ᠰᠢᠯᠢ ᠭᠠᠴᠠᠭ᠎ᠠ
ᠨᠡᠶᠢᠲᠡᠯᠡᠭᠰᠡᠨ ᠴᠠᠭ᠄
2024/10/25
     ᠰᠢᠯᠢ ᠭᠠᠴᠠᠭ᠎ᠠ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠤᠶᠢᠳᠣ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ  ᠠᠴᠠ 16 ᠺᠢᠯᠣᠮᠧᠲᠷ ᠵᠠᠶᠢᠲᠠᠢ᠂ ᠡᠮᠣᠨᠡᠰᠢ ᠪᠠᠨ ᠲᠣᠮᠳᠠᠳᠣ ᠭᠠᠴᠠᠭ᠎ᠠ ᠲᠠᠢ ᠰᠠᠪᠠᠯᠠᠨ᠂ ᠪᠠᠷᠠᠭᠤᠨᠰᠢ ᠪᠠᠨ ᠰᠢᠯᠢ ᠶᠢᠨ ᠴᠠᠶᠢᠵᠠ ᠭᠠᠴᠠᠭ᠎ᠠ ᠲᠠᠢ ᠬᠦᠷᠰᠢᠯᠡᠵᠣ᠂ ᠵᠡᠬᠦᠨᠰᠢ ᠪᠠᠨ ᠲᠠᠷᠢᠶᠠᠨ ᠰᠢᠯᠢ ᠭᠠᠴᠠᠭ᠎ᠠ ᠲᠠᠢ ᠵᠠᠯᠭᠠᠯᠳᠣᠨ᠂ ᠬᠤᠶᠢᠰᠢ ᠪᠠᠨ ᠵᠣᠯᠠᠲᠣ ᠭᠠᠴᠠᠭ᠎ᠠ ᠲᠠᠢ ᠵᠠᠬ᠎ᠠ ᠨᠡᠶᠢᠯᠡᠨ᠎ᠡ᠃ ᠭᠠᠴᠠᠭᠠᠨ ᠤ ᠶᠡᠷᠣᠩᠬᠡᠢ ᠲᠠᠯᠠᠪᠠᠢ 8238 ᠮᠣ᠋᠂ ᠣᠰᠣᠨ ᠭᠠᠵᠠᠷ 3233 ᠮᠣ᠋᠂ ᠣᠢ ᠶᠢᠨ ᠭᠠᠵᠠᠷ 2000 ᠮᠣ᠋᠃ ᠨᠡᠶᠢᠲᠡ 63 ᠡᠷᠣᠬᠡ 198 ᠬᠦᠮᠦᠨ ᠠᠮᠠ ᠲᠠᠢ᠂ ᠡᠬᠦᠨ ᠳᠤ ᠪᠠᠶᠢᠩᠭᠤ ᠰᠠᠭᠤᠭ᠎ᠠ 53 ᠡᠷᠣᠬᠡ 165 ᠬᠦᠮᠦᠨ ᠲᠠᠢ᠃ 15 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 5᠂ ᠡᠮᠡᠭᠲᠡᠢ ᠨᠠᠮ ᠤᠨ ᠬᠡᠰᠢᠬᠦᠨ 1 ᠪᠣᠢ᠃ ᠣᠨᠴᠠᠯᠢᠭᠲᠣ ᠠᠵᠣ ᠠᠬᠤᠢ ᠶᠢᠨ ᠲᠠᠷᠢᠮᠠᠯ ᠲᠠᠷᠢᠬᠤ ᠪᠠ ᠠᠯᠠᠰᠢᠨ ᠮᠠᠯ ᠠᠷᠠᠴᠢᠯᠠᠬᠤ ᠪᠠᠷ ᠭᠤᠣᠯ ᠪᠣᠯᠭᠠᠵᠣ᠂ ᠯᠠᠵᠣᠣ᠂ ᠲᠠᠷᠪᠣᠰ᠂ ᠣᠯᠠᠭᠠᠨ ᠯᠠᠩᠭᠤᠸᠠ ᠵᠡᠷᠬᠡ 1100 ᠮᠣ᠋᠂ ᠲᠡᠵᠢᠬᠡᠯ ᠡᠪᠡᠰᠣ ᠪᠣᠷᠳᠤᠭ᠎ᠠ ︵ᠡᠷᠳᠡᠨᠢ ᠰᠢᠰᠢ︶ 2100 ᠮᠣ᠋ ᠪᠣᠢ᠃ ᠮᠠᠯ ᠤᠨ ᠶᠡᠷᠣᠩᠬᠡᠢ ᠲᠤᠭ᠎ᠠ 0.4 ᠲᠦᠮᠡᠨ ᠲᠣᠯᠣᠭᠠᠢ᠂ 2017 ᠣᠨ ᠤ ᠬᠦᠮᠦᠨ ᠲᠣᠮᠳᠠᠴᠢ ᠶᠢᠨ ᠴᠡᠪᠡᠷ ᠣᠷᠣᠯᠭ᠎ᠠ 2  ᠲᠦᠮᠡᠨ ᠲᠦᠬᠦᠷᠢᠭ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ