᠎ᠠ᠃ | ︵ᠭᠤᠷᠪᠠ︶ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠪᠠᠷᠢᠮᠳᠠᠯᠠᠵᠤ᠂ ︽ᠡᠳ᠋ ᠢᠶᠠᠨ ᠬᠠᠮᠢᠶᠠᠷᠬᠤ︾ ᠠᠵᠢᠯ ᠢ ᠰᠠᠶᠢᠳᠤᠷ ᠭᠥᠢᠴᠡᠳᠭᠡᠨ᠎ᠡ᠃ ᠲᠥᠰᠦᠪ ᠤᠨ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠡᠳ᠋ ᠤᠨ ᠵᠠᠰᠠᠭ ᠤᠨ ᠰᠠᠯᠠᠭ᠎ᠠ ᠮᠥᠴᠢᠷ + ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ + ᠭᠤᠷᠪᠠᠳᠠᠬᠢ | ᠡᠲᠡᠭᠡᠳ ᠤᠨ ᠪᠠᠶᠢᠭᠤᠯᠤᠮᠵᠢ︾ ᠶᠢᠨ ᠦᠨᠡᠯᠡᠯᠲᠡ ᠶᠢᠨ ᠬᠤᠯᠪᠣᠭᠠᠯᠠᠨ ᠠᠵᠢᠯᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠥᠨ᠂ ᠪᠡᠯᠡᠳᠭᠡᠯ ᠭᠥᠢᠴᠡᠳᠭᠡᠯ | ᠲᠡᠭᠦᠰᠭᠡᠯ ᠤᠨ ᠪᠥᠭᠦ ᠶᠠᠪᠤᠴᠠ ᠳᠤ ᠬᠢ ᠣᠷᠭᠠᠨᠢᠭ ᠠᠪᠴᠠᠯᠳᠤᠭᠠᠳᠤ ᠪᠦᠲᠦᠮᠵᠢ ᠶᠢᠨ ᠬᠠᠮᠢᠶᠠᠷᠤᠯᠲᠠ ᠶᠢᠨ ᠪᠢᠲᠡᠭᠦᠦ ᠬᠡᠯᠬᠢᠶ᠎ᠡ ᠶᠢ ᠪᠥᠷᠢᠨᠰᠢᠭᠦᠯᠵᠤ᠂ | ᠭᠤᠤᠯᠳᠠᠯᠭᠠᠳᠤ ᠭᠥᠷᠢᠶ᠎ᠡ ᠴᠠᠷᠠᠭᠠᠨ ᠤ ᠲᠥᠷᠥᠯ ᠵᠦᠢᠯ ᠤᠨ ᠪᠠᠶᠢᠳᠠᠯ ᠢ ᠬᠢᠨᠠᠮᠠᠭᠠᠢ ᠠᠩᠬᠠᠷᠤᠨ᠂ ᠴᠢᠬᠤᠯᠠ ᠦᠨᠡᠯᠡᠬᠦ ᠡᠲᠡᠭᠡᠳ ᠢ ᠨᠠᠷᠢᠯᠢᠭ ᠣᠨᠣᠴᠠᠲᠠᠶ ᠪᠠᠷ | ᠰᠣᠩᠭᠤᠨ ᠭᠠᠷᠭᠠᠵᠤ᠂ ᠪᠦᠲᠦᠮᠵᠢ ᠶᠢᠨ ᠬᠠᠮᠢᠶᠠᠷᠤᠯᠲᠠ ᠶᠢᠨ ᠤᠷᠢᠳᠠᠯ ᠦᠨᠡᠯᠡᠨ ᠵᠢᠱᠢᠯᠲᠡ᠂ ᠬᠠᠷᠠᠯᠲᠠᠲᠤ ᠬᠠᠮᠢᠶᠠᠷᠤᠯᠲᠠ᠂ ᠬᠡᠷᠡᠭᠵᠢᠭᠦᠯᠭᠡ ᠬᠢᠨᠠᠨ ᠡᠵᠡᠮᠳᠡᠯ᠂ | ᠪᠦᠲᠦᠮᠵᠢ ᠶᠢᠨ ᠥᠨᠡᠯᠡᠯᠳᠡ᠂ ᠦᠷ᠎ᠡ ᠳ᠋ᠦᠩ ᠤᠨ ᠬᠡᠷᠡᠭᠯᠡᠯᠲᠡ ᠵᠡᠷᠭᠡ ᠠᠵᠢᠯ ᠢ ᠲᠥᠰᠦᠪ ᠤᠨ ᠬᠠᠮᠢᠶᠠᠷᠤᠯᠲᠠ ᠶᠢᠨ ᠪᠥᠬᠦ ᠶᠠᠪᠤᠴᠠ ᠳᠤ ᠠᠭᠤᠰᠤᠯᠴᠠᠭᠤᠯᠤᠨ᠂ | ᠡᠳ᠋ ᠤᠨ ᠵᠠᠰᠠᠭ ᠤᠨ ᠮᠥᠩᠭᠦᠨ ᠤ ᠭᠥᠴᠥᠨ ᠢ ᠲᠥᠪᠯᠡᠷᠡᠭᠦᠯᠦᠨ ᠦᠷ᠎ᠡ ᠠᠰᠢᠭ ᠢ ᠨᠢ ᠨᠡᠮᠡᠭᠳᠡᠭᠦᠯᠥᠨ᠎ᠡ᠃ ᠵᠠᠰᠠᠭ ᠤᠨ ᠣᠷᠳᠣᠨ ᠤ ᠪᠡᠯᠡ ᠤᠷᠤᠭᠤᠯᠤᠭᠰᠠᠨ ᠲᠥᠷᠥᠯ | ᠵᠦᠢᠯ ᠤᠨ ᠳᠠᠭᠠᠭᠠᠴᠢᠯᠠᠯᠲᠠ ᠵᠠᠷᠯᠠᠭᠰᠠᠨ ᠬᠢᠵᠠᠭᠠᠷ ᠦᠨ᠎ᠡ ᠶᠢ ᠬᠢᠨᠠᠬᠤ ᠪᠠ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠤᠨ ᠦᠨ᠎ᠡ ᠬᠠᠩᠰᠢ ᠶᠢ | ᠬᠢᠨᠠᠬᠤ ᠬᠠᠮ ᠠᠷᠭ᠎ᠠ ᠶᠢ ᠰᠠᠶᠢᠲᠤᠷ ᠭᠥᠢᠴᠡᠳᠭᠡᠵᠤ᠂ ︽ᠤᠷᠢᠳᠠᠪᠠᠷ ᠬᠢᠨᠠᠨ ᠲᠣᠭᠲᠠᠭᠠᠵᠤ᠂ ᠳᠠᠷᠠᠭ᠎ᠠ ᠨᠢ ᠲᠥᠰᠦᠪ ᠲᠤᠭᠳᠠᠭᠠᠬᠤ︾ ᠶᠢ ᠪᠡᠶᠡᠯᠡᠭᠦᠯᠥᠨ᠂ ︽ᠲᠦᠢᠮᠣ | ᠨᠢ ᠲᠥᠰᠦᠪ ᠢ ᠬᠢᠵᠠᠭᠠᠷᠯᠠᠵᠤ᠂ ᠲᠥᠰᠦᠪ ᠨᠢ ᠲᠤᠭᠠᠴᠠᠭ᠎ᠠ ᠶᠢ ᠡᠵᠡᠮᠳᠡᠭᠦ︾ ᠪᠦᠬᠦ ᠶᠠᠪᠤᠴᠠ ᠶᠢᠨ ᠦᠨ᠎ᠡ ᠬᠢᠵᠠᠭᠠᠷᠯᠠᠬᠤ ᠱᠠᠭᠠᠷᠳᠠᠯᠭ᠎ᠠ ᠶᠢ ᠥᠨᠡᠨ ᠪᠤᠳᠠᠳᠠᠢ | ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠥᠰᠦᠪ ᠭᠦᠢᠴᠡᠳᠬᠡᠬᠦ ᠪᠦᠲᠦᠮᠵᠢ ᠪᠠ ᠡᠳ᠋ ᠤᠨ ᠵᠠᠰᠠᠭ ᠤᠨ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠤᠯᠠᠮ | ᠨᠡᠮᠡᠭᠳᠡᠭᠦᠯᠥᠨ᠎ᠡ᠃ ᠡᠳ᠋ ᠤᠨ ᠶᠠᠪᠤᠳᠠᠯ᠂ ᠨᠢᠭᠳᠠᠯᠠᠨ ᠪᠤᠳᠤᠯᠳᠠ ᠶᠢᠨ ᠬᠢᠨᠠᠯᠲᠠ ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ᠂ | ᠨᠢᠭᠲᠠᠯᠠᠨ ᠪᠤᠳᠤᠯᠳᠠ ᠶᠢᠨ ᠮᠡᠳᠡᠭᠡ ᠵᠠᠩᠭᠢ ᠶᠢᠨ ᠶᠠᠰᠤ ᠴᠢᠨᠠᠷ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠳᠣᠲᠣᠭᠠᠳᠤ ᠡᠵᠡᠮᠳᠡᠯ ᠤᠨ ᠳᠦᠷᠢᠮ ᠤᠨ | ᠪᠠᠶᠢᠭᠤᠯᠤᠯᠲᠠ ᠵᠡᠷᠭᠡ ᠭᠤᠤᠯᠳᠠᠯᠭᠠᠳᠤ ᠬᠦᠷᠢᠶ᠎ᠡ ᠴᠠᠷᠠᠭ᠎ᠠ ᠳᠤ ᠡᠳ᠋ ᠤᠨ ᠶᠠᠪᠤᠳᠠᠯ ᠤᠨ ᠬᠢᠨᠠᠯᠲᠠ ᠪᠠᠶᠢᠴᠠᠭᠠᠯᠲᠠ ᠥᠷᠨᠢᠭᠦᠯᠥᠨ᠂ ᠬᠠᠮ ᠳ᠋ᠠᠶᠢᠲ᠋ᠠ ᠵᠡᠷᠭᠡ | ᠣᠳᠣᠬᠢᠴᠢᠯᠠᠭᠰᠠᠨ ᠬᠢᠨᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠵᠤ᠂ ᠡᠳᠦᠷ ᠲᠤᠲᠤᠮ ᠤᠨ ᠬᠢᠨᠠᠯᠲᠠ ᠬᠢᠭᠡᠳ ᠲᠤᠰᠬᠠᠶ ᠲᠥᠷᠥᠯ ᠤᠨ ᠪᠠᠶᠢᠴᠠᠭᠠᠯᠲᠠ᠂ | ᠭᠤᠤᠯᠳᠠᠯᠭᠠᠳᠤ ᠰᠤᠭᠤᠴᠢᠨ ᠪᠠᠶᠢᠴᠠᠭᠠᠯᠳᠠ ᠶᠢ ᠬᠠᠷᠢᠯᠴᠠᠨ ᠤᠶᠠᠯᠳᠤᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠴᠤᠭᠴᠠᠯᠠᠨ᠂ ᠡᠳ᠋ ᠤᠨ ᠵᠠᠰᠠᠭ ᠠᠵᠤ | ᠠᠬᠤᠶ ᠶᠢᠨ ᠰᠠᠬᠢᠯᠭ᠎ᠠ ᠪᠠᠲᠤ ᠶᠢ ᠤᠯᠠᠮ ᠰᠠᠶᠢᠳᠤᠷ ᠴᠢᠩᠳᠠᠯᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠲᠥᠰᠦᠪ | ᠭᠥᠢᠴᠡᠳᠭᠡᠭᠦ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ︵ᠲᠥᠷᠪᠡ︶ ᠭᠤᠤᠯ ᠬᠠᠷᠢᠭᠤᠴᠠᠯᠭ᠎ᠠ ᠭᠤᠤᠯᠳᠠᠯᠭᠠᠳᠤ ᠠᠵᠢᠯ ᠢᠶᠠᠨ ᠪᠠᠷᠢᠮᠳᠠᠯᠠᠵᠤ᠂ ︽ᠬᠡᠯᠪᠡᠷᠢ ᠪᠠᠨ ᠬᠤᠪᠢᠷᠠᠭᠤᠯᠬᠤ︾ ᠠᠵᠢᠯ ᠢ ᠰᠠᠶᠢᠳᠤᠷ | ᠭᠥᠢᠴᠡᠳᠭᠡᠨ᠎ᠡ᠃ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠥᠭᠡᠷᠡᠴᠢᠯᠡᠯᠳᠡ ᠶᠢ ᠭᠥᠨᠵᠡᠭᠡᠶᠢᠷᠡᠭᠦᠯᠵᠤ᠂ ᠤᠯᠤᠰ ᠤᠨ ᠥᠮᠴᠢᠯᠡᠯᠳᠤ ᠡᠳ᠋ ᠭᠥᠷᠥᠩᠭᠡ ᠶᠢᠨ | ᠬᠢᠨᠠᠯᠳᠠ ᠬᠠᠮᠢᠶᠠᠷᠤᠯᠳᠠ ᠶᠢᠨ ᠭᠤᠤᠯᠳᠠᠯᠭᠠᠳᠤ ᠬᠠᠷᠢᠭᠤᠴᠠᠯᠭ᠎ᠠ ᠪᠠᠨ ᠰᠡᠶᠢᠳᠤᠷ ᠭᠥᠢᠴᠡᠳᠭᠡᠨ᠂ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠭᠤᠤᠯᠳᠠᠯᠭᠠᠳᠤ | ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠳ ᠢ ᠤᠳᠤᠷᠢᠳᠤᠨ ᠵᠢᠯᠣᠭᠤᠳᠴᠤ ᠭᠤᠤᠯᠳᠠᠯᠭᠠᠳᠤ ᠦᠢᠯᠡᠰ ᠢ ᠬᠦᠴᠦᠷᠬᠡᠭᠵᠢᠭᠦᠯᠦᠨ | ᠨᠠᠷᠢᠯᠢᠬᠵᠢᠭᠤᠯᠤᠨ᠎ᠠ᠃ ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠯᠥᠪᠯᠡᠭᠡ ᠶᠢ ᠵᠠᠳᠠᠯᠤᠨ ᠦᠨᠡᠯᠡᠬᠦ | ᠪᠠᠨ ᠴᠢᠩᠭᠠᠳᠬᠠᠵᠤ᠂ ᠭᠤᠤᠯ ᠠᠵᠢᠯ ᠤᠨ ᠪᠤᠰᠤ ᠪᠠᠯᠠ ᠣᠷᠣᠭᠤᠯᠤᠯᠲᠠ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠳ ᠭᠥᠭᠵᠢᠯᠳᠡ ᠶᠢ ᠰᠢᠯᠤᠭᠤᠨ | ᠭᠥᠩᠭᠡᠯᠢᠭ ᠲᠤᠷᠪᠢᠯᠢᠭ ᠢᠳᠡᠯᠢᠭ ᠪᠤᠯᠭᠠᠨ᠎ᠠ᠃ ᠲᠦᠭᠰᠢᠭᠦᠷᠢ ᠶᠢᠨ ᠬᠠᠮᠢᠶᠠᠷᠤᠯᠲᠠ ᠪᠠᠷ ᠤᠳᠤᠷᠢᠳᠤᠮᠵᠢ ᠬᠢᠵᠤ᠂ ᠲᠣᠭᠲᠠᠭᠠᠯ ᠳᠤ ᠨᠡᠶᠢᠴᠡᠭᠦᠯᠦᠨ ᠬᠠᠮᠢᠶᠠᠷᠬᠤ ᠪᠠᠷ | ᠭᠤᠣᠯᠳᠠᠯᠭ᠎ᠠ ᠪᠤᠯᠭᠠᠨ᠂ ᠴᠢᠩᠭ᠎ᠠ ᠵᠢᠷᠤᠮᠵᠢᠭᠰᠠᠨ᠂ ᠲᠡᠯᠭᠡᠷ ᠪᠦᠲᠦᠮᠵᠢᠲᠡᠶ ᠳᠣᠲᠣᠭᠠᠳᠤ ᠡᠵᠡᠮᠳᠡᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ | ᠳᠡᠯᠭᠡᠭᠦᠷᠴᠢᠯᠡᠭᠰᠡᠨ ᠥᠷᠢᠰᠥᠯᠳᠦᠭᠡᠨ ᠪᠠ ᠤᠷᠮᠠᠰᠢᠭᠤᠯᠤᠯᠳᠠ ᠬᠢᠵᠠᠭᠠᠷᠯᠠᠯᠳᠠ ᠪᠠᠨ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠲᠤᠭᠳᠠᠯᠴᠠᠭᠠᠨ ᠤ ᠪᠠᠶᠢᠭᠤᠯᠤᠯᠲᠠ ᠶᠢ ᠤᠯᠠᠮ ᠲᠡᠭᠦᠯᠳᠡᠷᠵᠢᠭᠦᠯᠵᠦ᠂ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠂ ᠬᠢᠨᠠᠨ | ᠬᠠᠮᠢᠶᠠᠷᠬᠤ ᠬᠡᠯᠪᠡᠷᠢ ᠪᠠᠷᠢᠯ ᠢ ᠴᠢᠩᠭᠠᠳᠬᠠᠨ ᠰᠠᠶᠢᠵᠢᠷᠠᠭᠤᠯᠵᠤ᠂ ᠥᠮᠴᠢᠯᠡᠬᠦ ᠡᠷᠬᠡ᠂ ᠡᠳ᠋ ᠤᠨ ᠶᠠᠪᠤᠳᠠᠯ᠂ ᠪᠡᠯᠡ ᠣᠷᠣᠭᠤᠯᠤᠯᠲᠠ᠂ ᠬᠢᠨᠠᠨ ᠰᠢᠯᠭᠠᠯᠳᠠ᠂ | ᠤᠨᠤᠭᠳᠠᠯ ᠬᠤᠪᠢᠶᠠᠷᠢᠯᠠᠯᠳᠠ᠂ ᠥᠭᠡᠷᠡᠴᠢᠯᠡᠯᠳᠡ ᠰᠢᠨᠡᠴᠢᠯᠡᠯᠳᠡ ᠵᠡᠷᠭᠡ ᠡᠭᠦᠷᠭᠡ ᠴᠢᠳᠠᠪᠤᠷᠢ ᠳᠤ ᠬᠠᠨᠳᠤᠭᠤᠯᠤᠭᠰᠠᠨ ᠬᠢᠨᠠᠯᠲᠠ ᠶᠢ ᠨᠡᠶᠢᠳᠡᠮ ᠴᠢᠩᠭᠠᠳᠬᠠᠨ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠤᠳᠤᠷᠢᠳᠤᠨ ᠵᠢᠯᠤᠭᠤᠳᠴᠤ᠂ ᠲᠤᠰ ᠪᠡᠶ᠎ᠡ ᠶᠢᠨ ᠳᠠᠪᠠᠭᠤᠯᠢᠭ ᠲᠤ ᠨᠢ ᠰᠠᠭᠤᠷᠢᠯᠠᠭᠤᠯᠤᠨ᠂ ᠡᠬᠢ ᠰᠤᠷᠪᠤᠯᠵᠢ ᠶᠢᠨ | ᠲᠣᠬᠢᠷᠠᠭᠤᠯᠤᠯᠲᠠ ᠶᠢ ᠨᠢ ᠰᠢᠯᠢᠳᠡᠭᠵᠢᠭᠦᠯᠦᠨ᠂ ᠪᠣᠳᠠᠲᠤ ᠴᠣᠭᠴᠠ ᠶᠢᠨ ᠠᠵᠤ ᠠᠬᠤᠶ ᠶᠢ ᠨᠢ ᠬᠥᠭᠵᠢᠭᠦᠯᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠭᠥᠴᠥᠷᠭᠡᠭᠵᠢᠭᠦᠯᠥᠨᠡ᠃ | ᠲᠥᠯᠥᠭᠡᠯᠡᠭᠴᠢᠳ ᠡ᠂ 2024 ᠣᠨ ᠳᠤ᠂ ᠪᠢᠳᠡ ᠥᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠤᠨᠴᠠᠯᠢᠭᠳᠤ | ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠵᠣ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠢᠢᠳᠪᠥᠷᠢ ᠪᠠᠶᠢᠷᠢᠯᠠᠭᠤᠯᠣᠯᠳᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠠᠨ ᠵᠢᠯᠣᠭᠤᠳᠣᠯᠭ᠎ᠠ ᠶᠢ ᠣᠬᠠᠮᠰᠠᠷ ᠠᠴᠠ ᠪᠠᠨ ᠬᠦᠯᠢᠶᠡᠵᠣ᠂ ᠣᠯᠣᠰ ᠲᠦᠷᠦ ᠶᠢᠨ ᠵᠦᠪᠯᠡᠯᠭᠡᠨ ᠤ ᠰᠠᠨᠠᠯ | ᠰᠠᠨᠠᠭᠤᠯᠭ᠎ᠠ ᠶᠢ ᠬᠢᠴᠢᠶᠡᠩᠭᠦᠶᠢᠯᠡᠨ ᠲᠤᠰᠴᠤ᠂ ᠬᠤᠷᠢᠭ᠎ᠠ ᠱᠣᠭᠤᠮ ᠤᠨ ᠤᠬᠠᠮᠰᠠᠷ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠰᠡᠳᠬᠢᠮᠵᠢ ᠶᠢ ᠪᠠᠷᠢᠵᠤ᠂ ᠬᠦᠴᠢᠷ ᠢ | ᠲᠣᠭᠤᠯᠣᠨ ᠪᠡᠷᠬᠡ ᠶᠢ ᠲᠠᠪᠠᠨ ᠲᠡᠮᠡᠴᠡᠵᠤ᠂ ᠨᠠᠩ ᠴᠤ ᠡᠷᠴᠢᠳᠠᠢ ᠭᠥᠴᠥᠳᠡᠢ ᠪᠤᠳᠠᠳᠠᠢ ᠠᠷᠭ᠎ᠠ ᠠᠪᠴᠠᠯ ᠢᠶᠠᠷ ︽ᠲᠥᠷᠪᠡᠨ ᠤᠷᠤᠨ︾ ᠤ ᠪᠠᠶᠢᠭᠤᠯᠤᠯᠳᠠ ᠶᠢ | ᠠᠬᠢᠭᠤᠯᠤᠨ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ︽ᠭᠠᠷᠮᠠᠭᠠᠶᠢᠯᠠᠨ ᠲᠠᠪᠰᠢᠬᠤ ᠤᠳᠤᠭ ᠤᠨ ᠡᠮᠥᠨᠡᠳᠤ ᠬᠤᠰᠢᠭᠤᠨ︾ ᠤ ᠪᠠᠨ | ᠵᠢᠪᠬᠤᠯᠠᠩᠳᠤ ᠰᠢᠨ᠎ᠡ ᠬᠠᠭᠤᠳᠠᠰᠤ ᠶᠢ ᠪᠢᠴᠢᠭᠯᠡᠭᠦ ᠳᠤ ᠡᠳ᠋ ᠤᠨ ᠵᠠᠰᠠᠭ ᠤᠨ ᠤᠬᠠᠭ᠎ᠠ ᠴᠢᠳᠠᠯ ᠢᠶᠠᠨ ᠨᠡᠮᠡᠷᠢᠯᠡᠰᠥᠭᠡᠢ᠃ | | |