ᠬᠤᠰᠢᠭᠤ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯᠳᠤᠭᠠᠨ ᠤ ᠪᠢᠴᠢᠭ ᠮᠡᠲ᠋ᠧᠷᠢᠶᠡᠯ
ᠨᠡᠶᠢᠲᠡᠯᠡᠭᠰᠡᠨ ᠴᠠᠭ᠄
2024/1/25
               ᠵᠠᠰᠠᠭ ᠤᠨ ᠤᠷᠳᠤᠨ ᠤ ᠠᠵᠢᠯ ᠤᠨ ᠢᠯᠡᠳᠭᠡᠯ                   —— 2024 ᠤᠨ ᠤ 1 ᠰᠠᠷ᠎ᠠ ᠶᠢᠨ 9 ᠤ ᠡᠳᠥᠷ ᠤᠳᠤᠭ ᠤᠨ ᠡᠮᠥᠨᠡᠳᠤ ᠬᠤᠰᠢᠭᠤᠨ ᠤ ᠠᠷᠪᠠᠨ ᠨᠢᠭᠡᠳᠥᠭᠡᠷ                   ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ  ᠶᠡᠭᠡ  ᠬᠤᠷᠠᠯ  ᠤᠨ  ᠭᠤᠷᠪᠠᠳᠣᠭᠠᠷ  ᠬᠤᠷᠠᠯᠳᠤᠭᠠᠨ  ᠲᠡᠭᠡᠷ᠎ᠡ                                     ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ  ᠵᠠᠰᠠᠭ ᠤᠨ ᠤᠷᠳᠤᠨ ᠤ ᠬᠤᠰᠢᠭᠤ ᠲᠠᠷᠤᠭ᠎ᠠ                                                            ᠶᠠᠩ ᠶᠢᠩ ᠰᠢᠨ ᠲᠥᠯᠥᠭᠡᠯᠡᠭᠴᠢᠳ ᠡ᠄     ᠡᠳᠥᠭᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠠᠳᠭᠡᠯ ᠬᠢᠶ᠎ᠡ᠂ ᠲᠥᠯᠥᠭᠡᠯᠡᠭᠴᠢᠳ ᠬᠢᠨᠠᠨ ᠵᠥᠪᠯᠡᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠤᠯᠤᠨ ᠰᠤᠯᠠ ᠤᠷᠤᠯᠴᠠᠭᠰᠠᠳ ᠰᠠᠨᠠᠯ ᠢᠶᠠᠨ ᠲᠡᠪᠰᠢᠭᠦᠯᠭᠦ ᠪᠤᠯᠪᠠᠤ᠃     ᠨᠢᠭᠡ᠂ 2023 ᠣᠨ ᠤ ᠠᠵᠢᠯ ᠤᠨ ᠡᠷᠭᠢᠴᠡᠭᠦᠯᠦᠯ     2023 ᠤᠨ ᠪᠤᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠣᠣᠱᠯᠠᠭᠤᠯᠬᠤ ᠡᠬᠢᠨ ᠤ ᠵᠢᠯ᠂ ᠦᠷᠢᠰᠣᠯᠳᠦᠬᠡᠨ ᠶᠡᠬᠡᠲᠡᠢ ᠬᠢᠯᠪᠡᠷ ᠪᠣᠰᠣ ᠨᠢᠬᠡᠨ ᠵᠢᠯ ᠪᠣᠯᠣᠨ᠎ᠠ᠃ ᠨᠢᠬᠡ ᠵᠢᠯ ᠤᠨ ᠲᠣᠷᠰᠢ᠂ ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠬᠦᠨᠵᠡᠬᠡᠢ ᠰᠤᠷᠤᠯᠴᠠᠵᠤ ᠳᠤᠤᠱᠯᠠᠭᠤᠯᠤᠨ᠂ ᠭᠤᠣᠯ ᠰᠡᠳᠣᠪᠲᠣ ᠬᠦᠮᠦᠵᠢᠯ ᠢ ᠯᠠᠪᠳᠠᠭᠤᠨ ᠪᠠᠲᠣᠲᠠᠢ ᠠᠬᠢᠭᠤᠯᠵᠣ᠂ ᠲᠣᠮᠳᠠᠳᠣ ᠶᠢᠨ ᠦᠨᠳᠣᠰᠣᠲᠡᠨ ᠤ ᠬᠠᠮᠲᠣ  ᠶᠢᠨ ᠴᠣᠭᠴᠠ ᠶᠢᠨ ᠣᠬᠠᠮᠰᠠᠷ ᠤᠨ ᠪᠠᠬᠢᠵᠢᠬᠦᠯᠣᠯ ᠢᠶᠠᠷ ᠭᠤᠣᠯ ᠱᠣᠭᠤᠮ ᠪᠣᠯᠭᠠᠨ᠂ ᠳᠡᠬᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠬᠤᠰᠢᠭᠤ ᠨᠠᠮ ᠤᠨ ᠬᠤᠷᠢᠶᠠᠨ ᠤ ᠤᠨᠤᠪᠴᠢᠳᠤ ᠤᠳᠤᠷᠢᠳᠤᠯᠭ᠎ᠠ ᠳᠤᠤᠷ᠎ᠠ᠂ ᠦᠪᠣᠷ ᠮᠣᠩᠭᠤᠯ ᠤᠨ ︽ᠬᠤᠶᠠᠷ ᠶᠡᠭᠡ ᠶᠠᠪᠣᠳᠠᠯ︾ ᠳᠤ ᠬᠦᠴᠦᠯᠡᠵᠣ᠂ ᠣᠷᠳᠣᠰ ᠬᠤᠲᠠ ᠶᠢᠨ ︽ᠭᠤᠷᠪᠠᠨ ᠲᠦᠷᠪᠡ︾ ᠠᠵᠢᠯ ᠤᠨ ᠬᠠᠷᠠᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠷᠮᠠᠭᠠᠶᠢᠯᠠᠨ ᠲᠠᠪᠰᠢᠬᠤ ᠤᠳᠤᠭ ᠤᠨ ᠡᠮᠤᠨᠡᠳᠤ ᠬᠤᠰᠢᠭᠤᠨ ᠤ ︽ᠲᠦᠷᠪᠡᠨ ᠣᠷᠣᠨ︾ ᠤ ᠪᠠᠶᠢᠭᠤᠯᠣᠯᠲᠠ ᠲᠡᠬᠡᠷ᠎ᠡ ᠰᠢᠨ᠎ᠡ ᠠᠬᠢᠴᠠ ᠲᠠᠢ ᠪᠤᠯᠪᠠ᠃ ᠵᠢᠱᠢᠯᠲᠠ ᠪᠠᠷ ᠭᠠᠵᠠᠷ ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 288 ᠳ᠋ᠦᠩᠰᠢᠭᠤᠷ ᠲᠦᠬᠦᠷᠢᠭ ᠲᠤ ᠬᠦᠷᠦᠨ᠂ 7% ᠪᠠᠷ ᠨᠡᠮᠡᠭᠳᠡᠵᠣ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.3% ᠪᠠᠷ ᠨᠡᠮᠡᠭᠳᠡᠨ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ 136 ᠳ᠋ᠦᠩᠰᠢᠭᠤᠷ ᠲᠦᠬᠦᠷᠢᠭ ᠲᠤ ᠬᠦᠷᠴᠦ᠂ 45.2% ᠢᠶᠠᠷ ᠨᠡᠮᠡᠭᠳᠡᠨ᠂ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠤᠩᠬᠡᠢ ᠦᠷᠳᠡᠭ 26.6 ᠳ᠋ᠦᠩᠰᠢᠭᠤᠷ ᠲᠦᠬᠦᠷᠢᠭ ᠲᠤ ᠬᠦᠷᠴᠦ᠂ 4% ᠪᠠᠷ  ᠨᠡᠮᠡᠭᠳᠡᠨ᠂ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠣᠪ ᠤᠨ ᠣᠷᠣᠯᠭ᠎ᠠ 20.54 ᠳ᠋ᠦᠩᠰᠢᠭᠤᠷ ᠲᠦᠬᠦᠷᠢᠭ ᠲᠤ ᠬᠦᠷᠴᠦ᠂ 19.4% ᠪᠠᠷ ᠨᠡᠮᠡᠭᠳᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰᠪᠣᠷᠢ 56470 ᠲᠦᠬᠦᠷᠢᠭ ᠂ 27900 ᠲᠦᠬᠦᠷᠢᠭ ᠲᠤ ᠬᠦᠷᠴᠦ᠂ 5%᠂ 7% ᠪᠠᠷ ᠨᠡᠮᠡᠭᠳᠡᠪᠡ᠃     ᠨᠢᠭᠡ ᠵᠢᠯ ᠤᠨ ᠲᠤᠷᠰᠢ᠂ ᠪᠢᠳᠡ ᠲᠦᠷᠦᠯ ᠵᠦᠢᠯ ᠢ ᠠᠳᠬᠤᠨ ᠬᠤᠳᠠᠯᠳᠣᠭᠠᠴᠢᠨ ᠣᠷᠢᠬᠤ ᠳᠤ ᠬᠦᠴᠦᠯᠡᠵᠣ᠂ ᠣᠲᠤᠭ ᠤᠨ ᠡᠮᠣᠨᠡᠳᠣ ᠬᠤᠰᠢᠭᠤᠨ ᠤ ᠬᠤᠷᠳᠣᠴᠠ ᠪᠠᠨ ᠰᠢᠨᠡᠳᠬᠡᠪᠡ᠃ ᠭᠤᠣᠯᠳᠠᠯᠭᠠᠲᠣ ᠲᠦᠷᠦᠯ ᠵᠦᠢᠯ ᠤᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 53.6 ᠳ᠋ᠦᠩᠰᠢᠭᠤᠷ ᠲᠦᠬᠦᠷᠢᠭ ᠨᠡᠮᠡᠭᠳᠡᠨ᠂ 65% ᠪᠠᠷ ᠨᠡᠮᠡᠭᠳᠡᠪᠡ︔ ᠡᠬᠦᠨ ᠳᠤ ᠬᠤᠲᠠ ᠠᠴᠠ ᠲᠣᠬᠢᠷᠠᠭᠤᠯᠬᠤ 22 ᠭᠤᠣᠯᠳᠠᠯᠭᠠᠲᠣ ᠲᠦᠷᠦᠯ ᠵᠦᠢᠯ ᠤᠨ 121.8 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠬᠦᠯᠵᠦ᠂ 49.5 ᠳ᠋ᠦᠩᠰᠢᠭᠤᠷ ᠲᠦᠬᠦᠷᠢᠭ ᠨᠡᠮᠡᠭᠳᠡᠨ᠂ 68.5% ᠪᠠᠷ ᠨᠡᠮᠡᠭᠳᠡᠵᠣ᠂ ᠪᠡᠯᠡ ᠣᠷᠣᠭᠤᠯᠣᠯᠲᠠ  ᠶᠢᠨ ᠨᠣᠷᠮ᠎ᠠ ᠶᠢᠨ ︽ᠬᠤᠣᠰ ᠨᠡᠮᠡᠭᠳᠡᠯ︾ ᠤᠨ ᠪᠠᠶᠢᠳᠠᠯ ᠲᠣᠣᠷ᠎ᠠ᠂ ᠪᠡᠯᠡ ᠣᠷᠣᠭᠤᠯᠣᠯᠲᠠ ᠶᠢᠨ ᠠᠬᠢᠴᠠ ᠶᠢᠨ ᠢᠯᠡᠳᠬᠡᠪᠣᠷᠢ ᠶᠢᠨ ︽ᠬᠤᠣᠰ ᠵᠠᠭᠤ ᠶᠢᠨ ᠲᠠᠪᠠᠯᠲᠠ︾ ᠶᠢ ᠪᠡᠶᠡᠯᠡᠬᠦᠯᠣᠨ᠂ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠣᠯᠲᠠ ᠶᠢᠨ ᠨᠡᠮᠡᠭᠳᠡᠯ ᠢ 31 ᠵᠠᠭᠤᠨ ᠤ ᠨᠢᠬᠡᠴᠢ ᠲᠠᠶᠢᠴᠢᠯᠠᠵᠣ᠂ ᠲᠦᠷᠦᠯ ᠵᠦᠢᠯ  ᠤᠨ ᠲᠤᠭ᠎ᠠ ᠬᠡᠮᠵᠢᠶ᠎ᠡ ᠪᠡ ᠪᠡᠯᠡ ᠣᠷᠣᠭᠤᠯᠣᠯᠲᠡ ᠶᠢᠨ ᠴᠢᠨᠠᠷ ᠤᠨ ᠰᠢᠨ᠎ᠡ ᠲᠡᠮᠳᠡᠭᠯᠡᠯ ᠢ ᠲᠠᠬᠢᠨᠲᠠ ᠡᠭᠦᠳᠪᠡ︔ ᠷᠦᠨ ᠶᠠᠩ ᠤᠨ ᠣᠯᠠᠨ ᠲᠠᠯᠠᠰᠲᠣ ᠴᠠᠬᠢᠭᠤᠷ᠂ ᠠᠵᠣ ᠦᠢᠯᠡᠳᠪᠣᠷᠢ ᠶᠢᠨ ᠴᠠᠬᠢᠭᠤᠷ ᠤᠨ ᠦᠢᠯᠡᠳᠪᠣᠷᠢᠯᠡᠯ ᠤᠨ ᠱᠣᠭᠤᠮ ᠤᠨ ᠪᠠᠷᠢᠯᠭ᠎ᠠ ᠶᠢ ᠴᠦᠮ ᠲᠠᠭᠤᠰᠬᠠᠨ᠂ 4GW ᠰᠢᠨ᠎ᠡ ᠡᠨᠧᠷᠬᠢ ᠶᠢᠨ ᠰᠠᠭᠤᠷᠢᠨ ᠤ ᠲᠦᠷᠦᠯ ᠵᠦᠢᠯ ᠡᠷᠴᠢᠮᠲᠠᠢ ᠵᠣᠬᠢᠴᠠᠭᠤᠯᠭ᠎ᠠ ᠪᠠᠷ ᠪᠦᠬᠦ ᠣᠯᠣᠰ ᠤᠨ ᠬᠤᠶᠠᠳᠠᠭᠴᠢ ᠪᠦᠯᠦᠭ ᠤᠨ ᠲᠣᠮᠣ ᠬᠡᠯᠪᠡᠷᠢ ᠶᠢᠨ ᠰᠠᠯᠬᠢᠨ ᠴᠠᠬᠢᠯᠭᠠᠨ ᠨᠠᠷᠠᠨ ᠡᠨᠧᠷᠬᠢ ᠶᠢᠨ ᠰᠠᠭᠤᠷᠢᠨ ᠤ ᠪᠠᠶᠢᠭᠤᠯᠣᠯᠲᠠ ᠲᠣᠳᠣᠷ᠎ᠠ ᠪᠠᠨ ᠡᠩ ᠲᠡᠷᠢᠬᠦᠨ ᠳᠤ ᠪᠠᠷᠢᠯᠭ᠎ᠠ ᠪᠠᠨ ᠡᠬᠢᠯᠡᠬᠦᠯᠵᠣ᠂ 2.5GW ᠨᠢ ᠨᠢᠬᠡᠨᠲᠡ ᠪᠠᠶᠢᠭᠤᠯᠣᠭᠳᠠᠪᠠ︔ 53 ᠲᠦᠷᠦᠯ ᠵᠦᠢᠯ ᠢ ᠵᠦᠪᠯᠡᠯᠴᠡᠬᠡᠷ ᠲᠣᠭᠲᠠᠭᠠᠨ ᠣᠷᠣᠨᠵᠢᠭᠤᠯᠵᠣ᠂ ᠰᠢᠨ᠎ᠡ ᠪᠠᠷ ᠵᠦᠪᠯᠡᠯᠴᠡᠬᠡᠷ ᠲᠣᠭᠲᠠᠭᠰᠠᠨ ᠲᠦᠷᠦᠯ ᠵᠦᠢᠯ ᠤᠨ ᠪᠠᠷᠢᠯᠭ᠎ᠠ ᠡᠬᠢᠯᠡᠭᠰᠡᠨ ᠨᠣᠷᠮ᠎ᠠ 100%᠂ ᠪᠠᠷᠢᠯᠭ᠎ᠠ ᠲᠠᠭᠤᠰᠣᠭᠰᠠᠨ ᠨᠣᠷᠮ᠎ᠠ 40% ᠳᠤ ᠬᠦᠷᠣᠨ᠂ ᠴᠦᠮ ᠪᠦᠬᠦ ᠬᠤᠲᠠ ᠶᠢᠨ ᠲᠡᠷᠢᠬᠦᠨ ᠳᠤ ᠪᠠᠶᠢᠷᠢᠯᠡᠪᠡ︔ ᠣᠯᠣᠰ ᠤᠨ ᠳᠣᠲᠣᠭᠠᠳᠣ ︵ᠣᠷᠣᠨ ᠤ ᠭᠠᠳᠠᠨᠠᠬᠢ︶ ᠶᠢᠨ ᠪᠡᠯᠡ ᠮᠦᠩᠬᠦᠨ ᠤ ᠣᠷᠣᠨᠵᠢᠯᠲᠠ 61.1% ᠪᠠᠷ ᠨᠡᠮᠡᠭᠳᠡᠨ᠂ ᠪᠣᠳᠠᠲᠠᠢ ᠬᠡᠷᠡᠭᠯᠡᠭᠰᠡᠨ ᠭᠠᠳᠠᠨᠠᠬᠢ ᠶᠢᠨ ᠪᠡᠯᠡ ᠬᠤᠲᠠ ᠠᠴᠠ ᠪᠠᠭᠤᠯᠭᠠᠭᠰᠠᠨ ᠡᠬᠦᠷᠬᠡ ᠶᠢᠨ 10 ᠲᠠᠬᠢᠨ ᠳᠤ ᠬᠦᠷᠴᠦ᠂ ᠪᠦᠬᠦ ᠬᠤᠲᠠ ᠶᠢᠨ ᠲᠡᠷᠢᠬᠦᠨ ᠳᠤ ᠪᠠᠶᠢᠷᠢᠯᠠᠪᠠ︔ ᠡᠯ᠎ᠡ ᠲᠦᠷᠦᠯ ᠤᠨ ᠪᠦᠲᠦᠬᠡᠨ ᠪᠠᠶᠢᠭᠤᠯᠣᠯᠲᠠ ᠳᠤ ᠬᠡᠷᠡᠭᠯᠡᠬᠦ ᠭᠠᠵᠠᠷ  ᠢ 40 ᠬᠡᠰᠡᠭ 352 ᠾᠧᠺᠲ᠋ᠠᠷ ᠴᠤᠬᠤᠯᠠᠪᠤᠷᠢᠯᠠᠭᠤᠯᠵᠤ᠂ ᠵᠢᠯ ᠤᠨ ᠴᠣᠬᠤᠯᠠᠪᠣᠷᠢᠯᠠᠭᠤᠯᠣᠭᠰᠠᠨ ᠲᠠᠯᠠᠪᠠᠢ ᠪᠦᠬᠦ ᠣᠷᠣᠨ ᠤ ᠨᠢᠬᠡᠳᠣᠬᠡᠷ ᠲᠤ ᠣᠷᠣᠪᠠ︔ ᠴᠠᠬᠢᠯᠭᠠᠨ ᠲᠣᠣᠷ ᠤᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠶᠢ 12.79 ᠳ᠋ᠦᠩᠰᠢᠭᠤᠷ ᠲᠦᠬᠦᠷᠢᠭ  ᠪᠡᠶᠡᠯᠡᠬᠦᠯᠵᠣ᠂ ᠪᠦᠬᠦ ᠬᠤᠲᠠ ᠶᠢᠨ ᠴᠠᠬᠢᠯᠭᠠᠨ ᠲᠣᠣᠷ ᠤᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠶᠢᠨ 50% ᠶᠢ ᠡᠵᠡᠯᠡᠬᠡᠳ᠂ ᠬᠤᠰᠢᠭᠤ ᠪᠠᠶᠢᠭᠤᠯᠣᠭᠳᠠᠭᠰᠠᠨ ᠠᠴᠠ ᠨᠠᠭᠠᠰᠢᠬᠢ ᠴᠠᠬᠢᠯᠭᠠᠨ ᠲᠣᠣᠷ ᠤᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠶᠢᠨ ᠦᠨᠳᠣᠷ ᠲᠡᠮᠳᠡᠭᠯᠡᠯ ᠢ ᠡᠬᠦᠳᠪᠡ᠃     ᠨᠢᠭᠡ ᠵᠢᠯ ᠤᠨ ᠲᠤᠷᠰᠢ᠂ ᠪᠢᠳᠡ ᠦᠯᠡᠳᠡᠭᠳᠡᠯ ᠠᠰᠠᠭᠤᠳᠠᠯ ᠢ ᠰᠢᠢᠳᠪᠣᠷᠢᠯᠡᠨ ᠴᠡᠭᠴᠡᠯᠡᠯᠲᠡ ᠶᠢ ᠠᠳᠬᠤᠵᠣ᠂ ᠣᠲᠤᠭ ᠤᠨ ᠡᠮᠣᠨᠡᠳᠣ ᠬᠤᠰᠢᠭᠤᠨ ᠤ ᠡᠬᠦᠷᠬᠡᠯᠡᠯ ᠢᠶᠠᠨ ᠢᠯᠡᠷᠡᠬᠦᠯᠪᠡ᠃ ᠪᠦᠬᠦ ᠵᠢᠯ ᠳᠤ ᠬᠤᠰᠢᠭᠤ ᠡᠳ᠋ ᠤᠨ ᠵᠠᠰᠠᠭ ᠠᠴᠠ ᠠᠷᠠᠳ ᠤᠨ ᠠᠮᠢᠳᠣᠷᠠᠯ ᠤᠨ ᠰᠠᠶᠢᠵᠢᠷᠠᠭᠤᠯᠣᠯᠲᠠ ᠳᠤ 30 ᠰᠢᠬᠠᠮ ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ ᠲᠡᠤᠬᠡ ᠶᠢᠨ ᠰᠢᠨ᠎ᠡ ᠲᠡᠮᠳᠡᠭᠯᠡᠯ ᠢ ᠡᠬᠦᠳᠪᠡ︔ ᠬᠦᠭᠵᠢᠯᠲᠡ ᠶᠢᠨ ᠲᠣᠮᠳᠠ ᠬᠤᠷᠠᠮᠳᠣᠭᠰᠠᠨ ᠠᠰᠠᠭᠤᠳᠠᠯ ᠳᠤ ᠵᠦᠪ ᠪᠣᠳᠠᠲᠠᠢ ᠬᠠᠨᠳᠣᠨ᠂ ᠰᠢᠨ ᠵᠸᠦ ᠰᠠᠭᠤᠭᠠᠯᠢ ᠲᠣᠭᠤᠷᠢᠭ ᠤᠨ ᠬᠤᠶᠠᠳᠣᠭᠠᠷ ᠬᠤᠭᠤᠴᠠᠭ᠎ᠠ᠂ ᠨᠡᠬᠦᠳᠡᠯ ᠠᠷᠠᠳ ᠤᠨ ᠲᠠᠪᠣᠳᠣᠭᠠᠷ ᠬᠤᠭᠤᠴᠠᠭᠠᠨ ᠤ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠱᠠᠩᠬᠠᠢ ᠶᠢᠨ ᠰᠦᠮ᠎ᠡ ᠭᠤᠣᠯᠳᠠᠯᠭᠠᠲᠣ ᠡᠮᠨᠡᠯᠬᠡ ᠵᠡᠷᠬᠡ ᠲᠣᠷᠭᠤᠨ ᠵᠣᠭᠰᠣᠭᠠᠳ ᠠᠷᠪᠠᠨ ᠵᠢᠯ ᠪᠣᠯᠣᠭᠰᠠᠨ 6 ᠲᠦᠷᠦᠯ ᠵᠦᠢᠯ ᠢ ᠪᠦᠬᠦ ᠲᠠᠯ᠎ᠠ ᠪᠠᠷ ᠠᠮᠢᠳᠣᠯᠢᠭᠵᠢᠭᠤᠯᠵᠣ᠂ ᠬᠤᠪᠢᠰᠬᠠᠯᠲᠣ ᠵᠢᠭᠤᠯᠴᠢᠯᠠᠯ ᠤᠨ ᠵᠠᠰᠠᠮᠠᠯ ᠵᠠᠮ ᠤᠨ ᠦᠯᠡᠳᠡᠭᠳᠡᠯ ᠠᠰᠠᠭᠤᠳᠠᠯ ᠢ ᠪᠦᠬᠦᠨ ᠢᠶᠠᠷ ᠰᠢᠢᠳᠪᠣᠷᠢᠯᠡᠨ᠂ ᠡᠬᠢ ᠰᠣᠷᠪᠣᠯᠵᠢ ᠬᠦᠴᠦᠨ ᠵᠦᠢᠯ ᠤᠨ ᠠᠷᠪᠢᠴᠢ ᠡᠷᠴᠢᠮᠯᠢᠭ ᠠᠰᠢᠭᠯᠠᠯᠲᠠ ᠶᠢ ᠪᠡᠶᠡᠯᠡᠬᠦᠯᠪᠡ︔ ︽ᠦᠭᠴᠡᠬᠡᠨ ᠤ ᠰᠢᠢᠳᠪᠣᠷᠢᠯᠡᠯᠲᠡ ᠴᠦ ᠵᠠᠰᠠᠭ ᠤᠨ ᠪᠦᠲᠦᠮᠵᠢ︾ ᠪᠣᠯᠬᠤ ᠢᠯᠡ ᠲᠣᠳᠣ ᠣᠳᠣᠷᠢᠳᠣᠮᠵᠢ ᠶᠢ ᠪᠠᠲᠣ ᠱᠣᠭᠤᠨ᠂ ᠲᠦᠰᠣᠪ ᠢᠶᠠᠷ ᠲᠣᠬᠢᠷᠠᠭᠤᠯᠬᠤ᠂ ᠱᠠᠩᠨᠠᠯ ᠨᠦᠬᠦᠪᠣᠷᠢ ᠣᠯᠬᠤ᠂ ᠬᠦᠷᠦᠩᠬᠡ ᠬᠤᠭᠰᠢᠯ ᠢ ᠰᠢᠢᠳᠪᠣᠷᠢᠯᠡᠬᠦ ᠵᠡᠷᠬᠡ ᠬᠡᠯᠪᠡᠷᠢ ᠪᠠᠷ 11.02 ᠳ᠋ᠦᠩᠰᠢᠭᠤᠷ ᠲᠦᠬᠦᠷᠢᠭ ᠤᠨ ᠲᠠᠯᠳᠠ ᠴᠢᠨᠠᠷᠲᠠᠢ ᠦᠭᠴᠡᠭᠡ ᠶᠢ ᠰᠢᠢᠳᠪᠣᠷᠢᠯᠡᠬᠡᠳ᠂ ᠦᠪᠡᠷᠲᠡᠬᠡᠨ ᠵᠠᠰᠠᠬᠤ ᠣᠷᠣᠨ  ᠤ ᠲᠣᠰ ᠵᠢᠯ ᠤᠨ ᠲᠦᠷᠪᠡᠳᠣᠭᠡᠷ ᠪᠠ ᠪᠦᠬᠦ ᠬᠤᠲᠠ ᠳᠤ ᠪᠠᠨ ᠰᠢᠨ᠎ᠡ ᠪᠠᠷ ︽ᠦᠷᠢ ᠦᠭᠴᠡᠭᠡ ᠦᠬᠡᠢ ᠬᠤᠰᠢᠭᠤ ᠲᠣᠭᠤᠷᠢᠭ︾ ᠲᠤ ᠵᠢᠭᠰᠠᠭᠠᠭᠳᠠᠪᠠ︔ ᠡᠯ᠎ᠡ ᠲᠦᠷᠦᠯ ᠤᠨ ᠴᠡᠭᠴᠡᠯᠡᠯᠲᠡ ᠶᠢᠨ ᠡᠬᠦᠷᠬᠡ ᠪᠠᠨ ᠴᠢᠨᠠᠷᠯᠢᠭ ᠠᠬᠢᠭᠤᠯᠵᠣ᠂ ᠴᠣᠬᠤᠯᠠᠪᠣᠷᠢᠯᠠᠭᠤᠯᠣᠭᠠᠳ ᠬᠠᠩᠭᠠᠭᠰᠠᠨ ᠦᠬᠡᠢ ᠭᠠᠵᠠᠷ ᠤᠨ ᠰᠢᠢᠳᠪᠣᠷᠢᠯᠡᠯᠲᠡ ᠶᠢᠨ ᠨᠣᠷᠮ᠎ᠠ ᠶᠢ 133.6% ᠳᠤ ᠬᠦᠷᠬᠡᠬᠡᠳ᠂ ᠪᠦᠬᠦ ᠬᠤᠲᠠ ᠶᠢᠨ ᠲᠡᠷᠢᠬᠦᠨ ᠳᠤ  ᠪᠠᠶᠢᠷᠢᠯᠠᠵᠣ᠂ 73.2 ᠾᠧᠺᠲ᠋ᠠᠷ ᠰᠣᠯᠠ ᠣᠷᠬᠢᠭᠳᠠᠭᠰᠠᠨ ᠭᠠᠵᠠᠷ ᠢ ᠰᠢᠢᠳᠪᠣᠷᠢᠯᠡᠨ᠂ ᠬᠠᠳᠠᠭᠠᠯᠠᠯᠲᠠ ᠦᠬᠡᠢ ᠪᠣᠯᠭᠠᠵᠣ᠂ ᠣᠢ ᠰᠢᠭᠤᠢ ᠨᠣᠲᠤᠭ ᠪᠡᠯᠴᠢᠬᠡᠷ ᠤᠨ ᠲᠣᠰᠬᠠᠢ ᠴᠡᠭᠴᠡᠯᠡᠯᠲᠡ ᠶᠢᠨ ᠠᠰᠠᠭᠤᠳᠠᠯ ᠢ ᠪᠦᠬᠦᠨ ᠢᠶᠠᠷ ᠨᠢ ᠴᠡᠭᠴᠡᠯᠡᠪᠡ︔ ᠪᠦᠬᠦ ᠣᠯᠣᠰ ᠤᠨ ︽ᠲᠦᠷᠪᠡᠨ ᠰᠠᠶᠢᠲᠠᠢ ᠬᠦᠳᠡᠭᠡ ᠲᠣᠰᠬᠤᠨ ᠤ ᠵᠠᠮ︾ ᠤᠨ ᠲᠠᠭᠤᠷᠢᠶᠠᠯ ᠰᠢᠶᠠᠨ ᠢ ᠠᠮᠵᠢᠯᠲᠠ ᠲᠠᠢ ᠴᠣᠭᠴᠠᠯᠠᠵᠣ᠂ ᠪᠦᠬᠦ ᠣᠯᠣᠰ ᠤᠨ ᠬᠤᠷᠢᠨ ᠲᠣᠯᠣᠳᠣᠭᠠᠷ᠂ ᠦᠪᠡᠷᠲᠡᠬᠡᠨ ᠵᠠᠰᠠᠬᠤ ᠣᠷᠣᠨ ᠤ ᠴᠤᠷᠢ ᠶᠢᠨ ᠭᠠᠭᠴᠠ ᠬᠦᠳᠡᠭᠡ ᠲᠣᠰᠬᠤᠨ ᠤ ᠵᠠᠰᠠᠮᠠᠯ ᠵᠠᠮ ᠬᠠᠮᠳᠣ ᠶᠢᠨ ᠪᠠᠶᠠᠵᠢᠯ ᠳᠤ ᠬᠦᠴᠦᠨ ᠨᠡᠮᠡᠷᠢᠯᠡᠭᠰᠡᠨ ᠲᠠᠭᠤᠷᠢᠶᠠᠯ ᠵᠢᠱᠢᠶ᠎ᠡ ᠪᠠᠷ ᠰᠣᠩᠭᠤᠭᠳᠠᠪᠠ︔ ᠣᠯᠠᠨ ᠲᠦᠮᠡᠨ ᠬᠠᠯᠠᠮᠵᠢᠯᠠᠨ ᠬᠦᠰᠡᠮᠵᠢᠯᠡᠵᠣ ᠪᠦᠬᠦᠢ ᠨᠢᠬᠡ ᠪᠦᠯᠦᠭ ᠪᠣᠳᠠᠳᠣ ᠶᠠᠪᠣᠳᠠᠯ ᠢ ᠪᠦᠲᠦᠬᠡᠨ᠂ ᠲᠣᠯᠠᠭᠠᠨ ᠬᠤᠲᠠ ᠶᠢᠨ ᠦᠷᠲᠡᠭᠡ᠂ ᠠᠷᠰᠠᠷ ᠠᠵᠢᠯ ᠤᠨ ᠵᠠᠬ᠎ᠠ ᠲᠡᠯᠬᠡᠭᠦᠷ᠂ 342 ᠲᠦᠬᠦᠷ ᠪᠠᠲᠣᠯᠠᠭ᠎ᠠ ᠶᠢᠨ ᠣᠷᠣᠨ ᠰᠠᠭᠤᠴᠠ᠂ ᠨᠢᠬᠡ ᠪᠦᠯᠦᠭ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠲᠡ ᠵᠡᠷᠬᠡ ᠣᠯᠠᠨ ᠲᠦᠮᠡᠨ ᠤ ᠰᠡᠳᠬᠢᠯ ᠢ ᠲᠣᠯᠠᠭᠠᠴᠠᠭᠤᠯᠣᠭᠰᠠᠨ ᠢᠨᠵᠧᠨᠧᠷᠢᠩ ᠢ ᠪᠡᠶᠡᠯᠡᠬᠦᠯᠣᠬᠡᠳ᠂ ᠠᠷᠠᠳ ᠣᠯᠠᠨ ᠳᠤ ᠠᠰᠢᠭ ᠬᠦᠷᠲᠡᠬᠡᠪᠡ︔ ᠲᠦᠪᠯᠡᠷᠡᠩᠬᠦᠢ ᠲᠣᠯᠠᠭᠠᠯᠠᠭ᠎ᠠ ᠬᠠᠩᠭᠠᠯᠲᠠ ᠶᠢᠨ ᠰᠣᠮᠣ ᠪᠠᠯᠭᠠᠰᠣᠨ ᠤ ᠰᠠᠭᠤᠭᠠᠯᠢ ᠠᠷᠠᠳ ᠤᠨ ᠨᠦᠬᠦᠪᠣᠷᠢ ᠶᠢᠨ ᠪᠦᠬᠦ ᠪᠦᠷᠬᠦᠴᠡ ᠶᠢ ᠪᠡᠶᠡᠯᠡᠬᠦᠯᠪᠡ︔ ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ ᠤ ᠬᠡᠳᠣ ᠠᠰᠢᠭᠯᠠᠯᠲᠠ ︵ᠣᠰᠣᠨ ᠠᠮᠢ ᠠᠬᠤᠢ︶ ᠶᠢᠨ ᠶᠡᠷᠣᠩᠬᠡᠶᠢᠯᠡᠭᠰᠡᠨ ᠵᠠᠰᠠᠯᠲᠠ ᠶᠢᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠣ᠂ ᠣᠳᠠᠭᠠᠨ ᠵᠢᠯ ᠤᠨ ᠣᠰᠣᠨ ᠤ ᠬᠦᠴᠢᠷᠳᠡᠯ ᠢ ᠪᠦᠳᠤᠮᠵᠢᠳᠠᠢ ᠨᠠᠮᠳᠠᠭᠤᠯᠪᠠ᠃      ᠨᠢᠭᠡ ᠵᠢᠯ ᠤᠨ ᠲᠤᠷᠰᠢ᠂ ᠪᠢᠳᠡ ᠴᠢᠨᠠᠷ ᠴᠢᠨᠰᠠᠭ᠎ᠠ ᠶᠢ ᠲᠡᠬᠡᠭᠰᠢᠯᠡᠬᠦᠯᠣᠨ ᠬᠡᠪ ᠲᠦᠷᠬᠦ ᠪᠠᠨ ᠢᠯᠡᠷᠡᠬᠦᠯᠵᠣ᠂ ᠣᠲᠤᠭ ᠤᠨ ᠡᠮᠣᠨᠡᠳᠣ ᠬᠤᠰᠢᠭᠤᠨ ᠤ ᠠᠯᠳᠠᠷᠰᠢᠯ ᠢᠶᠠᠨ ᠨᠡᠮᠡᠭᠳᠡᠬᠦᠯᠪᠡ᠃ ᠡᠷᠳᠡᠮᠲᠡᠨ ᠮᠡᠷᠬᠡᠵᠢᠯᠲᠡᠨ ᠢ ᠦᠷᠬᠡᠨ ᠢᠶᠠᠷ ᠣᠷᠢᠨ ᠠᠷᠭ᠎ᠠ ᠪᠣᠳᠣᠯᠭ᠎ᠠ ᠵᠦᠪᠯᠠᠨ ᠠᠯᠣᠰ ᠢᠷᠡᠬᠡᠳᠣᠢ ᠪᠠᠨ ᠰᠦᠪᠡᠭᠴᠢᠯᠡᠵᠣ᠂ ᠬᠤᠪᠢᠰᠬᠠᠯᠲᠣ ᠰᠣᠶᠣᠯ ᠣᠳᠣᠮᠰᠢᠯ ᠢ ᠣᠯᠠᠮᠵᠢᠯᠠᠨ ᠵᠠᠯᠭᠠᠮᠵᠢᠯᠠᠬᠤ ᠣᠷᠣᠨ ᠤ ᠰᠣᠳᠣᠯᠣᠨ ᠶᠠᠷᠢᠯᠴᠠᠬᠤ ᠬᠤᠷᠠᠯ᠂ ︽ᠣᠲᠤᠭ ᠤᠨ ᠡᠮᠣᠨᠡᠳᠣ ᠬᠤᠰᠢᠭᠤᠨ ᠤ ᠮᠠᠯ  ᠤᠨ ᠮᠢᠬ᠎ᠠ︾ ᠨᠡᠷ᠎ᠡ ᠲᠡᠮᠳᠡᠭ ᠢ ᠲᠠᠨᠢᠯᠴᠠᠭᠤᠯᠬᠤ ᠬᠤᠷᠠᠯ ᠵᠡᠷᠬᠡ ︽ᠲᠦᠷᠪᠡᠨ ᠣᠷᠣᠨ︾ ᠤ ᠪᠠᠶᠢᠭᠤᠯᠣᠯᠲᠠ ᠶᠢᠨ ᠭᠤᠣᠯ ᠰᠡᠳᠣᠪᠲᠣ ᠴᠣᠭᠯᠠᠭᠠᠨ ᠢ ᠴᠢᠨᠠᠷᠯᠢᠭ ᠡᠷᠬᠢᠯᠡᠨ᠂ ᠮᠠ ᠢᠣᠢ ᠱᠠᠨ ᠵᠡᠷᠬᠡ 31 ᠠᠺᠠᠳᠧᠮᠢᠴᠢ᠂ ᠡᠷᠳᠡᠮᠲᠡᠨ ᠢ ᠮᠠᠨ ᠤ ᠬᠤᠰᠢᠭᠤᠨ ᠤ ᠴᠢᠨᠠᠷᠯᠢᠭ ᠬᠦᠭᠵᠢᠯᠲᠡ ᠶᠢᠨ ᠣᠶᠣᠨ ᠤ ᠬᠦᠮᠦᠷᠬᠡ ᠶᠢᠨ ᠮᠡᠷᠬᠡᠵᠢᠯᠲᠡᠨ ᠪᠤᠯᠭᠠᠵᠤ᠂ ᠬᠤᠲᠠ ᠶᠢᠨ ᠲᠦᠷᠬᠦ ᠶᠢᠨ ᠣᠬᠠᠭᠤᠯᠭ᠎ᠠ᠂ ᠨᠡᠷ᠎ᠡ ᠲᠡᠮᠳᠡᠭ ᠤᠨ ᠲᠠᠨᠢᠯᠴᠠᠭᠤᠯᠭ᠎ᠠ ᠶᠢᠨ ᠠᠵᠢᠯᠯᠠᠭᠠᠨ ᠢ ᠱᠠᠩᠬᠠᠢ᠂ ᠱᠧᠨ᠋ᠵᠧᠨ᠂ ᠰᠢ ᠠᠨ ᠵᠡᠷᠬᠡ 5 ᠭᠤᠣᠯᠳᠠᠯᠭᠠᠲᠣ ᠬᠤᠲᠠ ᠳᠤ ᠶᠠᠪᠣᠭᠳᠠᠭᠤᠯᠣᠨ᠂ ᠣᠲᠤᠭ ᠤᠨ ᠡᠮᠣᠨᠡᠳᠣ ᠬᠤᠰᠢᠭᠤᠨ ᠤ ᠮᠡᠷᠬᠡᠵᠢᠯᠲᠡᠨ ᠤ ᠬᠦᠮᠦᠷᠬᠡ᠂ ᠨᠡᠷ᠎ᠡ ᠠᠯᠳᠠᠷᠰᠢᠯ᠂ ᠨᠠᠶᠢᠵᠠ ᠶᠢᠨ ᠲᠣᠭᠤᠷᠢᠭ ᠦᠷᠬᠡᠵᠢᠨ ᠲᠡᠬᠡᠭᠰᠢᠯᠡᠪᠡ︔ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠰᠢᠯᠢᠳᠡᠭᠵᠢᠬᠦᠯᠣᠯ ᠤᠨ 200 ᠵᠣᠷᠪᠣᠰ᠂ 4.0 ᠬᠡᠪ ᠤᠨ ᠰᠢᠨᠡᠴᠢᠯᠡᠯ ᠢ ᠪᠦᠬᠦ ᠲᠠᠯ᠎ᠠ ᠪᠠᠷ ᠬᠡᠷᠡᠭᠵᠢᠬᠦᠯᠣᠨ᠂ ᠪᠦᠬᠦ ᠣᠷᠣᠨ ᠳᠤ ᠪᠠᠨ ᠡᠩ ᠲᠡᠷᠢᠬᠦᠨ ᠳᠤ ᠬᠦᠷᠢᠶᠡᠯᠡᠩ ᠲᠣᠭᠤᠷᠢᠭ ᠤᠨ ︽ᠪᠠᠷᠢᠮᠵᠢᠶ᠎ᠠ ᠭᠠᠵᠠᠷ︾ + ︽ᠭᠠᠵᠠᠷ ᠬᠡᠷᠡᠭᠯᠡᠬᠦ ᠨᠠᠷᠢᠨ ᠲᠠᠩᠰᠠ︾ ᠶᠢᠨ ᠭᠠᠵᠠᠷ ᠬᠠᠩᠭᠠᠬᠤ ᠵᠠᠭᠪᠣᠷ  ᠢ ᠪᠡᠶᠡᠯᠡᠬᠦᠯᠣᠨ᠂ ᠪᠦᠬᠦ ᠬᠤᠲᠠ ᠳᠤ ᠪᠠᠨ ᠡᠩ ᠲᠡᠷᠢᠬᠦᠨ ᠳᠤ ᠦᠯᠦ ᠬᠦᠳᠡᠯᠬᠦ ᠬᠦᠷᠦᠩᠬᠡ ᠶᠢᠨ ᠲᠠᠩᠰᠠᠯᠠᠯᠲᠠ ᠶᠢᠨ ︽ᠮᠣᠵᠢ ᠠᠯᠣᠰᠯᠠᠭᠰᠠᠨ ᠨᠡᠶᠢᠲᠡᠮ ᠬᠦᠢᠴᠡᠳᠬᠡᠯ︾ ᠢ ᠪᠡᠶᠡᠯᠡᠬᠦᠯᠵᠣ᠂ ᠬᠦᠯᠢᠶᠡᠨ ᠠᠪᠣᠮᠠᠭᠴᠠ ᠬᠦᠢᠴᠡᠳᠬᠡᠬᠦ ᠶᠢᠨ ᠨᠡᠷ᠎ᠡ ᠵᠢᠭᠰᠠᠭᠠᠯᠲᠠ ᠶᠢᠨ ᠣᠯᠣᠭᠰᠠᠨ ᠬᠤᠪᠢ ᠪᠦᠬᠦ ᠬᠤᠲᠠ ᠶᠢᠨ ᠨᠢᠬᠡᠳᠤᠬᠡᠷ ᠲᠤ ᠣᠷᠣᠪᠠ︔ ᠪᠦᠬᠦ ᠣᠷᠣᠨ ᠤ ᠠᠷᠪᠠᠨ ᠲᠠᠪᠣᠳᠣᠭᠠᠷ ᠬᠤᠭᠤᠴᠠᠭᠠᠨ ᠤ ᠲᠠᠮᠢᠷ ᠤᠨ ᠴᠣᠭᠯᠠᠭᠠᠨ᠂ ᠵᠢᠷᠭᠤᠳᠣᠭᠠᠷ ᠬᠤᠭᠤᠴᠠᠭᠠᠨ ᠤ ᠵᠡᠮᠳᠡᠭᠴᠣᠳ ᠤᠨ ᠲᠠᠮᠢᠷ ᠤᠨ ᠴᠣᠭᠯᠠᠭᠠᠨ ᠤ ᠪᠠᠮᠪᠠᠷ ᠠᠰᠭᠠᠬᠤ ᠶᠣᠰᠣᠯᠠᠯ ᠳᠤ ᠴᠢᠨᠠᠷᠯᠢᠭ ᠪᠠᠲᠣᠯᠠᠭ᠎ᠠ ᠬᠠᠩᠭᠠᠵᠣ᠂ ᠪᠣᠷᠣᠪᠠᠯᠭᠠᠰᠣ  ᠶᠢᠨ ᠠᠷᠢᠭᠤᠨ ᠭᠠᠯ ᠢ ᠪᠦᠬᠦ ᠣᠷᠣᠨ ᠳᠤ ᠲᠠᠮᠵᠢᠭᠤᠯᠣᠨ᠂ ᠨᠠᠩᠰᠣ ᠪᠠᠯᠭᠠᠰᠣ ᠶᠢᠨ ᠠᠯᠠᠭᠠᠳᠠᠬᠤ ᠪᠦᠮᠪᠦᠭᠡ ᠶᠢᠨ ᠬᠠᠯᠠᠮᠰᠢᠯ ᠲᠠᠯ᠎ᠠ ᠨᠣᠲᠤᠭ ᠠᠴᠠ ᠲᠠᠯᠠᠢ ᠶᠢᠨ ᠠᠷᠠᠯ ᠬᠦᠷᠳᠡᠯ᠎ᠡ ᠬᠠᠯᠠᠮᠰᠢᠵᠣ᠂ ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ᠂ ᠫᠧᠩ ᠫᠠᠢ ᠰᠣᠨᠢᠨ ᠮᠡᠳᠡᠬᠡᠯᠡᠯ ᠵᠡᠷᠬᠡ ᠡᠯ᠎ᠡ ᠶᠡᠭᠡ ᠭᠤᠣᠯ ᠵᠠᠭᠤᠴᠢᠯᠠᠭᠤᠷ ᠢᠶᠠᠷ ᠵᠠᠢ ᠠᠪᠣᠨ ᠬᠠᠯᠠᠮᠰᠢᠯ ᠪᠣᠯᠪᠠ︔ ᠬᠠᠭᠤᠴᠢᠨ ᠰᠠᠭᠤᠭᠠᠯᠢ ᠲᠣᠭᠤᠷᠢᠭ᠂ ᠪᠠᠲᠣᠯᠠᠭ᠎ᠠ ᠶᠢᠨ ᠣᠷᠣᠨ ᠰᠠᠭᠤᠴᠠ ᠳᠤ 29 ᠴᠠᠬᠢᠯᠭᠠᠨ ᠱᠠᠲᠣ ᠨᠡᠮᠡᠵᠣ ᠣᠭᠰᠠᠷᠠᠨ᠂ ︽ᠨᠢᠬᠡ ᠲᠡᠷᠣᠪᠴᠢ ᠪᠠᠷ ᠰᠢᠭᠤᠳ ᠬᠦᠷᠬᠦ︾ ᠵᠣᠯ ᠵᠢᠷᠭᠠᠯᠲᠣ ᠠᠮᠢᠳᠣᠷᠠᠯ ︽ᠲᠣᠯᠠᠭᠠᠨ ᠬᠤᠲᠠ ᠶᠢᠨ ᠠᠩᠬᠠᠷᠣᠯ︾ ᠳᠤ ᠨᠡᠪᠲᠡᠷᠡᠬᠦᠯᠦᠭᠳᠡᠨ ᠪᠦᠬᠦ ᠬᠤᠲᠠ ᠶᠢᠨ ᠬᠢᠨ ᠤ ᠮᠠᠭᠲᠠᠭᠠᠯ ᠢ ᠣᠯᠪᠠ︔ ᠪᠦᠬᠦ ᠣᠷᠣᠨ ᠤ ︽ᠦᠨᠳᠣᠰᠣᠲᠡᠨ ᠤ ᠪᠦᠯᠬᠦᠮᠳᠡᠯ ᠲᠠᠪᠰᠢᠯᠲᠠ ᠶᠢᠨ ᠲᠠᠭᠤᠷᠢᠶᠠᠯ ᠬᠤᠰᠢᠭᠤ︾ ᠶᠢ ᠲᠠᠬᠢᠨᠲᠠ ᠠᠮᠵᠢᠯᠲᠠ ᠲᠠᠢ ᠴᠣᠭᠴᠠᠯᠠᠵᠣ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠬᠡᠬᠡᠯᠲᠡ ᠶᠢᠨ ᠣᠷᠣᠨ ᠠᠮᠢ ᠠᠬᠤᠢ ᠶᠢᠨ ᠪᠣᠯᠪᠠᠰᠣᠨ ᠤ ᠴᠣᠭᠴᠠᠯᠠᠯᠲᠠ ᠶᠢᠨ ᠲᠠᠭᠤᠷᠢᠶᠠᠯ ᠣᠷᠣᠨ ︵ᠠᠮᠢ ᠠᠬᠤᠶᠢᠴᠢ ᠠᠵᠣ ᠦᠢᠯᠡᠳᠪᠣᠷᠢ ᠶᠢᠨ ᠬᠦᠷᠢᠶᠡᠯᠡᠩ ᠲᠣᠭᠤᠷᠢᠭ︶ ᠤ ᠮᠡᠷᠬᠡᠵᠢᠯ ᠤᠨ ᠬᠢᠨᠠᠨ ᠪᠠᠶᠢᠴᠠᠭᠠᠯᠲᠠ ᠶᠢᠨ ᠰᠢᠯᠭᠠᠨ ᠬᠤᠷᠢᠶᠠᠯᠲᠠ ᠶᠢ ᠣᠷᠣᠭᠰᠢᠲᠠᠢ ᠲᠣᠭᠤᠯᠣᠨ᠂ ᠴᠢᠨᠠᠷᠯᠢᠭ ᠬᠦᠭᠵᠢᠯᠲᠡ ᠶᠢᠨ ᠰᠠᠭᠤᠷᠢ ᠣᠯᠠᠮ ᠵᠣᠵᠠᠭᠠᠳᠪᠠ᠃     ᠨᠢᠬᠡ ᠵᠢᠯ ᠤᠨ ᠲᠣᠷᠰᠢ᠂ ᠪᠢᠳᠠ ᠲᠣᠭᠲᠠᠭᠤᠨ ᠤ ᠲᠣᠮᠳᠠ ᠣᠷᠣᠭᠰᠢᠯᠠᠬᠤ᠂ ᠬᠦᠴᠢᠷᠳᠡᠯ ᠤᠨ ᠲᠣᠮᠳᠠ ᠪᠦᠲᠦᠬᠡᠬᠦ ᠶᠢ ᠪᠠᠷᠢᠮᠲᠠᠯᠠᠨ᠂ ᠲᠣᠣᠷᠠᠬᠢ ᠠᠵᠢᠯ ᠤᠳ  ᠢ ᠭᠤᠣᠯᠳᠠᠯᠭ᠎ᠠ ᠲᠠᠢ ᠰᠠᠶᠢᠲᠣᠷ ᠠᠳᠬᠤᠪᠠ᠃     ︵ᠨᠢᠬᠡ ︶ ᠠᠵᠣ ᠦᠢᠯᠡᠳᠪᠦᠷᠢᠯᠡᠯ ᠢᠶᠠᠷ ᠬᠤᠰᠢᠭᠤ ᠪᠠᠨ ᠬᠦᠴᠦᠷᠬᠡᠭᠵᠢᠬᠦᠯᠬᠦ ᠳᠤ ᠬᠦᠴᠦᠯᠡᠨ᠂ ᠬᠡᠯᠪᠡᠷᠢ ᠪᠠᠨ ᠬᠤᠪᠢᠷᠠᠭᠤᠯᠣᠨ ᠲᠡᠰ ᠲᠡᠪᠰᠢᠬᠦᠯᠬᠦ ᠳᠤ ᠰᠢᠨ᠎ᠡ ᠬᠦᠳᠡᠯᠬᠡᠬᠦ ᠬᠦᠴᠦᠨ ᠬᠤᠷᠠᠮᠳᠣᠭᠤᠯᠪᠠ᠃ ᠣᠯᠠᠮᠵᠢᠯᠠᠯᠲᠣ ᠡᠨᠧᠷᠬᠢ ᠪᠠᠷ ᠰᠠᠭᠤᠷᠢᠯᠠᠭᠤᠯᠤᠨ᠂ ᠰᠢᠨ᠎ᠡ ᠡᠨᠧᠷᠬᠢ ᠪᠠᠷ ᠲᠠᠪᠰᠢᠭᠤᠯᠬᠤ ᠶᠢ ᠪᠠᠷᠢᠮᠲᠠᠯᠠᠵᠣ᠂ ᠡᠨᠧᠷᠬᠢ ᠶᠢᠨ ᠠᠵᠣ ᠦᠢᠯᠡᠰ ᠤᠨ ᠬᠡᠯᠪᠡᠷᠢ ᠶᠢ ᠬᠤᠪᠢᠷᠠᠭᠤᠯᠣᠨ ᠲᠡᠰ ᠲᠡᠪᠰᠢᠬᠦᠯᠬᠦ ᠶᠢ ᠲᠦᠷᠬᠡᠳᠬᠡᠪᠡ᠃     ᠨᠢᠬᠡ ᠳᠤ ᠣᠯᠠᠮᠵᠢᠯᠠᠯᠲᠣ ᠡᠨᠧᠷᠬᠢ ᠶᠢᠨ ᠬᠡᠮᠵᠢᠶ᠎ᠡ ᠶᠢ ᠦᠷᠬᠡᠳᠬᠡᠨ ᠴᠢᠨᠠᠷ ᠢ ᠲᠡᠬᠡᠭᠰᠢᠯᠡᠬᠦᠯᠪᠡ᠃ ᠰᠢᠨ᠎ᠡ ᠱᠠᠩᠬᠠᠢ ᠶᠢᠨ ᠰᠦᠮ᠎ᠡ ᠨᠢᠭᠡᠳᠦᠬᠡᠷ ᠨᠣᠮᠧᠷᠲᠦ᠂ ᠴᠠᠩ ᠴᠧᠩ ᠲᠠᠪᠤᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ ᠭᠠᠷᠳᠠᠮ ᠢ ᠬᠦᠢᠴᠡᠳᠬᠡᠵᠣ᠂ ᠪᠠᠯᠠᠩ ᠤᠨ ᠨᠡᠬᠦᠷᠡᠰᠣᠨ ᠠᠭᠤᠷᠬᠠᠢ ᠶᠢᠨ ᠨᠡᠬᠦᠷᠡᠰᠣ ᠮᠠᠯᠲᠠᠬᠤ ᠦᠨᠡᠮᠯᠡᠯ ᠢ ᠣᠯᠣᠨ᠂ ᠬᠠᠶᠢᠯᠠᠰᠣᠨ ᠬᠤᠳᠳᠤᠭ ᠨᠡᠬᠦᠷᠡᠰᠣᠨ ᠠᠭᠤᠷᠬᠠᠢ ᠶᠢᠨ ᠦᠢᠯᠡᠳᠪᠣᠷᠢᠯᠡᠯ ᠤᠨ ᠴᠢᠳᠠᠮᠵᠢ ᠶᠢᠨ ᠨᠡᠮᠡᠭᠳᠡᠬᠦᠯᠣᠯᠲᠡ ᠶᠢᠨ ᠴᠣᠬᠤᠯᠠᠪᠣᠷᠢᠯᠠᠯ ᠢ ᠣᠯᠵᠣ᠂ ᠴᠠᠩ ᠴᠧᠩ ᠨᠢᠬᠡᠳᠣᠬᠡᠷ᠂ ᠬᠤᠶᠠᠳᠣᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ ᠦᠢᠯᠡᠳᠪᠣᠷᠢᠯᠡᠯ ᠢ ᠣᠷᠣᠭᠰᠢᠲᠠᠢ ᠰᠡᠷᠬᠦᠬᠡᠨ᠂ ᠨᠡᠬᠦᠷᠡᠰᠣᠨ ᠤ ᠭᠠᠷᠣᠯᠲᠠ 2200 ᠲᠦᠮᠡᠨ ᠲᠣᠨ ᠳᠤ ᠬᠦᠷᠪᠡ︔ ᠲᠦᠷᠪᠡᠨ ᠶᠡᠭᠡ ᠴᠠᠬᠢᠯᠭᠠᠨ ᠦᠢᠯᠡᠳᠪᠣᠷᠢ ᠶᠢᠨ 8 ᠰᠠᠭᠤᠷᠢ ᠵᠠᠭᠤᠨ ᠲᠦᠮᠡᠨ ᠺᠢᠯᠤᠸᠠᠲ ᠤᠨ ᠮᠠᠰᠢᠨ ᠴᠤᠭᠴᠠᠯᠠᠪᠤᠷᠢ ᠪᠦᠬᠦ ᠪᠠᠭᠳᠠᠭᠠᠮᠵᠢ ᠪᠠᠷ ᠢᠶᠠᠨ ᠲᠤᠤᠷ ᠲᠤ ᠣᠷᠣᠵᠣ ᠴᠠᠬᠢᠯᠭᠠᠨ ᠬᠦᠷᠬᠡᠨ᠂ ᠮᠠᠨ ᠤ ᠬᠤᠰᠢᠭᠤ ᠰᠢᠶᠠᠨ ᠤ ᠬᠡᠪᠴᠢᠶᠡᠨ ᠤ ᠨᠡᠬᠦᠷᠡᠰᠣᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠬᠠᠮᠤᠭ ᠶᠡᠭᠡ ᠭᠠᠵᠠᠷ ᠣᠷᠣᠨ ᠪᠣᠯᠵᠣ᠂ ᠪᠦᠬᠦ ᠵᠢᠯ ᠳᠤ ᠨᠡᠶᠢᠲᠡ 337 ᠳ᠋ᠦᠩᠰᠢᠭᠤᠷ ᠺᠢᠯᠤᠸᠠᠲ ᠴᠠᠭ ᠴᠠᠬᠢᠯᠭᠠᠨ ᠭᠠᠷᠭᠠᠨ᠂ ᠠᠳᠠᠯᠢ ᠬᠤᠭᠤᠴᠠᠭᠠᠨ ᠤ ᠬᠢ ᠠᠴᠠ 75%  ᠨᠡᠮᠡᠭᠳᠡᠪᠡ︔ ᠾᠧᠩ ᠺᠦᠨ ᠬᠢᠮᠢ ᠶᠢᠨ ᠦᠢᠯᠡᠳᠪᠣᠷᠢᠯᠡᠯ ᠤᠨ 260  ᠲᠦᠮᠡᠨ ᠲᠣᠨ ᠬᠡᠣᠷᠰᠢᠬᠦᠯᠣᠯᠲᠡ  ᠶᠢᠨ ᠠᠩᠬᠠᠳᠣᠭᠠᠷ ᠬᠤᠭᠤᠴᠠᠭᠠᠨ ᠤ ᠲᠦᠷᠦᠯ ᠵᠦᠢᠯ ᠤᠨ ᠪᠠᠷᠢᠯᠭ᠎ᠠ ᠲᠠᠭᠤᠰᠣᠮᠠᠷ ᠪᠣᠯᠪᠠ︔  ᠶᠠ ᠬᠠᠢ ᠶᠢᠨ BOG ᠡᠾᠧᠯᠢ ᠪᠤᠯᠪᠠᠰᠣᠷᠠᠭᠤᠯᠬᠤ ᠲᠦᠷᠦᠯ ᠵᠦᠢᠯ ᠲᠣᠷᠰᠢᠨ ᠦᠢᠯᠡᠳᠪᠣᠷᠢᠯᠡᠯ ᠢᠶᠠᠨ ᠡᠬᠢᠯᠡᠬᠦᠯᠣᠨ᠂ ᠺᠧ ᠰᠧ᠂ ᠲᠢᠶᠡᠨ ᠯᠢ ᠹᠧᠩ ᠵᠡᠷᠬᠡ ᠨᠢᠬᠡ ᠪᠦᠯᠦᠭ ᠲᠦᠷᠦᠯ ᠵᠦᠢᠯ ᠲᠦᠷᠬᠡᠨ ᠠᠬᠢᠵᠣ᠂ ᠰᠢᠲᠠᠮᠠᠬᠠᠢ ᠬᠡᠢ᠂ LNG ᠤᠨ ᠦᠢᠯᠡᠳᠪᠦᠷᠢᠯᠡᠯ ᠤᠨ ᠬᠡᠮᠵᠢᠶ᠎ᠡ ᠲᠤᠰ ᠲᠤᠰ 65 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ᠂ 93 ᠲᠦᠮᠡᠨ ᠲᠤᠨ ᠳᠤ ᠬᠦᠷᠦᠨ᠂ ᠲᠣᠰᠪᠣᠷᠢ 1.7% ᠪᠠ 29.2%ᠨᠡᠮᠡᠭᠳᠡᠪᠡ︔ ᠬᠡᠪᠴᠢᠶᠡᠵᠢᠯ ᠠᠴᠠ ᠲᠡᠬᠡᠭᠰᠢᠬᠢ ᠠᠵᠣ ᠦᠢᠯᠡᠳᠪᠣᠷᠢ ᠶᠢᠨ ᠠᠵᠣ ᠠᠬᠤᠶᠢᠯᠠᠯ ᠰᠢᠨ᠎ᠡ ᠪᠠᠷ 3 ᠨᠡᠮᠡᠭᠳᠡᠵᠣ᠂ ᠰᠢᠨ᠎ᠡ ᠪᠠᠷ ᠨᠡᠮᠡᠭᠳᠡᠭᠰᠡᠨ ᠦᠢᠯᠡᠳᠪᠣᠷᠢᠯᠡᠯ ᠤᠨ ᠦᠷᠳᠡᠭ 49.3 ᠳ᠋ᠦᠩᠰᠢᠭᠤᠷ ᠲᠦᠬᠦᠷᠢᠭ ᠬᠦᠷᠪᠡ︔ ᠵᠢᠱᠢᠯᠲᠠ ᠪᠠᠷ ᠬᠤᠶᠠᠳᠣᠭᠠᠷ ᠠᠵᠣ ᠦᠢᠯᠡᠰ ᠤᠨ ᠨᠡᠮᠡᠭᠳᠡᠯ ᠦᠷᠲᠡᠭ ᠢ 205 ᠳ᠋ᠦᠩᠰᠢᠭᠤᠷ ᠲᠦᠬᠦᠷᠢᠭ ᠪᠡᠶᠡᠯᠡᠬᠦᠯᠵᠣ᠂ 6% ᠪᠠᠷ ᠨᠡᠮᠡᠭᠳᠡᠪᠡ᠃      ᠬᠤᠶᠠᠷ ᠲᠤ ᠰᠢᠨ᠎ᠡ ᠪᠠᠷ ᠬᠦᠭᠵᠢᠭᠰᠡᠨ ᠠᠵᠣ ᠦᠢᠯᠡᠰ ᠤᠨ ᠬᠡᠯᠬᠢᠶᠡᠵᠢᠯ ᠢ ᠣᠷᠳᠣᠳᠬᠠᠨ ᠬᠤᠷᠳᠣᠴᠠ ᠶᠢ ᠲᠡᠬᠡᠭᠰᠢᠯᠡᠬᠦᠯᠪᠡ᠃ ︽ᠬᠤᠣᠰ ᠨᠡᠬᠦᠷᠡᠰᠤᠳᠦ᠋ᠷᠦᠭᠴᠢ︾ ᠶᠢᠨ ᠲᠣᠬᠢᠶᠠᠯ ᠢ ᠵᠠᠪᠳᠣᠨ᠂ ᠰᠢᠨ᠎ᠡ ᠡᠨᠧᠷᠬᠢ ᠶᠢᠨ ᠬᠠᠷᠢᠴᠠᠯ ᠲᠠᠢ ᠨᠡᠬᠡᠬᠡᠨ ᠠᠰᠢᠭᠯᠠᠯᠲᠠ ᠪᠣᠯᠣᠨ ᠦᠢᠯᠡᠳᠬᠦ ᠦᠢᠯᠡᠰ ᠤᠨ ᠬᠤᠭᠤᠰᠣᠨ  ᠤ ᠨᠦᠬᠦᠪᠣᠷᠢᠯᠡᠯᠲᠡ ᠶᠢ ᠶᠡᠬᠡᠪᠡᠷ ᠠᠬᠢᠭᠤᠯᠣᠨ᠂ ᠢ ᠴᠣᠸᠠᠨ ᠶᠧ  ᠨᠡᠬᠦᠷᠡᠰᠦᠳᠦ᠋ᠷᠦᠭᠴᠢᠲᠣ ᠴᠠᠬᠢᠭᠤᠷ ᠤᠨ ᠱᠠᠭᠠᠵᠠᠩ ᠲᠣᠭᠤᠰᠬ᠎ᠠ ᠶᠢᠨ ᠬᠤᠶᠠᠳᠣᠭᠠᠷ ᠬᠤᠭᠤᠴᠠᠭᠠᠨ ᠤ ᠲᠦᠷᠦᠯ ᠵᠦᠢᠯ ᠠᠰᠢᠭᠯᠠᠯᠲᠠ ᠳᠤ ᠣᠷᠣᠵᠣ᠂ ᠨᠢᠬᠡ ᠪᠦᠯᠦᠭ ᠬᠡᠯᠬᠢᠶᠡᠵᠢᠯ ᠢ ᠣᠷᠳᠣᠳᠬᠠᠨ ᠨᠦᠬᠦᠪᠣᠷᠢᠯᠡᠬᠦ᠂ ᠨᠠᠷᠢᠯᠢᠭ ᠬᠦᠨᠵᠡᠬᠡᠢ ᠡᠳ᠋ᠰᠢᠬᠦᠯᠬᠦ ᠲᠦᠷᠦᠯ ᠵᠦᠢᠯ ᠤᠨ ᠪᠠᠶᠢᠭᠤᠯᠣᠯᠲᠠ ᠶᠢ ᠲᠦᠷᠬᠡᠳᠬᠡᠪᠡ︔ ᠱᠧᠨ ᠨᠧᠩ ᠤᠨ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠲᠦᠷᠦᠯ ᠵᠦᠢᠯ ᠪᠠᠷᠢᠯᠭ᠎ᠠ ᠲᠠᠭᠤᠰᠴᠤ᠂ ᠪᠦᠬᠦ ᠣᠷᠣᠨ ᠤ ᠠᠩᠬᠠᠨ ᠤ ᠪᠦᠯᠦᠭ ᠰᠠᠯᠬᠢᠨ ᠬᠦᠴᠦ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠡᠳᠬᠦ ᠵᠢᠱᠢᠶ᠎ᠡ ᠦᠵᠡᠬᠦᠯᠬᠦ ᠲᠦᠷᠦᠯ ᠵᠦᠢᠯ ᠤᠨ ᠲᠣᠳᠣᠷ᠎ᠠ ᠡᠩ ᠲᠡᠷᠢᠬᠦᠨ ᠳᠤ ᠨᠢ ᠪᠠᠶᠢᠭᠤᠯᠣᠭᠳᠠᠨ᠂ ᠣᠯᠣᠰ ᠤᠨ ᠴᠠᠬᠢᠯᠭᠠᠨ ᠤ ᠷᠦᠨ ᠶᠠᠩ ᠤᠨ 50 ᠲᠦᠮᠡᠨ ᠺᠢᠯᠣᠸᠠᠲ ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠬᠢᠨᠠᠨ ᠵᠦᠪᠰᠢᠶᠡᠷᠡᠯ ᠣᠯᠵᠣ᠂ ᠪᠦᠬᠦ ᠬᠤᠲᠠ ᠶᠢᠨ ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠲᠣᠳᠣᠷ᠎ᠠ ᠡᠩ ᠲᠡᠷᠢᠬᠦᠨ ᠳᠤ ᠪᠠᠷᠢᠯᠭ᠎ᠠ ᠡᠬᠢᠯᠡᠨ᠂ ᠶᠡᠷᠣᠩᠬᠡᠢ ᠬᠡᠪᠴᠢᠶᠡᠵᠢᠯ 80 ᠰᠠᠶ᠎ᠠ ᠸᠠᠲ ᠤᠨ 13 ᠲᠠᠷᠬᠠᠢ ᠮᠠᠶ᠋ᠢᠭ ᠤᠨ ᠨᠠᠷᠠᠨ ᠡᠨᠧᠷᠬᠢ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠪᠦᠬᠦᠨ ᠢᠶᠠᠷ ᠪᠠᠶᠢᠭᠤᠯᠣᠭᠳᠠᠵᠣ᠂ ᠰᠢᠨ᠎ᠡ ᠡᠨᠧᠷᠬᠢ ᠶᠢᠨ ᠠᠵᠣ ᠦᠢᠯᠡᠰ ᠬᠤᠷᠳᠣᠨ ᠤ ᠵᠠᠮ ᠳᠤ ᠣᠷᠣᠪᠠ᠃                        ᠭᠤᠷᠪᠠ ᠳᠤ ᠬᠦᠷᠢᠶᠡᠯᠡᠩ ᠲᠣᠭᠤᠷᠢᠭ ᠤᠨ ᠬᠦᠭᠵᠢᠯᠲᠡ ᠶᠢᠨ ᠴᠢᠳᠠᠮᠵᠢ ᠶᠢ ᠦᠷᠬᠡᠳᠬᠡᠨ ᠪᠠᠷᠢᠮᠵᠢᠶ᠎ᠠ ᠶᠢ ᠲᠡᠬᠡᠭᠰᠢᠯᠡᠬᠦᠯᠪᠡ᠃ ᠵᠢᠱᠢᠯᠲᠡ ᠪᠠᠷ ᠬᠦᠷᠢᠶᠡᠯᠡᠩ ᠲᠣᠭᠤᠷᠢᠭ ᠤᠨ ᠠᠵᠣ ᠦᠢᠯᠡᠳᠪᠦᠷᠢ ᠶᠢᠨ ᠦᠢᠯᠡᠳᠪᠣᠷᠢᠯᠡᠯ ᠤᠨ ᠦᠷᠲᠡᠭ 28.6% ᠨᠡᠮᠡᠭᠳᠡᠨ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ 33% ᠨᠡᠮᠡᠭᠳᠡᠵᠣ᠂ ᠪᠠᠷᠢᠯᠭ᠎ᠠ ᠶᠢᠨ ᠬᠤᠭ ᠰᠢᠢᠳᠪᠣᠷᠢᠯᠡᠬᠦ ᠲᠠᠯᠠᠪᠠᠢ᠂ ᠡᠨᠧᠷᠬᠢ ᠬᠢᠮᠢ ᠶᠢᠨ ᠠᠵᠣ ᠦᠢᠯᠡᠳᠪᠣᠷᠢ ᠶᠢᠨ ᠬᠦᠷᠢᠶᠡᠯᠡᠩ ᠤᠨ ᠲᠦᠬᠦᠷᠴᠢᠯᠡᠭᠰᠡᠨ ᠲᠣᠣᠷ ᠬᠤᠭᠤᠯᠠᠢ ᠵᠡᠷᠬᠡ 14 ᠵᠦᠢᠯ ᠤᠨ ᠰᠠᠭᠤᠷᠢ ᠲᠦᠬᠦᠬᠡᠷᠤᠮᠵᠢ ᠶᠢᠨ ᠲᠦᠷᠦᠯ ᠵᠦᠢᠯ ᠤᠨ ᠪᠠᠷᠢᠯᠭ᠎ᠠ ᠶᠢ ᠲᠠᠭᠤᠰᠬᠠᠨ᠂ ᠨᠡᠬᠡᠬᠡᠯᠲᠡ ᠶᠢᠨ ᠣᠷᠣᠨ ᠤ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠬᠤᠪᠢᠶᠠᠷᠢ ᠲᠦᠪ ᠢ ᠠᠰᠢᠭᠯᠠᠯᠲᠠ ᠳᠤ ᠣᠷᠣᠭᠤᠯᠵᠣ᠂ ᠠᠵᠣ ᠠᠬᠤᠶᠢᠯᠠᠯ ᠢ ᠬᠠᠪᠰᠣᠷᠣᠨ 4092 ᠲᠡᠭᠰᠢ ᠲᠦᠷᠪᠡᠯᠵᠢᠨ ᠮᠧᠲᠷ  ᠤᠨ ᠠᠯᠪᠠᠯᠠᠬᠤ᠂ ᠬᠤᠨᠣᠭᠯᠠᠬᠤ ᠲᠠᠯᠠᠪᠣᠷ ᠢ ᠰᠢᠢᠳᠪᠣᠷᠢᠯᠡᠨ᠂ ᠷᠦᠨ ᠶᠠᠩ᠂ 4GW ᠲᠣᠮᠣ ᠰᠠᠭᠤᠷᠢᠨ ᠵᠡᠷᠬᠡ 10 ᠭᠤᠣᠯᠳᠠᠯᠭᠠᠲᠣ ᠲᠦᠷᠦᠯ ᠵᠦᠢᠯ ᠳᠤ ᠣᠷᠢᠳ ᠬᠤᠵᠢᠳ 481.6 ᠲᠦᠮᠡᠨ ᠪᠣᠰᠤᠭ᠎ᠠ ᠲᠦᠷᠪᠡᠯᠵᠢᠨ ᠮᠧᠲᠷ ᠬᠠᠲᠣᠨ ᠭᠤᠣᠯ ᠤᠨ ᠣᠰᠣᠨ ᠤ ᠵᠢᠭᠠᠯᠲᠠ ᠲᠤᠭ᠎ᠠ ᠶᠢ ᠴᠢᠷᠮᠠᠶᠢᠨ ᠣᠯᠵᠣ᠂ ᠠᠵᠣ ᠦᠢᠯᠡᠳᠪᠦᠷᠢ  ᠶᠢᠨ ᠲᠦᠷᠦᠯ ᠵᠦᠢᠯ ᠤᠨ ︽ᠭᠠᠵᠠᠷ ᠰᠢᠷᠣᠢ ᠣᠯᠪᠠᠯ ᠲᠠᠷᠣᠢ ᠳᠤ ᠨᠢ ᠪᠠᠷᠢᠯᠭ᠎ᠠ ᠡᠬᠢᠯᠡᠬᠦᠯᠬᠦ︾  ᠶᠢ ᠠᠬᠢᠭᠤᠯᠣᠨ᠂ ︽ᠨᠡᠬᠡᠬᠡᠯᠲᠡ ᠶᠢᠨ ᠣᠷᠣᠨ ᠤ ᠠᠵᠣ ᠦᠢᠯᠡᠰ  ᠤᠨ ᠬᠦᠭᠵᠢᠯᠲᠡ ᠶᠢᠨ ᠲᠦᠯᠦᠪᠵᠢᠬᠦᠯᠬᠡ︾ ᠶᠢ ᠨᠠᠶᠢᠷᠠᠭᠤᠯᠣᠨ ᠲᠠᠭᠤᠰᠬᠠᠵᠣ᠂ ᠦᠪᠡᠷᠲᠡᠭᠡᠨ ᠵᠠᠰᠠᠬᠤ ᠤᠷᠤᠨ ᠤ  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ  ᠶᠢᠨ ᠲᠢᠩᠬᠢᠮ ᠤᠨ ᠬᠢᠮᠢ ᠶᠢᠨ ᠠᠵᠣ ᠦᠢᠯᠡᠳᠪᠣᠷᠢ ᠶᠢᠨ ᠬᠦᠷᠢᠶᠡᠯᠡᠩ ᠲᠣᠭᠤᠷᠢᠭ ᠤᠨ ᠠᠮᠣᠷ ᠲᠦᠪᠰᠢᠨ ᠤ ᠲᠦᠭᠰᠢᠬᠦᠷᠢ ᠶᠢᠨ ᠦᠨᠡᠯᠡᠯᠲᠡ ᠶᠢ ᠣᠷᠣᠭᠰᠢᠲᠠᠢ ᠲᠣᠭᠤᠯᠪᠠ᠃      ︵ᠬᠤᠶᠠᠷ︶ ᠮᠠᠯ ᠲᠠᠷᠢᠶᠠᠯᠠᠩ ᠢᠶᠠᠷ ᠬᠤᠰᠢᠭᠤ ᠪᠠᠨ ᠲᠣᠭᠲᠠᠪᠣᠷᠢᠵᠢᠭᠤᠯᠬᠤ ᠳᠤ ᠬᠦᠴᠦᠯᠡᠨ᠂ ᠰᠠᠭᠤᠷᠢ ᠶᠢ ᠪᠠᠲᠣᠯᠠᠨ ᠲᠡᠷᠢᠬᠦᠨ ᠢ ᠲᠡᠮᠡᠴᠡᠬᠦ ᠲᠡᠬᠡᠷ᠎ᠡ ᠰᠢᠨ᠎ᠡ ᠦᠷ᠎ᠡ ᠪᠦᠲᠦᠬᠡᠯ ᠢᠶᠠᠨ ᠪᠠᠲᠣᠳᠬᠠᠪᠠ᠃ ᠪᠦᠬᠦ ᠬᠤᠲᠠ ᠶᠢᠨ ᠨᠢᠬᠡᠳᠣᠭᠡᠷ ᠠᠵᠣ ᠦᠢᠯᠡᠰ ᠢ ᠲᠠᠬᠢᠨ ᠱᠣᠭᠤᠬᠤ ᠱᠠᠭᠠᠷᠳᠠᠯᠭ᠎ᠠ ᠶᠢᠨ ᠲᠣᠭᠤᠷᠢᠨ ᠳᠤ ︽ᠬᠦᠳᠡᠭᠡ ᠲᠣᠰᠬᠤᠨ ᠢ ᠬᠦᠭᠵᠢᠬᠦᠯᠣᠨ ᠮᠠᠨᠳᠣᠭᠤᠯᠬᠤ ᠲᠠᠭᠤᠷᠢᠶᠠᠯ ᠣᠷᠣᠨ︾ ᠤ ᠪᠠᠶᠢᠭᠤᠯᠣᠯᠲᠠ ᠶᠢᠨ ᠬᠠᠷᠠᠯᠲᠠ ᠡᠬᠦᠷᠬᠡ ᠳᠤ ᠠᠩᠬᠠᠷᠣᠯ ᠢᠶᠠᠨ ᠲᠦᠪᠯᠡᠷᠡᠬᠦᠯᠣᠨ᠂ ᠮᠠᠯ ᠲᠠᠷᠢᠶᠠᠯᠠᠩ ᠤᠨ ᠣᠳᠣᠬᠢᠴᠢᠯᠠᠭᠰᠠᠨ ᠬᠦᠭᠵᠢᠯᠲᠡ ᠶᠢᠨ ᠠᠯᠬᠤᠴᠠ ᠶᠢ ᠪᠦᠬᠦ ᠲᠠᠯ᠎ᠠ ᠪᠠᠷ ᠲᠦᠷᠬᠡᠳᠬᠡᠪᠡ᠃     ᠨᠢᠬᠡ ᠳᠤ ᠦᠷ᠎ᠡ ᠪᠦᠲᠦᠬᠡᠯ ᠤᠨ ᠪᠠᠲᠣᠳᠬᠠᠯ ᠢ ᠲᠣᠪᠣᠶᠢᠯᠭᠠᠨ ᠠᠪᠴᠠᠯᠳᠣᠭᠤᠯᠣᠯ ᠤᠨ ᠰᠠᠭᠤᠷᠢ ᠶᠢ ᠪᠠᠲᠣ ᠡᠵᠡᠮᠳᠡᠪᠡ᠃ ︽ᠨᠠᠮ ᠳᠤ ᠪᠠᠨ ᠲᠠᠯᠠᠷᠬᠠᠨ᠂ ᠨᠠᠮ  ᠤᠨ ᠦᠬᠡ  ᠶᠢ  ᠰᠣᠨᠣᠰᠴᠤ᠂ ᠨᠠᠮ ᠢᠶᠠᠨ ᠲᠠᠭᠠᠬᠤ︾ ᠣᠯᠠᠨ ᠲᠦᠮᠡᠨ ᠤ ᠬᠦᠮᠦᠵᠢᠯ ᠦᠢᠯᠡᠳᠣᠯᠬᠡ ᠶᠢᠨ ᠠᠵᠢᠯᠯᠠᠭ᠎ᠠ ᠶᠢ ᠯᠠᠪᠳᠠᠭᠤᠨ ᠪᠠᠲᠣᠲᠠᠢ ᠦᠷᠨᠢᠬᠦᠯᠣᠨ᠂ ᠠᠶᠢᠯ ᠡᠷᠣᠬᠡ ᠳᠤ ᠬᠦᠨᠵᠡᠬᠡᠶᠢᠷᠠᠨ ᠨᠠᠷᠢᠨ ᠲᠠᠩᠰᠠ ᠶᠢ ᠨᠢ ᠲᠣᠭᠠᠴᠠᠵᠣ᠂ ᠠᠷᠠᠳ ᠢ ᠬᠠᠷᠠᠭᠠᠯᠵᠠᠬᠤ 80 ᠲᠦᠷᠦᠯ ᠤᠨ 1.84 ᠳ᠋ᠦᠩᠰᠢᠭᠤᠷ ᠲᠦᠬᠦᠷᠢᠭ ᠤᠨ ᠨᠦᠬᠦᠪᠣᠷᠢ ᠶᠢ ︽ᠨᠢᠬᠡ ᠺᠠᠷᠲ ᠢᠶᠠᠷ︾ ᠨᠠᠶᠢᠲᠠᠪᠣᠷᠢᠵᠢᠭᠤᠯᠣᠨ᠂ ᠠᠷᠠᠳ ᠢ ᠬᠠᠷᠠᠭᠠᠯᠵᠠᠬᠤ ᠲᠦᠷᠦᠯ ᠵᠦᠢᠯ ᠢ 24 ᠬᠡᠷᠡᠭᠵᠢᠬᠦᠯᠪᠡ︔ ᠬᠦᠳᠡᠭᠡ ᠲᠣᠰᠬᠤᠨ ᠤ ᠬᠦᠭᠵᠢᠯ ᠬᠦᠴᠦᠷᠬᠡᠭᠵᠢᠯ ᠲᠠᠢ ᠠᠪᠴᠠᠯᠳᠣᠭᠤᠯᠣᠭᠰᠠᠨ 52 ᠲᠦᠷᠦᠯ ᠵᠦᠢᠯ ᠢ ᠬᠡᠷᠡᠭᠵᠢᠬᠦᠯᠣᠨ᠂ 6078 ᠲᠦᠮᠡᠨ ᠲᠦᠬᠦᠷᠢᠭ ᠤᠨ ᠡᠯ᠎ᠡ ᠱᠠᠲᠣᠨ ᠤ ᠪᠡᠯᠡ ᠮᠦᠩᠬᠦ ᠶᠢ ᠨᠠᠶᠢᠳᠠᠪᠣᠷᠢᠵᠢᠭᠤᠯᠵᠣ᠂ ᠶᠠᠳᠠᠭᠤ ᠠᠴᠠ ᠠᠩᠬᠢᠵᠢᠷᠠᠭᠰᠠᠨ ᠣᠯᠠᠨ ᠲᠦᠮᠡᠨ ᠢ ᠲᠠᠶᠢᠴᠢᠯᠠᠨ ᠡᠷᠣᠬᠡ ᠲᠣᠳᠣᠮ ᠤᠨ ᠣᠷᠣᠯᠭ᠎ᠠ ᠶᠢ 5000 ᠲᠦᠬᠦᠷᠢᠭ  ᠠᠴᠠ ᠲᠡᠬᠡᠭᠰᠢ ᠨᠡᠮᠡᠭᠳᠡᠬᠦᠯᠪᠡ︔ ᠶᠠᠳᠠᠭᠤᠷᠠᠬᠤ ᠲᠠᠬᠢᠨ ᠶᠠᠳᠠᠭᠤᠷᠠᠬᠤ ᠶᠢ ᠰᠡᠷᠬᠡᠶᠢᠯᠡᠬᠦ ᠬᠦᠳᠡᠯᠣᠩᠬᠦᠢ ᠬᠢᠨᠡᠨ ᠡᠵᠡᠮᠳᠡᠯ ᠢ ᠪᠠᠶᠢᠩᠭᠤᠵᠢᠭᠤᠯᠣᠨ᠂ 934 ᠲᠦᠮᠡᠨ ᠲᠦᠬᠦᠷᠢᠭ ᠤᠨ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠳᠡᠬᠡᠮᠵᠢᠲᠣ ᠵᠢᠬᠡᠯᠡᠯᠬᠡ ᠲᠠᠯᠪᠢᠵᠣ᠂ 1353 ᠬᠦᠮᠦᠨ ᠳᠤ ᠡᠮ ᠡᠮᠨᠡᠯᠬᠡ ᠲᠣᠣᠷ᠎ᠠ ᠪᠠᠲᠣᠯᠠᠭ᠎ᠠ᠂ ᠣᠨᠴᠠ ᠬᠦᠴᠢᠷᠳᠡᠯ ᠤᠨ ᠲᠣᠰᠠᠯᠠᠮᠵᠢ ᠶᠢ ᠨᠠᠶᠢᠲᠠᠪᠣᠷᠢᠵᠢᠭᠤᠯᠣᠨ᠂ ᠶᠠᠳᠠᠭᠤ ᠠᠴᠠ ᠠᠩᠬᠢᠵᠢᠷᠠᠭᠰᠠᠨ ᠬᠢᠨᠡᠨ ᠡᠵᠡᠮᠳᠡᠯ ᠤᠨ ᠡᠷᠣᠬᠡ ᠶᠢᠨ ᠣᠷᠣᠨ ᠰᠠᠭᠤᠴᠠ ᠪᠠ ᠣᠰᠣ ᠣᠮᠳᠠ ᠶᠢᠨ ᠠᠮᠣᠷ ᠲᠦᠪᠰᠢᠨ ᠤ ᠪᠠᠲᠣᠯᠠᠭ᠎ᠠ ᠶᠢ 100% ᠳᠤ ᠬᠦᠷᠬᠡᠪᠡ︔ 1.2 ᠲᠦᠮᠡᠨ ᠲᠣᠨ ᠲᠣᠯᠠᠭᠠᠯᠠᠭ᠎ᠠ ᠶᠢᠨ ᠨᠡᠬᠦᠷᠡᠰᠣ ᠬᠤᠪᠢᠶᠠᠨ 6039 ᠡᠷᠤᠬᠡ ᠳᠤ ᠠᠰᠢᠭ ᠬᠦᠷᠲᠡᠬᠡᠵᠣ᠂ ᠠᠷᠠᠳ ᠤᠨ ᠠᠮᠢᠳᠣᠷᠠᠯ ᠤᠨ ᠪᠠᠲᠣᠯᠠᠭ᠎ᠠ ᠶᠢᠨ ᠬᠢᠵᠠᠭᠠᠷ ᠱᠣᠭᠤᠮ ᠢ ᠣᠯᠠᠮ ᠪᠠᠬᠢᠵᠢᠬᠦᠯᠪᠡ᠃     ᠬᠤᠶᠠᠷ ᠲᠤ ᠪᠦᠲᠦᠴᠡ ᠶᠢᠨ ᠲᠣᠬᠢᠷᠠᠭᠤᠯᠣᠯᠲᠠ ᠶᠢ ᠲᠣᠪᠣᠶᠢᠯᠭᠠᠨ ᠭᠠᠷᠣᠯᠲᠠ ᠶᠢ ᠲᠡᠬᠡᠭᠰᠢᠯᠡᠬᠦᠯᠣᠨ ᠣᠷᠣᠯᠭ᠎ᠠ ᠶᠢ ᠨᠡᠮᠡᠭᠳᠡᠬᠦᠯᠬᠦ ᠶᠢ ᠠᠬᠢᠭᠤᠯᠪᠠ᠃ ᠮᠠᠯ ᠲᠠᠷᠢᠶᠠᠯᠠᠩ ᠤᠨ ︽ᠠᠷᠪᠠ ᠵᠠᠭᠤ ᠮᠢᠩᠭ᠎ᠠ ᠲᠦᠮᠡ ᠳ᠋ᠦᠩᠰᠢᠭᠤᠷ︾ ᠤᠨ ᠢᠨᠵᠧᠨᠧᠷᠢᠩ ᠤᠨ ᠬᠡᠷᠡᠭᠵᠢᠬᠦᠯᠣᠯᠲᠡ ᠶᠢ ᠪᠦᠬᠦ ᠲᠠᠯ᠎ᠠ ᠪᠠᠷ ᠠᠬᠢᠭᠤᠯᠣᠨ᠂ 5000 ᠲᠦᠮᠡᠨ ᠲᠦᠬᠦᠷᠢᠭ ᠤᠨ ᠲᠦᠪ ᠤᠨ ᠬᠦᠳᠡᠭᠡ ᠲᠣᠰᠬᠤᠨ ᠤ ᠶᠡᠷᠣᠩᠬᠡᠶᠢᠯᠡᠭᠰᠡᠨ  ᠦᠬᠡᠷᠡᠴᠢᠯᠡᠯᠲᠡ ᠶᠢᠨ ᠲᠦᠷᠦᠯ ᠵᠦᠢᠯ ᠤᠨ ᠪᠡᠯᠡ ᠮᠦᠩᠬᠦ ᠪᠠ 5000 ᠲᠦᠮᠡᠨ ᠲᠦᠬᠦᠷᠢᠭ ᠤᠨ ᠬᠤᠰᠢᠭᠤ ᠳᠡᠰ ᠤᠨ ᠴᠢᠨᠠᠷᠯᠢᠭ ᠬᠦᠭᠵᠢᠯᠲᠡ ᠶᠢᠨ ᠲᠡᠮᠵᠢᠯᠬᠡ ᠶᠢᠨ ᠪᠡᠯᠡ ᠮᠦᠩᠬᠦ ᠨᠠᠶᠢᠳᠠᠪᠣᠷᠢᠵᠢᠭᠤᠯᠵᠣ᠂  85.2 ᠲᠦᠮᠡᠨ ᠮᠣ᠋ ᠲᠠᠷᠢᠮᠠᠯ ᠲᠠᠷᠢᠨ᠂ ᠠᠮᠣ ᠪᠤᠳᠠᠭᠠᠨ ᠤ ᠣᠨᠠᠯᠲᠠ 2.8  ᠳ᠋ᠦᠩᠰᠢᠭᠤᠷ ᠵᠢᠩ ᠬᠦᠷᠴᠦ᠂ ᠮᠠᠯ ᠤᠨ ᠲᠤᠭ᠎ᠠ ᠲᠤᠯᠤᠭᠠᠢ 220 ᠲᠦᠮᠡᠨ ᠪᠤᠳᠠᠭᠠᠯᠢ ᠳᠠᠪᠠᠲᠠᠯ᠎ᠠ ᠦᠰᠣᠨ᠂ ᠮᠠᠯ ᠲᠠᠷᠢᠶᠠᠯᠠᠩ ᠤᠨ ᠠᠵᠣ ᠦᠢᠯᠡᠰ ᠤᠨ ᠪᠦᠲᠦᠴᠡ ᠡᠳᠦᠷ ᠢᠷᠡᠬᠦᠶ᠎ᠡ ᠵᠦᠢ ᠵᠤᠬᠢᠰᠵᠢᠪᠠ︔ ᠬᠤᠲᠠ ᠶᠢᠨ ᠲᠡᠰ ᠤᠨ ᠣᠷᠣᠰᠢᠨ ᠰᠠᠭᠤᠷᠢᠰᠢᠵᠣ ᠠᠵᠣ ᠲᠦᠷᠦᠬᠦ ᠳᠤ ᠲᠣᠬᠢᠷᠠᠮᠵᠢᠲᠠᠢ ᠦᠵᠡᠰᠬᠦᠯᠡᠩᠲᠣ ᠰᠠᠶᠢᠬᠠᠨ ᠠᠶᠢᠯ ᠲᠣᠰᠬᠤᠨ ᠢ 10 ᠴᠣᠭᠴᠠᠯᠠᠨ᠂ ᠣᠯᠵᠠᠴᠢ ᠪᠠᠯᠭᠠᠰᠣ ᠶᠢ ᠣᠯᠣᠰ ᠤᠨ ᠬᠦᠳᠡᠭᠡ ᠲᠣᠰᠬᠤᠨ ᠤ ᠠᠵᠣ ᠦᠢᠯᠡᠰ  ᠤᠨ ᠠᠭᠤᠰᠣᠯᠴᠠᠯ ᠬᠦᠭᠵᠢᠯᠲᠡ ᠶᠢᠨ ᠲᠠᠭᠤᠷᠢᠶᠠᠯ ᠪᠠᠯᠭᠠᠰᠣ᠂ ᠨᠠᠩᠰᠣ ᠪᠠᠯᠭᠠᠰᠣ ᠶᠢ ᠣᠯᠣᠰ ᠤᠨ ᠲᠡᠰ ᠤᠨ ᠠᠵᠣ ᠦᠢᠯᠡᠰ ᠤᠨ ᠬᠦᠴᠦᠷᠬᠡᠭ ᠪᠠᠯᠭᠠᠰᠣ᠂ ᠪᠤᠷᠤᠪᠠᠯᠭᠠᠰᠣ ᠪᠠᠯᠭᠠᠰᠤ ᠶᠢ ᠦᠪᠡᠷᠲᠡᠬᠡᠨ ᠵᠠᠰᠠᠬᠤ ᠣᠷᠣᠨ ᠤ ᠲᠡᠰ ᠤᠨ ᠮᠠᠯ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠣᠯᠴᠠᠯ ᠬᠦᠭᠵᠢᠯᠲᠡ ᠶᠢᠨ ᠲᠠᠭᠤᠷᠢᠶᠠᠯ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣ ᠶᠢ ᠬᠤᠲᠠ ᠶᠢᠨ ᠲᠡᠰ ᠤᠨ ᠨᠣᠣᠯᠣᠭᠤᠷ ᠤᠨ ᠢᠮᠠᠭᠠᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠪᠤᠯᠭᠠᠨ ᠨᠡᠷᠡᠰᠢᠬᠦᠯᠵᠦ᠂ ᠦᠪᠡᠷᠲᠡᠬᠡᠨ ᠵᠠᠰᠠᠬᠤ ᠣᠷᠣᠨ ᠤ ᠲᠡᠰ ᠠᠴᠠ ᠲᠡᠬᠡᠭᠰᠢᠬᠢ ᠲᠣᠯᠣᠭᠠᠶᠢᠯᠠᠭᠴᠢ ᠠᠵᠣ ᠠᠬᠤᠶᠢᠯᠠᠯ  ᠢ 3 ᠪᠣᠶᠢᠵᠢᠭᠤᠯᠣᠨ᠂ ᠪᠦᠬᠦ ᠬᠤᠰᠢᠭᠤᠨ ᠤ 68 ᠭᠠᠴᠠᠭ᠎ᠠ ᠲᠣᠰᠬᠤᠨ ᠤ ᠬᠠᠮᠲᠣ ᠶᠢᠨ ᠠᠵᠣ ᠠᠬᠤᠢ ᠶᠢᠨ ᠴᠡᠪᠡᠷ ᠣᠷᠣᠯᠭ᠎ᠠ ᠴᠦᠮ 20 ᠲᠦᠮᠡᠨ ᠲᠦᠬᠦᠷᠢᠭ ᠠᠴᠠ ᠲᠠᠪᠠᠵᠣ᠂  ᠵᠢᠱᠢᠯᠲᠠ ᠪᠠᠷ ᠨᠢᠭᠡᠳᠦᠬᠡᠷ ᠠᠵᠤ ᠦᠢᠯᠡᠰ ᠤᠨ ᠨᠡᠮᠡᠭᠳᠡᠯ ᠦᠷᠲᠡᠭ 27 ᠳ᠋ᠦᠩᠰᠢᠭᠤᠷ ᠲᠦᠬᠦᠷᠢᠭ ᠲᠤ ᠬᠦᠷᠦᠨ᠂ 23% ᠪᠠᠷ ᠨᠡᠮᠡᠭᠳᠡᠪᠡ᠃      ᠭᠤᠷᠪᠠ ᠳᠤ ᠨᠡᠷ᠎ᠡ ᠲᠡᠮᠳᠡᠭ ᠤᠨ ᠨᠦᠯᠦᠬᠡ ᠴᠢᠳᠠᠮᠵᠢ ᠶᠢ ᠲᠣᠪᠣᠶᠢᠯᠭᠠᠨ ᠰᠢᠨᠵᠢᠯᠡᠭᠡ ᠮᠡᠷᠬᠡᠵᠢᠯ ᠤᠨ ᠲᠣᠯᠭᠠᠭᠤᠷᠢᠯᠠᠯ ᠢ ᠴᠢᠩᠭᠠᠳᠬᠠᠪᠠ᠃ ᠣᠯᠣᠰ ᠤᠨ ᠲᠣᠭᠠᠴᠠᠯᠠᠭᠰᠠᠨ ᠬᠦᠳᠡᠭᠡ ᠲᠣᠰᠬᠤᠨ ᠤ ᠲᠣᠷᠰᠢᠯᠲᠠ ᠶᠢᠨ ᠦᠷ᠎ᠡ ᠪᠦᠲᠦᠬᠡᠯ ᠢᠶᠠᠨ ᠪᠠᠲᠣᠳᠬᠠᠨ᠂ ᠴᠢᠳᠠᠪᠣᠷᠢᠲᠠᠨ ᠢᠶᠠᠷ ᠬᠦᠴᠦᠷᠬᠡᠭᠵᠢᠬᠦᠯᠬᠦ ︽ᠬᠤᠣᠰ ᠵᠠᠭᠤ︾  ᠶᠢᠨ ᠠᠵᠢᠯᠯᠠᠭ᠎ᠠ ᠶᠢ ᠬᠦᠨᠵᠡᠬᠡᠢ ᠬᠡᠷᠡᠭᠵᠢᠬᠦᠯᠵᠣ᠂ ᠬᠤᠲᠠ ᠬᠤᠰᠢᠭᠤ ᠬᠤᠶᠠᠷ ᠱᠠᠲᠣᠨ ᠤ ᠨᠣᠲᠤᠭ ᠤᠨ ᠴᠢᠳᠠᠪᠣᠷᠢᠲᠠᠨ ᠢ ᠪᠣᠯᠪᠠᠰᠣᠷᠠᠭᠤᠯᠬᠤ ᠰᠠᠭᠤᠷᠢᠨ ᠪᠣᠯᠣᠨ ᠬᠤᠰᠢᠭᠤ ᠪᠠᠯᠭᠠᠰᠣ ᠭᠠᠴᠠᠭ᠎ᠠ ᠲᠣᠰᠬᠤᠨ ᠭᠤᠷᠪᠠᠨ ᠱᠠᠲᠣᠨ ᠤ ᠨᠣᠲᠤᠭ ᠤᠨ ᠴᠢᠳᠠᠪᠣᠷᠢᠲᠠᠨ ᠤ ᠠᠵᠢᠯ ᠤᠨ ᠦᠷᠲᠡᠭᠡ ᠶᠢ ᠪᠠᠶᠢᠭᠤᠯᠣᠨ᠂ 11 ᠲᠡᠭᠡᠳᠣ ᠲᠡᠰ ᠲᠠᠪᠬᠤᠷᠭ᠎ᠠ ᠶᠢᠨ ᠰᠢᠨᠵᠢᠯᠡᠭᠡ ᠮᠡᠷᠬᠡᠵᠢᠯ ᠤᠨ ᠴᠢᠳᠠᠪᠣᠷᠢᠲᠠᠨ ᠤ ᠪᠦᠯᠬᠦᠮ ᠢ ᠣᠷᠢᠵᠣ᠂ 81 ᠨᠣᠲᠤᠭ ᠤᠨ ᠴᠢᠳᠠᠪᠣᠷᠢᠲᠠᠨ ᠢ ᠬᠦᠮᠦᠵᠢᠬᠦᠯᠣᠨ᠂ 6400 ᠭᠠᠷᠣᠢ ᠬᠦᠮᠦᠨ ᠣᠳᠠᠭᠠᠨ ᠤ ᠰᠢᠨᠵᠢᠯᠡᠭᠡ ᠮᠡᠷᠬᠡᠵᠢᠯ ᠤᠨ ᠦᠢᠯᠡᠴᠢᠯᠡᠭᠡ ᠬᠠᠩᠭᠠᠪᠠ︔ ᠣᠲᠤᠭ ᠤᠨ ᠡᠮᠣᠨᠡᠲᠣ ᠬᠤᠰᠢᠭᠤᠨ ᠤ ᠴᠡᠭᠡ᠂ ᠦᠨᠣᠷᠲᠣ ᠮᠦᠬᠦ ᠪᠣᠯᠣᠨ ᠶᠡᠭᠡ ᠲᠣᠬᠤᠢ ᠶᠢᠨ ᠵᠢᠭᠠᠰᠣ ᠪᠦᠬᠦ ᠣᠯᠣᠰ ᠤᠨ ᠨᠡᠷᠡᠲᠣ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠲᠦᠬᠡᠭᠳᠡᠬᠦᠨ ᠤ ᠨᠡᠷᠡᠰ ᠴᠠᠳᠢᠭ ᠲᠤ ᠪᠠᠭᠲᠠᠵᠣ᠂ ︽ᠣᠲᠤᠭ  ᠤᠨ ᠡᠮᠦᠨᠡᠲᠦ ᠬᠤᠰᠢᠭᠤᠨ ᠤ ᠮᠠᠯ ᠤᠨ ᠮᠢᠬ᠎ᠠ︾ ᠣᠯᠣᠰ ᠤᠨ ︽ᠬᠤᠶᠠᠳᠣᠭᠠᠷ ᠪᠦᠯᠦᠭ ᠤᠨ ᠭᠠᠵᠠᠷ ᠵᠦᠢ ᠶᠢᠨ ᠢᠯᠡᠳᠬᠡᠯ ᠳᠠᠩᠰᠠᠯᠠᠯᠲᠠ ᠶᠢᠨ ᠬᠦᠳᠡᠭᠡ ᠲᠣᠰᠬᠤᠨ ᠤ ᠬᠦᠭᠵᠢᠯ ᠬᠦᠴᠦᠷᠬᠡᠭᠵᠢᠯ ᠳᠤ ᠬᠦᠴᠦᠨ ᠨᠡᠮᠡᠷᠢᠯᠡᠭᠰᠡᠨ ᠦᠯᠢᠬᠡᠷ ᠵᠢᠱᠢᠶ᠎ᠡ︾ ᠪᠠᠷ ᠦᠨᠡᠯᠡᠭᠳᠡᠨ᠂ ᠤᠳᠤᠭ ᠤᠨ ᠡᠮᠤᠨᠡᠳᠤ ᠬᠤᠰᠢᠭᠤᠨ ᠤ ᠠᠮᠳᠠᠳᠤ ᠢᠳᠡᠬᠡᠨ ᠬᠢᠬᠡᠤᠨ ᠠᠯᠳᠠᠷᠰᠢᠯ ᠢ ᠨᠠᠩ ᠨᠦᠯᠤᠬᠡ ᠶᠡᠬᠡᠳᠠᠢ ᠪᠤᠯᠭᠠᠪᠠ᠃     ︵ᠭᠤᠷᠪᠠ︶ ᠰᠣᠶᠣᠯ ᠵᠢᠭᠤᠯᠴᠢᠯᠠᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠳᠤ ᠬᠦᠴᠦᠯᠡᠨ᠂ ᠣᠯᠠᠮᠵᠢᠯᠠᠨ ᠵᠠᠯᠭᠠᠮᠵᠢᠯᠠᠬᠤ ᠲᠡᠭᠡᠷ᠎ᠡ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ ᠬᠤᠪᠢᠰᠬᠠᠯᠳᠦ ᠰᠣᠶᠣᠯ ᠤᠨ ᠡᠬᠢ ᠪᠠᠶᠠᠯᠢᠭ ᠤᠨ ᠲᠠᠪᠠᠭᠤᠯᠢᠭ ᠲᠤ ᠰᠠᠭᠤᠷᠢᠯᠠᠨ᠂ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ᠂ ᠣᠬᠠᠭᠤᠯᠭ᠎ᠠ ᠬᠦᠮᠦᠵᠢᠯ᠂ ᠰᠣᠶᠣᠯ ᠵᠢᠭᠤᠯᠴᠢᠯᠠᠯ ᠤᠨ ᠠᠭᠤᠰᠣᠯᠴᠠᠯ ᠬᠦᠭᠵᠢᠯᠳᠡ ᠶᠢ ᠠᠬᠢᠭᠤᠯᠪᠠ᠃     ᠨᠢᠭᠡ ᠳᠤ ᠬᠤᠪᠢᠰᠬᠠᠯᠳᠦ ᠬᠦᠮᠦᠵᠢᠯ ᠤᠨ ᠴᠢᠳᠠᠪᠬᠢ ᠶᠢ ᠪᠠᠷᠢᠮᠳᠠᠯᠠᠨ᠂ ᠰᠣᠳᠣᠯᠭ᠎ᠠ ᠰᠣᠷᠣᠯᠴᠠᠯᠭ᠎ᠠ ᠶᠢᠨ ᠲᠡᠰ ᠠᠭᠤᠯᠣᠭᠳᠠᠬᠤᠨ ᠢ ᠲᠡᠭᠡᠭᠰᠢᠯᠡᠭᠦᠯᠪᠡ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭᠳᠦ ᠨᠡᠶᠢᠭᠡᠮ ᠵᠢᠷᠣᠮ ᠤᠨ ᠦᠵᠡᠯ ᠰᠠᠨᠠᠭ᠎ᠠ ᠶᠢ ᠰᠣᠷᠣᠯᠴᠠᠨ ᠣᠬᠠᠭᠤᠯᠬᠤ ᠶᠢ ᠪᠠᠷᠢᠮᠳᠠᠯᠠᠨ᠂ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠬᠢᠵᠢᠭᠦᠯᠬᠦ ᠪᠠᠷ ᠭᠤᠣᠯ ᠡᠭᠦᠷᠭᠡ ᠪᠣᠯᠭᠠᠵᠣ᠂ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ︽ᠨᠠᠮ ᠤᠨ ᠪᠠᠶᠢᠭᠤᠯᠣᠯᠳᠠ ᠶᠢᠨ ᠬᠠᠭᠤᠳᠠᠰᠦ︾᠂ ︽ᠦᠨᠳᠦᠰᠦᠳᠡᠨ ᠤ ᠬᠠᠭᠤᠳᠠᠰᠦ︾᠂ ︽ᠦᠪᠦᠷ ᠮᠣᠩᠭᠤᠯ ᠤᠨ ᠬᠠᠭᠤᠳᠠᠰᠦ︾ ᠶᠢᠨ ᠬᠦᠮᠦᠵᠢᠯ ᠪᠣᠯᠪᠠᠰᠣᠷᠠᠯ ᠢ ᠲᠣᠪᠣᠶᠢᠮ᠎ᠡ ᠠᠳᠬᠤᠨ᠂ ᠭᠤᠣᠯ ᠰᠡᠳᠦᠪᠳᠦ ᠬᠢᠴᠢᠶᠡᠯᠯᠡᠭᠡ᠂ ᠬᠠᠷᠢᠯᠴᠠᠨ ᠣᠶᠢᠯᠡᠳᠦᠯᠴᠡᠬᠦ ᠵᠢᠭᠠᠨ ᠰᠣᠷᠭᠠᠯᠳᠠ ᠶᠢᠨ 105 ᠬᠢᠴᠢᠶᠡᠯ ᠢ ᠰᠢᠨᠡᠳᠬᠡᠨ ᠨᠡᠭᠡᠭᠡᠵᠣ᠂ ᠬᠤᠰᠢᠭᠤᠨ ᠤ ᠲᠣᠳᠣᠨ᠎ᠠ ᠭᠠᠳᠠᠨᠠᠬᠢ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ᠪᠦᠯᠬᠦᠮ ᠤᠨ 270 ᠬᠤᠭᠤᠴᠠᠭ᠎ᠠ ᠶᠢᠨ 28414 ᠬᠦᠮᠦᠨ ᠢ ᠬᠦᠯᠢᠶᠡᠨ ᠠᠪᠴᠦ᠂ ᠨᠠᠮ ᠤᠨ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠣᠭᠤᠷᠢᠭ᠂ ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠬᠦᠮᠦᠵᠢᠯ ᠣᠶᠢᠯᠡᠳᠦᠯᠭᠡ ᠶᠢᠨ ᠰᠠᠭᠤᠷᠢᠨ ᠭᠠᠵᠠᠷ ᠤᠨ ᠲᠦᠷᠦᠯ ᠵᠣᠶᠢᠯ ᠢ ᠠᠰᠢᠭᠯᠠᠯᠳᠠ ᠳᠤ ᠣᠷᠣᠭᠤᠯᠣᠨ᠂ ᠰᠠᠭᠤᠷᠢ ᠲᠦᠬᠦᠭᠡᠷᠦᠮᠵᠢ᠂ ᠰᠣᠳᠣᠯᠭ᠎ᠠ ᠰᠣᠷᠣᠯᠴᠠᠯᠭ᠎ᠠ ᠶᠢᠨ ᠴᠢᠳᠠᠪᠬᠢ ᠶᠢ ᠣᠯᠠᠮ ᠲᠡᠭᠦᠯᠳᠡᠷᠵᠢᠭᠦᠯᠪᠡ᠃     ᠬᠤᠶᠠᠷ ᠲᠤ ᠬᠡᠷᠡᠭᠯᠡᠭᠡ ᠶᠢᠨ ᠠᠬᠢᠭᠤᠯᠣᠯᠳᠠ ᠶᠢ ᠪᠠᠷᠢᠮᠳᠠᠯᠠᠨ᠂ ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠪᠠᠳᠠᠷᠠᠭᠤᠯᠪᠠ᠃ 1000 ᠲᠦᠮᠡᠨ ᠲᠦᠬᠦᠷᠢᠭ ᠤᠨ ᠲᠣᠰᠬᠠᠢ ᠲᠦᠷᠦᠯ ᠤᠨ ᠪᠡᠯᠡ ᠮᠦᠩᠭᠦ ᠲᠣᠬᠢᠷᠠᠭᠤᠯᠣᠨ ᠰᠣᠶᠣᠯ ᠵᠢᠭᠤᠯᠴᠢᠯᠠᠯ ᠤᠨ ᠠᠵᠣ ᠣᠶᠢᠯᠠᠰ ᠤᠨ ᠬᠦᠭᠵᠢᠯᠳᠡ ᠶᠢ ᠠᠬᠢᠭᠤᠯᠣᠨ᠂ ᠬᠤᠪᠢᠰᠬᠠᠯᠳᠦ ᠰᠣᠶᠣᠯ ᠵᠢᠭᠤᠯᠴᠢᠯᠠᠯ ᠤᠨ ᠪᠡᠶᠠᠷ᠂ ᠬᠤᠸᠠᠷ ᠫᠣᠣᠵᠢᠩ ᠲᠠᠭᠤᠣ ᠬᠦᠭᠵᠢᠮ ᠤᠨ ᠨᠠᠶᠢᠷ᠂ ᠨᠠᠭᠠᠳᠣᠮ ᠵᠡᠷᠭᠡ ᠭᠤᠣᠯ ᠰᠡᠳᠦᠪᠳᠦ ᠠᠵᠢᠯᠯᠠᠭᠠᠨ ᠢ 21 ᠲᠠᠯᠠᠪᠣᠷ ᠡᠷᠬᠢᠯᠡᠵᠣ᠂ ︽ᠨᠣᠮᠢᠨ ᠲᠠᠩᠰᠤᠭ ᠬᠦᠳᠡᠭᠡ︾᠂ ︽ᠠᠮᠣ ᠨᠦᠳᠦᠬᠦ ᠪᠦᠵᠢᠭ︾ ᠵᠡᠷᠭᠡ ᠨᠢᠭᠡ ᠪᠦᠯᠦᠭ ᠰᠣᠶᠣᠯ ᠣᠷᠠᠯᠢᠭ ᠤᠨ ᠰᠣᠳᠣᠨ ᠪᠦᠳᠦᠭᠡᠯ ᠣᠯᠣᠰ᠂ ᠦᠪᠡᠷᠳᠡᠭᠡᠨ ᠵᠠᠰᠠᠬᠤ ᠣᠷᠣᠨ ᠤ ᠲᠡᠰ ᠤᠨ ᠱᠠᠩᠨᠠᠯ ᠢ ᠬᠦᠷᠳᠡᠨ᠂ 300 ᠲᠠᠯᠠᠪᠣᠷ ᠪᠠᠶᠠᠷ ᠲᠣᠷᠠᠰᠬᠠᠯ ᠢᠶᠠᠷ ᠪᠣᠷᠣᠯᠠᠭᠤᠯᠭ᠎ᠠ ᠶᠢ ᠠᠬᠢᠭᠤᠯᠬᠤ᠂ ᠰᠣᠶᠣᠯ ᠢᠶᠠᠷ ᠠᠷᠠᠳ ᠢ ᠬᠠᠷᠠᠭᠠᠯᠵᠠᠬᠤ ᠠᠵᠢᠯᠯᠠᠭᠠᠨ ᠢ ᠵᠣᠬᠢᠶᠠᠨ ᠪᠠᠶᠢᠭᠤᠯᠵᠣ᠂ 20 ᠭᠠᠷᠣᠢ ᠲᠦᠮᠡᠨ ᠬᠦᠮᠦᠨ ᠣᠳᠠᠭ᠎ᠠ ᠳᠤ ᠠᠰᠢᠭ ᠬᠦᠷᠳᠡᠭᠡᠵᠣ᠂ 796 ᠲᠦᠮᠡᠨ ᠬᠤᠪᠢ ︽ᠳ᠋ᠥᠸᠧ ᠳ᠋ᠥᠸᠧ ᠫᠢᠩ︾᠂ ︽i ᠡᠮᠦᠨᠡᠳᠦ ᠣᠳᠤᠭ︾ ᠤᠨ ᠬᠡᠷᠡᠭᠯᠡᠭᠡᠨ ᠤ ᠬᠤᠷᠠᠮᠳᠣᠯ ᠬᠤᠪᠢ ᠣᠯᠭᠤᠨ᠂ ᠬᠡᠷᠡᠭᠯᠡᠭᠡ ᠶᠢᠨ ᠲᠠᠶᠢᠴᠢᠯᠠᠯᠳᠠ 500 ᠲᠦᠮᠡᠨ ᠲᠦᠬᠦᠷᠢᠭ ᠢ ᠲᠠᠪᠠᠪᠠ᠃     ᠭᠤᠷᠪᠠ ᠳᠤ ᠰᠣᠶᠣᠯ ᠵᠢᠭᠤᠯᠴᠢᠯᠠᠯ ᠤᠨ ᠠᠭᠤᠰᠣᠯᠴᠠᠯ ᠢ ᠪᠠᠷᠢᠮᠳᠠᠯᠠᠨ᠂ ᠣᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠣᠨ ᠴᠢᠨᠡᠭᠡᠯᠢᠭᠵᠢᠭᠦᠯᠪᠡ᠃ ᠣᠷᠳᠣᠰ ᠤᠨ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠤᠨ ᠣᠷᠳᠣᠨ᠂ ︽ᠰᠢᠳᠣᠷᠭᠤ ᠵᠣᠷᠢᠭ︾ ᠣᠯᠣᠰ ᠢᠶᠠᠨ ᠬᠠᠶᠢᠷᠠᠯᠠᠬᠤ ᠦᠵᠡᠯ ᠤᠨ ᠬᠦᠮᠦᠵᠢᠯ  ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠣᠨ᠂ 5 ᠵᠣᠷᠪᠣᠰ ᠰᠣᠳᠣᠯᠭ᠎ᠠ ᠰᠣᠷᠣᠯᠴᠠᠯᠭ᠎ᠠ ᠵᠢᠭᠤᠯᠴᠢᠯᠠᠯ ᠤᠨ ᠰᠣᠳᠣᠨ ᠵᠠᠮ ᠱᠣᠭᠤᠮ ᠢ ᠨᠡᠭᠡᠭᠡᠵᠣ᠂ ᠠᠬᠤᠢ ᠲᠠᠯᠠᠪᠠᠢ ᠶᠢᠨ ᠵᠢᠭᠠᠨ ᠰᠣᠷᠭᠠᠯᠳᠠ ᠶᠢᠨ ᠴᠡᠭ ᠢ 46 ᠪᠠᠶᠢᠭᠤᠯᠣᠨ᠂ 140 ᠬᠤᠪᠢᠰᠬᠠᠯᠳᠦ ᠰᠣᠳᠣᠯᠭ᠎ᠠ ᠰᠣᠷᠣᠯᠴᠠᠯᠭ᠎ᠠ ᠶᠢᠨ ᠡᠷᠦᠭᠡ᠂ ᠣᠶᠢᠯᠡᠳᠦᠯᠭᠡᠵᠢᠭᠦᠯᠬᠦ ᠵᠢᠭᠠᠨ ᠰᠣᠷᠭᠠᠯᠳᠠ ᠶᠢᠨ ᠴᠡᠭ ᠢ ᠲᠡᠭᠦᠯᠳᠡᠷᠵᠢᠭᠦᠯᠵᠣ᠂ 1000 ᠭᠠᠷᠣᠢ ᠡᠷᠦᠭᠡ ᠶᠢᠨ ᠮᠠᠯᠴᠢᠨ ᠲᠠᠷᠢᠶᠠᠴᠢᠳ ᠢ ᠲᠠᠶᠢᠴᠢᠯᠠᠨ ︽ᠵᠢᠭᠤᠯᠴᠢᠯᠠᠯ ᠤᠨ ᠠᠰᠢᠭ︾ ᠢ ᠬᠦᠷᠳᠡᠭᠡᠨ᠂ ︽ᠰᠣᠳᠣᠯᠭ᠎ᠠ ᠰᠣᠷᠣᠯᠴᠠᠯᠭ᠎ᠠ + ᠰᠡᠯᠡᠬᠦᠴᠡᠯ ᠵᠢᠭᠤᠯᠴᠢᠯᠠᠯ + ᠡᠷᠡᠭᠦᠯᠵᠢᠯ ᠰᠣᠪᠢᠯᠠᠯᠳᠠ + ᠠᠷᠠᠯᠵᠢᠶ᠎ᠡ ᠬᠤᠳᠠᠯᠳᠤᠭ᠎ᠠ︾ ᠶᠢᠨ ᠬᠤᠯᠪᠣᠰᠦ ᠠᠵᠣ ᠣᠶᠢᠯᠠᠰ ᠤᠨ ᠬᠡᠯᠬᠢᠶ᠎ᠡ ᠶᠢ ᠠᠩᠬ᠎ᠠ ᠬᠡᠪᠴᠢᠶᠡᠵᠢᠭᠦᠯᠵᠣ᠂ ᠬᠢᠵᠢᠭ ᠤᠨ ᠪᠠᠶᠢᠳᠠᠯ ᠤᠨ ᠨᠦᠯᠦᠭᠡᠯᠡᠯ ᠠᠴᠠ ᠭᠠᠷᠴᠦ᠂ ᠪᠦᠬᠦ ᠵᠢᠯ 140 ᠲᠦᠮᠡᠨ ᠵᠢᠭᠤᠯᠴᠢᠯᠠᠭᠰᠠᠳ ᠢ ᠬᠦᠯᠢᠶᠡᠨ ᠠᠪᠴᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 23.8 ᠳ᠋ᠦᠩᠰᠢᠭᠤᠷ ᠲᠦᠬᠦᠷᠢᠭ ᠪᠡᠶᠡᠯᠡᠭᠦᠯᠪᠡ᠃     ︵ᠲᠦᠷᠪᠡ︶ ᠠᠮᠢ ᠠᠬᠤᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠳᠤ ᠬᠦᠴᠦᠯᠡᠨ᠂ ᠪᠣᠬᠢᠷᠳᠣᠯ ᠦᠭᠡᠢ ᠬᠦᠭᠵᠢᠯᠳᠡ ᠲᠣᠮᠳᠠ ᠰᠢᠨ᠎ᠡ ᠲᠦᠷᠢ ᠲᠦᠷᠬᠦ ᠪᠠᠨ ᠢᠯᠡᠷᠡᠭᠦᠯᠪᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠪᠠᠷ ᠣᠳᠣᠷᠢᠳᠣᠮᠵᠢ ᠪᠣᠯᠭᠠᠭᠰᠠᠨ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢ ᠪᠦᠬᠦ ᠬᠦᠴᠦᠨ ᠢᠶᠠᠷ ᠨᠡᠭᠡᠭᠡᠪᠡ᠃     ᠨᠢᠭᠡ ᠳᠤ ᠪᠣᠬᠢᠷᠳᠣᠯ ᠤᠨ ᠰᠡᠷᠭᠡᠶᠢᠯᠡᠨ ᠵᠠᠰᠠᠯᠳᠠ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ︽ᠣᠯᠣᠰ ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ  ᠶᠢᠨ ᠵᠢᠱᠢᠶ᠎ᠡ ᠦᠵᠡᠭᠦᠯᠬᠦ ᠬᠤᠰᠢᠭᠤ ᠶᠢᠨ ᠴᠣᠭᠴᠠᠯᠠᠯᠳᠠ ᠶᠢᠨ ᠲᠦᠯᠦᠪᠵᠢᠭᠦᠯᠭᠡ ︵2022 — 2030 ᠣᠨ︶︾ ᠶᠢ ᠲᠠᠷᠬᠠᠭᠠᠨ ᠬᠡᠷᠡᠭᠵᠢᠭᠦᠯᠵᠣ᠂ ᠪᠦᠬᠦ ᠬᠤᠰᠢᠭᠤᠨ ᠤ ᠠᠭᠠᠷ ᠤᠨ ᠴᠡᠪᠡᠷᠴᠡ ᠰᠢᠯᠢᠳᠡᠭ ᠰᠠᠶᠢᠨ ᠠᠴᠠ ᠲᠡᠭᠡᠭᠰᠢᠬᠢ ᠡᠳᠦᠷ ᠤᠨ ᠲᠤᠭ᠎ᠠ ᠶᠢᠨ ᠬᠠᠷᠢᠴᠠᠯ ᠦᠷᠭᠦᠯᠵᠢᠯᠡᠨ ᠪᠦᠬᠦ ᠬᠤᠳᠠ ᠶᠢᠨ ᠡᠮᠦᠨ᠎ᠡ ᠡᠩᠨᠡᠭᠡᠨ  ᠳᠤ ᠣᠷᠣᠨ᠂ ᠡᠯ᠎ᠡ ᠪᠠᠯᠭᠠᠰᠣᠨ ᠤ ᠲᠦᠪᠯᠡᠷᠡᠩᠬᠦᠢ ᠬᠡᠯᠪᠡᠷᠢ ᠶᠢᠨ ᠣᠣᠭᠤᠬᠤ ᠣᠰᠣᠨ ᠤ ᠡᠬᠢ ᠰᠣᠷᠪᠣᠯᠵᠢ ᠶᠢᠨ ᠣᠰᠣᠨ ᠤ ᠴᠢᠨᠠᠷ ᠤᠨ ᠬᠡᠮᠵᠢᠯᠳᠡ 100% ᠪᠠᠷ ᠪᠠᠷᠢᠮᠵᠢᠶ᠎ᠠ ᠳᠤ ᠬᠦᠷᠴᠦ᠂ ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠳᠠ ᠶᠢᠨ ᠶᠡᠷᠦᠩᠬᠡᠶᠢᠯᠡᠭᠰᠡᠨ ᠰᠢᠯᠭᠠᠨ ᠦᠨᠡᠯᠡᠯᠳᠡ ᠳᠤ ᠪᠦᠬᠦ ᠬᠤᠳᠠ ᠳᠤ ᠪᠠᠨ ᠲᠡᠷᠢᠭᠦᠯᠡᠪᠡ︔ ᠲᠡᠭᠡᠳᠦ ᠱᠠᠳᠣᠨ ᠤ 1.13 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠶᠢ  ᠨᠠᠶᠢᠳᠠᠪᠤᠷᠢᠵᠢᠭᠤᠯᠤᠨ᠂ ᠪᠦᠬᠦ ᠣᠷᠣᠨ ᠤ ᠠᠩᠬᠠᠳᠠᠭᠴᠢ ᠣᠮᠠᠷᠠᠳᠦ  ᠶᠢᠨ ᠡᠪᠣᠯ ᠤᠨ ᠣᠯᠠᠷᠢᠯ ᠤᠨ ᠴᠡᠪᠡᠷ ᠲᠣᠯᠠᠭᠠᠯᠠᠭ᠎ᠠ ᠶᠢᠨ ᠦᠭᠡᠷᠡᠴᠢᠯᠡᠯᠳᠡ ᠶᠢᠨ ᠪᠦᠬᠦ ᠪᠦᠷᠬᠦᠴᠡᠳᠦ ᠬᠤᠰᠢᠭᠤ ᠰᠢᠶᠠᠨ ᠪᠤᠯᠪᠠ᠃     ᠬᠤᠶᠠᠷ ᠲᠤ ᠠᠮᠢ ᠠᠬᠤᠢ ᠶᠢᠨ ᠵᠠᠰᠠᠯᠳᠠ ᠶᠢ ᠪᠦᠳᠦᠮᠵᠢᠳᠡᠢ ᠠᠬᠢᠭᠤᠯᠪᠠ᠃ ᠠᠭᠤᠯᠠ ᠣᠰᠣ ᠣᠢ ᠲᠠᠷᠢᠶ᠎ᠠ ᠨᠠᠭᠤᠷ ᠪᠡᠯᠴᠢᠭᠡᠷ ᠡᠯᠡᠰᠦᠨ ᠤ ᠰᠢᠰᠲ᠋ᠧᠮᠳᠠᠢ ᠵᠠᠰᠠᠯᠳᠠ ᠶᠢ ᠨᠢᠭᠡᠳᠦᠯᠳᠡᠢ ᠲᠦᠯᠦᠪᠵᠢᠭᠦᠯᠦᠨ᠂ ᠣᠢ ᠶᠢᠨ ᠲᠠᠷᠣᠭᠠᠴᠢ ᠶᠢᠨ ᠲᠦᠷᠢᠮ᠂ ᠨᠠᠭᠤᠷ ᠪᠦᠷᠢᠳᠦ ᠶᠢᠨ ᠲᠠᠷᠣᠭᠠᠴᠢ ᠶᠢᠨ ᠲᠦᠷᠢᠮ ᠪᠣᠯᠣᠨ ᠨᠣᠳᠤᠭ ᠪᠡᠯᠴᠢᠭᠡᠷ ᠮᠠᠯ ᠤᠨ ᠲᠤᠭ᠎ᠠ ᠶᠢ ᠲᠡᠩᠴᠡᠭᠦᠷᠢᠰᠢᠭᠦᠯᠬᠦ᠂ ᠪᠡᠯᠴᠢᠭᠡᠷᠯᠡᠭᠦᠯᠬᠦ ᠶᠢ ᠬᠤᠷᠢᠭᠯᠠᠨ ᠰᠡᠯᠬᠦᠨ ᠮᠠᠯᠵᠢᠬᠤ᠂ ᠤᠷᠤᠨ ᠬᠤᠪᠢᠶᠠᠨ ᠡᠬᠡᠯᠵᠢᠯᠡᠨ ᠮᠠᠯᠵᠢᠬᠤ ᠲᠦᠷᠢᠮ ᠢ ᠴᠢᠩᠭ᠎ᠠ ᠬᠡᠷᠡᠭᠵᠢᠭᠦᠯᠵᠣ᠂ ᠮᠣᠣᠠᠣᠰᠣ ᠶᠢᠨ ᠡᠯᠡᠰᠦᠷᠬᠡᠭ ᠭᠠᠵᠠᠷ ᠤᠨ ᠰᠢᠪᠳᠣᠯᠣᠯᠳᠠ ᠶᠢᠨ ᠲᠠᠶᠢᠨ᠂ ︽ᠭᠤᠷᠪᠠᠨ ᠣᠮᠠᠷᠠᠳᠦ︾ ᠶᠢᠨ ᠢᠨᠵᠧᠨᠧᠷᠢᠩ ᠤᠨ ᠰᠢᠪᠳᠣᠯᠣᠯᠳᠠ ᠶᠢᠨ ᠲᠠᠶᠢᠨ ᠢ ᠯᠠᠪᠳᠠᠭᠤᠨ ᠪᠠᠳᠣᠳᠠᠢ ᠠᠬᠢᠭᠤᠯᠣᠨ᠂ 74.9 ᠲᠦᠮᠡᠨ ᠮᠣ᠋ ᠨᠣᠳᠤᠭ ᠪᠡᠯᠴᠢᠭᠡᠷ ᠤᠨ ᠠᠮᠢ ᠠᠬᠤᠢ ᠶᠢᠨ ᠪᠠᠶᠢᠭᠤᠯᠣᠯᠳᠠ ᠶᠢ ᠪᠡᠶᠡᠯᠡᠭᠦᠯᠵᠣ᠂ 40 ᠲᠡᠭᠰᠢ ᠲᠦᠷᠪᠡᠯᠵᠢᠨ ᠺᠢᠯᠣᠮᠧᠲᠷ ᠤᠨ ᠬᠦᠷᠦᠰᠦ ᠰᠢᠷᠣᠢ ᠶᠢᠨ ᠬᠠᠮᠠᠭᠠᠯᠠᠯᠳᠠ ᠶᠢᠨ ᠶᠡᠷᠦᠩᠬᠡᠶᠢᠯᠡᠭᠰᠡᠨ ᠵᠠᠰᠠᠯᠳᠠ ᠶᠢ ᠬᠡᠷᠡᠭᠵᠢᠭᠦᠯᠦᠨ᠂ 14.7 ᠲᠦᠮᠡᠨ ᠮᠣ᠋ ᠬᠠᠷᠭᠠᠨ᠎ᠠ ᠰᠢᠨ᠎ᠡ ᠪᠠᠷ ᠲᠠᠷᠢᠵᠣ᠂ ᠣᠢ ᠰᠢᠭᠤᠢ᠂ ᠡᠪᠡᠰᠦ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ ᠲᠣᠰ ᠪᠦᠷᠢ 24%᠂ 42% ᠳᠤ ᠬᠦᠷᠭᠡᠪᠡ᠃     ᠭᠤᠷᠪᠠ ᠳᠤ ᠪᠣᠬᠢᠷᠳᠣᠯ ᠦᠭᠡᠢ ᠬᠦᠭᠵᠢᠯᠳᠡ ᠶᠢᠨ ᠦᠷ᠎ᠡ ᠪᠦᠳᠦᠮᠵᠢ ᠢᠯᠡᠳᠳᠡ ᠪᠣᠯᠪᠠ᠃ ᠬᠠᠳᠠᠭᠠᠯᠠᠵᠣ᠂ ᠪᠠᠶᠢᠭᠤᠯᠵᠣ ᠪᠦᠬᠦᠢ ᠲᠦᠷᠦᠯ ᠵᠣᠶᠢᠯ ᠤᠨ ᠡᠨᠧᠷᠬᠢ ᠶᠢᠨ ᠬᠡᠷᠡᠭᠯᠡᠭᠡᠨ ᠤ ᠬᠢᠷᠢ ᠲᠦᠪᠰᠢᠨ ᠴᠦᠮ ᠣᠯᠣᠰ ᠤᠨ ᠪᠠᠷᠢᠮᠵᠢᠶᠡᠨ ᠤ ᠲᠦᠪᠰᠢᠨ ᠳᠤ ᠬᠦᠷᠪᠡ︔ ᠴᠠᠩ ᠴᠧᠩ ᠭᠤᠷᠪᠠᠳᠣᠭᠠᠷ ᠨᠣᠮᠧᠷᠳᠦ ᠠᠭᠤᠷᠬᠠᠢ  ᠶᠢᠨ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠣᠯᠳᠠ ᠨᠢᠭᠡᠨᠳᠡ ᠬᠤᠳᠠ ᠶᠢᠨ ᠲᠡᠰ ᠤᠨ ᠰᠢᠯᠭᠠᠨ ᠪᠠᠶᠢᠴᠠᠭᠠᠯᠳᠠ ᠶᠢ ᠲᠣᠭᠤᠯᠪᠠ︔ ᠠᠮᠢ ᠠᠬᠤᠢ ᠬᠡᠪᠡᠷᠡᠭ ᠣᠷᠣᠨ ᠤ ᠣᠰᠣ ᠬᠠᠩᠭᠠᠬᠤ ᠪᠠᠳᠣᠯᠠᠭ᠎ᠠ ᠶᠢᠨ ᠢᠨᠵᠧᠨᠧᠷᠢᠩ ᠢ ᠪᠡᠶᠡᠯᠡᠭᠦᠯᠣᠨ᠂ 1333 ᠡᠷᠦᠭᠡ ᠶᠢᠨ 4095 ᠬᠦᠮᠣᠨ ᠵᠢᠴᠢ 3.2 ᠲᠦᠮᠡᠨ ᠲᠣᠯᠣᠭᠠᠢ ᠮᠠᠯ ᠤᠨ ᠣᠰᠣ ᠣᠮᠳᠠ ᠶᠢᠨ ᠬᠦᠴᠢᠷᠳᠡᠯ ᠢ ᠪᠦᠳᠦᠮᠵᠢᠳᠡᠢ ᠰᠢᠢᠳᠪᠦᠷᠢᠯᠡᠪᠡ︔ ︽ᠨᠠᠷᠢᠨ ᠲᠠᠩᠰᠠ ᠶᠢᠨ ᠲᠦᠷᠢᠮ︾᠂ ︽ᠬᠤᠷᠠᠮᠳᠣᠯ ᠬᠤᠪᠢ ᠶᠢᠨ ᠲᠦᠷᠢᠮ︾ ᠤᠨ ᠬᠦᠳᠡᠭᠡ ᠲᠣᠰᠬᠤᠨ ᠤ ᠵᠠᠰᠠᠯᠳᠠ ᠶᠢᠨ ᠰᠢᠨ᠎ᠡ ᠵᠠᠭᠪᠣᠷ ᠤᠨ ᠲᠦᠭᠡᠮᠡᠯᠵᠢᠯᠡᠯᠳᠡ ᠶᠢᠨ ᠭᠠᠴᠠᠭ᠎ᠠ ᠲᠣᠰᠬᠤᠨ ᠤ ᠪᠦᠬᠦ ᠪᠦᠷᠬᠦᠴᠡ ᠶᠢ ᠪᠡᠶᠡᠯᠡᠭᠦᠯᠣᠨ᠂ ᠦᠨᠳᠦᠷ ᠪᠦᠳᠦᠮᠵᠢᠳᠦ ᠣᠰᠣ ᠠᠷᠪᠢᠯᠠᠬᠤ ᠣᠰᠣᠯᠠᠯᠳᠠ ᠶᠢᠨ ᠲᠠᠯᠠᠪᠠᠢ 77.6 ᠲᠦᠮᠡᠨ ᠮᠣ᠋ ᠶᠢ ᠲᠠᠪᠠᠵᠣ᠂ ᠰᠦᠯᠢᠶᠣᠣ ᠪᠦᠷᠬᠦᠪᠴᠢ ᠶᠢ ᠪᠣᠴᠠᠭᠠᠨ ᠬᠤᠷᠢᠶᠠᠭᠰᠠᠨ ᠨᠣᠷᠮ᠎ᠠ᠂ ᠡᠰᠢ ᠰᠦᠷᠡᠯ ᠤᠨ ᠶᠡᠷᠦᠩᠬᠡᠶᠢᠯᠡᠭᠰᠡᠨ ᠠᠰᠢᠭᠯᠠᠯᠳᠠ ᠶᠢᠨ ᠨᠣᠷᠮ᠎ᠠ 90% ᠳᠤ ᠬᠦᠷᠴᠦ᠂ ᠮᠠᠯ ᠵᠢᠭᠦᠷᠳᠡᠨ ᠤ ᠢᠯᠭᠠᠳᠠᠰᠦ ᠶᠢᠨ ᠶᠡᠷᠦᠩᠬᠡᠶᠢᠯᠡᠭᠰᠡᠨ ᠠᠰᠢᠭᠯᠠᠯᠳᠠ ᠶᠢᠨ ᠨᠣᠷᠮ᠎ᠠ 92.2% ᠲᠤ ᠬᠦᠷᠪᠡ᠃     ︵ᠲᠠᠪᠤ︶ ᠠᠷᠠᠳ ᠤᠨ ᠬᠠᠷᠠᠭᠠᠯᠵᠠᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠳᠤ ᠬᠦᠴᠦᠯᠡᠨ᠂ ᠲᠡᠩᠴᠡᠭᠦᠷᠢᠳᠦ ᠨᠡᠶᠢᠳᠡᠮ ᠬᠠᠷᠠᠭᠠᠯᠵᠠᠯ ᠲᠣᠮᠳᠠ ᠰᠢᠨ᠎ᠡ ᠠᠰᠢᠭ ᠵᠢᠷᠭᠠᠯ ᠢ ᠨᠡᠮᠡᠭᠳᠡᠭᠦᠯᠪᠡ᠃ ᠠᠷᠠᠳ ᠢᠶᠠᠷ ᠭᠤᠣᠯ ᠪᠣᠯᠭᠠᠬᠤ ᠬᠦᠭᠵᠢᠯᠳᠡ ᠶᠢᠨ ᠦᠵᠡᠯᠳᠡ ᠶᠢ ᠢᠮᠠᠭᠳᠠ ᠪᠠᠷᠢᠮᠳᠠᠯᠠᠨ᠂ ᠠᠷᠠᠳ ᠲᠦᠮᠡᠨ ᠤ ᠬᠦᠷᠳᠡᠮᠵᠢ᠂ ᠬᠠᠨᠣᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠪᠡ᠃     ᠨᠢᠭᠡ ᠳᠤ ᠨᠡᠶᠢᠳᠡ ᠶᠢᠨ ᠣᠶᠢᠯᠡᠴᠢᠯᠡᠭᠡᠨ ᠤ ᠶᠠᠰᠦ ᠴᠢᠨᠠᠷ ᠢ ᠲᠡᠭᠡᠭᠰᠢᠯᠡᠭᠦᠯᠦᠨ ᠲᠡᠰ ᠲᠡᠪᠰᠢᠭᠦᠯᠪᠡ᠃  ᠪᠡᠭᠡᠵᠢᠩ᠂ ᠢᠷᠭᠠᠢ ᠵᠡᠷᠭᠡ ᠭᠠᠵᠠᠷ ᠤᠨ ᠭᠤᠷᠪᠠᠳᠣᠭᠠᠷ ᠵᠡᠷᠭᠡ ᠶᠢᠨ ᠬᠦᠭᠡ ᠲᠡᠰ ᠤᠨ 13 ᠡᠮᠨᠡᠯᠭᠡ ᠶᠢᠨ ᠬᠤᠷᠢᠶ᠎ᠠ ᠲᠠᠢ ᠣᠷᠳᠦ ᠬᠤᠭᠤᠴᠠᠭᠠᠨ ᠤ ᠲᠣᠭᠳᠠᠪᠦᠷᠢᠳᠡᠢ ᠡᠮᠴᠢᠯᠡᠭᠡᠨ ᠤ ᠬᠠᠮᠳᠣᠷᠠᠯᠴᠠᠭ᠎ᠠ ᠶᠢ ᠪᠠᠶᠢᠭᠤᠯᠣᠨ᠂ 53 ᠨᠡᠷᠡᠳᠦ ᠲᠣᠰᠬᠠᠢ ᠮᠡᠷᠭᠡᠵᠢᠯᠳᠡᠨ ᠢ ᠣᠷᠢᠵᠣ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠬᠤᠶᠠᠳᠣᠭᠠᠷ ᠵᠡᠷᠭᠡ ᠶᠢᠨ ᠬᠦᠭᠡ ᠲᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠪᠠ︔  ᠰᠣᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠳᠤ ᠨᠡᠶᠢᠳᠡ 2.79 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠣᠨ᠂ ᠬᠤᠰᠢᠭᠤ ᠲᠡᠭᠡᠳᠦ ᠵᠡᠷᠭᠡ ᠶᠢᠨ ᠲᠣᠮᠳᠠᠳᠦ ᠰᠣᠷᠭᠠᠭᠤᠯᠢ᠂ ᠨᠢᠭᠡᠳᠦᠭᠡᠷ ᠲᠣᠮᠳᠠᠳᠦ ᠰᠣᠷᠭᠠᠭᠤᠯᠢ᠂ ᠪᠣᠷᠣᠪᠠᠯᠭᠠᠰᠣ ᠪᠠᠭ᠎ᠠ ᠰᠣᠷᠭᠠᠭᠤᠯᠢ᠂ ᠱᠠᠩᠬᠠᠢ ᠶᠢᠨ ᠰᠦᠮ᠎ᠡ ᠰᠣᠷᠭᠠᠭᠤᠯᠢ ᠵᠡᠷᠭᠡ 6 ᠰᠣᠷᠭᠠᠭᠤᠯᠢ ᠶᠢᠨ ᠰᠢᠨ᠎ᠡ ᠪᠠᠷ ᠪᠠᠶᠢᠭᠤᠯᠬᠤ ᠰᠡᠯᠪᠢᠨ ᠵᠠᠰᠠᠬᠤ ᠦᠭᠡᠷᠡᠴᠢᠯᠡᠯᠳᠡ ᠶᠢᠨ ᠢᠨᠵᠧᠨᠧᠷᠢᠩ ᠢ ᠪᠡᠶᠡᠯᠡᠭᠦᠯᠵᠣ᠂ 218 ᠨᠠᠷ᠎ᠠ ᠰᠢᠯᠢᠳᠡᠭ ᠪᠠᠭᠰᠢ᠂ ᠭᠤᠣᠯᠯᠠᠭᠴᠢ ᠡᠮᠴᠢᠯᠡᠭᠡᠨ ᠤ ᠴᠢᠳᠠᠪᠦᠷᠢᠳᠡᠨ ᠣᠷᠢᠨ ᠡᠯᠰᠡᠵᠣ᠂ ᠴᠢᠳᠠᠪᠤᠷᠢᠳᠠᠨ ᠡᠯᠰᠡᠬᠦ ︽ᠬᠤᠣᠰ ᠵᠠᠭᠤ ᠶᠢᠨ ᠢᠨᠵᠧᠨᠧᠷᠢᠩ︾  ᠢ ᠴᠢᠨᠠᠷᠯᠢᠭ ᠠᠬᠢᠭᠤᠯᠪᠠ︔ 2714 ᠲᠦᠮᠡᠨ ᠲᠦᠬᠦᠷᠢᠭ ᠤᠨ ᠠᠵᠢᠯ ᠤᠨ ᠪᠦᠳᠦᠮᠵᠢ ᠶᠢᠨ ᠴᠠᠯᠢᠩ ᠪᠣᠯᠣᠨ ᠡᠯ᠎ᠡ ᠲᠦᠷᠦᠯ ᠤᠨ ᠨᠦᠬᠦᠪᠦᠷᠢ ᠶᠢ ᠲᠤᠭ᠎ᠠ ᠶᠣᠰᠣᠭᠠᠷ ᠣᠯᠭᠤᠵᠣ᠂ ᠰᠣᠷᠭᠠᠨ ᠬᠦᠮᠦᠵᠢᠯ ᠤᠨ ᠠᠵᠢᠯᠳᠡᠳ ᠤᠨ ᠣᠷᠮ᠎ᠠ ᠵᠣᠷᠢᠭ ᠢ ᠬᠦᠭᠵᠢᠭᠡᠨ᠂ ᠰᠣᠷᠭᠠᠨ ᠬᠦᠮᠦᠵᠢᠯ ᠤᠨ ᠴᠢᠨᠠᠷᠯᠢᠭ ᠳᠡᠩᠴᠡᠬᠦᠷᠢᠰᠢᠯᠳᠠᠢ ᠬᠢᠷᠢ ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠪᠡ︔ ᠨᠠᠰᠣᠵᠢᠯ ᠤᠨ ᠪᠠᠶᠢᠭᠤᠯᠣᠮᠵᠢ ᠡᠮᠴᠢᠯᠡᠭᠡ ᠰᠣᠪᠢᠯᠠᠯᠳᠠ ᠶᠢᠨ ᠣᠶᠠᠯᠳᠣᠯ᠂ ᠬᠠᠣᠯᠢ ᠳᠤ ᠲᠣᠭᠳᠠᠭᠠᠭᠰᠠᠨ ᠣᠯᠠᠨ ᠲᠦᠮᠡᠨ ᠤ ᠡᠮᠨᠡᠯᠭᠡ ᠶᠢᠨ ᠲᠠᠭᠠᠳᠬᠠᠯ ᠤᠨ ᠪᠦᠬᠦ ᠪᠦᠷᠬᠦᠴᠡ ᠶᠢ ᠪᠡᠶᠡᠯᠡᠭᠦᠯᠵᠣ᠂ ᠣᠯᠵᠠᠴᠢ ᠪᠠᠯᠭᠠᠰᠣᠨ ᠤ ᠪᠠᠶᠠᠨ ᠨᠡᠶᠢᠭᠡᠮ ᠲᠣᠭᠤᠷᠢᠭ ︽2023 ᠣᠨ ᠤ ᠪᠦᠬᠦ ᠣᠯᠣᠰ ᠤᠨ ᠲᠠᠭᠤᠷᠢᠶᠠᠯ ᠴᠢᠨᠠᠷᠳᠠᠢ ᠨᠦᠬᠦᠷᠰᠡᠭ ᠨᠡᠶᠢᠭᠡᠮ ᠲᠣᠭᠤᠷᠢᠭ︾ ᠢᠶᠠᠷ ᠦᠨᠡᠯᠡᠭᠳᠡᠪᠡ᠃     ᠬᠤᠶᠠᠷ ᠲᠤ ᠰᠠᠭᠤᠷᠢ ᠲᠦᠬᠦᠭᠡᠷᠦᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠪᠦᠬᠦ ᠬᠤᠳᠠ ᠶᠢᠨ ᠬᠤᠳᠠ ᠶᠢᠨ ᠨᠠᠷᠢᠯᠢᠭᠵᠢᠭᠤᠯᠣᠭᠰᠠᠨ ᠬᠠᠮᠢᠶᠠᠷᠣᠯᠳᠠ ᠶᠢᠨ ᠠᠬᠤᠢ ᠶᠢᠨ ᠲᠠᠯᠠᠪᠡᠢ ᠶᠢᠨ ᠬᠤᠷᠠᠯ ᠢ ᠠᠮᠵᠢᠯᠳᠠ ᠲᠠᠢ ᠬᠤᠷᠠᠯᠳᠣᠭᠤᠯᠣᠨ᠂ ᠨᠢᠭᠡ ᠪᠦᠯᠦᠭ ᠬᠠᠭᠤᠴᠢᠨ ᠰᠠᠭᠤᠭᠠᠯᠢ ᠲᠣᠭᠤᠷᠢᠭ᠂ ᠪᠢᠴᠢᠯ ᠴᠡᠴᠡᠷᠯᠢᠭ ᠢ ᠦᠭᠡᠷᠡᠴᠢᠯᠡᠨ ᠪᠠᠶᠢᠭᠤᠯᠵᠣ᠂ ᠭᠠᠵᠠᠷ ᠲᠣᠣᠷᠠᠬᠢ ᠲᠣᠣᠷ ᠬᠤᠭᠤᠯᠠᠢ ᠶᠢᠨ ᠶᠡᠷᠦᠩᠬᠡᠶᠢᠯᠡᠭᠰᠡᠨ ᠲᠣᠰᠬᠠᠢ ᠲᠦᠷᠦᠯ ᠤᠨ ᠲᠦᠯᠦᠪᠵᠢᠭᠦᠯᠭᠡ ᠶᠢ ᠲᠣᠭᠤᠷᠪᠢᠵᠣ᠂ ᠪᠣᠷᠣᠭᠠᠨ ᠤ ᠪᠣᠬᠢᠷ ᠣᠰᠣ ᠶᠢ ᠰᠠᠯᠭᠠᠬᠤ᠂ ᠴᠡᠪᠡᠷᠰᠢᠭᠦᠯᠦᠭᠰᠡᠨ ᠣᠰᠣ ᠶᠢ ᠲᠠᠬᠢᠨ ᠠᠰᠢᠭᠯᠠᠬᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠲᠠᠭᠤᠰᠬᠠᠨ᠂ ᠣᠳᠣ ᠦᠶ᠎ᠡ ᠶᠢᠨ ᠶᠡᠷᠦᠩᠬᠡᠶᠢᠯᠡᠭᠰᠡᠨ ᠣᠶᠢᠯᠡᠴᠢᠯᠡᠭᠡᠨ ᠤ ᠪᠣᠳᠠᠰ ᠤᠨ ᠭᠦᠢᠯᠭᠡᠭᠡᠨ ᠤ ᠬᠦᠷᠢᠶᠡᠯᠡᠩ᠂ ᠦᠯᠡᠳᠡᠭᠳᠡᠯ ᠣᠰᠣ ᠶᠢᠨ ᠨᠠᠮᠤᠭ ᠭᠠᠵᠠᠷ ᠤᠨ ᠴᠡᠪᠡᠷᠰᠢᠭᠦᠯᠦᠯᠳᠡ᠂ ᠬᠠᠷᠴᠠᠭᠠᠢ ᠬᠦᠯᠦᠭ ᠰᠢᠨ᠎ᠠ ᠰᠤᠷᠭᠤᠭ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠭᠡᠭᠦᠷ᠂ ᠲᠣᠰᠬᠠᠢ ᠮᠡᠷᠭᠡᠵᠢᠯᠳᠡᠨ ᠤ ᠪᠠᠶᠢᠷᠢ ᠶᠢᠨ ᠠᠰᠠᠷ ᠤᠨ ᠪᠠᠷᠢᠯᠭ᠎ᠠ ᠶᠢ ᠡᠬᠢᠯᠡᠭᠦᠯᠪᠠ︔ ︽ᠣᠳᠤᠭ ᠤᠨ ᠡᠮᠦᠨᠡᠳᠦ ᠬᠤᠰᠢᠭᠤᠨ ᠤ ᠭᠡᠢ ᠬᠠᠩᠭᠠᠯᠭ᠎ᠠ︾᠂ ︽ᠨᠡᠭᠦᠷᠡᠰᠣᠨ ᠲᠣᠯᠠᠭᠠᠯᠠᠭ᠎ᠠ ᠶᠢ ᠴᠠᠬᠢᠯᠭᠠᠨ ᠲᠣᠯᠠᠭᠠᠯᠠᠭ᠎ᠠ ᠪᠣᠯᠭᠠᠬᠤ ᠦᠭᠡᠷᠡᠴᠢᠯᠡᠯᠳᠡ︾ ᠶᠢ ᠪᠦᠬᠦ ᠲᠠᠯ᠎ᠠ ᠪᠠᠷ ᠠᠬᠢᠭᠤᠯᠣᠨ᠂ ᠲᠦᠪᠯᠡᠷᠡᠩᠬᠦᠢ ᠢᠯᠴᠢ ᠬᠠᠩᠭᠠᠯᠭ᠎ᠠ ᠶᠢᠨ ᠲᠦᠭᠡᠮᠡᠯᠵᠢᠭᠦᠯᠦᠯᠳᠡ ᠶᠢᠨ ᠨᠣᠷᠮ᠎ᠠ᠂ ᠪᠣᠬᠢᠷᠳᠣᠯ ᠦᠭᠡᠢ ᠢᠯᠴᠢ ᠬᠠᠩᠭᠠᠯᠭ᠎ᠠ ᠶᠢᠨ ᠨᠣᠷᠮ᠎ᠠ ᠶᠢ ᠲᠣᠰᠪᠦᠷᠢ 95%᠂ 98% ᠳᠤ ᠬᠦᠷᠭᠡᠪᠡ︔ ᠬᠤᠳᠠ ᠪᠠᠯᠭᠠᠰᠤᠨ ᠳᠠᠬᠢ 3 ᠵᠣᠷᠪᠣᠰ ︽ᠲᠠᠰᠣᠷᠬᠠᠢ ᠵᠠᠮ︾ ᠢ ᠨᠡᠪᠳᠡᠷᠡᠭᠦᠯᠦᠨ᠂ ᠣᠯᠠᠭᠠᠨ ᠰᠢᠨ᠎ᠡ ᠲᠣᠭᠤᠷᠢᠭ ᠠᠴᠠ ᠠᠵᠣ ᠣᠶᠢᠯᠠᠳᠪᠦᠷᠢ ᠶᠢᠨ ᠬᠦᠷᠢᠶᠡᠯᠡᠩ ᠲᠣᠭᠤᠷᠢᠭ ᠬᠦᠷᠬᠦ ᠵᠠᠰᠠᠮᠠᠯ ᠵᠠᠮ ᠠᠰᠢᠭᠯᠠᠯᠳᠠ ᠳᠤ ᠣᠷᠣᠵᠣ᠂ ᠨᠠᠩᠰᠦ ᠠᠴᠠ ᠪᠣᠷᠣᠪᠠᠯᠭᠠᠰᠣ ᠬᠦᠷᠬᠦ ᠬᠤᠪᠢᠰᠬᠠᠯᠳᠦ ᠵᠢᠭᠤᠯᠴᠢᠯᠠᠯ ᠤᠨ ᠵᠠᠰᠠᠮᠠᠯ ᠵᠠᠮ ᠪᠦᠬᠦ ᠣᠯᠣᠰ ᠤᠨ ︽ᠡᠭᠦᠳᠡᠨ ᠡᠮᠦᠨᠡᠬᠢ ᠵᠠᠮ — ᠰᠡᠳᠬᠢᠯ ᠪᠠᠶᠠᠰᠬᠠᠭᠰᠠᠨ ᠵᠠᠮ︾ ᠢᠶᠠᠷ ᠦᠨᠡᠯᠡᠭᠳᠡᠨ᠂ ᠪᠣᠷᠣᠪᠠᠯᠭᠠᠰᠣ ᠠᠴᠠ ᠲᠠᠬᠢᠯᠳᠦ ᠬᠦᠷᠬᠦ ᠵᠠᠰᠠᠮᠠᠯ ᠵᠠᠮ ᠤᠨ 955 ᠲᠠᠯᠳᠠ ᠭᠡᠮ ᠤᠨ ᠴᠡᠭᠴᠡᠯᠡᠯᠳᠡ ᠶᠢ ᠪᠡᠶᠡᠯᠡᠭᠦᠯᠪᠡ︔ ᠨᠠᠶᠢᠳᠠᠮ ᠬᠡᠷᠡᠭᠯᠡᠬᠡᠨ ᠤ ᠨᠢᠰᠬᠡᠯ ᠤᠨ ᠪᠠᠭᠤᠳᠠᠯ ᠪᠦᠬᠦ ᠣᠷᠣᠨ ᠤ ᠠᠩᠬᠠᠳᠠᠭᠴᠢ 3C ᠲᠡᠰ ᠤᠨ ᠨᠢᠰᠭᠡᠯ ᠤᠨ ᠪᠠᠭᠤᠳᠠᠯ ᠪᠤᠯᠪᠠ︔ ᠣᠯᠵᠠᠴᠢ ᠠᠴᠠ ᠱᠠᠩᠬᠠᠢ ᠶᠢᠨ ᠰᠦᠮ᠎ᠡ ᠬᠦᠷᠬᠦ ᠲᠠᠮᠣᠷ ᠵᠠᠮ ᠤᠨ ᠪᠠᠷᠢᠯᠭ᠎ᠠ ᠡᠬᠢᠯᠡᠨ᠂ ᠴᠠᠩ ᠴᠧᠩ ᠴᠠᠬᠢᠯᠭᠠᠨ ᠣᠶᠢᠯᠠᠳᠪᠦᠷᠢ ᠶᠢᠨ ᠨᠡᠭᠦᠷᠡᠰᠦ ᠲᠡᠭᠡᠭᠡᠪᠦᠷᠢᠯᠡᠭᠦ ᠲᠣᠰᠬᠠᠢ ᠱᠣᠭᠤᠮ᠂ ᠪᠠᠷᠠᠭᠤᠨ ᠬᠡᠰᠡᠭ ᠤᠨ ᠲᠡᠮᠣᠷ ᠵᠠᠮ ᠤᠨ ᠲᠣᠰᠬᠠᠢ ᠱᠣᠭᠤᠮ᠂ ᠣᠷᠳᠣᠰ ᠤᠨ ᠪᠠᠷᠠᠭᠤᠨ ᠪᠡᠶ᠎ᠡ ᠶᠢᠨ ᠡᠨᠧᠷᠬᠢ ᠶᠢᠨ ᠺᠣᠮᠫᠠᠨᠢ ᠶᠢᠨ ᠲᠡᠮᠣᠷ ᠵᠠᠮ ᠤᠨ ᠲᠣᠰᠬᠠᠢ ᠱᠣᠭᠤᠮ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠴᠣᠭᠴᠠᠵᠢᠭᠰᠠᠨ ᠵᠠᠮ ᠬᠠᠷᠢᠯᠴᠠᠭᠠᠨ ᠤ ᠲᠣᠣᠷᠵᠢᠯ ᠢ ᠶᠠᠭ ᠲᠡᠭᠦᠯᠳᠡᠷᠵᠢᠭᠦᠯᠵᠣ ᠪᠣᠢ᠃    ᠭᠤᠷᠪᠠ ᠳᠤ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠣᠭᠳᠠᠭᠤᠨ ᠢ ᠪᠠᠳᠣᠯᠠᠪᠠ᠃ ᠠᠵᠢᠯ ᠣᠯᠭᠤᠯᠳᠠ ᠶᠢᠨ ᠠᠷᠭ᠎ᠠ ᠵᠠᠮ ᠢ ᠦᠷᠭᠦᠯᠵᠢᠯᠡᠨ ᠦᠷᠭᠡᠳᠬᠡᠵᠣ᠂ ᠬᠤᠳᠠ ᠪᠠᠯᠭᠠᠰᠣᠨ ᠤ 1282 ᠬᠦᠮᠦᠨ ᠳᠤ ᠰᠢᠨ᠎ᠡ ᠪᠠᠷ ᠠᠵᠢᠯ ᠣᠯᠭᠤᠪᠠ︔ ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠪᠠᠬᠢᠵᠢᠭᠦᠯᠬᠦ ᠳᠤ ᠪᠦᠬᠦ ᠠᠷᠠᠳ ᠢᠶᠠᠷ ᠢᠶᠠᠨ ᠬᠦᠳᠡᠯᠦᠯᠴᠡᠪᠡ︔ ᠨᠤᠴᠢᠳᠠᠢ ᠠᠳᠡᠯ ᠤᠨ ᠲᠠᠯᠳᠠ ᠭᠡᠮ ᠤᠨ ᠲᠣᠰᠬᠠᠢ ᠲᠦᠷᠦᠯ ᠤᠨ ᠪᠠᠶᠢᠴᠠᠭᠠᠯᠳᠠ ᠶᠢᠨ 2023 ᠣᠨ ᠤ ᠴᠡᠭᠴᠡᠯᠡᠯᠳᠡ ᠶᠢᠨ ᠠᠵᠢᠯᠯᠠᠭᠠᠨ ᠢ ᠭᠦᠨᠵᠡᠭᠡᠢ ᠨᠠᠶᠢᠳᠠᠪᠦᠷᠢᠵᠢᠭᠤᠯᠵᠣ᠂ ᠨᠡᠭᠦᠷᠡᠰᠣᠨ ᠠᠭᠤᠷᠬᠠᠢ᠂ ᠰᠢᠳᠠᠮᠠᠬᠠᠢ ᠬᠡᠢ᠂ ᠭᠠᠯ ᠢ ᠰᠡᠷᠭᠡᠶᠢᠯᠡᠭᠦ ᠵᠡᠷᠭᠡ ᠬᠦᠷᠢᠶ᠎ᠡ ᠴᠠᠷᠠᠭᠠᠨ ᠤ ᠲᠣᠰᠬᠠᠢ ᠲᠦᠷᠦᠯ ᠤᠨ ᠴᠡᠭᠴᠡᠯᠡᠯᠳᠡ ᠶᠢ ᠦᠷᠭᠦᠯᠵᠢᠭᠦᠶᠢᠴᠡ ᠦᠷᠨᠢᠭᠦᠯᠵᠣ᠂ ᠠᠳᠡᠯ ᠤᠨ ᠲᠤᠭ᠎ᠠ ᠪᠣᠯᠣᠨ ᠠᠳᠡᠭᠰᠡᠨ ᠬᠦᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 75% ᠪᠠᠷ ᠪᠠᠭᠤᠷᠠᠪᠠ︔ ᠰᠢᠷ᠎ᠠ ᠵᠠᠳᠠᠭᠠᠢ ᠲᠣᠰᠬᠤᠨ ᠤ ︽135 + ᠬᠠᠨᠳᠤᠯᠭᠠᠳᠤ ᠵᠠᠢ ᠲᠠᠯᠪᠢᠬᠤ︾ ᠠᠵᠢᠯ ᠤᠨ ᠠᠷᠭ᠎ᠠ ᠪᠦᠬᠦ ᠣᠯᠣᠰ ᠤᠨ ᠬᠦᠳᠡᠭᠡ ᠲᠣᠰᠬᠤᠨ ᠤ ᠵᠠᠰᠠᠯᠳᠠ ᠶᠢᠨ ᠨᠡᠶᠢᠳᠡᠯᠢᠭ ᠵᠢᠱᠢᠶ᠎ᠡ ᠪᠠᠷ ᠰᠣᠩᠭᠤᠭᠳᠠᠪᠠ︔ ᠠᠮᠣᠷ ᠠᠮᠣᠭᠤᠯᠠᠩ ᠡᠮᠦᠨᠡᠳᠦ ᠣᠳᠤᠭ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠣᠯᠳᠠ ᠰᠢᠨ᠎ᠡ ᠪᠦᠳᠦᠮᠵᠢ ᠣᠯᠵᠣ᠂ ᠵᠠᠯᠭᠠᠭ᠎ᠠ ᠪᠠᠷ ᠬᠤᠶᠠᠷ ᠬᠤᠭᠤᠴᠠᠭ᠎ᠠ ︽ᠠᠮᠣᠷ ᠠᠮᠣᠭᠤᠯᠠᠩ ᠦᠪᠦᠷ ᠮᠣᠩᠭᠤᠯ ᠤᠨ ᠴᠣᠭᠴᠠᠯᠠᠯᠳᠠ ᠶᠢᠨ ᠲᠠᠭᠤᠷᠢᠶᠠᠯ ᠬᠤᠰᠢᠭᠤ︾ ᠪᠠᠷ ᠦᠨᠡᠯᠡᠭᠳᠡᠨ᠂ ᠣᠯᠠᠨ ᠲᠦᠮᠡᠨ ᠤ ᠠᠮᠣᠷ ᠲᠦᠪᠰᠢᠨ ᠤ ᠲᠦᠷᠦᠭᠳᠡᠯ ᠪᠣᠯᠣᠨ ᠬᠠᠨᠣᠮᠵᠢ ᠶᠢᠨ ᠬᠡᠮᠵᠢᠶ᠎ᠡ 95%  ᠠᠴᠠ ᠲᠡᠭᠡᠭᠰᠢ ᠪᠣᠯᠪᠠ᠃     ᠡᠭᠦᠨ ᠠᠴᠠ ᠭᠠᠳᠠᠨ᠎ᠠ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠴᠡᠷᠢᠭ ᠠᠴᠠ ᠬᠠᠯᠠᠭᠳᠠᠭᠰᠠᠳ᠂ ᠢᠳᠡᠭᠡᠨ ᠡᠮ ᠤᠨ ᠵᠣᠶᠢᠯᠠᠰ ᠤᠨ ᠠᠮᠣᠷ ᠲᠦᠪᠰᠢᠨ᠂ ᠲᠤᠭ᠎ᠠ ᠪᠦᠷᠢᠳᠬᠡᠯ ᠲᠠᠩᠰᠠ ᠡᠪᠬᠡᠮᠡᠯ᠂ ᠴᠠᠭ ᠠᠭᠤᠷ ᠭᠠᠮᠰᠢᠭ ᠢ ᠪᠠᠭᠠᠰᠬᠠᠬᠤ᠂ ᠠᠵᠢᠯᠴᠢᠨ ᠤ ᠡᠪᠯᠡᠯ ᠵᠠᠯᠠᠭᠤᠴᠣᠳ ᠤᠨ ᠡᠪᠯᠡᠯ ᠡᠮᠡᠭᠳᠠᠶᠢᠴᠣᠳ ᠤᠨ ᠬᠤᠯᠪᠣᠭ᠎ᠠ᠂ ᠦᠨᠳᠦᠰᠦᠳᠡᠨ ᠱᠠᠰᠢᠨ ᠰᠣᠷᠳᠠᠬᠤᠨ᠂ ᠨᠠᠰᠣᠳᠠᠶᠢᠴᠣᠳ ᠤᠨ ᠠᠵᠢᠯ ᠣᠶᠢᠯᠠᠰ ᠵᠡᠷᠭᠡ ᠡᠯ᠎ᠡ ᠲᠦᠷᠦᠯ ᠤᠨ ᠠᠵᠢᠯ ᠴᠦᠮ ᠰᠢᠨ᠎ᠡ ᠠᠬᠢᠴᠠ ᠲᠠᠢ ᠪᠣᠯᠪᠠ᠃     ᠲᠦᠯᠤᠬᠡᠯᠡᠭᠴᠢᠤᠨ ᠡ︕ ᠦᠩᠬᠡᠷᠡᠭᠰᠡᠨ ᠨᠢᠬᠡ ᠵᠢᠯ ᠳᠤ ᠳᠡᠯᠡᠬᠡᠢ ᠶᠢᠨ ᠪᠠᠶᠢᠳᠠᠯ ᠤᠶᠢᠮᠡᠬᠡᠨ ᠳᠡᠪᠵᠢᠶᠠᠨ ᠲᠠᠢ᠂ ᠪᠠᠴᠢᠮ ᠶᠠᠪᠤᠳᠠᠯ ᠪᠡᠷᠬᠡ ᠶᠠᠪᠤᠳᠠᠯ ᠪᠠᠶᠢᠨ ᠳᠠᠬᠢᠨ ᠡᠬᠦᠰᠴᠤ᠂ ᠬᠦᠴᠢᠷᠳᠠᠯ᠂ ᠦᠷᠢᠰᠤᠯᠳᠤᠬᠡᠨ ᠲᠦᠰᠤᠬᠡᠯᠡᠭᠰᠡᠨ ᠠᠴᠠ ᠠᠷᠪᠢᠨ᠂ ᠬᠡᠪᠡᠴᠤ ᠪᠦᠬᠦ ᠬᠤᠰᠢᠭᠤ ᠪᠠᠷ ᠢᠶᠠᠨ ᠰᠡᠤᠨᠬᠢᠯ ᠨᠢᠬᠡᠳᠤᠨ ᠬᠦᠴᠤ ᠪᠠᠨ ᠬᠠᠮᠳᠤᠤᠨᠬᠠᠵᠤ ᠡᠷᠡᠮᠡᠬᠡᠶᠢᠯᠡᠨ ᠤᠷᠤᠭᠰᠢᠯᠠᠭᠰᠡᠨ ᠠᠴᠠ ᠠᠵᠤ ᠠᠬᠤᠢ ᠨᠠᠶᠢᠬᠡᠮ ᠤᠨ ᠬᠦᠭᠵᠢᠯᠳᠠ ᠯᠤᠳᠤ ᠪᠦᠳᠤᠮᠵᠢ ᠤᠯᠪᠠ᠃ ᠬᠠᠮᠤᠭ ᠤᠨ ᠦᠨᠳᠤᠰᠤᠨ ᠶᠠᠪᠤᠳᠠᠯ ᠪᠤᠯ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ ᠲᠦᠪ ᠬᠤᠷᠢᠶ᠎ᠠ ᠶᠢᠨ ᠵᠠᠮᠴᠢᠯᠠᠯ ᠪᠠ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠤᠯᠤᠨ᠎ᠠ︔  ᠤᠷᠮᠠᠰᠢᠭᠤᠯᠤᠮ᠎ᠠ ᠶᠠᠪᠤᠳᠠᠯ ᠪᠤᠯ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠦᠪᠤᠷ ᠮᠤᠩᠭᠤᠯ ᠤᠨ ᠴᠢᠨᠠᠷᠯᠢᠭ ᠬᠦᠭᠵᠢᠯᠳᠠ ᠶᠢ ᠠᠬᠢᠭᠤᠯᠬᠤ ︽ᠰᠠᠨᠠᠯ︾᠂ ᠦᠪᠡᠷᠳᠡᠬᠡᠨ ᠵᠠᠰᠠᠬᠤ ᠤᠷᠤᠨ ᠤ ︽ᠬᠡᠤᠷᠰᠢᠬᠦᠯᠬᠦ ᠤᠶᠢᠯᠡᠰ ᠤᠨ ᠴᠢᠨᠠᠷᠯᠢᠭ ᠬᠦᠭᠵᠢᠯᠳᠠ ᠶᠢ ᠠᠬᠢᠭᠤᠯᠬᠤ ᠲᠦᠷᠤ ᠶᠢᠨ ᠪᠤᠳᠤᠯᠭ᠎ᠠ ᠠᠷᠭ᠎ᠠ ᠠᠪᠴᠠᠯ︾ ᠨᠢ ᠪᠢᠳᠠᠨ ᠤ ᠠᠵᠤ ᠤᠶᠢᠯᠡᠰ ᠤᠨ ᠬᠡᠯᠪᠡᠷᠢ  ᠪᠠᠨ ᠬᠤᠪᠢᠷᠠᠭᠠᠬᠤ ᠳᠤ ᠴᠢᠬᠤᠯᠠ ᠳᠤᠬᠢᠶᠠᠯ ᠬᠠᠩᠭᠠᠪᠠ︕ ᠵᠤᠷᠢᠭᠵᠢᠭᠤᠯᠤᠮ᠎ᠠ ᠶᠠᠪᠤᠳᠠᠯ ᠪᠤᠯ ᠳᠡᠷᠢᠬᠦᠯᠡᠭᠴᠢ ᠸᠠᠩ ᠯᠢ ᠰᠢᠶᠠ ᠮᠠᠨ ᠤ ᠬᠤᠰᠢᠭᠤᠨ ᠳᠤ ᠬᠦᠨᠵᠡᠬᠡᠶᠢᠷᠡᠨ᠂ ᠭᠤᠤᠯ ᠰᠡᠳᠤᠪᠳᠤ ᠬᠦᠮᠤᠵᠢᠯ ᠤᠨ ᠠᠵᠢᠯ ᠢ ᠰᠢᠰᠲ᠋ᠧᠮ ᠲᠠᠢ ᠵᠢᠯᠤᠭᠤᠤᠨᠴᠤ᠂ ᠮᠠᠨ ᠤ ᠬᠤᠰᠢᠭᠤᠨ ᠤ ᠡᠨᠧᠷᠬᠢ ᠶᠢᠨ ᠠᠵᠤ ᠠᠬᠤᠢ᠂ ᠪᠤᠬᠢᠷᠳᠤᠯ ᠦᠬᠡᠢ ᠮᠠᠯ ᠳᠠᠷᠢᠶᠠᠯᠠᠩ ᠤᠨ ᠪᠦᠳᠤᠬᠡᠭᠳᠡᠬᠦᠨ ᠤ ᠨᠡᠬᠡᠬᠡᠯᠳᠠ᠂ ᠠᠮᠢ ᠠᠬᠤᠢ ᠶᠢᠨ ᠵᠠᠰᠠᠯᠳᠠ᠂ ᠬᠤᠪᠢᠰᠬᠠᠯᠳᠤ ᠵᠢᠭᠤᠯᠴᠢᠯᠠᠯ᠂ ᠠᠷᠠᠤᠨ ᠤᠨ ᠠᠮᠢᠳᠤᠷᠠᠯ ᠤᠨ ᠪᠠᠳᠤᠯᠠᠭ᠎ᠠ ᠵᠡᠷᠬᠡ ᠠᠵᠢᠯ ᠢ ᠰᠠᠶᠢᠳᠤᠷ ᠬᠢᠬᠦ ᠳᠤ ᠳᠤᠳᠤᠷᠬᠠᠢ ᠠᠵᠢᠯ ᠤᠨ ᠵᠢᠷᠤᠮᠯᠠᠯ ᠳᠤᠷᠠᠤᠨᠪᠠ᠃ ᠵᠤᠷᠢᠭ ᠬᠦᠪᠴᠢᠯᠡᠮ᠎ᠡ ᠶᠠᠪᠤᠳᠠᠯ ᠪᠤᠯ ᠨᠡᠬᠦᠷᠡᠰᠤ ᠵᠡᠷᠬᠡ ᠭᠤᠤᠯ ᠠᠵᠤ ᠤᠶᠢᠯᠡᠤᠨᠪᠤᠷᠢ ᠶᠢᠨ ᠪᠦᠳᠤᠬᠡᠭᠳᠡᠬᠦᠨ ᠤ ︽ᠳᠤᠭ᠎ᠠ ᠬᠡᠮᠵᠢᠶ᠎ᠡ ᠪᠠ ᠦᠨ᠎ᠡ ᠬᠠᠩᠰᠢ ᠵᠡᠷᠬᠡ ᠪᠠᠷ ᠪᠠᠭᠤᠷᠠᠬᠤ︾ ᠪᠤᠳᠠᠳᠤ ᠬᠦᠴᠢᠷᠳᠠᠯ ᠤᠨ ᠡᠮᠤᠨ᠎ᠡ᠂ ᠪᠢᠳᠠ ᠬᠦᠴᠢᠷ ᠢ ᠢᠯᠠᠨ ᠳᠠᠯᠳᠠ ᠬᠦᠴᠤᠨ ᠢ ᠠᠭᠤᠳᠠᠯᠵᠤ᠂ ᠠᠵᠤ ᠤᠶᠢᠯᠡᠤᠨᠪᠤᠷᠢ ᠶᠢᠨ ᠨᠡᠮᠡᠯᠳᠠ ᠦᠷᠳᠡᠭ ᠦᠷᠬᠦᠯᠵᠢᠯᠡᠨ ᠭᠤᠷᠪᠠᠨ ᠤᠯᠠᠷᠢᠯ ᠳᠠᠷᠠᠭᠠᠯᠠᠨ ᠪᠠᠭᠠᠰᠴᠤ ᠪᠠᠶᠢᠭᠰᠡᠨ ᠢ ᠵᠢᠯ ᠤᠨ ᠰᠡᠬᠦᠯᠴᠢ ᠳᠤ ︽ᠰᠦᠬᠡᠷᠬᠦ ᠠᠴᠠ ᠡᠶᠡᠷᠬᠦ ᠪᠤᠯᠭᠠᠵᠤ ᠬᠤᠪᠢᠷᠠᠭᠤᠯᠪᠠ︾᠂ ᠪᠢᠳᠠ ᠠᠷᠠᠤᠨ ᠤᠨ ᠠᠮᠢᠳᠤᠷᠠᠯ ᠤᠨ ᠠᠷᠪᠠᠨ ᠶᠡᠭᠡ ᠪᠤᠳᠠᠳᠤ ᠶᠠᠪᠤᠳᠠᠯ ᠢ ᠳᠤᠭᠳᠠᠭᠰᠡᠨ ᠬᠤᠭᠤᠴᠠᠭᠠᠨ ᠳᠤ ᠪᠠᠶᠠᠯᠡᠬᠦᠯᠤᠨ᠂ ᠠᠷᠠᠤᠨ ᠤᠨ ᠲᠦᠯᠤᠬᠡᠯᠡᠭᠴᠢᠤᠨ ᠤᠨ ᠰᠠᠨᠠᠭᠤᠯᠭ᠎ᠠ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠤᠨ  ᠤᠨ ᠳᠤᠷᠠᠳᠤᠯᠭ᠎ᠠ ᠶᠢ 174  ᠬᠦᠢᠴᠡᠤᠨᠬᠡᠵᠤ᠂ ᠬᠦᠢᠴᠡᠤᠨᠬᠡᠯ ᠤᠨ ᠨᠤᠷᠮ᠎ᠠ 100% ᠳᠤ ᠬᠦᠷᠪᠡ᠃     ᠡᠳᠡᠬᠡᠷ ᠠᠮᠵᠢᠯᠳᠠ ᠪᠦᠳᠤᠮᠵᠢ ᠪᠤᠯ ᠰᠢ ᠶᠢᠨ ᠫᠢᠩ ᠨᠦᠬᠦᠷ ᠢᠶᠠᠷ ᠲᠦᠪᠯᠡᠬᠦᠯᠦᠭᠰᠡᠨ ᠨᠠᠮ ᠤᠨ ᠲᠦᠪ ᠬᠤᠷᠢᠶ᠎ᠠ ᠶᠢᠨ ᠬᠦᠴᠤᠳᠤ ᠤᠳᠤᠷᠢᠳᠤᠯᠭ᠎ᠠ ᠶᠢᠨ ᠦᠷ᠎ᠠ ᠳ᠋ᠦᠩ ᠮᠦᠨ᠂ ᠳᠡᠬᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ  ᠤ ᠬᠠᠶᠢᠷ᠎ᠠ ᠬᠠᠯᠠᠮᠵᠢᠯᠠᠯ ᠪᠠ ᠨᠠᠷᠢᠯᠢᠭ ᠵᠢᠯᠤᠭᠤᠳᠤᠯᠭ᠎ᠠ ᠶᠢᠨ ᠦᠷ᠎ᠠ ᠳ᠋ᠦᠩ ᠮᠦᠨ᠂ ᠪᠦᠬᠦ ᠬᠤᠰᠢᠭᠤᠨ ᠤ ᠠᠷᠠᠤᠨ ᠲᠦᠮᠡᠨ ᠬᠤᠰᠢᠭᠤ ᠨᠠᠮ ᠤᠨ ᠬᠤᠷᠢᠶᠠᠨ ᠤ ᠳᠠᠭᠠᠭᠤᠯᠭ᠎ᠠ ᠳᠤᠤᠷ᠎ᠠ ᠰᠡᠤᠨᠬᠢᠯ ᠨᠢᠬᠡᠳᠤᠨ ᠬᠦᠴᠤ ᠪᠠᠨ ᠬᠠᠮᠳᠤᠤᠨᠬᠠᠵᠤ ᠡᠷᠡᠯᠬᠡᠭᠯᠡᠨ ᠤᠷᠤᠭᠰᠢᠯᠠᠭᠰᠡᠨ ᠤ ᠦᠷ᠎ᠠ ᠳ᠋ᠦᠩ ᠮᠦᠨ᠂ ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠬᠡᠨ ᠪᠠ ᠨᠠᠶᠢᠬᠡᠮ ᠤᠨ ᠡᠯ᠎ᠡ ᠡᠳᠡᠬᠡᠤᠨ ᠤᠨ ᠪᠦᠳᠤᠮᠵᠢᠳᠠᠢ ᠬᠢᠨᠠᠯᠳᠠ᠂ ᠬᠦᠴᠤᠳᠠᠢ ᠳᠡᠮᠵᠢᠯᠬᠡ ᠶᠢᠨ ᠦᠷ᠎ᠠ ᠳ᠋ᠦᠩ ᠮᠦᠨ᠂ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠣᠶᠢᠯᠠᠳᠪᠦᠷᠢ ᠬᠤᠳᠠᠯᠳᠣᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠣᠳ᠂ ᠠᠬᠠᠮᠠᠳ ᠨᠦᠬᠦᠳ᠂ ᠠᠷᠠᠳ ᠤᠨ ᠴᠠᠭᠳᠠᠭ᠎ᠠ᠂ ᠳᠤᠰᠠᠯᠠᠬᠤ ᠴᠠᠭᠳᠠᠭ᠎ᠠ᠂ ᠬᠤᠰᠢᠭᠤᠨ ᠳᠤ ᠰᠠᠭᠤᠭ᠎ᠠ ᠴᠡᠷᠢᠭ ᠠᠩᠬᠢ ᠶᠢᠨ ᠲᠠᠷᠤᠭ᠎ᠠ ᠪᠠᠶᠢᠯᠳᠣᠭᠴᠢ᠂ ᠣᠳᠤᠭ ᠤᠨ ᠡᠮᠦᠨᠡᠳᠦ ᠬᠤᠰᠢᠭᠤᠨ ᠤ ᠦᠭᠡᠷᠡᠴᠢᠯᠡᠯᠳᠡ ᠬᠦᠭᠵᠢᠯᠳᠡ ᠶᠢ ᠠᠩᠬᠠᠷᠣᠨ ᠬᠠᠯᠠᠮᠵᠢᠯᠠᠭᠰᠠᠭᠠᠷ ᠢᠷᠡᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠪᠣᠯᠣᠨ ᠡᠷᠬᠢᠮ ᠲᠡᠭᠡᠳᠦ ᠬᠦᠨᠳᠦᠳᠬᠡᠯ ᠢᠶᠠᠨ ᠲᠡᠪᠰᠢᠭᠦᠯᠵᠣ ᠪᠠᠶᠢᠨ᠎ᠠ︕      ᠲᠦᠯᠤᠬᠡᠯᠡᠭᠴᠢᠤᠨ ᠡ᠂ 2023 ᠤᠨ ᠢᠶᠠᠨ ᠡᠷᠬᠢᠴᠡᠬᠦᠯᠪᠡᠯ᠂ ᠪᠢᠳᠠ ᠬᠦᠴᠢᠷ ᠢ ᠢᠯᠠᠬᠤ ᠵᠤᠷᠢᠭ᠂ ᠪᠡᠷᠬᠡᠰᠢᠶᠡᠯ ᠢ ᠳᠤᠭᠤᠯᠬᠤ ᠢᠳᠡᠬᠡᠯ᠂ ᠪᠤᠭᠤᠮᠳᠠ ᠶᠢ ᠰᠢᠪᠳᠤᠯᠬᠤ ᠡᠷᠴᠢ ᠪᠠᠷ ᠠᠯᠢᠪᠠ ᠶᠢ ᠳᠤᠭᠤᠯᠤᠨ᠂ ᠬᠦᠮᠤᠨ ᠢ ᠵᠤᠷᠢᠭᠵᠢᠭᠤᠯᠤᠮ᠎ᠠ ᠬᠦᠭᠵᠢᠯᠳᠠ ᠶᠢᠨ ᠪᠦᠳᠤᠮᠵᠢ ᠤᠯᠪᠠ᠂ ᠬᠡᠪᠡᠴᠤ ᠪᠠᠰᠠ ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠳᠤ ᠤᠷᠤᠰᠢᠵᠤ ᠪᠠᠶᠢᠭ᠎ᠠ ᠴᠦᠬᠡᠨ ᠪᠤᠰᠤ ᠬᠦᠴᠢᠷᠳᠠᠯ ᠪᠠ ᠠᠰᠠᠭᠤᠳᠠᠯ ᠢ ᠰᠡᠷᠬᠡᠭ ᠢᠶᠠᠷ ᠳᠠᠨᠢᠬᠤ ᠴᠢᠬᠤᠯᠠᠳᠠᠢ᠄ ᠠᠵᠤ ᠠᠬᠤᠢ ᠶᠢᠨ ᠬᠠᠨᠳᠤᠰᠢ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠠᠴᠠ ᠦᠨᠳᠤᠷ ᠪᠤᠯᠪᠠᠴᠤ ᠠᠵᠤ ᠤᠶᠢᠯᠡᠰ ᠤᠨ ᠬᠦᠭᠵᠢᠯᠳᠠ ᠶᠢᠨ ᠪᠦᠳᠤᠴᠠ ᠰᠢᠯᠢᠳᠡᠭ ᠪᠤᠰᠤ᠂ ᠪᠠᠭᠳᠠᠭᠠᠮᠵᠢ ᠶᠡᠭᠡ ᠪᠢᠰᠢ᠂ ︽ᠨᠡᠬᠦᠷᠡᠰᠤ ᠪᠠᠷ ᠭᠤᠤᠯ ᠪᠤᠯᠭᠠᠭᠰᠡᠨ︾ ᠤᠳᠤᠬᠢ ᠪᠠᠶᠢᠳᠠᠯ ᠦᠨᠳᠤᠰᠤᠨ ᠠᠴᠠ ᠪᠠᠨ ᠬᠤᠪᠢᠷᠠᠭᠠᠳᠤᠢ︔ ᠰᠢᠨ᠎ᠡ ᠪᠠᠷ ᠬᠦᠭᠵᠢᠭᠰᠡᠨ ᠠᠵᠤ ᠤᠶᠢᠯᠡᠰ ᠲᠤ ᠬᠠᠷᠠᠬᠠᠨ ᠪᠦᠳᠤᠮᠵᠢᠳᠠᠢ ᠳᠤᠯᠭᠠᠭᠤᠷᠢᠯᠠᠯ ᠪᠦᠷᠢᠯᠳᠤᠬᠡᠳᠤᠢ᠂ ᠰᠢᠩᠬᠡᠬᠡᠨ ᠠᠪᠬᠤ ᠪᠠ ᠳᠠᠶᠢᠴᠢᠯᠠᠬᠤ ᠴᠢᠳᠠᠪᠤᠷᠢ ᠨᠡᠯᠢᠶᠡᠤᠨ ᠪᠠᠭᠤᠷᠠᠢ︔ ᠬᠤᠪᠢᠰᠬᠠᠯᠳᠤ ᠰᠤᠶᠤᠯ ᠪᠠ ᠪᠤᠬᠢᠷᠳᠤᠯ ᠦᠬᠡᠢ ᠠᠮᠢ ᠠᠬᠤᠢ ᠶᠢᠨ ᠦᠷᠳᠡᠭ ᠢ ᠬᠦᠢᠴᠡᠤᠨ ᠪᠠᠳᠠᠷᠠᠭᠤᠯᠵᠤ ᠴᠢᠳᠠᠭ᠎ᠠ ᠦᠬᠡᠢ᠂ ᠠᠮᠢ ᠠᠬᠤᠢ ᠬᠡᠪᠡᠷᠡᠭ ᠪᠠᠶᠢᠳᠠᠯ ᠮᠦᠨ ᠯᠠ ᠬᠠᠮᠤᠭ ᠤᠨ ᠪᠤᠳᠠᠳᠠᠢ ᠬᠤᠰᠢᠭᠤᠨ ᠤ ᠪᠠᠶᠢᠳᠠᠯ ᠪᠤᠯᠵᠤ ᠪᠤᠢ︔ ᠠᠷᠠᠤᠨ ᠤᠨ ᠠᠮᠢᠳᠤᠷᠠᠯ ᠤᠨ ᠤᠶᠢᠯᠡᠰ ᠤᠨ ᠬᠦᠭᠵᠢᠯᠳᠠ ᠪᠠ ᠠᠷᠠᠤᠨ ᠤᠯᠠᠨ  ᠤ ᠬᠦᠰᠡᠯ ᠡᠷᠡᠮᠡᠯᠵᠡᠯ ᠮᠦᠨ ᠯᠠ ᠵᠦᠷᠢᠶ᠎ᠡ ᠲᠠᠢ᠂ ᠴᠢᠨᠠᠷᠯᠢᠭ ᠰᠤᠷᠭᠠᠨ ᠬᠦᠮᠤᠵᠢᠯ᠂ ᠡᠮ ᠡᠮᠴᠢᠯᠡᠭᠡ᠂ ᠰᠤᠶᠤᠯ ᠵᠡᠷᠬᠡ ᠨᠠᠶᠢᠳᠠ ᠶᠢᠨ ᠤᠶᠢᠯᠡᠴᠢᠯᠡᠭᠡ ᠪᠠᠰᠠ ᠳᠤᠳᠠᠭᠤᠳᠠᠯ ᠲᠠᠢ᠂ ᠠᠶᠤᠯᠬᠦᠢ ᠤᠶᠢᠯᠡᠤᠨᠪᠤᠷᠢᠯᠡᠯ ᠵᠡᠷᠬᠡ ᠬᠦᠷᠢᠶ᠎ᠡ ᠴᠠᠷᠠᠭᠠᠨ ᠳᠤ ᠲᠦᠰᠢᠬᠦᠷᠢ ᠪᠠᠰᠠ ᠯᠠ ᠤᠷᠤᠰᠢᠵᠤ ᠪᠤᠢ︔ ᠤᠨᠴᠠ ᠵᠠᠷᠢᠮ ᠺᠠᠳ᠋ᠷ ᠤᠨ ᠠᠵᠢᠯ  ᠤᠨ ᠰᠤᠷᠳᠠᠯ᠂ ᠴᠢᠳᠠᠪᠤᠷᠢ ᠶᠢᠨ ᠬᠡᠪ ᠪᠤᠯᠪᠠᠰᠤᠷᠠᠯ ᠤᠳᠤᠬᠢᠴᠢᠯᠠᠯᠳᠠ ᠶᠢᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠳᠠᠭᠠᠵᠤ ᠳᠠᠶᠢᠯᠬᠦ ᠦᠬᠡᠢ ᠪᠤᠢ᠃ ᠡᠳᠡᠬᠡᠷ ᠠᠰᠠᠭᠤᠳᠠᠯ ᠳᠤ ᠴᠢᠭᠯᠡᠬᠦᠯᠤᠨ᠂ ᠪᠢᠳᠠ ᠡᠷᠡᠰ ᠰᠢᠭᠤᠷᠬᠠᠢ ᠤᠪᠤᠷ ᠢᠶᠠᠷ ᠪᠦᠳᠤᠮᠵᠢᠳᠠᠢ ᠠᠷᠭ᠎ᠠ ᠠᠪᠴᠠᠯ ᠠᠪᠴᠤ ᠦᠨᠡᠨᠬᠦ ᠰᠢᠢᠤᠨᠪᠤᠷᠢᠯᠡᠨ᠎ᠡ᠃     ᠬᠤᠶᠠᠷ᠂ 2024 ᠤᠨ ᠤ ᠠᠵᠢᠯ ᠤᠨ ᠳᠤᠬᠢᠷᠠᠭᠤᠯᠭ᠎ᠠ     ᠲᠦᠯᠤᠬᠡᠯᠡᠭᠴᠢᠤᠨ ᠡ᠂ 2024 ᠤᠨ ᠪᠤᠯ ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠪᠠᠶᠢᠭᠤᠯᠤᠭᠳᠠᠭᠰᠡᠨ 75 ᠵᠢᠯ ᠤᠨ ᠤᠢ᠂ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢᠨ ᠬᠠᠷᠠᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠨᠢᠬᠡ ᠵᠢᠯ᠂ ᠮᠦᠨ ᠴᠤ ᠮᠠᠨ ᠤ ᠬᠤᠰᠢᠭᠤᠨ ᠤ ︽ᠲᠦᠷᠤᠯ ᠵᠦᠢᠯ ᠢ ᠰᠢᠪᠳᠤᠯᠤᠨ ᠠᠵᠤ ᠤᠶᠢᠯᠡᠰ ᠢ ᠰᠢᠯᠢᠳᠡᠭᠵᠢᠬᠦᠯᠵᠤ᠂ ᠨᠠᠶᠢᠳᠠᠪᠤᠷᠢᠵᠢᠭᠤᠯᠤᠯᠳᠠ ᠶᠢ ᠠᠤᠨᠬᠤᠨ᠂ ᠪᠦᠳᠤᠮᠵᠢ ᠶᠢ ᠳᠡᠬᠡᠭᠰᠢᠯᠡᠬᠦᠯᠬᠦ︾ ᠰᠢᠪᠳᠤᠯᠤᠯᠳᠠ ᠶᠢᠨ ᠵᠢᠯ ᠪᠤᠯᠤᠨ᠎ᠠ᠂ 2024 ᠤᠨ ᠤ ᠠᠵᠢᠯ ᠢᠶᠠᠨ ᠰᠠᠶᠢᠳᠤᠷ ᠬᠢᠬᠦ ᠳᠤ ᠳᠤᠬᠢᠶᠠᠯ ᠪᠠ ᠦᠷᠢᠰᠤᠯᠳᠤᠬᠡᠨ᠂ ᠠᠰᠢᠭ ᠪᠠ ᠬᠦᠴᠢᠷᠳᠠᠯ ᠵᠡᠷᠬᠡᠪᠡᠷ ᠤᠷᠤᠰᠢᠵᠤ ᠪᠤᠢ᠂ ᠬᠡᠪᠡᠴᠤ ᠶᠡᠷᠤᠩᠬᠡᠢ ᠳᠡᠭᠡᠨ ᠳᠤᠬᠢᠶᠠᠯ ᠨᠢ ᠦᠷᠢᠰᠤᠯᠳᠤᠬᠡᠨ ᠠᠴᠠ ᠶᠡᠭᠡ᠂ ᠠᠰᠢᠭ ᠨᠢ ᠬᠦᠴᠢᠷᠳᠠᠯ ᠠᠴᠠ ᠢᠯᠡᠬᠦᠤ ᠤᠴᠢᠷ ᠠᠴᠠ ᠪᠢᠳᠠ ᠢᠳᠡᠬᠡᠯ ᠵᠤᠷᠢᠭ ᠢᠶᠠᠨ ᠭᠤᠶᠢᠪᠢᠰᠢ ᠦᠬᠡᠢ᠂ ᠬᠠᠷᠠᠯᠳᠠ ᠪᠠᠨ ᠰᠤᠯᠠᠷᠠᠭᠤᠯᠤᠯ ᠦᠬᠡᠢ ᠪᠠᠷ ᠨᠠᠶᠢᠳᠠᠪᠤᠷᠢᠵᠢᠭᠤᠯᠤᠯᠳᠠ ᠪᠠᠨ ᠴᠢᠩᠭ᠎ᠠ ᠠᠤᠨᠬᠤᠪᠠᠯ ᠰᠢᠨ᠎ᠠ ᠨᠢᠬᠡᠨ ᠵᠢᠯ ᠳᠤ ᠪᠠᠨ ᠳᠤᠬᠢᠶᠠᠯ ᠢ ᠵᠠᠪᠳᠤᠨ ᠰᠠᠨᠠᠭᠠᠴᠢᠯᠠᠭᠠᠳᠤ ᠡᠷᠬᠡ ᠶᠢ ᠤᠯᠬᠤ ᠶᠤᠮ᠃      ᠦᠨᠤ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠤᠩᠬᠡᠢ ᠰᠡᠤᠨᠬᠢᠮᠵᠢ ᠪᠤᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠤᠱᠯᠠᠭᠤᠯᠤᠨ᠂ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠪᠠᠶᠢᠷᠢᠯᠠᠭᠤᠯᠤᠯᠳᠠ ᠶᠤᠰᠤᠭᠠᠷ ᠳᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠤᠩᠬᠡᠢ ᠱᠠᠭᠠᠷᠳᠠᠯᠭ᠎ᠠ ᠶᠢ ᠪᠠᠷᠢᠮᠳᠠᠯᠠᠵᠤ᠂ ᠰᠢᠨ᠎ᠠ ᠬᠦᠭᠵᠢᠯᠳᠠ ᠶᠢᠨ ᠦᠵᠡᠯᠳᠠ ᠶᠢ ᠪᠦᠷᠢᠨ ᠪᠦᠳᠤᠨ᠂ ᠤᠨᠤᠪᠴᠢᠳᠠᠢ᠂ ᠪᠦᠬᠦ ᠳᠠᠯ᠎ᠠ ᠪᠠᠷ ᠳᠤᠤᠱᠯᠠᠭᠤᠯᠤᠨ᠂ ᠴᠢᠨᠠᠷᠯᠢᠭ ᠬᠦᠭᠵᠢᠯᠳᠠ ᠶᠢ ᠡᠷᠴᠢᠮᠳᠠᠢ ᠠᠬᠢᠭᠤᠯᠵᠤ᠂ ᠳᠤᠮᠳᠠᠳᠤ ᠶᠢᠨ ᠦᠨᠳᠤᠰᠤᠳᠠᠨ ᠤ ᠬᠠᠮᠳᠤ ᠶᠢᠨ ᠴᠤᠭᠴᠠ ᠶᠢᠨ ᠤᠬᠠᠮᠰᠠᠷ ᠤᠨ ᠪᠠᠳᠤᠤᠨᠬᠠᠯ ᠢᠶᠠᠷ ᠭᠤᠤᠯ ᠱᠤᠭᠤᠮ ᠪᠤᠯᠭᠠᠨ᠂ ︽ᠲᠦᠷᠪᠡᠨ ᠤᠷᠤᠨ︾ ᠤ ᠪᠠᠶᠢᠭᠤᠯᠤᠯᠳᠠ ᠪᠠᠷ ᠭᠠᠷᠳᠠᠴᠠ ᠪᠤᠯᠭᠠᠵᠤ᠂ ᠦᠪᠡᠷᠳᠡᠬᠡᠨ ᠵᠠᠰᠠᠬᠤ ᠤᠷᠤᠨ ᠤ ᠬᠤᠶᠠᠷ ᠶᠡᠭᠡ ᠶᠠᠪᠤᠳᠠᠯ ᠢ ᠪᠦᠬᠦ ᠬᠦᠴᠤᠨ ᠢᠶᠠᠷ ᠰᠠᠶᠢᠳᠤᠷ ᠪᠡᠶᠡᠯᠡᠬᠦᠯᠤᠨ᠂ ᠤᠷᠳᠤᠰ ᠤᠨ ︽ᠭᠤᠷᠪᠠᠨ ᠲᠦᠷᠪᠡ︾ ᠠᠵᠢᠯ ᠤᠨ ᠬᠠᠷᠠᠯᠳᠠ ᠶᠢ ᠪᠡᠶᠡᠯᠡᠬᠦᠯᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ︽ᠭᠠᠷᠮᠠᠭᠠᠶᠢᠯᠠᠨ ᠳᠠᠪᠰᠢᠬᠤ ᠤᠳᠤᠭ ᠤᠨ ᠡᠮᠤᠨᠡᠳᠤ ᠬᠤᠰᠢᠭᠤᠨ︾ ᠤ ᠴᠤ᠋ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃     ᠪᠦᠬᠦ ᠬᠤᠰᠢᠭᠤᠨ ᠤ ᠠᠵᠤ ᠠᠬᠤᠢ ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠡᠤᠨᠪᠤᠷᠢᠯᠡᠯ ᠤᠨ ᠶᠡᠷᠤᠩᠬᠡᠢ ᠦᠷᠳᠡᠭ ᠢ 8% ᠠᠴᠠ ᠳᠡᠬᠡᠭᠰᠢ ᠨᠡᠮᠡᠭᠳᠡᠬᠦᠯᠤᠨ᠂ ᠬᠤᠳᠠ ᠶᠢᠨ ᠳᠤᠭᠳᠠᠭᠠᠭᠰᠡᠨ ᠬᠠᠷᠠᠯᠳᠠ ᠠᠴᠠ 2 ᠵᠠᠭᠤᠨ ᠤ ᠨᠢᠬᠡᠴᠢ ᠳᠠᠪᠠᠭᠤᠯᠵᠤ᠂ 330 ᠳ᠋ᠦᠩᠰᠢᠭᠤᠷ ᠲᠦᠬᠦᠷᠢᠭ ᠬᠦᠷᠬᠡᠬᠦ ᠪᠠᠷ ᠴᠢᠷᠮᠠᠶᠢᠨ᠎ᠠ︔ ᠬᠡᠪᠴᠢᠶᠡᠵᠢᠯ ᠠᠴᠠ ᠳᠡᠬᠡᠭᠰᠢᠬᠢ ᠠᠵᠤ ᠤᠶᠢᠯᠡᠤᠨᠪᠤᠷᠢ ᠶᠢᠨ ᠨᠡᠮᠡᠭᠳᠡᠯ ᠦᠷᠳᠡᠭ ᠢ 10% ᠠᠴᠠ ᠳᠡᠬᠡᠭᠰᠢ ᠨᠡᠮᠡᠭᠳᠡᠬᠦᠯᠤᠨ᠂ ᠬᠤᠳᠠ ᠶᠢᠨ ᠳᠤᠭᠳᠠᠭᠠᠭᠰᠡᠨ ᠬᠠᠷᠠᠯᠳᠠ ᠠᠴᠠ 4.5 ᠵᠠᠭᠤᠨ ᠤ ᠨᠢᠬᠡᠴᠢ ᠳᠠᠪᠠᠭᠤᠯᠤᠨ᠎ᠠ︔ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 30% ᠠᠴᠠ ᠳᠡᠬᠡᠭᠰᠢ ᠨᠡᠮᠡᠭᠳᠡᠬᠦᠯᠤᠨ᠂ ᠬᠤᠳᠠ ᠶᠢᠨ ᠳᠤᠭᠳᠠᠭᠠᠭᠰᠡᠨ ᠬᠠᠷᠠᠯᠳᠠ ᠠᠴᠠ 15 ᠵᠠᠭᠤᠨ ᠤ ᠨᠢᠬᠡᠴᠢ ᠳᠠᠪᠠᠭᠤᠯᠵᠤ᠂ 177 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ︔ ᠡᠩ ᠤᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 9% ᠤᠷᠴᠢᠮ ᠨᠡᠮᠡᠭᠳᠡᠬᠦᠯᠤᠨ᠎ᠠ︔ ᠨᠠᠶᠢᠬᠡᠮ ᠤᠨ ᠬᠡᠷᠡᠭᠯᠡᠬᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠢ 6% ᠨᠡᠮᠡᠭᠳᠡᠬᠦᠯᠤᠨ᠂ ᠬᠤᠳᠠ ᠬᠦᠳᠡᠭᠡ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰᠪᠤᠷᠢ 5% ᠪᠠ 7%  ᠨᠡᠮᠡᠭᠳᠡᠬᠦᠯᠤᠨ᠎ᠠ︔ ᠬᠤᠳᠠ ᠪᠠᠯᠭᠠᠰᠤ ᠶᠢᠨ 600 ᠠᠴᠠ ᠳᠡᠬᠡᠭᠰᠢ ᠬᠦᠮᠤᠨ ᠳᠤ ᠰᠢᠨ᠎ᠠ ᠪᠠᠷ ᠠᠵᠢᠯ ᠤᠯᠭᠤᠵᠤ᠂ ᠬᠤᠳᠠ ᠪᠠᠯᠭᠠᠰᠤ ᠶᠢᠨ ᠳᠠᠩᠰᠠᠯᠠᠭᠤᠯᠤᠭᠰᠡᠨ ᠠᠵᠢᠯ ᠠᠯᠳᠠᠯᠳᠠ ᠶᠢᠨ ᠨᠤᠷᠮ᠎ᠠ ᠶᠢ 4% ᠳᠤᠳᠤᠷ᠎ᠠ ᠬᠢᠵᠠᠭᠠᠷᠯᠠᠨ᠎ᠠ᠃ ᠳᠡᠬᠡᠷᠡᠬᠢ ᠬᠠᠷᠠᠯᠳᠠ ᠶᠢ ᠳᠤᠭᠳᠠᠭᠠᠭᠰᠡᠨ ᠨᠢ ᠲᠦᠪ᠂ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠪᠠ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠨᠠᠶᠢᠴᠡᠵᠤ᠂ ᠬᠦᠭᠵᠢᠯᠳᠠ ᠶᠢᠨ ᠱᠠᠭᠠᠷᠳᠠᠯᠭ᠎ᠠ ᠪᠠ ᠪᠤᠳᠠᠳᠤ ᠪᠤᠯᠤᠯᠴᠠᠭ᠎ᠠ ᠶᠢ ᠨᠢᠬᠡᠳᠤᠯᠳᠠᠢ ᠲᠦᠯᠤᠪᠵᠢᠬᠦᠯᠤᠨ᠂ ᠡᠯ᠎ᠡ ᠳᠠᠯ᠎ᠠ ᠶᠢ ᠳᠠᠶᠢᠴᠢᠯᠠᠨ ᠬᠦᠭᠵᠢᠯᠳᠠ ᠶᠢᠨ ᠢᠳᠡᠪᠬᠢᠳᠤ ᠴᠢᠨᠠᠷ᠂ ᠰᠠᠨᠠᠭᠠᠴᠢᠯᠠᠭᠠᠳᠤ ᠴᠢᠨᠠᠷ᠂ ᠡᠬᠦᠳᠤᠯᠳᠤ ᠴᠢᠨᠠᠷ ᠢ ᠠᠤᠨᠬᠤᠬᠤ ᠳᠤ ᠠᠰᠢᠭᠳᠠᠢ ᠪᠠᠶᠢᠵᠤ᠂ ︽ᠬᠦᠴᠤᠯᠡᠵᠤ ᠳᠠᠶᠢᠯᠬᠦ︾ ᠮᠦᠷᠳᠡᠬᠡᠨ ︽ᠬᠦᠢᠴᠡᠵᠤ ᠳᠠᠶᠢᠯᠬᠦ︾ ᠶᠢ ᠪᠠᠳᠤᠯᠠᠭᠰᠡᠨ ᠪᠠᠶᠢᠨ᠎ᠠ᠃     ᠪᠢᠳᠠ 8 ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠤᠨᠬᠤᠨ᠎ᠠ᠄     ︵ᠨᠢᠬᠡ︶ ᠲᠦᠷᠤᠯ ᠵᠦᠢᠯ ᠢ ᠳᠡᠷᠢᠬᠦᠨ ᠳᠤ ᠳᠠᠯᠪᠢᠬᠤ ᠦᠵᠡᠯᠳᠠ ᠶᠢ ᠪᠠᠷᠢᠮᠳᠠᠯᠠᠨ᠂ ᠪᠡᠯᠡ ᠤᠷᠤᠭᠤᠯᠤᠯᠳᠠ ᠳᠤᠭᠳᠠᠭᠤᠨ ᠤ ᠳᠤᠮᠳᠠ ᠨᠡᠮᠡᠭᠳᠡᠬᠦ ᠶᠢ ᠪᠠᠳᠤᠯᠠᠨ᠎ᠠ᠃ ᠪᠡᠯᠡ ᠤᠷᠤᠭᠤᠯᠤᠯᠳᠠ ᠶᠢᠨ ᠠᠵᠤ ᠠᠬᠤᠢ ᠶᠢᠨ ᠨᠡᠮᠡᠭᠳᠡᠯ ᠳᠠᠬᠢ ᠵᠠᠩᠬᠢᠯᠠᠭ᠎ᠠ ᠶᠢᠨ ᠤᠶᠢᠯᠡᠳᠤᠯ ᠢ ᠴᠢᠩᠭᠠᠤᠨᠬᠠᠨ᠂ ᠲᠦᠷᠤᠯ ᠵᠦᠢᠯ ᠢ ᠪᠦᠬᠦ ᠬᠤᠭᠤᠴᠠᠭ᠎ᠠ ᠪᠠᠷ ᠠᠬᠢᠭᠤᠯᠬᠤ ᠳᠤᠭᠳᠠᠴᠠ ᠶᠢ ᠳᠡᠬᠦᠯᠳᠡᠷᠵᠢᠬᠦᠯᠵᠤ᠂ ᠤᠷᠤᠨᠵᠢᠭᠤᠯᠤᠨ ᠪᠠᠷᠢᠯᠭ᠎ᠠ ᠡᠬᠢᠯᠡᠬᠦᠯᠬᠦ᠂ ᠪᠠᠶᠢᠭᠤᠯᠤᠯᠳᠠ ᠶᠢ ᠠᠬᠢᠭᠤᠯᠬᠤ᠂ ᠤᠶᠢᠯᠡᠴᠢᠯᠡᠭᠡ  ᠶᠢ ᠪᠠᠳᠤᠯᠠᠬᠤ ᠵᠡᠷᠬᠡ ᠵᠠᠩᠬᠢᠯᠠᠭ᠎ᠠ ᠶᠢᠨ ᠭᠤᠭᠴᠤᠭ᠎ᠠ ᠶᠢ ᠪᠤᠳᠠᠳᠠᠢ ᠠᠤᠨᠬᠤᠨ᠎ᠠ᠃     ᠨᠢᠬᠡ ᠳᠤ ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠪᠤᠳᠠᠳᠠᠶᠢᠵᠢᠭᠤᠯᠤᠨ᠎ᠠ᠃ ᠳᠡᠷᠢᠬᠦᠯᠡᠭᠴᠢ ᠸᠠᠩ ᠯᠢ ᠰᠢᠶᠠ ᠪᠠ ᠱᠦᠵᠢ ᠯᠢ ᠯᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠤᠨ ᠮᠠᠨ ᠤ ᠬᠤᠰᠢᠭᠤ ᠶᠢ ᠪᠠᠶᠢᠴᠠᠭᠠᠨ ᠰᠤᠳᠤᠯᠤᠭᠰᠡᠨ ᠵᠢᠭᠠᠪᠤᠷᠢ ᠱᠠᠭᠠᠷᠳᠠᠯᠭ᠎ᠠ ᠶᠢᠨ ᠳᠤᠭᠤᠷᠢᠨ ᠳᠤ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠦᠪᠤᠷ ᠮᠤᠩᠭᠤᠯ ᠤᠨ ᠴᠢᠨᠠᠷᠯᠢᠭ ᠬᠦᠭᠵᠢᠯᠳᠠ ᠶᠢ ᠳᠡᠮᠵᠢᠬᠦ ᠠᠰᠢᠭ ᠤᠯᠵᠠᠪᠤᠷᠢ ᠶᠢ ᠡᠵᠡᠮᠳᠡᠵᠤ ᠠᠤᠨᠬᠤᠨ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠲᠦᠷᠤᠯ ᠳᠠᠷᠠᠭᠠᠯᠠᠨ ᠰᠤᠳᠤᠯᠤᠨ ᠡᠮᠬᠢᠯᠡᠵᠤ᠂ ︽ᠡᠪᠤᠯ ᠤᠨ ᠰᠡᠯᠡᠬᠦᠤ︾ ᠪᠠᠨ ︽ᠡᠪᠤᠯ ᠤᠨ ᠶᠠᠭᠠᠷᠠᠤ︾ ᠪᠤᠯᠭᠠᠵᠤ ᠬᠤᠪᠢᠷᠠᠭᠤᠯᠤᠨ᠂ ᠨᠢᠬᠡ ᠪᠦᠯᠦᠭ ᠴᠢᠬᠤᠯᠠ ᠶᠡᠭᠡ ᠲᠦᠷᠤᠯ ᠵᠦᠢᠯ ᠢ ᠴᠤᠭ ᠲᠤ ᠨᠢ ᠭᠤᠶᠤᠪᠴᠢᠯᠠᠵᠤ᠂ ᠠᠯᠢᠪᠠ ᠳᠡᠮᠵᠢᠬᠦ ᠵᠤᠶᠢᠯᠡᠰ ᠢ ᠳᠤᠷᠠᠤᠨᠬᠤ᠂ ᠤᠨᠤᠭᠳᠠᠭᠤᠯᠬᠤ᠂ ᠳᠤᠰᠬᠤ᠂ ᠤᠷᠤᠨᠵᠢᠭᠤᠯᠬᠤ ᠶᠢ ᠠᠬᠢᠭᠤᠯᠤᠨ᠎ᠠ᠃ ᠬᠤᠯᠠ ᠶᠢ ᠪᠤᠳᠤᠯᠬᠢᠯᠠᠨ ᠳᠡᠷᠬᠡᠳᠡᠬᠢ ᠵᠦᠢᠯ ᠳᠤ ᠪᠠᠨ ᠪᠤᠳᠤᠯᠭ᠎ᠠ ᠬᠡᠷᠡᠭᠵᠢᠬᠦᠯᠬᠦ᠂ ᠨᠢᠬᠡᠳᠤᠯᠳᠠᠢ ᠲᠦᠯᠤᠪᠵᠢᠬᠦᠯᠤᠨ ᠠᠬᠢᠭᠤᠯᠬᠤ ᠶᠢ ᠪᠠᠷᠢᠮᠳᠠᠯᠠᠨ᠂ ᠦᠷᠬᠦᠯᠵᠢᠯᠡᠨ ᠪᠠᠶᠢᠭᠤᠯᠬᠤ ᠲᠦᠷᠤᠯ ᠵᠦᠢᠯ ᠢ ᠬᠠᠪᠤᠷ ᠡᠬᠢᠯᠡᠮᠡᠭᠴᠠ ᠪᠠᠷᠢᠯᠭ᠎ᠠ ᠡᠬᠢᠯᠡᠬᠦᠯᠬᠦ ᠶᠢ ᠪᠠᠳᠤᠯᠠᠵᠤ᠂ ᠰᠢᠨ᠎ᠠ ᠪᠠᠷ ᠪᠠᠶᠢᠭᠤᠯᠬᠤ ᠲᠦᠷᠤᠯ ᠵᠦᠢᠯ ᠢ 5 ᠳ᠋ᠤᠭᠠᠷ ᠰᠠᠷ᠎ᠠ ᠶᠢᠨ ᠰᠡᠬᠦᠯᠴᠢ ᠠᠴᠠ ᠡᠮᠤᠨ᠎ᠡ 80% ᠶᠢᠨ ᠪᠠᠷᠢᠯᠭ᠎ᠠ ᠡᠬᠢᠯᠡᠬᠦᠯᠬᠦ ᠨᠦᠬᠦᠴᠡᠯ ᠢ ᠪᠦᠷᠢᠯᠳᠤᠬᠦᠯᠤᠨ᠂ 8 ᠰᠠᠷ᠎ᠠ ᠶᠢᠨ ᠰᠡᠬᠦᠯᠴᠢ ᠠᠴᠠ ᠡᠮᠤᠨ᠎ᠡ ᠪᠦᠬᠦᠨ ᠢ ᠪᠠᠷᠢᠯᠭ᠎ᠠ ᠡᠬᠢᠯᠡᠬᠦᠯᠤᠨ᠎ᠠ᠃     ᠬᠤᠶᠠᠷ ᠲᠤ ᠬᠦᠴᠤᠨ ᠵᠦᠢᠯ ᠤᠨ ᠪᠠᠳᠤᠯᠠᠭ᠎ᠠ ᠶᠢ ᠬᠦᠢᠴᠡᠤᠨ ᠬᠢᠨ᠎ᠠ᠃ ᠴᠢᠬᠤᠯᠠ ᠶᠡᠭᠡ ᠲᠦᠷᠤᠯ ᠵᠦᠢᠯ ᠢ ᠬᠤᠯᠪᠤᠭᠠᠯᠠᠨ ᠬᠢᠨᠠᠵᠤ ᠬᠤᠯᠪᠤᠭᠠᠯᠠᠨ ᠴᠤᠬᠤᠯᠠᠪᠤᠷᠢᠯᠠᠭᠤᠯᠬᠤ ᠳᠤᠭᠳᠠᠴᠠ᠂ ᠰᠢᠶᠠᠨ ᠤ ᠳᠡᠰ ᠤᠨ ᠤᠳᠤᠷᠢᠳᠤᠯᠭ᠎ᠠ ᠳᠠᠭᠠᠭᠠᠴᠢᠯᠠᠨ ᠤᠶᠢᠯᠡᠴᠢᠯᠡᠬᠦ ᠳᠤᠭᠳᠠᠴᠠ ᠶᠢ ᠬᠦᠢᠴᠡᠤᠨ ᠠᠰᠢᠭᠯᠠᠨ᠂ ᠲᠦᠷᠤᠯ ᠵᠦᠢᠯ  ᠤᠨ ᠪᠠᠶᠢᠭᠤᠯᠤᠯᠳᠠ ᠶᠢ ᠬᠢᠵᠠᠭᠠᠷᠯᠠᠬᠤ ᠵᠠᠩᠬᠢᠯᠠᠭ᠎ᠠ ᠶᠢᠨ ᠴᠢᠨᠠᠷᠳᠠᠢ ᠬᠦᠴᠤᠨ ᠵᠦᠢᠯ ᠤᠨ ᠤᠶᠢᠯᠡᠴᠢᠯᠡᠭᠡ ᠪᠠ ᠪᠠᠳᠤᠯᠠᠭ᠎ᠠ ᠶᠢᠨ ᠠᠵᠢᠯ ᠢ ᠰᠠᠶᠢᠳᠤᠷ ᠬᠢᠨ᠎ᠠ︔ ᠡᠨᠧᠷᠬᠢ ᠠᠷᠪᠢᠯᠠᠬᠤ ᠶᠢ ᠦᠬᠡᠷᠡᠴᠢᠯᠡᠬᠦ᠂ ᠡᠨᠧᠷᠬᠢ ᠶᠢᠨ ᠬᠤᠷᠤᠭᠳᠠᠯ ᠤᠨ ᠪᠠᠭᠠᠰᠬᠠᠯᠳᠠ ᠪᠠᠷ ᠤᠶᠢᠯᠡᠤᠨᠪᠤᠷᠢᠯᠡᠯ ᠤᠨ ᠬᠡᠮᠵᠢᠶ᠎ᠡ ᠰᠤᠯᠢᠬᠤ ᠵᠡᠷᠬᠡ ᠠᠷᠭ᠎ᠠ ᠪᠠᠷ ᠡᠨᠧᠷᠬᠢ  ᠶᠢᠨ ᠬᠡᠷᠡᠭᠯᠡᠯᠳᠠ ᠶᠢᠨ ᠤᠷᠤᠨ ᠵᠠᠢ ᠢ ᠰᠤᠯᠠᠯᠠᠨ ᠭᠠᠷᠭᠠᠬᠤ ᠶᠢ ᠰᠦᠪᠡᠭᠴᠢᠯᠡᠵᠤ᠂ ᠭᠤᠤᠯᠳᠠᠯᠭᠠᠳᠤ ᠲᠦᠷᠤᠯ ᠵᠦᠢᠯ ᠤᠨ ᠤᠰᠤ᠂ ᠭᠠᠵᠠᠷ ᠰᠢᠷᠤᠢ᠂ ᠡᠨᠧᠷᠬᠢ ᠶᠢᠨ ᠬᠤᠷᠤᠭᠳᠠᠯ ᠤᠨ ᠱᠠᠭᠠᠷᠳᠠᠯᠭ᠎ᠠ ᠶᠢ ᠪᠦᠬᠦ ᠬᠦᠴᠤᠨ ᠢᠶᠠᠷ ᠪᠠᠳᠤᠯᠠᠨ᠎ᠠ︔ ᠰᠢᠨ᠎ᠡ ᠨᠡᠮᠡᠭᠳᠡᠭᠰᠡᠨ ᠳᠠᠬᠢᠨ ᠡᠬᠦᠰᠴᠤ ᠪᠤᠯᠬᠤ ᠡᠨᠧᠷᠬᠢ ᠶᠢᠨ ᠴᠠᠬᠢᠯᠭᠠᠨ ᠬᠦᠴᠤᠨ ᠤ ᠬᠡᠷᠡᠭᠯᠡᠬᠡᠨ ᠤ ᠬᠡᠮᠵᠢᠶ᠎ᠡ ᠶᠢ ᠡᠨᠧᠷᠬᠢ ᠶᠢᠨ ᠬᠡᠷᠡᠭᠯᠡᠬᠡᠨ ᠤ ᠶᠡᠷᠤᠩᠬᠡᠢ ᠬᠡᠮᠵᠢᠶ᠎ᠡ ᠶᠢᠨ ᠬᠢᠵᠠᠭᠠᠷᠯᠠᠯ ᠳᠤ ᠤᠷᠤᠭᠤᠯᠬᠤ ᠦᠬᠡᠢ ᠬᠠᠮᠢᠶ᠎ᠠ ᠪᠦᠬᠦᠢ ᠱᠠᠭᠠᠷᠳᠠᠯᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠯᠪᠡᠭ ᠪᠠᠶᠠᠯᠢᠭ ᠨᠠᠷᠠᠨ ᠡᠨᠧᠷᠬᠢ᠂ ᠰᠠᠯᠬᠢᠨ ᠡᠨᠧᠷᠬᠢ᠂ ᠭᠠᠵᠠᠷ ᠰᠢᠷᠤᠢ ᠶᠢᠨ ᠡᠬᠢ ᠪᠠᠶᠠᠯᠢᠭ ᠲᠤ ᠲᠦᠰᠢᠭᠯᠡᠨ᠂ ᠰᠢᠨ᠎ᠠ ᠡᠨᠧᠷᠬᠢ ᠶᠢᠨ ᠲᠦᠷᠤᠯ ᠵᠦᠢᠯ ᠤᠨ ᠪᠠᠶᠢᠭᠤᠯᠤᠯᠳᠠ ᠶᠢ ᠠᠬᠢᠭᠤᠯᠤᠨ᠎ᠠ᠃     ᠭᠤᠷᠪᠠ ᠳᠤ ᠠᠷᠠᠯᠵᠢᠶᠠᠴᠢᠨ ᠤᠷᠢᠵᠤ ᠪᠡᠯᠡ ᠳᠠᠳᠠᠬᠤ ᠶᠢ ᠴᠢᠩᠭᠠᠤᠨᠬᠠᠨ᠎ᠠ᠃ ︽ᠲᠦᠷᠤᠯ ᠵᠦᠢᠯ ᠤᠨ ᠶᠠᠰᠤ ᠴᠢᠨᠠᠷ᠂ ᠪᠡᠯᠡ ᠤᠷᠤᠭᠤᠯᠤᠯᠳᠠ ᠶᠢᠨ ᠶᠡᠷᠤᠩᠬᠡᠢ ᠬᠡᠮᠵᠢᠶ᠎ᠡ᠂ ᠬᠡᠷ᠎ᠡ ᠳᠤᠭᠳᠠᠭᠰᠡᠨ ᠳᠤᠭ᠎ᠠ ᠬᠡᠮᠵᠢᠶ᠎ᠡ︾ ᠶᠢ ᠬᠦᠴᠤᠯᠡᠨ ᠳᠤᠭᠳᠠᠪᠤᠷᠢᠵᠢᠭᠤᠯᠵᠤ᠂ 10 ᠵᠤᠷᠪᠤᠰ ᠠᠵᠤ ᠤᠶᠢᠯᠡᠰ ᠤᠨ ᠭᠤᠤᠯᠳᠠᠯᠭᠠᠳᠤ ᠬᠡᠯᠬᠢᠶᠡᠵᠢᠯ ᠳᠤ ᠠᠩᠬᠠᠷᠤᠯ ᠢᠶᠠᠨ ᠬᠠᠨᠳᠤᠭᠤᠯᠤᠨ᠂ ᠪᠡᠬᠡᠵᠢᠩ ᠲᠢᠶᠡᠨᠵᠢᠨ ᠡᠾᠧᠪᠸᠢ᠂  ᠬᠦᠬᠡ ᠮᠦᠷᠡᠨ ᠤ ᠭᠤᠷᠪᠠᠯᠵᠢᠨ ᠬᠤᠶᠢᠭ ᠵᠡᠷᠬᠡ ᠭᠤᠤᠯᠳᠠᠯᠭᠠᠳᠤ ᠤᠷᠤᠨ ᠪᠦᠰᠠ ᠶᠢᠨ ᠳᠤᠭᠤᠷᠢᠨ ᠳᠤ ᠤᠯᠤᠰ ᠤᠨ ᠦᠮᠴᠢᠯᠠᠯᠳᠤ ᠳᠠᠪᠴᠠᠩ ᠤᠨ ᠳᠠᠪᠠᠭᠤᠯᠢᠭ ᠢ ᠬᠦᠢᠴᠡᠤᠨ ᠪᠠᠳᠠᠷᠠᠭᠤᠯᠵᠤ᠂ ᠳᠠᠶᠢᠴᠢᠯᠠᠭᠴᠢ ᠠᠵᠤ ᠠᠬᠤᠶᠢᠯᠠᠯ ᠳᠤ ᠠᠩᠬᠠᠷᠤᠯ ᠢᠶᠠᠨ ᠲᠦᠪᠯᠡᠷᠡᠬᠦᠯᠤᠨ᠂ ᠳᠤᠬᠠᠢ ᠶᠢᠨ ᠭᠠᠵᠠᠷ ᠲᠤ ᠰᠠᠭᠤᠵᠤ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠦᠷᠬᠡᠨ ᠢᠶᠠᠷ ᠦᠷᠨᠢᠬᠦᠯᠵᠤ᠂ ᠵᠢᠯ ᠤᠨ ᠳᠤᠳᠤᠷ᠎ᠠ ᠰᠢᠨ᠎ᠡ ᠪᠠᠷ ᠵᠦᠪᠯᠡᠯᠴᠡᠬᠡᠷ ᠳᠤᠭᠳᠠᠬᠤ ᠲᠦᠷᠤᠯ ᠵᠦᠢᠯ ᠤᠨ ᠪᠠᠷᠢᠯᠭ᠎ᠠ ᠡᠬᠢᠯᠡᠬᠦᠯᠬᠦ ᠨᠤᠷᠮ᠎ᠠ᠂ ᠪᠠᠷᠢᠯᠭ᠎ᠠ ᠳᠠᠭᠤᠰᠬᠠᠬᠤ ᠨᠤᠷᠮ᠎ᠠ ᠶᠢ ᠳᠤᠰᠪᠤᠷᠢ 75%᠂ 20% ᠳᠤ ᠬᠦᠷᠬᠡᠵᠤ᠂ ᠪᠡᠯᠡ ᠮᠦᠩᠬᠦ ᠶᠢᠨ ᠤᠷᠤᠨᠵᠢᠯᠳᠠ ᠶᠢᠨ ᠨᠤᠷᠮ᠎ᠠ ᠶᠢ 20% ᠠᠴᠠ ᠳᠠᠪᠠᠭᠤᠯᠤᠨ᠎ᠠ᠃     ︵ᠬᠤᠶᠠᠷ︶ ᠠᠵᠤ ᠦᠢᠯᠡᠳᠪᠦᠷᠢ ᠶᠢᠨ ᠰᠢᠪᠲᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠵᠢᠯᠤᠭᠤᠳᠤᠨ᠎ᠠ᠃ ᠠᠵᠤ ᠦᠢᠯᠡᠳᠪᠦᠷᠢ ᠪᠠᠷ ᠬᠤᠰᠢᠭᠤ ᠪᠠᠨ ᠴᠤᠭᠴᠠᠯᠠᠬᠤ᠂ ᠠᠵᠤ ᠤᠶᠢᠯᠡᠤᠨᠪᠤᠷᠢ ᠪᠠᠷ ᠬᠤᠰᠢᠭᠤ ᠪᠠᠨ ᠬᠦᠴᠦᠷᠬᠡᠭᠵᠢᠬᠦᠯᠬᠦ ᠶᠢ ᠪᠠᠷᠢᠮᠲᠠᠯᠠᠨ᠂ ᠡᠨᠧᠷᠬᠢ ᠶᠢᠨ ᠠᠵᠤ ᠠᠬᠤᠢ ᠶᠢ ᠴᠢᠷᠮᠠᠶᠢᠨ ᠰᠠᠶᠢᠳᠤᠷ ᠬᠢᠨ᠎ᠠ᠃ ᠬᠤᠶᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ ᠢ 245  ᠳ᠋ᠦᠩᠰᠢᠭᠤᠷ ᠲᠦᠬᠦᠷᠢᠭ ᠪᠡᠶᠡᠯᠡᠬᠦᠯᠵᠤ᠂ 10% ᠠᠴᠠ ᠳᠡᠬᠡᠭᠰᠢ ᠨᠡᠮᠡᠭᠳᠡᠬᠦᠯᠬᠦ ᠪᠠᠷ ᠴᠢᠷᠮᠠᠶᠢᠨ᠎ᠠ᠃     ᠨᠢᠬᠡ ᠳᠤ ᠤᠯᠠᠮᠵᠢᠯᠠᠯᠳᠤ ᠤᠶᠢᠯᠡᠤᠨᠪᠤᠷᠢᠯᠡᠯ ᠤᠨ ᠴᠢᠳᠠᠪᠬᠢ ᠶᠢᠨ ᠪᠠᠳᠠᠷᠠᠭᠤᠯᠤᠯᠳᠠ ᠶᠢ ᠴᠢᠩᠭ᠎ᠠ ᠠᠤᠨᠬᠤᠨ᠎ᠠ᠃ ᠲᠤᠰᠬᠠᠢ ᠪᠠᠭ ᠰᠠᠬᠢᠬᠤ ᠶᠢ ᠴᠢᠩᠭᠠᠳᠬᠠᠨ᠂ ᠨᠢᠬᠡᠨᠲᠡ ᠪᠠᠶᠢᠭᠤᠯᠤᠭᠰᠠᠨ 7 ᠰᠠᠭᠤᠷᠢ ᠨᠡᠬᠦᠷᠡᠰᠦᠨ ᠠᠭᠤᠷᠬᠠᠢ ᠶᠢᠨ ᠭᠠᠷ ᠬᠦᠢᠴᠡᠤᠨᠬᠡᠯ ᠢ ᠳᠡᠬᠡᠳᠤ ᠬᠠᠭᠠᠰ ᠵᠢᠯ ᠳᠤ ᠪᠦᠬᠦᠨ ᠢ ᠬᠦᠢᠴᠡᠤᠨᠬᠡᠬᠦ ᠶᠢ ᠪᠠᠳᠤᠯᠠᠵᠤ᠂ ᠴᠠᠩ ᠴᠧᠩ  ᠭᠤᠷᠪᠠᠳᠤᠭᠠᠷ ᠨᠣᠮᠧᠷᠲᠦ ᠨᠡᠬᠦᠷᠡᠰᠦᠨ ᠠᠭᠤᠷᠬᠠᠢ ᠶᠢᠨ ᠡᠷᠳᠡᠬᠡᠨ ᠦᠢᠯᠡᠳᠪᠦᠷᠢᠯᠡᠯ ᠢᠶᠠᠨ ᠰᠡᠷᠬᠦᠬᠡᠬᠦ ᠶᠢ ᠠᠬᠢᠭᠤᠯᠤᠨ᠂ ᠪᠠᠯᠠᠩ᠂ ᠬᠠᠷᠴᠠᠭᠠᠢ ᠬᠦᠯᠦᠭ 1 ᠨᠣᠮᠧᠷᠲᠦ ᠨᠡᠬᠦᠷᠡᠰᠦᠨ ᠠᠭᠤᠷᠬᠠᠢ ᠶᠢᠨ ᠪᠠᠷᠢᠯᠭ᠎ᠠ ᠡᠬᠢᠯᠡᠬᠦᠯᠬᠦ ᠳᠠᠩᠰᠠᠯᠠᠯᠲᠠ ᠶᠢᠨ ᠭᠠᠷᠳᠠᠮ ᠢ ᠣᠯᠵᠣ᠂ ᠬᠠᠷᠴᠠᠭᠠᠢ ᠬᠦᠯᠦᠭ 3 ᠨᠣᠮᠧᠷᠲᠦ ᠨᠡᠬᠦᠷᠡᠰᠦᠨ ᠠᠭᠤᠷᠬᠠᠢ ᠵᠢᠯ ᠤᠨ ᠡᠴᠦᠰ ᠠᠴᠠ ᠡᠮᠦᠨ᠎ᠡ ᠨᠡᠬᠦᠷᠡᠰᠦ ᠮᠠᠯᠲᠠᠬᠤ ᠦᠨᠡᠮᠯᠡᠯ ᠢᠶᠠᠨ ᠣᠯᠣᠨ᠂ ᠪᠦᠬᠦ ᠵᠢᠯ ᠤᠨ ᠨᠡᠬᠦᠷᠡᠰᠦᠨ ᠭᠠᠷᠤᠯᠲᠠ ᠶᠢ 2200 ᠲᠦᠮᠡᠨ ᠳᠣᠨ ᠳᠤ ᠬᠦᠷᠬᠡᠬᠦ ᠪᠠᠷ ᠴᠢᠷᠮᠠᠶᠢᠨ᠎ᠠ︔ ᠳᠣᠮᠳᠠᠳᠣ ᠣᠯᠣᠰ ᠤᠨ ᠴᠢᠯᠠᠭᠤᠨ ᠲᠤᠰᠣᠨ ᠤ ᠴᠠᠩ ᠴᠢᠩ ᠬᠤᠪᠢᠶᠠᠷᠢ ᠺᠤᠮᠫᠠᠨᠢ ᠯᠤᠭ᠎ᠠ ᠶᠢᠨ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠰᠢᠳᠠᠮᠠᠬᠠᠢ ᠬᠡᠢ ᠶᠢᠨ ᠬᠠᠶᠢᠯᠲᠠ ᠨᠡᠭᠡᠭᠡᠯᠲᠡ ᠶᠢᠨ ᠡᠷᠴᠢᠮ ᠢᠶᠠᠨ ᠴᠢᠩᠭᠠᠷᠠᠭᠤᠯᠤᠨ᠂ ᠪᠦᠬᠦ ᠵᠢᠯ ᠤᠨ ᠰᠢᠲᠠᠮᠠᠬᠠᠢ ᠬᠡᠢ ᠶᠢᠨ ᠭᠠᠷᠤᠯᠲᠠ ᠶᠢ 70 ᠳ᠋ᠦᠩᠰᠢᠭᠤᠷ ᠺᠦᠪ ᠮᠧᠲᠷ ᠲᠤ ᠬᠦᠷᠬᠡᠬᠦ ᠪᠠᠷ ᠴᠢᠷᠮᠠᠶᠢᠨ᠎ᠠ︔ ᠨᠢᠬᠡᠨᠳᠠ ᠪᠠᠶᠢᠭᠤᠯᠤᠭᠰᠡᠨ 800 ᠲᠦᠮᠡᠨ ᠺᠢᠯᠤᠸᠠᠲ ᠨᠡᠬᠦᠷᠡᠰᠤᠨ ᠴᠠᠬᠢᠯᠭᠠᠨ ᠤ ᠮᠠᠰᠢᠨ ᠴᠤᠭᠴᠠᠯᠠᠪᠤᠷᠢ ᠶᠢᠨ ᠲᠤᠭᠲᠠᠭᠤᠨ ᠠᠵᠢᠯᠯᠠᠮᠵᠢ ᠶᠢ ᠪᠠᠳᠤᠯᠠᠨ᠂ ᠪᠦᠬᠦ ᠵᠢᠯ ᠤᠨ ᠨᠡᠬᠦᠷᠡᠰᠦᠨ ᠴᠠᠬᠢᠯᠭᠠᠨ ᠤ ᠭᠠᠷᠭᠠᠯᠲᠠ ᠶᠢᠨ ᠬᠡᠮᠵᠢᠶ᠎ᠡ ᠶᠢ 400 ᠳ᠋ᠦᠩᠰᠢᠭᠤᠷ ᠺᠢᠯᠤᠸᠠᠲ ᠴᠠᠭ ᠲᠤ ᠬᠦᠷᠬᠡᠬᠦ ᠪᠠᠷ ᠴᠢᠷᠮᠠᠶᠢᠨ᠎ᠠ᠃     ᠬᠤᠶᠠᠷ ᠲᠤ ᠦᠷ᠎ᠠ ᠪᠦᠳᠤᠮᠵᠢ ᠶᠢᠨ ᠬᠤᠪᠢᠷᠠᠭᠤᠯᠤᠯᠳᠠ ᠳᠡᠬᠡᠭᠰᠢᠯᠡᠯᠳᠠ ᠶᠢ ᠴᠢᠩᠭ᠎ᠠ ᠠᠤᠨᠬᠤᠨ᠎ᠠ᠃ ᠦᠪᠤᠷ ᠮᠤᠩᠭᠤᠯ ᠤᠨ ᠬᠡᠤᠷᠰᠢᠬᠦᠯᠬᠦ ᠤᠶᠢᠯᠡᠰ ᠤᠨ ᠴᠢᠨᠠᠷᠯᠢᠭ ᠬᠦᠭᠵᠢᠯᠳᠠ ᠶᠢ ᠠᠬᠢᠭᠤᠯᠬᠤ ᠲᠦᠷᠤ ᠶᠢᠨ ᠪᠤᠳᠤᠯᠭ᠎ᠠ ᠶᠢᠨ ᠳᠤᠬᠢᠶᠠᠯ ᠢ ᠴᠢᠩᠭ᠎ᠠ ᠡᠵᠡᠮᠳᠡᠵᠤ᠂ ᠬᠡᠤᠷᠰᠢᠬᠦᠯᠬᠦ ᠤᠶᠢᠯᠡᠰ ᠢ ᠬᠦᠯᠢᠶᠡᠨ ᠠᠪᠴᠤ ᠰᠢᠯᠵᠢᠬᠦᠯᠬᠦ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠳᠤᠰᠬᠠᠢ ᠬᠦᠴᠤᠨ ᠢ ᠵᠤᠬᠢᠶᠠᠨ ᠪᠠᠶᠢᠭᠤᠯᠵᠤ᠂ ᠪᠤᠳᠠᠳᠤ ᠬᠦᠴᠤᠨ ᠲᠠᠢ ᠠᠵᠤ ᠠᠬᠤᠶᠢᠯᠠᠯ ᠲᠠᠢ ᠢᠳᠡᠪᠬᠢᠳᠠᠢ ᠬᠠᠷᠢᠯᠴᠠᠨ᠂ ᠰᠢᠪᠳᠤᠯᠤᠯᠳᠠ ᠶᠢᠨ ᠴᠢᠨᠠᠷᠳᠠᠢ ᠠᠬᠢᠯᠳᠠ ᠶᠢ ᠠᠯᠢ ᠲᠦᠷᠬᠡᠨ ᠤᠯᠤᠨ᠎ᠠ᠃ ᠾᠧᠩ ᠺᠦᠨ 260 ᠲᠦᠮᠡᠨ ᠲᠤᠨ ᠬᠡᠤᠷᠰᠢᠬᠦᠯᠬᠦ ᠠᠩᠬᠠᠨ ᠤ ᠬᠤᠭᠤᠴᠠᠭᠠᠨ ᠤ ᠲᠦᠷᠤᠯ ᠵᠦᠢᠯ ᠢ ᠡᠷᠳᠠ ᠠᠰᠢᠭᠯᠠᠯᠳᠠ ᠳᠤ ᠤᠷᠤᠭᠤᠯᠤᠨ᠂ ᠬᠤᠶᠠᠳᠤᠭᠠᠷ ᠬᠤᠭᠤᠴᠠᠭᠠᠨ ᠤ 130 ᠲᠦᠮᠡᠨ ᠲᠤᠨ ᠲᠦᠷᠤᠯ ᠵᠦᠢᠯ ᠢ ᠪᠠᠷᠢᠯᠭ᠎ᠠ ᠡᠬᠢᠯᠡᠬᠦᠯᠤᠨ ᠪᠠᠶᠢᠭᠤᠯᠬᠤ ᠶᠢ ᠠᠬᠢᠭᠤᠯᠤᠨ᠂ ᠶᠠ ᠬᠠᠢ CNG ᠪᠤᠴᠠᠭᠠᠨ ᠬᠤᠷᠢᠶᠠᠬᠤ ᠲᠦᠷᠤᠯ ᠵᠦᠢᠯ ᠢ 3 ᠰᠠᠷ᠎ᠠ ᠳᠤ ᠳᠤᠷᠰᠢᠨ ᠤᠶᠢᠯᠡᠤᠨᠪᠤᠷᠢᠯᠡᠵᠤ᠂ ᠺᠧ ᠰᠧ᠂ ᠲᠢᠶᠠᠨ ᠯᠢ ᠹᠧᠩ ᠵᠡᠷᠬᠡ ᠲᠦᠷᠤᠯ ᠵᠦᠢᠯ ᠢ 8 ᠰᠠᠷ᠎ᠠ ᠶᠢᠨ ᠰᠡᠬᠦᠯᠴᠢ ᠠᠴᠠ ᠡᠮᠤᠨ᠎ᠡ ᠠᠰᠢᠭᠯᠠᠯᠳᠠ ᠳᠤ ᠤᠷᠤᠭᠤᠯᠤᠨ᠂ ᠬᠤᠸᠠ ᠰᠢᠩ ᠨᠡᠬᠦᠷᠡᠰᠤ ᠪᠠᠷ ᠰᠢᠳᠠᠮᠠᠬᠠᠢ ᠬᠡᠢ ᠤᠶᠢᠯᠡᠤᠨᠬᠦ ᠲᠦᠷᠤᠯ ᠵᠦᠢᠯ ᠢ ᠡᠷᠳᠡᠬᠡᠨ ᠪᠤᠳᠠᠳᠤ ᠴᠢᠨᠠᠷ ᠲᠠᠢ ᠪᠠᠷᠢᠯᠭ᠎ᠠ ᠡᠬᠢᠯᠡᠬᠦᠯᠬᠦ ᠶᠢ ᠪᠠᠳᠤᠯᠠᠵᠤ᠂ LNG ᠶᠢᠨ ᠭᠠᠷᠤᠯᠳᠠ ᠶᠢ 100 ᠲᠦᠮᠡᠨ ᠲᠤᠨ ᠳᠤ ᠬᠦᠷᠬᠡᠨ᠎ᠡ᠃ ᠬᠠᠮᠳᠤ ᠳᠤ ᠨᠢ᠂ ᠪᠣᠣ ᠹᠧᠩ᠂ ᠨᠢᠩᠰᠢᠶᠠ ᠶᠢᠨ ᠨᠡᠬᠦᠷᠡᠰᠤᠨ ᠤ ᠪᠦᠯᠦᠭᠯᠡᠯ᠂ ᠢ ᠲᠠᠢ᠂ ᠨᠢᠩ ᠳ᠋ᠧ ᠱᠢ ᠳ᠋ᠠᠢ ᠵᠡᠷᠬᠡ ᠭᠤᠤᠯᠳᠠᠯᠭᠠᠳᠤ ᠠᠵᠤ ᠠᠬᠤᠶᠢᠯᠠᠯ ᠲᠠᠢ ᠢᠳᠡᠪᠬᠢᠳᠠᠢ ᠬᠠᠷᠢᠯᠴᠠᠨ᠂ ᠨᠡᠬᠦᠷᠡᠰᠤ ᠪᠠᠷ ᠳᠤᠰᠤ ᠤᠶᠢᠯᠡᠤᠨᠬᠦ᠂ ᠠᠯᠹᠠ ᠠᠯᠺᠸᠠ ᠵᠡᠷᠬᠡ ᠨᠠᠷᠢᠯᠢᠭ ᠬᠢᠮᠢ ᠶᠢᠨ ᠤᠶᠢᠯᠡᠤᠨᠪᠤᠷᠢ ᠶᠢᠨ ᠲᠦᠷᠤᠯ ᠵᠦᠢᠯ ᠢ ᠡᠷᠳᠠ ᠵᠦᠪᠯᠡᠯᠴᠡᠬᠡᠷ ᠳᠤᠭᠳᠠᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃     ᠭᠤᠷᠪᠠ ᠳᠤ ᠰᠢᠨ᠎ᠠ ᠡᠨᠧᠷᠬᠢ ᠶᠢᠨ ᠤᠶᠢᠯᠡᠰ ᠤᠨ ᠳᠡᠬᠡᠭᠰᠢᠯᠡᠯᠳᠠ ᠶᠢ ᠴᠢᠩᠭ᠎ᠠ ᠠᠤᠨᠬᠤᠨ᠎ᠠ᠃ ᠱᠧᠨ᠋ᠵᠧᠨ ᠤ ᠡᠨᠧᠷᠬᠢ ᠶᠢᠨ ᠲᠦᠷᠦᠯ ᠵᠦᠢᠯ ᠢ 3 ᠰᠠᠷ᠎ᠠ ᠶᠢᠨ ᠰᠡᠬᠦᠯᠴᠢ ᠠᠴᠠ ᠡᠮᠤᠨ᠎ᠡ ᠪᠦᠬᠦ ᠳᠠᠭᠠᠭᠠᠴᠠ ᠪᠠᠷ ᠠᠰᠢᠭᠯᠠᠯᠲᠠ ᠳᠤ ᠤᠷᠤᠭᠤᠯᠬᠤ ᠶᠢ ᠠᠬᠢᠭᠤᠯᠤᠨ᠂ 4GW ᠲᠤᠮᠤ ᠰᠠᠭᠤᠷᠢᠨ᠂ ᠤᠯᠤᠰ ᠤᠨ ᠴᠠᠬᠢᠯᠭᠠᠨ ᠤ ᠷᠦᠨ ᠶᠠᠩ ᠪᠤᠬᠢᠷᠳᠤᠯ ᠦᠬᠡᠢ ᠴᠠᠬᠢᠯᠭᠠᠨ ᠪᠠ ᠪᠠᠶᠢᠭᠤᠯᠵᠤ ᠪᠠᠶᠢᠭ᠎ᠠ ᠳᠠᠷᠬᠠᠢ ᠮᠠᠶ᠋ᠢᠭ ᠤᠨ ᠰᠠᠯᠬᠢᠨ ᠴᠠᠬᠢᠯᠭᠠᠨ ᠨᠠᠷᠠᠨ ᠡᠨᠧᠷᠬᠢ ᠶᠢᠨ ᠲᠦᠷᠤᠯ ᠵᠦᠢᠯ ᠢ 8 ᠰᠠᠷ᠎ᠠ  ᠳᠤ ᠪᠦᠬᠦ ᠪᠠᠭᠳᠠᠭᠠᠮᠵᠢ ᠪᠠᠷ ᠳᠤᠤᠷ ᠨᠠᠶᠢᠯᠡᠬᠦᠯᠬᠦ ᠪᠠᠷ ᠴᠢᠷᠮᠠᠶᠢᠨ᠂ ᠪᠦᠬᠦ ᠵᠢᠯ ᠤᠨ ᠰᠢᠨ᠎ᠠ ᠡᠨᠧᠷᠬᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢ 43 ᠳ᠋ᠦᠩᠰᠢᠭᠤᠷ ᠺᠢᠯᠤᠸᠠᠲ ᠴᠠᠭ ᠲᠤ ᠬᠦᠷᠬᠡᠨ᠎ᠡ᠃ ᠷᠦᠨ ᠶᠠᠩ ᠤᠨ ᠳᠤᠤᠷᠠᠳᠤ ᠤᠷᠤᠰᠬᠠᠯ ᠤᠨ ᠲᠦᠷᠤᠯ ᠵᠦᠢᠯ ᠢ ᠬᠦᠨᠵᠡᠬᠡᠢ ᠨᠡᠪᠳᠡᠷᠡᠯᠴᠡᠨ ᠠᠬᠢᠭᠤᠯᠵᠤ᠂ 3 ᠰᠠᠷ᠎ᠠ ᠳᠤ ᠪᠠᠷᠢᠯᠭ᠎ᠠ ᠡᠬᠢᠯᠡᠬᠦᠯᠤᠨ ᠪᠠᠶᠢᠭᠤᠯᠬᠤ ᠪᠠᠷ ᠴᠢᠷᠮᠠᠶᠢᠵᠤ᠂ 9 ᠰᠠᠷ᠎ᠠ ᠶᠢᠨ ᠰᠡᠬᠦᠯᠴᠢ ᠳᠤ ᠦᠨᠳᠤᠰᠤᠨ ᠳᠤ ᠪᠠᠨ ᠪᠠᠶᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠰᠢᠨ᠎ᠡ ᠡᠨᠧᠷᠬᠢ ᠶᠢᠨ ᠬᠡᠷᠡᠭᠯᠡᠯᠳᠠ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠡᠨᠧᠷᠬᠢ ᠶᠢᠨ ᠪᠤᠬᠢᠷᠳᠣᠯ ᠦᠬᠡᠢ ᠴᠠᠬᠢᠯᠭᠠᠨ ᠤ ᠬᠠᠩᠭᠠᠯᠭ᠎ᠠ ᠶᠢᠨ ᠬᠠᠷᠢᠴᠠᠯ ᠢ ᠳᠡᠬᠡᠭᠰᠢᠯᠡᠬᠦᠯᠵᠤ᠂ ᠪᠤᠬᠢᠷᠳᠤᠯ ᠦᠬᠡᠢ ᠴᠠᠬᠢᠯᠭᠠᠨ ᠢᠶᠠᠷ ᠤᠷᠤᠯᠠᠭᠤᠯᠬᠤ ᠳᠤᠷᠰᠢᠯᠳᠠ ᠶᠢᠨ ᠴᠡᠭ ᠢ ᠢᠳᠡᠪᠬᠢᠳᠠᠢ ᠦᠷᠨᠢᠬᠦᠯᠤᠨ᠂ ᠾᠧᠩ ᠺᠦᠨ᠂ ᠶᠠ ᠬᠠᠢ ᠵᠡᠷᠬᠡ ᠨᠦᠬᠡᠴᠠ ᠳᠠᠭᠠᠭᠠᠴᠠ ᠰᠠᠶᠢᠳᠠᠢ ᠲᠦᠷᠤᠯ ᠵᠦᠢᠯ ᠤᠨ ᠰᠢᠨ᠎ᠠ ᠡᠨᠧᠷᠬᠢ ᠶᠢᠨ ᠬᠡᠷᠡᠭᠯᠡᠯᠳᠠ ᠶᠢᠨ ᠳᠠᠯᠳᠠ ᠬᠦᠴᠤᠨ ᠢ ᠪᠠᠳᠠᠷᠠᠭᠤᠯᠤᠨ᠎ᠠ︔ ᠵᠢᠭᠤᠯᠴᠢᠯᠠᠯ ᠤᠨ ᠭᠠᠵᠠᠷ᠂ ᠠᠭᠤᠷᠬᠠᠢ ᠶᠢᠨ ᠣᠷᠣᠨ ᠵᠡᠷᠭᠡ ᠲᠠᠯᠠᠪᠤᠷ ᠲᠤ ᠠᠩᠬᠠᠷᠤᠯ ᠢᠶᠠᠨ ᠲᠦᠪᠯᠡᠷᠡᠬᠦᠯᠦᠨ᠂ ᠴᠠᠬᠢᠯᠭᠠᠨ ᠴᠡᠨᠡᠭᠯᠡᠬᠦ ᠦᠷᠲᠡᠭᠡ ᠪᠠ ᠡᠨᠧᠷᠬᠢ ᠬᠠᠳᠠᠭᠠᠯᠠᠬᠤ ᠳᠦᠬᠦᠬᠡᠷᠦᠮᠵᠢ ᠶᠢ ᠪᠠᠶᠢᠷᠢᠯᠠᠭᠤᠯᠬᠤ ᠪᠠᠷ ᠲᠦᠯᠦᠪᠵᠢᠬᠦᠯᠵᠦ᠂ ᠰᠢᠨ᠎ᠡ ᠡᠨᠧᠷᠬᠢ ᠶᠢᠨ ᠢᠯᠴᠢ ᠬᠠᠩᠭᠠᠬᠤ ᠲᠤᠷᠰᠢᠯᠲᠠ ᠶᠢᠨ ᠴᠡᠭ ᠢ ᠰᠦᠪᠡᠭᠴᠢᠯᠡᠨ᠂ ᠣᠯᠠᠮᠵᠢᠯᠠᠯᠲᠤ ᠢᠯᠴᠢ ᠬᠠᠩᠭᠠᠯᠭ᠎ᠠ ᠶᠢᠨ ᠡᠨᠧᠷᠬᠢ ᠶᠢ ᠣᠷᠣᠯᠠᠭᠤᠯᠵᠤ᠂ 4 ᠲᠦᠮᠡᠨ ᠺᠢᠯᠤᠸᠠᠲ ᠠᠴᠠ ᠳᠡᠭᠡᠭᠰᠢ ᠰᠢᠨ᠎ᠡ ᠡᠨᠧᠷᠬᠢ ᠶᠢ ᠲᠤᠬᠢᠷᠠᠭᠤᠯᠤᠨ ᠲᠦᠬᠦᠷᠵᠢᠬᠦᠯᠦᠨ᠎ᠡ᠃     ︵ᠭᠤᠷᠪᠠ︶ ᠰᠠᠭᠤᠷᠢ ᠳᠠᠪᠠᠭᠤᠯᠢᠭ ᠢ ᠬᠦᠢᠴᠡᠤᠨ ᠪᠠᠳᠠᠷᠠᠭᠤᠯᠤᠨ᠂ ᠬᠦᠳᠡᠭᠡ ᠳᠤᠰᠬᠤᠨ ᠤ ᠬᠦᠭᠵᠢᠯ ᠮᠠᠨᠳᠣᠯ ᠢ ᠪᠦᠬᠦ ᠳᠠᠯ᠎ᠠ ᠪᠠᠷ ᠠᠬᠢᠭᠤᠯᠤᠨ᠎ᠠ᠃ ᠮᠠᠯ ᠲᠠᠷᠢᠶᠠᠯᠠᠩ ᠤᠨ ᠦᠢᠯᠡᠰ ᠤᠨ ᠬᠡᠪᠴᠢᠶᠡᠵᠢᠭᠰᠡᠨ᠂ ᠠᠵᠤ ᠦᠢᠯᠡᠰᠴᠢᠯᠡᠭᠰᠡᠨ᠂ ᠨᠡᠷ᠎ᠡ ᠲᠡᠮᠲᠡᠭᠴᠢᠯᠡᠭᠰᠡᠨ᠂ ᠲᠤᠭᠠᠴᠠᠯᠠᠭᠰᠠᠨ ᠲᠠᠯ᠎ᠠ ᠪᠠᠷ ᠲᠦᠯᠤᠪᠵᠢᠬᠦᠯᠦᠨ ᠬᠦᠴᠦᠯᠡᠵᠦ᠂ ᠬᠦᠳᠡᠭᠡ ᠲᠤᠰᠬᠤᠨ ᠤ ᠬᠦᠭᠵᠢᠯ ᠮᠠᠨᠳᠣᠯ ᠤᠨ ᠳᠠᠭᠤᠷᠢᠶᠠᠯ ᠣᠷᠣᠨ ᠤ  ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠢᠬᠡᠳᠤᠬᠡᠷ ᠠᠵᠤ ᠤᠶᠢᠯᠡᠰ ᠤᠨ ᠨᠡᠮᠡᠭᠳᠡᠯ ᠦᠷᠳᠡᠭ ᠢ 29 ᠳ᠋ᠦᠩᠰᠢᠭᠤᠷ ᠲᠦᠬᠦᠷᠢᠭ ᠪᠡᠶᠡᠯᠡᠬᠦᠯᠬᠦ ᠪᠠᠷ ᠴᠢᠷᠮᠠᠶᠢᠨ᠂ 8% ᠤᠷᠴᠢᠮ ᠨᠡᠮᠡᠭᠳᠡᠬᠦᠯᠤᠨ᠎ᠠ᠃     ᠨᠢᠬᠡ ᠳᠤ ᠮᠠᠯ ᠳᠠᠷᠢᠶᠠᠯᠠᠩ ᠤᠨ ᠦᠢᠯᠡᠰ ᠤᠨ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠤᠨ᠎ᠠ᠃ ᠮᠠᠯ ᠲᠠᠷᠢᠶᠠᠯᠠᠩ ᠤᠨ ᠦᠢᠯᠡᠰ ᠤᠨ ︽ᠠᠷᠪᠠ ᠵᠠᠭᠤ ᠮᠢᠩᠭ᠎ᠠ ᠲᠦᠮᠡ ᠳ᠋ᠦᠩᠰᠢᠭᠤᠷ︾ ᠤᠨ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠨ᠂ ᠴᠢᠨᠠᠷᠯᠢᠭ ᠬᠦᠭᠵᠢᠯᠲᠡ ᠶᠢᠨ ᠳᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠵᠠᠰᠠᠪᠤᠷᠢᠯᠠᠨ ᠲᠡᠬᠦᠯᠳᠡᠷᠵᠢᠬᠦᠯᠵᠦ᠂ 5000 ᠲᠦᠮᠡᠨ ᠲᠦᠬᠦᠷᠢᠭ ᠠᠴᠠ ᠳᠡᠭᠡᠭᠰᠢ ᠬᠤᠰᠢᠭᠤ ᠳᠡᠰ ᠤᠨ ᠪᠡᠯᠡ ᠮᠦᠩᠬᠦ ᠶᠢ ᠲᠤᠬᠢᠷᠠᠭᠤᠯᠤᠨ᠂ ᠵᠢᠮᠢᠰ ᠨᠤᠭᠤᠭ᠎ᠠ ᠶᠢᠨ ᠳᠠᠷᠢᠯᠳᠠ ᠶᠢ 10 ᠲᠦᠮᠡᠨ ᠮᠤ᠋ ᠳᠤ ᠬᠦᠷᠭᠡᠵᠦ᠂ 3 ᠲᠦᠮᠡᠨ ᠮᠤ᠋ ᠶᠢᠨ ᠦᠨᠳᠤᠷ ᠪᠠᠷᠢᠮᠵᠢᠶᠠᠳᠤ ᠳᠠᠷᠢᠶᠠᠨ ᠭᠠᠵᠠᠷ ᠢ ᠬᠡᠷᠡᠭᠵᠢᠬᠦᠯᠤᠨ᠂ ︽ᠲᠠᠷᠬᠠᠢ ᠰᠣᠷᠪᠣᠯᠵᠢ ᠶᠢ ᠨᠢᠬᠡᠳᠬᠡᠨ ᠠᠰᠢᠭᠯᠠᠬᠤ︾ ᠠᠮᠢ ᠠᠬᠤᠶᠢᠴᠢ ᠲᠡᠵᠢᠬᠡᠪᠦᠷᠢ ᠶᠢᠨ ︽ᠮᠠᠯᠵᠢᠯ ᠤᠨ ᠲᠠᠯᠠᠪᠠᠢ︾ ᠶᠢᠨ ᠲᠤᠷᠰᠢᠯᠲᠠ ᠶᠢᠨ ᠴᠡᠭ ᠢ ᠰᠦᠪᠡᠭᠴᠢᠯᠡᠨ ᠪᠠᠶᠢᠭᠤᠯᠵᠤ᠂ ᠠᠯᠠᠰᠢᠨ ᠦᠬᠡᠷ ᠤᠨ ᠳᠤᠭ᠎ᠠ ᠳᠤᠯᠤᠭᠠᠢ ᠶᠢ 9 ᠲᠦᠮᠡ ᠠᠴᠠ ᠳᠠᠪᠠᠭᠤᠯᠤᠨ᠎ᠠ︔ ᠦᠪᠡᠷᠳᠡᠬᠡᠨ ᠵᠠᠰᠠᠬᠤ ᠤᠷᠤᠨ ᠤ ᠳᠡᠰ ᠤᠨ ᠠᠯᠠᠰᠢᠨ ᠮᠠᠯ ᠤᠨ ᠳᠡᠵᠢᠬᠡᠨ ᠦᠷᠡᠵᠢᠬᠦᠯᠬᠡ  ᠶᠢᠨ ᠳᠠᠭᠤᠷᠢᠶᠠᠯ ᠬᠦᠷᠢᠶᠡᠯᠡᠩ ᠳᠤᠭᠤᠷᠢᠭ ᠢ ᠪᠠᠶᠢᠭᠤᠯᠤᠨ᠂ ᠮᠠᠯ ᠤᠨ ᠳᠤᠭ᠎ᠠ ᠶᠢ 200 ᠲᠦᠮᠡᠨ ᠳᠤᠯᠤᠭᠠᠢ ᠠᠴᠠ ᠳᠠᠪᠠᠭᠤᠯᠤᠨ᠎ᠠ︔ ᠨᠤᠤᠯᠤᠭᠤᠷ ᠤᠨ ᠢᠮᠠᠭᠠᠨ ᠤ ᠳᠠᠭᠤᠷᠢᠶᠠᠯ ᠡᠷᠤᠬᠡ ᠶᠢ 100᠂ ᠣᠨᠴᠠ ᠨᠠᠷᠢᠨ ᠨᠣᠣᠯᠤᠭᠤᠷ ᠤᠨ ᠢᠮᠠᠭᠠᠨ ᠤ ᠰᠦᠷᠦᠭ ᠢ 15 ᠬᠦᠭᠵᠢᠬᠦᠯᠵᠦ᠂ ᠨᠤᠤᠯᠤᠭᠤᠷ ᠤᠨ ᠢᠮᠠᠭᠠᠨ ᠤ ᠳᠡᠵᠢᠬᠡᠨ ᠦᠷᠡᠵᠢᠬᠦᠯᠬᠦ ᠬᠡᠪᠴᠢᠶᠡᠵᠢᠯ ᠢ 80 ᠲᠦᠮᠡᠨ ᠳᠤᠯᠤᠭᠠᠢ ᠠᠴᠠ ᠳᠠᠪᠠᠭᠤᠯᠤᠨ᠎ᠠ︔ ᠰᠢᠶᠡᠨ ᠨᠦᠩ ᠺᠣᠮᠫᠠᠨᠢ ᠶᠢᠨ 1.2 ᠲᠦᠮᠡᠨ ᠮᠣ᠋ ᠳᠦᠬᠦᠬᠡᠷᠦᠮᠵᠢᠲᠤ ᠲᠠᠷᠢᠶᠠᠯᠠᠩ  ᠤᠨ ᠬᠦᠷᠢᠶᠡᠯᠡᠩ ᠲᠤᠭᠤᠷᠢᠭ᠂ ᠮᠦᠬᠦ ᠨᠠᠷᠢᠯᠢᠭ ᠪᠤᠯᠪᠠᠰᠣᠷᠠᠭᠤᠯᠬᠤ ᠠᠵᠤ ᠦᠢᠯᠡᠰ ᠤᠨ ᠰᠠᠭᠤᠷᠢᠨ ᠵᠡᠷᠭᠡ ᠲᠦᠷᠦᠯ ᠵᠦᠢᠯ ᠢ ᠡᠬᠢᠯᠡᠬᠦᠯᠦᠨ᠂ ᠮᠠᠯ ᠲᠠᠷᠢᠶᠠᠯᠠᠩ ᠤᠨ ᠪᠦᠲᠦᠬᠡᠭᠳᠡᠬᠦᠨ ᠤ ᠦᠢᠯᠡᠳᠪᠦᠷᠢᠯᠡᠯ᠂ ᠭᠥᠷᠥᠭᠡᠨ ᠲᠠᠮᠵᠢᠭᠤᠯᠬᠤ ᠭᠦᠢᠯᠭᠡᠭᠡᠨ ᠤ ᠠᠵᠤ ᠦᠢᠯᠡᠰ ᠤᠨ ᠬᠡᠯᠬᠢᠶᠡᠵᠢᠯ ᠢ ᠤᠷᠳᠤᠤᠨᠬᠠᠨ᠎ᠠ᠃     ᠬᠤᠶᠠᠷ ᠲᠤ ᠮᠠᠯ ᠲᠠᠷᠢᠶᠠᠯᠠᠩ ᠤᠨ ᠪᠦᠲᠦᠬᠡᠭᠳᠡᠬᠦᠨ ᠢ ᠪᠤᠯᠪᠠᠰᠣᠷᠠᠭᠤᠯᠤᠨ ᠦᠷᠲᠡᠭ ᠢ ᠨᠡᠮᠡᠭᠳᠡᠬᠦᠯᠬᠦ ᠶᠢ ᠴᠢᠩᠭᠠᠳᠬᠠᠨ᠎ᠠ᠃ ᠨᠡᠷ᠎ᠡ ᠲᠡᠮᠲᠡᠭ ᠤᠨ ᠪᠤᠶᠢᠵᠢᠭᠤᠯᠤᠯᠲᠠ ᠶᠢᠨ ᠡᠷᠴᠢᠮ ᠢᠶᠠᠨ ᠴᠢᠩᠭᠠᠤᠨᠬᠠᠵᠤ᠂ ᠯᠠᠵᠤᠤ᠂ ᠦᠬᠡᠷ ᠮᠠᠯ ᠤᠨ ᠮᠢᠬ᠎ᠠ ᠵᠡᠷᠬᠡ ᠭᠤᠤᠯᠳᠠᠯᠭᠠᠳᠤ ᠨᠡᠷᠡᠳᠤ ᠳᠡᠮᠳᠡᠭ ᠤᠨ ᠪᠤᠷᠤᠯᠠᠭᠤᠯᠭ᠎ᠠ ᠶᠢᠨ ᠦᠷᠳᠡᠭ ᠢ 25 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠂ 2 ᠠᠴᠠ ᠳᠡᠭᠡᠭᠰᠢ ᠨᠡᠷᠡᠲᠦ ᠤᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠬᠡᠭᠳᠡᠬᠦᠨ ᠢ ᠰᠢᠨ᠎ᠠ ᠬᠡᠷᠡᠴᠢᠯᠡᠬᠦᠯᠵᠦ᠂ ᠭᠤᠤᠯᠳᠠᠯᠭᠠᠳᠤ ᠬᠤᠳᠠ ᠳᠤ ᠮᠠᠯ ᠲᠠᠷᠢᠶᠠᠯᠠᠩ ᠤᠨ ᠪᠦᠲᠦᠬᠡᠭᠳᠡᠬᠦᠨ ᠤ ᠦᠯᠢᠭᠡᠷ ᠳᠡᠯᠭᠡᠬᠦᠷ ᠢ 5 ᠠᠴᠠ ᠳᠡᠭᠡᠭᠰᠢ ᠪᠠᠶᠢᠭᠤᠯᠤᠨ᠂ ᠪᠦᠬᠦ ᠬᠤᠲᠠ  ᠶᠢᠨ ᠲᠤᠷᠰᠢᠯᠲᠠ ᠶᠢᠨ ᠴᠡᠭ ᠪᠤᠯᠭᠠᠬᠤ ᠪᠠᠷ ᠴᠢᠷᠮᠠᠶᠢᠨ᠎ᠠ︔ ᠪᠦᠬᠦ ᠣᠯᠣᠰ ᠤᠨ ᠪᠤᠬᠢᠷᠳᠣᠯ ᠦᠬᠡᠢ ᠢᠳᠡᠬᠡᠨ ᠤ ᠲᠦᠬᠦᠬᠡᠢ ᠮᠡᠲ᠋ᠧᠷᠢᠶᠡᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ᠂ ᠣᠯᠣᠰ ᠤᠨ ᠲᠡᠰ ᠤᠨ ᠮᠠᠯ ᠲᠠᠷᠢᠶᠠᠯᠠᠩ ᠤᠨ ᠪᠦᠲᠦᠬᠡᠭᠳᠡᠬᠦᠨ ᠤ ᠶᠠᠰᠣ ᠴᠢᠨᠠᠷ ᠤᠨ ᠠᠮᠣᠷ ᠳᠦᠪᠰᠢᠨ ᠤ ᠰᠢᠶᠡᠨ ᠤ ᠴᠤᠭᠴᠠᠯᠠᠯᠲᠠ ᠶᠢ ᠲᠦᠷᠬᠡᠤᠨᠬᠡᠨ ᠠᠬᠢᠭᠤᠯᠤᠨ᠎ᠠ︔ ᠳᠣᠮᠳᠠᠳᠣ ᠣᠯᠣᠰ ᠤᠨ ᠬᠦᠭᠵᠢᠯᠲᠡ ᠶᠢᠨ ᠪᠠᠶᠢᠯᠳᠣᠬᠤ ᠪᠣᠳᠣᠯᠭ᠎ᠠ ᠶᠢᠨ ᠰᠣᠳᠣᠯᠭᠠᠨ ᠤ ᠨᠡᠶᠢᠬᠡᠮᠯᠢᠭ ᠵᠡᠷᠭᠡ ᠰᠢᠨᠵᠢᠯᠡᠭᠡ ᠮᠡᠷᠬᠡᠵᠢᠯ ᠤᠨ ᠰᠣᠳᠣᠯᠭᠠᠨ ᠤ ᠬᠦᠷᠢᠶᠡᠯᠡᠩ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠭᠡ ᠮᠡᠷᠬᠡᠵᠢᠯ ᠤᠨ ᠪᠢᠴᠢᠯ ᠬᠦᠷᠢᠶᠡᠯᠡᠩ᠂ ᠰᠢᠨᠵᠢᠯᠡᠭᠡ ᠮᠡᠷᠬᠡᠵᠢᠯ ᠤᠨ ᠰᠣᠳᠣᠯᠭᠠᠨ ᠤ ᠲᠦᠪ ᠪᠤᠯᠤᠨ ᠪᠦᠲᠦᠮᠵᠢ ᠶᠢᠨ ᠬᠤᠪᠢᠷᠠᠭᠤᠯᠤᠯᠲᠠ ᠶᠢᠨ ᠰᠠᠭᠤᠷᠢᠨ ᠢ ᠪᠠᠶᠢᠭᠤᠯᠤᠨ᠎ᠠ︔ ᠲᠤᠭᠠᠴᠠᠯᠠᠭᠰᠠᠨ ᠮᠠᠯ ᠲᠠᠷᠢᠶᠠᠯᠠᠩ ᠤᠨ ᠦᠢᠯᠡᠰ ᠢ ᠶᠡᠬᠡᠪᠡᠷ ᠬᠦᠭᠵᠢᠬᠦᠯᠦᠨ᠂ ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠨᠡᠶᠢᠬᠡᠮᠴᠢᠯᠡᠭᠰᠡᠨ ᠦᠢᠯᠡᠴᠢᠯᠡᠬᠡᠨ ᠤ ᠳᠠᠪᠴᠠᠩ ᠢ ᠪᠠᠶᠢᠭᠤᠯᠵᠤ᠂ ᠬᠤᠲᠠ ᠶᠢᠨ ᠲᠡᠰ ᠤᠨ ᠣᠶᠣᠨᠴᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠴᠤᠭᠴᠠᠯᠠᠨ᠂ ᠮᠠᠯ ᠳᠠᠷᠢᠶᠠᠯᠠᠩ ᠤᠨ ᠪᠦᠳᠤᠬᠡᠭᠳᠡᠬᠦᠨ ᠡᠳ᠋ᠰᠢᠬᠦᠯᠬᠦ ᠠᠵᠢᠯᠴᠢᠨ ᠤᠯᠳᠠᠬᠤ ᠦᠬᠡᠢ᠂ ᠬᠦᠯᠤᠰᠤ ᠮᠦᠩᠬᠦ ᠦᠨᠡᠳᠠᠢ ᠠᠰᠠᠭᠤᠳᠠᠯ ᠢ ᠰᠠᠶᠢᠳᠤᠷ ᠰᠢᠢᠤᠨᠪᠤᠷᠢᠯᠡᠵᠤ᠂ ᠦᠢᠯᠡᠴᠢᠯᠡᠬᠡᠨ ᠤ ᠪᠠᠲᠤᠯᠠᠭ᠎ᠠ ᠶᠢ ᠲᠠᠰᠣᠷᠠᠯᠲᠠ ᠦᠬᠡᠢ ᠴᠢᠩᠭᠠᠳᠬᠠᠨ᠎ᠠ᠃     ᠭᠤᠷᠪᠠ ᠳᠤ ᠳᠠᠬᠢᠨ ᠶᠠᠳᠠᠭᠤᠷᠠᠬᠤ ᠶᠢ ᠰᠡᠷᠬᠡᠶᠢᠯᠡᠬᠦ ᠪᠠᠬᠢᠵᠢᠬᠦᠯᠦᠯᠲᠡ ᠠᠪᠴᠠᠯᠳᠣᠭᠤᠯᠣᠯ ᠢ ᠰᠠᠶᠢᠲᠤᠷ ᠬᠢᠨ᠎ᠡ᠃ ︽ᠬᠤᠶᠠᠷ ᠲᠤ ᠵᠤᠪᠠᠨᠢᠬᠤ ᠦᠬᠡᠢ ᠭᠤᠷᠪᠠ  ᠶᠢ ᠪᠠᠲᠤᠯᠠᠬᠤ︾ ᠪᠦᠲᠦᠮᠵᠢ ᠶᠢ ᠳᠡᠭᠡᠭᠰᠢᠯᠡᠬᠦᠯᠵᠦ᠂ ᠣᠨᠳᠣᠣ ᠭᠠᠵᠠᠷ ᠨᠡᠬᠦᠯᠭᠡᠨ ᠰᠢᠯᠵᠢᠬᠦᠯᠦᠭᠰᠡᠨ ᠤ ᠳᠠᠷᠠᠭᠠᠬᠢ ᠠᠵᠤ ᠦᠢᠯᠡᠰ ᠤᠨ ᠠᠪᠴᠠᠯᠳᠣᠭᠤᠯᠭ᠎ᠠ ᠶᠢ ᠪᠦᠬᠦ ᠬᠦᠴᠦᠨ ᠢᠶᠠᠷ ᠰᠠᠶᠢᠲᠤᠷ ᠬᠢᠨ᠂ ᠳᠠᠬᠢᠨ ᠶᠠᠳᠠᠭᠤᠷᠠᠬᠤ ᠶᠢ ᠰᠡᠷᠬᠡᠶᠢᠯᠡᠬᠦ ᠶᠠᠳᠠᠷᠠᠭᠤᠯᠬᠤ ᠬᠦᠳᠡᠯᠦᠩᠬᠦᠢ  ᠬᠢᠨᠠᠨ ᠡᠵᠡᠮᠰᠢᠯ ᠪᠠ ᠳᠠᠭᠠᠭᠠᠴᠢᠯᠠᠯᠲᠠ ᠶᠢᠨ ᠲᠤᠭᠲᠠᠴᠠ ᠶᠢ ᠪᠠᠶᠢᠭᠤᠯᠵᠤ᠂ ᠠᠵᠤ ᠦᠢᠯᠡᠰ ᠢ ᠳᠡᠳᠬᠦᠬᠦ ᠲᠦᠷᠦᠯ ᠵᠦᠢᠯ ᠢ ᠨᠠᠷᠢᠯᠢᠭ ᠣᠨᠣᠪᠴᠢᠲᠠᠢ ᠲᠦᠯᠦᠪᠵᠢᠬᠦᠯᠦᠨ᠂ ︽ᠣᠷᠣᠨ ᠠᠯᠣᠰᠯᠠᠭᠰᠠᠨ ᠠᠵᠤ ᠠᠬᠤᠢ︾᠂ ᠬᠦᠷᠢᠶᠡᠯᠡᠩ ᠲᠤᠭᠤᠷᠢᠭ ᠤᠨ ᠪᠠᠶᠢᠭᠤᠯᠤᠯᠲᠠ ᠵᠡᠷᠭᠡ ᠠᠵᠤ ᠦᠢᠯᠡᠰ ᠤᠨ ᠬᠦᠭᠵᠢᠯᠲᠡ ᠶᠢᠨ ᠵᠠᠭᠪᠤᠷ ᠢ ᠬᠡᠷᠡᠭᠵᠢᠬᠦᠯᠵᠦ᠂ ︽ᠬᠦᠴᠦᠷᠬᠡᠭ ᠭᠠᠴᠠᠭ᠎ᠠ ᠲᠤᠰᠬᠤᠨ ᠨᠢ ᠪᠠᠭᠤᠷᠠᠢ ᠪᠠᠨ ᠳᠠᠶᠢᠴᠢᠯᠠᠬᠤ︾ ᠪᠠᠷ ᠳᠠᠮᠵᠢᠭᠤᠯᠤᠨ ︽ᠠᠵᠤ ᠦᠢᠯᠡᠳᠪᠦᠷᠢ ᠪᠠᠷ ᠮᠠᠯ ᠲᠠᠷᠢᠶᠠᠯᠠᠩ ᠢ ᠳᠡᠳᠬᠦᠬᠦ︾᠂ ︽ᠬᠤᠶᠠᠳᠣᠭᠠᠷ ᠠᠵᠤ ᠦᠢᠯᠡᠰ ᠢᠶᠠᠷ ᠨᠢᠬᠡᠳᠦᠬᠡᠷ ᠠᠵᠣ ᠦᠢᠯᠡᠰ ᠢ ᠳᠠᠶᠢᠴᠢᠯᠠᠬᠤ︾ ᠠᠵᠢᠯᠯᠠᠭᠠᠨ ᠢ ᠬᠡᠷᠡᠭᠵᠢᠬᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠬᠦᠯᠵᠢᠬᠦᠶᠢᠴᠡ ᠨᠡᠮᠡᠭᠳᠡᠯ ᠢ ᠠᠬᠢᠭᠤᠯᠵᠤ᠂ ᠪᠦᠬᠦ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢ 25  ᠲᠦᠮᠡᠨ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠣᠷᠣᠰᠢᠨ ᠰᠠᠭᠤᠬᠤ ᠣᠷᠴᠢᠨ ᠲᠤᠭᠤᠷᠢᠨ ᠤ ᠴᠡᠭᠴᠡᠯᠡᠯᠲᠡ ᠶᠢ ᠴᠢᠩᠭᠠᠳᠬᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠠᠮᠵᠢᠯᠲᠠᠲᠠᠢ ᠲᠤᠷᠰᠢᠯᠭ᠎ᠠ ᠶᠢ ᠬᠦᠨᠵᠡᠬᠡᠢ ᠰᠣᠷᠣᠯᠴᠠᠨ᠂ ᠦᠪᠡᠷᠳᠡᠬᠡᠨ ᠵᠠᠰᠠᠬᠤ ᠤᠷᠤᠨ ᠤ 10 ᠣᠷᠣᠰᠢᠨ ᠰᠠᠭᠤᠬᠤ ᠦᠢᠯᠡᠰ ᠪᠤᠰᠬᠠᠬᠤ ᠳᠤ ᠳᠣᠬᠢᠷᠠᠮᠵᠢᠲᠠᠢ ᠦᠵᠡᠰᠬᠦᠯᠡᠩᠲᠦ ᠰᠠᠶᠢᠬᠠᠨ ᠳᠠᠭᠤᠷᠢᠶᠠᠯ ᠭᠠᠴᠠᠭ᠎ᠠ ᠳᠤᠰᠬᠤᠨ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠤᠨ᠎ᠠ᠃     ︵ᠳᠦᠷᠪᠡ︶ ᠬᠤᠪᠢᠰᠬᠠᠯᠲᠤ ᠣᠳᠣᠮᠰᠢᠯ ᠢ ᠣᠯᠠᠮᠵᠢᠯᠠᠨ ᠵᠠᠯᠭᠠᠮᠵᠢᠯᠠᠵᠤ᠂ ᠰᠣᠶᠣᠯ ᠵᠢᠭᠤᠯᠴᠢᠯᠠᠯ ᠤᠨ ᠠᠭᠤᠰᠣᠯᠴᠠᠯ ᠬᠦᠭᠵᠢᠯᠲᠡ ᠶᠢ ᠲᠦᠷᠬᠡᠳᠬᠡᠨ᠎ᠡ᠃ ᠬᠤᠪᠢᠰᠬᠠᠯᠲᠤ ᠡᠬᠢ ᠰᠣᠷᠪᠣᠯᠵᠢ ᠶᠢ ᠬᠦᠨᠵᠡᠬᠡᠢ ᠠᠭᠤᠲᠠᠯᠠᠵᠤ ᠠᠰᠢᠭᠯᠠᠨ᠂ ᠨᠡᠷ᠎ᠡ ᠲᠡᠮᠲᠡᠭ ᠤᠨ ᠡᠬᠦᠳᠦᠯᠲᠡ᠂ ᠣᠬᠠᠭᠤᠯᠭ᠎ᠠ ᠲᠦᠬᠡᠮᠡᠯᠵᠢᠬᠦᠯᠦᠯᠲᠡ᠂ ᠣᠷᠣᠨ ᠪᠦᠰᠡ ᠶᠢᠨ ᠬᠠᠮᠲᠤᠷᠠᠯᠴᠠᠭ᠎ᠠ᠂ ᠠᠵᠤ ᠦᠢᠯᠡᠰ ᠤᠨ ᠠᠭᠤᠰᠣᠯᠴᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠤᠨ᠎ᠠ᠃ ᠭᠤᠷᠪᠠᠳᠣᠭᠠᠷ ᠠᠵᠤ ᠦᠢᠯᠡᠰ ᠤᠨ ᠨᠡᠮᠡᠭᠳᠡᠯ ᠦᠷᠲᠡᠭ ᠢ 51 ᠳ᠋ᠦᠩᠰᠢᠭᠤᠷ ᠲᠦᠬᠦᠷᠢᠭ ᠪᠡᠶᠡᠯᠡᠬᠦᠯᠦᠨ᠂ 6% ᠠᠴᠠ ᠳᠡᠬᠡᠭᠰᠢ ᠨᠡᠮᠡᠭᠳᠡᠬᠦᠯᠦᠨ᠎ᠡ᠃     ᠨᠢᠬᠡ ᠳᠤ ᠣᠨᠴᠠᠯᠢᠭᠲᠤ ᠨᠡᠷ᠎ᠡ ᠲᠡᠮᠲᠡᠭ ᠤᠨ ᠡᠬᠦᠳᠦᠯᠲᠡ ᠶᠢ ᠠᠬᠢᠭᠤᠯᠤᠨ᠎ᠠ᠃ ᠬᠤᠪᠢᠰᠬᠠᠯᠲᠤ ᠡᠬᠢ ᠰᠣᠷᠪᠣᠯᠵᠢ ᠶᠢᠨ ᠨᠡᠶᠢᠲᠡᠮ ᠪᠠᠶᠢᠴᠠᠭᠠᠯᠲᠠ ᠨᠤᠲᠠᠯᠠᠯᠲᠠ  ᠶᠢ ᠬᠦᠨᠵᠡᠬᠡᠶᠢᠷᠡᠬᠦᠯᠦᠨ᠂ ᠲᠡᠣᠬᠡ ᠪᠠᠨ ᠲᠤᠲᠤᠷᠬᠠᠶᠢᠯᠠᠵᠤ᠂ ︽ᠪᠤᠷᠤᠪᠠᠯᠭᠠᠰᠣᠨ ᠴᠠᠶᠢᠵᠠ︾᠂ ︽ᠬᠤᠪᠢᠰᠬᠠᠯᠲᠤ ᠰᠣᠶᠣᠯ ᠤᠨ ᠪᠠᠯᠭᠠᠰᠣ︾ ᠶᠢᠨ ᠶᠡᠷᠦᠩᠬᠡᠶᠢᠯᠡᠭᠰᠡᠨ ᠰᠡᠯᠡᠬᠦᠴᠡᠯ ᠤᠨ ᠣᠷᠣᠨ ᠵᠠᠢ ᠶᠢᠨ ᠪᠠᠶᠢᠷᠢᠯᠠᠭᠤᠯᠤᠯᠲᠠ ᠶᠢ ᠲᠦᠷᠬᠡᠳᠬᠡᠨ᠂ ᠨᠡᠩ ᠣᠯᠠᠨ ᠦᠨᠳᠦᠰᠦ ᠰᠣᠷᠪᠣᠯᠵᠢ ᠦᠳᠬᠡᠨ ᠵᠤᠵᠠᠭᠠᠨ᠂ ᠦᠪᠡᠷᠮᠢᠴᠡ ᠣᠨᠴᠠᠯᠢᠭ ᠢᠯᠡ ᠲᠤᠲᠤ ᠬᠤᠪᠢᠰᠬᠠᠯᠲᠤ ᠬᠦᠮᠦᠵᠢᠯ ᠤᠨ ᠰᠣᠳᠣᠯᠭ᠎ᠠ ᠰᠣᠷᠣᠯᠴᠠᠯᠭ᠎ᠠ ᠶᠢᠨ ᠲᠦᠷᠦᠯ ᠵᠦᠢᠯ᠂ ᠰᠣᠳᠣᠯᠭ᠎ᠠ ᠰᠣᠷᠣᠯᠴᠠᠯᠭ᠎ᠠ ᠵᠢᠭᠤᠯᠴᠢᠯᠠᠯ ᠰᠡᠯᠡᠬᠦᠴᠡᠯ ᠤᠨ ᠰᠣᠳᠣᠨ ᠵᠠᠮ ᠱᠣᠭᠤᠮ ᠪᠠ ᠬᠦᠮᠦᠵᠢᠯ ᠪᠤᠯᠪᠠᠰᠣᠷᠠᠯ ᠤᠨ ᠬᠢᠴᠢᠶᠡᠯ ᠲᠦᠷᠦᠯ ᠢ ᠬᠦᠨᠵᠡᠬᠡᠶᠢᠷᠡᠬᠦᠯᠦᠨ ᠪᠦᠷᠢᠯᠳᠦᠬᠦᠯᠵᠦ᠂ ᠨᠢᠬᠡ ᠪᠦᠯᠦᠭ ᠬᠤᠪᠢᠰᠬᠠᠯᠲᠤ ᠰᠣᠶᠣᠯ ᠤᠨ ᠤᠨᠴᠠᠯᠢᠭ ᠲᠤᠲᠤ ᠰᠣᠶᠣᠯ ᠤᠨ ᠪᠦᠲᠦᠭᠡᠭᠳᠡᠬᠦᠨ ᠢ ᠨᠠᠷᠢᠯᠢᠭ ᠪᠦᠲᠦᠬᠡᠵᠦ ᠳᠡᠯᠭᠡᠷᠡᠬᠦᠯᠦᠨ᠂ ᠲᠤᠲᠤᠷᠬᠠᠢ ᠢᠯᠭᠠᠴᠠ ᠲᠠᠢ ︽ᠬᠤᠪᠢᠰᠬᠠᠯᠲᠤ ᠰᠣᠶᠣᠯ+︾ ᠤᠨ ᠨᠡᠷ᠎ᠡ ᠲᠡᠮᠲᠡᠭ ᠢ ᠡᠬᠦᠳᠦᠨ᠎ᠡ᠃     ᠬᠤᠶᠠᠷ ᠲᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠴᠦᠯᠡᠨ ᠠᠬᠢᠭᠤᠯᠤᠨ᠎ᠠ᠃ ᠬᠤᠪᠢᠰᠬᠠᠯ ᠤᠨ ᠡᠷᠲᠡ ᠴᠢᠯᠦᠬᠡᠯᠡᠭᠳᠡᠭᠰᠡᠨ ᠣᠷᠣᠨ᠂ ᠱᠠᠨᠰᠢ ᠭᠠᠨᠰᠣ ᠨᠢᠩᠰᠢᠶᠠ ᠶᠢᠨ ᠬᠢᠵᠠᠭᠠᠷ ᠣᠷᠣᠨ ᠤ ᠪᠦᠷᠢᠯᠳᠦᠬᠦᠨ ᠬᠡᠰᠡᠭ ᠤᠨ ᠲᠡᠣᠬᠡ ᠶᠢᠨ ᠳᠠᠪᠠᠭᠤᠯᠢᠭ ᠲᠤ ᠰᠠᠭᠤᠷᠢᠯᠠᠵᠤ᠂ ᠣᠲᠤᠭ ᠤᠨ ᠡᠮᠦᠨᠡᠲᠦ ᠬᠤᠰᠢᠭᠤᠨ ᠤ ᠬᠤᠪᠢᠰᠬᠠᠯ  ᠤᠨ ᠲᠡᠣᠬᠡ ᠣᠳᠣᠮᠰᠢᠯ ᠢ ᠪᠠᠷᠠᠭᠤᠨ ᠬᠤᠶᠢᠲᠤ ᠣᠷᠣᠨ ᠤ ᠬᠤᠪᠢᠰᠬᠠᠯ ᠤᠨ ᠲᠡᠣᠬᠡ ᠲᠠᠢ ᠣᠶᠠᠯᠳᠣᠭᠤᠯᠣᠨ᠂ ᠶᠠᠨ ᠠᠨ᠂ ᠲᠦᠩ ᠴᠣᠸᠡᠨ᠂ ᠶᠡᠭᠡ ᠮᠠᠰᠢᠩ᠂ ᠪᠤᠷᠤ ᠬᠤᠲᠠ ᠵᠡᠷᠭᠡ ᠬᠦᠷᠰᠢ ᠵᠡᠷᠭᠡᠯᠳᠡᠭᠡ ᠰᠢᠶᠡᠨ ᠯᠦᠭᠡ ᠵᠢᠭᠤᠯᠴᠢᠯᠠᠭᠰᠠᠳ ᠤᠨ ᠢᠷᠡᠯᠲᠡ ᠪᠠᠨ ᠬᠠᠮᠲᠤᠪᠡᠷ ᠡᠳ᠋ᠯᠡᠬᠦ᠂ ᠵᠠᠮ ᠱᠣᠭᠤᠮ ᠢᠶᠠᠨ ᠨᠡᠪᠲᠡᠷᠡᠯᠴᠡᠬᠦᠯᠬᠦ ᠪᠠᠨ ᠴᠢᠩᠭᠠᠤᠨᠬᠠᠵᠤ᠂ ᠵᠢᠯ ᠤᠨ ᠲᠤᠲᠤᠷ᠎ᠠ ᠬᠤᠲᠠ ᠶᠢᠨ ᠬᠡᠪ ᠲᠦᠷᠬᠦ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ᠂ ᠰᠣᠳᠣᠯᠭ᠎ᠠ ᠰᠣᠷᠣᠯᠴᠠᠯᠭ᠎ᠠ ᠶᠢᠨ ᠭᠤᠤᠯ ᠰᠡᠳᠦᠪᠲᠤ ᠰᠢᠷᠢᠰ ᠠᠵᠢᠯᠯᠠᠭᠠᠨ ᠢ 15 ᠠᠴᠠ ᠳᠡᠭᠡᠭᠰᠢ ᠦᠷᠨᠢᠬᠦᠯᠦᠨ᠂  ᠬᠤᠪᠢᠰᠬᠠᠯᠲᠤ ᠬᠦᠮᠦᠵᠢᠯ ᠤᠨ ᠪᠤᠯᠪᠠᠰᠣᠷᠠᠯ ᠢ 300 ᠣᠳᠠᠭ᠎ᠠ ᠠᠴᠠ ᠳᠠᠪᠠᠭᠤᠯᠤᠨ᠎ᠠ᠃ ᠰᠦᠯᠵᠢᠶᠡᠨ ᠤ ᠰᠢᠭᠤᠳ ᠨᠡᠪᠲᠡᠷᠡᠬᠦᠯᠬᠡ ᠵᠡᠷᠭᠡ ᠰᠢᠨ᠎ᠡ ᠬᠡᠯᠪᠡᠷᠢ ᠶᠢᠨ ᠣᠬᠠᠭᠤᠯᠭ᠎ᠠ ᠶᠢᠨ ᠠᠴᠢᠶᠠᠯᠠᠭᠴᠢ ᠶᠢ ᠬᠦᠢᠴᠡᠳ ᠠᠰᠢᠭᠯᠠᠵᠤ᠂ ᠮᠠᠨ ᠤ ᠬᠤᠰᠢᠭᠤᠨ ᠤ ᠬᠤᠪᠢᠰᠬᠠᠯᠲᠤ ᠰᠣᠶᠣᠯ ᠵᠢᠭᠤᠯᠴᠢᠯᠠᠯ ᠤᠨ ᠠᠯᠳᠠᠷᠰᠢᠯ ᠪᠠ ᠨᠦᠯᠦᠬᠡᠯᠡᠯ ᠢ ᠲᠠᠰᠣᠷᠠᠯᠲᠠ ᠦᠬᠡᠢ ᠳᠡᠭᠡᠭᠰᠢᠯᠡᠬᠦᠯᠦᠨ᠎ᠡ᠃ ᠪᠦᠬᠦ ᠵᠢᠯ ᠤᠨ ᠵᠢᠭᠤᠯᠴᠢᠯᠠᠭᠰᠠᠳ ᠤᠨ ᠲᠤᠭ᠎ᠠ ᠶᠢ 150 ᠲᠦᠮᠡᠨ ᠬᠦᠮᠦᠨ᠂ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 26 ᠳ᠋ᠦᠩᠰᠢᠭᠤᠷ ᠲᠦᠬᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃     ᠭᠤᠷᠪᠠ ᠳᠤ ᠠᠵᠤ ᠦᠢᠯᠡᠰ ᠤᠨ ᠣᠯᠠᠨ ᠡᠰᠢᠲᠤ ᠠᠭᠤᠰᠤᠯᠴᠠᠯ ᠢ ᠠᠬᠢᠭᠤᠯᠤᠨ᠎ᠠ᠃ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠬᠦᠭᠵᠢᠯᠲᠡ ᠶᠢ ᠳᠡᠮᠵᠢᠨ ᠬᠦᠬᠢᠬᠦᠯᠬᠦ ᠠᠷᠭ᠎ᠠ︾ ᠶᠢ ᠵᠠᠰᠠᠪᠤᠷᠢᠯᠠᠨ ᠳᠡᠬᠦᠯᠳᠡᠷᠵᠢᠬᠦᠯᠵᠦ᠂ 1000 ᠲᠦᠮᠡᠨ ᠲᠦᠬᠦᠷᠢᠭ ᠤᠨ ᠳᠤᠰᠬᠠᠢ ᠲᠦᠷᠤᠯ ᠤᠨ ᠪᠡᠯᠡ ᠮᠦᠩᠬᠦ  ᠶᠢ ᠦᠷᠬᠦᠯᠵᠢᠬᠦᠶᠢᠴᠠ ᠳᠤᠬᠢᠷᠠᠭᠤᠯᠤᠨ᠂ ᠳᠠᠶᠢᠴᠢᠯᠠᠯᠲᠠ ᠪᠠ ᠨᠦᠯᠦᠬᠡᠯᠡᠯ ᠢᠶᠠᠨ ᠴᠢᠩᠭᠠᠳᠬᠠᠨ᠎ᠠ᠃ ᠪᠤᠲᠠᠲᠤ ᠬᠦᠴᠦᠨ ᠢᠶᠠᠷ ᠴᠢᠩᠭ᠎ᠠ᠂ ᠡᠬᠢ ᠰᠣᠷᠪᠣᠯᠵᠢ ᠪᠠᠷ ᠪᠠᠶᠠᠯᠢᠭ ᠠᠵᠤ ᠠᠬᠤᠶᠢᠯᠠᠯ ᠢ ᠣᠷᠣᠭᠤᠯᠵᠣ ᠠᠪᠴᠢᠷᠠᠨ᠂ ᠶᠡᠭᠡ ᠲᠤᠬᠤᠢ ᠶᠢᠨ ᠠᠮᠢ ᠠᠬᠤᠶᠢᠴᠢ ᠵᠢᠭᠤᠯᠴᠢᠯᠠᠯ ᠤᠨ ᠳᠠᠯᠳᠠ ᠬᠦᠴᠦᠨ ᠢ ᠬᠦᠨᠵᠡᠬᠡᠢ ᠠᠭᠤᠲᠠᠯᠠᠵᠤ᠂ ᠶᠡᠭᠡ ᠲᠤᠯᠤᠨ ᠵᠢᠭᠤᠯᠴᠢᠯᠠᠯ ᠤᠨ ᠣᠷᠣᠨ ᠢ ᠪᠠᠬᠢᠵᠢᠬᠦᠯᠵᠦ ᠳᠡᠭᠡᠭᠰᠢᠯᠡᠬᠦᠯᠦᠨ᠂ ᠬᠡᠷᠡᠮ ᠤᠨ ᠭᠤᠤᠯ ᠵᠢᠭᠤᠯᠴᠢᠯᠠᠯ ᠤᠨ ᠣᠷᠣᠨ ᠤ ᠡᠮᠦᠨ᠎ᠡ‌ᠣᠮᠠᠷᠠᠲᠤ ᠲᠤᠭᠤᠷᠢᠭ ᠤᠨ ᠨᠡᠪᠲᠡᠷᠡᠯᠴᠡᠭᠡ ᠶᠢ ᠠᠬᠢᠭᠤᠯᠤᠨ᠎ᠠ︔ ᠠᠵᠠᠲᠠᠢ ᠪᠡᠶ᠎ᠡ ᠰᠣᠪᠢᠯᠠᠬᠤ ᠬᠦᠷᠢᠶᠡᠯᠡᠩ ᠤᠨ ᠡᠷᠡᠬᠦᠯᠵᠢᠯ ᠰᠣᠪᠢᠯᠠᠯ ᠤᠨ ᠪᠡᠶᠡᠴᠢᠯᠡᠨ ᠣᠶᠢᠯᠠᠭᠠᠯᠲᠠ ᠲᠠᠢ ᠣᠶᠠᠯᠳᠣᠭᠤᠯᠵᠣ᠂ 68 ᠭᠷᠠᠳᠦ᠋ᠰ ᠤᠨ ᠭᠠᠵᠠᠷ ᠤᠨ ᠢᠯᠴᠢ ᠶᠢᠨ ᠡᠬᠢ ᠰᠣᠷᠪᠣᠯᠵᠢ ᠶᠢ ᠬᠦᠢᠴᠡᠳ ᠠᠰᠢᠭᠯᠠᠨ᠂ ︽ᠷᠠᠰᠢᠶᠠᠨ ᠰᠣᠪᠢᠯᠠᠯ︾ ᠤᠨ ᠰᠢᠨ᠎ᠡ ᠵᠠᠭᠪᠤᠷ ᠢ ᠰᠦᠪᠡᠭᠴᠢᠯᠡᠵᠦ᠂ ᠬᠤᠪᠢᠰᠬᠠᠯᠲᠤ ᠵᠢᠭᠤᠯᠴᠢᠯᠠᠯ ᠪᠠ ᠬᠦᠳᠡᠭᠡ ᠲᠤᠰᠬᠤᠨ ᠤ ᠬᠦᠭᠵᠢᠯ ᠮᠠᠨᠳᠣᠯ ᠢ ᠬᠦᠨᠵᠡᠬᠡᠢ ᠠᠭᠤᠰᠤᠯᠴᠠᠭᠤᠯᠵᠤ ᠠᠬᠢᠭᠤᠯᠤᠨ᠂ ︽ᠰᠣᠳᠣᠯᠭ᠎ᠠ ᠰᠣᠷᠣᠯᠴᠠᠯᠭ᠎ᠠ + ᠰᠡᠯᠡᠬᠦᠴᠡᠯ ᠵᠢᠭᠤᠯᠴᠢᠯᠠᠯ + ᠡᠷᠡᠬᠦᠯᠵᠢᠯ ᠰᠣᠪᠢᠯᠠᠯ + ᠠᠷᠠᠯᠵᠢᠶ᠎ᠠ ᠬᠤᠳᠠᠯᠳᠤᠭ᠎ᠠ︾ ᠶᠢᠨ ᠬᠡᠯᠬᠢᠶᠡᠵᠢᠯᠲᠤ ᠠᠵᠤ ᠦᠢᠯᠡᠰ ᠤᠨ ᠬᠦᠭᠵᠢᠯᠲᠡ ᠶᠢᠨ ᠲᠤᠭᠲᠠᠴᠠ ᠶᠢ ᠪᠠᠶᠢᠭᠤᠯᠤᠨ᠎ᠠ᠃     ︵ᠲᠠᠪᠤ︶ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢ ᠬᠦᠨᠵᠡᠬᠡᠶᠢᠷᠡᠬᠦᠯᠵᠦ᠂ ᠪᠤᠬᠢᠷᠳᠣᠯ ᠦᠬᠡᠢ ᠳᠣᠣᠷ᠎ᠠ ᠨᠡᠬᠦᠷᠡᠰᠦᠳᠦ᠋ᠷᠦᠭᠴᠢᠲᠦ  ᠬᠤᠪᠢᠷᠠᠭᠤᠯᠤᠯᠲᠠ ᠶᠢ ᠲᠦᠷᠬᠡᠳᠭᠡᠨ᠎ᠡ᠃ ᠣᠩᠭᠤᠨ ᠲᠠᠷᠬᠠᠨ ᠡᠬᠡ ᠪᠠᠶᠢᠭᠠᠯᠢ ᠪᠤᠯ ᠦᠨᠡᠯᠡᠰᠢ ᠦᠬᠡᠢ ᠦᠪ ᠡᠷᠳᠡᠨᠢ ᠬᠡᠬᠦ ᠦᠵᠡᠯᠲᠡ ᠶᠢ ᠪᠠᠲᠤ ᠦᠢᠯᠡᠳᠦᠯᠬᠡᠵᠢᠬᠦᠯᠵᠦ᠂ ᠠᠮᠢ ᠠᠬᠤᠢ ᠶᠢᠨ ᠪᠠᠶᠢᠭᠤᠯᠤᠯᠲᠠ᠂ ᠪᠤᠬᠢᠷᠳᠣᠯ ᠤᠨ ᠵᠠᠰᠠᠯᠲᠠ ᠪᠠ ᠡᠨᠧᠷᠬᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠵᠤᠬᠢᠴᠠᠩᠭᠤᠢ ᠠᠬᠢᠭᠤᠯᠤᠨ᠂ ᠦᠵᠡᠰᠬᠦᠯᠡᠩᠲᠤ ᠭᠤᠶᠢᠲᠠ ᠣᠷᠣᠰᠢᠨ ᠰᠠᠭᠤᠬᠤ ᠳᠤ ᠳᠣᠬᠢᠷᠠᠮᠵᠢᠲᠠᠢ ᠣᠲᠤᠭ ᠤᠨ ᠡᠮᠦᠨᠡᠲᠦ ᠬᠤᠰᠢᠭᠤ ᠶᠢ ᠴᠢᠷᠮᠠᠶᠢᠨ‌‍ᠴᠤᠭᠴᠠᠯᠠᠨ᠎ᠠ᠃     ᠨᠢᠬᠡ ᠳᠤ ᠠᠮᠢ ᠠᠬᠤᠢ ᠶᠢᠨ ᠬᠠᠮᠠᠭᠠᠯᠠᠯᠲᠠ ᠪᠠ ᠰᠡᠷᠬᠦᠬᠡᠯᠲᠡ ᠶᠢ ᠨᠢᠬᠡᠳᠦᠯᠲᠡᠢ ᠲᠦᠯᠦᠪᠵᠢᠬᠦᠯᠦᠨ᠎ᠡ᠃ ᠡᠯ᠎ᠡ ᠱᠠᠲᠤᠨ ᠤ ᠡᠯ᠎ᠡ ᠲᠦᠷᠦᠯ ᠤᠨ ᠪᠡᠯᠡ ᠮᠦᠩᠭᠦ  ᠶᠢ ᠨᠢᠬᠡᠳᠦᠯᠲᠡᠢ ᠲᠦᠯᠦᠪᠵᠢᠬᠦᠯᠵᠦ᠂ ᠬᠤᠰᠢᠭᠤ ᠰᠢᠭᠤᠳ ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠂ ᠭᠠᠴᠠᠭ᠎ᠠ ᠲᠤᠰᠬᠤᠨ ᠬᠠᠮᠲᠤ ᠨᠠᠶᠢᠲᠡ ᠠᠴᠠ ᠣᠷᠣᠯᠴᠠᠬᠤ ᠶᠢ ᠢᠳᠡᠪᠬᠢᠲᠡᠢ ᠪᠠᠷ ᠳᠡᠮᠵᠢᠨ᠂ ᠦᠷ᠎ᠡ ᠰᠣᠩᠭᠤᠬᠤ᠂ ᠴᠢᠬᠢ ᠪᠤᠶᠢᠵᠢᠭᠤᠯᠬᠤ᠂ ᠳᠠᠶᠢᠴᠢᠯᠠᠨ ᠳᠠᠭᠠᠭᠤᠯᠬᠤ ᠡᠯ᠎ᠡ ᠭᠤᠭᠴᠤᠭᠠᠨ ᠤ ᠦᠢᠯᠡᠳᠦᠯ ᠢ ᠪᠠᠳᠠᠷᠠᠭᠤᠯᠵᠤ᠂ ︽ᠠᠵᠢᠯᠯᠠᠭᠤᠯᠤᠨ ᠲᠡᠩᠬᠡᠷᠡᠬᠦᠯᠬᠦ᠂ ᠣᠷᠢᠳᠠᠪᠠᠷ ᠪᠠᠶᠢᠭᠤᠯᠤᠨ ᠰᠡᠬᠦᠯᠡᠷ ᠨᠦᠬᠦᠪᠦᠷᠢᠯᠡᠬᠦ︾ ᠵᠡᠷᠭᠡ ᠡᠯᠡᠰᠦ ᠵᠠᠰᠠᠬᠤ ᠵᠠᠭᠪᠤᠷ ᠢ ᠲᠡᠬᠦᠯᠳᠡᠷᠵᠢᠬᠦᠯᠦᠨ᠂ ᠠᠮᠢ ᠠᠬᠤᠢ ᠶᠢᠨ ᠠᠵᠢᠯᠯᠠᠭ᠎ᠠ ᠶᠢ ᠦᠨᠡᠨ ᠬᠦ ᠬᠦᠭᠵᠢᠯᠲᠡ ᠶᠢᠨ ᠠᠵᠢᠯᠯᠠᠭ᠎ᠠ᠂ ᠠᠵᠤ ᠠᠬᠤᠢ ᠶᠢᠨ ᠠᠵᠢᠯᠯᠠᠭ᠎ᠠ ᠪᠤᠯᠭᠠᠨ ᠨᠠᠶᠢᠲᠠᠪᠤᠷᠢᠵᠢᠭᠤᠯᠤᠨ᠎ᠠ︔ ᠮᠣᠣᠠᠣᠰᠣ ᠶᠢᠨ ᠡᠯᠡᠰᠦᠷᠬᠡᠭ ᠭᠠᠵᠠᠷ ᠤᠨ ᠰᠢᠪᠲᠤᠯᠤᠯᠲᠠ ᠶᠢᠨ ᠳᠠᠶᠢᠨ ᠤ ᠢᠯᠠᠯᠲᠠ ᠶᠢ ᠣᠯᠵᠣ᠂ 2 ᠲᠦᠮᠡᠨ ᠮᠣ᠋ ᠶᠢᠨ ᠨᠡᠶᠢᠲᠡᠯᠢᠭ ᠵᠢᠱᠢᠶ᠎ᠡ ᠦᠵᠡᠬᠦᠯᠬᠦ ᠣᠷᠣᠨ ᠢ ᠲᠦᠪᠯᠡᠷᠡᠩᠬᠦᠢ ᠪᠠᠶᠢᠭᠤᠯᠤᠨ᠂ 80 ᠲᠦᠮᠡᠨ ᠮᠣ᠋ ᠶᠢᠨ ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠭᠤᠯᠤᠯᠲᠠ᠂ 80 ᠲᠦᠮᠡᠨ ᠮᠣ᠋ ᠲᠤᠤᠷᠯᠠᠨ ᠪᠢᠲᠡᠬᠦᠮᠵᠢᠯᠡᠬᠦ ᠪᠤᠶᠢᠵᠢᠭᠤᠯᠤᠯᠲᠠ ᠶᠢ ᠪᠡᠶᠡᠯᠡᠬᠦᠯᠵᠦ᠂  ᠠᠮᠢ ᠠᠬᠤᠢ ᠶᠢᠨ ᠤᠬᠢ ᠰᠠᠶᠢᠨ ᠰᠠᠭᠤᠷᠢ ᠪᠠᠶᠢᠳᠠᠯ ᠢ ᠪᠠᠳᠤ ᠰᠠᠬᠢᠨ᠂ ᠮᠠᠨ ᠤ ᠣᠯᠣᠰ ᠤᠨ ᠣᠮᠠᠷᠠᠲᠣ ᠶᠢᠨ ᠴᠢᠬᠤᠯᠠ ᠠᠮᠢ ᠠᠬᠤᠢ ᠶᠢᠨ ᠠᠮᠣᠷ ᠳᠦᠪᠰᠢᠨ ᠤ ᠬᠠᠯᠬᠠᠪᠴᠢ ᠶᠢ ᠪᠠᠬᠢᠵᠢᠬᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠦᠨ᠎ᠡ᠃     ᠬᠤᠶᠠᠷ ᠲᠤ ᠪᠤᠬᠢᠷᠳᠣᠯ ᠤᠨ ᠰᠡᠷᠬᠡᠶᠢᠯᠡᠯ ᠡᠵᠡᠮᠳᠡᠯ ᠪᠠ ᠵᠠᠰᠠᠯᠲᠠ ᠶᠢ ᠨᠢᠬᠡᠳᠦᠯᠲᠡᠢ ᠲᠦᠯᠦᠪᠵᠢᠬᠦᠯᠦᠨ᠎ᠡ᠃ ᠭᠤᠤᠯᠳᠠᠯᠭᠠᠳᠤ ᠠᠵᠤ ᠠᠬᠤᠶᠢᠯᠠᠯ ᠤᠨ ᠪᠤᠬᠢᠷᠳᠤᠯ  ᠤᠨ ᠭᠠᠳᠠᠭᠰᠢᠯᠠᠭᠤᠯᠤᠯᠳᠠ ᠶᠢᠨ ᠵᠠᠰᠠᠯᠳᠠ ᠶᠢ ᠬᠦᠨᠵᠡᠬᠡᠢ ᠠᠬᠢᠭᠤᠯᠵᠤ᠂ ᠦᠯᠡᠳᠡᠭᠳᠡᠯ ᠣᠰᠣ ᠶᠢᠨ ᠨᠠᠮᠤᠭ ᠭᠠᠵᠠᠷ ᠤᠨ ᠴᠡᠪᠡᠷᠰᠢᠬᠦᠯᠦᠯᠲᠡ ᠶᠢᠨ ᠢᠨᠵᠧᠨᠧᠷᠢᠩ ᠢ ᠲᠦᠷᠬᠡᠳᠬᠡᠨ᠂ ᠠᠭᠤᠷᠬᠠᠢ ᠶᠢᠨ ᠬᠤᠳᠳᠤᠭ ᠤᠨ ᠣᠰᠣᠨ ᠤ ᠶᠡᠷᠦᠩᠬᠡᠶᠢᠯᠡᠭᠰᠡᠨ ᠠᠰᠢᠭᠯᠠᠯᠲᠠ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠪᠠ ᠠᠶᠤᠯᠲᠠᠢ ᠬᠠᠶᠠᠭᠳᠠᠮᠠᠯ ᠪᠤᠳᠠᠰ ᠤᠨ ᠰᠢᠢᠳᠪᠦᠷᠢᠯᠡᠯᠲᠡ ᠪᠠ ᠠᠰᠢᠭᠯᠠᠯᠲᠠ ᠶᠢ ᠡᠷᠴᠢᠮᠲᠡᠢ ᠦᠷᠨᠢᠬᠦᠯᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠪᠠᠭᠠᠰᠬᠠᠨ ᠬᠠᠰᠣᠭᠳᠠᠭᠤᠯᠤᠭᠰᠠᠨ᠂ ᠡᠬᠢ ᠰᠣᠷᠪᠣᠯᠵᠢᠴᠢᠯᠠᠭᠰᠠᠨ ᠠᠰᠢᠭᠯᠠᠯᠲᠠ ᠪᠠ ᠬᠤᠤᠷ ᠦᠬᠡᠶᠢᠳᠡᠭᠦᠯᠦᠭᠰᠡᠨ ᠰᠢᠢᠳᠪᠦᠷᠢᠯᠡᠯᠲᠡ ᠶᠢ ᠡᠬᠢ ᠡᠬᠦᠰᠤᠯ ᠠᠴᠠ ᠨᠢ ᠠᠬᠢᠭᠤᠯᠤᠨ᠎ᠠ︔ ᠳᠡᠭᠡᠳᠦ ᠱᠠᠲᠤᠨ ᠤ ᠠᠮᠢ ᠠᠬᠤᠢ ᠣᠷᠴᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ  ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠯᠲᠡ ᠶᠢ ᠴᠢᠩᠭ᠎ᠠ ᠮᠦᠷᠲᠡᠬᠡᠨ ᠪᠤᠲᠠᠲᠠᠢ ᠠᠳᠬᠤᠨ ᠣᠯᠠᠨᠲᠠ ᠬᠢᠨᠠᠵᠤ᠂ ᠡᠯ᠎ᠡ ᠲᠦᠷᠦᠯ ᠤᠨ ᠴᠡᠭᠴᠡᠯᠡᠯᠲᠡ ᠶᠢᠨ ᠪᠦᠲᠦᠮᠵᠢ ᠰᠢᠯᠭᠠᠨ ᠪᠠᠶᠢᠴᠠᠭᠠᠯᠲᠠ ᠶᠢ ᠲᠤᠭᠤᠯᠬᠤ ᠶᠢ ᠪᠠᠲᠤᠯᠠᠨ᠎ᠠ︔ ᠣᠯᠣᠰ ᠤᠨ ᠠᠮᠢ ᠠᠬᠤᠢ ᠶᠢᠨ ᠪᠤᠯᠪᠠᠰᠣᠨ ᠤ ᠵᠢᠱᠢᠶ᠎ᠡ ᠦᠵᠡᠬᠦᠯᠬᠦ ᠬᠤᠰᠢᠭᠤᠨ ᠤ ᠴᠣᠭᠴᠠᠯᠠᠯᠲᠠ ᠶᠢᠨ ᠪᠦᠲᠦᠮᠵᠢ ᠶᠢ ᠬᠦᠨᠵᠡᠬᠡᠶᠢᠷᠡᠬᠦᠯᠦᠨ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠡᠯ᠎ᠡ ᠲᠦᠷᠦᠯ ᠤᠨ ᠬᠦᠢᠴᠡᠳᠬᠡᠯ ᠢ ᠪᠠᠬᠢᠵᠢᠬᠦᠯᠦᠨ ᠳᠡᠭᠡᠭᠰᠢᠯᠡᠬᠦᠯᠵᠦ᠂ ᠲᠠᠪᠲᠠᠨ ᠰᠢᠯᠭᠠᠬᠤ ᠠᠵᠢᠯ ᠢ ᠴᠢᠨᠠᠷᠯᠢᠭ ᠪᠡᠶᠡᠯᠡᠬᠦᠯᠬᠦ ᠶᠢ ᠪᠠᠲᠤᠯᠠᠨ᠎ᠠ᠃     ᠭᠤᠷᠪᠠ ᠳᠤ ᠠᠷᠪᠢᠯᠠᠨ ᠭᠠᠮᠨᠠᠬᠤ ᠪᠠ ᠨᠡᠬᠦᠷᠡᠰᠦᠳᠦ᠋ᠷᠦᠭᠴᠢ ᠶᠢ ᠪᠠᠭᠠᠰᠬᠠᠬᠤ ᠶᠢ ᠨᠢᠭᠡᠳᠦᠯᠲᠡᠢ ᠲᠦᠯᠦᠪᠵᠢᠬᠦᠯᠦᠨ᠎ᠡ᠃ ᠣᠢ ᠰᠢᠭᠤᠢ ᠶᠢᠨ ᠳᠠᠷᠤᠭᠠᠴᠢ᠂ ᠭᠤᠤᠯ ᠭᠤᠷᠤᠬ᠎ᠠ ᠨᠠᠭᠤᠷ ᠪᠦᠷᠢᠳᠦ ᠶᠢᠨ ᠳᠠᠷᠤᠭᠠᠴᠢ ᠶᠢᠨ ᠳᠦᠷᠢᠮ ᠤᠨ ᠨᠠᠶᠢᠲᠠᠪᠤᠷᠢᠵᠢᠭᠤᠯᠤᠯᠲᠠ ᠶᠢ ᠬᠦᠨᠵᠡᠬᠡᠶᠢᠷᠡᠬᠦᠯᠵᠦ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠵᠠᠰᠠᠯᠲᠠ ᠶᠢ ᠡᠷᠴᠢᠮᠲᠡᠢ ᠪᠠᠬᠢᠵᠢᠬᠦᠯᠦᠨ᠂ 1 ᠲᠦᠮᠡᠨ ᠮᠣ᠋ ᠳᠤ ᠦᠨᠵᠢᠬᠦᠯᠦᠨ ᠲᠠᠷᠢᠬᠤ ᠶᠢ ᠬᠡᠷᠡᠭᠵᠢᠬᠦᠯᠵᠦ᠂ ᠣᠯᠠᠮᠵᠢᠯᠠᠯᠲᠤ ᠰᠦᠷᠴᠢᠨ ᠣᠰᠣᠯᠠᠯᠲᠠ ᠶᠢ ᠦᠬᠡᠷᠡᠴᠢᠯᠡᠨ᠂ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠠᠰᠢᠭᠯᠠᠯᠲᠠ ᠨᠦᠬᠦᠪᠦᠷᠢᠯᠡᠯᠲᠡ ᠲᠡᠩᠴᠡᠬᠦᠷᠢ ᠲᠠᠢ ᠪᠠᠶᠢᠬᠤ  ᠶᠢ ᠪᠠᠲᠤᠯᠠᠵᠤ᠂ ᠲᠠᠷᠢᠶᠠᠯᠠᠩ ᠤᠨ ᠣᠰᠣᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠦᠬᠡᠷᠡᠴᠢᠯᠡᠯᠲᠡ ᠶᠢᠨ ᠲᠤᠷᠰᠢᠯᠲᠠ ᠶᠢ ᠵᠤᠬᠢᠴᠠᠩᠭᠤᠢ ᠠᠬᠢᠭᠤᠯᠤᠨ᠂ ᠮᠠᠯ ᠲᠠᠷᠢᠶᠠᠯᠠᠩ ᠤᠨ ᠦᠢᠯᠡᠰ ᠤᠨ ᠣᠰᠣ ᠠᠷᠪᠢᠯᠠᠬᠤ ᠣᠰᠣ ᠡᠵᠡᠮᠳᠡᠬᠦ ᠶᠢ ᠡᠷᠴᠢᠮᠲᠡᠢ ᠰᠢᠪᠡᠳᠡᠨ᠎ᠡ︔ ᠬᠤᠲᠠ ᠶᠢᠨ ᠰᠠᠭᠤᠷᠢ ᠳᠦᠬᠦᠬᠡᠷᠦᠮᠵᠢ ᠶᠢᠨ ᠡᠨᠧᠷᠬᠢ ᠠᠷᠪᠢᠯᠠᠨ ᠨᠡᠬᠦᠷᠡᠰᠦᠳᠦ᠋ᠷᠦᠭᠴᠢ ᠶᠢ ᠪᠠᠭᠠᠰᠬᠠᠬᠤ ᠦᠬᠡᠷᠡᠴᠢᠯᠡᠯᠲᠡ ᠶᠢ ᠦᠷᠬᠦᠯᠵᠢᠯᠡᠨ ᠠᠬᠢᠭᠤᠯᠵᠤ᠂ ᠭᠠᠵᠠᠷ ᠤᠨ ᠢᠯᠴᠢ ᠶᠢᠨ ᠡᠬᠢ ᠰᠤᠷᠪᠤᠯᠵᠢ ᠶᠢᠨ ᠳᠣᠯᠠᠭᠠᠯᠠᠭ᠎ᠠ ᠪᠠ ᠣᠯᠵᠠᠴᠢ ᠪᠠᠯᠭᠠᠰᠣᠨ ᠤ ︽ᠪᠤᠬᠢᠷᠳᠣᠯ ᠦᠬᠡᠢ ᠬᠤᠲᠠ︾ ᠶᠢᠨ ᠪᠠᠶᠢᠭᠤᠯᠤᠯᠳᠠ ᠶᠢ ᠰᠦᠪᠡᠭᠴᠢᠯᠡᠵᠦ᠂ ᠴᠡᠪᠡᠷ ᠳᠣᠯᠠᠭᠠᠯᠠᠭ᠎ᠠ ᠶᠢᠨ ᠲᠦᠷᠦᠯ ᠵᠦᠢᠯ ᠢ ᠵᠠᠪᠳᠣᠵᠣ ᠠᠬᠢᠭᠤᠯᠤᠨ᠂ ᠴᠠᠭᠠᠨ ᠰᠠᠷ᠎ᠠ ᠠᠴᠠ ᠡᠮᠦᠨ᠎ᠡ ᠪᠦᠬᠦᠨ ᠢ ᠣᠭᠰᠠᠷᠠᠵᠤ ᠪᠠᠷᠠᠭᠠᠬᠤ ᠶᠢ ᠪᠠᠲᠤᠯᠠᠵᠤ᠂ ᠮᠠᠯᠴᠢᠨ ᠲᠠᠷᠢᠶᠠᠴᠢᠨ ᠢ ᠳᠣᠯᠠᠭᠠᠨ ᠪᠦᠯᠢᠶᠡᠨ ᠰᠢᠨᠡᠯᠡᠬᠦᠯᠦᠨ᠎ᠡ︔ ᠲᠦᠷᠦᠯ ᠵᠦᠢᠯ ᠤᠨ ᠬᠢᠨᠠᠨ ᠬᠠᠷᠭᠤᠭᠤᠯᠤᠯᠲᠠ ᠦᠨᠡᠯᠡᠯᠲᠡ ᠶᠢ ᠴᠢᠩᠭᠠᠳᠬᠠᠨ᠂ ᠨᠢᠬᠡ ᠪᠦᠯᠦᠭ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠬᠡᠢ᠂ ᠡᠨᠧᠷᠬᠢ ᠶᠢᠨ ᠬᠤᠷᠤᠭᠳᠠᠯ ᠶᠡᠬᠡᠲᠡᠢ᠂ ᠪᠤᠬᠢᠷᠳᠣᠭᠤᠯᠣᠯ ᠶᠡᠬᠡᠲᠡᠢ ᠲᠦᠷᠦᠯ ᠵᠦᠢᠯ ᠢ ᠦᠨᠳᠦᠰᠦᠨ ᠠᠴᠠ ᠨᠢ ᠲᠠᠶᠠᠭᠳᠠᠨ᠎ᠠ᠃     ︵ᠵᠢᠷᠭᠤᠭ᠎ᠠ︶ ᠦᠬᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠬᠦᠯᠦᠨ ᠳᠡᠭᠡᠭᠰᠢᠯᠡᠬᠦᠯᠦᠨ᠎ᠡ᠃ ᠦᠬᠡᠷᠡᠴᠢᠯᠡᠯᠲᠡ ᠶᠢᠨ ᠰᠢᠰᠲ᠋ᠧᠮ ᠤᠨ ᠪᠦᠷᠢᠯᠳᠦᠯ ᠪᠠ ᠬᠤᠯᠪᠤᠭᠠᠯᠠᠯ ᠬᠦᠳᠡᠯᠦᠯᠴᠡᠯ ᠢ ᠴᠢᠩᠭᠠᠳᠬᠠᠵᠤ᠂ ᠨᠡᠩ ᠣᠯᠠᠨ ᠪᠦᠲᠦᠬᠡᠯᠴᠢ ᠴᠢᠨᠠᠷᠲᠠᠢ᠂ ᠰᠢᠪᠲᠤᠯᠤᠯᠲᠠ ᠶᠢᠨ ᠴᠢᠨᠠᠷᠲᠠᠢ ᠠᠷᠭ᠎ᠠ ᠠᠪᠴᠠᠯ ᠢ ᠲᠦᠬᠡᠮᠡᠯᠵᠢᠬᠦᠯᠦᠨ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠠᠮᠢᠳᠤᠯᠢᠭ ᠬᠦᠴᠦᠨ ᠢ ᠪᠦᠲᠦᠮᠵᠢᠲᠡᠢ ᠣᠷᠮᠠᠰᠢᠭᠤᠯᠤᠨ᠎ᠠ᠃     ᠨᠢᠬᠡ ᠳᠤ ᠭᠤᠤᠯᠳᠠᠯᠭᠠᠲᠤ ᠬᠦᠷᠢᠶ᠎ᠡ ᠴᠠᠷᠠᠭᠠᠨ ᠤ ᠦᠬᠡᠷᠡᠴᠢᠯᠡᠯᠲᠡ ᠶᠢ ᠬᠦᠨᠵᠡᠬᠡᠶᠢᠷᠡᠬᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠲᠡ  ᠶᠢ ᠬᠦᠨᠵᠡᠬᠡᠢ ᠠᠬᠢᠭᠤᠯᠵᠤ᠂ ︽ᠲᠠᠪᠤᠨ ᠦᠨᠡᠮᠯᠡᠯ ᠢ ᠵᠡᠷᠭᠡᠪᠡᠷ ᠣᠯᠭᠤᠬᠤ︾᠂ ︽ᠭᠠᠵᠠᠷ ᠰᠢᠷᠤᠢ ᠣᠯᠪᠠᠯ ᠳᠠᠷᠤᠢ ᠳᠤᠨᠢ ᠪᠠᠷᠢᠯᠭ᠎ᠠ ᠡᠬᠢᠯᠡᠬᠦᠯᠬᠦ︾᠂ ︽ᠬᠤᠯᠪᠤᠭᠠᠯᠠᠨ ᠬᠢᠨᠠᠨ ᠴᠤᠬᠤᠯᠠᠪᠤᠷᠢᠯᠠᠬᠤ + ᠨᠦᠬᠦᠪᠦᠷᠢᠯᠡᠨ ᠬᠦᠢᠴᠡᠳᠬᠡᠵᠦ ᠪᠤᠯᠬᠤ︾ ᠵᠡᠷᠭᠡ ᠦᠬᠡᠷᠡᠴᠢᠯᠡᠯᠲᠡ ᠶᠢᠨ ᠪᠦᠲᠦᠮᠵᠢ ᠶᠢ ᠦᠷᠬᠡᠳᠬᠡᠨ ᠬᠡᠷᠡᠭᠯᠡᠨ᠎ᠡ︔ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠲᠡ ᠶᠢᠨ ᠲᠤᠭᠲᠠᠴᠠ ᠶᠢᠨ ᠦᠬᠡᠷᠡᠴᠢᠯᠡᠯᠲᠡ ᠶᠢ ᠦᠷᠬᠦᠯᠵᠢᠬᠦᠶᠢᠴᠠ ᠬᠦᠨᠵᠡᠬᠡᠶᠢᠷᠡᠬᠦᠯᠤᠨ᠂ ᠬᠠᠤᠯᠢ ᠬᠡᠷᠡᠭᠵᠢᠬᠦᠯᠦᠯᠲᠡ  ᠶᠢᠨ ᠬᠦᠴᠦᠨ ᠢᠶᠠᠨ ᠵᠦᠢ ᠵᠤᠬᠢᠰᠲᠠᠢ ᠪᠠᠶᠢᠷᠢᠯᠠᠭᠤᠯᠵᠤ᠂ ᠬᠢᠨᠠᠨ ᠬᠠᠮᠢᠶᠠᠷᠤᠯᠲᠠ ᠶᠢᠨ ᠬᠤᠭᠤᠰᠤᠳᠠᠯ ᠢ ᠨᠦᠬᠦᠨ᠎ᠡ︔ ᠲᠦᠰᠦᠪ ᠤᠨ ᠪᠦᠲᠦᠮᠵᠢ ᠶᠢᠨ ᠬᠢᠨᠠᠨ ᠰᠢᠯᠭᠠᠯᠲᠠ ᠬᠠᠮᠢᠶᠠᠷᠤᠯᠲᠠ ᠶᠢᠨ ᠦᠬᠡᠷᠡᠴᠢᠯᠡᠯᠲᠡ ᠶᠢ ᠬᠦᠨᠵᠡᠬᠡᠶᠢᠷᠡᠬᠦᠯᠦᠨ᠂ ᠡᠳ᠋ ᠤᠨ ᠵᠠᠰᠠᠭ ᠤᠨ ᠡᠬᠢ ᠰᠣᠷᠪᠣᠯᠵᠢ ᠶᠢᠨ ᠲᠤᠬᠢᠷᠠᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠬᠦᠯᠦᠨ᠎ᠡ︔ ᠣᠯᠣᠰ ᠤᠨ ᠡᠳ᠋ ᠬᠦᠷᠦᠩᠭᠡ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢᠨ ᠪᠦᠲᠦᠮᠵᠢ ᠶᠢ ᠪᠠᠬᠢᠵᠢᠬᠦᠯᠦᠨ᠂ ᠣᠯᠣᠰ ᠤᠨ ᠡᠳ᠋ ᠬᠦᠷᠦᠩᠭᠡ ᠶᠢ ᠣᠯᠠᠮ ᠨᠢᠬᠡ ᠠᠯᠬᠤᠮ ᠨᠢᠬᠡᠳᠬᠡᠬᠦ᠂ ᠲᠤᠬᠠᠶᠢᠯᠠᠭᠰᠠᠨ ᠠᠵᠢᠯ ᠤᠨ ᠵᠠᠭᠪᠤᠷ ᠢ ᠣᠯᠠᠮ ᠨᠢᠬᠡ ᠠᠯᠬᠤᠮ ᠦᠷᠬᠡᠳᠬᠡᠬᠦ᠂ ᠠᠵᠤ ᠠᠬᠤᠶᠢᠯᠠᠯ ᠤᠨ ᠦᠷ᠎ᠡ ᠠᠰᠢᠭ ᠢ ᠣᠯᠠᠮ ᠨᠢᠬᠡ ᠠᠯᠬᠤᠮ ᠳᠡᠭᠡᠭᠰᠢᠯᠡᠬᠦᠯᠬᠦ ᠶᠢ ᠪᠡᠶᠡᠯᠡᠬᠦᠯᠦᠨ᠎ᠡ︔ ︽ᠣᠷᠣᠨ ᠲᠤᠭᠠᠨ ᠤ ᠪᠤᠰᠤ ᠠᠵᠢᠯᠲᠠᠨ︾ ᠤ ᠬᠠᠮᠢᠶᠠᠷᠤᠯᠲᠠ  ᠶᠢᠨ ᠦᠬᠡᠷᠡᠴᠢᠯᠡᠯᠲᠡ ᠶᠢ ᠬᠦᠨᠵᠡᠬᠡᠶᠢᠷᠡᠬᠦᠯᠵᠦ᠂ ᠺᠠᠳ᠋ᠷ ᠠᠵᠢᠯᠲᠠᠨ ᠤ ᠠᠵᠢᠯ ᠬᠢᠵᠦ ᠦᠢᠯᠡᠰ ᠪᠤᠰᠬᠠᠬᠤ ᠰᠠᠨᠠᠭᠠᠴᠢᠯᠠᠭᠠᠲᠤ ᠴᠢᠨᠠᠷ ᠪᠠ ᠢᠳᠡᠪᠬᠢᠵᠢᠯ ᠢ ᠬᠦᠢᠴᠡᠳ ᠳᠠᠶᠢᠴᠢᠯᠠᠨ᠎ᠠ︔ ᠬᠦᠳᠡᠭᠡ ᠲᠤᠰᠬᠤᠨ ᠤ ᠶᠠᠷᠦᠩᠬᠡᠶᠢᠯᠡᠭᠰᠡᠨ ᠴᠢᠨᠠᠷᠲᠠᠢ ᠦᠬᠡᠷᠡᠴᠢᠯᠡᠯᠲᠡ ᠶᠢᠨ ᠳᠣᠷᠰᠢᠯᠲᠠ ᠶᠢᠨ ᠴᠡᠭ ᠤᠨ ᠲᠤᠷᠰᠢᠯᠲᠠ ᠶᠢ ᠲᠦᠷᠬᠡᠳᠬᠡᠨ᠂ ᠮᠠᠯ ᠲᠠᠷᠢᠶᠠᠯᠠᠩ ᠤᠨ ᠦᠢᠯᠡᠰ ᠤᠨ ᠤᠳᠤᠬᠢᠴᠢᠯᠠᠭᠰᠡᠨ ᠳᠦᠪᠰᠢᠨ ᠢ ᠳᠡᠭᠡᠭᠰᠢᠯᠡᠬᠦᠯᠵᠦ᠂ ᠮᠠᠯ ᠲᠠᠷᠢᠶᠠᠯᠠᠩ ᠤᠨ ᠭᠠᠷᠤᠯᠳᠠ ᠶᠢᠨ ᠨᠡᠮᠡᠭᠳᠡᠯ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠪᠠᠶᠢᠭᠤᠯᠤᠮᠵᠢ ᠶᠢᠨ ᠦᠬᠡᠷᠡᠴᠢᠯᠡᠯᠳᠠ ᠶᠢ ᠰᠠᠶᠢᠳᠤᠷ ᠨᠠᠶᠢᠳᠠᠪᠤᠷᠢᠵᠢᠭᠤᠯᠵᠤ᠂ ᠲᠤᠭᠲᠠᠭᠰᠠᠨ ᠬᠤᠭᠤᠴᠠᠭᠠᠨ ᠳᠤ ᠡᠯ᠎ᠡ ᠲᠦᠷᠦᠯ ᠤᠨ ᠡᠬᠦᠷᠭᠡ ᠪᠠᠨ ᠪᠡᠶᠡᠯᠡᠬᠦᠯᠬᠦ ᠶᠢ ᠪᠠᠲᠤᠯᠠᠨ᠎ᠠ᠃      ᠬᠤᠶᠠᠷ ᠲᠤ ᠠᠷᠠᠯᠵᠢᠶ᠎ᠠ ᠡᠵᠡᠩᠨᠡᠯᠳᠡ ᠶᠢᠨ ᠤᠷᠴᠢᠨ ᠨᠥᠭᠦᠴᠡᠯ ᠢ ᠤᠯᠠᠮ ᠰᠢᠯᠢᠳᠡᠭᠵᠢᠭᠦᠯᠥᠨ᠎ᠡ᠃ 2024 ᠤᠨ ᠤ ᠭᠤᠤᠯᠳᠠᠯᠭᠠᠳᠤ ᠡᠭᠦᠷᠭᠡ ᠶᠢᠨ ᠵᠢᠭᠰᠠᠭᠠᠯᠳᠠ ᠶᠢ ᠲᠤᠭᠳᠠᠭᠠᠵᠤ᠂ ︽ᠲᠤᠯᠠᠭᠠᠨ ᠬᠤᠳᠠ᠂ ᠠᠵᠤ ᠠᠬᠤᠶᠢᠯᠠᠯ ᠢ ᠬᠠᠯᠠᠮᠵᠢᠯᠠᠬᠤ︾ ᠲᠤᠰᠬᠠᠢ ᠠᠵᠢᠯᠯᠠᠭ᠎ᠠ ᠶᠢ ᠭᠥᠨᠵᠡᠭᠡᠢ ᠠᠬᠢᠭᠤᠯᠤᠨ᠂ ᠠᠵᠤ ᠠᠬᠤᠶᠢᠯᠠᠯ ᠤᠳ ᠤᠨ ᠰᠠᠨᠠᠯ ᠱᠠᠭᠠᠷᠳᠠᠯᠭ᠎ᠠ ᠳᠤ ᠬᠠᠷᠢᠭᠤᠯᠳᠠ ᠥᠭᠴᠤ ᠲᠡᠳᠡᠨ ᠤ ᠭᠥᠴᠢᠷᠳᠡᠯ ᠢ ᠬᠠᠪᠰᠤᠷᠬᠤ ᠪᠠᠷ ᠢᠳᠡᠪᠬᠢᠯᠡᠨ᠎ᠡ︔ ᠢᠳᠡᠭᠡᠮᠵᠢᠳᠤ ᠪᠥᠳᠥᠭᠡᠨ ᠪᠠᠶᠢᠭᠤᠯᠤᠯᠳᠠ ᠶᠢᠨ ᠢᠨᠵᠧᠨᠧᠷᠢᠩ ᠢ ᠭᠥᠨᠵᠡᠭᠡᠢ ᠥᠷᠨᠢᠭᠦᠯᠵᠤ᠂ ᠰᠢᠨ᠎ᠡ ᠲᠠᠷᠤᠭ᠎ᠠ ᠬᠠᠭᠤᠴᠢᠨ ᠲᠠᠩᠰᠠ ᠶᠢ ᠥᠯᠥ ᠬᠠᠮᠢᠶᠠᠷᠬᠤ᠂ ᠵᠠᠬ᠎ᠠ ᠲᠡᠯᠭᠡᠭᠦᠷ ᠤᠨ ᠭᠤᠤᠯᠴᠢ ᠠᠷᠠᠯᠵᠢᠶ᠎ᠠ ᠶᠢ ᠪᠤᠰᠠᠨᠢᠭᠤᠯᠬᠤ᠂ ᠠᠵᠤ ᠠᠬᠤᠶᠢᠯᠠᠯ ᠤᠨ ᠠᠰᠢᠭ ᠲᠤᠰᠠ ᠶᠢ ᠬᠤᠬᠢᠷᠠᠭᠤᠯᠬᠤ ᠵᠡᠷᠬᠡ ᠢᠳᠡᠬᠡᠯ ᠢᠶᠠᠨ ᠠᠯᠳᠠᠭᠰᠡᠨ ᠠᠵᠢᠯᠯᠠᠭ᠎ᠠ ᠶᠢ ᠲᠠᠰᠤ ᠠᠷᠢᠯᠭᠠᠨ᠂ ᠠᠵᠤ ᠠᠬᠤᠶᠢᠯᠠᠯ ᠤᠳ ᠤᠨ ᠤᠳᠤᠭ ᠤᠨ ᠡᠮᠥᠨᠡᠳᠤ ᠬᠤᠰᠢᠭᠤᠨ ᠳᠤ ᠪᠡᠯᠡ ᠤᠷᠤᠭᠤᠯᠬᠤ ᠢᠳᠡᠭᠡᠯ ᠢ ᠨᠡᠮᠡᠭᠳᠡᠭᠦᠯᠥᠨ᠎ᠡ︔  ︽ᠤᠳᠤᠨ ᠲᠡᠰᠳᠤ︾ ᠥᠢᠯᠡᠴᠢᠯᠡᠭᠡᠨ  ᠤ ᠪᠠᠷᠢᠮᠵᠢᠶ᠎ᠠ ᠪᠠᠷ ᠬᠤᠰᠢᠭᠤ ᠳᠡᠰ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠲᠢᠩᠬᠢᠮ ᠢ ᠥᠭᠡᠷᠡᠴᠢᠯᠡᠨ ᠲᠡᠰ ᠲᠡᠪᠰᠢᠭᠦᠯᠵᠤ᠂ ︽ᠨᠢᠭᠡ ᠰᠥᠯᠵᠢᠶ᠎ᠡ ᠪᠠᠷ ᠨᠡᠶᠢᠳᠡᠮ ᠪᠡᠶᠡᠯᠡᠭᠦᠯᠭᠦ︾  ︽ᠶᠡᠷᠥᠩᠭᠡᠶᠢᠯᠡᠭᠰᠡᠨ ᠨᠢᠭᠡ ᠴᠤᠩᠬᠤᠪᠴᠢ ᠪᠠᠷ ᠭᠥᠢᠴᠡᠳᠭᠡᠭᠦ︾ ︽ᠬᠠᠪᠰᠤᠷᠤᠨ ᠭᠥᠢᠴᠡᠳᠭᠡᠭᠦ ᠤᠷᠤᠯᠠᠨ ᠭᠥᠢᠴᠡᠳᠭᠡᠭᠦ︾ ᠵᠡᠷᠭᠡ ᠤᠶᠢᠯᠡᠴᠢᠯᠡᠭᠡ ᠶᠢ ᠥᠨᠳᠥᠰᠥᠨ ᠱᠠᠳᠤᠨ ᠳᠤ  ᠬᠦᠨᠵᠡᠬᠡᠶᠢᠷᠡᠬᠦᠯᠬᠦ ᠶᠢ ᠪᠦᠬᠦ ᠳᠠᠯ᠎ᠠ ᠪᠠᠷ ᠠᠬᠢᠭᠤᠯᠤᠨ᠎ᠠ︔ ᠲᠥᠪᠯᠡᠷᠡᠩᠭᠦᠢ ᠬᠤᠯᠪᠤᠭᠠᠯᠠᠭᠰᠠᠨ ᠬᠢᠨᠠᠨ ᠴᠤᠬᠤᠯᠠᠪᠤᠷᠢᠯᠠᠯ  ᠤᠨ ᠥᠢᠯᠡᠴᠢᠯᠡᠭᠡᠨ ᠤ ᠲᠤᠭᠳᠠᠴᠠ ᠶᠢ ᠭᠥᠨᠵᠡᠭᠡᠢ ᠳ᠋ᠥᠩᠨᠡᠵᠤ᠂ ᠨᠡᠩ ᠤᠯᠠᠨ ᠭᠥᠷᠢᠶ᠎ᠡ ᠬᠡᠪᠴᠢᠶᠡᠨ ᠳᠤ ᠠᠵᠤ ᠠᠬᠤᠶᠢᠯᠠᠯ ᠳᠤ ᠭᠥᠷᠴᠤ ᠥᠢᠯᠡᠴᠢᠯᠡᠭᠦ ᠲᠤᠭᠳᠠᠴᠠ ᠪᠥᠷᠢᠯᠳᠥᠭᠦᠯᠥᠨ᠂ ᠠᠵᠤ ᠠᠬᠤᠶᠢᠯᠠᠯ ᠤᠳ ᠲᠤ ᠨᠡᠩ ᠲᠥᠭᠦᠮ ᠲᠥᠳᠡ ᠥᠢᠯᠡᠴᠢᠯᠡᠭᠡ ᠡᠳ᠋ᠯᠠᠭᠦᠯᠥᠨ᠎ᠡ᠃     ᠭᠤᠷᠪᠠ ᠳᠤ ᠤᠷᠤᠨ ᠬᠡᠪᠴᠢᠶᠡᠨ ᠤ ᠵᠤᠬᠢᠴᠠᠯᠳᠤ ᠭᠥᠭᠵᠢᠯᠳᠡ ᠳᠤ ᠠᠭᠤᠰᠤᠯᠴᠠᠨ ᠤᠷᠤᠨ᠎ᠠ᠃ ᠨᠢᠩ ᠳ᠋ᠥᠩ ᠤᠨ ᠡᠨᠧᠷᠬᠢ ᠬᠢᠮᠢ ᠶᠢᠨ ᠰᠠᠭᠤᠷᠢᠨ ᠯᠤᠭ᠎ᠠ  ᠶᠢᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠪᠠᠨ ᠭᠥᠨᠵᠡᠭᠡᠶᠢᠷᠡᠭᠦᠯᠵᠤ᠂ ᠱᠠᠩᠬᠠᠢ ᠶᠢᠨ ᠰᠥᠮ᠎ᠡ ᠤᠷᠤᠨ ᠳᠤ ᠨᠢᠩ ᠳ᠋ᠥᠩ ᠤᠨ ᠰᠠᠭᠤᠷᠢᠨ ᠤ ᠲᠤᠤᠷᠠᠳᠤ ᠥᠢᠯᠡᠳᠭᠦᠨ ᠢ ᠲᠤᠰᠤᠨ ᠡᠳ᠋ᠰᠢᠭᠦᠯᠵᠤ ᠲᠡᠶᠢᠯᠭᠦ‍ ᠨᠢᠭᠡ ᠪᠥᠯᠥᠭ ᠲᠥᠷᠥᠯ ᠵᠥᠢᠯ ᠤᠳ ᠢ ᠤᠷᠤᠭᠤᠯᠵᠤ ᠠᠪᠴᠢᠷᠠᠨ᠎ᠠ᠃ ᠴᠠᠬᠢᠯᠭᠠᠨ ᠥᠢᠯᠡᠳᠪᠥᠷᠢ ᠶᠢᠨ ᠭᠠᠳᠠᠭᠰᠢᠯ ᠤᠰᠤᠨ ᠠᠭᠤᠷ ᠪᠤᠯᠤᠨ ᠢᠯᠡᠭᠦᠳᠡᠮᠡᠯ ᠢᠯᠴᠢ ᠶᠢᠨ ᠡᠨᠧᠷᠬᠢ ᠶᠢᠨ ᠶᠡᠷᠥᠩᠭᠡᠶᠢᠯᠡᠭᠰᠡᠨ ᠠᠰᠢᠭᠯᠠᠯᠳᠠ ᠶᠢᠨ ᠲᠥᠯᠥᠪᠵᠢᠭᠦᠯᠭᠡ ᠶᠢ ᠲᠠᠷᠤᠢ ᠲᠤᠭᠳᠠᠭᠠᠵᠤ᠂ ᠥᠪᠡᠷ ᠢ  ᠪᠠᠨ ᠪᠠᠳᠤᠯᠠᠭᠰᠠᠨ ᠰᠠᠭᠤᠷᠢᠨ ᠲᠡᠭᠡᠷ᠎ᠡ ᠱᠠᠩᠬᠠᠢ ᠶᠢᠨ ᠰᠥᠮ᠎ᠡ ᠠᠴᠠ ᠨᠢᠩ ᠳ᠋ᠥᠩ ᠭᠥᠷᠭᠦ ᠭᠥᠷᠭᠡᠯᠳᠡ ᠬᠤᠭᠤᠯᠠᠢ ᠶᠢᠨ ᠢᠨᠵᠧᠨᠧᠷᠢᠩ ᠢ ᠪᠠᠶᠢᠭᠤᠯᠤᠯᠴᠠᠨ᠂ ᠮᠠᠲ᠋ᠧᠷᠢᠶᠡᠯ ᠭᠥᠷᠭᠡᠯᠳᠡ ᠬᠢᠭᠡᠳ ᠤᠰᠤ ᠴᠠᠬᠢᠯᠭᠠᠨ ᠬᠡᠢ ᠠᠭᠤᠷ ᠵᠡᠷᠭᠡ ᠶᠢᠨ ᠲᠤᠰᠠᠯᠠᠯᠴᠠᠭ᠎ᠠ ᠵᠢᠴᠢ ᠡᠨᠧᠷᠬᠢ ᠶᠢᠨ ᠰᠤᠷᠪᠤᠯᠵᠢ ᠶᠢᠨ ᠬᠠᠮᠳᠤ ᠡᠳ᠋ᠯᠡᠯᠳᠡ ᠶᠢ ᠪᠡᠶᠡᠯᠡᠭᠦᠯᠥᠨ᠎ᠡ︔ ᠤᠷᠳᠤᠰ ᠤᠨ ᠪᠠᠷᠠᠭᠤᠨ ᠪᠡᠶ᠎ᠡ ᠶᠢᠨ ᠶᠡᠷᠥᠩᠭᠡᠶᠢᠯᠡᠭᠰᠡᠨ ᠪᠠᠷᠠᠭ᠎ᠠ ᠭᠥᠢᠯᠭᠡᠭᠡᠨ ᠤ ᠭᠥᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠥᠢᠯ  ᠤᠨ ᠪᠠᠶᠢᠭᠤᠯᠤᠯᠳᠠ ᠶᠢ ᠲᠥᠷᠭᠡᠳᠭᠡᠵᠤ᠂ ᠨᠡᠭᠦᠷᠡᠰᠥᠨ ᠤ ᠭᠥᠨᠵᠡᠭᠡᠢ ᠡᠳ᠋ᠰᠢᠭᠦᠯᠥᠯ᠂ ᠪᠠᠷᠢᠯᠭ᠎ᠠ ᠶᠢᠨ ᠮᠠᠲ᠋ᠧᠷᠢᠶᠡᠯ ᠵᠡᠷᠭᠡ ᠪᠥᠳᠥᠭᠡᠭᠳᠡᠭᠦᠨ ᠢ ᠵᠥᠭᠡᠭᠡᠪᠤᠷᠢᠯᠡᠭᠦ ᠬᠠᠳᠠᠭᠠᠯᠠᠬᠤ ᠠᠵᠢᠯ ᠢ ᠢᠵᠢ ᠴᠤᠭᠴᠠᠵᠢᠭᠤᠯᠤᠭᠰᠠᠨ ᠥᠪᠥᠷ ᠮᠤᠩᠭᠤᠯ ᠤᠨ ᠪᠠᠷᠠᠭᠤᠨ ᠤᠷᠤᠨ ᠳᠤ ᠬᠢ ᠪᠠᠷᠠᠭ᠎ᠠ ᠨᠥᠭᠡᠴᠡᠯᠡᠭᠦ ᠭᠥᠢᠯᠭᠡᠯᠡᠭᠦ ᠴᠢᠬᠤᠯᠠ ᠰᠠᠭᠤᠷᠢᠨ ᠪᠤᠯᠭᠠᠨ ᠴᠤᠭᠴᠠᠯᠠᠨ᠎ᠠ᠃     ︵ᠲᠤᠯᠤᠭ᠎ᠠ︶ ᠰᠠᠭᠤᠷᠢ ᠲᠤᠯᠭᠠᠭᠤᠷᠢᠯᠠᠯ ᠢ ᠥᠷᠭᠦᠯᠵᠢᠯᠡᠨ ᠪᠠᠬᠢᠵᠢᠭᠦᠯᠵᠤ᠂ ᠬᠤᠳᠠ ᠭᠥᠳᠡᠭᠡ ᠬᠢᠭᠡᠳ ᠭᠥᠷᠢᠶᠡᠯᠡᠩ ᠲᠤᠭᠤᠷᠢᠭ ᠤᠨ ᠭᠥᠭᠵᠢᠯᠳᠡ ᠶᠢ ᠠᠬᠢᠭᠤᠯᠤᠨ᠎ᠠ᠃ ᠬᠤᠯᠠᠴᠢ ᠬᠠᠷᠠᠯᠳᠠᠳᠤ ᠲᠥᠯᠥᠪᠵᠢᠭᠦᠯᠥᠯᠳᠡ᠂ ᠥᠨᠳᠥᠷ ᠪᠠᠷᠢᠮᠵᠢᠶᠠᠳᠤ ᠪᠠᠶᠢᠭᠤᠯᠤᠯᠳᠠ ᠬᠢᠭᠡᠳ ᠴᠢᠩᠭ᠎ᠠ ᠬᠢᠵᠠᠭᠠᠷᠯᠠᠯᠳᠠᠳᠤ ᠬᠠᠮᠢᠶᠠᠷᠤᠯᠳᠠ ᠪᠠᠷ ᠬᠤᠳᠠ ᠭᠥᠳᠡᠭᠡ ᠪᠤᠯᠤᠨ ᠭᠥᠷᠢᠶᠡᠯᠡᠩ ᠲᠤᠭᠤᠷᠢᠭ ᠤᠨ ᠠᠴᠢᠶᠡᠯᠡᠬᠤ ᠴᠢᠳᠠᠪᠤᠷᠢ᠂ ᠲᠠᠳᠠᠬᠤ ᠭᠥᠴᠥᠨ᠂ ᠲᠠᠶᠢᠴᠢᠯᠠᠬᠤ ᠴᠢᠳᠠᠪᠤᠷᠢ ᠶᠢ ᠤᠯᠠᠮ ᠴᠢᠩᠭᠠᠳᠬᠠᠵᠤ᠂ ᠲᠡᠭᠡᠳᠤ ᠪᠠᠷᠢᠮᠵᠢᠶᠠᠳᠤ ᠭᠥᠭᠵᠢᠯᠳᠡ ᠶᠢ ᠲᠤᠯᠭᠠᠭᠤᠷᠢᠯᠠᠨ᠎ᠠ᠃      ᠨᠢᠭᠡ ᠳᠤ ᠬᠤᠳᠠ ᠪᠠᠯᠭᠠᠰᠤᠨ ᠤ ᠠᠴᠢᠶᠠᠯᠠᠬᠤ ᠴᠢᠳᠠᠪᠤᠷᠢ ᠶᠢ ᠲᠡᠭᠡᠭᠰᠢᠯᠡᠭᠦᠯᠥᠨ᠎ᠡ᠃ ᠤᠯᠵᠠᠴᠢ ᠪᠠᠯᠭᠠᠰᠤᠨ ᠳᠤ ᠬᠢ ᠨᠡᠶᠢᠳᠡ ᠶᠢᠨ ᠮᠠᠰᠢᠨ ᠤ ᠪᠥᠭᠦ ᠠᠷᠠᠳ  ᠤᠨ ᠵᠠᠷᠤᠳᠠᠯ ᠥᠭᠡᠢ ᠬᠡᠷᠡᠭᠯᠡᠯᠳᠡ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠤ᠂ ᠰᠠᠭᠤᠭᠠᠯᠢ ᠠᠷᠠᠳ ᠲᠤ ᠲᠥᠭᠦᠮ ᠥᠵᠡᠭᠦᠯᠥᠨ᠎ᠡ︔ ᠥᠬᠠᠢ ᠬᠤᠳᠠ ᠠᠴᠠ ᠨᠢᠩ ᠳ᠋ᠥᠩ ᠰᠠᠭᠤᠷᠢᠨ ᠭᠥᠷᠭᠦ S37 ᠲᠥᠷᠭᠡᠨ ᠵᠠᠮ ᠢ ᠪᠠᠷᠢᠯᠭ᠎ᠠ ᠡᠬᠢᠯᠡᠭᠦᠯᠵᠤ᠂ ᠭᠠᠴᠠᠭ᠎ᠠ ᠲᠤᠰᠬᠤᠨ ᠤ ᠵᠠᠮ ᠤᠳ ᠢ ᠰᠢᠨ᠎ᠡ ᠲᠡᠪᠢᠰᠭᠦ ᠪᠤᠶᠤ ᠰᠢᠨᠡᠳᠭᠡᠵᠤ ᠵᠠᠰᠠᠨ ︽ᠲᠥᠷᠪᠡᠨ ᠰᠠᠶᠢᠳᠠᠢ ᠭᠥᠳᠡᠭᠡ ᠶᠢᠨ ᠵᠠᠮ︾ ᠶᠢᠨ ᠪᠥᠳᠥᠮᠵᠢ ᠪᠠᠨ ᠪᠠᠬᠢᠵᠢᠭᠦᠯᠥᠨ᠎ᠡ᠃ ᠡᠯ᠎ᠡ ᠱᠠᠳᠤᠨ ᠤ ᠲᠥᠷᠥ ᠶᠢᠨ ᠪᠤᠳᠤᠯᠭ᠎ᠠ ᠶᠢᠨ ᠳᠡᠮᠵᠢᠯᠬᠡ ᠶᠢᠨ ᠠᠰᠢᠭᠳᠠᠢ ᠲᠤᠬᠢᠶᠠᠯ ᠢ ᠡᠵᠡᠮᠳᠡᠨ᠂ ᠲᠤᠯᠠᠭᠠᠯᠠᠭ᠎ᠠ ᠬᠠᠩᠭᠠᠬᠤ ᠬᠠᠭᠤᠴᠢᠨ ᠲᠤᠤᠷ ᠬᠤᠭᠤᠯᠠᠢ ᠶᠢ ᠰᠡᠯᠪᠢᠨ ᠵᠠᠰᠠᠬᠤ ᠵᠤᠨ ᠤ ᠠᠵᠢᠯ ᠢ ᠰᠠᠶᠢᠳᠤᠷ ᠬᠢᠵᠤ᠂ ᠬᠤᠳᠠ ᠪᠠᠯᠭᠠᠰᠤᠨ ᠳᠤ ᠬᠢ 3 ᠲᠠᠰᠤᠷᠬᠠᠢ ᠵᠠᠮ ᠢ ᠨᠡᠪᠳᠡᠷᠡᠭᠦᠯᠥᠨ᠂ ᠬᠤᠳᠠ ᠶᠢᠨ ᠵᠠᠮ ᠵᠡᠬᠡᠯᠢ ᠪᠠ ᠪᠤᠷᠤᠭᠠᠨ ᠤᠰᠤ᠂ ᠴᠡᠪᠡᠷᠰᠢᠭᠦᠯᠥᠭᠰᠡᠨ ᠤᠰᠤ ᠪᠤᠯᠤᠨ ᠪᠤᠬᠢᠷ ᠤᠰᠤᠨ  ᠤ ᠲᠤᠤᠷ ᠬᠤᠭᠤᠯᠠᠢ ᠶᠢᠨ ᠥᠭᠡᠷᠡᠴᠢᠯᠡᠯᠳᠡ ᠶᠢᠨ ᠠᠵᠢᠯ ᠢ ᠡᠮᠬᠢᠳᠡᠢ ᠬᠡᠷᠡᠭᠵᠢᠭᠦᠯᠵᠤ᠂ 15 ᠬᠠᠭᠤᠴᠢᠨ ᠰᠠᠭᠤᠭᠠᠯᠢ ᠲᠤᠭᠤᠷᠢᠭ ᠤᠨ ᠤᠰᠤᠳᠤᠯ ᠳᠤ ᠠᠪᠳᠠᠳᠠᠭ ᠠᠰᠠᠭᠤᠳᠠᠯ ᠢ ᠰᠢᠢᠳᠪᠥᠷᠢᠯᠡᠨ᠎ᠡ︔ ᠴᠠᠬᠢᠯᠭᠠᠨ ᠱᠠᠳᠤ ᠤᠭᠰᠠᠷᠠᠬᠤ ᠪᠠ ᠴᠠᠩ ᠴᠧᠩ ᠰᠠᠭᠤᠭᠠᠯᠢ ᠲᠤᠭᠤᠷᠢᠭ᠂ ᠲᠢᠶᠠᠨ ᠵᠢᠶᠦ᠋ᠨ ᠰᠠᠭᠤᠭᠠᠯᠢ ᠳᠤᠭᠤᠷᠢᠭ᠂ ᠷᠠᠳᠢᠤ᠋ ᠲᠧᠯᠸᠢᠰ ᠥᠷᠳᠡᠭᠡᠨ ᠤ ᠰᠠᠭᠤᠭᠠᠯᠢ ᠲᠤᠭᠤᠷᠢᠭ᠂ ᠲᠥᠭᠡᠭᠡᠯ ᠤᠰᠤᠨ ᠥᠢᠯᠡᠳᠪᠥᠷᠢ ᠶᠢᠨ ᠰᠠᠭᠤᠭᠠᠯᠢ  ᠲᠤᠭᠤᠷᠢᠭ᠂ ᠺᠠᠢ ᠰᠢᠶᠠᠩ ᠰᠠᠭᠤᠭᠠᠯᠢ ᠲᠤᠭᠤᠷᠢᠭ ᠵᠡᠷᠭᠡ ᠨᠢᠭᠡ ᠪᠥᠯᠥᠭ ᠬᠠᠭᠤᠴᠢᠨ ᠰᠠᠭᠤᠭᠠᠯᠢ ᠲᠤᠭᠤᠷᠢᠭ ᠤᠨ ᠥᠭᠡᠷᠡᠴᠢᠯᠡᠯᠳᠡ ᠶᠢᠨ ᠠᠵᠢᠯ ᠢ ᠰᠠᠶᠢᠳᠤᠷ ᠬᠡᠷᠡᠭᠵᠢᠭᠦᠯᠥᠨ᠎ᠡ︔ ᠭᠠᠵᠠᠷ ᠤᠷᠤᠨ ᠤ ᠤᠨᠴᠠᠯᠢᠭ ᠲᠤ ᠨᠢ ᠲᠤᠬᠢᠷᠠᠭᠤᠯᠤᠨ ᠡᠯ᠎ᠡ ᠪᠠᠯᠭᠠᠰᠤᠨ ᠤ ᠬᠤᠭ ᠨᠤᠪᠰᠢ ᠪᠤᠯᠤᠨ ᠪᠤᠬᠢᠷ ᠤᠰᠤ ᠰᠢᠢᠳᠪᠥᠷᠢᠯᠡᠭᠦ ᠠᠷᠭ᠎ᠠ ᠵᠠᠭᠪᠤᠷ ᠢ ᠰᠢᠯᠢᠳᠡᠭᠵᠢᠭᠦᠯᠥᠨ᠂ ᠠᠮᠢᠳᠤᠷᠠᠯ ᠤᠨ ᠬᠤᠭ ᠨᠤᠪᠰᠢ  ᠶᠢ ᠪᠢᠳᠡᠬᠦᠮᠵᠢᠯᠡᠨ ᠪᠤᠯᠠᠬᠤ ᠳᠠᠯᠠᠪᠤᠷ᠂ ᠬᠤᠭ ᠨᠤᠪᠰᠢ ᠰᠢᠳᠠᠭᠠᠨ ᠰᠢᠢᠳᠪᠥᠷᠢᠯᠡᠭᠦ ᠪᠠᠭ᠎ᠠ ᠬᠡᠯᠪᠡᠷᠢ ᠶᠢᠨ ᠵᠢᠱᠢᠶ᠎ᠡ ᠥᠵᠡᠭᠦᠯᠭᠦ ᠲᠥᠷᠥᠯ ᠵᠥᠢᠯ ᠤᠨ ᠪᠠᠶᠢᠭᠤᠯᠤᠯᠳᠠ ᠶᠢ ᠲᠥᠷᠭᠡᠳᠭᠡᠵᠤ᠂ ᠪᠥᠭᠦ ᠬᠤᠳᠠ ᠶᠢᠨ ᠠᠮᠢᠳᠤᠷᠠᠯ ᠤᠨ ᠬᠤᠭ ᠨᠤᠪᠰᠢ ᠶᠢ ᠪᠠᠭ᠎ᠠ ᠬᠡᠯᠪᠡᠷᠢ ᠪᠠᠷ᠂ ᠪᠤᠬᠢᠷᠳᠤᠭᠤᠯᠤᠯ ᠥᠭᠡᠢ ᠪᠠᠷ ᠰᠢᠳᠡᠭᠠᠨ ᠰᠢᠢᠳᠪᠥᠷᠢᠯᠡᠭᠦ ᠲᠤᠷᠰᠢᠯᠳᠠ ᠶᠢᠨ ᠬᠤᠰᠢᠭᠤ ᠶᠢ ᠴᠤᠭᠴᠠᠯᠠᠨ᠎ᠠ︔ ᠤᠳᠤ ᠥᠶ᠎ᠡ ᠶᠢᠨ ᠶᠡᠷᠥᠩᠭᠡᠶᠢᠯᠡᠭᠰᠡᠨ ᠥᠢᠯᠡᠴᠢᠯᠡᠭᠡᠳᠤ ᠪᠠᠷᠠᠭ᠎ᠠ ᠭᠥᠢᠯᠭᠡᠭᠡᠨ ᠤ ᠭᠥᠷᠢᠶᠡᠯᠡᠩ ᠤᠨ ᠨᠢᠭᠡᠳᠥᠭᠡᠷ ᠬᠤᠭᠤᠴᠠᠭᠠᠨ ᠤ ᠲᠥᠷᠥᠯ ᠵᠥᠢᠯ᠂ ᠪᠠᠷᠠᠭ᠎ᠠ ᠲᠠᠸᠠᠷ ᠤᠨ ᠵᠠᠬ᠎ᠠ ᠲᠡᠯᠭᠡᠭᠦᠷ ᠤᠨ ᠥᠭᠡᠷᠡᠴᠢᠯᠡᠯᠳᠡ ᠨᠡᠭᠦᠯᠭᠡᠯᠳᠡ ᠬᠢᠭᠡᠳ ᠬᠠᠷᠴᠠᠭᠠᠢ ᠭᠥᠯᠥᠭ ᠮᠠᠯ ᠲᠠᠷᠢᠶᠠᠯᠠᠩ ᠤᠨ ᠰᠢᠨ᠎ᠡ ᠰᠤᠷᠭᠤᠭ ᠪᠥᠳᠥᠭᠡᠭᠳᠡᠭᠦᠨ ᠤ ᠵᠠᠬ᠎ᠠ ᠲᠡᠯᠭᠡᠭᠦᠷ ᠤᠨ ᠪᠠᠷᠢᠯᠭ᠎ᠠ ᠪᠠᠶᠢᠭᠤᠯᠤᠯᠳᠠ ᠶᠢ ᠲᠦᠷᠬᠡᠤᠨᠬᠡᠨ᠎ᠡ︔ ᠪᠤᠯᠪᠠᠰᠤᠨ ᠬᠤᠳᠠ ᠶᠢᠨ ᠠᠮᠢᠯᠠᠯ ᠲᠥᠷᠭᠦ ᠶᠢ ᠥᠷᠭᠡᠳᠭᠡᠨ᠂ ᠨᠤᠳᠤᠭ ᠤᠷᠤᠨ ᠤ ᠤᠨᠴᠠᠯᠢᠭᠳᠤ ᠬᠤᠭᠤᠯᠠ ᠬᠤᠰᠢ ᠶᠢᠨ ᠭᠤᠤᠯ ᠰᠡᠳᠤᠪᠳᠤ ᠵᠡᠭᠡᠯᠢ ᠪᠠᠶᠢᠭᠤᠯᠵᠤ᠂ ︽ᠡᠮᠥᠨᠡᠳᠤ ᠤᠳᠤᠭ ᠤᠨ ᠰᠤᠳᠤᠨ ᠠᠮᠳᠠ︾ ᠨᠡᠷᠡᠳᠤ ᠲᠡᠮᠳᠡᠭᠳᠤ ᠤᠨᠴᠠᠯᠢᠭᠳᠤ ᠵᠡᠬᠡᠯᠢ ᠲᠤᠭᠤᠷᠢᠭ ᠢ ᠴᠤᠭᠴᠠᠯᠠᠨ᠎ᠠ᠃     ᠬᠤᠶᠠᠷ ᠲᠤ ᠪᠠᠯᠭᠠᠰᠤ ᠬᠡᠪᠴᠢᠶᠡᠨ ᠤ ᠤᠨᠴᠠᠯᠢᠭᠳᠤ ᠭᠥᠭᠵᠢᠯᠳᠡ ᠶᠢ ᠲᠡᠮᠵᠢᠨ᠎ᠡ᠃ ᠪᠡᠯᠡ ᠮᠦᠩᠬᠦ ᠶᠢᠨ ᠪᠠᠳᠤᠯᠠᠭ᠎ᠠ ᠶᠢ ᠴᠢᠩᠭᠠᠤᠨᠬᠠᠨ᠂ ᠤᠨᠴᠠᠯᠢᠭᠳᠤ ᠠᠵᠤ ᠥᠢᠯᠡᠰ ᠤᠨ ᠭᠥᠴᠥᠷᠭᠡᠭ ᠪᠠᠯᠭᠠᠰᠤ ᠶᠢ ᠴᠤᠭᠴᠠᠯᠠᠨ᠎ᠠ᠃ ᠤᠯᠵᠠᠴᠢ ᠪᠠᠯᠭᠠᠰᠤ ᠶᠢᠨ ᠭᠤᠤᠯᠳᠠᠯᠭᠠᠳᠤ ᠪᠠᠯᠭᠠᠰᠤᠨ ᠤ ᠪᠠᠭᠳᠠᠭᠠᠮᠵᠢ ᠴᠢᠳᠠᠮᠵᠢ ᠪᠠᠨ ᠪᠡᠶᠠᠯᠢᠭᠵᠢᠭᠤᠯᠬᠤ ᠠᠵᠢᠯ ᠢ ᠳᠡᠮᠵᠢᠵᠤ᠂ ᠲᠠᠬᠢᠯᠳᠤ ᠶᠢᠨ ᠮᠠᠯ ᠲᠠᠷᠢᠶᠠᠯᠠᠩ ᠤᠨ ᠥᠢᠯᠡᠰ ᠢ ᠠᠭᠤᠰᠤᠯᠴᠠᠭᠤᠯᠤᠨ ᠭᠥᠭᠵᠢᠭᠦᠯᠭᠦ ᠲᠠᠭᠤᠷᠢᠶᠠᠯ ᠭᠥᠷᠢᠶᠡᠯᠡᠩ ᠤᠨ ᠭᠥᠭᠵᠢᠯᠳᠡ ᠶᠢ ᠳᠡᠬᠦᠯᠳᠡᠷᠵᠢᠬᠦᠯᠤᠨ᠂ ᠦᠬᠡᠷ ᠮᠠᠯ ᠤᠨ ᠰᠤᠯᠢᠯᠴᠠᠭᠠᠨ ᠤ ᠬᠡᠮᠵᠢᠶ᠎ᠡ ᠶᠢ 160 ᠲᠦᠮᠡᠨ ᠳᠤᠯᠤᠭᠠᠢ ᠳᠠᠪᠠᠭᠤᠯᠬᠤ ᠪᠠᠷ ᠴᠢᠷᠮᠠᠶᠢᠵᠤ᠂ ᠬᠤᠳᠠ ᠪᠠᠯᠭᠠᠰᠤᠨ ᠤ ᠲᠥᠯᠥᠪᠵᠢᠭᠦᠯᠭᠡ ᠶᠢ ᠰᠢᠨᠡᠳᠭᠡᠨ᠂ ᠬᠠᠤᠯᠢ ᠬᠡᠷᠡᠭᠵᠢᠭᠦᠯᠥᠯᠳᠡ ᠬᠠᠮᠢᠶᠠᠷᠤᠯᠳᠠ ᠶᠢ ᠴᠢᠩᠭᠠᠳᠬᠠᠨ᠂ ᠤᠯᠠᠭᠠᠨ ᠰᠢᠨ᠎ᠡ ᠲᠤᠭᠤᠷᠢᠭ ᠤᠨ ᠬᠤᠳᠠ ᠪᠠᠯᠭᠠᠰᠤᠨ ᠤ ᠪᠥᠭᠦᠯᠢ ᠴᠤᠭᠴᠠᠳᠤ ᠲᠥᠯᠥᠪᠵᠢᠭᠦᠯᠥᠯ ᠭᠥᠭᠵᠢᠯᠳᠡ ᠳᠤ ᠠᠭᠤᠰᠤᠯᠴᠠᠬᠤ ᠶᠢ ᠠᠬᠢᠭᠤᠯᠤᠨ᠎ᠠ︔ ᠱᠠᠩᠬᠠᠢ ᠶᠢᠨ ᠰᠥᠮ᠎ᠡ ᠪᠠᠯᠭᠠᠰᠤ ᠶᠢᠨ ᠠᠵᠤ ᠥᠢᠯᠡᠳᠪᠥᠷᠢ ᠶᠢᠨ ᠴᠢᠬᠤᠯᠠ ᠪᠠᠯᠭᠠᠰᠤᠨ ᠤ ᠴᠢᠳᠠᠮᠵᠢ ᠪᠠᠨ ᠥᠷᠭᠡᠳᠭᠡᠭᠦ ᠶᠢ ᠲᠡᠮᠵᠢᠨ᠂ ᠭᠤᠷᠪᠠᠨ ᠠᠵᠤ ᠥᠢᠯᠡᠰ ᠤᠨ ᠥᠢᠯᠡᠴᠢᠯᠡᠭᠡ ᠶᠢᠨ ᠭᠥᠷᠢᠶᠡᠯᠡᠩ ᠢ ᠲᠡᠭᠦᠯᠳᠡᠷᠵᠢᠭᠦᠯᠵᠤ᠂ ᠭᠥᠷᠢᠶᠡᠯᠡᠩ ᠲᠤᠭᠤᠷᠢᠭ ᠤᠨ ᠬᠡᠷᠡᠭᠴᠡᠭᠡ ᠶᠢ ᠪᠠᠳᠤᠯᠠᠬᠤ ᠪᠠ ᠠᠵᠤ ᠠᠬᠤᠶᠢᠯᠠᠯ ᠤᠳ ᠲᠤ ᠥᠢᠯᠡᠴᠢᠯᠡᠭᠦ ᠬᠢᠷᠢ ᠲᠥᠪᠰᠢᠨ ᠢᠶᠠᠨ ᠳᠡᠬᠡᠭᠰᠢᠯᠡᠬᠦᠯᠤᠨ᠎ᠠ︔ ᠪᠤᠷᠤᠪᠠᠯᠭᠠᠰᠤ ᠪᠠᠯᠭᠠᠰᠤ ᠶᠢᠨ ᠬᠤᠪᠢᠰᠬᠠᠯᠳᠤ ᠰᠤᠶᠤᠯ ᠤᠨ ᠤᠯᠠᠮᠵᠢᠯᠠᠯᠳᠤ ᠪᠠᠯᠭᠠᠰᠤᠨ ᠤ ᠪᠠᠶᠢᠭᠤᠯᠤᠯᠳᠠ ᠴᠤᠭᠴᠠᠯᠠᠯᠳᠠ ᠶᠢ ᠲᠡᠮᠵᠢᠨ᠂ ᠬᠤᠪᠢᠰᠬᠠᠯ ᠤᠨ ᠡᠬᠢ ᠰᠤᠷᠪᠤᠯᠵᠢ ᠶᠢ ᠰᠠᠶᠢᠳᠤᠷ ᠠᠰᠢᠭᠯᠠᠨ ︽ᠪᠤᠷᠤᠪᠠᠯᠭᠠᠰᠤᠨ ᠴᠠᠶᠢᠵᠠ︾ ᠶᠢᠨ ᠲᠥᠷᠥᠯ ᠵᠥᠢᠯ ᠤᠨ ᠪᠠᠶᠢᠷᠢᠯᠠᠭᠤᠯᠤᠯᠳᠠ ᠪᠠᠶᠢᠭᠤᠯᠤᠯᠳᠠ ᠶᠢ ᠱᠠᠯᠠᠪᠳᠠᠭᠤᠯᠵᠤ᠂ ᠤᠳᠤ ᠥᠶ᠎ᠡ ᠶᠢᠨ ᠮᠠᠯ ᠲᠠᠷᠢᠶᠠᠯᠠᠩ ᠤᠨ ᠠᠵᠤ ᠥᠢᠯᠡᠰ ᠤᠨ ᠭᠥᠷᠢᠶᠡᠯᠡᠩ ᠢ ᠳᠡᠬᠦᠯᠳᠡᠷᠵᠢᠬᠦᠯᠤᠨ᠂ ᠰᠠᠭᠤᠷᠢ ᠲᠥᠭᠦᠷᠴᠢᠯᠡᠯ ᠢ ᠲᠤᠬᠢᠳᠠᠢ ᠵᠢᠷᠤᠮᠳᠠᠢ ᠨᠦᠬᠦᠨ᠂ ᠠᠯᠳᠠᠷᠰᠢᠯ ᠭᠥᠷᠢᠶᠡᠯᠡᠯ ᠬᠢᠭᠡᠳ ᠠᠰᠢᠭ ᠲᠤᠬᠢᠶᠠᠯ ᠢᠶᠠᠨ ᠪᠠᠳᠤ ᠡᠵᠡᠮᠳᠡᠨ᠎ᠡ︔ ᠨᠠᠩᠰᠤ ᠪᠠᠯᠭᠠᠰᠤ ᠶᠢᠨ ᠤᠳᠤ ᠥᠶ᠎ᠡ ᠶᠢᠨ ᠮᠠᠯ ᠲᠠᠷᠢᠶᠠᠯᠠᠩ ᠢ ᠲᠥᠷᠭᠡᠳᠭᠡᠨ ᠭᠥᠭᠵᠢᠭᠦᠯᠭᠦ ᠪᠠᠯᠭᠠᠰᠤᠨ ᠤ ᠪᠠᠶᠢᠭᠤᠯᠤᠯᠳᠠ ᠶᠢ ᠲᠡᠮᠵᠢᠨ᠂ ᠥᠨᠳᠥᠷ ᠪᠠᠷᠢᠮᠵᠢᠶᠠᠳᠤ ᠠᠯᠠᠰᠢᠨ ᠮᠠᠯ ᠤᠨ ᠲᠡᠵᠢᠭᠡᠨ ᠥᠷᠡᠵᠢᠭᠦᠯᠭᠦ ᠭᠥᠷᠢᠶᠡᠯᠡᠩ ᠲᠤᠭᠤᠷᠢᠭ ᠤᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ᠨᠤᠳᠤᠭ ᠪᠡᠯᠴᠢᠭᠡᠷ ᠤᠨ ᠰᠠᠶᠢᠵᠢᠷᠠᠭᠤᠯᠤᠯᠳᠠ ᠰᠢᠯᠢᠳᠡᠭᠵᠢᠭᠦᠯᠥᠯᠳᠡ ᠶᠢ ᠲᠥᠷᠭᠡᠳᠭᠡᠨ᠂ ᠠᠯᠠᠭᠠᠳᠠᠬᠤ ᠪᠥᠮᠪᠦᠭᠡ ᠶᠢᠨ ᠠᠵᠢᠯ ᠥᠢᠯᠡᠰ ᠢ ᠭᠥᠬᠢᠭᠡᠨ ᠭᠥᠭᠵᠢᠭᠡᠵᠤ᠂ ᠪᠠᠯᠭᠠᠰᠤᠨ ᠲᠤᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠥᠨ᠂ ᠤᠷᠤᠰᠢᠨ ᠰᠠᠭᠤᠷᠢᠰᠢᠬᠤ ᠤᠷᠴᠢᠨ ᠨᠥᠭᠦᠴᠡᠯ ᠤᠨ ᠶᠡᠷᠥᠩᠭᠡᠶᠢᠯᠡᠭᠰᠡᠨ ᠵᠠᠰᠠᠯᠳᠠ ᠶᠢ ᠠᠬᠢᠭᠤᠯᠤᠨ᠎ᠠ᠃     ᠭᠤᠷᠪᠠ ᠳᠤ ᠭᠥᠷᠢᠶᠡᠯᠡᠩ ᠲᠤᠭᠤᠷᠢᠭ ᠤᠨ ᠰᠠᠭᠤᠷᠢ ᠪᠠᠳᠤᠯᠠᠭ᠎ᠠ ᠶᠢ ᠰᠢᠯᠢᠳᠡᠭᠵᠢᠭᠦᠯᠥᠨ᠎ᠡ᠃ ᠲᠥᠷᠥᠯ ᠵᠥᠢᠯ ᠬᠠᠮᠢᠭ᠎ᠠ ᠤᠷᠤᠨᠵᠢᠪᠠᠯ ᠲᠥᠭᠦᠷ ᠥᠢᠯᠡᠴᠢᠯᠡᠭᠡ  ᠶᠢ ᠲᠡᠨᠳᠡ ᠠᠪᠠᠴᠢᠬᠤ ᠵᠠᠷᠴᠢᠮ ᠢ ᠪᠠᠷᠢᠮᠳᠠᠯᠠᠨ᠎ᠠ᠃  ᠨᠢᠭᠡ ᠲᠠᠯ᠎ᠠ ᠪᠠᠷ᠂ ᠨᠡᠭᠡᠭᠡᠯᠳᠡ ᠶᠢᠨ ᠤᠷᠤᠨ ᠤ ᠭᠠᠯ ᠤᠨᠳᠠᠷᠠᠭᠠᠬᠤ ᠥᠷᠳᠡᠭᠡ ᠪᠤᠯᠤᠨ ᠡᠯ᠎ᠡ ᠠᠭᠤᠷᠬᠠᠢ ᠶᠢᠨ ᠲᠤᠭᠤᠷᠢᠭ ᠢ ᠬᠤᠯᠪᠤᠭᠰᠠᠨ ᠵᠠᠮ ᠤᠨ ᠪᠠᠷᠢᠯᠭ᠎ᠠ ᠬᠢᠭᠡᠳ ᠴᠠᠬᠢᠯᠭᠠᠨ ᠥᠢᠯᠡᠳᠪᠥᠷᠢ ᠶᠢᠨ ᠢᠯᠡᠭᠦᠳᠡᠮᠡᠯ ᠢᠯᠴᠢ ᠶᠢᠨ ᠡᠨᠧᠷᠬᠢ ᠶᠢ ᠱᠠᠳᠤ ᠲᠠᠷᠠᠭᠠᠯᠠᠨ ᠠᠰᠢᠭᠯᠠᠬᠤ ᠢᠨᠵᠧᠨᠧᠷᠢᠩ ᠵᠡᠷᠭᠡ ᠶᠢᠨ ᠨᠡᠶᠢᠳᠡ ᠶᠢᠨ ᠲᠥᠭᠦᠭᠡᠷᠤᠮᠵᠢ  ᠶᠢ ᠪᠥᠯᠥᠭ ᠬᠤᠪᠢᠶᠠᠵᠤ ᠬᠡᠷᠡᠭᠵᠢᠬᠦᠯᠤᠨ᠎ᠠ︔ ᠤᠯᠵᠠᠴᠢ ᠠᠴᠠ ᠱᠠᠩᠬᠠᠢ ᠶᠢᠨ ᠰᠥᠮ᠎ᠡ ᠭᠥᠷᠭᠦ ᠲᠡᠮᠥᠷ ᠵᠠᠮ᠂ ᠱᠠᠩᠬᠠᠢ ᠶᠢᠨ ᠰᠥᠮ᠎ᠡ ᠡᠨᠧᠷᠬᠢ ᠬᠢᠮᠢ ᠶᠢᠨ ᠠᠵᠤ ᠥᠢᠯᠡᠳᠪᠥᠷᠢ ᠶᠢᠨ ᠭᠥᠷᠢᠶᠡᠯᠡᠩ ᠲᠤᠭᠤᠷᠢᠭ ᠤᠨ ᠪᠠᠷᠠᠭᠤᠨ ᠪᠡᠶ᠎ᠡ ᠶᠢᠨ ᠲᠤᠰᠬᠠᠢ ᠲᠡᠮᠤᠷ ᠵᠠᠮ ᠬᠢᠭᠡᠳ ᠴᠠᠩ ᠴᠧᠩ ᠴᠠᠬᠢᠯᠭᠠᠨ ᠥᠢᠯᠡᠳᠪᠥᠷᠢ ᠶᠢᠨ ᠨᠡᠭᠦᠷᠡᠰᠤ ᠵᠥᠭᠡᠭᠡᠪᠥᠷᠢᠯᠡᠭᠦ ᠲᠤᠰᠬᠠᠢ ᠲᠡᠮᠤᠷ ᠵᠠᠮ ᠤᠨ ᠲᠥᠷᠥᠯ ᠵᠥᠢᠯ ᠤᠨ ᠪᠠᠶᠢᠭᠤᠯᠤᠯᠳᠠ ᠶᠢ ᠲᠦᠷᠬᠡᠤᠨᠬᠡᠵᠤ᠂ ᠠᠵᠤ ᠤᠶᠢᠯᠡᠰ᠂ ᠠᠵᠤ ᠠᠬᠤᠶᠢᠯᠠᠯ ᠤᠷᠢᠨ ᠤᠷᠤᠭᠤᠯᠬᠤ ᠲᠦᠬᠦᠷᠴᠢᠯᠡᠯ ᠤᠨ ᠬᠦᠴᠤᠯᠡᠴᠠ ᠪᠠᠨ ᠨᠡᠮᠡᠭᠳᠡᠬᠦᠯᠤᠨ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ  ᠶᠢᠨ ᠤᠷᠤᠨ ᠤ ᠦᠢᠯᠡᠤᠨᠪᠤᠷᠢᠯᠡᠯ ᠤᠨ ᠦᠷᠳᠡᠭ ᠤᠨ 500 ᠳ᠋ᠦᠩᠰᠢᠭᠤᠷ ᠲᠦᠬᠦᠷᠢᠭ ᠰᠢᠪᠳᠤᠯᠬᠤ ᠶᠢ ᠠᠬᠢᠭᠤᠯᠤᠨ᠎ᠠ᠃ ᠨᠥᠭᠦᠭᠡ ᠲᠠᠯ᠎ᠠ ᠪᠠᠷ᠂ ᠠᠵᠤ ᠠᠬᠤᠶᠢᠯᠠᠯ ᠪᠤᠯᠤᠨ ᠲᠥᠷᠥᠯ ᠵᠥᠢᠯ ᠤᠨ ᠱᠠᠭᠠᠷᠳᠠᠯᠭ᠎ᠠ ᠶᠢ ᠠᠩᠬᠠᠷᠴᠤ᠂ ᠵᠤᠬᠢᠴᠠᠭᠤᠯᠬᠤ ᠥᠢᠯᠡᠴᠢᠯᠡᠭᠦ ᠶᠢ ᠠᠵᠢᠯ ᠤᠨ ᠪᠥᠭᠦ ᠶᠠᠪᠤᠴᠠ ᠳᠤ ᠲᠤᠤᠱᠯᠠᠭᠤᠯᠤᠨ᠂ ᠤᠳᠤᠭ ᠤᠨ ᠡᠮᠥᠨᠡᠳᠤ ᠬᠤᠰᠢᠭᠤᠨ ᠤ ᠴᠢᠳᠠᠪᠥᠷᠢᠳᠡᠳ ᠤᠨ ᠰᠢᠨᠵᠢᠯᠡᠭᠡ ᠰᠢᠨᠡᠴᠢᠯᠡᠯᠳᠡ ᠶᠢᠨ ᠰᠠᠭᠤᠷᠢᠨ ᠢ ᠭᠥᠢᠴᠡᠳ ᠠᠰᠢᠭᠯᠠᠵᠤ᠂ ︽ᠴᠢᠳᠠᠪᠤᠷᠢᠳᠡᠳ ᠬᠤᠷᠠᠭᠤᠯᠬᠤ︾ ᠠᠵᠢᠯ  ᠤᠨ ᠵᠠᠭᠪᠤᠷ ᠢ ᠰᠥᠪᠡᠭᠴᠢᠯᠡᠵᠤ ᠬᠡᠷᠡᠭᠵᠢᠭᠦᠯᠥᠨ᠂ ᠭᠥᠷᠢᠶᠡᠯᠡᠩ ᠲᠤᠭᠤᠷᠢᠭ ᠪᠤᠯᠤᠨ ᠠᠵᠤ ᠠᠬᠤᠶᠢᠯᠠᠯ ᠳᠤ ︽ᠴᠢᠳᠠᠪᠤᠷᠢᠳᠠᠨ ᠡᠯᠰᠡᠭᠦ ᠪᠤᠯᠤᠮᠵᠢ ᠠᠪᠴᠢᠷᠠᠵᠤ᠂ ᠴᠢᠳᠠᠪᠤᠷᠢᠳᠡᠨ ᠢᠶᠠᠷ ᠥᠢᠯᠡᠳᠪᠥᠷᠢᠯᠡᠯ ᠢ ᠠᠬᠢᠭᠤᠯᠤᠨ᠂ ᠥᠢᠯᠡᠳᠪᠥᠷᠢᠯᠡᠯ ᠴᠢᠳᠠᠪᠤᠷᠢᠳᠠᠨ ᠢ ᠠᠭᠤᠰᠤᠯᠴᠠᠭᠤᠯᠤᠭᠰᠠᠨ︾ ᠤᠬᠢ ᠤᠷᠴᠢᠯ ᠡᠷᠬᠢᠯᠳᠡᠳᠤ ᠥᠢᠯᠡᠴᠢᠯᠡᠭᠡᠨ  ᠤ ᠰᠢᠰᠲ᠋ᠧᠮ ᠪᠥᠷᠢᠳᠥᠭᠦᠯᠵᠤ᠂ ᠬᠤᠤᠰ ᠡᠯᠰᠡᠯᠳᠡ ᠬᠤᠤᠰ ᠤᠷᠢᠯᠳᠠ ᠶᠢᠨ ᠲᠥᠷᠥ ᠶᠢᠨ ᠪᠤᠳᠤᠯᠭ᠎ᠠ ᠲᠤᠭᠳᠠᠭᠠᠨ᠂ ᠠᠵᠤ ᠠᠬᠤᠶᠢᠯᠠᠯ ᠤᠳ ᠤᠨ ᠭᠥᠭᠵᠢᠯᠳᠡ ᠶᠢᠨ ᠰᠢᠨ᠎ᠡ ᠪᠤᠯᠤᠮᠵᠢ ᠶᠢ ᠬᠠᠩᠭᠠᠨ᠎ᠠ᠃      ︵ᠨᠠᠢᠮᠠ︶ ᠠᠷᠠᠳ ᠤᠨ ᠠᠮᠢᠳᠤᠷᠠᠯ ᠤᠨ ᠬᠠᠷᠠᠭᠠᠯᠵᠠᠯ ᠪᠠᠳᠤᠯᠠᠭ᠎ᠠ ᠳᠤ ᠭᠥᠴᠥᠯᠡᠨ᠂ ᠠᠷᠠᠳ ᠤᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠥᠨ᠎ᠡ᠃ ᠴᠢᠨᠠᠷᠯᠢᠭ ᠭᠥᠭᠵᠢᠭᠦᠯᠥᠯᠳᠡ ᠶᠢᠨ ᠲᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂ ᠠᠷᠠᠳ ᠤᠯᠠᠨ ᠤ ᠪᠠᠴᠢᠮ ᠲᠤᠯᠭᠠᠮ᠎ᠠ ᠠᠰᠠᠭᠤᠳᠠᠯ ᠢ ᠰᠠᠶᠢᠳᠤᠷ ᠰᠢᠢᠤᠨᠪᠤᠷᠢᠯᠡᠨ᠂ ᠠᠷᠠᠳ ᠤᠨ ᠠᠮᠢᠳᠤᠷᠠᠯ ᠢ ᠨᠡᠩ ᠲᠠᠭᠠᠳᠠᠢ ᠲᠤᠭᠳᠠᠪᠤᠷᠢᠳᠠᠢ ᠵᠢᠷᠭᠠᠯᠳᠠᠢ ᠪᠤᠯᠭᠠᠨ᠎ᠠ᠃     ᠨᠢᠭᠡ ᠳᠤ ᠰᠤᠷᠭᠠᠨ ᠭᠥᠮᠥᠵᠢᠯ ᠬᠢᠭᠡᠳ ᠡᠮ ᠡᠮᠴᠢᠯᠡᠭᠡ ᠶᠢ ᠭᠤᠤᠯᠳᠠᠯᠭᠠᠳᠠᠢ ᠠᠳᠬᠤᠨ᠎ᠠ᠃ ᠨᠡᠷᠡᠳᠤ ᠡᠮᠴᠢ ᠨᠡᠷᠡᠳᠤ ᠪᠠᠭᠰᠢ  ᠶᠢ ᠤᠷᠢᠬᠤ ᠪᠠ ︽ᠭᠠᠷᠠᠭ  ᠤᠨ ᠴᠢᠯᠤᠬᠡᠨ ᠤ ᠢᠨᠵᠧᠨᠧᠷ︾ ᠤᠨ ᠠᠷᠭ᠎ᠠ ᠠᠪᠴᠠᠯ ᠤᠨ ᠨᠠᠶᠢᠳᠠᠪᠤᠷᠢᠵᠢᠭᠤᠯᠤᠯᠳᠠ ᠶᠢ ᠴᠢᠩᠭᠠᠤᠨᠬᠠᠨ᠂  ᠬᠤᠳᠠ ᠶᠢᠨ ᠨᠢᠭᠡᠳᠥᠭᠡᠷ ᠲᠤᠮᠳᠠᠳᠤ ᠰᠤᠷᠭᠠᠭᠤᠯᠢ ᠵᠡᠷᠭᠡ ᠴᠢᠨᠠᠷᠯᠢᠭ ᠰᠤᠷᠭᠠᠭᠤᠯᠢ ᠨᠤᠭᠤᠳ ᠯᠤᠭ᠎ᠠ ᠶᠢᠨ ᠬᠠᠮᠳᠤᠷᠠᠯᠴᠠᠨ ᠰᠤᠷᠭᠠᠭᠤᠯᠢ ᠡᠷᠬᠢᠯᠡᠭᠦ ᠠᠵᠢᠯ ᠢ ᠭᠥᠨᠵᠡᠭᠡᠶᠢᠷᠡᠭᠦᠯᠵᠤ᠂ ᠲᠡᠷᠢᠭᠦᠨ ᠤ ᠤᠶᠢᠯᠠᠭᠠᠯᠳᠠ ᠰᠡᠳᠬᠢᠮᠵᠢ ᠪᠤᠯᠤᠨ ᠰᠢᠯᠢᠳᠡᠭ ᠲᠤᠷᠰᠢᠯᠭ᠎ᠠ ᠶᠢ ᠮᠠᠨ ᠤ ᠰᠤᠷᠭᠠᠨ ᠭᠥᠮᠥᠵᠢᠯ ᠲᠤᠮᠳᠠ ᠥᠨᠡᠨ ᠭᠦ ᠥᠢᠯᠡᠳᠥᠯᠭᠡᠵᠢᠭᠦᠯᠥᠨ᠎ᠡ︔ ︽ᠪᠥᠭᠦ ᠤᠯᠤᠰ ᠤᠨ ᠠᠯᠪᠠᠨ ᠵᠢᠷᠤᠮ ᠤᠨ ᠰᠤᠷᠭᠠᠨ ᠭᠥᠮᠥᠵᠢᠯ ᠢ ᠴᠢᠨᠠᠷᠯᠢᠭ ᠲᠡᠩᠴᠡᠭᠦᠷᠢᠰᠢᠯᠳᠡᠢ ᠭᠥᠭᠵᠢᠭᠦᠯᠥᠭᠰᠡᠨ ᠬᠤᠰᠢᠭᠤ ᠰᠢᠶᠡᠨ︾  ᠴᠤᠭᠴᠠᠯᠠᠬᠤ ᠠᠵᠢᠯ ᠢ ᠭᠥᠴᠥᠯᠡᠨ ᠠᠬᠢᠭᠤᠯᠵᠤ᠂ ᠲᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠭᠥᠮᠥᠵᠢᠯ ᠤᠨ ᠲᠤᠰᠬᠠᠢ ᠮᠡᠷᠭᠡᠵᠢᠯ ᠬᠠᠯᠠᠮᠰᠢᠯᠳᠠᠢ ᠡᠯᠰᠡᠯᠳᠡ ᠬᠡᠷᠡᠭᠯᠡᠯᠳᠡ ᠭᠥᠭᠵᠢᠶᠡᠨᠳᠡᠢ ᠪᠠᠶᠢᠳᠠᠯ ᠢ ᠪᠤᠢ ᠪᠤᠯᠭᠠᠬᠤ ᠶᠢ ᠠᠬᠢᠭᠤᠯᠤᠨ᠎ᠠ︔ ᠬᠤᠰᠢᠭᠤ ᠲᠤᠯᠤᠳᠤᠭᠠᠷ ᠬᠡᠥᠭᠡᠳ ᠤᠨ ᠴᠡᠴᠡᠷᠯᠢᠭ ᠪᠤᠯᠤᠨ ᠱᠠᠩᠬᠠᠢ ᠶᠢᠨ ᠰᠥᠮ᠎ᠡ ᠬᠤᠶᠠᠳᠤᠭᠠᠷ ᠭᠡᠥᠭᠡᠳ ᠤᠨ ᠴᠡᠴᠡᠷᠯᠢᠭ ᠤᠨ ᠪᠠᠶᠢᠭᠤᠯᠤᠯᠳᠠ  ᠶᠢᠨ ᠠᠬᠢᠴᠠ ᠶᠢ ᠲᠥᠷᠭᠡᠳᠭᠡᠵᠤ᠂ 5 ᠰᠠᠷ᠎ᠠ ᠶᠢᠨ ᠰᠡᠬᠦᠯᠴᠢ ᠠᠴᠠ ᠡᠮᠥᠨ᠎ᠡ ᠠᠰᠢᠭᠯᠠᠯᠳᠠ ᠳᠤ ᠤᠷᠤᠭᠤᠯᠬᠤ ᠶᠢ ᠪᠠᠳᠤᠯᠠᠨ᠂ ᠤᠶᠢᠷ᠎ᠠ ᠤᠷᠴᠢᠨ ᠤ ᠬᠡᠥᠭᠡᠳ ︽ᠭᠡᠷ  ᠤᠨ ᠢᠶᠠᠨ ᠲᠡᠷᠭᠡᠳᠡ ᠪᠢᠴᠢᠭ ᠥᠵᠡᠭᠦ︾ ᠱᠠᠭᠠᠷᠳᠠᠯᠭ᠎ᠠ ᠶᠢ ᠬᠠᠩᠭᠠᠨ᠎ᠠ᠃ ᠪᠡᠬᠡᠵᠢᠩ ᠤᠨ ᠴᠦᠢ ᠶᠠᠩ ᠯᠢᠦ ᠡᠮᠨᠡᠯᠬᠡ ᠶᠢᠨ ᠬᠤᠷᠢᠶ᠎ᠠ᠂ ᠨᠢᠩᠰᠢᠶᠠ ᠶᠢᠨ ᠡᠮᠨᠡᠯᠬᠡ ᠶᠢᠨ ᠶᠡᠭᠡ ᠰᠤᠷᠭᠠᠭᠤᠯᠢ ᠶᠢᠨ ᠬᠠᠷᠢᠶᠠᠳᠤ ᠡᠮᠨᠡᠯᠬᠡ ᠶᠢᠨ ᠬᠤᠷᠢᠶ᠎ᠠ ᠵᠡᠷᠬᠡ 13 ᠡᠮᠨᠡᠯᠬᠡ ᠶᠢᠨ ᠬᠤᠯᠪᠤᠭᠠᠳᠤ ᠴᠤᠭᠴᠠ ᠲᠠᠢ ᠬᠠᠮᠳᠤᠷᠠᠨ ᠪᠠᠶᠢᠭᠤᠯᠬᠤ ᠶᠢ ᠬᠦᠨᠵᠡᠬᠡᠶᠢᠷᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠶᠡᠷᠥᠩᠭᠡᠶᠢᠯᠡᠭᠰᠡᠨ ᠥᠭᠡᠷᠡᠴᠢᠯᠡᠯᠳᠡ ᠶᠢᠨ ᠲᠥᠷᠥᠯ ᠵᠥᠢᠯ ᠤᠨ ᠪᠡᠯᠡ ᠮᠥᠩᠭᠦ ᠲᠠᠢ ᠤᠶᠠᠯᠳᠤᠭᠤᠯᠤᠨ᠂ ᠥᠨᠳᠥᠰᠤᠨ ᠱᠠᠳᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠥᠢᠯᠡᠴᠢᠯᠡᠭᠡᠨ ᠤ ᠲᠥᠪ ᠤᠨ ᠰᠤᠷᠪᠤᠯᠵᠢ ᠲᠤᠬᠢᠷᠠᠭᠤᠯᠭ᠎ᠠ ᠶᠢ ᠰᠢᠯᠢᠳᠡᠭᠵᠢᠭᠦᠯᠵᠤ᠂ 65% ᠢᠯᠡᠭᠦᠥ ᠶᠢᠨ ᠡᠪᠡᠳᠴᠢᠳᠡᠨ ᠢ ᠥᠨᠳᠥᠰᠥᠨ ᠱᠠᠳᠤᠨ ᠤ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠤᠨᠤᠰᠢᠯᠠᠭᠤᠯᠤᠨ᠂ 90% ᠠᠴᠠ ᠲᠡᠭᠡᠭᠰᠢᠬᠢ ᠡᠪᠡᠳᠴᠢᠳᠡᠳ ᠤᠨ ᠬᠤᠰᠢᠭᠤᠨ ᠲᠤᠳᠤᠷ᠎ᠠ ᠪᠠᠨ ᠡᠪᠡᠳᠴᠢᠨ ᠥᠵᠡᠭᠦᠯᠭᠦ ᠶᠢ ᠪᠠᠳᠤᠯᠠᠵᠤ᠂ ᠠᠷᠠᠤᠨ ᠲᠦᠮᠡᠨ ᠳᠤ ᠬᠡᠷ ᠤᠨ ᠢᠶᠠᠨ ᠳᠡᠷᠬᠡᠳᠠ ᠰᠢᠯᠢᠳᠡᠭ ᠰᠤᠷᠭᠠᠨ ᠬᠦᠮᠤᠵᠢᠯ ᠡᠮ ᠡᠮᠴᠢᠯᠡᠭᠡ ᠶᠢᠨ ᠡᠬᠢ ᠪᠠᠶᠠᠯᠢᠭ ᠢ ᠡᠳ᠋ᠯᠡᠬᠦᠯᠬᠦ ᠪᠠᠷ ᠴᠢᠷᠮᠠᠶᠢᠨ᠎ᠠ᠃     ᠬᠤᠶᠠᠷ ᠲᠤ ᠨᠡᠶᠢᠭᠡᠮ ᠤᠨ ᠪᠠᠳᠤᠯᠠᠭ᠎ᠠ ᠶᠢ ᠭᠤᠤᠯᠳᠠᠯᠭᠠᠳᠠᠢ ᠠᠳᠬᠤᠨ᠎ᠠ᠃ ᠡᠯ᠎ᠡ ᠱᠠᠳᠤ ᠡᠯ᠎ᠡ ᠲᠦᠷᠤᠯ ᠤᠨ ᠳᠡᠤᠨᠬᠦᠨ ᠳᠡᠮᠵᠢᠬᠦ ᠲᠦᠷᠤ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠡᠮᠡᠭᠳᠡᠶᠢᠴᠤᠤᠨ ᠬᠡᠤᠬᠡᠤᠨ᠂ ᠨᠠᠰᠤᠳᠠᠶᠢᠴᠤᠤᠨ ᠵᠡᠷᠬᠡ ᠬᠦᠮᠤᠰ ᠤᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠨ᠎ᠠ︔  ᠴᠢᠳᠠᠪᠤᠷᠢᠳᠠᠨ ᠡᠯᠰᠡᠭᠦ ︽ᠬᠤᠤᠰ ᠵᠠᠭᠤ ᠶᠢᠨ ᠢᠨᠵᠧᠨᠧᠷᠢᠩ︾ ᠢ ᠥᠷᠭᠦᠯᠵᠢᠯᠡᠨ ᠰᠠᠶᠢᠳᠤᠷ ᠬᠡᠷᠡᠭᠵᠢᠭᠦᠯᠵᠤ᠂ ᠤᠯᠠᠨ ᠨᠠᠶᠢᠳᠠ ᠶᠢᠨ ᠳᠠᠳᠤᠯᠭ᠎ᠠ ᠰᠤᠷᠢᠭᠠᠨ ᠤ ᠰᠠᠭᠤᠷᠢᠨ ᠪᠠᠶᠢᠭᠤᠯᠤᠨ᠂ ᠲᠡᠭᠡᠳᠤ ᠰᠤᠷᠭᠠᠭᠤᠯᠢ ᠲᠡᠭᠦᠰᠥᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ ᠭᠤᠤᠯᠳᠠᠯᠭᠠᠳᠤ ᠭᠥᠮᠥᠰ  ᠤᠨ ᠠᠵᠢᠯ ᠤᠯᠬᠤ ᠶᠠᠪᠤᠴᠠ ᠳᠤ ᠬᠢ ᠲᠡᠮᠵᠢᠯᠭᠡ ᠶᠢ ᠴᠢᠩᠭᠠᠤᠨᠬᠠᠨ᠎ᠠ︔ ︽ᠨᠠᠰᠤᠳᠠᠶᠢᠴᠤᠳ ᠪᠤᠯᠤᠨ ᠨᠢᠯᠬᠠᠰ ᠤᠨ ᠬᠠᠷᠠᠭᠠᠯᠵᠠᠯ ᠤᠨ ᠪᠤᠳᠤᠯᠭ᠎ᠠ︾ ᠶᠢ ᠰᠠᠶᠢᠳᠤᠷ ᠭᠥᠢᠴᠡᠳᠭᠡᠨ᠂ ᠪᠤᠷᠤᠪᠠᠯᠭᠠᠰᠤ ᠪᠠᠯᠭᠠᠰᠤ᠂ ᠵᠤᠤᠬ᠎ᠠ ᠨᠡᠶᠢᠭᠡᠮ ᠲᠤᠭᠤᠷᠢᠭ᠂ ᠪᠤᠯᠠᠭ ᠨᠡᠶᠢᠭᠡᠮ ᠲᠤᠭᠤᠷᠢᠭ ᠲᠤ ᠬᠢ 3 ᠨᠠᠰᠤᠵᠢᠯ ᠥᠢᠯᠡᠴᠢᠯᠡᠭᠡᠨ ᠤ ᠲᠥᠪ ︵ᠥᠷᠳᠡᠭᠡ︶ ᠶᠢ ᠥᠭᠡᠷᠡᠴᠢᠯᠡᠨ ᠲᠡᠰ ᠲᠡᠪᠰᠢᠭᠦᠯᠭᠦ ᠠᠵᠢᠯ ᠢ ᠪᠡᠶᠡᠯᠡᠭᠦᠯᠥᠨ᠂ 5 ᠭᠠᠴᠠᠭ᠎ᠠ ᠲᠤᠰᠬᠤᠨ ᠳᠤ ᠬᠢ ᠨᠠᠰᠤᠵᠢᠯ ᠥᠢᠯᠡᠴᠢᠯᠡᠭᠡᠨ ᠤ ᠥᠷᠳᠡᠭᠡ  ᠶᠢᠨ ᠪᠠᠶᠢᠭᠤᠯᠤᠨ ᠲᠡᠰ ᠲᠡᠪᠰᠢᠭᠦᠯᠭᠦ ᠠᠵᠢᠯ ᠢ ᠲᠠᠭᠤᠰᠬᠠᠵᠤ᠂ ᠨᠢᠯᠬ᠎ᠠ ᠬᠡᠥᠭᠡᠳ ᠢ ᠨᠠᠶᠢᠳᠠᠨ ᠬᠠᠷᠠᠭᠠᠯᠵᠠᠬᠤ ᠥᠢᠯᠡᠴᠢᠯᠡᠭᠡᠨ ᠤ ᠬᠠᠩᠭᠠᠯᠳᠠ ᠶᠢ ᠥᠷᠭᠡᠳᠭᠡᠨ᠂ ᠠᠶᠢᠯ ᠭᠡᠷ ᠤᠨ ᠲᠥᠭᠡᠮᠡᠯ ᠬᠠᠷᠠᠭᠠᠯᠵᠠᠯᠠᠯᠳᠤ ᠭᠢᠴᠢᠶᠡᠯ ᠵᠢᠯᠤᠭᠤᠳᠬᠤ᠂ ᠲᠥᠷ ᠴᠠᠭ ᠪᠤᠶᠤ ᠠᠮᠠᠷᠠᠯᠳᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠬᠤ ᠥᠢᠯᠡᠴᠢᠯᠡᠭᠡ ᠶᠢ ᠲᠡᠭᠦᠯᠳᠡᠷᠵᠢᠭᠦᠯᠵᠤ᠂ ︽15 ᠮᠢᠨᠥ᠋ᠲ ᠤᠨ ᠨᠠᠶᠢᠳᠠᠨ ᠭᠥᠮᠥᠵᠢᠭᠦᠯᠭᠦ ᠥᠢᠯᠡᠴᠢᠯᠡᠭᠡᠨ ᠤ ᠲᠤᠭᠤᠷᠢᠭ︾ ᠴᠤᠭᠴᠠᠯᠠᠨ᠂ ᠲᠥᠭᠡᠮᠡᠯ ᠬᠠᠷᠠᠭᠠᠯᠵᠠᠯᠠᠯᠳᠤ ᠨᠠᠰᠤᠵᠢᠯ ᠠᠰᠠᠷᠠᠯᠳᠠ ᠪᠤᠯᠤᠨ ᠨᠡᠶᠢᠳᠡᠨ ᠭᠥᠮᠥᠵᠢᠭᠦᠯᠭᠦ ᠥᠢᠯᠡᠴᠢᠯᠡᠭᠡ ᠶᠢ ᠲᠥᠭᠦᠮ ᠲᠥᠳᠡ ᠪᠤᠯᠭᠠᠨ᠎ᠠ᠃     ᠭᠤᠷᠪᠠ ᠳᠤ ᠲᠥᠭᠰᠢᠭᠦᠷᠢ ᠶᠢ ᠠᠷᠢᠯᠭᠠᠬᠤ ᠵᠠᠰᠠᠯᠳᠠ ᠶᠢᠨ ᠴᠢᠳᠠᠪᠤᠷᠢ ᠶᠢ ᠲᠡᠭᠡᠭᠰᠢᠯᠡᠭᠦᠯᠥᠨ᠎ᠡ᠃ ᠵᠠᠰᠠᠭ ᠤᠨ ᠤᠷᠳᠤᠨ ᠤ ᠥᠷᠢ ᠥᠭᠴᠡᠭᠡᠨ ᠤ ᠬᠠᠮᠢᠶᠠᠷᠤᠯᠳᠠ  ᠶᠢ ᠴᠢᠩᠭᠠᠳᠬᠠᠨ᠂ ᠠᠮᠤ ᠲᠥᠮᠥᠰᠤ᠂ ᠡᠨᠧᠷᠬᠢ ᠰᠤᠷᠪᠤᠯᠵᠢ᠂ ᠬᠡᠷ ᠭᠠᠵᠠᠷ ᠭᠥᠷᠥᠩᠭᠡ ᠵᠡᠷᠭᠡ ᠶᠢᠨ ᠭᠥᠷᠢᠶ᠎ᠡ ᠴᠠᠷᠠᠭᠠᠨ ᠳᠤ ᠬᠢ ᠲᠥᠭᠰᠢᠭᠦᠷᠢ ᠶᠢᠨ ᠬᠠᠮᠢᠶᠠᠷᠤᠯᠳᠠ  ᠶᠢ ᠡᠵᠡᠮᠳᠡᠵᠤ᠂ ᠠᠵᠤ ᠠᠬᠤᠢ ᠶᠢᠨ ᠠᠮᠤᠷ ᠲᠥᠪᠰᠢᠨ ᠤ ᠲᠤᠤᠷᠠᠳᠤ ᠬᠢᠵᠠᠭᠠᠷ ᠢ ᠪᠠᠳᠤ ᠰᠠᠬᠢᠨ᠎ᠠ︔ ᠠᠶᠤᠯᠭᠦᠢ ᠥᠢᠯᠡᠳᠪᠥᠷᠢᠯᠡᠯ ᠢ ᠥᠨᠳᠥᠰᠥᠨ ᠠᠴᠠ ᠨᠢ ᠵᠠᠰᠠᠬᠤ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯᠯᠠᠭ᠎ᠠ ᠶᠢ ᠡᠬᠢᠯᠡᠭᠦᠯᠵᠤ᠂ ︽ᠠᠶᠤᠯᠭᠦᠢ ᠥᠢᠯᠡᠳᠪᠥᠷᠢᠯᠡᠯ ᠤᠨ ᠡᠴᠥᠰ ᠤᠨ ᠠᠯᠬᠤᠮ︾ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠡᠮ ᠤᠨ ᠵᠥᠢᠯ ᠤᠨ ᠠᠶᠤᠯᠭᠦᠢ ᠶᠢᠨ ᠬᠢᠨᠠᠯᠳᠠ ᠬᠠᠮᠢᠶᠠᠷᠤᠯᠳᠠ ᠶᠢ ᠡᠷᠴᠢᠮᠵᠢᠭᠦᠯᠵᠤ᠂ ᠢᠳᠡᠭᠡᠨ ᠤ ᠠᠶᠤᠯᠭᠦᠢ ᠶᠢᠨ ᠵᠢᠱᠢᠶᠡᠴᠢ ᠬᠤᠰᠢᠭᠤᠨ ᠤ ᠴᠤᠭᠴᠠᠯᠠᠯᠳᠠ ᠳᠤ ᠭᠥᠴᠥᠯᠡᠨ᠂ ᠠᠶᠤᠯᠭᠦᠢ ᠥᠢᠯᠡᠳᠪᠥᠷᠢᠯᠡᠯ ᠤᠨ ᠥᠨᠳᠥᠰᠥᠨ ᠱᠠᠳᠤᠨ ᠳᠤ ᠬᠢ ᠰᠠᠭᠤᠷᠢ ᠪᠠᠶᠢᠭᠤᠯᠤᠯᠳᠠ ᠶᠢ ᠪᠠᠬᠢᠵᠢᠭᠦᠯᠥᠨ᠎ᠡ︔ ᠵᠥᠷᠢᠴᠡᠯ ᠵᠠᠭᠤᠷᠠᠭᠠᠨ ᠢ ᠪᠠᠶᠢᠴᠠᠭᠠᠨ ᠡᠶᠡᠳᠡᠭᠦᠯᠭᠦ ᠬᠢᠭᠡᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠥᠷᠢᠯᠡᠭᠦ ᠲᠤᠭᠳᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢ ᠤᠷᠤᠯᠠᠨ ᠭᠥᠢᠴᠡᠳᠭᠡᠭᠦ ᠲᠥᠷᠢᠮ ᠢ ᠪᠥᠭᠦ ᠲᠠᠯ᠎ᠠ ᠪᠠᠷ ᠬᠡᠷᠡᠭᠵᠢᠭᠦᠯᠵᠤ᠂ ᠨᠡᠶᠢᠭᠡᠮ ᠤᠨ ᠠᠮᠤᠷ ᠲᠤᠭᠳᠠᠭᠤᠨ ᠢ ᠠᠷᠢᠭᠤᠳᠬᠠᠨ ᠬᠠᠮᠠᠭᠠᠯᠠᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠳᠤ ᠲᠠᠶᠢᠴᠢᠯᠠᠨ ᠤᠷᠢᠶᠠᠯᠠᠬᠤ ᠲᠤᠭᠳᠠᠴᠠ ᠶᠢ ᠪᠥᠷᠢᠨᠰᠢᠭᠦᠯᠥᠨ᠂ ᠦᠨᠳᠤᠰᠤᠳᠠᠨ ᠱᠠᠰᠢᠨ ᠰᠤᠷᠳᠠᠬᠤᠨ ᠤ ᠶᠠᠪᠤᠳᠠᠯ ᠤᠨ ᠬᠠᠮᠢᠶᠠᠷᠤᠯᠳᠠ ᠶᠢ ᠬᠠᠤᠯᠢ ᠶᠤᠰᠤᠭᠠᠷ ᠴᠢᠩᠭᠠᠳᠬᠠᠵᠤ᠂ ᠥᠨᠳᠥᠰᠥᠳᠡᠨ ᠤ ᠪᠥᠯᠭᠦᠮᠳᠠᠯ ᠲᠠᠪᠰᠢᠯᠳᠠ ᠶᠢᠨ ᠴᠤᠭᠴᠠᠯᠠᠯᠳᠠ ᠶᠢᠨ ᠠᠵᠢᠯᠯᠠᠭ᠎ᠠ ᠥᠷᠨᠢᠭᠦᠯᠥᠨ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠢ ᠭᠥᠴᠥᠯᠡᠨ ᠪᠠᠬᠢᠵᠢᠭᠦᠯᠥᠨ᠎ᠡ᠃     ᠲᠥᠯᠥᠭᠡᠯᠡᠭᠴᠢᠳ ᠡ︕ ᠰᠢᠨ᠎ᠡ ᠤᠨ ᠳᠤ ᠪᠠᠨ ᠪᠢᠳᠠ᠂ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠤᠢ ᠵᠥᠢᠯᠡᠰ ᠲᠤ ᠥᠷᠭᠦᠯᠵᠢᠯᠡᠨ ᠰᠠᠶᠢᠳᠤᠷ ᠭᠥᠴᠥᠯᠡᠨ ᠴᠢᠳᠠᠯ ᠢᠶᠠᠷ ᠢᠶᠠᠨ ᠵᠢᠳᠭᠦᠵᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ 14 ᠲᠥᠷᠥᠯ ᠤᠨ ᠪᠤᠳᠠᠳᠤ ᠶᠠᠪᠤᠳᠠᠯ ᠢ ᠰᠤᠩᠭᠤᠨ ᠲᠥᠯᠥᠭᠡᠯᠡᠭᠴᠢᠳ ᠲᠠ ᠨᠠᠷ ᠢᠶᠠᠷ ᠬᠢᠨᠠᠨ ᠵᠥᠪᠯᠡᠭᠦᠯᠵᠤ᠂ ᠭᠤᠤᠯᠳᠠᠯᠭᠠᠳᠠᠢ ᠬᠡᠷᠡᠭᠵᠢᠭᠦᠯᠭᠦ 10 ᠲᠥᠷᠥᠯ ᠤᠨ ᠪᠤᠳᠠᠳᠤ ᠶᠠᠪᠤᠳᠠᠯ ᠢ ᠲᠤᠭᠳᠠᠭᠠᠯᠭᠠᠬᠤ ᠪᠠᠷ ᠪᠠᠶᠢᠨ᠎ᠠ᠃ ᠬᠤᠰᠢᠭᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠤᠳᠤᠷᠢᠳᠬᠤ ᠪᠠᠨ ᠡᠷᠴᠢᠮᠵᠢᠭᠦᠯᠥᠨ᠂ ᠬᠠᠷᠢᠭᠤᠴᠠᠯᠭ᠎ᠠ ᠬᠢᠨᠠᠨ ᠰᠢᠯᠭᠠᠯᠳᠠ ᠬᠢᠭᠡᠳ ᠨᠢᠭᠡᠳᠥᠯᠳᠡᠢ ᠲᠤᠬᠢᠷᠠᠭᠤᠯᠤᠯᠳᠠ ᠪᠠᠨ ᠴᠢᠩᠭᠠᠳᠬᠠᠨ ᠨᠠᠶᠢᠳᠠᠪᠤᠷᠢᠵᠢᠭᠤᠯᠬᠤ ᠶᠢᠨ ᠬᠠᠮᠳᠤ ᠬᠤᠰᠢᠭᠤ ᠠᠷᠠᠳ ᠤᠨ ᠲᠥᠯᠥᠭᠡᠯᠡᠭᠴᠢᠳ ᠬᠢᠭᠡᠳ ᠨᠡᠶᠢᠭᠡᠮ ᠤᠨ ᠡᠯ᠎ᠡ ᠡᠳᠡᠭᠡᠳ ᠤᠨ  ᠬᠢᠨ ᠤ ᠬᠢᠨᠠᠯᠳᠠ ᠪᠠᠶᠢᠴᠠᠭᠠᠯᠳᠠ ᠶᠢ ᠪᠦᠬᠦ ᠶᠠᠪᠤᠴᠠ ᠳᠤ ᠬᠥᠯᠢᠶᠡᠵᠤ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠳ ᠢ ᠰᠠᠶᠢᠳᠤᠷ ᠪᠡᠶᠡᠯᠡᠭᠦᠯᠥᠨ ᠪᠤᠳᠠᠳᠠᠶᠢᠵᠢᠭᠤᠯᠬᠤ ᠶᠤᠮ᠃     ᠭᠤᠷᠪᠠ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ     ᠲᠥᠯᠥᠭᠡᠯᠡᠭᠴᠢᠳ ᠡ︕ ᠡᠭᠦᠷᠭᠡ ᠭᠥᠨᠳᠤ ᠵᠢᠳᠭᠦᠯ ᠴᠢᠬᠤᠯᠠ ᠪᠤᠢ᠃ ᠪᠥᠭᠦ ᠬᠤᠰᠢᠭᠤᠨ ᠤ ᠵᠠᠰᠠᠭ ᠤᠨ ᠰᠢᠰᠲ᠋ᠧᠮ ᠤᠨ ᠬᠢᠨ ︽ᠭᠤᠷᠪᠠᠨ ᠡᠷᠭᠡᠪᠰᠢ︾  ᠶᠢᠨ ᠬᠠᠷᠢᠭᠤᠴᠠᠯᠭ᠎ᠠ ᠪᠠᠨ ᠤᠷᠳᠤᠳᠠ ᠪᠠᠷᠢᠮᠳᠠᠯᠠᠨ᠂ ᠭᠥᠭᠵᠢᠭᠦᠯᠥᠯᠳᠡ ᠶᠢᠨ ᠡᠭᠦᠷᠭᠡ ᠶᠢ ᠪᠠᠳᠤ ᠴᠡᠭᠡᠵᠢᠯᠡᠵᠤ᠂ ᠠᠷᠠᠳ ᠲᠤ ᠥᠢᠯᠡᠴᠢᠯᠡᠨ ᠠᠷᠠᠳ ᠲᠤ ᠬᠠᠷᠢᠭᠤᠴᠠᠵᠤ ᠠᠷᠠᠳ ᠢᠶᠠᠷ ᠬᠢᠨᠠᠭᠤᠯᠤᠨ᠂ ᠠᠷᠠᠳ ᠤᠯᠠᠨ ᠤ ᠰᠡᠳᠬᠢᠯ ᠬᠠᠨᠤᠮᠵᠢᠳᠤ ᠵᠠᠰᠠᠭ ᠤᠨ ᠤᠷᠳᠤᠨ ᠢ ᠪᠠᠶᠢᠭᠤᠯᠬᠤ ᠪᠠᠷ ᠭᠥᠴᠥᠯᠡᠨ‌‍ᠴᠢᠷᠮᠠᠶᠢᠬᠤ ᠨᠢ ᠯᠠᠪᠳᠠᠢ᠃     ᠨᠢᠬᠡ ᠳᠤ ᠵᠠᠬᠢᠶᠠᠰᠤ ᠬᠠᠯᠠᠮᠵᠢ ᠶᠢ ᠪᠠᠳᠤ ᠴᠡᠭᠡᠵᠢᠯᠡᠨ᠂ ᠥᠨᠡᠨᠴᠢ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ ᠥᠵᠡᠯ ᠰᠠᠨᠠᠭ᠎ᠠ ᠪᠠᠷ ᠰᠡᠳᠬᠢᠯ ᠵᠢᠷᠥᠭᠡ ᠪᠠᠨ ᠨᠢᠭᠡᠳᠭᠡᠨ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠳᠤᠳᠬᠠᠨ᠂      ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠶᠡᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠠᠬᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠵᠤ ᠤᠶᠢᠯᠠᠭᠠᠨ᠂ ᠲᠤᠮᠳᠠᠳᠤ ᠶᠢᠨ ᠥᠨᠳᠥᠰᠥᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠪᠠᠬᠢᠵᠢᠭᠦᠯᠥᠯᠳᠡ ᠶᠢ ᠡᠯ᠎ᠡ ᠠᠵᠢᠯ ᠤᠨ ᠭᠤᠤᠯ ᠱᠤᠭᠤᠮ ᠪᠤᠯᠭᠠᠨ ᠪᠠᠷᠢᠮᠳᠠᠯᠠᠵᠤ᠂ ︽6 ᠦᠬᠦᠯᠡᠪᠤᠷᠢ︾ ᠶᠢᠨ ᠤᠴᠢᠷ ᠤᠤᠠᠬ᠎ᠠ ᠶᠢ ᠪᠠᠳᠤ ᠴᠡᠬᠡᠵᠢᠯᠡᠨ᠂ ᠭᠤᠤᠯ ᠰᠡᠳᠤᠪᠳᠤ ᠬᠦᠮᠤᠵᠢᠯ ᠤᠨ ᠪᠦᠳᠤᠮᠵᠢ ᠶᠢ ᠪᠠᠬᠢᠵᠢᠬᠦᠯᠤᠨ ᠦᠷᠬᠡᠤᠨᠬᠡᠵᠤ᠂ ᠳᠡᠬᠡᠳᠤ ᠱᠠᠳᠤᠨ ᠤ ᠰᠢᠢᠳᠪᠥᠷᠢ ᠪᠠᠶᠢᠷᠢᠯᠠᠭᠤᠯᠤᠯᠲᠠ ᠬᠢᠬᠡᠤᠨ ᠠᠵᠢᠯ ᠤᠨ ᠱᠠᠭᠠᠷᠳᠠᠯᠭ᠎ᠠ ᠶᠢᠨ ᠤᠳᠤᠭ ᠤᠨ ᠡᠮᠤᠨᠡᠳᠤ ᠬᠤᠰᠢᠭᠤᠨ ᠳᠤ ᠨᠠᠶᠢᠳᠠᠪᠤᠷᠢᠵᠢᠨ ᠪᠥᠳᠥᠮᠵᠢ ᠭᠠᠷᠬᠤ ᠶᠢ ᠪᠠᠳᠤᠯᠠᠨ᠎ᠠ᠃      ᠬᠤᠶᠠᠷ ᠲᠤ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠢ ᠠᠩᠬᠠᠷᠴᠤ᠂ ᠬᠠᠯᠠᠮᠵᠢᠳᠤ ᠵᠠᠰᠠᠭ ᠤᠨ ᠤᠷᠳᠤᠨ ᠢ ᠪᠠᠶᠢᠭᠤᠯᠤᠨ᠎ᠠ᠃ ᠠᠷᠠᠳ ᠲᠦᠮᠡᠨ ᠢᠶᠠᠷ ᠰᠠᠭᠤᠷᠢᠯᠠᠭᠤᠯᠤᠭᠰᠠᠨ ᠬᠥᠭᠵᠢᠯᠲᠡ ᠶᠢᠨ ᠥᠵᠡᠯᠳᠡ ᠶᠢ ᠪᠠᠷᠢᠮᠳᠠᠯᠠᠨ᠂ ᠠᠷᠠᠤᠨ ᠤᠨ ᠠᠮᠢᠳᠤᠷᠠᠯ ᠤᠨ ᠲᠦᠷᠤᠯ ᠵᠦᠢᠯ ᠢ ᠨᠠᠷᠢᠯᠢᠭ ᠤᠨᠤᠪᠴᠢᠳᠠᠢ ᠲᠦᠯᠤᠪᠵᠢᠬᠦᠯᠵᠤ᠂ ᠠᠷᠠᠳ ᠤᠯᠠᠨ ᠲᠠᠢ ᠠᠵᠢᠯ ᠪᠤᠳᠤᠯ ᠢᠶᠠᠨ ᠨᠢᠭᠡᠳᠭᠡᠨ᠎ᠡ᠃ ᠵᠦᠪ ᠤᠨᠤᠪᠴᠢᠳᠠᠢ ᠵᠠᠰᠠᠭ ᠤᠨ ᠠᠵᠢᠯ ᠤᠨ ᠪᠦᠳᠤᠮᠵᠢ ᠶᠢᠨ ᠦᠵᠡᠯᠳᠠ ᠶᠢ ᠪᠠᠳᠤᠳᠠᠢ ᠪᠠᠬᠢᠵᠢᠬᠦᠯᠤᠨ ᠤᠶᠢᠯᠡᠳᠤᠯᠬᠡᠵᠢᠬᠦᠯᠵᠤ᠂ ︽ᠰᠢᠨ᠎ᠡ ᠬᠡᠪ ᠲᠦᠷᠬᠦ ᠶᠢᠨ ᠢᠨᠵᠧᠨᠧᠷᠢᠩ︾ ᠢ ᠡᠷᠡᠰ ᠰᠡᠷᠬᠡᠶᠢᠯᠡᠨ ᠵᠠᠯᠠᠭᠤᠷᠠᠭᠤᠯᠤᠨ᠎ᠠ᠃ ︽ᠲᠦᠷᠪᠡ ᠶᠢ ᠦᠨᠳᠦᠰᠦᠨ ᠱᠠᠲᠤᠨ ᠳᠤ ᠬᠦᠨᠵᠡᠬᠡᠶᠢᠷᠡᠬᠦᠯᠬᠦ︾ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠪᠠᠶᠢᠴᠠᠭᠠᠯᠳᠠ ᠰᠤᠳᠤᠯᠤᠯᠳᠠ ᠶᠢ ᠭᠥᠨᠵᠡᠭᠡᠶᠢᠷᠡᠭᠦᠯᠵᠤ᠂ ᠲᠤᠬᠠᠢ ᠶᠢᠨ ᠭᠠᠵᠠᠷ ᠲᠤ ᠪᠠᠶᠢᠳᠠᠯ ᠢ ᠤᠶᠢᠯᠠᠭᠠᠨ ᠠᠰᠠᠭᠤᠳᠠᠯ ᠢ ᠰᠢᠢᠤᠨᠪᠤᠷᠢᠯᠡᠵᠤ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠎ᠠ᠃ ᠡᠳ᠋ ᠤᠨ ᠭᠥᠴᠥᠨ ᠢ ᠠᠷᠠᠳ ᠤᠨ ᠠᠮᠢᠳᠤᠷᠠᠯ  ᠳᠤ ᠲᠥᠪᠯᠡᠷᠡᠭᠦᠯᠥᠨ᠂ ᠠᠷᠠᠳ ᠤᠯᠠᠨ ᠤ ᠠᠵᠤ ᠠᠮᠢᠳᠤᠷᠠᠯ ᠤᠨ ᠪᠠᠴᠢᠮ ᠲᠤᠯᠭᠠᠮ᠎ᠠ ᠴᠢᠬᠤᠯᠠ ᠠᠰᠠᠭᠤᠳᠠᠯ ᠤᠳ ᠢ ᠭᠥᠴᠥᠯᠡᠨ ᠰᠢᠢᠳᠪᠥᠷᠢᠯᠡᠵᠤ᠂ ᠥᠢᠯᠡᠴᠢᠯᠡᠭᠡ ᠬᠠᠷᠠᠭᠠᠯᠵᠠᠯ ᠢ ᠬᠠᠯᠠᠮᠵᠢ ᠲᠥᠭᠦᠷᠡᠩ ᠪᠤᠯᠭᠠᠨ᠎ᠠ᠃     ᠭᠤᠷᠪᠠ ᠳᠤ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠥᠵᠡᠯ ᠰᠠᠨᠠᠭ᠎ᠠ ᠶᠢ ᠭᠥᠨᠵᠡᠭᠡᠢ ᠰᠤᠷᠤᠯᠴᠠᠨ ᠭᠥᠢᠴᠡᠳ ᠥᠢᠯᠡᠳᠥᠯᠭᠡᠵᠢᠭᠦᠯᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠵᠢᠱᠢᠶ᠎ᠡ ᠴᠤᠭᠴᠠᠯᠠᠯᠳᠠ ᠶᠢ ᠠᠬᠢᠭᠤᠯᠤᠨ᠂ ᠵᠠᠰᠠᠭ ᠵᠠᠬᠢᠷᠭᠠᠨ ᠤ ᠴᠢᠬᠤᠯᠠ ᠰᠢᠢᠳᠪᠥᠷᠢ ᠪᠣᠳᠣᠯᠭ᠎ᠠ ᠲᠣᠭᠲᠠᠭᠠᠬᠤ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠥᠵᠡᠯᠳᠡ ᠪᠠ ᠠᠷᠭ᠎ᠠ ᠬᠡᠯᠪᠡᠷᠢ ᠶᠢ ᠤᠬᠠᠮᠰᠠᠷ ᠠᠴᠠ ᠪᠠᠨ ᠠᠵᠢᠯ ᠳᠤ ᠪᠠᠨ ᠬᠡᠷᠡᠭᠯᠡᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢᠶᠠᠨ ᠲᠠᠰᠤᠷᠠᠯᠲᠠ ᠥᠬᠡᠶ ᠲᠡᠭᠡᠭᠰᠢᠯᠡᠭᠦᠯᠥᠨ᠎ᠡ᠃ ᠠᠷᠠᠳ ᠤᠨ ᠲᠥᠯᠥᠭᠡᠯᠡᠭᠴᠢᠳ ᠤᠨ ᠰᠠᠨᠠᠭᠠᠴᠢᠯᠠᠭ᠎ᠠ ᠪᠤᠯᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠭᠦᠢᠴᠡᠳᠬᠡᠵᠦ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠲᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠭᠥᠯᠢᠶᠡᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠤᠭᠳᠤᠵᠤ᠂ ᠢᠯᠡ ᠲᠤᠳᠤ ᠵᠠᠰᠠᠭ ᠤᠨ ᠤᠷᠳᠤᠨ ᠢ ᠴᠤᠭᠴᠠᠯᠠᠨ᠎ᠠ᠃     ᠲᠦᠷᠪᠡ ᠳᠤ ᠵᠠᠰᠠᠯᠲᠠ ᠬᠢᠭᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠤᠨ ᠪᠥᠳᠥᠮᠵᠢ ᠥᠨᠳᠥᠷ ᠵᠠᠰᠠᠭ ᠤᠨ ᠣᠷᠳᠣᠨ ᠢ ᠪᠠᠶᠢᠭᠤᠯᠤᠨ᠎ᠠ᠃ ᠵᠠᠰᠠᠭ ᠤᠨ ᠰᠢᠰᠲ᠋ᠧᠮ ᠤᠨ ᠠᠵᠢᠯᠳᠠᠳ ᠤᠨ ᠦᠵᠡᠯ ᠰᠠᠨᠠᠭ᠎ᠠ᠂ ᠤᠯᠤᠰ ᠲᠦᠷᠦ᠂ ᠦᠢᠯᠡᠳᠦᠯᠭᠡ ᠲᠠᠳᠤᠯᠭ᠎ᠠ᠂ ᠲᠤᠰᠬᠠᠢ ᠮᠡᠷᠭᠡᠵᠢᠯ ᠵᠡᠷᠭᠡ ᠶᠢᠨ ᠪᠣᠯᠪᠠᠰᠤᠷᠠᠯ ᠢ ᠴᠢᠩᠭᠠᠳᠬᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠠᠷᠭᠡᠶᠢᠯᠡᠭᠦ ᠴᠢᠳᠠᠪᠤᠷᠢ ᠶᠢ ᠨᠢ ᠤᠯᠠᠮ ᠲᠡᠭᠡᠭᠰᠢᠯᠡᠭᠦᠯᠥᠨ᠎ᠡ᠃ ᠥᠨᠡᠨ ᠪᠤᠳᠠᠳᠠᠢ ᠠᠵᠢᠯ ᠤᠨ ᠰᠤᠷᠳᠠᠯ ᠴᠤᠭᠴᠠᠯᠠᠵᠤ᠂ ᠠᠮᠠᠯᠠᠭᠰᠠᠨ ᠢᠶᠠᠨ ᠬᠦᠢᠴᠡᠬᠡᠨ ᠲᠠᠷᠤᠢ ᠬᠢᠵᠤ ᠲᠥᠷᠭᠡᠨ ᠪᠡᠶᠡᠯᠡᠭᠦᠯᠭᠦ ᠪᠠᠷ ᠴᠢᠷᠮᠠᠶᠢᠨ᠎ᠠ᠃ ᠰᠢᠪᠠᠳᠠᠨ ᠨᠠᠶᠢᠳᠠᠪᠤᠷᠢᠵᠢᠭᠤᠯᠬᠤ ᠡᠷᠬᠢᠯᠳᠡᠳᠤ ᠲᠣᠭᠲᠠᠴᠠ ᠶᠢ ᠲᠡᠭᠦᠯᠳᠡᠷᠵᠢᠭᠦᠯᠵᠦ᠂ ᠶᠠᠪᠤᠳᠠᠯ ᠪᠣᠯᠭᠠᠨ ᠳᠤ ᠬᠠᠷᠠᠯᠲᠠ᠂ ᠬᠠᠷᠢᠭᠤᠴᠠᠯᠭ᠎ᠠ᠂ ᠬᠤᠭᠤᠴᠠᠭ᠎ᠠ ᠶᠢ ᠠᠩᠬᠠᠷᠤᠨ᠂ ᠬᠥᠮᠦᠨ ᠪᠦᠬᠦᠨ ᠬᠠᠷᠢᠭᠤᠴᠠᠵᠤ ᠭᠥᠢᠴᠡᠳᠭᠡᠨ ᠭᠥᠴᠥᠯᠡᠨ ᠨᠠᠶᠢᠳᠠᠪᠤᠷᠢᠵᠢᠭᠤᠯᠬᠤ ᠠᠵᠢᠯ ᠤᠨ ᠲᠤᠭᠳᠠᠴᠠ ᠶᠢ ᠪᠤᠢ ᠪᠣᠯᠭᠠᠨ᠎ᠠ᠃     ᠳᠠᠪᠤ ᠳᠤ ᠥᠪᠡᠷ ᠤᠨ ᠪᠡᠶ᠎ᠡ ᠥᠵᠡᠯ ᠰᠠᠨᠠᠭ᠎ᠠ ᠪᠠᠨ ᠠᠷᠢᠭᠤᠳᠬᠠᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠤᠨ᠂ ︽ᠨᠢᠭᠡ ᠪᠠᠶᠢᠷᠢ ᠬᠤᠤᠰ ᠬᠠᠷᠢᠭᠤᠴᠠᠯᠭ᠎ᠠ︾ ᠶᠢᠨ ᠲᠥᠷᠢᠮ ᠢ ᠤᠬᠠᠮᠰᠠᠷ ᠠᠴᠠ ᠪᠠᠨ ᠭᠦᠢᠴᠡᠳᠬᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠡᠵᠡᠮᠳᠡᠯ ᠪᠤᠯᠤᠨ ᠢᠯᠵᠢᠷᠡᠯ ᠢ ᠡᠰᠡᠷᠭᠦᠴᠡᠭᠦ ᠲᠡᠮᠡᠴᠡᠯ ᠢ ᠴᠢᠩᠭᠠᠳᠬᠠᠨ᠎ᠠ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠶᠢ ᠴᠢᠩᠳᠠᠯᠠᠵᠤ᠂ ᠲᠥᠰᠦᠪ ᠤᠨ ᠬᠠᠮᠢᠶᠠᠷᠤᠯᠲᠠ ᠶᠢ ᠴᠢᠩᠭᠠᠬᠠᠨ᠂ ᠬᠢᠵᠠᠭᠠᠷ ᠲᠠᠢ ᠪᠡᠯᠡ ᠮᠥᠩᠭᠦ ᠶᠢ ᠭᠥᠭᠵᠢᠭᠦᠯᠥᠯᠳᠡ ᠶᠢᠨ ᠤᠨᠤᠴᠠ ᠭᠠᠵᠠᠷ ᠪᠠ ᠠᠷᠠᠳ ᠤᠨ ᠠᠮᠢᠳᠤᠷᠠᠯ ᠤᠨ ᠪᠠᠴᠢᠮ ᠵᠦᠢᠯ ᠳᠤ ᠵᠠᠷᠤᠵᠤ᠂ ᠵᠠᠰᠠᠭ ᠰᠠᠶᠢᠳᠤᠷ ᠠᠷᠪᠢᠯᠠᠵᠤ ᠠᠷᠠᠳ ᠠᠰᠢᠭ ᠭᠥᠷᠳᠡᠭᠦ ᠪᠠᠶᠢᠳᠠᠯ ᠢ ᠪᠤᠢ ᠪᠤᠯᠭᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠨᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠨᠠᠵᠠᠭᠠᠢ ᠰᠤᠷᠲᠠᠯ︾ ᠢ ᠡᠷᠡᠰ ᠲᠡᠪᠴᠢᠨ᠂ ᠰᠤᠷᠲᠠᠯ ᠴᠢᠬᠡᠴᠢ ᠣᠪᠣᠷ ᠲᠥᠪ ᠠᠵᠢᠯ ᠦᠢᠯᠡᠰ ᠤᠨ ᠤᠷᠴᠢᠨ ᠢ ᠡᠭᠦᠳᠥᠨ᠎ᠡ᠃     ᠲᠥᠯᠥᠭᠡᠯᠡᠭᠴᠢᠳ᠂ ᠨᠥᠭᠦᠳ ᠡ︕  ᠭᠥᠭᠵᠢᠯ ᠬᠤᠪᠢᠷᠠᠯ ᠭᠥᠮᠥᠨ ᠤ ᠰᠡᠳᠬᠢᠯ ᠢ ᠤᠷᠮᠠᠰᠢᠭᠤᠯᠬᠤᠶ᠎ᠠ᠂ ᠭᠥᠯᠥᠭ ᠤᠨ ᠵᠢᠯᠤᠭᠤ ᠠᠯᠤᠰ ᠤᠨ ᠬᠠᠷᠭᠤᠢ ᠳᠤ ᠴᠢᠭᠯᠡᠭᠡᠰᠥᠳᠡᠢ ᠪᠤᠢ᠃ ᠪᠢᠳᠠ ᠨᠥᠭᠦᠷ ᠰᠢ ᠶᠢᠨ ᠫᠢᠩ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ ᠲᠤᠭᠤᠷᠢᠨ ᠳᠤ ᠨᠡᠩ ᠪᠠᠳᠤ ᠪᠥᠯᠭᠦᠮᠳᠡᠵᠤ᠂ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠢᠭᠡᠳ ᠬᠤᠰᠢᠭᠤ ᠨᠠᠮ ᠤᠨ ᠬᠤᠷᠢᠶ᠎ᠠ ᠶᠢᠨ ᠡᠷᠴᠢᠳᠤ ᠤᠳᠤᠷᠢᠳᠤᠯᠭ᠎ᠠ ᠲᠤᠤᠷ᠎ᠠ᠂ ᠬᠠᠷᠢᠵᠤ ᠨᠢᠴᠥᠰᠢ ᠥᠭᠡᠢ ᠵᠤᠷᠢᠭ ᠬᠠᠰᠢᠷᠠᠵᠤ ᠲᠥᠳᠡᠰᠢ ᠥᠭᠡᠢ ᠵᠢᠪᠬᠤᠭ᠎ᠠ᠂ ᠬᠠᠵᠠᠶᠢᠯᠭᠠᠵᠤ ᠲᠥᠯᠬᠢᠰᠢ ᠥᠭᠡᠢ ᠬᠠᠷᠢᠭᠤᠴᠠᠯᠭ᠎ᠠ ᠬᠠᠮᠤᠭ ᠤᠨ ᠪᠤᠳᠠᠳᠠᠢ ᠠᠵᠢᠯᠯᠠᠭ᠎ᠠ ᠪᠠᠷ᠂ ᠰᠢᠭᠤᠷᠬᠠᠢ ᠲᠠᠪᠰᠢᠨ ᠰᠢᠨᠡᠴᠢᠯᠡᠨ ᠤᠷᠤᠭᠰᠢᠯᠠᠵᠤ᠂ ︽ᠲᠥᠷᠪᠡᠨ ᠤᠷᠤᠨ︾ ᠤ ᠪᠠᠶᠢᠭᠤᠯᠤᠯᠳᠠ ᠶᠢ ᠭᠥᠴᠥᠳᠡᠢ ᠠᠬᠢᠭᠤᠯᠤᠨ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠶᠢᠨ ︽ᠭᠠᠷᠮᠠᠭᠠᠶᠢᠯᠠᠨ ᠲᠠᠪᠰᠢᠬᠤ ᠤᠳᠤᠭ ᠤᠨ ᠡᠮᠥᠨᠡᠳᠤ ᠬᠤᠰᠢᠭᠤᠨ︾ ᠤ ᠪᠠᠨ ᠵᠢᠪᠬᠤᠯᠠᠩᠳᠤ ᠬᠠᠭᠤᠳᠠᠰᠤ ᠶᠢ ᠪᠢᠴᠢᠭᠯᠡᠭᠦ ᠪᠠᠷ ᠴᠢᠷᠮᠠᠶᠢᠨ ᠲᠡᠮᠡᠴᠡᠰᠥᠭᠡᠢ︕                                  ᠨᠡᠷᠡᠰ ᠤᠨ ᠳᠠᠶᠢᠯᠪᠤᠷᠢ     1. ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠬᠤᠶᠠᠷ ᠶᠡᠭᠡ ᠶᠠᠪᠤᠳᠠᠯ︾᠄ ᠨᠢᠬᠡ ᠨᠢ ᠶᠡᠷᠤᠩᠬᠡᠢ ᠱᠦᠵᠢ ᠰᠢ ᠶᠢᠨ ᠫᠢᠩ ᠠᠴᠠ ᠦᠪᠤᠷ ᠮᠤᠩᠭᠤᠯ ᠳᠤ ᠳᠤᠰᠢᠶᠠᠭᠰᠡᠨ ︽ᠳᠠᠪᠤᠨ ᠶᠡᠭᠡ ᠡᠬᠦᠷᠬᠡ︾ ︵ᠦᠪᠤᠷ ᠮᠤᠩᠭᠤᠯ ᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠳᠤ ᠬᠢᠯᠢ ᠶᠢᠨ ᠠᠮᠤᠷ ᠳᠤᠭᠳᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠳᠠᠷᠢᠶᠠᠯᠠᠩ ᠤᠨ ᠪᠦᠳᠤᠬᠡᠭᠳᠡᠬᠦᠨ ᠤ ᠤᠶᠢᠯᠡᠤᠨᠪᠤᠷᠢᠯᠡᠯ ᠤᠨ ᠰᠠᠭᠤᠷᠢᠨ᠂ ᠤᠯᠤᠰ ᠤᠨ ᠤᠮᠠᠷᠠᠰᠢ ᠨᠡᠬᠡᠬᠡᠯᠳᠠ ᠬᠢᠬᠦ ᠴᠢᠬᠤᠯᠠ  ᠬᠤᠰᠢᠭᠤᠴᠢ ᠦᠷᠳᠡᠭᠡ︶ ᠶᠢ ᠴᠢᠷᠮᠠᠶᠢᠨ ᠪᠡᠶᠡᠯᠡᠬᠦᠯᠬᠦ᠂ ᠨᠦᠬᠦᠬᠡ ᠨᠢ ︽ᠵᠢᠱᠢᠶᠡᠴᠢ ᠦᠪᠡᠷᠳᠡᠬᠡᠨ ᠵᠠᠰᠠᠬᠤ ᠤᠷᠤᠨ︾ ᠢ ᠪᠦᠬᠦ ᠳᠠᠯ᠎ᠠ ᠪᠠᠷ ᠪᠠᠶᠢᠭᠤᠯᠬᠤ ᠶᠠᠪᠤᠳᠠᠯ ᠪᠤᠯᠤᠨ᠎ᠠ᠃     2. ᠤᠷᠳᠤᠰ ᠬᠤᠳᠠ ᠶᠢᠨ ︽ᠭᠤᠷᠪᠠᠨ ᠳᠦᠷᠪᠡ︾ ᠠᠵᠢᠯ ᠤᠨ ᠬᠠᠷᠠᠯᠲᠠ᠄ ᠲᠡᠯᠡᠬᠡᠢ ᠶᠢᠨ ᠲᠡᠰ ᠤᠨ ᠳᠦᠷᠪᠡᠨ ᠠᠵᠤ ᠦᠢᠯᠡᠰ ︵ᠳᠡᠯᠡᠬᠡᠢ ᠶᠢᠨ ᠲᠡᠰ ᠤᠨ ᠡᠨᠧᠷᠬᠢ ᠶᠢᠨ ᠠᠵᠤ ᠦᠢᠯᠡᠰ᠂ ᠲᠡᠯᠡᠬᠡᠢ ᠶᠢᠨ ᠲᠡᠰ ᠤᠨ ᠣᠳᠣ ᠦᠶ᠎ᠡ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠂ ᠲᠡᠯᠡᠬᠡᠢ ᠶᠢᠨ ᠲᠡᠰ  ᠤᠨ ᠰᠢᠨ᠎ᠡ ᠡᠨᠧᠷᠬᠢ ᠶᠢᠨ ᠲᠤᠨᠤᠭᠯᠠᠯ ᠦᠢᠯᠡᠳᠬᠦ ᠠᠵᠤ ᠦᠢᠯᠡᠰ᠂ ᠲᠡᠯᠡᠬᠡᠢ ᠶᠢᠨ ᠲᠡᠰ ᠤᠨ ᠢᠮᠠᠭᠠᠨ ᠨᠣᠣᠯᠣᠭᠤᠷ ᠤᠨ ᠠᠵᠤ ᠦᠢᠯᠡᠰ︶ ᠢ ᠪᠦᠷᠢᠯᠳᠤᠬᠦᠯᠤᠨ᠎ᠠ᠂ ᠣᠯᠣᠰ ᠤᠨ ᠳᠦᠷᠪᠡᠨ ᠬᠡᠪ ᠳᠠᠭᠤᠷᠢᠶᠠᠯ ︵ᠠᠮᠢ ᠠᠬᠤᠢ ᠶᠢᠨ ᠵᠠᠰᠠᠯᠲᠠ ᠶᠢᠨ ᠳᠠᠭᠤᠷᠢᠶᠠᠯ᠂ ᠪᠤᠯᠪᠠᠰᠣᠨ ᠬᠤᠲᠠ ᠶᠢᠨ ᠴᠣᠭᠴᠠᠯᠠᠯᠲᠠ ᠶᠢᠨ ᠳᠠᠭᠤᠷᠢᠶᠠᠯ᠂ ᠬᠠᠮᠲᠤᠪᠡᠷ ᠴᠢᠨᠡᠬᠡᠯᠢᠭᠵᠢᠬᠦ ᠳᠠᠭᠤᠷᠢᠶᠠᠯ᠂ ᠬᠤᠲᠠ ᠶᠢᠨ ᠣᠷᠣᠨ ᠪᠦᠰᠡ ᠶᠢᠨ ᠨᠡᠶᠢᠬᠡᠮ ᠤᠨ ᠵᠠᠰᠠᠯᠲᠠ ᠶᠢᠨ ᠳᠠᠭᠤᠷᠢᠶᠠᠯ︶ ᠢ ᠪᠠᠶᠢᠭᠤᠯᠤᠨ᠎ᠠ᠂ ᠪᠦᠬᠦ ᠣᠯᠣᠰ ᠤᠨ ᠳᠦᠷᠪᠡᠨ ᠲᠡᠷᠢᠬᠦᠨ ︵ᠪᠦᠬᠦ ᠣᠯᠣᠰ ᠤᠨ ᠲᠡᠷᠢᠬᠦᠨ ᠤ ᠠᠮᠢ ᠠᠬᠤᠢ ᠶᠢᠨ ᠰᠢᠨᠡᠴᠢᠯᠡᠯᠲᠡ᠂ ᠪᠦᠬᠦ ᠣᠯᠣᠰ ᠤᠨ ᠲᠡᠷᠢᠬᠦᠨ ᠤ ᠬᠤᠳᠠᠯᠳᠤᠭ᠎ᠠ ᠡᠵᠡᠩᠨᠡᠬᠦ ᠣᠷᠴᠢᠨ᠂ ᠪᠦᠬᠦ ᠣᠯᠣᠰ ᠤᠨ ᠲᠡᠷᠢᠬᠦᠨ ᠤ ᠬᠤᠲᠠ ᠶᠢᠨ ᠬᠡᠪ ᠳᠦᠷᠬᠦ᠂ ᠪᠦᠬᠦ ᠣᠯᠣᠰ ᠤᠨ ᠲᠡᠷᠢᠬᠦᠨ ᠤ ᠺᠠᠳ᠋ᠷᠴᠣᠳ ᠤᠨ ᠡᠩᠨᠡᠭᠡ︶ ᠢ ᠴᠤᠭᠴᠠᠯᠠᠨ᠎ᠠ᠃     3. ᠤᠳᠤᠭ ᠤᠨ ᠡᠮᠤᠨᠡᠳᠤ ᠬᠤᠰᠢᠭᠤᠨ ᠤ ︽ᠲᠦᠷᠪᠡᠨ ᠤᠷᠤᠨ︾ ᠤ ᠪᠠᠶᠢᠭᠤᠯᠤᠯᠳᠠ᠄ ᠳᠤᠤᠷ᠎ᠠ ᠨᠡᠬᠦᠷᠡᠰᠤᠳᠦ᠋ᠷᠦᠭᠴᠢᠳᠤ ᠬᠤᠤᠰ ᠤᠶᠢᠯᠡᠳᠤᠯᠬᠡ ᠶᠢᠨ ᠬᠤᠰᠢᠭᠤᠴᠢ ᠤᠷᠤᠨ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ ᠶᠢᠨ ᠳᠠᠭᠤᠷᠢᠶᠠᠯ ᠤᠷᠤᠨ᠂ ᠤᠷᠤᠨ ᠪᠦᠰᠠ ᠶᠢᠨ ᠬᠠᠮᠳᠤᠷᠠᠯᠴᠠᠭᠠᠨ ᠤ ᠵᠢᠱᠢᠶ᠎ᠠ ᠦᠵᠡᠬᠦᠯᠬᠦ ᠤᠷᠤᠨ᠂ ᠬᠤᠪᠢᠰᠬᠠᠯᠳᠤ ᠰᠤᠶᠤᠯ ᠤᠨ ᠤᠯᠠᠮᠵᠢᠯᠠᠯ ᠤᠨ ᠤᠷᠤᠨ᠃     4. ︽135+ ᠬᠠᠨᠳᠤᠯᠭᠠᠳᠤ ᠵᠠᠢ ᠲᠡᠯᠪᠢᠬᠤ︾ ᠠᠵᠢᠯ ᠤᠨ ᠠᠷᠭ᠎ᠠ᠄ ︽1︾ ᠳᠠᠪᠴᠠᠩ ᠪᠠᠶᠢᠭᠤᠯᠤᠨ᠂ ︽3︾ ᠱᠠᠳᠤ ᠬᠤᠯᠪᠤᠭᠠᠯᠠᠬᠤ ᠶᠢ ᠴᠢᠩᠭᠠᠤᠨᠬᠠᠵᠤ᠂  ︽5︾ ᠵᠦᠢᠯ ᠤᠨ ᠠᠷᠭ᠎ᠠ ᠶᠢ ᠰᠠᠶᠢᠳᠤᠷ ᠬᠡᠷᠡᠭᠯᠡᠭᠦ᠃ ︽ᠬᠠᠨᠳᠤᠯᠭᠠᠳᠤ ᠵᠠᠢ ᠲᠠᠯᠪᠢᠬᠤ︾ ᠬᠡᠳᠡᠭ ᠨᠢ ᠴᠠᠭ ᠮᠦᠴᠠ ᠳᠤ ᠬᠠᠨᠳᠤᠭᠤᠯᠤᠨ ᠵᠠᠢ ᠲᠠᠯᠪᠢᠵᠤ᠂ ᠵᠠᠭᠤᠷᠠᠭᠠᠨ ᠤ ᠵᠠᠩᠬᠢᠯᠠᠭ᠎ᠠ ᠶᠢ ᠰᠢᠭᠤᠳ ᠪᠠᠷᠢᠨ᠂ ᠠᠷᠠᠤᠨ ᠤᠯᠠᠨ ᠤ ᠵᠤᠪᠠᠨᠢᠯ ᠢ ᠰᠢᠢᠤᠨᠪᠤᠷᠢᠯᠡᠨ᠎ᠡ︔ ᠬᠦᠰᠡᠯ ᠱᠠᠭᠠᠷᠳᠠᠯᠭ᠎ᠠ ᠳᠤ ᠬᠠᠨᠳᠤᠭᠤᠯᠤᠨ ᠵᠠᠢ ᠲᠠᠯᠪᠢᠵᠤ᠂ ᠠᠰᠠᠭᠤᠳᠠᠯ ᠤᠨ ᠵᠠᠩᠬᠢᠯᠠᠭ᠎ᠠ ᠶᠢ ᠰᠢᠭᠤᠳ ᠠᠳᠬᠤᠨ᠂ ᠠᠷᠠᠤᠨ ᠤᠯᠠᠨ ᠤ ᠬᠦᠴᠢᠷᠳᠠᠯ ᠢ ᠰᠢᠢᠤᠨᠪᠤᠷᠢᠯᠡᠨ᠎ᠡ︔ ᠬᠠᠶᠢᠷ᠎ᠠ ᠰᠡᠤᠨᠬᠢᠯᠬᠡ ᠳᠤ ᠬᠠᠨᠳᠤᠭᠤᠯᠤᠨ ᠵᠠᠢ ᠲᠠᠯᠪᠢᠵᠤ᠂ ᠶᠠᠪᠤᠳᠠᠯ ᠤᠨ ᠵᠠᠩᠬᠢᠯᠠᠭ᠎ᠠ ᠶᠢ ᠰᠢᠭᠤᠳ ᠤᠯᠤᠨ᠂ ᠠᠷᠠᠤᠨ ᠤᠯᠠᠨ ᠤ ᠭᠤᠮᠤᠳᠠᠯ ᠢ ᠰᠢᠢᠤᠨᠪᠤᠷᠢᠯᠡᠨ᠎ᠡ᠃     5. ᠴᠢᠳᠠᠪᠤᠷᠢᠳᠠᠨ ᠢᠶᠠᠷ ᠬᠦᠴᠦᠷᠬᠡᠭᠵᠢᠭᠦᠯᠬᠦ ︽ᠬᠤᠤᠰ ᠵᠠᠭᠤ ᠶᠢᠨ ᠠᠵᠢᠯᠯᠠᠭ᠎ᠠ︾᠂ ᠴᠢᠳᠠᠪᠤᠷᠢᠲᠠᠨ ᠤ ᠣᠷᠣᠭᠤᠯᠣᠯᠲᠠ ᠶᠢᠨ ︽ᠬᠤᠤᠰ ᠵᠠᠭᠤ ᠶᠢᠨ ᠢᠨᠵᠧᠨᠧᠷᠢᠩ︾᠄ ᠴᠢᠳᠠᠪᠤᠷᠢᠲᠠᠨ ᠢᠶᠠᠷ ᠬᠦᠴᠦᠷᠬᠡᠭᠵᠢᠭᠦᠯᠬᠦ ᠶᠢᠨ ︽ᠬᠤᠤᠰ ᠵᠠᠭᠤ ᠶᠢᠨ ᠠᠵᠢᠯᠯᠠᠭ᠎ᠠ︾ ᠭᠡᠳᠡᠭ ᠨᠢ ᠵᠠᠭᠤᠨ ᠨᠠᠷ᠎ᠠ ᠵᠠᠯᠠᠭᠤ ᠺᠠᠳ᠋ᠷᠴᠤᠤᠨ ᠢ ᠦᠨᠳᠤᠰᠤᠨ ᠱᠠᠳᠤᠨ ᠳᠤ ᠪᠠᠭᠤᠯᠭᠠᠬᠤ᠂ ᠵᠠᠭᠤᠨ ᠨᠡᠷ᠎ᠡ ᠰᠢᠨᠵᠢᠯᠡᠭᠡ ᠮᠡᠷᠬᠡᠵᠢᠯ ᠤᠨ ᠴᠢᠳᠠᠪᠤᠷᠢᠳᠠᠨ ᠢ ᠬᠦᠳᠡᠭᠡ ᠳᠤᠰᠬᠤᠨ ᠳᠤ ᠪᠠᠭᠤᠯᠭᠠᠬᠤ ᠠᠵᠢᠯᠯᠠᠭ᠎ᠠ ᠶᠢ ᠬᠡᠷᠡᠭᠵᠢᠬᠦᠯᠤᠨ᠂ ᠦᠷᠬᠡᠨ ᠣᠯᠠᠨ ᠨᠠᠮ ᠤᠨ ᠬᠡᠰᠢᠬᠦᠨ ᠺᠠᠳ᠋ᠷᠴᠣᠳ᠂ ᠴᠢᠳᠠᠪᠤᠷᠢᠲᠠᠨ ᠢ ᠵᠤᠷᠢᠭᠵᠢᠭᠤᠯᠤᠨ ᠬᠦᠳᠡᠭᠡ ᠲᠤᠰᠬᠤᠨ ᠤ ᠬᠦᠴᠦᠷᠬᠡᠭᠵᠢᠯ ᠮᠠᠨᠳᠣᠯᠲᠠ ᠳᠤ ᠢᠳᠡᠪᠬᠢᠲᠡᠢ ᠣᠷᠣᠯᠴᠠᠭᠤᠯᠬᠤ ᠶᠢ ᠵᠢᠭᠠᠨ᠎ᠠ︔ ᠴᠢᠳᠠᠪᠤᠷᠢᠲᠠᠨ ᠤ ᠣᠷᠣᠭᠤᠯᠣᠯᠲᠠ ᠶᠢᠨ ︽ᠬᠤᠤᠰ ᠵᠠᠭᠤ ᠶᠢᠨ ᠢᠨᠵᠧᠨᠧᠷᠢᠩ︾ ᠭᠡᠳᠡᠭ ᠨᠢ ᠪᠦᠬᠦ ᠬᠤᠰᠢᠭᠤ ᠵᠢᠯ ᠪᠦᠷᠢ ᠵᠠᠭᠤᠨ ᠨᠡᠷ᠎ᠡ ᠰᠢᠯᠢᠳᠡᠭ ᠪᠠᠭᠰᠢ ᠪᠠ ᠰᠢᠯᠢᠳᠡᠭ ᠡᠮᠴᠢᠯᠡᠬᠡᠨ ᠤ ᠠᠵᠢᠯᠲᠠᠨ ᠤᠷᠢᠨ ᠡᠯᠰᠡᠬᠦ ᠶᠢ ᠵᠢᠭᠠᠨ᠎ᠠ᠃      6. ᠮᠠᠯ ᠲᠠᠷᠢᠶᠠᠯᠠᠩ ᠤᠨ ᠥᠢᠯᠡᠰ ᠤᠨ ︽ᠠᠷᠪᠠ ᠵᠠᠭᠤ ᠮᠢᠩᠭ᠎ᠠ ᠲᠥᠮᠡ ᠳ᠋ᠥᠩᠰᠢᠭᠤᠷ︾ ᠤᠨ ᠢᠨᠵᠧᠨᠧᠷᠢᠩ᠄ ︽ᠠᠷᠪᠠ︾ ᠭᠡᠳᠡᠭ ᠨᠢ ᠮᠠᠯ ᠲᠠᠷᠢᠶᠠᠯᠠᠩ  ᠤᠨ ᠥᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ᠂ ᠵᠢᠱᠢᠶ᠎ᠡ ᠥᠵᠡᠭᠦᠯᠭᠦ ᠭᠠᠴᠠᠭ᠎ᠠ ᠲᠤᠰᠬᠤᠨ᠂ ᠮᠠᠯᠴᠢᠨ ᠲᠠᠷᠢᠶᠠᠴᠢᠳ ᠤᠨ ᠬᠠᠮᠳᠤᠷᠠᠯ ᠬᠤᠷᠰᠢᠶ᠎ᠠ ᠶᠢ ᠲᠤᠰ ᠪᠥᠷᠢ 10 ᠨᠢᠭᠡᠴᠡ ᠪᠤᠶᠢᠵᠢᠭᠤᠯᠬᠤ︔ ︽ᠵᠠᠭᠤ︾ ᠭᠡᠳᠡᠭ ᠨᠢ ᠠᠯᠠᠰᠢᠨ ᠮᠠᠯ ᠠᠯᠠᠰᠢᠨ ᠥᠭᠡᠷ ᠤᠨ ᠵᠢᠱᠢᠶ᠎ᠡ ᠥᠵᠡᠭᠦᠯᠭᠦ ᠡᠷᠥᠭᠡ ᠪᠤᠯᠤᠨ ᠮᠠᠰᠢᠨᠴᠢᠯᠠᠭᠰᠠᠨ ᠵᠢᠱᠢᠶ᠎ᠡ ᠥᠵᠡᠭᠦᠯᠭᠦ ᠡᠷᠥᠭᠡ ᠶᠢ ᠲᠤᠰ ᠪᠥᠷᠢ 200 ᠡᠷᠥᠭᠡ᠂ ᠨᠤᠤᠯᠤᠭᠤᠷ ᠤᠨ ᠢᠮᠠᠭᠠᠨ ᠤ ᠠᠷᠠᠴᠢᠯᠠᠯᠳᠠ ᠶᠢᠨ ᠵᠢᠱᠢᠶ᠎ᠡ ᠥᠵᠡᠭᠦᠯᠭᠦ ᠡᠷᠥᠭᠡ ᠪᠤᠯᠤᠨ ᠵᠢᠮᠢᠰ ᠨᠤᠭᠤᠭᠠᠨ ᠤ ᠲᠠᠷᠢᠮᠠᠯ ᠤᠨ ᠵᠢᠱᠢᠶ᠎ᠡ ᠥᠵᠡᠭᠦᠯᠭᠦ ᠡᠷᠥᠭᠡ ᠶᠢ ᠲᠤᠰ ᠪᠥᠷᠢ 100 ᠡᠷᠥᠭᠡ ᠭᠥᠭᠵᠢᠭᠦᠯᠭᠦ︔ ︽ᠮᠢᠩᠭ᠎ᠠ︾ ᠭᠡᠳᠡᠭ ᠨᠢ ᠤᠯᠤᠰ ᠤᠨ ᠬᠥᠳᠡᠭᠡ ᠲᠤᠰᠬᠤᠨ ᠤ ᠶᠡᠷᠥᠩᠭᠡᠶᠢᠯᠡᠭᠰᠡᠨ ᠥᠭᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠲᠥᠷᠥᠯ ᠵᠥᠢᠯ ᠳᠤ 5000 ᠲᠥᠮᠡᠨ ᠲᠥᠭᠦᠷᠢᠭ ᠪᠠ ᠬᠤᠰᠢᠭᠤ ᠲᠤᠰ ᠱᠠᠳᠤᠨ ᠤ ᠮᠠᠯ ᠲᠠᠷᠢᠶᠠᠯᠠᠩ ᠤᠨ ᠴᠢᠨᠠᠷᠯᠢᠭ ᠭᠥᠭᠵᠢᠭᠦᠯᠥᠯᠳᠡ ᠶᠢ ᠲᠡᠳᠭᠦᠭᠦ ᠳᠤ 5000 ᠲᠥᠮᠡᠨ ᠲᠥᠭᠦᠷᠢᠭ ᠤᠨ ᠪᠡᠯᠡ ᠮᠥᠩᠭᠦ ᠨᠠᠶᠢᠳᠠᠪᠤᠷᠢᠵᠢᠭᠤᠯᠤᠨ᠂ ᠪᠥᠭᠦᠶᠢᠯᠡ ᠮᠠᠯᠴᠢᠨ ᠲᠠᠷᠢᠶᠠᠴᠢᠨ ᠡᠷᠥᠭᠡ ᠪᠥᠷᠢ ᠶᠢᠨ ᠤᠷᠤᠯᠭ᠎ᠠ ᠶᠢ 5000 ᠲᠥᠭᠦᠷᠢᠭ ᠠᠴᠠ ᠲᠡᠭᠡᠭᠰᠢ ᠨᠡᠮᠡᠭᠳᠡᠭᠦᠯᠭᠦ︔ ︽ᠲᠥᠮᠡ︾ ᠭᠡᠳᠡᠭ ᠨᠢ ᠵᠢᠮᠢᠰ ᠨᠤᠭᠤᠭᠠᠨ ᠤ ᠲᠠᠷᠢᠮᠠᠯ ᠤᠨ ᠲᠠᠯᠠᠪᠠᠢ ᠶᠢ 10 ᠲᠥᠮᠡᠨ ᠮᠤ᠋᠂ ᠬᠠᠷᠭᠠᠨ᠎ᠠ ᠲᠠᠷᠢᠭᠰᠠᠨ ᠲᠠᠯᠠᠪᠠᠢ ᠶᠢ 300 ᠲᠥᠮᠡᠨ ᠮᠤ᠋ ᠭᠥᠷᠭᠡᠵᠤ᠂ ᠠᠯᠠᠰᠢᠨ ᠥᠭᠡᠷ ᠤᠨ ᠲᠤᠭ᠎ᠠ ᠲᠤᠯᠤᠭᠠᠢ ᠶᠢ 8.4 ᠲᠥᠮᠡ᠂ ᠪᠠᠭ᠎ᠠ ᠮᠠᠯ ᠤᠨ ᠲᠤᠭ᠎ᠠ ᠲᠤᠯᠤᠭᠠᠢ ᠶᠢ 200 ᠲᠥᠮᠡ ᠲᠠᠪᠠᠭᠤᠯᠵᠤ᠂ ᠠᠯᠠᠰᠢᠨ ᠮᠠᠯ ᠠᠯᠠᠰᠢᠨ ᠬᠤᠷᠠᠭ᠎ᠠ ᠪᠤᠷᠤᠯᠠᠭᠤᠯᠬᠤ ᠲᠤᠭ᠎ᠠ ᠲᠤᠯᠤᠭᠠᠢ ᠶᠢ 100 ᠲᠥᠮᠡ ᠭᠥᠷᠭᠡᠭᠦ︔ ︽ᠳ᠋ᠥᠩᠰᠢᠭᠤᠷ︾ ᠭᠡᠳᠡᠭ ᠨᠢ ᠲᠡᠭᠡᠳᠤ ᠱᠠᠳᠤᠨ ᠤ ᠪᠡᠯᠡ ᠮᠥᠩᠭᠦ ᠶᠢ 3 ᠳ᠋ᠥᠩᠰᠢᠭᠤᠷ ᠲᠥᠭᠦᠷᠢᠭ ᠴᠢᠷᠮᠠᠶᠢᠨ ᠤᠯᠬᠤ᠂ ᠳ᠋ᠥᠩᠰᠢᠭᠤᠷ ᠲᠥᠭᠦᠷᠢᠭ ᠠᠴᠠ ᠲᠡᠭᠡᠭᠰᠢᠬᠢ ᠪᠡᠯᠡ ᠤᠷᠤᠭᠤᠯᠤᠯᠳᠠ ᠶᠢᠨ ᠲᠥᠷᠥᠯ ᠵᠥᠢᠯ ᠢ 5 ᠤᠷᠢᠨ ᠤᠷᠤᠨᠵᠢᠭᠤᠯᠬᠤ᠃     7. ︽ᠵᠢᠷᠭᠤᠭᠠᠨ ᠥᠭᠦᠯᠡᠪᠥᠷᠢ ᠶᠢᠨ ᠤᠴᠢᠷ ᠤᠳᠬ᠎ᠠ︾᠄ ᠥᠪᠥᠷ ᠮᠤᠩᠭᠤᠯ ᠤᠷᠤᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠬᠠᠮᠤᠭ ᠤᠨ ᠡᠷᠳᠡ ᠨᠠᠮ ᠤᠨ ᠵᠤᠬᠢᠶᠠᠨ ᠪᠠᠶᠢᠭᠤᠯᠤᠯᠳᠠ ᠪᠠᠨ ᠪᠠᠶᠢᠭᠤᠯᠤᠭᠰᠠᠨ ᠥᠨᠳᠥᠰᠥᠳᠡᠨ ᠤ ᠤᠷᠤᠨ ᠶᠤᠮ︔ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠪᠤᠯ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠰᠢᠭᠤᠳ ᠤᠳᠤᠷᠢᠳᠤᠯᠭ᠎ᠠ ᠲᠤᠤᠷ᠎ᠠ ᠪᠠᠶᠢᠭᠤᠯᠤᠭᠳᠠᠭᠰᠠᠨ ᠶᠤᠮ︔ ᠥᠪᠥᠷ ᠮᠤᠩᠭᠤᠯ ᠪᠤᠯ ᠨᠠᠮ  ᠤᠨ ᠲᠥᠪ ᠬᠤᠷᠢᠶ᠎ᠠ ᠶᠢᠨ ᠲᠡᠮᠵᠢᠯᠭᠡ ᠲᠤᠤᠷ᠎ᠠ ᠭᠥᠭᠵᠢᠯᠳᠡ ᠪᠠᠨ ᠤᠯᠤᠭᠰᠠᠨ ᠶᠤᠮ︔ ᠥᠪᠥᠷ ᠮᠤᠩᠭᠤᠯ ᠤᠨ ᠠᠵᠢᠯ ᠲᠤᠮᠳᠠ ᠢᠯᠡᠷᠡᠭᠰᠡᠨ ᠨᠤᠴᠢᠳᠠᠢ ᠬᠡᠯᠪᠡᠷᠢᠯ  ᠤᠳ ᠢ ᠪᠥᠷ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠵᠤ ᠥᠭᠭᠦᠭᠰᠡᠨ ᠶᠤᠮ︔ ᠥᠪᠥᠷ ᠮᠤᠩᠭᠤᠯ ᠤᠨ ᠰᠢᠨ᠎ᠡ ᠴᠠᠭ ᠥᠶ᠎ᠡ ᠶᠢᠨ ᠭᠥᠭᠵᠢᠯᠳᠡ ᠶᠢᠨ ᠪᠥᠳᠥᠮᠵᠢ ᠶᠢ ᠪᠤᠯ ᠶᠡᠷᠥᠩᠭᠡᠢ ᠱᠥᠵᠢ ᠰᠢ ᠶᠢᠨ ᠫᠢᠩ ᠤᠨ ᠲᠤᠳᠤᠨᠤ ᠬᠠᠯᠠᠮᠵᠢᠯᠠᠯ ᠪᠤᠯᠤᠨ ᠵᠢᠯᠤᠭᠤᠳᠤᠯᠭ᠎ᠠ ᠲᠤᠤᠷ᠎ᠠ ᠤᠯᠤᠭᠰᠠᠨ ᠶᠤᠮ︔ ᠥᠪᠥᠷ ᠮᠤᠩᠭᠤᠯ ᠵᠢᠱᠢᠶᠡᠴᠢ ᠥᠪᠡᠷᠳᠡᠭᠡᠨ ᠵᠠᠰᠠᠬᠤ ᠤᠷᠤᠨ ᠪᠤᠯᠳᠠᠭ ᠤᠨ ᠵᠢᠱᠢᠶᠡᠴᠢ ᠬᠡᠳᠡᠭ ᠨᠢ ᠲᠠᠷᠤᠢ ᠨᠠᠮ ᠤᠨ ᠥᠭᠡ ᠶᠢ ᠰᠤᠨᠤᠰᠳᠠᠭ ᠲᠤ ᠪᠤᠢ᠃     8. ︽ᠲᠥᠷᠪᠡ ᠶᠢ ᠥᠨᠳᠥᠰᠥᠨ ᠱᠠᠳᠤᠨ ᠳᠤ ᠭᠥᠨᠵᠡᠭᠡᠶᠢᠷᠡᠭᠦᠯᠭᠦ︾᠄ ᠨᠠᠮ ᠤᠨ ᠵᠠᠮ ᠱᠤᠭᠤᠮ᠂ ᠴᠢᠭᠯᠡᠯᠳᠡ᠂ ᠲᠥᠷᠥ ᠶᠢᠨ ᠪᠤᠳᠤᠯᠭ᠎ᠠ ᠶᠢᠨ ᠤᠬᠠᠭᠤᠯᠤᠯ ᠰᠤᠷᠳᠠᠯᠴᠢᠯᠠᠯ ᠢ ᠥᠨᠳᠥᠰᠥᠨ ᠱᠠᠳᠤᠨ ᠳᠤ ᠭᠥᠨᠵᠡᠭᠡᠶᠢᠷᠡᠭᠦᠯᠭᠦ︔ ᠪᠠᠶᠢᠴᠠᠭᠠᠨ ᠰᠤᠳᠤᠯᠤᠯᠳᠠ ᠶᠢ ᠥᠨᠳᠥᠰᠥᠨ ᠱᠠᠳᠤᠨ ᠳᠤ ᠭᠥᠨᠵᠡᠭᠡᠶᠢᠷᠡᠭᠦᠯᠭᠦ︔ ᠵᠠᠬᠢᠳᠠᠯ ᠰᠤᠷᠪᠤᠯᠵᠢᠯᠠᠭ᠎ᠠ ᠭᠥᠯᠢᠶᠡᠨ ᠲᠤᠰᠬᠤ ᠠᠵᠢᠯ ᠢ ᠥᠨᠳᠥᠰᠥᠨ ᠱᠠᠳᠤᠨ ᠳᠤ ᠭᠥᠨᠵᠡᠭᠡᠶᠢᠷᠡᠭᠦᠯᠭᠦ︔ ᠠᠬᠤᠢ ᠲᠠᠯᠠᠪᠠᠢ ᠳᠤ ᠠᠵᠢᠯᠯᠠᠵᠤ ᠠᠯᠪᠠᠯᠠᠬᠤ ᠶᠢ ᠥᠨᠳᠥᠰᠥᠨ ᠱᠠᠳᠤᠨ ᠳᠤ ᠭᠥᠨᠵᠡᠭᠡᠶᠢᠷᠡᠭᠦᠯᠭᠦ᠃
ᠢᠷᠡᠯᠲᠡ᠄ ᠬᠤᠰᠢᠭᠤ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠭᠤᠷᠪᠠᠳᠣᠭᠠᠷ