ᠨᠠᠩᠰᠤ ᠪᠠᠯᠭᠠᠰᠤ ᠠᠯᠲᠠᠨ ᠨᠠᠮᠤᠷ ᠤᠨ ᠰᠤᠷᠤᠯᠭ᠎ᠠ ᠲᠡᠳᠭᠦᠬᠦ ᠬᠠᠶᠢᠷ᠎ᠠ ᠬᠠᠯᠠᠮᠵᠢ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/11/18
     ᠴᠢᠳᠠᠪᠤᠷᠢᠲᠠᠨ ᠢ ᠬᠦᠮᠤᠵᠢᠭᠦᠯᠬᠦ ᠪᠤᠯ ᠬᠦᠲᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢᠨ ᠵᠠᠩᠭᠢᠯᠠᠭ᠎ᠠ ᠪᠠ ᠰᠠᠭᠤᠷᠢ ᠪᠤᠯᠤᠨ᠎ᠠ᠃ ᠬᠦᠮᠤᠨ ᠢ ᠲᠤᠰᠠᠯᠠᠨ ᠭᠦᠮᠤᠵᠢᠬᠦᠯᠬᠦ ᠪᠤᠲᠠᠲᠤ ᠦᠷ᠎ᠡ ᠪᠦᠲᠦᠮᠵᠢ ᠶᠢ ᠦᠨᠡᠨᠬᠦ ᠪᠠᠳᠠᠷᠠᠭᠤᠯᠵᠤ᠂ ᠤᠶᠤᠲᠠᠳ ᠤᠨ ᠬᠦᠰᠡᠯ ᠢᠶᠠᠨ ᠪᠡᠶᠡᠯᠡᠬᠦᠯᠬᠦ ᠳᠤ ᠬᠦᠴᠤᠨ ᠨᠡᠮᠡᠷᠢᠯᠡᠵᠤ᠂ ᠰᠢᠯᠢᠳᠡᠭ ᠤᠶᠤᠲᠠᠳ ᠤᠨ ᠤᠷᠭᠢᠯ ᠳᠤ ᠠᠪᠠᠷᠢᠨ᠂ ᠴᠢᠳᠠᠪᠤᠷᠢᠲᠠᠨ ᠪᠤᠯᠬᠤ ᠶᠢ ᠵᠤᠷᠢᠭᠵᠢᠭᠤᠯᠬᠤ ᠶᠢᠨ ᠲᠤᠰᠠᠲᠠ᠂ ᠤᠶᠢᠷ᠎ᠠ ᠶᠢᠨ ᠡᠳᠤᠷ᠂ ᠬᠤᠰᠢᠭᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠬᠡᠷᠡᠩᠭᠡᠲᠤ ᠭᠠᠴᠠᠭ᠎ᠠ 2023 — 2024 ᠤᠨ ᠳᠤ ᠶᠡᠭᠡ ᠰᠤᠷᠭᠠᠭᠤᠯᠢ ᠳᠤ ᠡᠯᠰᠡᠭᠳᠡᠭᠰᠡᠨ 15 ᠤᠶᠤᠲᠠᠳ ᠵᠢᠴᠢ 1 ᠬᠦᠴᠢᠷᠲᠡᠯ  ᠲᠠᠢ ᠤᠶᠤᠲᠠᠨ ᠳᠤ ᠲᠤᠰ ᠲᠤᠰ 1000 ᠲᠦᠭᠦᠷᠢᠭ ᠲᠤᠰᠠᠯᠠᠪᠠ᠃    ᠠᠵᠢᠯᠯᠠᠭᠠᠨ ᠤ ᠲᠤᠮᠲᠠ ᠤᠶᠤᠲᠠᠨ ᠤ ᠲᠦᠯᠤᠭᠡᠯᠡᠭᠴᠢ ᠲᠠᠶᠢᠰᠠᠨ ᠳᠤ ᠭᠠᠷᠴᠤ ᠶᠠᠷᠢᠶ᠎ᠠ ᠲᠠᠯᠪᠢᠬᠤ ᠳᠤ ᠪᠠᠨ᠂ ᠲᠤᠰᠠᠯᠠᠮᠵᠢ ᠲᠡᠮᠵᠢᠯᠭᠡ ᠶᠢᠨ ᠪᠢᠲᠡᠨ ᠳᠤ ᠠᠪᠴᠢᠷᠠᠭᠰᠠᠨ ᠨᠦᠯᠤᠭᠡ ᠪᠦᠬᠦ ᠲᠠᠯ᠎ᠠ ᠶᠢᠨ ᠮᠦᠷᠲᠡᠭᠡᠨ ᠠᠯᠤᠰ ᠬᠡᠲᠤ ᠶᠢᠨ ᠪᠠᠶᠢᠵᠤ᠂ ᠪᠢᠳᠡᠨ ᠤ ᠠᠵᠤ ᠠᠬᠤᠢ ᠶᠢᠨ ᠬᠦᠴᠢᠷᠲᠡᠯ ᠢ ᠰᠢᠢᠳᠪᠤᠷᠢᠯᠡᠭᠰᠡᠨ ᠢᠶᠠᠷ ᠪᠠᠷᠠᠬᠤ ᠦᠭᠡᠢ᠂ ᠪᠢᠲᠡᠨ ᠢ ᠵᠤᠷᠢᠭᠵᠢᠭᠤᠯᠤᠨ ᠨᠡᠩ ᠴᠢᠷᠮᠠᠶᠢᠨ ᠰᠤᠷᠤᠯᠴᠠᠭᠤᠯᠵᠤ᠂ ᠦᠷᠢᠰᠤᠯᠳᠤᠭᠡᠨ ᠳᠤ ᠢᠳᠡᠪᠬᠢᠲᠠᠢ ᠬᠠᠨᠳᠤᠬᠤ ᠶᠢ ᠤᠷᠠᠮᠰᠢᠭᠤᠯᠤᠭᠰᠠᠨ ᠪᠠᠶᠢᠨ᠎ᠠ᠃ ᠲᠤᠰᠠᠯᠠᠮᠵᠢ  ᠲᠡᠮᠵᠢᠯᠭᠡ ᠨᠢ ᠨᠡᠶᠢᠭᠡᠮ ᠤᠨ ᠬᠦᠰᠡᠯ ᠪᠠ ᠢᠲᠡᠭᠡᠯ ᠪᠤᠯ ᠪᠢᠲᠡᠨ ᠤ ᠲᠠᠰᠤᠷᠠᠯᠲᠠ ᠦᠭᠡᠢ ᠰᠢᠯᠢᠳᠡᠭ ᠢ ᠬᠦᠭᠡᠭᠡᠴᠡᠯᠳᠦᠬᠦ ᠬᠦᠳᠡᠯᠭᠡᠭᠦ ᠬᠦᠴᠤᠨ ᠮᠦᠨ ᠭᠡᠳᠡᠭ ᠢ ᠮᠡᠳᠡᠭᠦᠯᠪᠡ ᠭᠡᠯ᠎ᠡ᠃    ᠰᠤᠷᠤᠯᠭ᠎ᠠ ᠶᠢ ᠲᠡᠳᠭᠦᠭᠦ ᠠᠵᠢᠯᠯᠠᠭ᠎ᠠ ᠨᠢ ᠬᠠᠶᠢᠷ᠎ᠠ ᠬᠠᠯᠠᠮᠵᠢ ᠶᠢ ᠤᠯᠠᠮᠵᠢᠯᠠᠨ᠂ ᠬᠦᠰᠡᠯ ᠡᠷᠡᠮᠡᠯᠵᠡᠯ ᠢ ᠪᠠᠲᠤᠳᠬᠠᠵᠤ᠂ ᠢᠲᠡᠭᠡᠯ ᠵᠤᠷᠢᠭ ᠢ ᠬᠦᠪᠴᠢᠯᠡᠨ᠂ ᠢᠷᠡᠭᠡᠲᠤᠢ ᠶᠢᠨ ᠦᠷ᠎ᠡ ᠪᠦᠲᠦᠭᠡᠯ ᠢ ᠪᠡᠯᠭᠡᠳᠡᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠨᠢ ᠲᠤᠰᠠᠯᠠᠮᠵᠢ ᠬᠦᠷᠲᠡᠭᠰᠡᠨ ᠤᠶᠤᠲᠠᠳ ᠲᠤ ᠬᠠᠶᠢᠷ᠎ᠠ ᠬᠠᠯᠠᠮᠵᠢ ᠬᠦᠷᠭᠡᠵᠤ᠂ ᠲᠡᠳᠡᠨ ᠤ ᠬᠦᠴᠤᠯᠡᠨ ᠴᠢᠷᠮᠠᠶᠢᠵᠤ᠂ ᠡᠷᠯᠬᠡᠭᠯᠡᠨ ᠤᠷᠤᠭᠰᠢᠯᠠᠬᠤ ᠰᠦᠰᠤ ᠵᠤᠷᠢᠭ ᠪᠤᠯᠤᠨ ᠢᠲᠡᠭᠡᠯ ᠵᠤᠷᠢᠭ ᠢ ᠬᠦᠪᠴᠢᠯᠡᠨ᠂ ᠡᠬᠡ ᠤᠯᠤᠰ ᠤᠨ ᠪᠦᠲᠤᠭᠡᠨ ᠪᠠᠶᠢᠭᠤᠯᠤᠯᠲᠠ ᠶᠢᠨ ᠲᠤᠯᠭᠠᠭᠤᠷᠢ ᠬᠦᠴᠤᠨ ᠪᠤᠯᠵᠤ᠂ ᠨᠡᠩ ᠦᠵᠡᠰᠭᠦᠯᠡᠩᠲᠤ ᠰᠠᠶᠢᠬᠠᠨ ᠨᠤᠲᠤᠭ ᠤᠷᠤᠨ ᠢᠶᠠᠨ ᠪᠦᠲᠦᠭᠡᠨ ᠪᠠᠶᠢᠭᠤᠯᠬᠤ ᠳᠤ ᠬᠦᠴᠤᠨ ᠴᠢᠳᠠᠯ ᠢᠶᠠᠨ ᠡᠷᠭᠦᠬᠦ ᠶᠢ ᠤᠷᠮᠠᠰᠢᠭᠤᠯᠤᠭᠰᠠᠨ ᠪᠠᠶᠢᠨ᠎ᠠ᠃
ᠢᠷᠡᠯᠲᠡ᠄ ᠤᠲᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠤ ᠰᠦᠯᠵᠢᠶ᠎ᠡ