ᠰᠢ ᠶᠢᠨ ᠫᠢᠩ ᠫᠧᠷᠦ᠋ ᠶᠢᠨ ᠵᠠᠭᠤᠴᠢᠯᠠᠭᠤᠷ ᠲᠤ ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ
ᠨᠡᠶᠢᠲᠡᠯᠡᠭᠰᠡᠨ ᠴᠠᠭ᠄
2024/11/15
     ᠰᠢᠨᠬᠤᠸᠠ ᠬᠤᠷᠢᠶ᠎ᠠ ᠶᠢᠨ ᠯᠢᠮᠠ ᠶᠢᠨ 11 ᠰᠠᠷ᠎ᠠ ᠶᠢᠨ 14 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠡᠳᠦᠷ᠂ ᠯᠢᠮᠠ ᠳᠤ ᠬᠦᠷᠴᠦ ᠫᠧᠷᠦ᠋ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠭᠤᠴᠢᠨ ᠨᠢᠭᠡᠳᠦᠭᠡᠷ ᠤᠳᠠᠭ᠎ᠠ ᠶᠢᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠲᠠᠰᠢᠷᠠᠮ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠫᠧᠷᠦ᠋ᠴᠦᠳ ᠰᠣᠨᠢᠨ︾ ᠳᠤ ︽ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ︾ ᠭᠡᠬᠦ ᠰᠡᠳᠦᠪ ᠢᠶᠠᠷ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄     ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠳᠠᠷᠪᠠᠭᠤᠯ ᠬᠡᠶᠢᠰᠬᠡᠨ ᠬᠤᠯᠠ ᠠᠶᠠᠯᠠᠭᠤᠯᠤᠶ᠎ᠠ     ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ     ᠡᠮᠦᠨᠡᠲᠦ ᠬᠠᠭᠠᠰ ᠪᠥᠮᠪᠥᠷᠴᠡᠭ ᠤᠨ ᠵᠤᠨ ᠤ ᠡᠬᠢᠨ ᠰᠠᠷ᠎ᠠ ᠳᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ᠃ ᠶᠡᠷᠦᠩᠬᠡᠶᠢᠯᠡᠭᠴᠢ ᠪᠦᠷᠦ᠊ ᠆ ᠠᠷᠲ᠋ᠧ ᠶᠢᠨ ᠤᠷᠢᠯᠭ᠎ᠠ ᠪᠠᠷ᠂ ᠪᠢ ᠪᠦᠭᠦᠳᠡ ᠨᠠᠶᠢᠷᠠᠮᠳᠠᠬᠤ ᠫᠧᠷᠦ᠋ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠤᠯᠴᠠᠬᠤ ᠪᠠᠷ ᠪᠠᠶᠢᠨ᠎ᠠ᠃     ᠡᠨᠡ ᠪᠣᠯ ᠪᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠬᠤᠶᠠᠳᠠᠭᠢ ᠤᠳᠠᠭ᠎ᠠ ᠫᠧᠷᠦ᠋ ᠭᠡᠬᠦ ᠡᠨᠡ ᠬᠦ ᠳᠤᠮᠳᠠᠳᠤ ᠤᠯᠤᠰ ᠤᠨ ᠨᠣᠮᠣᠬᠠᠨ ᠲᠡᠯᠡᠶ ᠶᠢᠨ ᠲᠡᠷᠲᠡᠭᠡ ᠡᠷᠭᠢ ᠳᠠᠬᠢ ︽ᠬᠥᠷᠰᠢ ᠵᠡᠷᠭᠡᠯᠡᠳᠡᠭᠡ︾ ᠤᠯᠤᠰ ᠲᠤ ᠠᠶᠢᠯᠴᠢᠯᠠᠬᠤ ᠪᠠᠷ ᠪᠠᠶᠢᠭ᠎ᠠ ᠶᠠᠪᠤᠳᠠᠯ ᠪᠣᠯᠣᠨ᠎ᠠ᠃ ᠠᠳᠡ ᠺᠠᠯᠠᠷ᠂ ᠴᠠᠸᠢᠨ᠂ ᠴᠢᠮᠦ᠂ ᠢᠨᠺᠠ ᠵᠡᠷᠭᠡ ᠡᠷᠲᠡᠨ ᠤ ᠪᠣᠯᠪᠠᠰᠤᠨ ᠢ ᠪᠤᠶᠢᠵᠢᠭᠤᠯᠵᠠᠢ᠂ ᠠᠳᠡᠬᠢ ᠠᠷᠠᠳ ᠲᠦᠮᠡᠨ ᠳᠤᠮᠳᠠᠳᠤ ᠤᠯᠤᠰ ᠤᠨ ᠬᠥᠮᠥᠨ ᠢ ︽ᠨᠤᠲᠤᠭ ᠤᠨ ᠠᠬ᠎ᠠ ᠳᠡᠭᠦᠦ︾ ᠭᠡᠵᠦ ᠳᠣᠲᠣᠨᠣᠴᠢᠯᠠᠨ ᠳᠠᠭᠤᠳᠠᠳᠠᠭ᠂ ᠠᠳᠡᠬᠢ ᠤᠯᠤᠰ ᠤᠨ ᠬᠤᠷᠠᠯ ᠠᠴᠠ ᠰᠢᠢᠳᠪᠦᠷᠢ ᠪᠠᠲᠤᠯᠠᠵᠤ ᠵᠢᠯ ᠪᠦᠷᠢ ᠶᠢᠨ 2 ᠰᠠᠷ᠎ᠠ ᠶᠢᠨ 1 ᠤ ᠡᠳᠦᠷ ᠢ ︽ᠫᠧᠷᠦ᠋ ᠳᠤᠮᠳᠠᠳᠤ ᠶᠢᠨ ᠨᠥᠬᠦᠷᠯᠡᠯ ᠤᠨ ᠡᠳᠦᠷ︾ ᠢᠶᠠᠷ ᠲᠣᠭᠲᠠᠭᠠᠵᠤ᠂ ᠠᠳᠡᠬᠢ ᠬᠢᠲᠠᠳ ᠬᠤᠭᠤᠯᠠᠨ ᠭᠡᠷ ᠢ ︽ᠬᠤᠭᠤᠯᠠ ᠢᠳᠡᠬᠦ︾ ᠭᠡᠵᠦ ᠨᠡᠷᠡᠶᠢᠳᠬᠦ ᠪᠠᠷ ᠪᠠᠶᠢᠨ᠎ᠠ᠃ ᠫᠧᠷᠦ᠋ ᠳᠤ ᠢᠷᠡᠬᠦ ᠪᠣᠯᠭᠠᠨ᠂ ᠪᠢ ᠫᠧᠷᠦ᠋ ᠶᠢᠨ ᠠᠷᠠᠳ ᠲᠦᠮᠡᠨ ᠤ ᠳᠤᠮᠳᠠᠳᠤ ᠤᠯᠤᠰ ᠤᠨ ᠠᠷᠠᠳ ᠲᠦᠮᠡᠨ ᠳᠤ ᠨᠥᠭᠦᠷᠰᠡᠭ ᠬᠠᠶᠢᠷ᠎ᠠ ᠰᠡᠳᠬᠢᠯᠭᠡ ᠲᠠᠢ ᠪᠠᠶᠢᠬᠤ ᠶᠢ ᠭᠦᠨ ᠮᠡᠳᠡᠷᠡᠵᠦ ᠣᠯᠳᠠᠭ᠃     ᠡᠨᠡ ᠬᠦ ᠨᠥᠬᠦᠷᠯᠡᠯ ᠡᠷᠲᠡᠨ ᠤ ᠪᠣᠯᠪᠠᠰᠤᠨ ᠤ ᠣᠶᠤᠨ ᠤᠬᠠᠭᠠᠨ ᠳᠤ ᠦᠨᠳᠦᠰᠦᠯᠡᠨ᠎ᠡ᠃ ᠳᠤᠮᠳᠠᠳᠤ ᠶᠢᠨ ᠪᠣᠯᠪᠠᠰᠤᠨ ᠪᠣᠯ ᠳᠡᠯᠡᠬᠡᠢ ᠳᠡᠭᠡᠷᠡᠬᠢ ᠴᠣᠷᠢ ᠶᠢᠨ ᠭᠠᠭᠴᠠ ᠲᠠᠰᠤᠯᠳᠠᠭ᠎ᠠ ᠦᠭᠡᠢ᠂ 5000 ᠭᠠᠷᠤᠢ ᠵᠢᠯ ᠦᠷᠭᠦᠯᠵᠢᠯᠡᠭᠰᠡᠨ ᠪᠣᠯᠪᠠᠰᠤᠨ ᠮᠥᠨ᠂ ᠺᠠᠯᠠᠷ ᠤᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠲᠠᠯᠠᠢ ᠲᠠᠩᠭᠢᠰ ᠤᠨ ᠪᠣᠯᠪᠠᠰᠤᠨ ᠪᠠ ᠢᠨᠺᠠ ᠶᠢᠨ ᠪᠣᠯᠪᠠᠰᠤᠨ ᠢᠶᠠᠷ ᠲᠥᠯᠥᠭᠡᠯᠡᠭᠦᠯᠦᠭᠰᠡᠨ ᠡᠬᠡ ᠬᠠᠭᠤᠷᠠᠢ ᠶᠢᠨ ᠪᠣᠯᠪᠠᠰᠤᠨ ᠨᠢ ᠫᠧᠷᠦ᠋ ᠶᠢᠨ ᠪᠣᠯᠪᠠᠰᠤᠨ ᠤ ᠥᠨᠢ ᠤᠳᠠᠭᠠᠨ ᠲᠡᠦᠬᠡ ᠪᠠ ᠡᠯᠪᠡᠭ ᠤ ‍ᠠᠶᠠᠯᠢᠭ ᠤᠯᠠᠨ ᠡᠰᠢᠵᠢᠯ ᠢ ᠢᠯᠡᠷᠡᠭᠦᠯᠦᠭᠰᠡᠨ ᠪᠠᠶᠢᠨ᠎ᠠ᠃ ᠳᠤᠮᠳᠠᠳᠤ ᠭᠠᠳᠠᠭᠠᠳᠤ ᠶᠢᠨ ᠬᠠᠭᠤᠴᠢ ᠰᠤᠳᠤᠯᠤᠯ ᠤᠨ ᠡᠲᠡᠭᠡᠳ ᠤᠨ ᠬᠢᠨ᠂ ᠳᠤᠮᠳᠠᠳᠤ ᠶᠢᠨ ᠪᠣᠯᠪᠠᠰᠤᠨ ᠪᠣᠯᠣᠨ ᠠᠮᠧᠷᠢᠺᠠ ᠲᠢᠪ ᠤᠨ ᠪᠣᠯᠪᠠᠰᠤᠨ ᠪᠣᠯ ᠦᠨᠡᠨ ᠳᠡᠭᠡᠨ ᠨᠢᠭᠡ ᠡᠪᠦᠭᠡ ᠳᠡᠭᠡᠳᠦᠰ ᠤᠨ ᠬᠤᠶᠢᠴᠢ ᠦᠶ᠎ᠡ ᠶᠢᠨ ᠬᠢᠨ ᠤ ᠠᠳᠠᠯᠢ ᠪᠤᠰᠤ ᠴᠠᠭ ᠦᠶ᠎ᠡ᠂ ᠠᠳᠠᠯᠢ ᠪᠤᠰᠤ ᠭᠠᠵᠠᠷ ᠣᠷᠣᠨ ᠳᠠᠬᠢ ᠪᠦᠲᠦᠭᠡᠭᠳᠡᠬᠦᠨ ᠮᠥᠨ ᠭᠡᠵᠦ ᠦᠵᠡᠵᠦ ᠪᠠᠶᠢᠨ᠎ᠠ᠃ ᠪᠣᠯᠪᠠᠰᠤᠨ ᠤ ᠣᠶᠤᠨ ᠤᠬᠠᠭᠠᠨ ᠨᠢ ᠪᠢᠳᠡᠨ ᠤ ᠣᠶᠢᠯᠠᠭᠠᠭᠳᠠᠬᠤᠨ ᠢ ᠣᠶᠢᠷᠠᠲᠤᠭᠤᠯᠵᠤ᠂ ᠰᠡᠳᠬᠢᠯ ᠰᠠᠨᠠᠭ᠎ᠠ ᠶᠢ ᠨᠡᠪᠲᠡᠷᠡᠯᠴᠡᠭᠦᠯᠪᠡ᠃ ᠳᠤᠮᠳᠠᠳᠤᠴᠤᠳ ᠡᠷᠲᠡᠨ ᠠᠴᠠ ᠪᠠᠨ ᠠᠪᠤᠭᠠᠳ ︽ᠦᠨᠡᠨᠴᠢ ᠰᠢᠳᠤᠷᠭᠤ ᠪᠠᠷ ᠶᠣᠰᠣ ᠵᠢᠷᠤᠮ ᠪᠤᠯᠭᠠᠵᠤ᠂ ᠥᠷᠥᠰᠢᠶᠡᠯ ᠡᠨᠡᠷᠢᠯ ᠢᠶᠠᠷ ᠮᠣᠷᠠᠯ ᠰᠤᠷᠲᠠᠯ ᠪᠤᠯᠭᠠᠬᠤ︾ ᠶᠢ ᠡᠷᠭᠢᠮᠯᠡᠳᠡᠭ᠂ ᠢᠨᠺᠠᠴᠤᠳ ︽ᠬᠤᠯᠠᠭᠠᠶᠢᠯᠠᠬᠤ ᠦᠭᠡᠢ᠂ ᠬᠤᠳᠠᠯ ᠬᠡᠯᠡᠬᠦ ᠦᠭᠡᠢ᠂ ᠠᠯᠵᠠᠭᠤ ᠵᠠᠯᠬᠠᠭᠤ ᠦᠭᠡᠢ︾ ᠪᠠᠶᠢᠬᠤ ᠶᠢ ᠰᠠᠨᠠᠭᠠᠴᠢᠯᠠᠳᠠᠭ᠃ ᠫᠧᠷᠦ᠋ ᠶᠢᠨ ᠪᠣᠳᠣᠯᠭᠠᠲᠠᠨ ᠮᠠᠷᠢᠶᠠᠳ᠋ᠵᠢ᠄ ︽ᠤᠶᠤᠨ ᠰᠠᠨᠠᠭ᠎ᠠ ᠪᠠ ᠪᠣᠳᠠᠰ ᠤᠨ ᠲᠠᠯ᠎ᠠ ᠪᠠᠷ ᠳᠤᠮᠳᠠᠳᠤ ᠤᠯᠤᠰ ᠡᠸᠦ᠋ᠷᠦᠫᠡ ᠲᠢᠪ ᠠᠴᠠ ᠨᠡᠩ ᠢᠯᠡᠭᠦᠦ ᠪᠢᠳᠠᠨ ᠲᠠᠢ ᠣᠶᠢᠷᠠᠯᠴᠠᠭ᠎ᠠ ᠶᠤᠮ᠃ ᠮᠠᠨ ᠤ ᠠᠷᠠᠳ ᠲᠦᠮᠡᠨ ᠤ ᠰᠡᠳᠬᠢᠴᠡ ᠠᠽᠢᠶ᠎ᠠ ᠶᠢᠨ ᠬᠥᠮᠥᠨ ᠲᠠᠢ ᠨᠠᠩ ᠠᠳᠠᠯᠢ ᠠᠴᠠ ᠪᠢᠰᠢ ᠬᠠᠷᠢᠨ ᠥᠷᠥᠨᠡᠳᠠᠬᠢᠨ ᠤ ᠬᠥᠮᠥᠨ ᠲᠠᠢ ᠠᠳᠠᠯᠢ ᠪᠢᠰᠢ ᠶᠤᠮ︾ ᠭᠡᠵᠦ ᠬᠡᠯᠡᠵᠦ ᠥᠩᠭᠡᠷᠡᠪᠡ᠃ ᠡᠨᠡ ᠪᠣᠯ ᠳᠤᠮᠳᠠᠳᠤ ᠶᠢᠨ ᠨᠡᠭᠦᠳᠡᠯ ᠠᠷᠠᠳ ᠤᠨ 175 ᠵᠢᠯ ᠤᠨ ᠲᠤᠷᠰᠢᠬᠢ ᠫᠧᠷᠦ᠋ ᠶᠢᠨ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠤ ‍ᠠᠷᠢᠯᠳᠤᠯᠭ᠎ᠠ᠂ ᠰᠠᠯᠤᠰᠢ ᠦᠭᠡᠢ ︽ᠪᠣᠯᠪᠠᠰᠤᠨ ᠤ ᠨᠢᠭᠤᠴᠠ ᠨᠣᠮᠧᠷ︾ ᠪᠣᠯᠣᠨ᠎ᠠ᠃ ᠣᠶᠢᠷ᠎ᠠ ᠳᠤ ᠬᠤᠶᠠᠷ ᠤᠯᠤᠰ ᠤᠨ ᠷᠠᠳᠢᠣ᠋ ᠲᠧᠯᠸᠢᠰ ᠤᠨ ᠰᠠᠯᠠᠭ᠎ᠠ ᠮᠥᠴᠢᠷ ᠫᠧᠷᠦ᠋ ᠳᠤ ︽ᠣᠷᠳᠣ ᠴᠠᠭᠠᠨ ᠬᠡᠷᠡᠮ ᠠᠴᠠ ᠮᠠᠴᠦ᠋ᠫᠢᠷᠴᠦ᠋ ᠭᠦᠷᠲᠡᠯ᠎ᠡ︾ ᠭᠡᠬᠦ ᠺᠢᠨᠣ᠋ ᠶᠢ ᠠᠩᠬ᠎ᠠ ᠦᠵᠡᠭᠦᠯᠭᠦ ᠶᠣᠰᠣᠯᠠᠯ ᠢ ᠡᠷᠭᠢᠯᠡᠵᠦ᠂ ︽ᠭᠤᠷᠪᠠᠨ ᠴᠣᠭᠴᠠ︾ ᠵᠡᠷᠭᠡ ᠳᠤᠮᠳᠠᠳᠤ ᠤᠯᠤᠰ ᠤᠨ ᠰᠢᠯᠢᠳᠡᠭ ᠺᠢᠨᠣ᠋ ᠲᠧᠯᠸᠢᠰ ᠤᠨ ᠪᠦᠲᠦᠭᠡᠯ ᠢ ᠳᠡᠯᠭᠡᠨ ᠦᠵᠡᠭᠦᠯᠵᠦ ᠨᠡᠪᠲᠡᠷᠡᠭᠦᠯᠬᠦ ᠪᠣᠯᠣᠨ᠎ᠠ᠂ ᠡᠨᠡ ᠨᠢ ᠫᠧᠷᠦ᠋ ᠶᠢᠨ ᠨᠠᠶᠢᠵᠠ ᠨᠠᠷ ᠤᠨ ᠳᠤᠮᠳᠠᠳᠤ ᠤᠯᠤᠰ ᠢ ᠨᠠᠩ ᠭᠦᠨᠵᠡᠭᠡᠢ ᠣᠶᠢᠯᠠᠭᠠᠬᠤ ᠳᠤ ᠠᠰᠢᠭᠲᠠᠢ ᠭᠡᠳᠡᠭ ᠢ ᠢᠲᠡᠭᠡᠵᠦ ᠪᠠᠶᠢᠨ᠎ᠠ᠃     ᠡᠨᠡ ᠬᠦ ᠨᠥᠬᠦᠷᠯᠡᠯ ᠨᠢ ᠠᠯᠤᠰ ᠬᠤᠯᠠ ᠠᠴᠠ ᠭᠡᠷᠡᠯᠲᠦᠨ ᠰᠠᠴᠤᠷᠠᠭᠰᠠᠨ ᠲᠡᠦᠬᠡ ᠶᠢ ᠤᠯᠠᠮᠵᠢᠯᠠᠨ᠎ᠠ᠃ ᠳᠤᠮᠳᠠᠳᠤ ᠫᠧᠷᠦ᠋ ᠬᠤᠶᠠᠷ ᠤᠯᠤᠰ ᠤᠨ ᠠᠷᠠᠳ ᠲᠦᠮᠡᠨ ᠨᠦᠭᠦᠭᠡ ᠡᠲᠡᠭᠡᠳ ᠢᠶᠠᠨ ᠣᠯᠵᠤ ᠦᠵᠡᠪᠡᠯ ︽ᠬᠠᠯᠠᠭᠤᠨ ᠳᠣᠲᠣᠨᠣ ᠰᠠᠨᠠᠭᠳᠠᠵᠤ︾᠂ ᠨᠦᠭᠦᠭᠡ ᠡᠲᠡᠭᠡᠳ ᠤᠨ ᠢᠶᠠᠨ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠦᠵᠡᠪᠡᠯ ︽ᠦᠵᠡᠵᠦ ᠥᠩᠭᠡᠷᠡᠭᠰᠡᠨ ᠮᠡᠲᠦ︾ ᠰᠠᠨᠠᠭᠳᠠᠳᠠᠭ ᠭᠡᠵᠦ ᠮᠠᠰᠢ ᠤᠯᠠᠨ ᠬᠥᠮᠥᠨ ᠬᠡᠯᠡᠵᠦ ᠪᠠᠶᠢᠨ᠎ᠠ᠃ ᠵᠢᠱᠢᠶᠡᠯᠡᠪᠡᠯ᠂ ᠫᠧᠷᠦ᠋ ᠠᠴᠠ ᠮᠠᠯᠲᠠᠵᠤ ᠭᠠᠷᠭᠠᠭᠰᠠᠨ ᠢᠨᠺᠠ ᠬᠥᠮᠥᠨ ᠤ ᠠᠯᠲᠠᠨ ᠪᠠᠭ ᠨᠢ ᠳᠤᠮᠳᠠᠳᠤ ᠤᠯᠤᠰ ᠤᠨ ᠰᠠᠨ ᠰᠢᠩ ᠳ᠋ᠦᠢ ᠶᠢᠨ ᠠᠯᠲᠠᠨ ᠪᠠᠭ ᠲᠠᠢ ᠡᠭᠡᠭᠡ ᠠᠳᠠᠯᠢᠬᠠᠨ ᠪᠠᠶᠢᠳᠠᠭ᠃ ᠮᠠᠴᠦ᠋ᠫᠢᠷᠴᠦ᠋ ᠶᠢᠨ ᠡᠷᠲᠡᠨ ᠤ ᠬᠤᠲᠠ ᠶᠢᠨ ᠲᠠᠭᠢᠯᠭ᠎ᠠ ᠶᠢᠨ ᠲᠠᠶᠢᠰᠠᠨ ᠳᠡᠭᠡᠷ᠎ᠡ ᠨᠢᠭᠡ ᠬᠡᠰᠡᠭ ︽ᠨᠠᠷᠠ ᠠᠷᠭᠠᠮᠵᠢᠬᠤ ᠴᠢᠯᠠᠭᠤ︾ ᠪᠠᠶᠢᠳᠠᠭ᠂ ᠢᠨᠺᠠ ᠬᠥᠮᠥᠨ ᠨᠡᠷᠡᠨ ᠤ ᠰᠡᠭᠦᠳᠡᠷ ᠤᠨ ᠬᠤᠪᠢᠷᠠᠯᠲᠠ ᠪᠠᠷ ᠤᠯᠠᠷᠢᠯ ᠢ ᠲᠣᠭᠲᠠᠭᠠᠵᠤ᠂ ᠴᠠᠭ ᠤᠯᠠᠷᠢᠯ ᠤᠨ ᠪᠢᠴᠢᠭ ᠢ ᠨᠠᠶᠢᠷᠠᠭᠤᠯᠤᠨ ᠵᠣᠬᠢᠶᠠᠵᠠᠢ᠂ ᠡᠨᠡ ᠨᠢ ᠳᠤᠮᠳᠠᠳᠤ ᠤᠯᠤᠰ ᠤᠨ ᠡᠷᠲᠡᠨ ᠤ ᠡᠳᠦᠷ ᠤᠨ ᠬᠡᠮᠵᠢᠭᠦᠷ ᠲᠠᠢ ᠠᠷᠭ᠎ᠠ ᠨᠢ ᠣᠨᠳᠣᠣ ᠠᠮᠵᠢᠯᠲᠠ ᠨᠢ ᠠᠳᠠᠯᠢ ᠶᠤᠮ᠃ ᠳᠤᠮᠳᠠᠳᠤ ᠤᠯᠤᠰ ᠤᠨ ᠡᠷᠲᠡᠨ ᠤ ᠱᠤ᠋ ᠶᠢᠨ ᠡᠪᠦᠭᠡ ᠳᠡᠭᠡᠳᠦᠰ ᠵᠢᠭᠦᠷ ᠢᠶᠠᠨ ᠳᠡᠯᠭᠡᠨ ᠬᠠᠯᠢᠨ ᠳᠡᠭᠦᠯᠢᠭᠰᠡᠨ ᠨᠡᠷᠡᠨ ᠰᠠᠬᠢᠭᠤᠯᠰᠤᠨ ᠰᠢᠪᠠᠭᠤ ᠪᠠᠷ ᠨᠠᠷᠠ ᠪᠠ ᠨᠡᠷᠡᠨ ᠰᠠᠬᠢᠭᠤᠯᠰᠤᠨ ᠢ ᠰᠢᠲᠦᠵᠦ ᠪᠠᠶᠢᠬᠤ ᠪᠠᠨ ᠢᠯᠡᠳᠬᠡᠭᠰᠡᠨ ᠨᠢ ᠢᠨᠺᠠ ᠶᠢᠨ ᠪᠣᠯᠪᠠᠰᠤᠨ ᠲᠠᠢ ᠡᠭᠡᠭᠡ ᠠᠳᠠᠯᠢ ᠪᠠᠶᠢᠵᠦ᠂ ᠪᠦᠷ ᠭᠡᠭᠡᠨ ᠰᠠᠷᠠᠭᠤᠯ ᠢ ᠬᠦᠰᠡᠨ ᠮᠥᠷᠥᠭᠡᠳᠴᠦ ᠪᠠᠶᠢᠬᠤ ᠶᠢ ᠢᠯᠡᠷᠡᠭᠦᠯᠪᠡ᠃ ᠨᠢᠳᠤᠨᠤᠨ ᠠᠴᠠ ᠨᠠᠭᠠᠰᠢ᠂ ︽ᠶᠠᠭᠤ ᠶᠢ ᠪᠣᠯᠪᠠᠰᠤᠨ ᠭᠡᠬᠦ ᠪᠤᠢ︾ ᠭᠡᠬᠦ ᠪᠦᠭᠦ ᠪᠥᠮᠪᠥᠷᠴᠡᠭ ᠤᠨ ᠲᠣᠭᠤᠷᠢᠨ ᠦᠵᠡᠭᠦᠯᠭᠡ ᠫᠧᠷᠦ᠋ ᠳᠤ ᠬᠦᠷᠴᠦ᠂ ︽ᠢᠨᠺᠠ ᠶᠢᠨ ᠲᠡᠭᠷᠢ ᠶᠢᠨ ᠵᠠᠮ︾ ᠪᠤᠯᠬᠤ ᠠᠨᠳᠧᠰ ᠤᠨ ᠰᠣᠶᠣᠯ ᠤᠨ ᠦᠵᠡᠭᠦᠯᠭᠡ᠂ ︽ᠢᠨᠺᠠᠴᠤᠳ ᠪᠠ ᠬᠠᠭᠠᠨᠲᠤ ᠤᠯᠤᠰ ᠤᠨ ᠲᠦᠷᠪᠡᠨ ᠵᠦᠭ ᠤᠨ ᠭᠠᠵᠠᠷ︾ ᠵᠡᠷᠭᠡ ᠦᠵᠡᠭᠦᠯᠭᠡ ᠨᠢ ᠳᠤᠮᠳᠠᠳᠤ ᠤᠯᠤᠰ ᠲᠤ ᠢᠷᠡᠵᠤ᠂ ᠬᠤᠶᠠᠷ ᠤᠯᠤᠰ ᠤᠨ ᠠᠷᠠᠳ ᠲᠦᠮᠡᠨ ᠤ ᠬᠠᠯᠠᠭᠤᠨ ᠬᠦᠷᠢᠶᠡᠯᠡᠯ ᠢ ᠣᠯᠵᠠᠢ᠃ ᠣᠶᠢᠷ᠎ᠠ ᠳᠤ᠂ ᠬᠤᠶᠠᠷ ᠲᠠᠯ᠎ᠠ ᠪᠠᠷ ᠢᠶᠠᠨ ᠫᠧᠷᠦ᠋ ᠳᠤ ︽ᠨᠡᠷᠡᠨ ᠤ ᠭᠡᠷᠡᠯ᠄ ᠡᠷᠲᠡᠨ ᠤ ᠱᠤ᠋ ᠤᠯᠤᠰ ᠤᠨ ᠪᠣᠯᠪᠠᠰᠤᠨ ᠬᠢᠭᠡᠳ ᠢᠨᠺᠠ ᠶᠢᠨ ᠪᠣᠯᠪᠠᠰᠤᠨ ᠤ ᠬᠠᠷᠢᠯᠴᠠᠨ ᠲᠣᠯᠢᠯᠠᠬᠤ ᠦᠵᠡᠭᠦᠯᠭᠡ︾ ᠶᠢ ᠡᠷᠭᠢᠯᠡᠪᠠ᠂ ᠣᠯᠠᠨ ᠤ ᠲᠣᠭᠤᠷᠢᠨ ᠦᠵᠡᠬᠦ ᠪᠠᠷ ᠢᠷᠡᠬᠦ ᠶᠢ ᠤ ‍ᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠫᠧᠷᠦ᠋ ᠶᠢᠨ ᠪᠣᠯᠪᠠᠰᠤᠨ ᠰᠣᠯᠪᠢᠴᠠᠨ ᠭᠡᠷᠡᠯᠲᠦᠭᠰᠡᠨ ᠨᠠᠩ ᠣᠯᠠᠨ ᠭᠠᠵᠠᠷ ᠢ ᠡᠷᠢᠵᠦ ᠣᠯᠬᠤ ᠨᠢ ᠯᠠᠪᠲᠠᠢ ᠭᠡᠳᠡᠭ ᠢ ᠢᠲᠡᠭᠡᠵᠦ ᠪᠠᠶᠢᠨ᠎ᠠ᠃     ᠡᠨᠡ ᠬᠦ ᠨᠥᠬᠦᠷᠯᠡᠯ ᠨᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠬᠠᠮᠲᠤᠷᠠᠯᠴᠠᠭ᠎ᠠ ᠪᠠᠷ ᠭᠦᠨᠵᠡᠭᠡᠶᠢᠷᠡᠪᠡ᠃ ᠫᠧᠷᠦ᠋ ᠪᠣᠯ ᠬᠠᠮᠤᠭ ᠤᠨ ᠡᠷᠲᠡ ᠰᠢᠨ᠎ᠡ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠤᠭᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ᠃ ᠬᠠᠭᠠᠰ ᠢᠯᠡᠭᠦᠦ ᠵᠠᠭᠤᠨ ᠤ ᠲᠤᠷᠰᠢ᠂ ᠳᠤᠮᠳᠠᠳᠤ ᠫᠧᠷᠦ᠋ ᠶᠢᠨ ᠬᠠᠷᠢᠯᠴᠠᠭ᠎ᠠ ᠢᠮᠠᠭᠲᠠ ᠯᠠᠪᠳᠠᠭᠤᠨ ᠢᠶᠠᠷ ᠤᠷᠤᠭᠰᠢᠯᠠᠵᠤ᠂ ᠢᠯᠠᠩᠭᠤᠶ᠎ᠠ 2013 ᠣᠨ ᠳᠤ ᠪᠦᠭᠦ ᠲᠠᠯ᠎ᠠ ᠶᠢᠨ ᠪᠠᠶᠢᠯᠳᠣᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠬᠤᠶᠠᠷ ᠲᠠᠯ᠎ᠠ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠫᠧᠷᠦ᠋ ᠳᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠣᠮᠢᠯᠠᠵᠤ᠂ ᠴᠢᠳᠠᠯ ᠤᠨ ᠢᠶᠠᠨ ᠬᠢᠷᠢ ᠪᠠᠷ ᠫᠧᠷᠦ᠋ ᠳᠤ ᠸᠠᠺᠼᠢᠨ ᠪᠣᠯᠣᠨ ᠬᠢᠵᠢᠭ ᠲᠠᠢ ᠲᠡᠮᠡᠴᠡᠬᠦ ᠡᠳ᠋ ᠪᠣᠳᠠᠰ ᠬᠠᠩᠭᠠᠵᠤ᠂ ᠵᠠᠩᠭᠢᠯᠠᠭ᠎ᠠ ᠶᠢᠨ ᠦᠶ᠎ᠡ ᠳᠤ ᠳᠤᠮᠳᠠᠳᠤ ᠤᠯᠤᠰ ᠪᠣᠯ ᠫᠧᠷᠦ᠋ ᠶᠢᠨ ᠨᠠᠶᠢᠳᠠᠪᠤᠷᠢᠲᠠᠢ ᠨᠠᠶᠢᠵᠠ ᠪᠤᠯᠬᠤ ᠶᠢ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠪᠡ᠃ ᠫᠧᠷᠦ᠋ ᠪᠣᠯ ᠳᠤᠮᠳᠠᠳᠤ ᠤᠯᠤᠰ ᠯᠤᠭ᠎ᠠ ᠴᠢᠯᠦᠭᠡᠲᠦ ᠠᠷᠠᠯᠵᠢᠶᠠᠨ ᠤ ᠬᠠᠮ ᠵᠥᠪᠯᠡᠯᠴᠡᠭᠡᠷ ᠲᠣᠬᠢᠷᠠᠯᠴᠠᠭᠰᠠᠨ ᠯᠠᠲ᠋ᠢᠨ ᠠᠮᠧᠷᠢᠺᠠ ᠶᠢᠨ ᠠᠩᠬᠠᠳᠠᠭᠴᠢ ᠤᠯᠤᠰ ᠪᠣᠯᠣᠨ᠎ᠠ᠂ ᠬᠠᠮᠤᠭ ᠤᠨ ᠡᠷᠲᠡ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠳᠤ ᠣᠷᠣᠯᠴᠠᠬᠰᠠᠨ ᠯᠠᠲ᠋ᠢᠨ ᠠᠮᠧᠷᠢᠺᠠ ᠶᠢᠨ ᠤᠯᠤᠰ ᠤᠨ ᠨᠢᠭᠡ ᠪᠣᠯᠣᠨ᠎ᠠ᠃ ᠳᠤᠮᠳᠠᠳᠤ ᠤᠯᠤᠰ ᠨᠢᠭᠡᠨᠲᠡ 10 ᠵᠢᠯ ᠳᠠᠷᠠᠭᠠᠯᠠᠨ ᠫᠧᠷᠦ᠋ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠬᠠᠮᠤᠭ ᠤᠨ ᠶᠡᠭᠡ ᠭᠠᠳᠠᠭᠠᠳᠤ ᠭᠠᠷᠭᠠᠯᠲᠠ ᠶᠢᠨ ᠵᠠᠬ᠎ᠠ ᠳᠡᠯᠭᠡᠭᠦᠷ ᠪᠣᠯᠵᠤ᠂ ᠨᠢᠳᠤᠨᠤᠨ ᠫᠧᠷᠦ᠋ ᠶᠢᠨ ᠳᠤᠮᠳᠠᠳᠤ ᠤᠯᠤᠰ ᠲᠠᠬᠢ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠫᠧᠷᠦ᠋ ᠶᠢᠨ ᠭᠠᠳᠠᠭᠠᠳᠤ ᠭᠠᠷᠭᠠᠯᠲᠠ ᠶᠢᠨ ᠶᠡᠷᠦᠩᠬᠡᠢ ᠬᠡᠮᠵᠢᠶᠡᠨ ᠤ 36% ᠶᠢ ᠡᠵᠡᠯᠡᠪᠡ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠫᠧᠷᠦ᠋ ᠳᠤ ᠪᠠᠷᠤᠭ 300 ᠳ᠋ᠦᠩᠰᠢᠭᠤᠷ ᠳ᠋ᠣᠯᠯᠠᠷ ᠤᠨ ᠪᠡᠯᠡ ᠣᠷᠣᠭᠤᠯᠵᠠᠢ᠃ ᠳᠤᠮᠳᠠᠳᠤ ᠶᠢᠨ ᠪᠡᠯᠡᠲᠦ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠯᠠᠰ ᠪᠠᠮᠪᠠᠰ ᠤᠨ ᠵᠡᠰ ᠤᠨ ᠠᠭᠤᠷᠬᠠᠢ ᠶᠢᠨ ᠲᠥᠷᠥᠯ ᠵᠦᠢᠯ ᠤᠨ ᠦᠢᠯᠡᠳᠬᠦᠨ ᠤ ᠥᠷᠲᠡᠭ ᠨᠢ ᠫᠧᠷᠦ᠋ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ 1% ᠶᠢ ᠡᠵᠡᠯᠡᠵᠦ᠂ ᠲᠦᠮᠡ ᠭᠠᠷᠤᠢ ᠠᠵᠢᠯ ᠤᠨ ᠪᠡᠶᠢᠷᠢ ᠶᠢ ᠡᠭᠦᠳᠴᠡᠢ᠃ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠳᠠᠭᠠᠭᠠᠴᠢᠯᠠᠨ ᠪᠠᠶᠢᠭᠤᠯᠤᠭᠰᠠᠨ ᠲᠦᠮᠪᠧᠰ ᠶᠡᠭᠡ ᠲᠣᠭᠤᠷᠢᠭ ᠤᠨ ᠺᠠᠯᠢᠳᠤ᠋ ᠡᠮᠨᠡᠯᠭᠡ ᠶᠢᠨ ᠬᠤᠷᠢᠶ᠎ᠠ 10 ᠲᠦᠮᠡ ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ ᠯᠢᠮᠠ ᠶᠢᠨ ᠭᠤᠷᠪᠠᠨ ᠶᠡᠭᠡ ᠲᠣᠭᠤᠷᠢᠭ ᠤᠨ ᠤᠰᠤᠨ ᠤ ᠶᠠᠪᠤᠳᠠᠯ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ ᠳᠠᠭᠤᠰᠤᠭᠰᠠᠨ ᠤ ᠲᠠᠷᠠᠭ᠎ᠠ 40 ᠭᠠᠷᠤᠢ ᠲᠦᠮᠡᠨ ᠫᠧᠷᠦ᠋ ᠶᠢᠨ ᠠᠷᠠᠳ ᠲᠦᠮᠡᠨ ᠤ ᠡᠷᠡᠭᠦᠯ ᠬᠠᠮᠠᠭᠠᠯᠠᠯ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃     ᠳᠤᠮᠳᠠᠳᠤ ᠤᠯᠤᠰ ᠤᠨ ᠡᠷᠲᠡᠨ ᠤ ᠦᠭᠡᠨ ᠳᠤ᠄ ︽ᠲᠦᠷᠦ ᠶᠢ ᠵᠠᠰᠠᠬᠤᠢ ᠳᠤᠷ ᠲᠣᠭᠲᠠᠭᠰᠠᠨ ᠪᠣᠳᠣᠯᠭ᠎ᠠ ᠠᠮᠣᠢ᠂ ᠠᠷᠠᠳ ᠲᠤᠷ ᠠᠰᠢᠭ ᠣᠯᠭᠤᠬᠤ ᠠᠨᠤ ᠦᠨᠳᠦᠰᠦ ᠪᠤᠯᠠᠢ︾ ᠭᠡᠳᠡᠭ᠃ ᠫᠧᠷᠦ᠋ ᠶᠢᠨ ᠵᠦᠢᠷ ᠦᠭᠡᠨ ᠳᠤ᠄ ︽ᠠᠷᠠᠳ ᠲᠦᠮᠡᠨ ᠤ ᠲᠠᠭᠤᠨ ᠪᠣᠯ ᠳᠠᠷᠤᠢ ᠳᠡᠭᠡᠳᠦ ᠲᠡᠭᠷᠢ ᠶᠢᠨ ᠲᠠᠭᠤᠨ ᠮᠥᠨ︾ ᠬᠡᠮᠡᠭᠰᠡᠨ ᠪᠠᠶᠢᠳᠠᠭ᠃ ᠠᠷᠠᠳ ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠬᠤᠶᠠᠷ ᠤᠯᠤᠰ ᠤᠨ ᠬᠠᠮᠲᠤ ᠶᠢᠨ ᠬᠥᠭᠡᠭᠡᠴᠡᠯᠳᠦᠯ ᠮᠥᠨ᠃ ᠪᠢᠳᠡ ᠳᠤᠮᠳᠠᠳᠤ ᠫᠧᠷᠦ᠋ ᠶᠢᠨ ᠤᠯᠠᠮᠵᠢᠯᠠᠯᠲᠤ ᠨᠥᠬᠦᠷᠯᠡᠯ ᠢ ᠪᠠᠳᠠᠷᠠᠭᠤᠯᠵᠤ᠂ ᠡᠯ᠎ᠡ ᠬᠦᠷᠢᠶᠡᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠲᠡᠭᠦᠨ ᠳᠤ ᠰᠢᠨ᠎ᠡ ᠴᠠᠭ ᠦᠶ᠎ᠡ ᠶᠢᠨ ᠠᠭᠤᠯᠤᠭᠳᠠᠬᠤᠨ ᠨᠡᠮᠡᠷᠢᠯᠡᠶ᠎ᠡ᠃ ᠡᠨᠡ ᠵᠢᠯ ᠤᠨ 7 ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠮᠵᠢᠯᠲᠠ ᠲᠠᠢ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠂ ᠡᠨᠡ ᠨᠢ ᠫᠧᠷᠦ᠋ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠫᠧᠷᠦ᠋ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠳᠤ ᠰᠢᠨ᠎ᠡ ᠰᠠᠷᠠᠭᠤᠯ ᠢᠷᠡᠭᠡᠳᠦᠢ ᠶᠢ ᠨᠡᠭᠡᠭᠡᠵᠦ ᠥᠭᠴᠡᠢ᠃     ᠡᠨᠡ ᠤᠳᠠᠭ᠎ᠠ ᠶᠢᠨ ᠠᠶᠢᠯᠴᠢᠯᠠᠯᠲᠠ ᠶᠢᠨ ᠬᠤᠭᠤᠴᠠᠭᠠᠨ ᠳᠤ᠂ ᠪᠢ ᠶᠡᠷᠦᠩᠬᠡᠶᠢᠯᠡᠭᠴᠢ ᠪᠦᠷᠦ᠊ ᠆ ᠠᠷᠲ᠋ᠧ ᠲᠠᠢ ᠬᠠᠮᠲᠤ ᠸᠢᠳᠢᠤ᠋ ᠶᠢᠨ ᠭᠡᠯᠪᠡᠷᠢ ᠪᠠᠷ ᠴᠢᠶᠠᠨᠺᠠᠢ ᠭᠠᠷᠠᠮ ᠤᠨ ᠭᠠᠷᠠᠮ ᠨᠡᠭᠡᠭᠡᠬᠦ ᠶᠣᠰᠣᠯᠠᠯ ᠳᠤ ᠣᠷᠣᠯᠴᠠᠨ᠎ᠠ᠃ ᠴᠢᠶᠠᠨᠺᠠᠢ ᠭᠠᠷᠠᠮ ᠪᠣᠯ ᠳᠤᠮᠳᠠᠳᠤ ᠫᠧᠷᠦ᠋ ᠶᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠬᠤᠯᠠ ᠲᠦᠷᠦᠯ ᠵᠦᠢᠯ ᠪᠤᠯᠬᠤ ᠪᠥᠭᠡᠳ ᠡᠮᠦᠨᠡᠲᠦ ᠠᠮᠧᠷᠢᠺᠠ ᠶᠢᠨ ᠠᠩᠬᠠᠳᠠᠭᠴᠢ ᠣᠶᠤᠨᠲᠤ ᠭᠠᠷᠠᠮ ᠪᠣᠯᠣᠨ᠎ᠠ᠃ ᠴᠢᠶᠠᠨᠺᠠᠢ ᠭᠠᠷᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠫᠧᠷᠦ᠋ ᠠᠴᠠ ᠳᠤᠮᠳᠠᠳᠤ ᠤᠯᠤᠰ ᠲᠤ ᠬᠦᠷᠬᠦ ᠳᠠᠯᠠᠢ ᠶᠢᠨ ᠲᠡᠭᠡᠭᠡᠪᠦᠷᠢ ᠶᠢᠨ ᠴᠠᠭ ᠢ 23 ᠡᠳᠦᠷ ᠪᠣᠯᠭᠠᠨ ᠪᠣᠭᠤᠨᠢᠰᠬᠠᠵᠤ᠂ 20% ᠠᠴᠠ ᠳᠡᠭᠡᠭᠰᠢᠬᠢ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠢ ᠠᠷᠪᠢᠯᠠᠵᠤ᠂ ᠵᠢᠯ ᠪᠦᠷᠢ ᠫᠧᠷᠦ᠋ ᠳᠤ 45 ᠳ᠋ᠦᠩᠰᠢᠭᠤᠷ ᠳ᠋ᠣᠯᠯᠠᠷ ᠤᠨ ᠣᠷᠣᠯᠭ᠎ᠠ ᠣᠯᠭᠤᠵᠤ᠂ 8000 ᠭᠠᠷᠤᠢ ᠰᠢᠭᠤᠳ ᠠᠵᠢᠯ ᠣᠯᠭᠤᠬᠤ ᠠᠵᠢᠯ ᠤᠨ ᠪᠠᠶᠢᠷᠢ ᠶᠢ ᠡᠭᠦᠳᠬᠦ ᠪᠣᠯᠣᠨ᠎ᠠ᠃ ᠴᠢᠶᠠᠨᠺᠠᠢ ᠭᠠᠷᠠᠮ ᠤᠨ ᠪᠠᠶᠢᠭᠤᠯᠤᠭᠳᠠᠬᠤ ᠨᠢ ᠫᠧᠷᠦ᠋ ᠶᠢᠨ ᠲᠠᠯᠠᠢ ᠳᠠᠭᠠᠤ ᠣᠷᠣᠨ ᠠᠴᠠ ᠳᠣᠲᠣᠭᠠᠳᠤ ᠬᠠᠭᠤᠷᠠᠢ ᠬᠦᠷᠬᠦ᠂ ᠫᠧᠷᠦ᠋ ᠠᠴᠠ ᠯᠠᠲ᠋ᠢᠨ ᠠᠮᠧᠷᠢᠺᠠ ᠪᠠ ᠺᠠᠷᠢᠪᠧ ᠣᠷᠣᠨ ᠤ ᠪᠤᠰᠤᠳ ᠤᠯᠤᠰ ᠬᠦᠷᠬᠦ ᠪᠣᠰᠤᠭ᠎ᠠ ᠴᠣᠭᠴᠠᠲᠤ᠂ ᠤᠯᠠᠨ ᠡᠰᠢᠵᠢᠭᠰᠡᠨ᠂ ᠥᠨᠳᠥᠷ ᠪᠦᠲᠦᠮᠵᠢᠲᠡᠢ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠵᠤ᠂ ᠴᠢᠶᠠᠨᠺᠠᠢ ᠭᠠᠷᠠᠮ ᠢᠶᠠᠷ ᠭᠠᠷᠤᠭ᠎ᠠ ᠪᠤᠯᠭᠠᠬᠰᠠᠨ ︽ᠰᠢᠨ᠎ᠡ ᠴᠠᠭ ᠦᠶ᠎ᠡ ᠶᠢᠨ ᠢᠨᠺᠠ ᠶᠢᠨ ᠡᠷᠲᠡᠨ ᠤ ᠵᠠᠮ︾ ᠢ ᠴᠣᠭᠴᠠᠯᠠᠵᠤ᠂ ᠯᠠᠲ᠋ᠢᠨ ᠠᠮᠧᠷᠢᠺᠠ ᠪᠠ ᠺᠠᠷᠢᠪᠧ ᠣᠷᠣᠨ ᠤ ᠪᠦᠬᠦᠯᠢ ᠴᠣᠭᠴᠠ ᠶᠢᠨ ᠬᠥᠭᠵᠢᠯᠲᠡ ᠪᠠ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠬᠤ ᠳᠤ ᠠᠰᠢᠭᠲᠠᠢ ᠶᠤᠮ᠃ ᠭᠠᠷᠠᠮ ᠤᠨ ᠲᠥᠷᠥᠯ ᠵᠦᠢᠯ ᠤᠨ ᠬᠡᠯᠲᠡᠰ ᠪᠠᠰᠠ ᠠᠮᠢᠲᠠᠨ ᠢ ᠠᠪᠤᠷᠠᠨ ᠲᠤᠰᠠᠯᠠᠬᠤ ᠥᠷᠲᠡᠭᠡ ᠪᠠᠶᠢᠭᠤᠯᠵᠤ᠂ ᠶᠠᠪᠠᠭᠠᠨ ᠭᠠᠯᠠᠭᠤ᠂ ᠲᠡᠯᠡᠶ ᠶᠢᠨ ᠬᠠᠪ᠂ ᠰᠢᠪᠠᠭᠤᠨ ᠤ ᠲᠥᠷᠥᠯ ᠢ ᠠᠪᠤᠷᠠᠨ ᠲᠤᠰᠠᠯᠠᠬᠤ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠨᠤᠭᠤ ᠭᠠᠵᠠᠷ᠂ ᠲᠡᠯᠡᠶ ᠶᠢᠨ ᠲᠠᠩ᠂ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠤᠨ ᠣᠷᠴᠢᠨ ᠲᠣᠭᠤᠷᠢᠨ ᠤ ᠪᠠᠶᠢᠳᠠᠯ ᠢ ᠰᠠᠶᠢᠵᠢᠷᠠᠭᠤᠯᠪᠠ᠃ ᠪᠢᠳᠠ ᠬᠠᠮᠲᠤ ᠪᠠᠷ ᠴᠢᠶᠠᠨᠺᠠᠢ ᠭᠠᠷᠠᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠡᠵᠡᠩᠨᠡᠵᠦ᠂ ︽ᠴᠢᠶᠠᠨᠺᠠᠢ ᠠᠴᠠ ᠱᠠᠩᠬᠠᠢ ᠳᠤ ᠬᠦᠷᠬᠦ︾ ᠶᠢ ᠦᠨᠡᠨ ᠬᠦ ᠳᠤᠮᠳᠠᠳᠤ ᠫᠧᠷᠦ᠋ ᠪᠠ ᠳᠤᠮᠳᠠᠳᠤ ᠯᠠᠲ᠋ᠢᠨ ᠠᠮᠧᠷᠢᠺᠠ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠬᠥᠭᠵᠢᠯ ᠴᠡᠴᠡᠭᠯᠡᠯ ᠤᠨ ᠵᠠᠮ ᠪᠣᠯᠭᠠᠶ᠎ᠠ᠃ ᠳᠤᠮᠳᠠᠳᠤ ᠶᠢᠨ ᠬᠢᠨ ᠪᠠᠰᠠ ᠳᠤᠷᠠᠲᠠᠶ᠎ᠠ ᠫᠧᠷᠦ᠋ ᠳᠤ ︽ᠪᠠᠭ᠎ᠠ ᠮᠥᠷᠲᠡᠭᠡᠨ ᠰᠠᠶᠢᠬᠠᠨ︾ ᠠᠷᠠᠳ ᠤᠨ ᠠᠮᠢᠳᠤᠷᠠᠯ ᠤᠨ ᠬᠠᠮᠲᠤᠷᠠᠯᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠯᠦ ᠪᠠᠨ ᠦᠢᠯᠡᠳᠬᠡᠯ ᠤᠨ ᠭᠠᠵᠠᠷ᠂ ᠬᠢᠲᠠᠳ ᠭᠡᠯᠡ ᠵᠢᠭᠠᠬᠤ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠠᠬᠢᠭᠤᠯᠵᠤ᠂ ᠬᠤᠶᠠᠷ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤ ᠨᠡᠩ ᠤᠯᠠᠨ ᠠᠵᠢᠯ ᠤᠨ ᠪᠠᠶᠢᠷᠢ ᠡᠭᠦᠳᠴᠦ᠂ ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠵᠣᠷᠢᠭᠵᠢᠭᠤᠯᠵᠤ᠂ ︽ᠨᠤᠲᠤᠭ ᠤᠨ ᠠᠬ᠎ᠠ ᠳᠡᠭᠦᠦ ᠨᠠᠷ︾ ᠤᠨ ᠨᠥᠬᠦᠷᠯᠡᠯ ᠢ ᠨᠡᠩ ᠦᠨᠡᠨ ᠪᠣᠳᠠᠲᠠᠢ ᠰᠡᠳᠬᠢᠯ ᠳᠤ ᠰᠠᠭᠤᠭᠳᠠᠮ᠎ᠠ ᠪᠣᠯᠭᠠᠨ᠎ᠠ᠃     ᠪᠢᠳᠡ ᠪᠣᠯᠪᠠᠰᠤᠨ ᠢ ᠬᠠᠷᠢᠯᠴᠠᠨ ᠲᠣᠯᠢᠳᠠᠬᠤ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠣᠶᠣᠯ ᠤᠷᠠᠯᠢᠭ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠤᠯᠴᠢᠯᠠᠯ᠂ ᠵᠠᠯᠠᠭᠤᠴᠤᠳ᠂ ᠰᠣᠶᠣᠯ ᠤᠨ ᠥᠪ ᠤᠨ ᠬᠠᠮᠠᠭᠠᠯᠠᠯᠲᠠ᠂ ᠬᠠᠭᠤᠴᠢ ᠰᠤᠳᠤᠯᠤᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠠᠳ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠬᠦᠯᠶ᠎ᠡ᠃ ᠬᠤᠶᠠᠷ ᠤᠯᠤᠰ ᠤᠨ ᠡᠷᠲᠡᠨ ᠤ ᠪᠣᠯᠪᠠᠰᠤᠨ ᠤᠯᠤᠰ ᠤᠨ ᠶᠠᠷᠢᠶᠠᠨ ᠤ ᠲᠠᠪᠴᠠᠩ ᠤᠨ ᠲᠣᠭᠲᠠᠴᠠ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭ᠎ᠠ ᠶᠢᠨ ᠰᠦᠯᠵᠢᠶ᠎ᠡ ᠶᠢ ᠪᠠᠶᠢᠭᠤᠯᠬᠤ ᠶᠢ ᠶᠠᠷᠢᠯᠴᠠᠵᠤ᠂ ᠡᠯ᠎ᠡ ᠤᠯᠤᠰ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠳᠡᠮᠵᠢᠵᠦ᠂ ᠳᠡᠯᠡᠬᠡᠢ ᠶᠢᠨ ᠠᠳᠠᠯᠢ ᠪᠤᠰᠤ ᠪᠣᠯᠪᠠᠰᠤᠨ ᠢ ᠳᠤᠮᠳᠠᠳᠤ ᠤᠯᠤᠰ ᠤᠨ ᠵᠢᠦ ᠵᠠᠢ ᠭᠧᠦ ᠶᠢᠨ ᠦ᠋ ᠼᠠᠢ ᡂᠢ ᠨᠠᠭᠤᠷ ᠪᠣᠯᠣᠨ ᠫᠧᠷᠦ᠋ ᠶᠢᠨ ᠮᠠᠷᠠᠰ ᠤᠨ ᠱᠠᠲᠤᠨ ᠲᠠᠷᠢᠶ᠎ᠠ ᠮᠡᠲᠦ ᠥᠩᠭᠡ ᠪᠤᠳᠤᠭ ᠨᠢ ᠢᠯᠭᠠᠷᠠᠵᠤ᠂ ᠭᠡᠯᠪᠡᠷᠢ ᠳᠦᠷᠰᠦ ᠨᠢ ᠠᠳᠠᠯᠢ ᠪᠤᠰᠤ ᠪᠤᠯᠪᠠᠴᠤ ᠬᠠᠷᠢᠯᠴᠠᠨ ᠭᠡᠶᠢᠭᠦᠯᠦᠨ ᠭᠡᠷᠡᠯᠳᠦᠭᠦᠯᠵᠦ᠂ ᠬᠠᠷᠢᠯᠴᠠᠨ ᠬᠠᠪᠰᠤᠷᠤᠯᠴᠠᠨ ᠬᠠᠷᠢᠯᠴᠠᠨ ᠲᠤᠪᠤᠶᠢᠯᠭᠠᠬᠤ ᠪᠤᠯᠭᠠᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ᠃     2008 ᠣᠨ᠂ 2016 ᠣᠨ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠬᠤᠶᠠᠷ ᠤᠳᠠᠭ᠎ᠠ ᠠᠮᠵᠢᠯᠲᠠ ᠲᠠᠢ ᠡᠷᠭᠢᠯᠡᠭᠰᠡᠨ ᠤ ᠲᠠᠷᠠᠭ᠎ᠠ᠂ ᠫᠧᠷᠦ᠋ ᠭᠤᠷᠪᠠᠳᠠᠭᠢ ᠤᠳᠠᠭ᠎ᠠ ᠡᠨᠡ ᠬᠦ ᠴᠢᠬᠤᠯᠠ ᠬᠤᠷᠠᠯ ᠢ ᠡᠷᠭᠢᠯᠡᠨ ᠬᠤᠷᠠᠯᠳᠤᠭᠤᠯᠬᠤ ᠪᠣᠯᠣᠨ᠎ᠠ᠃ 3 ᠤᠳᠠᠭ᠎ᠠ ᠶᠢᠨ ᠬᠤᠷᠠᠯ ᠤᠨ ᠭᠤᠣᠯ ᠰᠡᠳᠦᠪ ᠨᠢ ︽ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠥᠭᠵᠢᠯᠲᠡ ᠶᠢᠨ ᠰᠢᠨ᠎ᠡ ᠠᠮᠠᠯᠠᠯᠲᠠ︾ ᠠᠴᠠ ︽ᠴᠢᠨᠠᠷ ᠰᠠᠶᠢᠲᠠᠢ ᠨᠡᠮᠡᠭᠳᠡᠯ ᠪᠣᠯᠣᠨ ᠬᠥᠮᠥᠨ ᠲᠥᠷᠥᠯᠬᠢᠲᠡᠨ ᠤ ᠬᠥᠭᠵᠢᠯᠲᠡ︾ ᠭᠦᠷᠲᠡᠯ᠎ᠡ᠂ ᠲᠠᠭᠢᠭᠠᠳ ᠡᠨᠡ ᠵᠢᠯ ᠤᠨ ︽ᠡᠨᠧᠷᠭᠢ ᠣᠯᠭᠤᠯᠲᠠ᠂ ᠪᠠᠭᠲᠠᠭᠠᠮᠵᠢᠲᠠᠢ᠂ ᠨᠡᠮᠡᠭᠳᠡᠯ︾ ᠭᠦᠷᠲᠡᠯ᠎ᠡ᠂ ᠫᠧᠷᠦ᠋ ᠶᠢᠨ ᠲᠠᠯ᠎ᠠ ᠶᠢᠨ ᠨᠡᠭᠡᠭᠡᠯᠲᠡᠲᠤ ᠭᠡᠯᠪᠡᠷᠢ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠡᠷᠡᠰ ᠪᠠᠲᠤ ᠢᠲᠡᠭᠡᠯ ᠵᠣᠷᠢᠭ ᠢ ᠭᠦᠢᠴᠡᠳ ᠢᠯᠡᠷᠡᠭᠦᠯᠵᠦ᠂ ᠨᠡᠭᠡᠭᠡᠯᠲᠡᠲᠡᠢ ᠪᠠᠭᠲᠠᠭᠠᠮᠵᠢᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ︽ᠯᠢᠮᠠ ᠶᠢᠨ ᠳᠠᠭᠤᠨ︾ ᠢ ᠬᠦᠴᠦᠲᠡᠢ ᠬᠠᠩᠭᠢᠨᠠᠭᠤᠯᠤᠭᠰᠠᠨ ᠪᠠᠶᠢᠨ᠎ᠠ᠃ ᠫᠧᠷᠦ᠋ ᠶᠢᠨ ᠬᠢᠨ ᠤ ᠬᠤᠷᠠᠯ ᠡᠷᠭᠢᠯᠡᠭᠦ ᠶᠢ ᠳᠤᠮᠳᠠᠳᠤ ᠤᠯᠤᠰ ᠡᠷᠡᠰ ᠲᠡᠮᠵᠢᠵᠤ᠂ ᠳᠤᠷᠠᠲᠠᠶ᠎ᠠ ᠫᠧᠷᠦ᠋ ᠶᠢᠨ ᠬᠢᠨ ᠲᠠᠢ ᠨᠢᠭᠲᠠ ᠬᠠᠮᠵᠢᠯᠴᠠᠵᠤ᠂ ᠬᠤᠷᠠᠯ ᠤᠨ ᠢᠳᠡᠪᠬᠢᠲᠡᠢ ᠦᠷ᠎ᠡ ᠪᠦᠲᠦᠭᠡᠯ ᠣᠯᠬᠤ ᠶᠢ ᠠᠬᠢᠭᠤᠯᠵᠤ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠳᠤ ᠰᠢᠨ᠎ᠡ ︽ᠯᠢᠮᠠ ᠶᠢᠨ ᠢᠮ ᠲᠡᠮᠳᠡᠭ︾ ᠢ ᠦᠯᠡᠳᠡᠭᠡᠵᠦ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃     ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠨ ᠬᠤᠪᠢᠷᠠᠵᠤ᠂ ᠬᠥᠮᠥᠨ ᠲᠥᠷᠥᠯᠬᠢᠲᠡᠨ ᠤ ᠨᠡᠶᠢᠭᠡᠮ ᠳᠠᠭᠢᠨ ᠨᠢᠭᠡ ᠤᠳᠠᠭ᠎ᠠ ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠵᠠᠢ᠃ ᠫᠧᠷᠦ᠋ ᠶᠢᠨ ᠨᠠᠰᠺᠡ ᠶᠢᠨ ᠪᠣᠯᠪᠠᠰᠤᠨ ᠤ ᠯᠤᠲᠤ ᠶᠡᠭᠡ ᠭᠠᠵᠠᠷ ᠤᠨ ᠭᠠᠳᠠᠷᠭᠤ ᠶᠢᠨ ᠵᠢᠷᠤᠭ ᠨᠢ ᠲᠡᠭᠦᠨ ᠤ ᠳᠣᠲᠣᠷ᠎ᠠ ᠨᠢ ᠪᠠᠶᠢᠭ᠎ᠠ ᠬᠥᠮᠥᠰ ᠢ ᠲᠥᠭᠡᠷᠢᠭᠳᠡᠭᠦᠯᠵᠦ᠂ ᠭᠠᠭᠴᠠ ᠬᠦ ᠥᠨᠳᠥᠷ ᠲᠤ ᠵᠣᠭᠰᠣᠪᠠᠯ ᠰᠠᠶ᠋ᠢ ᠪᠦᠭᠦ ᠲᠥᠷᠬᠦ ᠶᠢ ᠨᠢ ᠠᠵᠢᠭᠯᠠᠵᠤ ᠴᠢᠳᠠᠳᠠᠭ᠃ ᠳᠤᠮᠳᠠᠳᠤ ᠶᠢᠨ ᠰᠢᠯᠦᠭ ᠲᠤ ︽ᠥᠪᠡᠷ ᠤᠨ ᠪᠡᠶ᠎ᠡ ᠥᠨᠳᠥᠷ ᠲᠡᠭᠷᠢ ᠳᠤᠷ ᠪᠠᠶᠢᠬᠤ ᠲᠤᠯᠠ᠂ ᠥᠩᠭᠡᠷᠡᠬᠦ ᠡᠭᠦᠯᠡᠨ ᠤ ᠪᠠᠷ᠎ᠠ ᠬᠠᠯᠬᠠᠯᠠᠬᠤ ᠠᠴᠠ ᠠᠶᠤᠬᠤ ᠦᠭᠡᠢ︾ ᠭᠡᠵᠦ ᠰᠢᠯᠦᠭᠯᠡᠭᠰᠡᠨ ᠪᠠᠶᠢᠳᠠᠭ᠃ ᠳᠤᠮᠳᠠᠳᠤ ᠤᠯᠤᠰ ᠳᠤᠷᠠᠲᠠᠶ᠎ᠠ ᠫᠧᠷᠦ᠋ ᠲᠠᠢ ᠬᠠᠮᠲᠤ ᠪᠠᠷ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠪᠠᠷᠢᠮᠲᠠᠯᠠᠵᠤ᠂ ᠲᠡᠦᠬᠡ ᠶᠢᠨ ᠤᠷᠳᠤ ᠦᠶᠡᠯᠡᠯ ᠠᠴᠠ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃     ᠯᠠᠲ᠋ᠢᠨ ᠠᠮᠧᠷᠢᠺᠠ ᠲᠢᠪ ᠤᠨ ᠨᠠᠶᠢᠵᠠ ᠨᠠᠷ ᠦᠷᠭᠦᠯᠵᠢ᠄ ︽ᠰᠥᠰᠥ ᠵᠣᠷᠢᠭ ᠦᠭᠡᠢ ᠬᠥᠮᠥᠨ ᠬᠡᠵᠢᠶ᠎ᠡ ᠴᠦ ᠠᠭᠤᠯᠠ ᠠᠪᠠᠷᠢᠵᠤ ᠲᠠᠩᠬᠢᠰ ᠭᠠᠲᠤᠯᠵᠤ ᠲᠡᠶᠢᠯᠭᠦ ᠦᠭᠡᠢ︾ ᠭᠡᠯᠴᠡᠳᠡᠭ᠃ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠫᠧᠷᠦ᠋ ᠶᠢᠨ ᠨᠠᠶᠢᠵᠠ ᠨᠠᠷ ᠲᠠᠢ ᠬᠠᠮᠲᠤ ᠪᠠᠷ ᠰᠡᠳᠬᠢᠯ ᠨᠢᠭᠡᠳᠦᠨ ᠢᠵᠢᠯᠢ ᠴᠢᠭᠯᠡᠯ ᠢᠶᠠᠷ ᠤᠷᠤᠭᠰᠢᠯᠠᠵᠤ᠂ ᠠᠭᠤᠯᠠ ᠲᠠᠩᠬᠢᠰ ᠢ ᠳᠠᠪᠠᠵᠤ᠂ ᠳᠤᠮᠳᠠᠳᠤ ᠫᠧᠷᠦ᠋ ᠶᠢᠨ ᠨᠥᠬᠦᠷᠯᠡᠯ ᠤᠨ ᠣᠩᠭᠤᠴᠠ ᠶᠢ ᠵᠢᠯᠣᠭᠤᠳᠤᠨ ᠨᠡᠩ ᠰᠠᠶᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠨ᠎ᠠ︕
ᠢᠷᠡᠯᠲᠡ᠄ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠮᠤᠩᠭᠤᠯ ᠰᠦᠯᠵᠢᠶ᠎ᠡ