ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 9 ᠰᠠᠷ᠎ᠠ ᠶᠢᠨ ᠴᠢᠬᠤᠯᠠ ᠠᠵᠢᠯ ᠶᠠᠪᠤᠳᠠᠯ ᠤᠨ ᠲᠡᠮᠲᠡᠭᠯᠡᠯ
ᠨᠡᠶᠢᠲᠡᠯᠡᠭᠰᠡᠨ ᠴᠠᠭ᠄
2024/10/7
     9 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠲᠤᠰᠬᠠᠢ ᠰᠡᠳᠦᠪᠲᠤ ᠬᠤᠷᠠᠯ ᠢ ᠡᠷᠬᠢᠯᠡᠨ ᠬᠤᠷᠠᠯᠳᠣᠭᠤᠯᠵᠣ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠵᠢᠴᠢ ᠲᠦᠷᠦᠯ ᠵᠦᠢᠯ ᠤᠨ ᠪᠠᠶᠢᠭᠤᠯᠤᠯᠲᠠ᠂ ᠲᠦᠯᠦᠪᠵᠢᠬᠦᠯᠬᠡ ᠨᠦᠬᠡᠴᠡᠯᠡᠯᠲᠡ ᠶᠢᠨ ᠠᠵᠢᠯ ᠤᠨ ᠬᠠᠷᠢᠭᠤ ᠮᠡᠳᠡᠬᠦᠯᠦᠯᠲᠡ ᠶᠢ ᠰᠣᠨᠣᠰᠪᠠ᠃ ᠳᠠᠷᠠᠭ᠎ᠠ ᠪᠠᠷ ᠨᠢ ᠪᠠᠭᠰᠢ ᠶᠢᠨ ᠪᠠᠶᠠᠷ ᠤᠨ ᠡᠳᠦᠷ ᠤᠨ ᠳᠣᠬᠤᠨᠢᠭᠤᠯᠭ᠎ᠠ ᠶᠢᠨ ᠠᠵᠢᠯᠯᠠᠭᠠᠨ ᠦᠷᠨᠢᠬᠦᠯᠪᠡ᠃     ᠲᠣᠰ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠤᠲᠤᠭᠠᠲᠤ ᠶᠢ ᠬᠠᠮᠠᠭᠠᠯᠠᠬᠤ ᠳᠣᠪᠴᠢᠶᠠᠨ ᠳᠠᠷᠤᠭ᠎ᠠ ᠰᠢᠦᠢ ᠬᠤᠤ ᠪᠦᠸᠧ ︽ᠲᠤᠯᠠᠭᠠᠨ ᠬᠤᠲᠠ ᠶᠢᠨ ᠬᠠᠮᠠᠭᠠᠯᠠᠯᠲᠠ 2024 ᠲᠤᠭᠠᠲᠤ︾ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠨ ᠵᠠᠰᠠᠬᠤ ᠨᠢᠬᠡᠳᠦᠯᠲᠡᠢ ᠠᠵᠢᠯᠯᠠᠭᠠᠨ ᠤ ᠡᠬᠢᠯᠡᠯᠲᠡ ᠶᠢᠨ ᠶᠤᠰᠣᠯᠠᠯ ᠳᠤ ᠣᠷᠣᠯᠴᠠᠪᠠ᠃     9 ᠰᠠᠷ᠎ᠠ ᠶᠢᠨ 6 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠮᠢᠩ ᠤᠯᠤᠰ ᠤᠨ ᠴᠠᠭᠠᠨ ᠬᠡᠷᠡᠮ ︵ᠱᠠᠭᠠᠵᠠᠩᠳᠤ ᠶᠢᠨ ᠬᠡᠰᠡᠭ︶᠂ ᠬᠡᠷᠡᠮ ᠤᠨ ᠭᠤᠤᠯ ᠤᠨ ᠣᠰᠣᠨ ᠴᠦᠬᠦᠷᠦᠮ᠂ ᠶᠸᠤᠵᠸᠤ ᠶᠢᠨ ᠡᠷᠳᠠᠨ ᠤ ᠬᠤᠳᠠ ᠶᠢᠨ ᠪᠠᠭᠤᠷᠢ ᠵᠢᠴᠢ ᠪᠠᠭ᠎ᠠ ᠳᠤᠯᠢ ᠬᠤᠳᠠ ᠶᠢᠨ ᠪᠠᠭᠤᠷᠢ ᠳᠤ ᠬᠦᠷᠴᠤ ᠳᠡᠤᠬᠡ ᠶᠢᠨ ᠳᠤᠷᠠᠰᠬᠠᠯᠳᠤ ᠵᠦᠢᠯᠡᠰ ᠤᠨ ᠬᠠᠮᠠᠭᠠᠯᠠᠯᠳᠠ᠂ ᠰᠣᠶᠣᠯ ᠤᠨ ᠠᠵᠣ ᠦᠢᠯᠡᠰ ᠤᠨ ᠬᠦᠭᠵᠢᠯᠲᠡ᠂ ᠣᠰᠣᠨ ᠴᠦᠬᠦᠷᠦᠮ ᠤᠨ ᠠᠶᠤᠯ ᠢ ᠰᠡᠷᠬᠡᠶᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠨᠠᠭᠤᠷ ᠴᠦᠬᠦᠷᠦᠮ ᠢ ᠲᠤᠭᠤᠷᠢᠨ ᠪᠠᠶᠢᠴᠠᠭᠠᠪᠠ᠃ ᠬᠤᠰᠢᠭᠤ ᠣᠳᠣᠷᠢᠳᠣᠯᠭ᠎ᠠ ᠶᠢᠦ ᠵᠢᠶᠡᠨ ᠴᠢᠩ᠂ ᠰᠢᠦᠢ ᠬᠤᠤ ᠪᠦᠸᠧ᠂ ᠹᠧᠩ ᠴᠦᠨ ᠬᠤᠸᠠ ᠣᠷᠣᠯᠴᠠᠪᠠ᠃     9 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠣᠷᠳᠣᠰ ᠤᠨ ︽ᠲᠠᠯ᠎ᠠ ᠨᠣᠲᠤᠭ ᠤᠨ ᠠᠯᠠᠭᠠᠳᠠᠬᠤ ᠪᠦᠮᠪᠦᠭᠡ︾ ᠶᠢᠨ 2024 ᠣᠨ ᠤ ᠮᠠᠩᠯᠠᠢ ᠰᠢᠯᠭᠠᠷᠠᠭᠤᠯᠬᠤ ᠣᠷᠣᠯᠳᠣᠭᠠᠨ ᠵᠢᠴᠢ ᠣᠲᠤᠭ ᠤᠨ ᠡᠮᠦᠨᠡᠲᠦ ᠬᠤᠰᠢᠭᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠯᠠᠭᠠᠳᠠᠬᠤ ᠪᠦᠮᠪᠦᠭᠡ ᠶᠢᠨ ᠦᠷᠢᠰᠦᠯᠳᠦᠬᠦ ᠣᠷᠣᠯᠳᠣᠭᠠᠨ ᠤ  ᠡᠬᠢᠯᠡᠯᠲᠡ ᠶᠢᠨ ᠶᠤᠰᠤᠯᠠᠯ ᠳᠤ ᠣᠷᠣᠯᠴᠠᠵᠤ᠂ ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠶᠢᠦ ᠵᠢᠶᠡᠨ ᠴᠢᠩ᠂ ᠰᠢᠦᠢ ᠬᠤᠤ ᠪᠦᠸᠧ᠂ ᠱᠢ ᠬᠤᠢ᠂ ᠳ᠋ᠣᠸᠡᠨ ᡁᠢ ᠴᠢᠶᠠᠩ᠂ ᠹᠧᠩ ᠴᠦᠨ ᠬᠤᠸᠠ᠂ ᠯᠢᠶᠠᠩ ᠶᠦᠩ ᠱᠧᠩ᠂ ᠸᠠᠩ ᠷᠦᠢ ᠹᠧᠩ ᠣᠷᠣᠯᠴᠠᠪᠠ᠃     9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠣᠲᠤᠭ ᠤᠨ ᠡᠮᠦᠨᠡᠲᠦ ᠬᠤᠰᠢᠭᠤᠨ ᠤ 40 ᠳ᠋ᠣᠭᠡᠷ ᠣᠳᠠᠭᠠᠨ ᠤ ᠪᠠᠭᠰᠢ ᠶᠢᠨ ᠪᠠᠶᠠᠷ ᠤᠨ ᠡᠳᠦᠷ ᠢ ᠪᠡᠯᠬᠡᠯᠡᠬᠦ ᠶᠡᠭᠡ ᠬᠤᠷᠠᠯ ᠳᠤ ᠣᠷᠣᠯᠴᠠᠨ ᠬᠤᠷᠠᠯ ᠢ ᠡᠷᠬᠢᠯᠡᠵᠦ᠂ ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠶᠢᠦ ᠵᠢᠶᠡᠨ ᠴᠢᠩ᠂ ᠰᠢᠦᠢ ᠬᠤᠤ ᠪᠦᠸᠧ᠂ ᠱᠢ ᠬᠤᠢ᠂ ᠹᠧᠩ ᠴᠦᠨ ᠬᠤᠸᠠ᠂ ᠸᠠᠩ ᠷᠦᠢ ᠹᠧᠩ ᠣᠷᠣᠯᠴᠠᠪᠠ᠃     9 ᠰᠠᠷ᠎ᠠ ᠶᠢᠨ 11 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠳᠣᠮᠳᠠᠳᠣ ᠣᠯᠣᠰ ᠤᠨ ᠴᠢᠯᠠᠭᠤᠨ ᠲᠤᠰᠤᠨ ᠤ ᠬᠢᠮᠢ  ᠶᠢᠨ ᠦᠢᠯᠡᠳᠪᠦᠷᠢ ᠶᠢᠨ ᠱᠠᠩᠬᠠᠢ ᠶᠢᠨ ᠬᠤᠪᠢ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠯᠤᠭ᠎ᠠ ᠰᠠᠭᠤᠳᠠᠯ ᠤᠨ ᠬᠤᠷᠠᠯ ᠬᠢᠪᠡ᠃     ᠲᠤᠰ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠦ ᠵᠢᠶᠡᠨ ᠴᠢᠩ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠶᠢᠨ ᠬᠠᠮᠢᠶ᠎ᠠ ᠪᠦᠬᠦᠢ  ᠬᠠᠷᠢᠭᠤᠴᠠᠯᠭᠠᠲᠠᠨ ᠢ ᠵᠤᠬᠢᠶᠠᠨ ᠪᠠᠶᠢᠭᠤᠯᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠦᠷᠴᠦ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠵᠢᠴᠢ ᠬᠤᠲᠠ ᠶᠢᠨ ᠮᠠᠯ ᠲᠠᠷᠢᠶᠠᠯᠠᠩ ᠤᠨ ᠳᠣᠪᠴᠢᠶ᠎ᠠ᠂ ᠬᠤᠲᠠ ᠶᠢᠨ ᠣᠰᠣᠨ ᠠᠰᠢᠭᠯᠠᠯᠲᠠ ᠶᠢᠨ ᠳᠣᠪᠴᠢᠶ᠎ᠠ᠂ ᠰᠢᠨᠵᠢᠯᠡᠭᠡ ᠮᠡᠷᠬᠡᠵᠢᠯ ᠤᠨ ᠳᠣᠪᠴᠢᠶ᠎ᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢᠨ ᠬᠠᠷᠢᠭᠤᠴᠠᠯᠭᠠᠲᠠᠨ ᠯᠤᠭ᠎ᠠ ᠰᠠᠭᠤᠳᠠᠯ ᠤᠨ ᠬᠤᠷᠠᠯ ᠬᠤᠷᠠᠯᠳᠣᠵᠣ᠂ ᠬᠤᠸᠠ ᠵᠦᠩ ᠲᠠᠷᠢᠶᠠᠯᠠᠩ ᠤᠨ ᠶᠡᠭᠡ ᠰᠣᠷᠭᠠᠭᠤᠯᠢ ᠶᠢᠨ ᠮᠠᠨ ᠤ ᠬᠤᠰᠢᠭᠤᠨ ᠳᠤ ᠤᠶᠤᠨᠴᠢ ᠮᠠᠯ ᠲᠠᠷᠢᠶᠠᠯᠠᠩ ᠤᠨ ᠦᠢᠯᠡᠰ ᠤᠨ ᠳᠠᠭᠤᠷᠢᠶᠠᠯ ᠰᠠᠭᠤᠷᠢᠨ ᠢ ᠪᠠᠶᠢᠭᠤᠯᠬᠤ ᠣᠴᠢᠷ ᠶᠠᠪᠤᠳᠠᠯ ᠤᠨ ᠲᠤᠬᠠᠢ ᠬᠠᠷᠢᠭᠤ ᠮᠡᠳᠡᠬᠦᠯᠦᠨ ᠶᠠᠷᠢᠯᠴᠠᠪᠠ᠃     9 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠤᠨ ᠤ 11 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠰᠢᠭᠤ ᠣᠳᠣᠷᠢᠳᠣᠯᠭ᠎ᠠ ᠭᠤᠸᠡᠨ ᠫᠢᠩ᠂ ᠰᠢᠦᠸᠡᠢ ᠵᠤᠤ ᠰᠢᠩ᠂ ᠯᠢ ᠳ᠋ᠦᠩ ᠬᠤᠷᠠᠯ ᠳᠤ ᠰᠣᠯᠠ ᠣᠷᠣᠯᠴᠠᠪᠠ᠃     9 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣ ᠵᠡᠷᠭᠡ ᠭᠠᠵᠠᠷ ᠢᠶᠠᠷ ᠨᠡᠢᠮᠠᠨ ᠰᠠᠷ᠎ᠠ ᠶᠢᠨ ᠲᠡᠷᠭᠡᠯ ᠪᠠᠶᠠᠷ ᠠᠴᠠ ᠡᠮᠦᠨᠡᠬᠢ ᠢᠳᠡᠬᠡᠨ ᠣᠮᠳᠠᠭᠠᠨ ᠤ ᠠᠮᠣᠷ ᠳᠦᠪᠰᠢᠨ᠂ ᠠᠶᠤᠯᠬᠦᠢ ᠦᠢᠯᠡᠳᠪᠦᠷᠢᠯᠡᠯ ᠤᠨ ᠪᠠᠶᠢᠴᠠᠭᠠᠨ ᠰᠣᠳᠣᠯᠣᠯᠲᠠ ᠦᠷᠨᠢᠬᠦᠯᠪᠡ᠃ ᠬᠤᠰᠢᠭᠤ ᠣᠳᠣᠷᠢᠳᠣᠯᠭ᠎ᠠ ᠳ᠋ᠣᠸᠡᠨ ᡁᠢ ᠴᠢᠶᠠᠩ᠂ ᠸᠠᠩ ᠷᠦᠢ ᠹᠧᠩ ᠬᠠᠮᠲᠤ ᠪᠠᠶᠢᠴᠠᠭᠠᠨ ᠰᠣᠳᠣᠯᠪᠠ᠃     ᠲᠤᠰ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠺᠧ ᠱᠠᠩᠬᠠᠢ ᠶᠢᠨ ᠰᠦᠮ᠎ᠡ ᠪᠠᠯᠭᠠᠰᠣᠨ ᠳᠤ ᠴᠢᠩ ᠶᠤᠸᠡᠨ ᠰᠢᠲᠠᠮᠠᠬᠠᠢ ᠬᠡᠢ ᠶᠢᠨ ᠺᠤᠮᠫᠠᠨᠢ ᠶᠢᠨ ᠰᠢᠲᠠᠮᠠᠬᠠᠢ ᠬᠡᠢ ᠶᠢᠨ ᠠᠮᠣᠷ ᠳᠦᠪᠰᠢᠨ ᠤ ᠪᠠᠶᠢᠴᠠᠭᠠᠯᠲᠠ ᠴᠡᠭᠴᠡᠯᠡᠯᠲᠡ ᠶᠢᠨ ᠠᠵᠢᠯ ᠢ ᠬᠢᠨᠠᠨ ᠵᠢᠯᠤᠭᠤᠳᠪᠠ᠃ ᠳᠠᠷᠠᠭ᠎ᠠ ᠨᠢ ᠲᠤᠰᠬᠠᠢ ᠰᠡᠳᠦᠪᠲᠤ ᠬᠤᠷᠠᠯ ᠢ ᠡᠷᠬᠢᠯᠡᠨ ᠬᠤᠷᠠᠯᠳᠣᠭᠤᠯᠵᠣ᠂ ᠱᠠᠩᠬᠠᠢ ᠶᠢᠨ ᠰᠦᠮ᠎ᠡ ᠨᠡᠬᠦᠳᠡᠯ ᠠᠷᠠᠳ ᠤᠨ ᠲᠠᠪᠤᠳᠣᠭᠠᠷ ᠬᠤᠭᠤᠴᠠᠭᠠᠨ ᠤ ᠪᠠᠲᠣᠯᠠᠭ᠎ᠠ ᠶᠢᠨ ᠣᠷᠣᠨ ᠰᠠᠭᠤᠴᠠ ᠶᠢ ᠦᠷᠬᠦᠯᠵᠢᠯᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯ ᠢ ᠲᠤᠬᠢᠷᠠᠭᠤᠯᠤᠨ ᠠᠬᠢᠭᠤᠯᠪᠠ᠃     9 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠲᠦᠩ ᠸᠧᠢ ᠬᠤᠪᠢ ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠯᠤᠭ᠎ᠠ ᠷᠦᠨ ᠶᠠᠩ ᠶᠣᠸᠡᠢ ᠳ᠋ᠠ ᠨᠠᠷᠠᠨ ᠡᠨᠧᠷᠬᠢ ᠶᠢᠨ ᠳᠦᠬᠦᠬᠡᠷᠦᠮᠵᠢ ᠦᠢᠯᠡᠳᠬᠡᠯ ᠤᠨ ᠲᠦᠷᠦᠯ ᠵᠦᠢᠯ ᠤᠨ ᠪᠠᠶᠢᠭᠤᠯᠤᠯᠲᠠ ᠠᠰᠢᠭᠯᠠᠯᠲᠠ  ᠶᠢᠨ ᠶᠠᠪᠤᠴᠠ ᠳᠣᠮᠳᠠᠬᠢ ᠬᠠᠮᠢᠶ᠎ᠠ ᠪᠦᠬᠦᠢ ᠣᠴᠢᠷ ᠶᠠᠪᠤᠳᠠᠯ ᠤᠨ ᠲᠤᠬᠠᠢ ᠰᠠᠭᠤᠳᠠᠯ ᠤᠨ ᠬᠤᠷᠠᠯ ᠬᠢᠪᠡ᠃ ᠬᠤᠰᠢᠭᠤ ᠣᠳᠣᠷᠢᠳᠣᠯᠭ᠎ᠠ ᠱᠢ ᠬᠤᠢ᠂ ᠳ᠋ᠣᠸᠡᠨ ᡁᠢ ᠴᠢᠶᠠᠩ ᠣᠷᠣᠯᠴᠠᠪᠠ᠃     9 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠪᠡᠭᠡᠵᠢᠩ ᠳᠤ ᠬᠦᠷᠴᠦ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠴᠦᠬᠡᠨ ᠲᠤᠭᠠᠲᠤ ᠦᠨᠳᠦᠰᠦᠲᠡᠨ ᠤ ᠣᠯᠠᠮᠵᠢᠯᠠᠯᠲᠤ ᠲᠠᠮᠢᠷ ᠤᠨ ᠴᠤᠭᠯᠠᠭᠠᠨ ᠤ ᠦᠨᠳᠦᠰᠦᠲᠡᠨ ᠤ ᠣᠯᠠᠮᠵᠢᠯᠠᠯᠲᠤ ᠪᠡᠶ᠎ᠡ ᠲᠠᠮᠢᠷ ᠬᠢᠬᠡᠳ ᠰᠣᠶᠣᠯ ᠵᠢᠭᠤᠯᠴᠢᠯᠠᠯ ᠤᠨ ᠴᠢᠨᠠᠷᠯᠢᠭ ᠠᠭᠤᠰᠣᠯᠴᠠᠯ ᠬᠦᠭᠵᠢᠯᠲᠡ ︵ᠪᠡᠭᠡᠵᠢᠩ︶ ᠶᠢᠨ ᠰᠣᠯᠢᠯᠴᠠᠭᠠᠨ ᠤ ᠬᠤᠷᠠᠯ ᠳᠤ ᠣᠷᠣᠯᠴᠠᠨ ︽ᠣᠷᠳᠣᠰ ᠤᠨ ᠲᠠᠯ᠎ᠠ ᠨᠤᠲᠤᠭ ᠤᠨ ᠠᠯᠠᠭᠠᠳᠠᠬᠤ ᠪᠦᠮᠪᠦᠭᠡ ᠶᠢᠨ ᠮᠠᠯᠴᠢᠨ ᠲᠠᠷᠢᠶᠠᠴᠢᠨ ᠤ ᠠᠵᠢᠯᠯᠠᠭᠠᠨ ᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠴᠢᠨᠠᠷᠯᠢᠭ ᠬᠦᠭᠵᠢᠯᠲᠡ ᠳᠤ ᠬᠦᠴᠦᠨ ᠨᠡᠮᠡᠷᠢᠯᠡᠬᠦ︾ ᠭᠤᠤᠯ ᠰᠡᠳᠦᠪ ᠢᠶᠠᠷ ᠲᠤᠷᠰᠢᠯᠭ᠎ᠠ ᠬᠤᠪᠢᠶᠠᠯᠴᠠᠪᠠ᠃     9 ᠰᠠᠷ᠎ᠠ ᠶᠢᠨ 29 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠪᠠᠯᠭᠠᠰᠣᠨ ᠳᠤ ᠣᠯᠣᠰ ᠤᠨ ᠪᠠᠶᠠᠷ ᠠᠴᠠ ᠡᠮᠦᠨᠡᠬᠢ ᠲᠤᠬᠤᠨᠢᠭᠤᠯᠭ᠎ᠠ ᠬᠢᠭᠰᠡᠨ ᠮᠦᠷᠲᠡᠭᠡᠨ ᠠᠶᠤᠯᠬᠦᠢ ᠦᠢᠯᠡᠳᠪᠦᠷᠢᠯᠡᠯ ᠤᠨ ᠠᠵᠢᠯ ᠢ ᠬᠢᠨᠠᠨ ᠵᠢᠯᠤᠭᠤᠳᠪᠠ᠃ ᠬᠤᠰᠢᠭᠤ ᠣᠳᠣᠷᠢᠳᠣᠯᠭ᠎ᠠ ᠰᠢᠦᠢ ᠬᠤᠤ ᠪᠦᠸᠧ᠂ ᠹᠧᠩ ᠴᠦᠨ ᠬᠤᠸᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠢᠶᠠ ᠰᠢᠶᠠᠩ ᠪᠢᠩ ᠣᠷᠣᠯᠴᠠᠪᠠ᠃     9 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠤᠳᠤᠭ ᠤᠨ ᠡᠮᠤᠨᠡᠳᠤ ᠬᠤᠰᠢᠭᠤᠨ ᠤ ᠦᠷᠡᠭᠳᠡᠭᠰᠠᠨ ᠪᠠᠭᠠᠳᠤᠷᠴᠤᠤᠨ ᠤᠨ ᠳᠤᠷᠠᠰᠬᠠᠯ ᠤᠨ ᠳᠠᠯᠠᠪᠠᠢ ᠳᠤ 2024 ᠤᠨ ᠤ ︽ᠦᠷᠡᠭᠳᠡᠭᠰᠡᠨ ᠪᠠᠭᠠᠳᠤᠷᠴᠤᠤᠨ ᠤᠨ ᠳᠤᠷᠠᠰᠬᠠᠯ  ᠤᠨ ᠡᠳᠤᠷ︾ ᠠᠷᠠᠤᠨ ᠤᠨ ᠪᠠᠭᠠᠳᠤᠷᠴᠤᠤᠨ ᠲᠤ ᠴᠡᠴᠡᠭ ᠬᠦᠷᠬᠡᠬᠦ ᠶᠤᠰᠤᠯᠠᠯ ᠳᠤ ᠣᠷᠣᠯᠴᠠᠵᠤ᠂ ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠶᠢᠦ ᠵᠢᠶᠡᠨ ᠴᠢᠩ᠂ ᠰᠢᠦᠢ ᠬᠤᠤ ᠪᠦᠸᠧ᠂ ᠱᠢ ᠬᠤᠢ᠂ ᠳ᠋ᠣᠸᠡᠨ ᡁᠢ ᠴᠢᠶᠠᠩ᠂ ᠹᠧᠩ ᠴᠦᠨ ᠬᠤᠸᠠ ᠣᠷᠣᠯᠴᠠᠪᠠ᠃     ᠲᠤᠰ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠧᠩ ᠴᠦᠨ ᠬᠤᠸᠠ ᠰᠣᠶᠣᠯ ᠵᠢᠭᠤᠯᠴᠢᠯᠠᠯ ᠤᠨ ᠳᠣᠪᠴᠢᠶ᠎ᠠ᠂ ᠲᠡᠣᠬᠡ  ᠶᠢᠨ ᠳᠣᠷᠠᠰᠬᠠᠯᠲᠤ ᠵᠦᠢᠯ ᠤᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠤᠬᠢᠶᠠᠨ ᠪᠠᠶᠢᠭᠤᠯᠤᠨ ᠦᠪᠡᠷᠲᠡᠭᠡᠨ ᠵᠠᠰᠠᠬᠤ ᠣᠷᠣᠨ ᠤ ᠲᠡᠰ ᠤᠨ ᠴᠢᠬᠤᠯᠠ ᠲᠡᠣᠬᠡ ᠶᠢᠨ ᠳᠣᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠬᠡᠴᠡ ᠮᠢᠩ ᠣᠯᠣᠰ ᠤᠨ ᠴᠠᠭᠠᠨ ᠬᠡᠷᠡᠮ ︵ᠮᠠᠩᠬᠠᠲᠤ ᠶᠢᠨ ᠨᠢᠭᠡᠳᠦᠬᠡᠷ ᠬᠡᠰᠡᠭ ᠪᠠ ᠱᠠᠭᠠᠵᠠᠩᠲᠤ ᠶᠢᠨ ᠬᠡᠰᠡᠭ︶ ᠳᠤ ᠬᠦᠷᠴᠦ᠂ ᠲᠡᠣᠬᠡ ᠶᠢᠨ ᠳᠣᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠪᠠᠶᠢᠳᠠᠯ ᠢ ᠲᠤᠬᠢᠷᠠᠭᠤᠯᠤᠨ᠂ ᠳᠠᠷᠠᠭ᠎ᠠ ᠪᠠᠷ ᠨᠢ ᠶᠡᠭᠡ ᠲᠤᠯᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠣᠷᠣᠨ ᠳᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠲᠤᠬᠢᠷᠠᠭᠤᠯᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ