ᠤᠶᠢᠷ᠎ᠠ ᠶᠢᠨ ᠡᠳᠤᠷ᠂ ᠪᠤᠷᠤᠪᠠᠯᠭᠠᠰᠤ ᠪᠠᠯᠭᠠᠰᠤᠨ ᠤ ᠭᠤᠤᠯᠯᠠᠭᠴᠢ ᠠᠵᠤ ᠤᠶᠢᠯᠡᠰ ︽ᠯᠠᠵᠤᠤ︾ ᠬᠤᠷᠢᠶᠠᠯᠲᠠ ᠶᠢᠨ ᠬᠤᠭᠤᠴᠠᠭᠠᠨ ᠳᠤ ᠪᠠᠨ ᠤᠷᠤᠵᠤ᠂ | ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠤᠯᠪᠤᠭᠠᠲᠤ ᠴᠤᠭᠴᠠ ᠶᠢᠨ ᠲᠤᠰᠬᠤᠨ ᠤ ᠠᠷᠠᠳ ᠬᠠᠶᠢᠷᠠᠴᠠᠭᠠᠯᠠᠬᠤ᠂ ᠲᠡᠭᠡᠭᠡᠪᠤᠷᠢᠯᠡᠨ ᠶᠠᠪᠤᠭᠤᠯᠬᠤ | ᠠᠵᠢᠯ ᠳᠤ ᠡᠮᠬᠢ ᠴᠡᠭᠴᠡᠲᠠᠢ ᠶᠠᠭᠠᠷᠠᠯᠳᠤᠵᠤ ᠪᠠᠶᠢᠯ᠎ᠠ᠃ ᠡᠨᠡ ᠭᠦ ᠬᠤᠯᠪᠤᠭᠠᠲᠤ ᠴᠤᠭᠴᠠ ᠨᠢ ᠪᠤᠷᠤᠪᠠᠯᠭᠠᠰᠤ ᠪᠠᠯᠭᠠᠰᠤ ᠶᠢᠨ 29 ᠭᠠᠴᠠᠭ᠎ᠠ ᠲᠤᠰᠬᠤᠨ ︵ᠨᠡᠶᠢᠭᠡᠮ | ᠲᠤᠭᠤᠷᠢᠭ︶ ᠤᠨ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠠᠴᠠ ᠪᠡᠯᠡ ᠤᠷᠤᠭᠤᠯᠤᠨ ᠬᠤᠪᠢ ᠤᠷᠤᠭᠤᠯᠵᠤ᠂ ᠥᠪᠡᠷᠲᠡᠭᠡᠨ 290 ᠲᠦᠮᠡᠨ | ᠲᠦᠭᠦᠷᠢᠭ ᠤᠨ ᠬᠠᠮᠲᠤ ᠶᠢᠨ ᠪᠡᠯᠡ ᠮᠥᠩᠭᠦ ᠴᠤᠭᠯᠠᠭᠤᠯᠵᠤ᠂ ᠬᠦᠳᠡᠭᠡ ᠲᠤᠰᠬᠤᠨ ᠢ ᠬᠦᠭᠵᠢᠭᠦᠯᠤᠨ ᠮᠠᠨᠳᠤᠭᠤᠯᠬᠤ ᠲᠦᠷᠤᠯ ᠵᠤᠶᠢᠯ ᠤᠨ ᠪᠡᠯᠡ ᠮᠥᠩᠬᠦ ᠶᠢ | 1000 ᠲᠦᠮᠡᠨ ᠲᠦᠭᠦᠷᠢᠭ ᠭᠤᠶᠤᠴᠢᠯᠠᠵᠤ᠂ ᠪᠤᠷᠤᠪᠠᠯᠭᠠᠰᠤ ᠪᠠᠯᠭᠠᠰᠤ ᠳᠤ ᠨᠡᠶᠢᠲᠡ 17.9 ᠮᠤ᠋ ᠲᠠᠯᠠᠪᠠᠢ ᠪᠦᠬᠦᠢ ᠰᠢᠨ᠎ᠡ ᠰᠤᠷᠭᠤᠭ ᠢᠶᠠᠷ ᠬᠦᠷᠤᠭᠡᠨ | ᠬᠠᠳᠠᠭᠠᠯᠠᠬᠤ ᠰᠠᠭᠤᠷᠢᠨ ᠭᠠᠵᠠᠷ ᠢ ᠪᠠᠶᠢᠭᠤᠯᠵᠤ᠂ ︽ᠺᠤᠮᠫᠠᠨᠢ + ᠭᠠᠴᠠᠭ᠎ᠠ ᠲᠤᠰᠬᠤᠨ + ᠮᠠᠯᠵᠢᠬᠤ ᠲᠠᠷᠢᠶᠠᠯᠠᠬᠤ ᠡᠷᠤᠬᠡ︾ ᠶᠢᠨ ᠭᠠᠴᠠᠭ᠎ᠠ ᠲᠤᠰᠬᠤᠨ ᠠᠵᠤ | ᠠᠬᠤᠶᠢᠯᠠᠯ ᠬᠠᠮᠲᠤ ᠪᠠᠷ ᠪᠠᠶᠢᠭᠤᠯᠬᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠡᠷᠡᠭᠵᠢᠬᠦᠯᠵᠤ᠂ ᠰᠢᠨ᠎ᠡ | ᠰᠤᠷᠭᠤᠭ ᠢᠶᠠᠷ ᠬᠠᠳᠠᠭᠠᠯᠠᠬᠤ ᠬᠦᠮᠤᠷᠭᠡ ᠶᠢ ᠭᠠᠳᠠᠭᠰᠢ ᠲᠠᠭᠠᠭᠠᠴᠢᠯᠠᠨ᠂ 29 ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠵᠢᠯ ᠪᠤᠯᠭᠠᠨ ᠤ ᠡᠴᠤᠰ ᠲᠤ 2 | ᠲᠦᠮᠡᠨ ᠲᠦᠭᠦᠷᠢᠭ ᠠᠴᠠ ᠲᠡᠭᠡᠭᠰᠢ ᠰᠠᠭᠤᠷᠢ ᠮᠦᠩᠭᠦ ᠶᠢᠨ ᠤᠷᠤᠯᠭ᠎ᠠ ᠤᠯᠬᠤ ᠶᠢ ᠪᠡᠶᠡᠯᠡᠭᠦᠯᠪᠡ᠃ | ᠬᠦᠳᠡᠭᠡ ᠲᠤᠰᠬᠤᠨ ᠶᠢ ᠬᠦᠭᠵᠢᠬᠦᠯᠤᠨ ᠮᠠᠨᠳᠤᠭᠤᠯᠬᠤ ᠳᠤ ᠠᠵᠤ ᠤᠶᠢᠯᠡᠰ ᠢ ᠤᠷᠢᠳ ᠢᠶᠠᠷ ᠬᠦᠭᠵᠢᠭᠦᠯᠬᠦ ᠴᠢᠬᠤᠯᠠ ᠲᠠᠢ᠃ ᠥᠨᠦ ᠵᠢᠯ ᠠᠴᠠ ᠨᠠᠭᠠᠰᠢ᠂ | ᠪᠤᠷᠤᠪᠠᠯᠭᠠᠰᠤ ᠪᠠᠯᠭᠠᠰᠤ ︽ᠲᠦᠷᠤᠯ ᠵᠤᠶᠢᠯ ᠢ ᠰᠢᠪᠲᠤᠯᠬᠤ᠂ ᠠᠵᠤ ᠤᠶᠢᠯᠡᠰ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠦᠷ᠎ᠡ ᠠᠰᠢᠭ ᠢ | ᠲᠡᠭᠡᠭᠰᠢᠯᠡᠭᠦᠯᠬᠦ︾ ᠰᠢᠪᠲᠤᠯᠤᠯᠲᠠ ᠶᠢᠨ ᠵᠢᠯ ᠤᠨ ᠡᠭᠦᠷᠭᠡ ᠬᠠᠷᠠᠯᠲᠠ ᠪᠠᠨ ᠴᠢᠩᠭ᠎ᠠ ᠡᠵᠡᠮᠳᠡᠵᠤ᠂ ︽ᠤᠷᠤᠨ ᠠᠯᠤᠰᠯᠠᠨ ᠬᠤᠯᠪᠤᠭᠠᠯᠠᠭᠰᠠᠨ︾ ᠰᠢᠨ᠎ᠡ ᠵᠠᠭᠪᠤᠷ ᠢ | ᠰᠦᠪᠡᠭᠴᠢᠯᠡᠨ ᠪᠠᠶᠢᠭᠤᠯᠵᠤ᠂ ᠠᠵᠤ ᠤᠶᠢᠯᠡᠰ ᠤᠨ ᠬᠠᠮᠲᠤᠷᠠᠯᠴᠠᠭ᠎ᠠ ᠬᠦᠭᠵᠢᠯᠲᠡ᠂ ᠡᠷᠴᠢᠮᠵᠢᠭᠰᠡᠨ ᠡᠵᠡᠩᠨᠡᠯᠲᠡ ᠵᠡᠷᠭᠡ ᠠᠷᠭ᠎ᠠ ᠬᠡᠯᠪᠡᠷᠢ ᠪᠠᠷ ᠯᠠᠵᠤᠤ ᠶᠢᠨ ᠠᠵᠤ | ᠤᠶᠢᠯᠡᠰ ᠤᠨ ᠬᠦᠭᠵᠢᠯᠲᠡ ᠳᠤ ᠬᠦᠴᠤ ᠲᠦᠪᠯᠡᠷᠡᠭᠦᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠤ᠂ ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ | ᠢ ᠠᠬᠢᠭᠤᠯᠵᠤ᠂ ᠤᠯᠠᠨ ᠲᠦᠮᠡᠨ ᠢ ᠪᠠᠶᠠᠵᠢᠯ ᠤᠨ ᠵᠠᠮ ᠢᠶᠠᠷ ᠵᠠᠮᠨᠠᠭᠤᠯᠪᠠ᠃ | ᠵᠠᠩ ᠠᠨᠢᠶ᠎ᠠ᠄ ︽ᠡᠨᠡ ᠵᠢᠯ ᠮᠠᠨ ᠤ ᠯᠠᠵᠤᠤ ᠶᠢᠨ ᠮᠤ᠋ ᠪᠦᠷᠢ ᠶᠢᠨ ᠤᠨᠠᠯᠲᠠ 6000 ᠭᠠᠷᠤᠢ ᠵᠢᠩ ᠳᠤ ᠬᠦᠷᠴᠤ᠂ ᠤᠳᠤᠬᠠᠨ ᠤ ᠵᠠᠬ᠎ᠠ ᠲᠡᠯᠭᠡᠭᠦᠷ ᠤᠨ | ᠦᠨ᠎ᠡ ᠪᠠᠷ ᠮᠤ᠋ ᠪᠦᠷᠢ ᠳᠤ 5000 ᠲᠦᠭᠦᠷᠢᠭ ᠤᠨ ᠤᠷᠤᠯᠭ᠎ᠠ ᠤᠯᠤᠨ᠎ᠠ︾ ᠭᠡᠵᠤ ᠪᠠᠶᠠᠷ ᠲᠠᠢ ᠶᠠᠷᠢᠵᠤ ᠪᠠᠶᠢᠯ᠎ᠠ᠃ | ᠪᠤᠷᠤᠪᠠᠯᠭᠠᠰᠤ ᠪᠠᠯᠭᠠᠰᠤ ᠤᠶᠢᠯᠡᠳᠪᠤᠷᠢᠯᠡᠯ᠂ ᠪᠤᠷᠤᠯᠠᠭᠤᠯᠤᠯᠲᠠ ᠶᠢᠨ ᠠᠵᠤ ᠤᠶᠢᠯᠡᠰ ᠤᠨ ᠬᠡᠯᠬᠢᠶᠡᠵᠢᠯ ᠤᠨ ᠬᠦᠭᠵᠢᠯᠲᠡ ᠶᠢ ᠪᠤᠵᠠᠭᠠᠶᠢᠷᠠᠭᠤᠯᠤᠭᠰᠠᠨ ᠪᠦᠭᠡᠳ | ᠴᠧᠩ ᠬᠤᠢ ᠮᠠᠯ ᠲᠠᠷᠢᠶᠠᠯᠠᠩ ᠤᠨ ᠪᠦᠲᠤᠭᠡᠭᠳᠡᠭᠦᠨ ᠤ ᠪᠤᠭᠤᠳᠠᠯᠯᠠᠬᠤ ᠬᠠᠶᠢᠷᠴᠠᠭ ᠤᠨ ᠤᠶᠢᠯᠡᠳᠪᠤᠷᠢ ᠶᠢ ᠢᠳᠡᠪᠬᠢᠲᠠᠢ ᠤᠷᠤᠭᠤᠯᠵᠤ᠂ ︽ᠤᠷᠤᠨ ᠠᠯᠤᠰᠯᠠᠬᠤ︾ | ᠬᠡᠯᠪᠡᠷᠢ ᠪᠠᠷ ᠪᠤᠷᠤᠪᠠᠯᠭᠠᠰᠤ ᠪᠠᠯᠭᠠᠰᠤ ᠶᠢᠨ ᠮᠠᠯ ᠤᠨ ᠪᠡᠯᠴᠢᠭᠡᠷ ᠲᠤᠰᠬᠤᠨ᠂ ᠪᠠᠶᠠᠨᠰᠢᠯᠢ ᠭᠠᠴᠠᠭ᠎ᠠ᠂ ᠰᠢᠯᠢ ᠶᠢᠨ ᠴᠠᠶᠢᠵᠠ ᠭᠠᠴᠠᠭ᠎ᠠ᠂ ᠠᠷᠠᠯ ᠭᠠᠴᠠᠭ᠎ᠠ᠂ ᠰᠢᠷ᠎ᠠ | ᠵᠠᠳᠠᠭᠠᠢ ᠲᠤᠰᠬᠤᠨ ᠵᠢᠴᠢ ᠰᠤᠪᠠᠭ ᠤᠨ ᠵᠠᠳᠠᠭᠠᠢ ᠲᠤᠰᠬᠤᠨ ᠵᠡᠷᠭᠡ 6 ᠭᠠᠴᠠᠭ᠎ᠠ ᠲᠤᠰᠬᠤᠨ ᠶᠢ ᠬᠤᠯᠪᠤᠭᠠᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ | ᠲᠥᠯᠤᠪᠯᠡᠭᠡ᠂ ᠵᠦᠢ ᠵᠤᠬᠢᠰᠲᠠᠢ ᠪᠠᠶᠢᠭᠤᠯᠤᠯᠲᠠ᠂ ᠥᠨᠳᠤᠷ ᠪᠦᠲᠤᠮᠵᠢᠲᠠᠢ ᠬᠠᠮᠢᠶᠠᠷᠤᠯᠲᠠ ᠪᠠ ᠠᠰᠢᠭ ᠲᠤᠰᠠ ᠶᠢᠨ ᠬᠤᠪᠢᠶᠠᠷᠢᠯᠠᠯᠲᠠ ᠵᠡᠷᠭᠡ ᠬᠤᠯᠪᠤᠭᠠᠲᠤ | ᠲᠤᠭᠲᠠᠴᠠ ᠪᠠᠷ ᠲᠠᠮᠵᠢᠨ᠂ ᠯᠠᠵᠤᠤ ᠶᠢᠨ ᠤᠶᠢᠯᠡᠳᠪᠤᠷᠢᠯᠡᠯ ᠤᠨ ᠬᠡᠯᠬᠢᠶ᠎ᠡ ᠶᠢ ᠤᠷᠳᠤᠳᠬᠠᠵᠤ᠂ ︽ᠨᠢᠭᠡᠲᠤᠯᠲᠡᠢ ᠪᠠᠶᠢᠭᠤᠯᠵᠤ ᠬᠠᠮᠲᠤ ᠪᠠᠷ ᠪᠠᠶᠠᠵᠢᠬᠤ︾ ᠶᠢ | ᠠᠬᠢᠭᠤᠯᠪᠠ᠃ | ᠤᠲᠤᠭ ᠤᠨ ᠡᠮᠤᠨᠡᠲᠤ ᠬᠤᠰᠢᠭᠤᠨ ᠤ ᠬᠤᠩ ᠴᠧᠩ ᠬᠦᠳᠡᠭᠡ ᠲᠤᠰᠬᠤᠨ ᠤ ᠠᠵᠤ ᠤᠶᠢᠯᠡᠰ ᠤᠨ ᠬᠦᠭᠵᠢᠯᠲᠡ ᠶᠢᠨ ᠺᠤᠮᠫᠠᠨᠢ ᠶᠢᠨ ᠬᠡᠷᠡᠭ ᠮᠡᠳᠡᠭᠴᠢᠳ ᠤᠨ | ᠲᠠᠷᠤᠭ᠎ᠠ ᠺᠠᠩ ᠬᠠᠢ ᠹᠧᠢ ︽6 ᠭᠠᠴᠠᠭ᠎ᠠ ᠲᠤᠰᠬᠤᠨ ᠪᠦᠷᠢ ᠠᠴᠠ 50 ᠲᠦᠮᠡᠨ ᠲᠦᠭᠦᠷᠢᠭ ᠤᠨ ᠪᠡᠯᠡ ᠤᠷᠤᠭᠤᠯᠤᠨ᠂ ᠨᠡᠶᠢᠲᠡ 300 ᠲᠦᠮᠡᠨ ᠲᠦᠭᠦᠷᠢᠭ ᠤᠨ | ᠪᠡᠯᠡ ᠤᠷᠤᠭᠤᠯᠵᠤ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ 5 % ᠨᠡᠮᠡᠭᠳᠡᠭᠦᠯᠪᠡ︾ ᠭᠡᠵᠤ ᠶᠠᠷᠢᠯ᠎ᠠ᠃ | ︽ᠤᠷᠤᠨ ᠠᠯᠤᠰᠯᠠᠨ ᠬᠤᠯᠪᠤᠭᠠᠯᠠᠵᠤ᠂ ᠨᠢᠭᠡᠲᠤᠯᠲᠡᠢ ᠪᠠᠶᠢᠭᠤᠯᠵᠤ ᠬᠠᠮᠲᠤ ᠪᠠᠷ ᠪᠠᠶᠠᠵᠢᠬᠤ︾ ᠬᠦᠭᠵᠢᠯᠲᠡ ᠶᠢᠨ ᠰᠡᠳᠬᠢᠴᠡ ᠶᠤᠰᠤᠭᠠᠷ ᠪᠤᠷᠤᠪᠠᠯᠭᠠᠰᠤ | ᠪᠠᠯᠭᠠᠰᠤ ᠶᠢᠨ ᠯᠠᠵᠤᠤ ᠶᠢᠨ ᠠᠵᠤ ᠤᠶᠢᠯᠡᠰ ᠦᠷᠨᠢᠭᠦᠨ ᠬᠦᠭᠵᠢᠵᠤ᠂ ᠬᠦᠳᠡᠭᠡ ᠲᠤᠰᠬᠤᠨ ᠢ ᠭᠦᠭᠵᠢᠬᠦᠯᠤᠨ ᠮᠠᠨᠳᠤᠭᠤᠯᠬᠤ ᠵᠠᠮ ᠶᠠᠪᠤᠬᠤ ᠲᠤᠲᠤᠮ ᠦᠷᠭᠡᠳᠴᠤ | ᠪᠠᠶᠢᠨ᠎ᠠ᠃ ᠭᠠᠯ ᠤᠯᠠᠭᠠᠨ ᠯᠠᠵᠤᠤ ᠨᠢ ᠠᠷᠠᠳ ᠤᠨ ᠪᠠᠶᠠᠨ ᠴᠢᠨᠡᠭᠡᠯᠢᠭᠵᠢᠬᠦ ᠵᠠᠮ ᠢ ᠭᠡᠷᠡᠯᠲᠤᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠬᠦᠳᠡᠭᠡ ᠲᠤᠰᠬᠤᠨ ᠢ | ᠬᠦᠭᠵᠢᠬᠦᠯᠤᠨ ᠮᠠᠨᠳᠤᠭᠤᠯᠬᠤ ᠰᠠᠶᠢᠨ ᠰᠠᠶᠢᠬᠠᠨ ᠢᠷᠡᠭᠡᠲᠤᠢ ᠶᠢ ᠬᠠᠷᠠᠭᠤᠯᠵᠤ᠂ ᠡᠨᠡᠬᠦ ᠬᠦᠰᠡᠯ ᠪᠢᠯᠬᠠᠭᠰᠠᠨ ᠭᠠᠵᠠᠷ ᠰᠢᠷᠤᠢ ᠲᠡᠭᠡᠷ᠎ᠡ᠂ ᠲᠤᠰᠬᠤᠨ ᠤ ᠠᠷᠠᠳ | ᠠᠵᠢᠯᠴᠢ ᠬᠦᠳᠡᠯᠮᠤᠷᠢᠴᠢ ᠭᠠᠷ ᠢᠶᠠᠷ ᠢᠶᠠᠨ ᠪᠠᠶᠠᠵᠢᠯ ᠤᠨ ᠬᠠᠷᠭᠤᠢ ᠪᠠᠨ ᠴᠤᠭᠴᠠᠯᠠᠵᠤ ᠪᠤᠢ᠃ |