ᠪᠤᠷᠤᠪᠠᠯᠭᠠᠰᠤ ᠪᠠᠯᠭᠠᠰᠤᠨ ᠤ ᠳᠠᠷᠢᠶᠠᠯᠠᠩ ᠤᠨ ᠮᠠᠰᠢᠨ ᠤ ᠤᠶᠢᠯᠡᠴᠢᠯᠡᠭᠡ ᠨᠢ ᠤᠳᠤ ᠦᠶ᠎ᠡ ᠶᠢᠨ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢ ᠨᠡᠶᠢᠬᠡᠮᠴᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/11/12
     ᠤᠳᠤᠬᠠᠨ ᠳᠤ᠂ ᠪᠤᠷᠤᠪᠠᠯᠭᠠᠰᠤ ᠪᠠᠯᠭᠠᠰᠤᠨ ᠤ ᠰᠢᠯᠢ ᠭᠠᠴᠠᠭᠠᠨ ᠤ ᠠᠶᠢᠯ ᠡᠷᠤᠬᠡ ᠶᠢᠨ ᠬᠤᠷᠢᠶᠠᠯᠳᠠ ᠶᠢᠨ ᠳᠠᠯᠠᠪᠠᠢ ᠪᠠᠷ ᠳᠤᠮᠤ ᠬᠡᠯᠪᠡᠷᠢ ᠶᠢᠨ ᠮᠠᠰᠢᠨ ᠤᠳ ᠳᠠᠷᠢᠶᠠᠨ ᠳᠤᠮᠳᠠᠭᠤᠷ ᠰᠦᠯᠵᠢᠯᠳᠤᠵᠤ᠂ ᠨᠠᠮᠤᠷ ᠤᠨ ᠬᠠᠳᠤᠵᠤ ᠬᠤᠷᠢᠶᠠᠬᠤ ᠠᠵᠢᠯ ᠰᠢᠪᠳᠤᠷᠭᠠᠨ ᠳᠤ ᠤᠷᠤᠵᠤ᠂ ᠳᠠᠷᠢᠶᠠᠯᠠᠩ ᠤᠨ ᠮᠠᠰᠢᠨ ᠤ ᠨᠠᠶᠢᠬᠡᠮᠴᠢᠯᠡᠭᠰᠡᠨ ᠤᠶᠢᠯᠡᠴᠢᠯᠡᠭᠡ ᠨᠢ ᠳᠠᠷᠢᠶᠠᠴᠢᠤᠨ ᠢ ᠬᠠᠪᠰᠤᠷᠤᠨ ᠤᠷᠤᠯᠭ᠎ᠠ ᠶᠢ ᠨᠡᠮᠡᠭᠳᠡᠬᠦᠯᠬᠦ ᠪᠠᠳᠤᠯᠠᠭ᠎ᠠ ᠪᠤᠯᠤᠭᠰᠡᠨ ᠢ ᠬᠡᠷᠡᠴᠢᠯᠡᠵᠤ ᠪᠠᠶᠢᠯ᠎ᠠ᠃     ᠤᠶᠢᠯᠠᠭᠠᠭᠰᠡᠨ ᠢᠶᠠᠷ᠂ ᠦᠩᠬᠡᠷᠡᠭᠰᠡᠨ ᠳᠤ ᠪᠤᠷᠤᠪᠠᠯᠭᠠᠰᠤᠨ ᠤ ᠪᠠᠯᠭᠠᠰᠤᠨ ᠳᠤᠭᠤᠷᠢᠭ ᠲᠤ ᠳᠤᠰᠬᠠᠢ ᠳᠠᠷᠢᠶᠠᠯᠠᠩ ᠤᠨ ᠮᠠᠰᠢᠨ ᠤ ᠬᠤᠷᠰᠢᠶᠠᠵᠢᠯ ᠪᠠᠶᠢᠬᠤ ᠦᠬᠡᠢ᠂ ᠳᠤᠰᠬᠤᠨ ᠤ ᠠᠷᠠᠤᠨ ᠳᠠᠷᠢᠶᠠᠯᠠᠩ ᠤᠨ ᠶᠠᠪᠤᠳᠠᠯ ᠤᠨ ᠤᠶᠢᠯᠡᠴᠢᠯᠡᠭᠡ ᠶᠢ ᠳᠡᠮᠡᠢ ᠬᠦᠷᠳᠡᠵᠤ ᠳᠠᠶᠢᠯᠬᠦ ᠦᠬᠡᠢ ᠪᠠᠶᠢᠭ᠎ᠠ ᠪᠠᠶᠢᠳᠠᠯ ᠳᠤ ᠴᠢᠭᠯᠡᠬᠦᠯᠤᠨ᠂ ᠰᠢᠯᠢ ᠭᠠᠴᠠᠭᠠᠨ ᠤ ︽ᠬᠤᠶᠠᠷ ᠵᠦᠪᠯᠡᠯ︾ ᠤᠨ ᠪᠦᠷᠢᠯᠳᠤᠬᠦᠨ ᠨᠠᠷ ᠵᠦᠪᠳᠡᠯᠴᠡᠵᠤ᠂ 2023 ᠤᠨ ᠤ ᠡᠬᠢ ᠪᠠᠷ ᠬᠤᠰᠢᠭᠤ᠂ ᠪᠠᠯᠭᠠᠰᠤ ᠬᠤᠶᠠᠷ ᠱᠠᠳᠤᠨ ᠤ ᠬᠠᠮᠳᠤᠷᠠᠯᠴᠠᠭᠠᠨ ᠤ ᠳᠤᠤᠷ᠎ᠠ ᠪᠤᠷᠤᠪᠠᠯᠭᠠᠰᠤᠨ ᠤ ᠪᠠᠯᠭᠠᠰᠤᠨ ᠳᠤᠭᠤᠷᠢᠭ ᠤᠨ ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠠᠩᠬᠢ ᠶᠢ ᠪᠠᠶᠢᠭᠤᠯᠵᠤ᠂ ᠬᠤᠶᠠᠷ ᠵᠢᠯ ᠤᠨ ᠴᠢᠷᠮᠠᠶᠢᠯᠭ᠎ᠠ ᠪᠠᠷ ᠳᠠᠮᠵᠢᠨ᠂ ᠤᠶᠢᠯᠡᠴᠢᠯᠡᠬᠡᠨ ᠤ ᠠᠩᠬᠢ ᠨᠢ ᠳᠠᠷᠠᠺᠲ᠋ᠤᠷ᠂ ᠡᠷᠬᠢᠯᠳᠤᠬᠦᠯᠤᠨ ᠬᠠᠭᠠᠯᠪᠤᠷᠢᠯᠠᠬᠤ ᠮᠠᠰᠢᠨ᠂ ᠡᠪᠡᠰᠤ ᠬᠠᠮᠤᠬᠤ ᠮᠠᠰᠢᠨ ᠵᠡᠷᠬᠡ ᠳᠠᠷᠢᠶᠠᠯᠠᠩ ᠤᠨ ᠮᠠᠰᠢᠨ ᠪᠠᠭᠠᠵᠢ ᠶᠢ ᠨᠢᠬᠡ ᠰᠠᠤᠷᠢ ᠪᠠᠶᠢᠭᠰᠡᠨ ᠠᠴᠠ 22 ᠢᠵᠢ ᠬᠤᠳᠠᠯᠳᠤᠨ ᠤᠷᠤᠭᠤᠯᠵᠤ᠂ ᠰᠢᠨ᠎ᠠ ᠪᠠᠷ ᠶᠠᠷᠤᠩᠬᠡᠢ ᠳᠠᠯᠠᠪᠠᠢ ᠨᠢ 2000 ᠳᠡᠭᠰᠢ ᠲᠦᠷᠪᠡᠯᠵᠢᠨ ᠮᠧᠲᠷ ᠤᠨ ᠳᠠᠷᠢᠶᠠᠯᠠᠩ ᠤᠨ ᠮᠠᠰᠢᠨ ᠤ ᠳᠡᠷᠬᠡᠨ ᠬᠦᠮᠤᠷᠬᠡ ᠶᠢ ᠢᠵᠢ ᠪᠦᠷᠢᠳᠤᠬᠦᠯᠤᠨ ᠪᠠᠶᠢᠭᠤᠯᠤᠭᠰᠠᠨ ᠪᠠᠶᠢᠨ᠎ᠠ᠃     ᠪᠤᠷᠤᠪᠠᠯᠭᠠᠰᠤᠨ ᠤ ᠪᠠᠯᠭᠠᠰᠤᠨ ᠳᠤᠭᠤᠷᠢᠭ ᠤᠨ ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠠᠩᠬᠢ ᠨᠢ ︽ᠲᠦᠷᠬᠡᠨ᠂ ᠪᠠᠭ᠎ᠠ᠂ ᠨᠠᠷᠢᠯᠢᠭ︾ ᠬᠦᠭᠵᠢᠯᠳᠠ  ᠶᠢᠨ ᠴᠢᠭᠯᠡᠯᠳᠠ ᠶᠢ ᠬᠦᠢᠴᠡᠤᠨ ᠪᠠᠳᠠᠷᠠᠭᠤᠯᠵᠤ᠂ ︽ᠨᠠᠮ ᠤᠨ ᠡᠬᠦᠷ  + ᠬᠤᠷᠰᠢᠶᠠᠵᠢᠯ  + ᠳᠠᠷᠢᠶᠠᠴᠢᠨ ᠡᠷᠤᠬᠡ︾ ᠶᠢᠨ ᠠᠵᠢᠯᠯᠠᠭᠠᠨ ᠤ ᠵᠠᠭᠪᠤᠷ ᠢ ᠬᠡᠷᠡᠭᠯᠡᠨ᠂ ᠳᠠᠷᠢᠶᠠᠯᠠᠩ ᠤᠨ ᠮᠠᠰᠢᠨ ᠤ ᠤᠶᠢᠯᠡᠴᠢᠯᠡᠭᠡ ᠪᠠᠷ ᠭᠤᠤᠯ ᠪᠤᠯᠭᠠᠭᠰᠡᠨ᠂ ᠡᠬᠢ ᠪᠠᠶᠠᠯᠢᠭ ᠡᠳ᠋ ᠬᠦᠷᠤᠩᠬᠡ ᠶᠢᠨ ᠲᠦᠷᠢᠶᠡᠰᠤᠯᠠᠯᠳᠠ ᠪᠠᠷ ᠬᠠᠪᠰᠤᠷᠤᠮᠵᠢ ᠪᠤᠯᠭᠠᠭᠰᠡᠨ ᠳᠤᠰᠬᠤᠨ ᠤ ᠱᠠᠳᠤᠨ ᠤ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠵᠠᠮ ᠢ ᠨᠡᠬᠡᠬᠡᠵᠤ ᠳᠠᠷᠢᠶᠠᠴᠢᠤᠨ ᠤᠨ ᠤᠷᠤᠯᠭ᠎ᠠ ᠪᠠᠨ ᠨᠡᠮᠡᠭᠳᠡᠬᠦᠯᠤᠨ᠂ ᠤᠳᠤ ᠦᠶ᠎ᠡ ᠶᠢᠨ ᠳᠠᠷᠢᠶᠠᠯᠠᠩ ᠤᠨ ᠤᠶᠢᠯᠡᠰ ᠤᠨ ᠬᠦᠭᠵᠢᠯᠳᠠ ᠶᠢ ᠲᠦᠷᠬᠡᠤᠨᠬᠡᠭᠰᠡᠨ ᠪᠠᠶᠢᠨ᠎ᠠ᠃     ᠦᠨᠤ ᠵᠢᠯ ᠠᠴᠠ ᠨᠠᠭᠠᠰᠢ᠂ ᠪᠤᠷᠤᠪᠠᠯᠭᠠᠰᠤᠨ ᠤ ᠪᠠᠯᠭᠠᠰᠤᠨ ᠳᠤᠭᠤᠷᠢᠭ ᠤᠨ ᠳᠠᠷᠢᠶᠠᠯᠠᠩ ᠤᠨ ᠮᠠᠰᠢᠨ ᠤ ᠤᠶᠢᠯᠡᠴᠢᠯᠡᠬᠡᠨ ᠤ ᠠᠩᠬᠢ ᠨᠢ ᠰᠢᠯᠢ ᠭᠠᠴᠠᠭ᠎ᠠ ᠵᠢᠴᠢ ᠡᠷᠬᠢᠨ ᠳᠤᠭᠤᠷᠢᠨ ᠤ ᠰᠢᠨ᠎ᠠ ᠴᠠᠶᠢᠵᠠ ᠭᠠᠴᠠᠭ᠎ᠠ᠂ ᠳᠠᠷᠢᠶᠠᠨ ᠰᠢᠯᠢ ᠭᠠᠴᠠᠭ᠎ᠠ ᠳᠤ ᠨᠠᠶᠢᠳᠠ 5200 ᠮᠤ᠋ ᠳᠠᠷᠢᠶᠠᠨ ᠳᠤ ᠤᠶᠢᠯᠡᠴᠢᠯᠡᠭᠡ ᠬᠠᠩᠭᠠᠵᠤ᠂ ᠬᠠᠮᠳᠤ  ᠶᠢᠨ ᠠᠵᠤ ᠠᠬᠤᠢ ᠶᠢᠨ ᠤᠷᠤᠯᠭ᠎ᠠ ᠶᠢ 13 ᠲᠦᠮᠡᠨ ᠲᠦᠬᠦᠷᠢᠭ ᠨᠡᠮᠡᠭᠳᠡᠬᠦᠯᠵᠤ᠂ ᠦᠩᠬᠡᠷᠡᠭᠰᠡᠨ ᠵᠢᠯ ᠤᠨ ᠠᠳᠠᠯᠢ ᠬᠤᠭᠤᠴᠠᠭᠠᠨ ᠤ ᠤᠷᠤᠯᠭ᠎ᠠ ᠠᠴᠠ 118% ᠨᠡᠮᠡᠭᠳᠡᠵᠤ᠂ ᠵᠢᠱᠢᠯᠳᠠ ᠪᠠᠷ ᠵᠢᠯ ᠤᠨ ᠡᠴᠤᠰ ᠤᠨ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢ 18 ᠲᠦᠮᠡᠨ ᠲᠦᠬᠦᠷᠢᠭ ᠲᠤ ᠬᠦᠷᠬᠡᠬᠦ ᠪᠤᠯᠤᠨ᠎ᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ