ᠥᠲᠡᠯᠬᠦ ᠶᠢ ᠬᠤᠷᠢᠭᠯᠠᠬᠤ ᠠᠷᠭ᠎ᠠ ᠦᠭᠡᠢ ᠪᠣᠯᠪᠠᠴᠤ ᠪᠢᠳᠡ ᠰᠢᠨᠵᠢᠯᠡᠬᠦ ᠤᠬᠠᠭᠠᠨᠴᠢ ᠳᠠᠳᠬᠠᠯ ᠢᠶᠠᠷ ᠳᠠᠮᠵᠢᠨ ᠵᠣᠬᠢᠬᠤ ᠬᠡᠮᠵᠢᠶᠡᠨ ᠳᠡᠭᠡᠷ᠎ᠡ ᠥᠲᠡᠯᠬᠦ | ᠶᠠᠪᠤᠴᠠ ᠶᠢ ᠤᠳᠠᠭᠠᠰᠢᠷᠠᠭᠤᠯᠵᠤ ᠴᠢᠳᠠᠳᠠᠭ᠃ ᠥᠲᠡᠯᠬᠦ ᠨᠢ ᠵᠥᠪᠬᠡᠨ ᠪᠢᠳᠡᠨ ᠤ ᠵᠢᠰᠦ ᠴᠢᠷᠠᠢ ᠲᠡᠭᠡᠷ᠎ᠡ ᠢᠯᠡᠷᠡᠬᠦ ᠪᠢᠰᠢ᠂ ᠪᠡᠶ᠎ᠡ ᠶᠢᠨ ᠡᠯ᠎ᠡ ᠡᠷᠬᠡᠲᠡᠨ ᠢ ᠨᠡᠩ | ᠢᠯᠡᠭᠦᠬᠡᠨ ᠠᠩᠬᠠᠷᠴᠤ᠂ ᠨᠠᠷᠢᠨ ᠨᠢᠮᠪᠠᠢ ᠬᠠᠮᠠᠭᠠᠯᠠᠬᠤ ᠬᠡᠷᠡᠭᠲᠡᠢ᠃ | ᠴᠤᠬᠤᠮ ᠶᠠᠮᠠᠷ ᠶᠠᠮᠠᠷ ᠢᠳᠡᠭᠡᠨ ᠮᠠᠨ ᠤ ᠪᠡᠶ᠎ᠡ ᠶᠢᠨ ᠥᠲᠡᠯᠬᠦ ᠶᠢ ᠲᠦᠷᠭᠡᠳᠬᠡᠨ᠎ᠡ ᠪᠤᠢ︖ ᠳᠣᠣᠷᠠᠬᠢ ᠬᠡᠳᠦᠨ ᠨᠢᠭᠤᠭᠳᠠᠮᠠᠯ ︽ᠬᠥᠭᠰᠢᠷᠡᠭᠦᠯᠦᠭᠴᠢ︾ ᠶᠢ | ᠣᠨᠴᠠ ᠠᠩᠬᠠᠷᠬᠤ ᠬᠡᠷᠡᠭᠲᠡᠶ︕ | ᠵᠢᠷᠦᠬᠡ ᠶᠢ ︽ᠬᠥᠭᠰᠢᠷᠡᠭᠦᠯᠦᠭᠴᠢ︾ — ᠳᠠᠰᠢᠭᠤ ᠥᠭᠡᠬᠦᠨ ᠬᠦᠴᠢᠯ | ᠳᠠᠰᠢᠭᠤ ᠥᠭᠡᠬᠦᠨ ᠬᠦᠴᠢᠯ ᠪᠣᠯ ᠤᠷᠭᠤᠮᠠᠯ ᠤᠨ ᠲᠣᠰᠣᠨ ᠤ ᠤᠰᠤᠲᠥ᠋ᠷᠥᠭᠴᠢᠵᠢᠬᠦ ᠬᠤᠪᠢᠷᠠᠯᠲᠠ ᠳᠤᠮᠳᠠ ᠡᠭᠦᠰᠦᠭᠰᠡᠨ ᠨᠢᠭᠡ ᠵᠦᠢᠯ ᠤᠨ ᠬᠠᠨᠤᠮᠠᠯ ᠪᠤᠰᠤ | ᠥᠭᠡᠬᠦᠨ ᠬᠦᠴᠢᠯ ᠪᠣᠯᠤᠨ᠎ᠠ᠂ ᠬᠡᠳᠦ᠋ᠢᠪᠡᠷ ᠬᠠᠨᠤᠮᠠᠯ ᠪᠤᠰᠤ ᠥᠭᠡᠬᠦᠨ ᠬᠦᠴᠢᠯ ᠪᠣᠯᠪᠠᠴᠤ ᠬᠥᠮᠦᠨ ᠤ ᠪᠡᠶ᠎ᠡ ᠳᠤ ᠬᠤᠣᠷᠲᠠᠢ᠂ ᠴᠢᠨᠠᠭᠰᠢᠯᠠᠪᠠᠯ ᠬᠠᠨᠤᠮᠠᠯ ᠥᠭᠡᠬᠦᠨ | ᠬᠦᠴᠢᠯ ᠠᠴᠠ ᠨᠡᠩ ᠶᠡᠭᠡ ᠬᠤᠣᠷ ᠬᠥᠨᠥᠭᠡᠯ ᠲᠠᠢ ᠪᠠᠶᠢᠳᠠᠭ᠃ | ᠳᠠᠰᠢᠭᠤ ᠥᠭᠡᠬᠦᠨ ᠬᠦᠴᠢᠯ ᠠᠭᠤᠯᠤᠭᠰᠠᠨ ᠢᠳᠡᠭᠡᠨ ᠢ ᠬᠡᠳᠦ ᠠᠷᠪᠢᠨ ᠢᠳᠡᠪᠡᠯ ᠪᠡᠶ᠎ᠡ ᠶᠢᠨ ᠳᠣᠲᠣᠭᠠᠳᠤ ᠶᠢᠨ ︽ᠮᠠᠭᠤ ᠰᠥᠰᠥᠨ ᠤ ᠭᠤᠨᠠᠨ ᠠᠯᠺᠣᠣᠯ︾ | ᠤᠨ ᠲᠦᠪᠰᠢᠨ ᠢ ᠳᠡᠭᠡᠭᠰᠢᠯᠡᠭᠦᠯᠵᠦ᠂ ︽ᠰᠠᠶᠢᠨ ᠰᠥᠰᠥᠨ ᠤ ᠭᠤᠨᠠᠨ ᠠᠯᠺᠣᠣᠯ︾ ᠤᠨ ᠲᠦᠪᠰᠢᠨ ᠢ ᠳᠣᠷᠣᠭᠰᠢᠯᠠᠭᠤᠯᠵᠤ᠂ ᠡᠭᠦᠨ ᠤ ᠤᠯᠠᠮ ᠠᠴᠠ ᠯᠤᠭᠰᠢᠭᠤᠨ | ᠰᠤᠳᠠᠯ ᠤᠨ ᠥᠭᠡᠬᠦᠵᠢᠨ ᠬᠠᠲᠠᠭᠤᠷᠠᠬᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠵᠢᠷᠦᠬᠡᠨ ᠪᠤᠯᠴᠢᠩ ᠤᠨ ᠲᠦᠭᠵᠢᠷᠡᠯ | ᠪᠠ ᠵᠢᠷᠦᠬᠡᠨ ᠴᠢᠨᠠᠷᠲᠠᠢ ᠭᠡᠨᠡᠳᠲᠡ ᠦᠬᠦᠬᠦ ᠠᠶᠤᠯ ᠢ ᠨᠡᠮᠡᠭᠳᠡᠭᠦᠯᠦᠨ᠎ᠡ᠃ | ᠡᠶᠢᠮᠦ ᠠᠴᠠ ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠢᠭᠠᠯᠲᠠ ︵2022︶︾ ᠳᠤ᠂ ᠡᠳᠦᠷ ᠪᠦᠷᠢ ᠶᠢᠨ ᠳᠠᠰᠢᠭᠤ | ᠥᠭᠡᠬᠦᠨ ᠬᠦᠴᠢᠯ ᠤᠨ ᠬᠡᠮᠵᠢᠶ᠎ᠡ ᠨᠢ 2 ᠭᠷᠠᠮ ᠠᠴᠠ ᠬᠡᠲᠦᠷᠡᠵᠦ ᠪᠣᠯᠬᠤ ᠥᠬᠡᠶ ᠭᠡᠵᠦ ᠰᠠᠨᠠᠭᠤᠯᠤᠭᠰᠠᠨ ᠪᠠᠶᠢᠨ᠎ᠠ᠃ ᠳᠠᠰᠢᠭᠤ ᠥᠭᠡᠬᠦᠨ ᠬᠦᠴᠢᠯ ᠠᠭᠤᠯᠤᠭᠰᠠᠨ | ᠢᠳᠡᠭᠡᠨ ᠳᠤ ᠪᠢᠩᠭᠠᠨ᠂ ᠪᠣᠭᠤᠷᠰᠤᠭ᠂ ᠲᠣᠰᠣᠨ ᠳᠤ ᠪᠤᠴᠠᠯᠭᠠᠭᠰᠠᠨ ᠪᠣᠣᠪᠤ᠂ ᠬᠥᠭᠡᠯᠭᠡᠭᠰᠡᠨ ᠢᠳᠡᠭᠡᠨ᠂ ᠺᠣᠹᠧ ᠶᠢᠨ ᠬᠤᠯᠢᠮᠠᠭ᠂ ᠳᠥᠭᠦᠮ ᠭᠤᠯᠢᠷ᠂ ᠲᠦᠷᠭᠡᠨ | ᠬᠥᠯᠳᠡᠭᠡᠭᠰᠡᠨ ᠢᠳᠡᠭᠡᠨ᠂ ᠰᠢᠬᠡᠷᠯᠢᠭ ᠰᠦ ᠲᠠᠢ ᠴᠠᠶ ᠵᠡᠷᠭᠡ ᠦᠷᠭᠦᠯᠵᠢ ᠬᠠᠷᠠᠭᠳᠠᠳᠠᠭ᠃ | ᠳᠠᠰᠢᠭᠤ ᠥᠭᠡᠬᠦᠨ ᠬᠦᠴᠢᠯ ᠠᠭᠤᠯᠤᠭᠰᠠᠨ ᠢᠳᠡᠭᠡᠨ ᠠᠴᠠ ᠵᠠᠶᠢᠯᠠᠶ᠎ᠠ ᠭᠡᠪᠡᠯ᠂ ᠬᠤᠳᠠᠯᠳᠤᠨ ᠠᠪᠬᠤ ᠠᠴᠠ ᠪᠠᠨ ᠡᠮᠦᠨ᠎ᠡ ᠪᠣᠭᠤᠳᠠᠯ ᠳᠡᠭᠡᠷᠡᠬᠢ ᠨᠠᠶᠢᠷᠠᠯᠭ᠎ᠠ ᠶᠢᠨ | ᠬᠦᠰᠦᠨᠦᠭᠲᠦ ᠪᠣᠯᠤᠨ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠶᠢ ᠨᠠᠷᠢᠨ ᠬᠢᠨᠠᠮᠠᠭᠠᠶ ᠦᠵᠡᠭᠡᠷᠡᠶ᠃ ᠨᠠᠶᠢᠷᠠᠯᠭ᠎ᠠ ᠶᠢᠨ ᠬᠦᠰᠦᠨᠦᠭᠲᠦ ᠳᠤ ᠤᠷᠭᠤᠮᠠᠯ ᠤᠨ | ᠥᠭᠡᠬᠦ᠂ ᠰᠦᠨ ᠤ ᠣᠬᠢ᠂ ᠬᠡᠦᠷᠰᠢᠭᠦᠯᠬᠦᠲ᠋ᠣᠰᠤ᠂ ᠬᠢᠮᠡᠯ ᠵᠥᠭᠡᠬᠡᠶ᠂ ᠬᠢᠮᠡᠯ ᠰᠢᠷ᠎ᠠ ᠲᠣᠰᠣ᠂ ᠤᠰᠤᠲᠥ᠋ᠷᠥᠭᠴᠢᠵᠢᠭᠰᠡᠨ ᠤᠷᠭᠤᠮᠠᠯ ᠤᠨ ᠲᠣᠰᠣ᠂ ᠨᠠᠷᠢᠯᠢᠭ | ᠪᠣᠯᠪᠠᠰᠤᠷᠠᠭᠤᠯᠤᠭᠰᠠᠨ ᠬᠢᠯᠭᠠᠰᠤᠲᠤ ᠮᠣᠳᠣᠨ ᠤ ᠲᠣᠰᠣ᠂ ᠤᠷᠭᠤᠮᠠᠯ ᠤᠨ ᠵᠥᠭᠡᠬᠡᠶ᠂ ᠬᠢᠮᠡᠯ ᠺᠠᠺᠠᠤ᠋ ᠥᠭᠡᠬᠦ᠂ ᠬᠢᠮᠡᠯ ᠬᠡᠦᠷᠰᠢᠭᠦᠯᠬᠦᠲ᠋ᠣᠰᠣ ᠵᠡᠷᠭᠡ ᠪᠦᠷᠢᠯᠳᠦᠬᠦᠨ | ᠪᠠᠶᠢᠪᠠᠯ ᠴᠥᠮ ᠳᠠᠰᠢᠭᠤ ᠥᠭᠡᠬᠦᠨ ᠬᠦᠴᠢᠯ ᠠᠭᠤᠯᠵᠤ ᠮᠡᠳᠡᠨ᠎ᠡ᠃ | ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠠᠴᠠ ᠢᠳᠡᠭᠡᠨ ᠤ ᠳᠣᠲᠣᠷ᠎ᠠ ᠪᠣᠳᠠᠲᠠᠶ ᠠᠭᠤᠯᠵᠤ ᠪᠠᠶᠢᠭ᠎ᠠ ᠲᠠᠰᠢᠭᠤ ᠥᠭᠡᠬᠦᠨ ᠬᠦᠴᠢᠯ ᠤᠨ | ᠠᠭᠤᠯᠤᠭᠳᠠᠴᠠ ᠶᠢ ᠣᠯᠵᠤ ᠬᠠᠷᠠᠳᠠᠭ᠂ ᠳᠣᠣᠷᠠᠬᠢ ᠵᠢᠷᠤᠭ ᠲᠠᠬᠢ ᠡᠨᠡ ᠬᠦ ᠵᠥᠭᠡᠬᠡᠶ ᠶᠢᠨ ᠠᠮᠲᠠ ᠲᠠᠢ ᠪᠢᠩᠭᠠᠨ ᠢ 100 ᠭᠷᠠᠮ ᠰᠢᠩᠭᠡᠭᠡᠪᠡᠯᠲ᠋ᠠᠰᠢᠭᠤ ᠥᠭᠡᠬᠦᠨ | ᠬᠦᠴᠢᠯ ᠨᠢ ᠳᠠᠷᠤᠶ ᠪᠠᠷᠢᠮᠵᠢᠶ᠎ᠠ ᠠᠴᠠ ᠬᠡᠲᠦᠷᠡᠨ᠎ᠡ᠃ | ᠭᠡᠪᠡᠴᠦ ᠣᠳᠣᠬᠠᠨ ᠳᠤ ᠣᠯᠠᠩᠬᠢ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠪᠦᠷᠢᠯᠳᠦᠬᠦᠨ ᠤ ᠬᠦᠰᠦᠨᠦᠭᠲᠦ ᠳ᠋ᠤᠲ᠋ᠠᠰᠢᠭᠤ ᠥᠭᠡᠬᠦᠨ ᠬᠦᠴᠢᠯ ᠤᠨ | ᠠᠭᠤᠯᠤᠭᠳᠠᠴᠠ ᠶᠢ ᠴᠥᠮ ︽0︾ ᠭᠡᠵᠦ ᠬᠠᠳᠠᠵᠤ ᠪᠠᠶᠢᠨ᠎ᠠ᠂ ᠡᠨᠡ ᠨᠢ ᠢᠳᠡᠭᠡᠨ ᠤ ᠲᠣᠲᠣᠷᠠᠬᠢ ᠳᠠᠰᠢᠭᠤ ᠥᠭᠡᠬᠦᠨ ᠬᠦᠴᠢᠯ ᠤᠨ ᠠᠭᠤᠯᠤᠭᠳᠠᠴᠠ ᠨᠢ 0. | 3% ᠠᠴᠠ ᠪᠠᠭ᠎ᠠ ᠪᠣᠯᠬᠤ ᠦᠶ᠎ᠡ ᠳᠤ᠂ ᠪᠣᠭᠤᠳᠠᠯ ᠲᠡᠭᠡᠷ᠎ᠡ ᠨᠢ ︽0 ᠳᠠᠰᠢᠭᠤ ᠥᠭᠡᠬᠦᠨ ᠬᠦᠴᠢᠯ︾᠂ ︽ᠲᠡᠭ ᠳᠠᠰᠢᠭᠤ ᠥᠭᠡᠬᠦᠨ ᠬᠦᠴᠢᠯ︾᠂ ︽ᠳᠠᠰᠢᠭᠤ | ᠥᠭᠡᠬᠦᠨ ᠬᠦᠴᠢᠯ ᠠᠭᠤᠯᠬᠤ ᠦᠭᠡᠢ︾ ᠭᠡᠰᠡᠨ ᠦᠰᠦᠭ ᠢ ᠬᠠᠳᠠᠵᠤ ᠪᠣᠯᠬᠤ ᠠᠴᠠ ᠪᠣᠯᠤᠭᠰᠠᠨ ᠶᠤᠮ᠃ ᠡᠨᠡ ᠨᠢ ᠵᠥᠪᠬᠡᠨ ᠠᠭᠤᠯᠤᠭᠳᠠᠴᠠ ᠪᠠᠷ ᠲᠣᠣᠷ᠎ᠠ ᠪᠤᠶᠤ | ᠪᠠᠶᠢᠬᠤ ᠦᠭᠡᠢ ᠶᠢ ᠯᠡ ᠲᠣᠳᠣᠷᠬᠠᠶᠢᠯᠠᠬᠤ ᠠᠴᠠ ᠪᠢᠰᠢ᠂ ᠤᠭᠳᠤ ᠪᠠᠶᠢᠬᠤ ᠦᠭᠡᠢ ᠶᠢ ᠬᠠᠷᠠᠭᠤᠯᠬᠤ ᠪᠢᠰᠢ ᠶᠤᠮ᠃ ᠬᠡᠷᠪᠡ ᠳᠠᠰᠢᠭᠤ ᠥᠭᠡᠬᠦᠨ ᠬᠦᠴᠢᠯ ᠢ | ᠴᠢᠳᠠᠬᠤ ᠶᠢᠨ ᠬᠢᠷᠢ ᠪᠠᠷ ᠪᠠᠭᠠᠰᠬᠠᠶ᠎ᠠ ᠭᠡᠪᠡᠯ ᠬᠠᠰᠢ ᠯᠠ ᠪᠠᠭ᠎ᠠ ᠢᠳᠡᠪᠡᠯ ᠳᠡᠭᠡᠷ᠎ᠡ ᠶᠤᠮ᠃ | ᠡᠭᠦᠨ ᠠᠴᠠ ᠭᠠᠳᠠᠨ᠎ᠠ᠂ ᠤᠷᠭᠤᠮᠠᠯ ᠤᠨ ᠲᠣᠰᠣ ᠶᠢᠨ ᠳᠣᠲᠣᠷ᠎ᠠ ᠪᠠᠰᠠ ᠳᠠᠰᠢᠭᠤ ᠥᠭᠡᠬᠦᠨ ᠬᠦᠴᠢᠯ ᠠᠭᠤᠯᠵᠤ ᠪᠠᠶᠢᠳᠠᠭ᠂ ᠣᠨᠴᠠᠭᠠᠶᠢᠯᠠᠨ ᠳᠠᠬᠢᠨ ᠳᠠᠪᠲᠠᠨ | ᠥᠨᠳᠥᠷ ᠳᠤᠯᠠᠭᠠᠨ ᠢ ᠥᠩᠭᠡᠷᠡᠭᠡᠭᠰᠡᠨ ᠤ ᠳᠠᠷᠠᠭᠠᠬᠢ ᠤᠷᠭᠤᠮᠠᠯ ᠤᠨ ᠲᠣᠰᠣᠨ ᠤ ᠲᠠᠰᠢᠭᠤ ᠥᠭᠡᠬᠦᠨ ᠬᠦᠴᠢᠯ ᠤᠨ ᠠᠭᠤᠯᠤᠭᠳᠠᠴᠠ ᠨᠢ ᠨᠠᠩ ᠥᠨᠳᠥᠷ ᠪᠠᠶᠢᠳᠠᠭ᠃ | ᠡᠶᠢᠮᠦ ᠠᠴᠠ ᠡᠳᠦᠷ ᠲᠤᠲᠤᠮ ᠤᠨ ᠬᠤᠭᠤᠯᠠ ᠪᠠᠵᠠᠭᠠᠬᠤ ᠳᠠᠭᠠᠨ ᠲᠣᠰᠣᠨ ᠤ ᠬᠡᠮᠵᠢᠶ᠎ᠡ ᠶᠢ 25~30 ᠭᠷᠠᠮ ᠢᠶᠠᠷ ᠬᠢᠵᠠᠭᠠᠷᠯᠠᠵᠤ᠂ ᠥᠨᠳᠥᠷ ᠬᠠᠯᠠᠭᠤᠨ ᠳᠤ | ᠲᠣᠰᠣᠨ ᠳ᠋ᠤᠪᠤᠴᠠᠯᠭᠠᠬᠤ ᠶᠢ ᠪᠠᠭᠠᠰᠬᠠᠬᠤ ᠶᠢᠨ ᠬᠠᠮᠲᠤ ᠲᠣᠰᠣᠨ ᠳᠤ ᠪᠤᠴᠠᠯᠭᠠᠭᠠᠳ ᠤᠲᠤᠭ᠎ᠠ ᠭᠠᠷᠤᠭᠰᠠᠨ ᠤ ᠳᠠᠷᠠᠭ᠎ᠠ ᠰᠠᠶ᠋ᠢ ᠡᠬᠢᠯᠡᠵᠦ ᠨᠣᠭᠤᠭ᠎ᠠ ᠬᠠᠭᠤᠷᠬᠤ ᠶᠢ | ᠴᠡᠭᠡᠷᠯᠡᠪᠡᠯ ᠵᠣᠬᠢᠨ᠎ᠠ᠃ |