ᠤᠯᠠᠭᠠᠨ ᠢᠳᠡᠭᠡ ᠳᠤ ᠭᠠᠭ᠋ᠠᠢ ᠶᠢᠨ ᠮᠢᠬ᠎ᠠ᠂ ᠦᠬᠡᠷ ᠤᠨ ᠮᠢᠬ᠎ᠠ᠂ ᠬᠤᠨᠢᠨ ᠮᠢᠬ᠎ᠠ᠂ ᠪᠤᠭᠤ ᠶᠢᠨ ᠮᠢᠬ᠎ᠠ᠂ ᠲᠠᠤᠯᠠᠢ ᠶᠢᠨ ᠮᠢᠬ᠎ᠠ ᠵᠡᠷᠭᠡ ᠰᠢᠷᠬᠡᠭᠯᠢᠭ ᠳᠠᠪᠬᠤᠷᠭ᠎ᠠ | ᠪᠦᠬᠦᠢ ᠤᠯᠠᠭᠠᠨ ᠥᠩᠭᠡ ᠲᠠᠢ ᠮᠠᠯ ᠤᠨ ᠮᠢᠬ᠎ᠠ ᠪᠠᠭᠳᠠᠵᠤ ᠪᠠᠶᠢᠬᠤ ᠪᠦᠭᠡᠳ ᠨᠢᠭᠡᠨᠲᠡ ᠡᠳᠡᠭᠡᠷ ᠢ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ | ᠪᠠᠶᠢᠭᠤᠯᠤᠯᠲᠠ ᠶᠢᠨ ᠣᠯᠠᠨ ᠤᠯᠤᠰ ᠤᠨ ᠬᠤᠣᠷᠲᠤ ᠬᠠᠪᠤᠳᠠᠷ ᠤᠨ ᠰᠤᠳᠤᠯᠭᠠᠨ ᠤ ᠪᠠᠶᠢᠭᠤᠯᠤᠮᠵᠢ ᠠᠴᠠ 2A ᠲᠥᠷᠥᠯ ᠤᠨ ᠬᠤᠣᠷᠲᠤ ᠬᠠᠪᠤᠳᠠᠷ ᠡᠭᠦᠰᠬᠡᠳᠡᠭ | ᠢᠳᠡᠭᠡᠨ ᠢᠶᠠᠷ ᠵᠢᠬᠰᠠᠭᠠᠪᠠ᠃ ᠤᠶᠢᠷ᠎ᠠ ᠶᠢᠨ ᠵᠢᠯ ᠠᠴᠠ ᠮᠠᠰᠢ ᠤᠯᠠᠨ ᠰᠤᠳᠤᠯᠭᠠᠨ ︽ᠤᠯᠠᠭᠠᠨ ᠢᠳᠡᠭᠡ ᠨᠢ ᠬᠤᠳᠣᠭᠤᠳᠣᠨ ᠤ ᠬᠤᠣᠷᠲᠤ ᠬᠠᠪᠤᠳᠠᠷ᠂ ᠨᠤᠭᠤᠯᠤᠭ᠎ᠠ | ᠭᠡᠳᠡᠰᠦᠨ ᠤ ᠬᠤᠣᠷᠲᠤ ᠬᠠᠪᠤᠳᠠᠷ᠂ ᠬᠥᠬᠦᠨ ᠪᠤᠯᠴᠢᠷᠬᠠᠢ ᠶᠢᠨ ᠬᠤᠣᠷᠲᠤ ᠬᠠᠪᠤᠳᠠᠷ᠂ ᠲᠦᠷᠦᠭᠦᠦ ᠪᠤᠯᠴᠢᠷᠬᠠᠢ ᠶᠢᠨ ᠬᠤᠣᠷᠲᠤ ᠬᠠᠪᠤᠳᠠᠷ ᠵᠡᠷᠭᠡ ᠣᠯᠠᠨ ᠵᠦᠢᠯ ᠤᠨ | ᠬᠤᠣᠷᠲᠤ ᠬᠠᠪᠤᠳᠠᠷ ᠲᠤ ᠨᠡᠷᠪᠡᠭᠳᠡᠬᠦ ᠠᠶᠤᠯ ᠲᠦᠭᠰᠢᠬᠦᠷᠢ ᠶᠢ ᠨᠡᠮᠡᠭᠳᠡᠬᠦᠯᠬᠦ ᠲᠠᠢ ᠬᠠᠷᠢᠴᠠᠭ᠎ᠠ ᠬᠤᠯᠪᠤᠭ᠎ᠠ ᠲᠠᠢ︾ ᠭᠡᠳᠡᠭ ᠢ ᠭᠡᠷᠡᠴᠢᠯᠡᠭᠰᠡᠨ ᠪᠠᠶᠢᠨ᠎ᠠ᠃ ᠤᠯᠠᠭᠠᠨ | ᠢᠳᠡᠭᠡ ᠬᠡᠳᠦᠢ ᠠᠷᠪᠢᠨ ᠢᠳᠡᠪᠡᠯ ᠲᠡᠳᠦᠢ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠳᠠᠭ ᠵᠠᠷᠢᠮ ᠠᠵᠢᠭᠯᠠᠯᠲᠠ ᠶᠢᠨ | ᠴᠢᠨᠠᠷ ᠲᠠᠢ ᠰᠤᠳᠤᠯᠭᠠᠨ ᠠᠴᠠ᠂ ᠤᠯᠠᠭᠠᠨ ᠢᠳᠡᠭᠡ ᠳᠤ ᠬᠡᠲᠦ ᠶᠡᠭᠡ ᠬᠠᠨᠤᠭᠰᠠᠨ ᠥᠭᠡᠬᠦ ᠪᠣᠯᠤᠨ ᠾᠣᠯᠧᠰᠲ᠋ᠧᠷᠢᠨ ᠶᠡᠭᠡ ᠠᠭᠤᠯᠤᠬᠳᠠᠳᠠᠭ ᠪᠣᠯᠬᠤᠷ ᠬᠦᠮᠦᠨ | ᠲᠥᠷᠥᠯᠬᠢᠲᠡᠨ ᠤ ᠵᠢᠷᠦᠬᠡ ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠶᠢ ᠨᠡᠮᠡᠭᠳᠡᠬᠦᠯᠬᠦ ᠲᠠᠢ ᠮᠡᠳᠡᠭᠳᠡᠮ᠎ᠡ ᠬᠠᠷᠢᠴᠠᠭ᠎ᠠ ᠬᠤᠯᠪᠣᠭ᠎ᠠ ᠲᠠᠢ ᠶᠤᠮ᠃ | ᠤᠯᠠᠭᠠᠨ ᠢᠳᠡᠭᠡ ᠬᠡᠳᠦᠢ ᠠᠷᠪᠢᠨ ᠢᠳᠡᠪᠡᠯ ᠲᠡᠳᠦᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠥᠨᠳᠥᠷ ᠪᠤᠯᠤᠨ᠎ᠠ ᠭᠡᠳᠡᠭ ᠢ | ᠤᠯᠵᠤ ᠮᠡᠳᠡᠵᠡᠢ᠃ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠤ ᠪᠠᠶᠢᠩᠭᠤ ᠲᠣᠬᠢᠶᠠᠯᠳᠤᠳᠠᠭ ᠬᠠᠪᠰᠤᠷᠤᠬᠰᠠᠨ | ᠡᠪᠡᠳᠴᠢᠨ ᠪᠤᠯᠬᠤ ᠪᠦᠭᠡᠳ ᠪᠠᠰᠠ ᠵᠢᠷᠦᠬᠡ ᠴᠢᠰᠤᠨ ᠰᠤᠳᠠᠯ ᠤᠨ ᠡᠪᠡᠳᠴᠢᠨ ᠤ ᠨᠢᠭᠡᠨᠲᠡ ᠲᠣᠭᠲᠠᠭᠠᠭᠰᠠᠨ ᠠᠶᠤᠯᠲᠠᠶ ᠬᠦᠴᠦᠨ ᠵᠦᠢᠯ ᠪᠣᠯᠤᠨ᠎ᠠ᠃ ᠲᠦᠷᠦᠬᠦᠦ | ᠪᠠᠷ ᠰᠤᠳᠤᠯᠤᠭᠠᠴᠢᠳ ᠲᠠᠷᠢᠬᠢᠨ ᠤ ᠴᠢᠰᠤᠨ ᠰᠤᠳᠠᠯ ᠤᠨ 43 ᠲᠥᠷᠥᠯ ᠤᠨ ᠡᠪᠡᠳᠴᠢᠨ ᠤ ᠰᠤᠳᠤᠯᠭᠠᠨ ᠪᠠ 23 ᠲᠥᠷᠥᠯ ᠤᠨ ᠰᠢᠬᠢᠷ ᠰᠢᠵᠢᠩ ᠡᠪᠡᠳᠴᠢᠨ ᠤ | ᠰᠤᠳᠤᠯᠭᠠᠨ ᠳᠤ ᠵᠠᠳᠠᠯᠤᠯᠲᠠ ᠬᠢᠵᠦ᠂ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠪᠣᠯᠤᠨ 100 ᠭᠷᠡᠮ ᠡᠳ᠋ᠰᠢᠬᠦᠯᠦᠨ | ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠬᠢᠭᠡᠳ ᠵᠢᠷᠦᠬᠡ ᠰᠤᠳᠠᠰᠤᠨ ᠤ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠤ ᠬᠤᠭᠤᠷᠤᠨᠳᠤᠬᠢ ᠬᠠᠷᠢᠴᠠᠭ᠎ᠠ | ᠬᠤᠯᠪᠤᠭ᠎ᠠ ᠶᠢ ᠵᠠᠳᠠᠯᠤᠨ ᠰᠤᠳᠤᠯᠵᠠᠢ᠃ ᠰᠤᠳᠤᠯᠭᠠᠨ ᠢᠶᠠᠷ ᠤᠯᠵᠤ ᠮᠡᠳᠡᠭᠰᠡᠨ ᠨᠢ᠂ ᠡᠳ᠋ᠰᠢᠬᠦᠯᠦᠨ ᠪᠤᠯᠪᠠᠰᠤᠷᠠᠭᠤᠯᠤᠬᠰᠠᠨ ᠪᠤᠶᠤ ᠡᠳ᠋ᠰᠢᠬᠦᠯᠦᠨ | ᠪᠤᠯᠪᠠᠰᠤᠷᠠᠭᠤᠯᠤᠭᠠᠳᠤᠢ ᠤᠯᠠᠭᠠᠨ ᠢᠳᠡᠭᠡ ᠶᠢ ᠶᠡᠭᠡ ᠬᠡᠮᠵᠢᠶ᠎ᠡ ᠢᠳᠡᠬᠦ ᠨᠢ ᠵᠢᠷᠦᠬᠡ ᠰᠤᠳᠠᠰᠤᠨ ᠤ ᠡᠪᠡᠳᠴᠢᠨ ᠪᠣᠯᠤᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ | ᠠᠶᠤᠯ ᠲᠦᠭᠰᠢᠬᠦᠷᠢ ᠶᠢ ᠨᠡᠮᠡᠭᠳᠡᠭᠦᠯᠳᠡᠭ᠃ ᠡᠳᠦᠷ ᠪᠦᠷᠢ 50 ᠭᠷᠡᠮ ᠡᠳ᠋ᠰᠢᠬᠦᠯᠦᠨ ᠪᠤᠯᠪᠠᠰᠤᠷᠠᠭᠤᠯᠤᠬᠰᠠᠨ ᠤᠯᠠᠭᠠᠨ ᠢᠳᠡᠭᠡ ᠢᠯᠡᠬᠦᠦ ᠢᠳᠡᠪᠡᠯ ᠵᠢᠷᠦᠬᠡ | ᠰᠤᠳᠠᠰᠤᠨ ᠤ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 26% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ | 44% ᠪᠠᠷ ᠨᠡᠮᠡᠭᠳᠡᠬᠦᠯᠳᠡᠭ᠃ ᠡᠳᠦᠷ ᠪᠦᠷᠢ 100 ᠭᠷᠠᠮ ᠤᠯᠠᠭᠠᠨ ᠢᠳᠡᠭᠡ ᠢᠯᠡᠭᠦᠦ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠠᠶᠤᠯ | ᠲᠦᠭᠰᠢᠬᠦᠷᠢ ᠶᠢ 11% ᠪᠠᠷ ᠨᠡᠮᠡᠭᠳᠡᠬᠦᠯᠵᠦ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠬᠦᠷᠢ ᠶᠢ 27 % ᠪᠠᠷ ᠨᠡᠮᠡᠭᠳᠡᠬᠦᠯᠳᠡᠭ ᠪᠠᠶᠢᠨ᠎ᠠ᠃ |