ᠰᠢᠯᠢ ᠶᠢᠨ ᠴᠠᠶᠢᠵᠠ ᠭᠠᠴᠠᠭ᠎ᠠ ᠪᠣᠷᠣᠪᠠᠯᠭᠠᠰᠣ ᠪᠠᠯᠭᠠᠰᠣᠨ ᠤ ᠪᠠᠷᠠᠭᠤᠨ ᠬᠤᠶᠢᠳᠣ ᠬᠡᠰᠡᠭ ᠲᠤ ᠪᠠᠶᠢᠷᠢᠯᠠᠵᠣ᠂ ᠪᠠᠯᠭᠠᠰᠣᠨ ᠤ ᠵᠠᠰᠠᠭ ᠤᠨ ᠣᠷᠳᠣᠨ ᠤ | ᠰᠠᠭᠤᠭ᠎ᠠ ᠭᠠᠵᠠᠷ ᠠᠴᠠ 14 ᠺᠢᠯᠣᠮᠧᠲᠷ ᠵᠠᠶᠢᠲᠠᠢ᠂ 2 ᠮᠠᠯ ᠲᠠᠷᠢᠶᠠᠯᠠᠩ ᠤᠨ ᠬᠤᠷᠰᠢᠶ᠎ᠠ᠂ 163 ᠡᠷᠣᠬᠡ 418 ᠬᠦᠮᠦᠨ ᠠᠮᠠ ᠲᠠᠢ᠂ ᠪᠠᠶᠢᠩᠭᠤ ᠰᠠᠭᠤᠭ᠎ᠠ 88 | ᠡᠷᠣᠬᠡ 290 ᠬᠦᠮᠦᠨ᠂ 17 ᠨᠠᠮ ᠤᠨ ᠬᠡᠰᠢᠬᠦᠨ ᠲᠠᠢ᠂ ᠡᠬᠦᠨ ᠳᠤ ᠴᠦᠬᠡᠨ ᠲᠣᠭᠠᠲᠣ ᠦᠨᠳᠣᠰᠣᠲᠡᠨ ᠤ ᠨᠠᠮ ᠤᠨ ᠬᠡᠰᠢᠬᠦᠨ 7᠂ 60 ᠨᠠᠰᠣ ᠶᠢ ᠲᠠᠪᠠᠭᠰᠠᠨ | ᠠᠬᠠᠮᠠᠳ ᠨᠠᠮ ᠤᠨ ᠬᠡᠰᠢᠬᠦᠨ 5᠂ ᠡᠮᠡᠭᠲᠡᠢ ᠨᠠᠮ ᠤᠨ ᠬᠡᠰᠢᠬᠦᠨ 3 ᠪᠣᠢ᠃ ᠶᠡᠷᠣᠩᠬᠡᠢ ᠲᠠᠯᠠᠪᠠᠢ 3.2 ᠲᠦᠮᠡᠨ ᠮᠣ᠋᠂ ᠡᠬᠦᠨ ᠳᠤ ᠣᠰᠣᠨ ᠭᠠᠵᠠᠷ 8000 ᠮᠣ᠋᠂ | ᠣᠢ ᠶᠢᠨ ᠭᠠᠵᠠᠷ 1.1 ᠲᠦᠮᠡᠨ ᠮᠣ᠋᠂ ᠠᠰᠢᠭᠯᠠᠵᠣ ᠪᠣᠯᠬᠤ ᠨᠣᠲᠤᠭ ᠪᠡᠯᠴᠢᠬᠡᠷ 1.3 ᠲᠦᠮᠡᠨ ᠮᠣ᠋᠃ ᠮᠠᠯ ᠤᠨ ᠶᠡᠷᠣᠩᠬᠡᠢ ᠲᠤᠭ᠎ᠠ 6500 ᠲᠣᠯᠣᠭᠠᠢ᠂ | ᠪᠠᠷᠢᠮᠵᠢᠶᠠᠲᠣ ᠲᠡᠵᠢᠬᠡᠨ ᠦᠷᠡᠵᠢᠬᠦᠯᠬᠦ ᠬᠠᠰᠢᠶ᠎ᠠ ᠰᠠᠷᠠᠪᠴᠢ 11 ᠪᠣᠢ᠃ 2017 ᠣᠨ ᠳᠤ ᠮᠠᠯᠴᠢᠨ ᠲᠠᠷᠢᠶᠠᠴᠢᠨ ᠤ ᠬᠦᠮᠦᠨ ᠲᠣᠮᠳᠠᠴᠢ ᠶᠢᠨ ᠴᠡᠪᠡᠷ ᠣᠷᠣᠯᠭ᠎ᠠ | 17000 ᠲᠦᠬᠦᠷᠢᠭ ᠲᠤ ᠬᠦᠷᠪᠡ᠃ |