ᠰᠢ ᠶᠢᠨ ᠫᠢᠩ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/11/12
     ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 9 ᠤ ᠴᠠᠭᠢᠯᠭᠠᠨ ᠮᠡᠳᠡᠭᠡ 11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃
1.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠫᠦᠯᠠᠪᠦᠸᠧ ᠲᠠᠢ ᠭᠠᠷ ᠠᠳᠬᠤᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ     ᠰᠢ ᠶᠢᠨ ᠫᠢᠩ᠂ ᠲᠠ ᠡᠨᠡ ᠵᠢᠯ ᠤᠨ 3 ᠰᠠᠷ᠎ᠠ ᠳᠤ ᠶᠡᠷᠦᠩᠬᠡᠶᠢᠯᠡᠭᠴᠢ ᠪᠠᠷ ᠰᠣᠩᠭᠤᠭᠳᠠᠭᠰᠠᠨ ᠲᠡᠷᠡ ᠳᠠᠷᠤᠢ ᠳᠤᠨᠢ ᠳᠤᠮᠳᠠᠳᠤ ᠤᠯᠤᠰ ᠲᠤ ᠠᠩᠬᠠᠳᠠᠭᠴᠢ ᠤᠳᠠᠭᠠᠨ ᠤ ᠠᠶᠢᠯᠴᠢᠯᠠᠯᠲᠠ ᠬᠢᠵᠦ᠂ ᠠᠯᠪᠠᠨ ᠶᠣᠰᠣ ᠪᠠᠷ ᠲᠤᠰᠢᠶᠠᠯ ᠳᠤ ᠭᠠᠷᠤᠭᠰᠠᠨ ᠤ ᠲᠠᠷᠠᠭ᠎ᠠ ᠪᠠᠰᠠ ᠡᠩ ᠲᠡᠷᠢᠭᠦᠨ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠲᠠᠨ ᠤ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠠᠷᠠᠭᠤᠯᠤᠭᠰᠠᠨ ᠪᠥᠭᠡᠳ ᠬᠤᠶᠠᠷ ᠤᠯᠤᠰ ᠤᠨ ᠬᠠᠷᠢᠯᠴᠠᠭ᠎ᠠ ᠶᠢᠨ ᠥᠨᠳᠥᠷ ᠲᠦᠪᠰᠢᠨ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷ ᠢ ᠢᠯᠡᠷᠡᠭᠦᠯᠪᠡ᠃ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ᠂ ᠬᠠᠷᠢᠯᠴᠠᠨ ᠢᠲᠡᠭᠡᠵᠦ ᠬᠠᠷᠢᠯᠴᠠᠨ ᠬᠠᠪᠰᠤᠷᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠬᠤ ᠪᠣᠯ ᠥᠩᠭᠡᠷᠡᠭᠰᠡᠨ ᠬᠡᠳᠦᠨ ᠠᠷᠪᠠᠨ ᠵᠢᠯ ᠤᠨ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢᠨ ᠲᠤᠷᠰᠢᠯᠭ᠎ᠠ ᠶᠢᠨ ᠳ᠋ᠦᠩᠨᠡᠯᠲᠡ ᠪᠤᠯᠬᠤ ᠪᠥᠭᠡᠳ ᠪᠠᠰᠠ ᠢᠷᠡᠭᠡᠳᠦᠢ ᠶᠢᠨ ᠬᠤᠶᠠᠷ ᠤᠯᠤᠰ ᠤᠨ ᠬᠠᠷᠢᠯᠴᠠᠭ᠎ᠠ ᠶᠢᠨ ᠤᠷᠳᠤ ᠬᠤᠭᠤᠴᠠᠭ᠎ᠠ ᠲᠣᠭᠲᠠᠭᠤᠨ ᠬᠥᠭᠵᠢᠬᠦ ᠳᠤ ᠵᠢᠷᠤᠮᠯᠠᠪᠠᠰᠤ ᠵᠣᠬᠢᠬᠤ ᠴᠢᠬᠤᠯᠠ ᠵᠠᠷᠴᠢᠮ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠶᠢᠨ ᠰᠢᠨ᠎ᠡ ᠵᠠᠰᠠᠭ ᠤᠨ ᠣᠷᠳᠣᠨ ᠲᠠᠢ ᠬᠠᠮᠲᠤ ᠪᠠᠷ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ᠂ ᠪᠦᠯᠬᠦᠮᠳᠡᠨ ᠬᠠᠮᠵᠢᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ ᠭᠡᠵᠦ ᠵᠢᠭᠠᠵᠤ ᠭᠠᠷᠭᠠᠪᠠ᠃
2.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ     ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠣᠯᠣᠨ ᠵᠠᠰᠠᠭ ᠤᠨ ᠣᠷᠳᠣᠨ᠂ ᠬᠠᠤᠯᠢ ᠲᠣᠭᠲᠠᠭᠠᠬᠤ ᠪᠠᠶᠢᠭᠤᠯᠤᠮᠵᠢ᠂ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠬᠠᠮᠠᠭᠠᠯᠠᠬᠤ ᠶᠢ ᠡᠷᠡᠰ ᠳᠡᠮᠵᠢᠶ᠎ᠠ᠃ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ ᠤᠯᠠᠮ ᠲᠡᠭᠦᠯᠳᠡᠷᠵᠢᠭᠦᠯᠵᠦ᠂ ᠤᠯᠤᠰ ᠲᠦᠷᠦ᠂ ᠠᠵᠤ ᠠᠬᠤᠢ᠂ ᠰᠣᠶᠣᠯ ᠢᠷᠭᠡᠨᠰᠢᠯ᠂ ᠳᠠᠯᠠᠢ ᠳᠡᠭᠡᠷᠡᠬᠢ᠂ ᠠᠮᠤᠷ ᠲᠦᠪᠰᠢᠨ ᠵᠡᠷᠭᠡ ︽ᠲᠠᠪᠤᠨ ᠶᠡᠭᠡ ᠲᠤᠯᠭᠠᠭᠤᠷᠢ︾ ᠬᠠᠮᠲᠤᠷᠠᠯᠴᠠᠭ᠎ᠠ ᠶᠢ ᠪᠠᠶᠢᠭᠤᠯᠤᠶ᠎ᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠵᠠᠺᠠᠷᠲ᠋ᠠ – ᠪᠠᠨᠳᠦ᠋ᠩ ᠬᠦᠷᠬᠦ ᠲᠦᠷᠭᠡᠨ ᠤ ᠲᠡᠮᠦᠷ ᠵᠠᠮ ᠢ ᠦᠷᠭᠦᠯᠵᠢᠯᠡᠨ ᠰᠠᠶᠢᠲᠤᠷ ᠡᠵᠡᠩᠨᠡᠵᠦ᠂ ︽ᠣᠷᠣᠨ ᠪᠦᠰᠡ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠬᠤᠩᠭᠢᠯ︾ ᠪᠣᠯᠣᠨ ︽ᠬᠤᠶᠠᠷ ᠤᠯᠤᠰ ᠤᠨ ᠬᠤᠶᠠᠷ ᠬᠦᠷᠢᠶᠡᠯᠡᠩ︾ ᠤᠨ ᠬᠠᠮᠲᠤᠷᠠᠯᠴᠠᠭ᠎ᠠ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ᠂ ᠲᠡᠷᠢᠭᠦᠨ ᠤ ᠦᠢᠯᠡᠳᠬᠦ ᠦᠢᠯᠡᠰ᠂ ᠣᠷᠴᠢᠯ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠯᠡᠶ ᠳᠡᠭᠡᠷ᠎ᠡ ᠬᠠᠮᠲᠤ ᠪᠠᠷ ᠨᠡᠭᠡᠭᠡᠨ ᠬᠥᠭᠵᠢᠭᠦᠯᠬᠦ ᠬᠠᠮᠲᠤᠷᠠᠯᠴᠠᠭ᠎ᠠ ᠥᠷᠨᠢᠭᠦᠯᠵᠦ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠭᠤᠰᠤᠯᠴᠠᠨ ᠨᠡᠪᠲᠡᠷᠡᠯᠴᠡᠬᠦ ᠬᠥᠭᠵᠢᠯᠲᠡ ᠶᠢ ᠨᠠᠩ ᠰᠠᠶᠢᠲᠤᠷ ᠪᠡᠶᠡᠯᠡᠭᠦᠯᠵᠦ᠂ ᠲᠣᠰ ᠲᠣᠰ ᠤᠨ ᠣᠳᠣᠬᠢᠴᠢᠯᠠᠯᠲᠠ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠲᠠᠢ ᠬᠠᠮᠲᠤ ᠪᠠᠷ ᠨᠡᠩ ᠤᠯᠠᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠴᠣᠭᠴᠠᠯᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠡᠮ ᠡᠮᠨᠡᠯᠭᠡ᠂ ᠠᠮᠤ ᠪᠤᠳᠠᠭ᠎ᠠ ᠲᠠᠷᠢᠬᠤ᠂ ᠵᠢᠭᠠᠰᠤᠨ ᠠᠵᠤ ᠠᠬᠤᠢ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠨᠳᠤᠨᠧᠰᠢᠶ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠳᠤ ᠳᠡᠮᠵᠢᠯᠭᠡ ᠬᠠᠩᠭᠠᠵᠤ᠂ ᠨᠡᠩ ᠤᠯᠠᠨ ᠳᠥᠭᠦᠮ ᠳᠥᠲᠡ ᠠᠷᠭ᠎ᠠ ᠬᠡᠮᠵᠢᠶ᠎ᠡ ᠲᠣᠭᠲᠠᠭᠠᠵᠤ ᠬᠥᠮᠥᠰ ᠤᠨ ᠶᠠᠪᠤᠯᠴᠠᠭ᠎ᠠ ᠶᠢ ᠥᠷᠭᠡᠳᠬᠡᠨ᠎ᠡ ᠭᠡᠵᠦ ᠴᠢᠬᠤᠯᠠᠴᠢᠯᠠᠪᠠ᠃
3.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ     ᠰᠢ ᠶᠢᠨ ᠫᠢᠩ᠂ ᠡᠨᠡ ᠵᠢᠯ ᠪᠣᠯ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠤᠢ ᠪᠣᠯᠣᠨ᠎ᠠ᠂ ᠢᠷᠡᠬᠦ ᠵᠢᠯ ᠪᠣᠯ ᠪᠠᠨᠳᠦ᠋ᠩ ᠤᠨ ᠬᠤᠷᠠᠯ ᠬᠤᠷᠠᠯᠳᠤᠭᠰᠠᠨ 70 ᠵᠢᠯ ᠤᠨ ᠤᠢ ᠪᠣᠯᠣᠨ᠎ᠠ᠃ ᠬᠥᠭᠵᠢᠵᠦ ᠪᠠᠶᠢᠭ᠎ᠠ ᠲᠣᠮᠣ ᠤᠯᠤᠰ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠭᠤᠣᠯ ᠪᠦᠷᠢᠯᠳᠦᠭᠦᠨ ᠪᠣᠯᠤᠭᠰᠠᠨ ᠤ ᠬᠤᠪᠢ ᠳᠤ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠶᠢᠨ ᠬᠢᠨ ᠡᠩᠬᠡ ᠲᠠᠶᠢᠪᠤᠩ᠂ ᠬᠠᠮᠲᠤᠷᠠᠯᠴᠠᠭ᠎ᠠ᠂ ᠪᠠᠭᠲᠠᠭᠠᠮᠵᠢᠲᠠᠢ᠂ ᠠᠭᠤᠰᠤᠯᠴᠠᠬᠤ ᠪᠠᠷ ᠭᠤᠣᠯ ᠪᠤᠯᠭᠠᠬᠰᠠᠨ ᠠᠽᠢᠶ᠎ᠠ ᠲᠢᠪ ᠤᠨ ᠦᠷᠳᠡᠭ ᠤᠨ ᠦᠵᠡᠯᠲᠡ ᠶᠢ ᠬᠠᠮᠲᠤ ᠪᠠᠷ ᠪᠠᠳᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠳᠤ ᠴᠠᠭ ᠦᠶ᠎ᠡ ᠶᠢᠨ ᠰᠢᠨ᠎ᠡ ᠠᠭᠤᠯᠤᠭᠳᠠᠬᠤᠨ ᠨᠡᠮᠡᠷᠢᠯᠡᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠦᠴᠦᠷᠬᠡᠭᠵᠢᠬᠦ ᠶᠢ ᠬᠥᠲᠥᠯᠥᠨ ᠳᠠᠭᠠᠭᠤᠯᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ ᠢᠨᠳᠤᠨᠧᠰᠢᠶ᠎ᠠ ᠯᠤᠭ᠎ᠠ ᠨᠡᠩ ᠨᠢᠭᠲᠠ ᠤᠯᠠᠨ ᠲᠠᠯᠠᠲᠤ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠥᠷᠨᠢᠭᠦᠯᠵᠦ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠢ ᠡᠰᠡᠷᠭᠦᠴᠡᠵᠦ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠴᠢᠯᠠᠪᠠ᠃
4.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠭᠤᠤ ᠵᠢᠶᠧ ᠰᠡᠭᠦᠳᠡᠷᠯᠡᠪᠡ     ᠫᠦᠯᠠᠪᠦᠸᠧ᠂ ᠳᠤᠮᠳᠠᠳᠤ ᠤᠯᠤᠰ ᠪᠣᠯ ᠠᠭᠤᠤ ᠶᠡᠭᠡ ᠤᠯᠤᠰ ᠮᠥᠨ᠂ ᠢᠨᠳᠤᠨᠧᠰᠢᠶ᠎ᠠ ᠪᠣᠯᠣᠨ ᠳᠤᠮᠳᠠᠳᠤ ᠤᠯᠤᠰ ᠮᠢᠩᠭᠠᠨ ᠵᠢᠯ ᠤᠨ ᠨᠥᠭᠦᠷᠰᠡᠭ ᠶᠠᠪᠤᠯᠴᠠᠭᠠᠨ ᠤ ᠲᠡᠦᠬᠡ ᠲᠠᠢ᠂ ᠬᠤᠶᠠᠷ ᠤᠯᠤᠰ ᠤᠨ ᠬᠠᠷᠢᠯᠴᠠᠭ᠎ᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠵᠤ ᠪᠠᠶᠢᠨ᠎ᠠ᠃ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠢᠨᠳᠤᠨᠧᠰᠢᠶ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠤᠯᠠᠮ ᠴᠢᠩᠭᠠᠳᠬᠠᠵᠤ᠂ ᠨᠡᠩ ᠨᠢᠭᠲᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠵᠤ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠂ ᠡᠨᠡ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠪᠠᠷᠠᠬᠤ ᠦᠭᠡᠢ᠂ ᠠᠽᠢᠶ᠎ᠠ ᠲᠢᠪ ᠤᠨ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢ ᠨᠡᠩ ᠰᠠᠶᠢᠲᠤᠷ ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠪᠣᠯᠣᠨ᠎ᠠ᠃ ᠢᠨᠳᠤᠨᠧᠰᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾ ᠢ ᠦᠷᠭᠦᠯᠵᠢᠯᠡᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ︽ᠲᠠᠪᠤᠨ ᠶᠡᠭᠡ ᠲᠤᠯᠭᠠᠭᠤᠷᠢ︾ ᠬᠠᠮᠲᠤᠷᠠᠯᠴᠠᠭᠠᠨ ᠤ ᠪᠠᠶᠢᠷᠢᠰᠢᠯ ᠢ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ᠂ ᠡᠨᠧᠷᠭᠢ ᠠᠭᠤᠷᠬᠠᠢ᠂ ᠡᠮ ᠡᠮᠨᠡᠯᠭᠡ᠂ ᠬᠥᠳᠡᠭᠡ ᠠᠵᠤ ᠠᠬᠤᠢ᠂ ᠣᠷᠣᠨ ᠰᠠᠭᠤᠴᠠ᠂ ᠳᠠᠯᠠᠢ ᠳᠡᠭᠡᠷ᠎ᠡ ᠬᠠᠮᠲᠤ ᠪᠠᠷ ᠨᠡᠭᠡᠭᠡᠨ ᠬᠥᠭᠵᠢᠭᠦᠯᠬᠦ᠂ ᠠᠮᠤ ᠪᠤᠳᠠᠭᠠᠨ ᠤ ᠠᠮᠤᠷ ᠲᠦᠪᠰᠢᠨ᠂ ᠶᠠᠳᠠᠭᠤ ᠬᠦᠴᠢᠷᠳᠡᠯ ᠲᠠᠢ ᠬᠥᠮᠥᠨ ᠠᠮᠠ ᠶᠢ ᠴᠥᠭᠡᠳᠬᠡᠬᠦ ᠵᠡᠷᠭᠡ ᠪᠦᠭᠦ ᠲᠠᠯ᠎ᠠ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠨᠳᠤᠨᠧᠰᠢᠶ᠎ᠠ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠲᠠᠶᠢᠸᠠᠨ ᠤ ᠠᠰᠠᠭᠤᠳᠠᠯ ᠳᠡᠭᠡᠷᠡᠬᠢ ᠵᠣᠭᠰᠣᠯᠲᠠ ᠶᠢ ᠪᠦᠷᠢᠮᠦᠰᠦᠨ ᠳᠡᠮᠵᠢᠵᠦ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ᠂ ᠤᠯᠤᠰ ᠤᠨ ᠨᠢᠭᠡᠳᠦᠯ ᠢᠶᠠᠨ ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠠ᠃ ᠰᠢᠨᠵᠢᠶᠠᠩ ᠳᠤ ᠬᠤᠯᠪᠣᠭᠳᠠᠭᠰᠠᠨ ᠬᠡᠷᠡᠭ ᠶᠠᠪᠤᠳᠠᠯ ᠪᠣᠯ ᠲᠡᠷᠡ ᠴᠢᠭ ᠢᠶᠠᠷ ᠢᠶᠠᠨ ᠳᠤᠮᠳᠠᠳᠤ ᠤᠯᠤᠰ ᠤᠨ ᠳᠣᠲᠣᠭᠠᠳᠤ ᠵᠠᠰᠠᠭ ᠮᠥᠨ᠂ ᠢᠨᠳᠤᠨᠧᠰᠢᠶ᠎ᠠ ᠶᠢᠨ ᠬᠢᠨ ᠳᠣᠲᠣᠭᠠᠳᠤ ᠵᠠᠰᠠᠭ ᠲᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠨ᠂ ᠳᠤᠮᠳᠠᠳᠤ ᠤᠯᠤᠰ ᠤᠨ ᠰᠢᠨᠵᠢᠶᠠᠩ ᠤᠨ ᠬᠥᠭᠵᠢᠯᠲᠡ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠡᠷᠡᠰ ᠳᠡᠮᠵᠢᠨ᠎ᠡ᠃ ᠫᠠᠯᠧᠰᠲ᠋ᠠᠶᠢᠨ ᠤ ᠠᠰᠠᠭᠤᠳᠠᠯ ᠳᠡᠭᠡᠷ᠎ᠡ ᠳᠤᠮᠳᠠᠳᠤ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ ᠢᠨᠳᠤᠨᠧᠰᠢᠶ᠎ᠠ ᠶᠢᠨ ᠬᠢᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠵᠤ᠂ ᠬᠤᠯᠪᠤᠭ᠎ᠠ ᠦᠯᠦ ᠪᠠᠶᠢᠭᠤᠯᠬᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠭᠤᠷᠪᠠᠳᠤᠭᠠᠷ ᠡᠲᠡᠭᠡᠳ ᠲᠤ ᠴᠢᠭᠯᠡᠭᠦᠯᠦᠭᠰᠡᠨ ᠶᠠᠮᠠᠷᠪᠠ ᠴᠡᠷᠢᠭ ᠤᠨ ᠶᠠᠪᠤᠳᠠᠯ ᠤᠨ ᠬᠤᠯᠪᠤᠭ᠎ᠠ ᠪᠤᠶᠤ ︽ᠵᠢᠵᠢᠭ ᠪᠦᠯᠭᠦᠮ︾ ᠳᠤ ᠣᠷᠤᠯᠴᠠᠬᠤ ᠦᠭᠡᠢ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ᠂ ᠳᠡᠯᠡᠬᠡᠢ ᠶᠢᠨ ᠤᠯᠠᠨ ᠲᠦᠢᠯᠵᠢᠯᠳᠠ ᠶᠢ ᠠᠬᠢᠭᠤᠯᠬᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠴᠢᠷᠮᠠᠶᠢᠯᠭ᠎ᠠ ᠭᠠᠷᠭᠠᠨ᠎ᠠ ᠭᠡᠵᠦ ᠢᠯᠡᠳᠬᠡᠪᠡ᠃
5.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠥᠸᠧ ᠭᠦ᠋ ᠰᠡᠭᠦᠳᠡᠷᠯᠡᠪᠡ     ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ᠬᠠᠮᠲᠤ ᠪᠠᠷ ᠨᠡᠭᠡᠭᠡᠨ ᠬᠥᠭᠵᠢᠭᠦᠯᠬᠦ᠂ ᠳᠠᠯᠠᠢ ᠲᠠᠩᠭᠢᠰ ᠤᠨ ᠠᠵᠤ ᠠᠬᠤᠢ᠂ ᠤᠰᠤᠨ ᠠᠰᠢᠭᠯᠠᠯᠲᠠ᠂ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃     ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃
6.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ     ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠫᠦᠯᠠᠪᠦᠸᠧ ᠶᠢ ᠤᠭᠲᠤᠬᠤ ᠶᠣᠰᠣᠯᠠᠯ ᠶᠠᠪᠤᠭᠤᠯᠪᠠ᠃     ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠨᠳᠤᠨᠧᠰᠢᠶ᠎ᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠫᠦᠯᠠᠪᠦᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃
7.jpg
     11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠦᠯᠠᠪᠦᠸᠧ ᠲᠠᠢ ᠬᠡᠯᠡᠯᠴᠡᠭᠡ ᠬᠢᠪᠡ᠃     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ     ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠫᠦᠯᠠᠪᠦᠸᠧ ᠶᠢ ᠤᠭᠲᠤᠬᠤ ᠳᠠᠶᠢᠯᠠᠯᠭ᠎ᠠ ᠬᠢᠪᠡ᠃     ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ