ᠤᠯᠠᠭᠠᠨ ᠬᠤᠭᠤᠯᠠᠶ ᠶᠢ ︽ᠬᠥᠭᠰᠢᠷᠡᠭᠦᠯᠦᠭᠴᠢ︾ — ᠬᠡᠳᠦ ᠬᠠᠯᠠᠭᠤᠨ ᠢᠳᠡᠭᠡᠨ ᠤᠮᠳᠠᠭᠠᠨ
ᠨᠡᠶᠢᠲᠡᠯᠡᠭᠰᠡᠨ ᠴᠠᠭ᠄
2024/10/23
     ᠮᠠᠨ ᠤ ᠤᠯᠠᠭᠠᠨ ᠬᠤᠭᠤᠯᠠᠶ ᠮᠠᠰᠢ ᠬᠡᠪᠡᠷᠡᠭ ᠶᠤᠮ᠂ ᠤᠯᠠᠭᠠᠨ ᠬᠤᠭᠤᠯᠠᠶ ᠳᠤ ᠬᠠᠮᠤᠭ ᠤᠨ ᠲᠠᠭᠠᠯᠠᠮᠵᠢᠲᠠᠶ ᠳᠤᠯᠠᠭᠠᠨ ᠤ ᠬᠡᠮᠵᠢᠶ᠎ᠡ ᠪᠣᠯ 10~40℃᠂ 50~60℃ ᠢ ᠠᠷᠠᠶ ᠴᠢᠷᠠᠶ ᠲᠡᠰᠪᠦᠷᠢᠯᠡᠵᠦ ᠳᠡᠶᠢᠯᠳᠡᠭ᠂ ᠬᠠᠷᠢᠨ 65℃ ᠠᠴᠠ ᠳᠡᠭᠡᠭᠰᠢ ᠪᠣᠯᠪᠠᠯ ᠲᠡᠰᠪᠦᠷᠢᠯᠡᠵᠦ ᠳᠡᠶᠢᠯᠬᠦ ᠥᠬᠡᠶ ᠪᠣᠯᠵᠣ᠂ ᠬᠠᠯᠠᠭᠠᠭᠳᠠᠨ ᠰᠢᠷᠬᠠᠲᠤᠳᠠᠭ᠃ ᠭᠡᠪᠡᠴᠦ ᠪᠤᠯᠪᠠᠷᠠᠶ ᠵᠥᠭᠡᠯᠡᠨ ᠤᠯᠠᠭᠠᠨ ᠬᠤᠭᠤᠯᠠᠶ ᠨᠢ ᠳᠤᠯᠠᠭᠠᠨ ᠤ ᠬᠡᠮᠵᠢᠶ᠎ᠡ ᠳᠤ ᠰᠡᠷᠭᠡᠭ ᠪᠤᠰᠤ ᠪᠣᠯᠬᠤᠷ᠂ ᠬᠠᠯᠠᠭᠠᠭᠳᠠᠭᠰᠠᠨ ᠴᠤ ᠳᠡᠮᠡᠶ ᠶᠡᠭᠡ ᠰᠡᠷᠡᠭᠳᠡᠯ ᠥᠬᠡᠶ ᠪᠠᠶᠢᠳᠠᠭ᠃      ᠡᠶᠢᠮᠦ ᠠᠴᠠ ᠦᠷᠭᠦᠯᠵᠢ ᠬᠠᠯᠠᠭᠤᠨ ᠢᠳᠡᠭᠡᠨ ᠢᠳᠡᠬᠦ ᠨᠢ ᠤᠯᠠᠭᠠᠨ ᠬᠤᠭᠤᠯᠠᠶ ᠶᠢᠨ ᠰᠠᠯᠢᠰᠤᠲᠤ ᠪᠦᠷᠬᠦᠪᠴᠢ ᠳᠤ ᠨᠢᠭᠡ ᠵᠦᠢᠯ ᠤᠨ ᠤᠳᠠᠭᠠᠨ ᠴᠢᠨᠠᠷᠲᠠᠢ ᠰᠡᠳᠦᠯᠲᠡ ᠪᠣᠯᠵᠤ᠂ ᠶᠡᠷᠦ ᠳᠡᠭᠡᠨ ᠭᠡᠮᠲᠦᠯ ᠨᠢ ᠡᠳᠡᠭᠡᠷᠡᠭᠡᠳᠦᠢ ᠪᠠᠷ ᠳᠠᠬᠢᠨ ︽ᠬᠦᠨᠳᠦ ᠰᠢᠷᠬᠠᠲᠤᠳᠠᠭ︾ ᠃ ᠣᠷᠳᠣ ᠬᠤᠭᠤᠴᠠᠭ᠎ᠠ ᠪᠠᠷ ᠢᠩᠭᠢᠭᠡᠳ ᠪᠠᠶᠢᠪᠠᠯ ᠥᠮᠡᠨ ᠪᠣᠯᠬᠤ ᠲᠦᠭᠰᠢᠭᠦᠷᠢ ᠶᠢ ᠨᠡᠮᠡᠭᠳᠡᠭᠦᠯᠵᠦ᠂ ᠤᠯᠠᠭᠠᠨ ᠬᠤᠭᠤᠯᠠᠶ ᠶᠢᠨ ᠥᠮᠡᠨ ᠳᠤ ᠠᠮᠠᠷᠬᠠᠨ ᠨᠡᠷᠪᠡᠭᠳᠡᠨ᠎ᠡ᠃      ᠡᠶᠢᠮᠦ ᠠᠴᠠ 65 ᠭᠷᠠᠳᠦ᠋ᠰ ᠠᠴᠠ ᠬᠡᠲᠦᠷᠡᠭᠰᠡᠨ ᠬᠠᠯᠠᠭᠤᠨ ᠤᠮᠳᠠᠭᠠᠨ ᠢ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ︵WHO︶ ᠶᠢᠨ ᠬᠠᠷᠢᠶᠠᠨ ᠳᠠᠬᠢ ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠪᠠᠶᠢᠭᠤᠯᠤᠮᠵᠢ ︵IARC︶ ᠠᠴᠠ ᠨᠢᠭᠡᠨᠲᠡ 2A ᠲᠥᠷᠥᠯ ᠤᠨ ᠥᠮᠡᠨ ᠡᠭᠦᠰᠭᠡᠬᠦ ᠪᠣᠳᠠᠰ ᠤᠨ ᠨᠡᠷᠡᠰ ᠲᠤ ᠣᠷᠣᠭᠤᠯᠵᠠᠢ᠃      ᠶᠡᠷᠦᠩᠬᠡᠶᠢᠯᠡᠪᠡᠯ᠂ ᠭᠡᠳᠡᠰᠦ ᠳᠣᠲᠣᠷ ᠢᠶᠠᠨ ᠡᠷᠡᠭᠦᠯ ᠮᠡᠨᠳᠦ ᠪᠠᠶᠢᠯᠭᠠᠶ᠎ᠠ ᠭᠡᠪᠡᠯ ᠬᠡᠳᠦ ᠬᠠᠯᠠᠭᠤᠨ ᠢᠳᠡᠭᠡᠨ ᠢᠳᠡᠵᠦ ᠪᠣᠯᠬᠤ ᠦᠭᠡᠢ᠂ ᠪᠠᠰᠠ ᠳᠡᠩᠳᠡᠭᠦᠦ ᠬᠠᠯᠠᠭᠤᠨ ᠤᠰᠤ ᠤᠤᠭᠤᠵᠤ ᠪᠣᠯᠬᠤ ᠦᠭᠡᠢ᠃      ᠬᠡᠳᠦ᠋ᠢᠪᠡᠷ ᠪᠢᠳᠡ ᠥᠲᠡᠯᠬᠦ ᠶᠢ ᠬᠤᠷᠢᠭᠯᠠᠵᠤ ᠳᠡᠶᠢᠯᠬᠦ ᠦᠭᠡᠢ ᠪᠣᠯᠪᠠᠴᠤ᠂ ᠠᠮᠢᠳᠤᠷᠠᠯ ᠪᠠ ᠢᠳᠡᠭᠡᠨ ᠤᠮᠳᠠᠭᠠᠨ ᠤ ᠲᠠᠳᠬᠠᠯ ᠢᠶᠠᠨ ᠥᠭᠡᠷᠡᠴᠢᠯᠡᠬᠦ ᠪᠠᠷ ᠳᠠᠮᠵᠢᠨ ᠥᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠦᠲᠡᠯᠬᠦ ᠶᠢ ᠰᠠᠭᠠᠷᠠᠭᠤᠯᠤᠵᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ