︽ᠣᠲᠤᠭ ᠤᠨ ᠡᠮᠦᠨᠡᠲᠦ ᠬᠤᠰᠢᠭᠤᠨ ᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠬᠦᠬᠢᠬᠦᠯᠦᠯ ᠢᠶᠠᠷ | ᠨᠦᠬᠦᠪᠦᠷᠢ ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠲᠦᠰᠦᠯ ︵ᠲᠣᠷᠰᠢᠨ ᠬᠡᠷᠡᠭᠵᠢᠬᠦᠯᠬᠦ︶︾ ᠶᠢ ᠳᠠᠷᠤᠮᠠᠯᠯᠠᠨ ᠲᠠᠷᠬᠠᠭᠠᠬᠤ | ᠲᠤᠬᠠᠢ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄ | ︽ᠣᠲᠤᠭ ᠤᠨ ᠡᠮᠦᠨᠡᠲᠦ ᠬᠤᠰᠢᠭᠤᠨ ᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠬᠦᠬᠢᠬᠦᠯᠦᠯ ᠢᠶᠠᠷ ᠨᠦᠬᠦᠪᠦᠷᠢ | ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠲᠦᠰᠦᠯ ︵ᠲᠣᠷᠰᠢᠨ ᠬᠡᠷᠡᠭᠵᠢᠬᠦᠯᠬᠦ︶︾ ᠢ ᠡᠳᠦᠬᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ | ᠲᠤᠤᠱᠯᠠᠭᠤᠯᠤᠨ ᠬᠡᠷᠡᠭᠵᠢᠬᠦᠯᠰᠦᠬᠡᠢ᠃ | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠰᠠᠷ᠎ᠠ ᠶᠢᠨ 31 ᠤ ᠡᠳᠦᠷ | | ᠣᠲᠤᠭ ᠤᠨ ᠡᠮᠦᠨᠡᠲᠦ ᠬᠤᠰᠢᠭᠤᠨ ᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠲᠦᠰᠦᠯ ︵ᠲᠣᠷᠰᠢᠨ ᠬᠡᠷᠡᠭᠵᠢᠬᠦᠯᠬᠦ︶ | | ᠨᠡᠶᠢᠬᠡᠮ ᠤᠨ ᠬᠦᠴᠦᠨ ᠢ ᠣᠯᠠᠮ ᠳᠠᠶᠢᠴᠢᠯᠠᠨ ᠬᠦᠷᠦᠰᠦᠨ ᠤ ᠢᠳᠡᠭᠳᠡᠯ ᠤᠨ ᠵᠠᠰᠠᠯᠲᠠ ᠳᠤ ᠣᠷᠣᠯᠴᠠᠭᠤᠯᠵᠤ᠂ ᠬᠦᠷᠦᠰᠦᠨ ᠤ ᠢᠳᠡᠭᠳᠡᠯ ᠤᠨ ᠵᠠᠰᠠᠯᠲᠠ ᠶᠢᠨ | ᠬᠤᠷᠳᠣᠴᠠ ᠵᠢᠴᠢ ᠦᠷ᠎ᠡ ᠠᠰᠢᠭ ᠢ ᠳᠡᠭᠡᠭᠰᠢᠯᠡᠬᠦᠯᠬᠦ ᠶᠢᠨ ᠲᠤᠰᠠᠳᠠ᠂ ︽ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠦᠷᠨᠢᠬᠦᠯᠬᠦ ᠲᠤᠬᠠᠢ ᠣᠰᠣᠨ ᠠᠰᠢᠭᠯᠠᠯᠲᠠ ᠶᠢᠨ ᠶᠠᠮᠣᠨ᠂ ᠡᠳ᠋ ᠤᠨ | ᠵᠠᠰᠠᠭ ᠤᠨ ᠶᠠᠮᠣᠨ ᠤ ᠵᠢᠯᠣᠭᠤᠳᠬᠤ ᠰᠠᠨᠠᠯ︾ ︵ᠣᠰᠣᠨ ᠠᠰᠢᠭᠯᠠᠯᠲᠠ ᠡᠳ᠋ ᠤᠨ ᠵᠠᠰᠠᠭ ﹇2018﹈ 28 ᠲᠤᠭᠠᠲᠤ ᠪᠠ ︽ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠶᠢ ᠠᠬᠢᠭᠤᠯᠬᠤ ᠲᠤᠬᠠᠢ ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠣᠰᠣᠨ ᠠᠰᠢᠭᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠡᠷᠡᠭᠵᠢᠬᠦᠯᠬᠦ ᠰᠠᠨᠠᠯ︾ ︵ᠦᠪᠦᠷ ᠬᠦᠷᠦᠰᠦ ᠰᠢᠷᠤᠢ | ᠶᠢᠨ ᠬᠠᠮᠠᠭᠠᠯᠠᠯᠲᠠ ﹇2022﹈ 50 ᠲᠤᠭᠠᠲᠤ︶ ᠪᠢᠴᠢᠭ ᠮᠡᠲ᠋ᠧᠷᠢᠶᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠠᠵᠢᠯ ᠤᠨ ᠪᠤᠲᠠᠲᠠᠢ ᠲᠠᠢ ᠪᠠᠨ ᠣᠶᠠᠯᠳᠣᠭᠤᠯᠵᠣ᠂ ᠲᠤᠰ ᠬᠡᠷᠡᠭᠵᠢᠬᠦᠯᠬᠦ ᠲᠦᠰᠦᠯ ᠢ ᠣᠨᠴᠠᠭᠠᠶᠢᠯᠠᠨ ᠲᠤᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭᠲᠤ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ | ᠳᠣᠮᠳᠠᠳᠣ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠪᠠᠲᠤᠳᠬᠠᠬᠤ ᠠᠵᠢᠯ ᠤᠨ ᠭᠤᠤᠯ ᠱᠣᠭᠤᠮ ᠢ ᠪᠠᠲᠤ ᠡᠵᠡᠮᠳᠡᠨ᠂ ᠨᠡᠶᠢᠬᠡᠮ ᠤᠨ | ᠬᠦᠴᠦᠨ ᠪᠠ ᠬᠦᠷᠦᠰᠦ ᠰᠢᠷᠤᠢ ᠶᠢᠨ ᠢᠳᠡᠭᠳᠡᠯ ᠤᠨ ᠣᠷᠣᠨ ᠤ ᠣᠯᠠᠨ ᠲᠦᠮᠡᠨ ᠢ ᠣᠷᠮᠠᠰᠢᠭᠤᠯᠤᠨ ᠵᠢᠯᠤᠭᠤᠳᠴᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ | ᠢᠨᠵᠧᠨᠧᠷᠢᠩ ᠤᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠭᠤᠯᠵᠤ᠂ ᠪᠡᠯᠡ ᠮᠦᠩᠭᠦᠨ ᠤ ᠣᠷᠣᠭᠤᠯᠣᠯᠲᠠ ᠶᠢᠨ ᠲᠤᠭᠲᠠᠴᠠ ᠶᠢ ᠰᠢᠨᠡᠴᠢᠯᠡᠨ᠂ | ᠪᠠᠶᠢᠭᠤᠯᠤᠯᠲᠠ ᠬᠠᠮᠢᠶᠠᠷᠤᠯᠲᠠ ᠶᠢᠨ ᠵᠠᠭᠪᠤᠷ ᠢ ᠪᠠᠶᠠᠯᠢᠭᠵᠢᠭᠤᠯᠵᠤ᠂ ᠠᠵᠢᠯᠯᠠᠮᠵᠢ ᠬᠠᠮᠢᠶᠠᠷᠤᠯᠲᠠ ᠬᠠᠮᠠᠭᠠᠯᠠᠯᠲᠠ ᠶᠢᠨ ᠰᠢᠰᠲ᠋ᠧᠮ ᠢ ᠲᠡᠬᠦᠯᠳᠡᠷᠵᠢᠬᠦᠯᠦᠨ᠂ ᠬᠦᠷᠦᠰᠦ | ᠰᠢᠷᠤᠢ ᠶᠢᠨ ᠬᠠᠮᠠᠭᠠᠯᠠᠯᠲᠠ ᠶᠢᠨ ᠠᠵᠢᠯ ᠦᠢᠯᠡᠰ ᠤᠨ ᠦᠬᠡᠷᠡᠴᠢᠯᠡᠯᠲᠡ ᠬᠦᠭᠵᠢᠬᠦᠯᠦᠯᠲᠡ ᠶᠢᠨ ᠠᠮᠢᠵᠢᠷᠠᠯ ᠤᠨ ᠬᠦᠴᠦᠨ ᠢ ᠲᠠᠰᠣᠷᠠᠯᠲᠠ ᠦᠬᠡᠢ ᠴᠢᠩᠭᠠᠳᠬᠠᠨ᠂ | ᠮᠣᠣᠠᠣᠰᠣ ᠶᠢᠨ ᠡᠯᠡᠰᠦᠷᠬᠡᠭ ᠭᠠᠵᠠᠷ ᠤᠨ ᠬᠦᠷᠦᠰᠦ ᠰᠢᠷᠤᠢ ᠶᠢᠨ ᠢᠳᠡᠭᠳᠡᠯ ᠤᠨ ᠶᠡᠷᠦᠩᠬᠡᠶᠢᠯᠡᠭᠰᠡᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠠᠬᠢᠭᠤᠯᠵᠤ᠂ | ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠳᠦᠪᠰᠢᠨ᠂ ᠵᠠᠰᠠᠯᠲᠠ ᠶᠢᠨ ᠪᠦᠲᠦᠮᠵᠢ ᠪᠠ ᠡᠳ᠋ ᠤᠨ ᠵᠠᠰᠠᠭ ᠤᠨ ᠪᠡᠯᠡ | ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠎ᠡ᠃ | ᠬᠤᠶᠠᠷ᠂ ᠠᠵᠢᠯ ᠤᠨ ᠵᠠᠷᠴᠢᠮ | —— ᠵᠠᠰᠠᠭ ᠤᠨ ᠣᠷᠳᠣᠨ ᠠᠴᠠ ᠭᠤᠤᠯᠯᠠᠨ ᠨᠡᠶᠢᠬᠡᠮ ᠨᠡᠶᠢᠲᠡ ᠠᠴᠠ ᠣᠷᠣᠯᠴᠠᠨ᠎ᠠ᠃ ᠵᠠᠰᠠᠭ ᠤᠨ ᠣᠷᠳᠣᠨ ᠤ ᠵᠢᠯᠤᠭᠤᠳᠤᠯᠭ᠎ᠠ ᠶᠢ ᠴᠢᠩᠭᠠᠳᠬᠠᠵᠤ᠂ | ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠲᠦᠯᠦᠪᠵᠢᠬᠦᠯᠬᠡ᠂ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ ᠢᠨᠵᠧᠨᠧᠷᠢᠩ ᠤᠨ | ᠬᠡᠷᠡᠭᠵᠢᠬᠦᠯᠬᠦ ᠲᠦᠰᠦᠯ ᠢ ᠦᠨᠳᠦᠰᠦᠯᠡᠨ᠂ ᠮᠠᠨ ᠤ ᠬᠤᠰᠢᠭᠤᠨ ᠤ ᠬᠦᠷᠦᠰᠦ ᠰᠢᠷᠤᠢ ᠶᠢᠨ ᠢᠳᠡᠭᠳᠡᠯ ᠤᠨ ᠭᠤᠤᠯᠳᠠᠯᠭᠠᠲᠤ ᠵᠠᠰᠠᠯᠲᠠ ᠶᠢᠨ ᠲᠤᠭᠤᠷᠢᠭ ᠲᠤ | ᠲᠤᠭᠲᠠᠭᠰᠠᠨ ᠵᠠᠰᠠᠯᠲᠠ ᠶᠢᠨ ᠰᠠᠭᠤᠷᠢ ᠲᠠᠢ ᠣᠷᠣᠨ ᠪᠦᠰᠡ ᠶᠢ ᠰᠣᠩᠭᠤᠵᠣ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠤᠨ ᠲᠤᠷᠰᠢᠯᠲᠠ | ᠶᠢᠨ ᠴᠡᠭ ᠢ ᠦᠷᠨᠢᠬᠦᠯᠦᠨ᠎ᠡ᠃ ᠰᠢᠨ᠎ᠡ ᠶᠢ ᠡᠬᠦᠳᠦᠨ ᠰᠢᠨ᠎ᠡ ᠠᠷᠭ᠎ᠠ ᠵᠠᠮ ᠢ ᠢᠳᠡᠪᠬᠢᠲᠡᠢ ᠪᠠᠷ ᠰᠦᠪᠡᠭᠴᠢᠯᠡᠵᠦ᠂ ᠴᠠᠭ ᠲᠤᠬᠠᠢ ᠳᠤᠨᠢ ᠲᠤᠷᠰᠢᠯᠭ᠎ᠠ ᠪᠠᠨ ᠳ᠋ᠦᠩᠨᠡᠵᠦ | ᠲᠦᠷᠦ ᠶᠢᠨ ᠪᠤᠳᠤᠯᠭ᠎ᠠ ᠪᠠᠨ ᠲᠡᠬᠦᠯᠳᠡᠷᠵᠢᠬᠦᠯᠦᠨ᠂ ᠴᠡᠭ ᠢᠶᠠᠷ ᠨᠠᠶᠢᠲᠠᠮ ᠢ ᠳᠠᠶᠢᠴᠢᠯᠠᠨ ᠪᠦᠬᠦᠯᠢ ᠴᠤᠭᠴᠠ ᠶᠢᠨ ᠠᠵᠢᠯ ᠢ ᠠᠬᠢᠭᠤᠯᠤᠨ᠎ᠠ᠃ | —— ᠨᠢᠬᠡᠳᠦᠯᠲᠡᠢ ᠲᠦᠯᠦᠪᠵᠢᠬᠦᠯᠵᠦ ᠵᠦᠢ ᠵᠤᠬᠢᠰᠲᠠᠢ ᠪᠠᠶᠢᠷᠢᠯᠠᠭᠤᠯᠤᠨ᠎ᠠ᠃ ᠡᠬᠢ ᠪᠠᠶᠢᠭᠠᠯᠢ ᠶᠢ ᠬᠦᠨᠳᠦᠳᠬᠡᠵᠦ᠂ ᠡᠬᠢ ᠪᠠᠶᠢᠭᠠᠯᠢ ᠲᠠᠢ | ᠵᠤᠬᠢᠴᠠᠯᠳᠣᠨ᠂ ᠡᠬᠢ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠨ᠂ ᠲᠤᠬᠠᠢ ᠶᠢᠨ ᠭᠠᠵᠠᠷ ᠲᠤᠨᠢ ᠲᠤᠬᠢᠷᠠᠭᠤᠯᠵᠤ᠂ ᠨᠢᠬᠡᠳᠦᠯᠲᠡᠢ ᠲᠦᠯᠦᠪᠵᠢᠬᠦᠯᠵᠦ ᠲᠦᠰᠦᠪᠯᠡᠨ᠂ | ᠪᠠᠶᠢᠭᠤᠯᠤᠯᠲᠠ ᠶᠢᠨ ᠭᠤᠤᠯ ᠴᠤᠭᠴᠠ ᠶᠢᠨ ᠦᠢᠯᠡᠳᠪᠦᠷᠢᠯᠡᠯ ᠠᠮᠢᠳᠣᠷᠠᠯ ᠤᠨ ᠪᠤᠲᠠᠲᠤ ᠪᠠᠶᠢᠳᠠᠯ ᠢ ᠶᠡᠷᠦᠩᠬᠡᠶᠢᠯᠡᠨ ᠪᠤᠳᠤᠯᠬᠢᠯᠠᠵᠤ᠂ ᠠᠮᠢ ᠠᠬᠤᠢ ᠶᠢᠨ | ᠪᠠᠶᠢᠭᠤᠯᠤᠯᠲᠠ ᠪᠠ ᠠᠮᠢ ᠠᠬᠤᠢ ᠪᠠᠷ ᠠᠷᠠᠳ ᠢ ᠬᠠᠷᠠᠭᠠᠯᠵᠠᠨ ᠠᠰᠢᠭ ᠬᠦᠷᠲᠡᠬᠡᠬᠦ ᠶᠢ ᠨᠢᠭᠲᠠ ᠣᠶᠠᠯᠳᠣᠭᠤᠯᠣᠨ᠂ ᠮᠠᠯᠴᠢᠨ ᠲᠠᠷᠢᠶᠠᠴᠢᠨ ᠳᠤ ᠠᠮᠢ ᠠᠬᠤᠢ ᠶᠢᠨ | ᠪᠠᠶᠢᠭᠤᠯᠤᠯᠲᠠ ᠶᠢᠨ ᠦᠷ᠎ᠡ ᠠᠰᠢᠭ ᠢ ᠡᠳ᠋ᠯᠡᠬᠦᠯᠦᠨ᠎ᠡ᠃ | —— ᠰᠠᠶᠢᠨ ᠳᠣᠷ᠎ᠠ ᠠᠴᠠ ᠪᠠᠨ ᠮᠡᠳᠡᠬᠦᠯᠵᠦ ᠰᠠᠨᠠᠭᠠᠴᠢᠯᠠᠭ᠎ᠠ ᠠᠴᠠ ᠪᠠᠨ ᠪᠦᠲᠦᠬᠡᠨ ᠪᠠᠶᠢᠭᠤᠯᠤᠨ᠎ᠠ᠃ ᠡᠯ᠎ᠡ ᠲᠦᠷᠦᠯ ᠤᠨ ᠪᠠᠶᠢᠭᠤᠯᠤᠯᠲᠠ ᠶᠢᠨ ᠭᠤᠤᠯ | ᠴᠤᠭᠴᠠ ᠠᠴᠠ ᠲᠦᠷᠦ ᠶᠢᠨ ᠪᠤᠳᠤᠯᠭ᠎ᠠ ᠶᠢᠨ ᠲᠤᠭᠲᠠᠭᠠᠯ ᠶᠤᠰᠤᠭᠠᠷ ᠰᠠᠶᠢᠨ ᠳᠣᠷ᠎ᠠ ᠠᠴᠠ ᠪᠠᠨ ᠮᠡᠳᠡᠬᠦᠯᠵᠦ᠂ ᠲᠤᠭᠲᠠᠭᠠᠭᠰᠠᠨ ᠠᠯᠬᠤᠮ ᠳᠠᠷᠠᠭ᠎ᠠ ᠪᠠᠷ ᠱᠠᠩᠨᠠᠯ | ᠬᠦᠬᠢᠬᠦᠯᠦᠯ ᠤᠨ ᠬᠢᠷᠢ ᠬᠡᠮ ᠣᠯᠣᠨ᠂ ᠬᠡᠷ᠎ᠡ ᠳᠤ ᠭᠠᠷ ᠤᠨ ᠦᠰᠦᠭ ᠵᠢᠷᠤᠨ᠎ᠠ᠃ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠲᠦᠯᠦᠪᠵᠢᠬᠦᠯᠬᠡ᠂ | ᠮᠡᠷᠬᠡᠵᠢᠯ ᠤᠨ ᠪᠠᠷᠢᠮᠵᠢᠶ᠎ᠠ ᠶᠤᠰᠤᠭᠠᠷ ᠰᠠᠨᠠᠭᠠᠴᠢᠯᠠᠭ᠎ᠠ ᠠᠴᠠ ᠪᠠᠨ ᠪᠦᠲᠦᠬᠡᠨ ᠪᠠᠶᠢᠭᠤᠯᠬᠤ ᠶᠢᠨ ᠬᠠᠮᠲᠤ ᠢᠨᠵᠧᠨᠧᠷᠢᠩ ᠤᠨ ᠪᠠᠶᠢᠭᠤᠯᠤᠯᠲᠠ ᠶᠢᠨ ᠶᠠᠰᠣ ᠴᠢᠨᠠᠷ ᠪᠠ | ᠠᠮᠤᠷ ᠳᠦᠪᠰᠢᠨ ᠳᠤ ᠬᠠᠷᠢᠭᠤᠴᠠᠵᠤ᠂ ᠢᠨᠵᠧᠨᠧᠷᠢᠩ ᠤᠨ ᠬᠤᠷᠢᠶᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠬᠠᠷᠠᠭᠠᠯᠵᠠᠭᠰᠠᠨ ᠬᠦᠬᠢᠬᠦᠯᠦᠯ ᠤᠨ | ᠮᠦᠩᠭᠦ ᠣᠯᠭᠤᠨ᠎ᠠ᠃ | —— ᠪᠦᠬᠦ ᠶᠠᠪᠤᠴᠠ ᠶᠢ ᠢᠯᠡ ᠲᠤᠲᠤ ᠨᠠᠶᠢᠲᠠᠯᠠᠨ᠎ᠠ᠃ ︽ᠬᠡᠷᠡᠭ ᠤᠨ ᠡᠬᠢᠨ᠂ ᠳᠣᠮᠳᠠ᠂ ᠡᠴᠦᠰ︾ ᠪᠦᠬᠦ ᠶᠠᠪᠤᠴᠠ ᠶᠢ ᠢᠯᠡ ᠨᠠᠶᠢᠲᠠᠯᠠᠬᠦ ᠳᠦᠷᠢᠮ | ᠢ ᠬᠡᠷᠡᠭᠵᠢᠬᠦᠯᠵᠦ᠂ ᠬᠦᠬᠢᠬᠦᠯᠦᠯ ᠤᠨ ᠲᠦᠷᠦ ᠶᠢᠨ ᠪᠤᠳᠤᠯᠭ᠎ᠠ᠂ ᠪᠠᠶᠢᠭᠤᠯᠤᠯᠲᠠ ᠶᠢᠨ ᠭᠤᠤᠯ ᠴᠤᠭᠴᠠ᠂ ᠢᠨᠵᠧᠨᠧᠷᠢᠩ ᠤᠨ ᠬᠡᠷᠡᠭᠵᠢᠬᠦᠯᠦᠯᠲᠡ ᠪᠠ ᠪᠡᠯᠡ | ᠮᠦᠩᠭᠦᠨ ᠤ ᠣᠯᠭᠤᠯᠲᠠ ᠵᠡᠷᠭᠡ ᠪᠠᠶᠢᠳᠠᠯ ᠢ ᠴᠠᠭ ᠲᠤᠬᠠᠢ ᠳᠤᠨᠢ ᠨᠡᠶᠢᠬᠡᠮ ᠨᠡᠶᠢᠲᠡ ᠳᠤ ᠢᠯᠡ ᠨᠠᠶᠢᠲᠠᠯᠠᠨ᠂ ᠬᠢᠨᠠᠯᠲᠠ ᠶᠢ ᠬᠦᠯᠢᠶᠡᠨ ᠠᠪᠴᠣ᠂ ᠬᠦᠬᠢᠬᠦᠯᠦᠯ ᠤᠨ | ᠢᠯᠡ ᠲᠤᠲᠤ ᠶᠢ ᠪᠠᠲᠤᠯᠠᠨ᠎ᠠ᠃ | —— ᠲᠤᠭᠲᠠᠴᠠ ᠪᠠᠨ ᠰᠢᠨᠡᠴᠢᠯᠡᠵᠦ ᠪᠦᠲᠦᠮᠵᠢ ᠪᠠᠨ ᠳᠡᠭᠡᠭᠰᠢᠯᠡᠬᠦᠯᠦᠨ᠎ᠡ᠃ ᠢᠨᠵᠧᠨᠧᠷᠢᠩ ᠤᠨ ᠬᠡᠷᠡᠭᠵᠢᠬᠦᠯᠦᠯᠲᠡ᠂ ᠪᠡᠯᠡ ᠮᠦᠩᠭᠦᠨ ᠤ | ᠣᠷᠣᠭᠤᠯᠣᠯᠲᠠ᠂ ᠪᠠᠶᠢᠭᠤᠯᠤᠯᠲᠠ ᠶᠢᠨ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠲᠦᠷᠦ ᠶᠢᠨ ᠪᠤᠳᠤᠯᠭ᠎ᠠ ᠶᠢᠨ ᠲᠤᠭᠲᠠᠴᠠ ᠶᠢ ᠢᠳᠡᠪᠬᠢᠲᠡᠢ ᠪᠠᠷ | ᠰᠢᠨᠡᠴᠢᠯᠡᠵᠦ᠂ ᠣᠷᠣᠨ ᠨᠣᠲᠤᠭ ᠤᠨ ᠪᠡᠯᠡ ᠣᠷᠣᠭᠤᠯᠣᠯᠲᠠ ᠪᠠ ᠨᠡᠶᠢᠬᠡᠮ ᠤᠨ ᠪᠡᠯᠡ ᠮᠦᠩᠭᠦ ᠶᠢ ᠵᠢᠯᠤᠭᠤᠳᠴᠤ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ | ᠬᠦᠷᠦᠰᠦ ᠰᠢᠷᠤᠢ ᠶᠢᠨ ᠢᠳᠡᠭᠳᠡᠯ ᠤᠨ ᠵᠠᠰᠠᠯᠲᠠ ᠳᠤ ᠣᠷᠣᠯᠴᠠᠭᠤᠯᠤᠨ᠂ ᠣᠯᠠᠨ ᠡᠰᠢᠵᠢᠭᠰᠡᠨ ᠣᠷᠣᠭᠤᠯᠤᠯᠲᠠ ᠵᠠᠰᠠᠯᠲᠠ ᠲᠤᠭᠲᠠᠴᠠ ᠶᠢ ᠰᠦᠪᠭᠴᠢᠯᠡᠨ | ᠪᠠᠶᠢᠭᠤᠯᠣᠨ᠎ᠠ᠃ ᠪᠠᠶᠢᠭᠤᠯᠤᠯᠲᠠ ᠶᠢᠨ ᠶᠠᠪᠤᠴᠠ ᠶᠢ ᠳᠦᠬᠦᠮᠴᠢᠯᠡᠵᠦ᠂ ᠠᠵᠢᠯ ᠤᠨ ᠳᠦᠷᠢᠮ ᠢ ᠲᠡᠬᠦᠯᠳᠡᠷᠵᠢᠬᠦᠯᠦᠨ᠂ ᠬᠠᠮᠢᠶᠠᠷᠤᠯᠲᠠ ᠶᠢᠨ ᠪᠦᠲᠦᠮᠵᠢ ᠪᠠᠨ | ᠳᠡᠭᠡᠭᠰᠢᠯᠡᠬᠦᠯᠵᠦ᠂ ᠬᠦᠷᠦᠰᠦ ᠰᠢᠷᠤᠢ ᠶᠢᠨ ᠢᠳᠡᠭᠳᠡᠯ ᠤᠨ ᠵᠠᠰᠠᠯᠲᠠ ᠶᠢᠨ ᠴᠢᠳᠠᠪᠤᠷᠢ ᠶᠢ ᠦᠷᠬᠦᠯᠵᠢᠯᠡᠨ ᠳᠡᠭᠡᠭᠰᠢᠡᠯᠬᠦᠯᠦᠨᠡ᠃ | ᠭᠤᠷᠪᠠ᠂ ᠬᠠᠷᠠᠯᠲᠠ ᠡᠬᠦᠷᠭᠡ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠲᠦᠷᠦᠯ ᠵᠦᠢᠯ ᠤᠨ ᠬᠡᠷᠡᠭᠵᠢᠬᠦᠯᠦᠯᠲᠡ ᠪᠠᠷ ᠮᠠᠨ ᠤ ᠬᠤᠰᠢᠭᠤᠨ ᠤ ᠬᠦᠷᠦᠰᠦ | ᠰᠢᠷᠤᠢ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ᠣᠯᠠᠨ ᠲᠦᠮᠡᠨ ᠤ ᠣᠷᠣᠯᠴᠠᠯᠭ᠎ᠠ ᠶᠢᠨ ᠨᠣᠷᠮ᠎ᠠ ᠳᠣᠣᠷ᠎ᠠ᠂ ᠶᠡᠷᠦᠩᠬᠡᠶᠢᠯᠡᠭᠰᠡᠨ ᠦᠷ᠎ᠡ ᠠᠰᠢᠭ ᠳᠣᠣᠷ᠎ᠠ᠂ | ᠪᠠᠶᠢᠭᠤᠯᠤᠯᠲᠠ ᠶᠢ ᠴᠢᠬᠤᠯᠠᠴᠢᠯᠠᠨ ᠬᠠᠮᠢᠶᠠᠷᠤᠯᠲᠠ ᠶᠢ ᠬᠦᠩᠭᠡᠪᠴᠢᠯᠡᠬᠦ ᠵᠡᠷᠭᠡ ᠣᠯᠠᠨ ᠪᠤᠭᠤᠮᠢ ᠶᠢ ᠬᠦᠴᠦᠯᠡᠨ ᠰᠢᠪᠲᠤᠯᠤᠨ᠎ᠠ᠃ ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠣᠯᠠᠨ ᠡᠰᠢᠲᠤ ᠣᠷᠣᠭᠤᠯᠣᠯᠲᠠ ᠶᠢᠨ ᠲᠤᠭᠲᠠᠴᠠ ᠶᠢ ᠪᠠᠶᠢᠭᠤᠯᠤᠨ᠂ ᠡᠳ᠋ ᠤᠨ ᠵᠠᠰᠠᠭ ᠤᠨ ᠪᠡᠯᠡ ᠮᠦᠩᠭᠦᠨ ᠤ ᠬᠡᠷᠡᠭᠯᠡᠯᠲᠡ ᠶᠢᠨ ᠦᠷ᠎ᠡ ᠠᠰᠢᠭ | ᠢ ᠢᠯᠡᠷᠬᠡᠢ ᠳᠡᠭᠡᠭᠰᠢᠯᠡᠬᠦᠯᠦᠨ᠎ᠡ᠃ ᠠᠷᠠᠳ ᠠᠴᠠ ᠦᠪᠡᠷᠲᠡᠭᠡᠨ ᠪᠠᠶᠢᠭᠤᠯᠬᠤ᠂ ᠡᠷᠦᠬᠡ ᠬᠤᠯᠪᠤᠭᠠᠯᠠᠨ ᠬᠠᠮᠲᠤᠷᠠᠨ ᠪᠠᠶᠢᠭᠤᠯᠬᠤ᠂ ᠬᠤᠷᠰᠢᠶᠡᠵᠢᠯ ᠠᠴᠠ ᠪᠠᠶᠢᠭᠤᠯᠬᠤ | ᠵᠡᠷᠭᠡ ᠲᠤᠷᠰᠢᠯᠲᠠ ᠶᠢᠨ ᠴᠡᠭ ᠤᠨ ᠠᠵᠢᠯᠯᠠᠮᠵᠢ ᠶᠢᠨ ᠬᠦᠬᠢᠬᠦᠯᠦᠯ ᠤᠨ ᠲᠤᠭᠲᠠᠴᠠ ᠶᠢ ᠢᠳᠡᠪᠬᠢᠲᠡᠢ ᠪᠠᠷ ᠬᠡᠷᠡᠭᠵᠢᠬᠦᠯᠵᠦ᠂ ᠣᠯᠠᠨ ᠲᠦᠮᠡᠨ ᠤ ᠣᠷᠣᠯᠴᠠᠯᠭ᠎ᠠ ᠪᠠ | ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠪᠠᠶᠢᠭᠤᠯᠤᠯᠲᠠ ᠶᠢᠨ ᠳᠡᠮᠵᠢᠯᠬᠡ ᠶᠢᠨ ᠰᠠᠨᠠᠮᠵᠢ ᠶᠢ ᠢᠯᠡᠷᠬᠡᠢ ᠳᠡᠭᠡᠭᠰᠢᠯᠡᠬᠦᠯᠦᠨ᠂ ᠠᠮᠢ ᠠᠬᠤᠢ ᠣᠷᠴᠢᠨ ᠲᠤᠭᠤᠷᠢᠨ ᠢ | ᠢᠯᠡᠷᠬᠡᠢ ᠰᠠᠶᠢᠵᠢᠷᠠᠭᠤᠯᠵᠤ᠂ ᠠᠮᠢ ᠠᠬᠤᠢ ᠶᠢᠨ ᠵᠠᠰᠠᠯᠲᠠ ᠪᠠ ᠠᠷᠠᠳ ᠲᠦᠮᠡᠨ ᠤ ᠴᠢᠨᠡᠭᠡᠯᠢᠭᠵᠢᠯ ᠤᠨ ᠬᠤᠤᠰ ᠢᠯᠠᠯᠲᠠ ᠶᠢ ᠪᠡᠶᠡᠯᠡᠬᠦᠯᠦᠨ᠎ᠡ᠃ | ᠳᠦᠷᠪᠡ᠂ ᠬᠦᠬᠢᠬᠦᠯᠦᠯ ᠤᠨ ᠠᠭᠤᠯᠭ᠎ᠠ | ︵ᠨᠢᠬᠡ︶ ᠬᠦᠬᠢᠬᠦᠯᠦᠯ ᠤᠨ ᠪᠡᠯᠡ ᠮᠦᠩᠭᠦ᠃ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠪᠡᠯᠡ ᠮᠦᠩᠭᠦᠨ ᠤ ᠢᠷᠡᠯᠲᠡ ᠭᠤᠤᠯᠳᠠᠭᠤ ᠲᠦᠪ᠂ | ᠦᠪᠡᠷᠲᠡᠭᠡᠨ ᠵᠠᠰᠠᠬᠤ ᠤᠷᠤᠨ ᠪᠠ ᠣᠷᠣᠨ ᠨᠣᠲᠤᠭ ᠤᠨ ᠡᠳ᠋ ᠤᠨ ᠵᠠᠰᠠᠭ ᠤᠨ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ | ᠢᠨᠵᠧᠨᠧᠷᠢᠩ ᠤᠨ ᠪᠠᠶᠢᠭᠤᠯᠤᠯᠲᠠ ᠶᠢᠨ ᠡᠬᠦᠷᠭᠡ ᠳᠤ ᠬᠡᠷᠡᠭᠯᠡᠬᠦ ᠪᠡᠯᠡ ᠮᠦᠩᠭᠦ ᠵᠢᠴᠢ ᠣᠷᠣᠨ ᠨᠣᠲᠤᠭ ᠤᠨ ᠡᠳ᠋ ᠤᠨ ᠵᠠᠰᠠᠭ ᠤᠨ ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠳᠤ ᠬᠡᠷᠡᠭᠯᠡᠬᠦ ᠪᠡᠯᠡ ᠮᠦᠩᠭᠦ ᠪᠤᠯᠤᠨ᠎ᠠ᠃ | ︵ᠬᠤᠶᠠᠷ︶ ᠬᠦᠬᠢᠬᠦᠯᠦᠯ ᠤᠨ ᠡᠳᠡᠭᠡᠳ᠃ ᠬᠦᠬᠢᠬᠦᠯᠦᠯ ᠤᠨ ᠡᠲᠡᠭᠡᠳ ᠪᠤᠯ ᠰᠠᠶᠢᠨ ᠳᠣᠷ᠎ᠠ ᠠᠴᠠ ᠪᠠᠨ ᠪᠡᠯᠡ ᠭᠠᠷᠭᠠᠨ ᠬᠦᠷᠦᠰᠦ ᠰᠢᠷᠤᠢ ᠶᠢᠨ ᠢᠳᠡᠭᠳᠡᠯ | ᠤᠨ ᠵᠠᠰᠠᠯᠲᠠ ᠳᠤ ᠣᠷᠣᠯᠴᠠᠬᠤ ᠮᠠᠯᠴᠢᠨ ᠲᠠᠷᠢᠶᠠᠴᠢᠨ ᠤ ᠬᠤᠷᠰᠢᠶᠠᠵᠢᠯ᠂ ᠮᠠᠯ ᠲᠠᠷᠢᠶᠠᠯᠠᠩ ᠤᠨ ᠲᠠᠯᠠᠪᠠᠢ᠂ ᠭᠠᠴᠠᠭ᠎ᠠ ᠲᠤᠰᠬᠤᠨ ᠤ ᠬᠠᠮᠲᠤ ᠨᠡᠶᠢᠲᠡ᠂ ᠲᠤᠰᠬᠠᠢ | ᠡᠷᠦᠬᠡ᠂ ᠮᠠᠯᠴᠢᠨ ᠲᠠᠷᠢᠶᠠᠴᠢᠨ ᠵᠢᠴᠢ ᠪᠤᠰᠣᠳ ᠠᠵᠤ ᠠᠬᠤᠶᠢᠯᠠᠯ᠂ ᠨᠡᠶᠢᠬᠡᠮ ᠤᠨ ᠵᠤᠬᠢᠶᠠᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠪᠠᠶᠢᠭᠤᠯᠤᠯᠲᠠ ᠶᠢᠨ | ᠭᠤᠤᠯ ᠴᠤᠭᠴᠠ ᠪᠦᠬᠦᠨ ᠬᠦᠬᠢᠬᠦᠯᠦᠯ ᠤᠨ ᠡᠲᠡᠭᠡᠳ ᠪᠤᠯᠤᠨ᠎ᠠ᠃ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠢᠨᠵᠧᠨᠧᠷᠢᠩ ᠤᠨ ᠬᠡᠷᠡᠭᠵᠢᠬᠦᠯᠦᠯᠲᠡ ᠶᠢᠨ | ᠶᠠᠪᠤᠴᠠ ᠳᠤ᠂ ᠪᠠᠶᠢᠭᠤᠯᠤᠯᠲᠠ ᠶᠢᠨ ᠭᠤᠤᠯ ᠴᠤᠭᠴᠠ ᠶᠢ ᠡᠯ᠎ᠡ ᠪᠠᠯᠭᠠᠰᠣᠨ ᠠᠴᠠ ᠲᠤᠬᠠᠢ ᠶᠢᠨ ᠭᠠᠵᠠᠷ ᠤᠨ ᠣᠯᠠᠨ ᠲᠦᠮᠡᠨ ᠢ ᠵᠤᠬᠢᠶᠠᠨ ᠪᠠᠶᠢᠭᠤᠯᠤᠨ | ᠢᠨᠵᠧᠨᠧᠷᠢᠩ ᠤᠨ ᠪᠠᠶᠢᠭᠤᠯᠤᠯᠲᠠ ᠳᠤ ᠣᠷᠣᠯᠴᠠᠭᠤᠯᠵᠤ᠂ ᠬᠦᠬᠢᠬᠦᠯᠦᠯ ᠤᠨ ᠡᠲᠡᠭᠡᠳ ᠢ ᠲᠤᠭᠲᠠᠭᠠᠬᠤ ᠦᠶᠡᠰ᠂ ᠡᠷᠬᠡᠪᠰᠢ ᠵᠠᠰᠠᠯᠲᠠ ᠶᠢᠨ ᠲᠤᠭᠤᠷᠢᠭ ᠲᠠᠢ | ᠰᠢᠭᠤᠳ ᠬᠠᠷᠢᠴᠠᠭ᠎ᠠ ᠲᠠᠢ ᠪᠠᠶᠢᠭᠤᠯᠤᠯᠲᠠ ᠶᠢᠨ ᠭᠤᠤᠯ ᠴᠤᠭᠴᠠ ᠶᠢ ᠲᠡᠷᠢᠬᠦᠨ ᠳᠤ ᠪᠤᠳᠤᠯᠬᠢᠯᠠᠨ᠎ᠠ᠃ | ︵ᠭᠤᠷᠪᠠ︶ ᠬᠦᠬᠢᠬᠦᠯᠦᠯ ᠤᠨ ᠬᠡᠪᠴᠢᠶᠡᠵᠢᠯ᠃ ᠪᠠᠷᠢᠯᠭ᠎ᠠ ᠶᠢᠨ ᠭᠠᠭᠴᠠ ᠲᠦᠷᠦᠯ ᠤᠨ ᠭᠡᠷ᠎ᠡ ᠶᠢᠨ ᠪᠠᠷᠤᠭᠴᠠᠭᠠᠯᠠᠬᠤ ᠦᠨ᠎ᠡ ᠶᠢ 400 ᠲᠦᠮᠡᠨ ᠲᠦᠬᠦᠷᠢᠭ | ᠠᠴᠠ ᠳᠠᠪᠠᠭᠤᠯᠬᠤ ᠦᠬᠡᠢ᠂ ᠮᠡᠲ᠋ᠧᠷᠢᠶᠡᠯ᠂ ᠴᠢᠬᠢ ᠮᠣᠳᠣ ᠵᠡᠷᠭᠡ ᠪᠠᠷᠠᠭᠠᠨ ᠤ ᠬᠤᠳᠠᠯᠳᠣᠨ ᠠᠪᠤᠯᠲᠠ ᠶᠢᠨ ᠭᠠᠭᠴᠠ ᠲᠦᠷᠦᠯ ᠤᠨ ᠭᠡᠷ᠎ᠡ ᠶᠢᠨ ᠪᠠᠷᠤᠭᠴᠠᠭᠠᠯᠠᠬᠤ | ᠦᠨ᠎ᠡ ᠶᠢ 200 ᠲᠦᠮᠡᠨ ᠲᠦᠬᠦᠷᠢᠭ ᠠᠴᠠ ᠳᠠᠪᠠᠭᠤᠯᠬᠤ ᠦᠬᠡᠢ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ ᠢᠨᠵᠧᠨᠧᠷᠢᠩ ᠳᠤ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠶᠢ ᠬᠡᠷᠡᠭᠵᠢᠬᠦᠯᠦᠨ᠎ᠡ᠃ | ︽ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠮᠡᠷᠭᠡᠵᠢᠯ ᠤᠨ ᠳᠦᠷᠢᠮᠵᠢᠯ︾ ᠳᠤ ᠲᠤᠲᠤᠷᠬᠠᠶᠢᠯᠠᠭᠰᠠᠨ ᠢᠨᠵᠧᠨᠧᠷᠢᠩ᠂ | ᠣᠷᠭᠤᠮᠠᠯ ᠵᠡᠷᠭᠡ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠠᠷᠭ᠎ᠠ ᠠᠪᠴᠠᠯ ᠪᠠ ︽ᠠᠮᠢ ᠠᠬᠤᠢ ᠶᠢᠨ ᠠᠷᠭ᠎ᠠ ᠪᠠᠷ ᠴᠡᠪᠡᠷᠰᠢᠬᠦᠯᠬᠦ ᠵᠢᠵᠢᠭ ᠰᠠᠪᠠ ᠭᠠᠵᠠᠷ ᠤᠨ | ᠪᠠᠶᠢᠭᠤᠯᠤᠯᠲᠠ ᠶᠢᠨ ᠮᠡᠷᠭᠡᠵᠢᠯ ᠤᠨ ᠬᠦᠲᠦᠯᠪᠤᠷᠢ︾ ᠳᠤ ᠲᠤᠲᠤᠷᠬᠠᠶᠢᠯᠠᠭᠰᠠᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠠᠷᠭ᠎ᠠ ᠠᠪᠴᠠᠯ ᠵᠢᠴᠢ | ᠬᠦᠷᠦᠰᠦ ᠰᠢᠷᠤᠢ ᠶᠢᠨ ᠢᠳᠡᠭᠳᠡᠯ ᠤᠨ ᠪᠦᠰᠡ ᠳᠤ ᠬᠡᠷᠡᠭᠵᠢᠬᠦᠯᠦᠭᠰᠡᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠢᠨᠵᠧᠨᠧᠷᠢᠩ ᠵᠡᠷᠭᠡ ᠵᠠᠰᠠᠯᠲᠠ | ᠶᠢᠨ ᠠᠷᠭ᠎ᠠ ᠠᠪᠴᠠᠯ ᠪᠦᠬᠡᠳ ᠲᠤᠬᠠᠢ ᠶᠢᠨ ᠭᠠᠵᠠᠷ ᠤᠨ ᠵᠠᠰᠠᠯᠲᠠ ᠶᠢᠨ ᠬᠡᠷᠡᠭᠴᠡᠭᠡᠨ ᠳᠤ ᠨᠡᠶᠢᠴᠡᠭᠰᠡᠨ ᠪᠦᠬᠦᠨ ᠢ ᠬᠦᠬᠢᠬᠦᠯᠦᠯ ᠤᠨ ᠬᠡᠪᠴᠢᠶᠡᠨ ᠳᠤ | ᠣᠷᠣᠭᠤᠯᠣᠨ᠎ᠠ᠃ | ᠰᠢᠷ᠎ᠠ ᠬᠦᠷᠦᠰᠦᠲᠦ ᠦᠨᠳᠦᠷᠯᠢᠭ ᠤᠨ ᠨᠦᠯᠦᠮᠡᠯ ᠭᠠᠵᠠᠷ ᠤᠨ ᠬᠠᠰᠢᠯᠭ᠎ᠠ᠂ ᠪᠠᠭᠲᠠᠭᠠᠮᠵᠢ ᠨᠢ 1 ᠲᠦᠮᠡᠨ ᠪᠤᠰᠤᠭ᠎ᠠ ᠳᠦᠷᠪᠡᠯᠵᠢᠨ ᠮᠧᠲᠷ ᠠᠴᠠ ᠳᠡᠭᠡᠭᠰᠢ | ᠵᠢᠵᠢᠭ ᠨᠠᠭᠤᠷ︔ ᠪᠤᠰᠣᠳ ᠮᠡᠷᠭᠡᠵᠢᠯ ᠤᠨ ᠱᠠᠭᠠᠷᠳᠠᠯᠭ᠎ᠠ ᠦᠨᠳᠦᠷ᠂ ᠠᠶᠤᠯ ᠳᠦᠭᠰᠢᠬᠦᠷᠢ ᠣᠷᠣᠰᠢᠵᠦ ᠪᠠᠶᠢᠭ᠎ᠠ ᠬᠦᠷᠦᠰᠦ ᠰᠢᠷᠤᠢ ᠶᠢᠨ ᠬᠠᠮᠠᠭᠠᠯᠠᠯᠲᠠ ᠶᠢᠨ | ᠢᠨᠵᠧᠨᠧᠷᠢᠩ ᠤᠨ ᠠᠷᠭ᠎ᠠ ᠠᠪᠴᠠᠯ︔ ᠬᠦᠷᠦᠰᠦ ᠰᠢᠷᠤᠢ ᠶᠢᠨ ᠢᠳᠡᠭᠳᠡᠯ ᠤᠨ ᠵᠠᠰᠠᠯᠲᠠ ᠶᠢᠨ ᠪᠦᠲᠦᠮᠵᠢ ᠢᠯᠡᠷᠬᠡᠢ ᠪᠤᠰᠣ ᠠᠷᠭ᠎ᠠ ᠠᠪᠴᠠᠯ ︵ᠦᠶᠡᠯᠡᠯ ᠤᠨ | ᠬᠤᠭᠤᠴᠠᠭ᠎ᠠ ᠤᠬᠤᠷ ᠠᠵᠤ ᠠᠬᠤᠢ ᠶᠢᠨ ᠣᠢ ᠶᠢ ᠴᠠᠪᠴᠢᠬᠤ ᠪᠤᠶᠤ ᠠᠵᠤ ᠠᠬᠤᠢ ᠶᠢᠨ ᠵᠢᠮᠢᠰ ᠤᠨ ᠮᠣᠳᠣ ᠲᠠᠷᠢᠬᠤ ᠪᠠᠷ ᠭᠤᠤᠯ ᠵᠤᠷᠢᠯᠭ᠎ᠠ ᠪᠠᠨ ᠪᠤᠯᠭᠠᠭᠰᠠᠨ | ᠠᠷᠭ᠎ᠠ ᠠᠪᠴᠠᠯ︶︔ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠠᠷᠢᠴᠠᠭ᠎ᠠ ᠨᠢᠭᠲᠠ ᠪᠣᠰᠣ ᠪᠤᠰᠣᠳ ᠪᠠᠶᠢᠭᠤᠯᠤᠯᠲᠠ ᠶᠢᠨ ᠠᠭᠤᠯᠭ᠎ᠠ ︵ᠣᠰᠣ ᠣᠮᠳᠠ ᠶᠢᠨ | ᠠᠮᠣᠷ ᠳᠦᠪᠰᠢᠨ᠂ ᠪᠤᠬᠢᠷ ᠣᠰᠣᠨ ᠤ ᠰᠢᠢᠳᠪᠦᠷᠢᠯᠡᠯᠲᠡ ᠶᠢᠨ ᠢᠨᠵᠧᠨᠧᠷᠢᠩ᠂ ᠬᠦᠳᠡᠭᠡ ᠲᠤᠰᠬᠤᠨ ᠤ ᠵᠠᠰᠠᠮᠠᠯ ᠵᠠᠮ ᠴᠠᠬᠢᠯᠭᠠᠨ ᠬᠦᠴᠦ᠂ ᠬᠤᠭ ᠨᠤᠪᠰᠢ ᠶᠢᠨ | ᠰᠢᠢᠳᠪᠦᠷᠢᠯᠡᠯᠲᠡ ᠵᠡᠷᠭᠡ ᠲᠦᠷᠦᠯ ᠵᠦᠢᠯ︶︔ ᠲᠤᠰ ᠲᠦᠰᠦᠯ ᠢ ᠭᠠᠷᠭᠠᠬᠤ ᠠᠴᠠ ᠡᠮᠦᠨ᠎ᠡ ᠪᠡᠶᠡᠯᠡᠬᠦᠯᠦᠭᠰᠡᠨ ᠲᠦᠷᠦᠯ ᠵᠦᠢᠯ ᠪᠠ ᠵᠠᠰᠠᠯᠳᠠ ᠶᠢᠨ ᠠᠷᠭ᠎ᠠ ᠠᠪᠴᠠᠯ | ᠢ ᠬᠦᠬᠢᠬᠦᠯᠦᠯ ᠤᠨ ᠬᠡᠪᠴᠢᠶᠡᠨ ᠳᠤ ᠣᠷᠣᠭᠤᠯᠬᠤ ᠦᠬᠡᠢ᠃ ᠴᠤᠬᠤᠯᠠᠪᠤᠷᠢᠯᠠᠯ ᠪᠠ ᠪᠠᠶᠢᠭᠤᠯᠤᠯᠲᠠ ᠶᠢᠨ ᠴᠤᠬᠤᠯᠠᠪᠤᠷᠢᠯᠠᠯ ᠦᠬᠡᠢ ᠪᠦᠬᠦᠨ ᠢ ᠬᠦᠬᠢᠬᠦᠯᠬᠦ ᠦᠬᠡᠢ᠃ | ᠪᠤᠰᠣᠳ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠴᠢᠳᠠᠮᠵᠢ ᠲᠠᠢ ᠵᠠᠰᠠᠭ ᠤᠨ ᠣᠷᠳᠣᠨ ᠤ ᠪᠡᠯᠡ ᠣᠷᠣᠭᠤᠯᠣᠯᠲᠠ ᠶᠢᠨ ᠪᠠᠶᠢᠭᠤᠯᠤᠯᠲᠠ ᠶᠢᠨ ᠲᠦᠷᠦᠯ ᠵᠦᠢᠯ ᠢ | ᠬᠦᠬᠢᠬᠦᠯᠬᠦ ᠦᠬᠡᠢ᠃ | ︵ᠳᠦᠷᠪᠡ︶ ᠬᠦᠬᠢᠬᠦᠯᠦᠯ ᠤᠨ ᠪᠠᠷᠢᠮᠵᠢᠶ᠎ᠠ᠃ ᠢᠨᠵᠧᠨᠧᠷᠢᠩ ᠤᠨ ᠬᠦᠬᠢᠬᠦᠯᠦᠯ ᠤᠨ ᠲᠤᠭ᠎ᠠ ᠨᠣᠷᠮ᠎ᠠ ᠶᠢ ᠭᠠᠭᠴᠠ ᠲᠦᠷᠦᠯ ᠤᠨ ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠠᠷᠭ᠎ᠠ ᠠᠪᠴᠠᠯ ᠤᠨ ᠪᠡᠯᠡ ᠣᠷᠣᠭᠤᠯᠣᠯᠲᠠ ᠪᠠᠷ ᠲᠤᠭᠠᠴᠢᠵᠦ᠂ ᠢᠨᠵᠧᠨᠧᠷᠢᠩ ᠤᠨ ᠠᠷᠭ᠎ᠠ ᠠᠪᠴᠠᠯ ᠳᠤ ᠭᠤᠤᠯᠳᠠᠭᠤ ᠵᠠᠪᠠ ᠶᠢᠨ ᠬᠠᠰᠢᠯᠭ᠎ᠠ᠂ | ᠨᠣᠷ᠎ᠠ ᠶᠢᠨ ᠡᠬᠢ ᠶᠢᠨ ᠬᠠᠮᠠᠭᠠᠯᠠᠯᠲᠠ ᠶᠢᠨ ᠢᠨᠵᠧᠨᠧᠷᠢᠩ᠂ ᠡᠯᠡᠰᠦᠨ ᠤ ᠬᠠᠯᠬᠠᠪᠴᠢ᠂ ᠲᠤᠤᠷ ᠰᠠᠷᠠᠯᠵᠢ᠂ ᠪᠢᠲᠡᠬᠦᠮᠵᠢᠯᠡᠭᠰᠡᠨ ᠵᠠᠰᠠᠯᠲᠠ ᠪᠠ ᠳᠦᠬᠦᠷᠴᠢᠯᠡᠭᠰᠡᠨ | ᠪᠠᠶᠢᠭᠤᠯᠤᠯᠲᠠ ᠶᠢᠨ ᠦᠢᠯᠡᠳᠪᠦᠷᠢᠯᠡᠯ ᠤᠨ ᠵᠠᠮ᠂ ᠣᠰᠣ ᠵᠠᠯᠠᠬᠤ ᠭᠤᠤ ᠰᠣᠪᠠᠭ᠂ ᠭᠤᠤ ᠰᠣᠪᠠᠭ ᠤᠨ ᠵᠠᠰᠠᠯᠲᠠ᠂ ᠣᠰᠣ ᠠᠷᠪᠢᠯᠠᠬᠤ ᠣᠰᠣᠯᠠᠯᠲᠠ ᠶᠢᠨ | ᠢᠨᠵᠧᠨᠧᠷᠢᠩ ᠵᠡᠷᠭᠡ ᠪᠤᠢ᠃ ᠣᠷᠭᠤᠮᠠᠯ ᠤᠨ ᠠᠷᠭ᠎ᠠ ᠠᠪᠴᠠᠯ ᠳᠤ ᠭᠤᠤᠯᠳᠠᠭᠤ ᠠᠵᠤ ᠠᠬᠤᠢ ᠶᠢᠨ ᠵᠢᠮᠢᠰ ᠤᠨ ᠣᠢ᠂ ᠬᠦᠷᠦᠰᠦ ᠰᠢᠷᠤᠢ ᠶᠢᠨ ᠬᠠᠮᠠᠭᠠᠯᠠᠯᠲᠠ ᠶᠢᠨ | ᠣᠢ᠂ ᠲᠠᠷᠢᠮᠠᠯ ᠡᠪᠡᠰᠦ ᠵᠡᠷᠭᠡ ᠪᠤᠢ᠃ | 1. ᠢᠨᠵᠧᠨᠧᠷᠢᠩ ᠤᠨ ᠠᠷᠭ᠎ᠠ ᠠᠪᠴᠠᠯ ᠳᠤ ᠴᠤᠬᠤᠯᠠᠪᠤᠷᠢᠯᠠᠭᠰᠠᠨ ᠴᠤᠬᠤᠯᠠᠪᠤᠷᠢᠯᠠᠯ ᠤᠨ ᠬᠡᠷᠡᠭᠵᠢᠬᠦᠯᠬᠦ ᠲᠦᠰᠦᠯ ᠤᠨ ᠲᠤᠭᠲᠠᠭᠠᠭᠰᠠᠨ ᠪᠡᠯᠡ | ᠣᠷᠣᠭᠤᠯᠣᠯᠲᠠ ᠶᠢᠨ ᠪᠦᠬᠦ ᠲᠤᠭ᠎ᠠ ᠪᠠᠷ ᠨᠢᠬᠡᠯᠡ ᠳᠡᠭᠡᠷ᠎ᠡ ᠬᠦᠬᠢᠬᠦᠯᠦᠨ᠎ᠡ︔ | 2. ᠣᠷᠭᠤᠮᠠᠯ ᠤᠨ ᠠᠷᠭ᠎ᠠ ᠠᠪᠴᠠᠯ ᠤᠨ ᠬᠦᠬᠢᠬᠦᠯᠦᠯ ᠤᠨ ᠪᠠᠷᠢᠮᠵᠢᠶ᠎ᠠ ᠶᠢ ᠢᠨᠵᠧᠨᠧᠷᠢᠩ ᠤᠨ ᠲᠤᠭᠠᠴᠠᠭᠠᠨ ᠤ ᠦᠨ᠎ᠡ ᠶᠢᠨ 70% ᠠᠴᠠ ᠳᠠᠪᠠᠭᠤᠯᠬᠤ | ᠦᠬᠡᠢ︔ ᠡᠬᠦᠨ ᠳᠤ᠂ ᠲᠤᠬᠠᠢ ᠶᠢᠨ ᠭᠠᠵᠠᠷ ᠤᠨ ᠣᠯᠠᠨ ᠲᠦᠮᠡᠨ ᠬᠦᠬᠢᠬᠦᠯᠦᠯ ᠢᠶᠠᠷ ᠨᠦᠬᠦᠪᠦᠷᠢ ᠳᠤ ᠣᠷᠣᠯᠠᠭᠤᠯᠬᠤ ᠠᠷᠭ᠎ᠠ ᠠᠪᠴᠠᠯ ᠤᠨ ᠬᠷᠡᠭᠵᠢᠬᠦᠯᠦᠯᠲᠡ ᠳᠤ | ᠣᠷᠣᠯᠴᠠᠭᠰᠠᠨ ᠬᠦᠳᠡᠯᠮᠦᠷᠢ ᠶᠢᠨ ᠬᠠᠷᠠᠮᠵᠢ ᠪᠦᠬᠦ ᠬᠠᠷᠠᠮᠵᠢ ᠶᠢᠨ 15% ᠠᠴᠠ ᠳᠣᠣᠷ᠎ᠠ ᠪᠠᠶᠢᠵᠦ ᠪᠤᠯᠬᠤ ᠦᠬᠡᠢ᠃ | ︵ᠲᠠᠪᠤ︶ ᠬᠦᠬᠢᠬᠦᠯᠦᠯ ᠤᠨ ᠠᠷᠭ᠎ᠠ ᠮᠠᠶ᠋ᠢᠭ᠃ ᠢᠨᠵᠧᠨᠧᠷᠢᠩ ᠤᠨ ᠬᠤᠷᠢᠶᠠᠨ ᠰᠢᠯᠭᠠᠯᠲᠠ ᠳᠤ ᠬᠢᠷᠢ ᠳᠡᠩᠴᠡᠭᠰᠡᠨ ᠤ ᠳᠠᠷᠠᠭ᠎ᠠ᠂ ᠬᠤᠰᠢᠭᠤ ᠡᠳ᠋ ᠤᠨ ᠵᠠᠰᠠᠭ | ᠤᠨ ᠳᠣᠪᠴᠢᠶ᠎ᠠ ᠠᠴᠠ ᠬᠦᠬᠢᠬᠦᠯᠦᠯ ᠤᠨ ᠪᠠᠷᠢᠮᠵᠢᠶ᠎ᠠ ᠪᠠ ᠲᠤᠭᠲᠠᠭᠠᠭᠰᠠᠨ ᠣᠯᠭᠤᠯᠲᠠ ᠶᠢᠨ ᠠᠯᠬᠤᠮ ᠳᠠᠷᠠᠭ᠎ᠠ ᠶᠤᠰᠤᠭᠠᠷ᠂ ᠴᠠᠭ ᠲᠤᠬᠠᠢ ᠳᠤᠨᠢ ᠪᠠᠶᠢᠭᠤᠯᠤᠯᠲᠠ | ᠶᠢᠨ ᠭᠤᠤᠯ ᠴᠤᠭᠴᠠ ᠳᠤ ᠬᠦᠬᠢᠬᠦᠯᠦᠯ ᠤᠨ ᠮᠦᠩᠭᠦ ᠣᠯᠭᠤᠵᠣ᠂ ᠵᠠᠷᠴᠢᠮ ᠳᠡᠭᠡᠷ᠎ᠡ ᠪᠠᠨ ᠡᠷᠬᠡᠪᠰᠢ ᠬᠤᠷᠢᠶᠠᠨ ᠰᠢᠯᠭᠠᠭᠰᠠᠨ ᠤ ᠳᠠᠷᠠᠭᠠᠬᠢ ᠬᠤᠶᠠᠷ ᠰᠠᠷ᠎ᠠ ᠶᠢᠨ | ᠲᠤᠲᠤᠷ᠎ᠠ ᠣᠯᠭᠤᠨ᠎ᠠ᠃ ᠪᠦᠬᠦ ᠨᠦᠬᠦᠪᠦᠷᠢ ᠶᠢ ᠪᠤᠰᠣᠳ ᠮᠠᠯ ᠲᠠᠷᠢᠶᠠᠯᠠᠩ ᠲᠠᠢ ᠬᠤᠯᠪᠤᠭᠳᠠᠬᠤ ᠲᠦᠷᠦᠯ ᠵᠦᠢᠯ ᠲᠠᠢ ᠳᠠᠪᠲᠠᠵᠤ ᠡᠳ᠋ᠯᠡᠬᠦᠯᠬᠦ ᠦᠬᠡᠢ᠃ ᠣᠨ ᠤ | ᠬᠡᠷᠡᠭᠵᠢᠬᠦᠯᠦᠯᠲᠡ ᠶᠢᠨ ᠲᠦᠰᠦᠯ ᠳᠤ ᠣᠷᠣᠭᠤᠯᠣᠭᠰᠠᠨ ᠦᠬᠡᠢ ᠵᠠᠰᠠᠯᠲᠠ ᠶᠢᠨ ᠠᠷᠭ᠎ᠠ ᠠᠪᠴᠠᠯ ᠵᠢᠴᠢ ᠬᠦᠬᠢᠬᠦᠯᠦᠯ ᠤᠨ ᠠᠯᠬᠤᠮ ᠳᠠᠷᠠᠭ᠎ᠠ ᠪᠠᠷ | ᠵᠦᠪᠰᠢᠶᠡᠷᠡᠬᠦᠯᠦᠭᠰᠡᠨ ᠦᠬᠡᠢ ᠪᠠᠶᠢᠭᠤᠯᠤᠯᠲᠠ ᠶᠢᠨ ᠭᠤᠤᠯ ᠴᠤᠭᠴᠠ ᠶᠢ ᠬᠦᠬᠢᠬᠦᠯᠬᠦ ᠦᠬᠡᠢ᠃ | ᠲᠠᠪᠤ᠂ ᠬᠦᠬᠢᠬᠦᠯᠦᠯ ᠤᠨ ᠶᠠᠪᠤᠴᠠ | ︵ᠨᠢᠬᠡ︶ ᠵᠠᠷᠯᠠᠯ ᠨᠠᠶᠢᠲᠠᠯᠠᠨ᠎ᠠ᠃ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠬᠤᠰᠢᠭᠤ ᠡᠳ᠋ ᠤᠨ ᠵᠠᠰᠠᠭ ᠤᠨ ᠳᠣᠪᠴᠢᠶ᠎ᠠ ᠲᠠᠢ | ᠬᠠᠮᠲᠤᠷᠠᠨ ᠲᠤᠰ ᠭᠠᠵᠠᠷ ᠣᠷᠣᠨ ᠤ ᠬᠠᠮᠢᠶ᠎ᠠ ᠪᠦᠬᠦᠢ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠲᠦᠯᠦᠪᠵᠢᠬᠦᠯᠬᠡ ᠶᠢ ᠦᠨᠳᠦᠰᠦᠯᠡᠨ᠂ ᠲᠦᠪ᠂ ᠦᠪᠡᠷᠲᠡᠭᠡᠨ | ᠵᠠᠰᠠᠬᠤ ᠣᠷᠣᠨ᠂ ᠬᠤᠲᠠ ᠶᠢᠨ ᠣᠨ ᠤ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠡᠬᠦᠷᠭᠡ ᠵᠢᠴᠢ ᠬᠤᠰᠢᠭᠤ ᠱᠠᠲᠤᠨ ᠤ ᠴᠤᠬᠤᠯᠠᠪᠤᠷᠢᠯᠠᠭᠰᠠᠨ ᠢᠨᠵᠧᠨᠧᠷᠢᠩ ᠤᠨ | ᠪᠠᠶᠢᠭᠤᠯᠤᠯᠲᠠ ᠶᠢᠨ ᠬᠡᠷᠡᠭᠵᠢᠬᠦᠯᠬᠦ ᠲᠦᠰᠦᠯ ᠲᠠᠢ ᠣᠶᠠᠯᠳᠣᠭᠤᠯᠵᠣ᠂ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠭᠤᠶᠤᠴᠢᠯᠠᠨ ᠮᠡᠳᠡᠬᠦᠯᠬᠦ ᠵᠦᠭᠯᠡᠭᠦᠷ ᠢ | ᠲᠤᠲᠤᠷᠬᠠᠶᠢᠯᠠᠨ᠂ ᠬᠦᠬᠢᠬᠦᠯᠦᠯ ᠤᠨ ᠡᠲᠡᠭᠡᠳ᠂ ᠬᠡᠪᠴᠢᠶᠡᠵᠢᠯ᠂ ᠪᠠᠷᠢᠮᠵᠢᠶ᠎ᠠ᠂ ᠶᠠᠪᠤᠴᠠ᠂ ᠪᠠᠶᠢᠭᠤᠯᠤᠯᠲᠠ ᠶᠢᠨ ᠣᠷᠣᠨ ᠪᠦᠰᠡ᠂ ᠪᠠᠶᠢᠭᠤᠯᠤᠯᠲᠠ ᠶᠢᠨ ᠡᠬᠦᠷᠭᠡ᠂ | ᠬᠤᠷᠢᠶᠠᠨ ᠰᠢᠯᠭᠠᠬᠤ ᠪᠠᠷᠢᠮᠵᠢᠶ᠎ᠠ᠂ ᠬᠦᠬᠢᠬᠦᠯᠦᠯ ᠤᠨ ᠠᠷᠭ᠎ᠠ ᠮᠠᠶ᠋ᠢᠭ ᠵᠡᠷᠬᠡ ᠠᠭᠤᠯᠭ᠎ᠠ ᠶᠢ ᠲᠤᠲᠤᠷᠬᠠᠶᠢᠯᠠᠬᠤ ᠶᠢᠨ ᠬᠠᠮᠲᠤ ᠵᠠᠰᠠᠭ ᠤᠨ ᠣᠷᠳᠣᠨ ᠤ ᠰᠦᠯᠵᠢᠶ᠎ᠡ | ᠵᠡᠷᠭᠡ ᠵᠠᠭᠤᠴᠢᠯᠠᠭᠤᠷ ᠪᠠ ᠲᠦᠷᠦᠯ ᠵᠦᠢᠯ ᠤᠨ ᠪᠠᠯᠭᠠᠰᠣᠨ ᠳᠤ ᠵᠠᠷᠯᠠᠯ ᠨᠡᠶᠢᠲᠡᠯᠡᠨ᠎ᠡ᠃ | ︵ᠬᠤᠶᠠᠷ︶ ᠢᠨᠵᠧᠨᠧᠷᠢᠩ ᠤᠨ ᠭᠤᠶᠤᠴᠢᠯᠠᠨ ᠮᠡᠳᠡᠬᠦᠯᠦᠯᠲᠡ᠃ ᠪᠠᠶᠢᠭᠤᠯᠤᠯᠲᠠ ᠶᠢᠨ ᠭᠤᠤᠯ ᠴᠤᠭᠴᠠ ᠠᠴᠠ ᠱᠠᠭᠠᠷᠳᠠᠯᠭ᠎ᠠ ᠶᠤᠰᠤᠭᠠᠷ ᠬᠦᠬᠢᠬᠦᠯᠦᠯ ᠢᠶᠠᠷ | ᠨᠦᠬᠦᠪᠦᠷᠢ ᠶᠢ ᠣᠷᠣᠯᠠᠭᠤᠯᠬᠤ ᠢᠨᠵᠧᠨᠧᠷᠢᠩ ᠤᠨ ᠪᠠᠶᠢᠭᠤᠯᠤᠯᠲᠠ ᠶᠢᠨ ᠭᠤᠶᠤᠴᠢᠯᠠᠨ ᠮᠡᠳᠡᠬᠦᠯᠬᠦ ᠬᠦᠰᠦᠨᠦᠭ ᠢ ᠲᠠᠭᠯᠠᠵᠤ᠂ ᠪᠠᠶᠢᠭᠤᠯᠤᠯᠲᠠ ᠶᠢᠨ ᠭᠠᠵᠠᠷ ᠣᠷᠣᠨ | ︵ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠠᠴᠠ ᠠᠷᠭ᠎ᠠ ᠠᠪᠴᠠᠯ ᠤᠨ ᠲᠤᠯᠪᠤᠲᠤ ᠵᠢᠷᠤᠭ ᠤᠨ ᠲᠤᠭ᠎ᠠ ᠪᠤᠶᠤ ᠳᠦᠷᠪᠡᠨ ᠵᠠᠬ᠎ᠠ ᠶᠢᠨ | ᠪᠠᠶᠢᠷᠢᠰᠢᠯ ᠢ ᠬᠠᠪᠰᠣᠷᠣᠨ ᠲᠤᠭᠲᠠᠭᠠᠵᠤ᠂ ᠣᠳᠣᠬᠠᠨ ᠤ ᠪᠠᠶᠢᠳᠠᠯ ᠤᠨ ᠬᠡᠷᠡᠯ ᠵᠢᠷᠤᠭ ᠳᠠᠭᠠᠯᠳᠣᠭᠤᠯᠣᠨᠠ︶᠂ ᠪᠠᠶᠢᠭᠤᠯᠤᠯᠲᠠ ᠶᠢᠨ ᠠᠭᠤᠯᠭ᠎ᠠ᠂ ᠪᠠᠶᠢᠭᠤᠯᠤᠯᠲᠠ | ᠶᠢᠨ ᠴᠠᠭ ᠬᠤᠭᠤᠴᠠᠭ᠎ᠠ᠂ ᠬᠦᠬᠢᠬᠦᠯᠦᠯ ᠤᠨ ᠪᠡᠯᠡ ᠮᠦᠩᠭᠦ ᠭᠤᠶᠤᠴᠢᠯᠠᠬᠤ ᠪᠠᠶᠢᠭᠤᠯᠤᠯᠲᠠ ᠶᠢᠨ ᠬᠡᠪᠴᠢᠶ᠎ᠡ ᠵᠡᠷᠭᠡ ᠠᠭᠤᠯᠭ᠎ᠠ ᠶᠢ ᠲᠤᠲᠤᠷᠬᠠᠶᠢᠯᠠᠬᠤ ᠶᠢᠨ ᠬᠠᠮᠲᠤ | ᠪᠠᠶᠢᠭᠤᠯᠤᠯᠲᠠ ᠶᠢᠨ ᠭᠤᠤᠯ ᠴᠤᠭᠴᠠ ᠶᠢᠨ ᠬᠦᠷᠦᠩᠬᠡ ᠶᠢᠨ ᠢᠳᠡᠬᠡᠮᠵᠢ᠂ ᠪᠠᠶᠢᠭᠤᠯᠤᠯᠲᠠ ᠶᠢᠨ ᠭᠠᠵᠠᠷ ᠯᠤᠭ᠎ᠠ ᠶᠢᠨ ᠬᠠᠷᠢᠴᠠᠭ᠎ᠠ᠂ ᠪᠡᠯᠡ ᠣᠷᠣᠭᠤᠯᠣᠯᠲᠠ ᠬᠦᠴᠦᠨ | ᠤ ᠵᠠᠷᠤᠴᠠᠭᠤᠯᠤᠯᠲᠠ ᠵᠢᠴᠢ ᠬᠠᠮᠢᠶᠠᠷᠤᠯᠲᠠ ᠬᠠᠮᠠᠭᠠᠯᠠᠯᠲᠠ ᠶᠢᠨ ᠴᠢᠳᠠᠪᠤᠷᠢ ᠵᠡᠷᠭᠡ ᠬᠠᠮᠢᠶ᠎ᠠ ᠪᠦᠬᠦᠢ ᠮᠡᠲ᠋ᠧᠷᠢᠶᠡᠯ ᠢ ᠲᠤᠰᠢᠶᠠᠨ᠂ ᠠᠯᠬᠤᠮ ᠳᠠᠷᠠᠭ᠎ᠠ ᠶᠤᠰᠤᠭᠠᠷ | ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠳᠤ ᠮᠡᠳᠡᠬᠦᠯᠦᠨ᠎ᠡ᠃ ᠮᠡᠳᠡᠬᠦᠯᠦᠭᠰᠡᠨ ᠪᠠᠶᠢᠭᠤᠯᠤᠯᠲᠠ ᠶᠢᠨ ᠠᠭᠤᠯᠭ᠎ᠠ ᠨᠢ ᠣᠨ ᠤ | ᠬᠡᠷᠡᠭᠵᠢᠬᠦᠯᠬᠦ ᠲᠦᠰᠦᠯ ᠤᠨ ᠪᠦᠬᠦ ᠪᠠᠶᠢᠭᠤᠯᠤᠯᠲᠠ ᠶᠢᠨ ᠠᠭᠤᠯᠭ᠎ᠠ ᠪᠤᠶᠤ ᠬᠡᠰᠡᠭ ᠪᠠᠶᠢᠭᠤᠯᠤᠯᠲᠠ ᠶᠢᠨ ᠠᠭᠤᠯᠭ᠎ᠠ ᠪᠠᠶᠢᠬᠤ ᠬᠡᠷᠡᠭᠲᠡᠢ᠃ | ︵ᠭᠤᠷᠪᠠ︶ ᠬᠢᠨᠠᠨ ᠬᠠᠷᠭᠤᠭᠤᠯᠵᠤ ᠵᠠᠷᠯᠠᠨ᠎ᠠ᠃ ᠭᠤᠶᠤᠴᠢᠯᠠᠨ ᠮᠡᠳᠡᠬᠦᠯᠬᠦ ᠬᠦᠰᠦᠨᠦᠭ ᠢᠶᠠᠨ ᠭᠠᠴᠠᠭ᠎ᠠ ᠲᠤᠰᠬᠤᠨ ᠤ ᠵᠦᠪᠯᠡᠯ ᠤᠨ ᠬᠢᠨᠠᠨ ᠬᠠᠷᠭᠤᠭᠤᠯᠤᠯᠲᠠ | ᠪᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠪᠠᠶᠢᠭᠤᠯᠤᠯᠲᠠ ᠶᠢᠨ ᠭᠠᠵᠠᠷ ᠤᠨ ᠪᠠᠯᠭᠠᠰᠣᠨ ᠠᠴᠠ ᠪᠠᠶᠢᠭᠤᠯᠤᠯᠲᠠ ᠶᠢᠨ ᠭᠤᠤᠯ ᠴᠤᠭᠴᠠ ᠶᠢᠨ ᠬᠦᠷᠦᠩᠬᠡ ᠶᠢᠨ | ᠢᠳᠡᠬᠡᠮᠵᠢ᠂ ᠪᠠᠶᠢᠭᠤᠯᠤᠯᠲᠠ ᠶᠢᠨ ᠭᠠᠵᠠᠷ ᠯᠤᠭ᠎ᠠ ᠶᠢᠨ ᠬᠠᠷᠢᠴᠠᠭ᠎ᠠ᠂ ᠪᠡᠯᠡ ᠣᠷᠣᠭᠤᠯᠣᠯᠲᠠ ᠬᠦᠴᠦᠨ ᠤ ᠵᠠᠷᠤᠴᠠᠭᠤᠯᠤᠯᠲᠠ ᠵᠢᠴᠢ ᠬᠠᠮᠢᠶᠠᠷᠤᠯᠲᠠ ᠬᠠᠮᠠᠭᠠᠯᠠᠯᠲᠠ | ᠶᠢᠨ ᠴᠢᠳᠠᠪᠤᠷᠢ ᠵᠡᠷᠭᠡ ᠠᠭᠤᠯᠭ᠎ᠠ ᠶᠢ ᠬᠢᠨᠠᠨ ᠬᠠᠷᠭᠤᠭᠤᠯᠵᠤ᠂ ᠵᠦᠪᠰᠢᠶᠡᠷᠡᠬᠦᠯᠦᠭᠰᠡᠨ ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ | ᠳᠣᠪᠴᠢᠶᠠᠨ ᠳᠤ ᠨᠢᠬᠡᠳᠦᠯᠲᠡᠢ ᠮᠡᠳᠡᠬᠦᠯᠵᠦ ᠬᠢᠨᠠᠨ ᠬᠠᠷᠭᠤᠭᠤᠯᠤᠨ᠎ᠠ︔ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠠᠴᠠ ᠲᠤᠰᠬᠠᠢ | ᠮᠡᠷᠭᠡᠵᠢᠯᠲᠡᠨ ᠬᠢᠨᠠᠨ ᠬᠠᠷᠭᠤᠭᠤᠯᠬᠤ᠂ ᠦᠷᠢᠰᠦᠯᠳᠦᠬᠦᠯᠦᠨ ᠰᠣᠩᠭᠤᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠠᠯᠬᠤᠮ ᠳᠠᠷᠠᠭ᠎ᠠ ᠶᠤᠰᠤᠭᠠᠷ ᠪᠠᠶᠢᠭᠤᠯᠤᠯᠲᠠ ᠶᠢᠨ | ᠭᠤᠤᠯ ᠴᠤᠭᠴᠠ ᠶᠢ ᠬᠢᠨᠠᠨ ᠲᠤᠭᠲᠠᠭᠠᠬᠤ ᠶᠢᠨ ᠬᠠᠮᠲᠤ ᠡᠳ᠋ ᠤᠨ ᠵᠠᠰᠠᠭ ᠤᠨ ᠳᠣᠪᠴᠢᠶ᠎ᠠ ᠲᠠᠢ ᠵᠦᠪᠳᠡᠯᠴᠡᠭᠰᠡᠨ ᠤ ᠳᠠᠷᠠᠭ᠎ᠠ᠂ ᠬᠦᠬᠢᠬᠦᠯᠦᠯ ᠢᠶᠠᠷ ᠨᠦᠬᠦᠪᠦᠷᠢ ᠶᠢ | ᠣᠷᠣᠯᠠᠭᠤᠯᠬᠤ ᠪᠠᠶᠢᠭᠤᠯᠤᠯᠲᠠ ᠶᠢᠨ ᠭᠤᠤᠯ ᠴᠤᠭᠴᠠ ᠵᠢᠴᠢ ᠬᠠᠮᠢᠶ᠎ᠠ ᠪᠦᠬᠦᠢ ᠪᠠᠶᠢᠭᠤᠯᠤᠯᠲᠠ ᠶᠢᠨ ᠮᠡᠳᠡᠭᠡ ᠵᠠᠩᠭᠢ ᠶᠢ ᠰᠦᠯᠵᠢᠶ᠎ᠡ ᠪᠠ ᠭᠠᠴᠠᠭ᠎ᠠ ᠲᠤᠰᠬᠤᠨ ᠳᠤ | ᠵᠠᠷᠯᠠᠨ᠎ᠠ᠃ | ︵ᠳᠦᠷᠪᠡ︶ ᠵᠦᠪᠳᠡᠯᠴᠡᠭᠡᠷ ᠲᠤ ᠭᠠᠷ ᠤᠨ ᠦᠰᠦᠭ ᠵᠢᠷᠤᠨ᠎ᠠ᠃ ᠢᠯᠡ ᠵᠠᠷᠯᠠᠭᠠᠳ ᠣᠨᠳᠣᠣ ᠰᠠᠨᠠᠯ ᠦᠬᠡᠢ ᠪᠤᠯ᠂ ᠬᠤᠰᠢᠭᠤ ᠮᠠᠯ ᠲᠠᠷᠢᠶᠠᠯᠠᠩ ᠪᠠ ᠣᠰᠣᠨ | ᠠᠰᠢᠭᠯᠠᠯᠲᠠ ᠶᠢᠨ ᠳᠣᠪᠴᠢᠶ᠎ᠠ ᠪᠠᠶᠢᠭᠤᠯᠤᠯᠲᠠ ᠶᠢᠨ ᠭᠤᠤᠯ ᠴᠣᠭᠴᠠ ᠲᠠᠢ ᠬᠠᠮᠢᠶ᠎ᠠ ᠪᠦᠬᠦᠢ ᠵᠦᠪᠳᠡᠯᠴᠡᠭᠡᠷ ᠪᠠᠶᠢᠭᠤᠯᠵᠤ᠂ ᠪᠠᠶᠢᠭᠤᠯᠤᠯᠲᠠ ᠶᠢᠨ ᠠᠭᠤᠯᠭ᠎ᠠ᠂ | ᠪᠠᠶᠢᠭᠤᠯᠤᠯᠲᠠ ᠶᠢᠨ ᠪᠠᠷᠢᠮᠵᠢᠶ᠎ᠠ ᠪᠠ ᠶᠠᠰᠣ ᠴᠢᠨᠠᠷ ᠤᠨ ᠱᠠᠭᠠᠷᠳᠠᠯᠭ᠎ᠠ᠂ ᠪᠠᠷᠢᠯᠭ᠎ᠠ ᠶᠢᠨ ᠡᠬᠢᠯᠡᠯᠲᠡ ᠲᠡᠬᠦᠰᠬᠡᠯᠲᠡ ᠤᠨ ᠴᠠᠭ ᠬᠤᠭᠤᠴᠠᠭ᠎ᠠ᠂ ᠬᠦᠬᠢᠬᠦᠯᠦᠯ ᠤᠨ | ᠪᠠᠷᠢᠮᠵᠢᠶ᠎ᠠ᠂ ᠦᠮᠴᠢᠯᠡᠬᠦ ᠡᠷᠬᠡ ᠶᠢᠨ ᠬᠠᠷᠢᠶᠠᠯᠠᠯ᠂ ᠪᠡᠯᠡ ᠮᠦᠩᠭᠦᠨ ᠤ ᠣᠯᠭᠤᠯᠲᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢᠨ | ᠬᠠᠷᠢᠭᠤᠴᠠᠯᠭ᠎ᠠ ᠵᠢᠴᠢ ᠬᠤᠶᠠᠷ ᠲᠠᠯ᠎ᠠ ᠶᠢᠨ ᠬᠠᠷᠢᠭᠤᠴᠠᠯᠭ᠎ᠠ ᠪᠠ ᠡᠬᠦᠷᠭᠡ ᠵᠡᠷᠭᠡ ᠶᠢ ᠲᠤᠲᠤᠷᠬᠠᠶᠢᠯᠠᠨ᠎ᠠ᠃ | ︵ᠲᠠᠪᠤ︶ ᠦᠪᠡᠷᠲᠡᠭᠡᠨ ᠪᠠᠶᠢᠭᠤᠯᠤᠨ᠎ᠠ᠃ ᠵᠦᠪᠳᠡᠯᠴᠡᠭᠡᠷ ᠪᠠᠶᠢᠭᠤᠯᠤᠭᠰᠠᠨ ᠤ ᠳᠠᠷᠠᠭ᠎ᠠ᠂ ᠪᠠᠶᠢᠭᠤᠯᠤᠯᠲᠠ ᠶᠢᠨ ᠭᠤᠤᠯ ᠴᠤᠭᠴᠠ ᠠᠴᠠ ᠵᠦᠪᠳᠡᠯᠴᠡᠭᠡᠷ ᠤᠨ | ᠠᠭᠤᠯᠭ᠎ᠠ ᠪᠠ ᠪᠠᠶᠢᠭᠤᠯᠤᠯᠲᠠ ᠶᠢᠨ ᠪᠠᠷᠢᠮᠵᠢᠶ᠎ᠠ ᠶᠤᠰᠤᠭᠠᠷ ᠢᠨᠵᠧᠨᠧᠷᠢᠩ ᠤᠨ ᠪᠠᠶᠢᠭᠤᠯᠤᠯᠲᠠ ᠶᠢ ᠦᠪᠡᠷᠲᠡᠭᠡᠨ ᠦᠷᠨᠢᠬᠦᠯᠬᠦ ᠶᠢᠨ ᠬᠠᠮᠲᠤ ᠢᠨᠵᠧᠨᠧᠷᠢᠩ ᠤᠨ ᠶᠠᠰᠣ | ᠴᠢᠨᠠᠷ᠂ ᠠᠮᠣᠷ ᠳᠦᠪᠰᠢᠨ᠂ ᠠᠬᠢᠴᠠ ᠪᠠ ᠢᠨᠵᠧᠨᠧᠷᠢᠩ ᠤᠨ ᠪᠠᠶᠢᠭᠤᠯᠤᠯᠲᠠ ᠳᠤ ᠬᠡᠷᠡᠭᠰᠡᠬᠦ ᠪᠦᠬᠦ ᠮᠦᠩᠭᠦ ᠶᠢ ᠬᠠᠷᠢᠭᠤᠴᠠᠵᠤ᠂ ᠢᠨᠵᠧᠨᠧᠷᠢᠩ ᠢ ᠲᠤᠭᠲᠠᠭᠰᠠᠨ | ᠬᠤᠭᠤᠴᠠᠭ᠎ᠠ ᠶᠤᠰᠤᠭᠠᠷ ᠳᠠᠭᠤᠰᠬᠠᠬᠤ ᠶᠢ ᠪᠠᠲᠤᠯᠠᠨ᠎ᠠ᠃ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠠᠴᠠ ᠮᠡᠷᠬᠡᠵᠢᠯ ᠤᠨ | ᠵᠢᠯᠤᠭᠤᠳᠤᠯᠭ᠎ᠠ ᠶᠢᠨ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠢᠨᠵᠧᠨᠧᠷᠢᠩ ᠢ ᠬᠤᠷᠢᠶᠠᠨ ᠰᠢᠯᠭᠠᠨ᠎ᠠ᠃ ᠢᠨᠵᠧᠨᠧᠷᠢᠩ ᠳᠠᠭᠤᠰᠣᠭᠰᠠᠨ ᠤ ᠳᠠᠷᠠᠭ᠎ᠠ᠂ ᠪᠠᠶᠢᠭᠤᠯᠤᠯᠲᠠ ᠶᠢᠨ ᠭᠤᠤᠯ ᠴᠤᠭᠴᠠ ᠠᠴᠠ | ᠪᠠᠯᠭᠠᠰᠣᠨ ᠳᠤ ᠬᠤᠷᠢᠶᠠᠨ ᠰᠢᠯᠭᠠᠬᠤ ᠭᠤᠶᠤᠴᠢᠯᠠᠯ ᠤᠨ ᠬᠦᠰᠦᠨᠦᠭ ᠲᠤᠰᠢᠶᠠᠵᠤ᠂ ᠪᠠᠶᠢᠭᠤᠯᠤᠯᠲᠠ ᠶᠢᠨ ᠠᠭᠤᠯᠭ᠎ᠠ ︵ᠠᠷᠭ᠎ᠠ ᠠᠪᠴᠠᠯ︶ ᠶᠢᠨ ᠡᠬᠢᠨ᠂ ᠳᠣᠮᠳᠠ᠂ | ᠡᠴᠦᠰ ᠤᠨ ᠬᠠᠷᠢᠴᠠᠭᠤᠯᠤᠯ ᠤᠨ ᠬᠡᠷᠡᠯ ᠵᠢᠷᠤᠭ᠂ ᠣᠯᠠᠨ ᠲᠦᠮᠡᠨ ᠤ ᠢᠨᠵᠧᠨᠧᠷᠢᠩ ᠤᠨ ᠪᠠᠶᠢᠭᠤᠯᠤᠯᠲᠠ ᠳᠤ ᠣᠷᠣᠯᠴᠠᠭᠰᠠᠨ ᠬᠠᠷᠠᠮᠵᠢ ᠶᠢᠨ ᠬᠦᠰᠦᠨᠦᠭ ᠢ | ᠳᠠᠭᠠᠯᠳᠣᠭᠤᠯᠣᠨᠠ᠃ ᠪᠠᠯᠭᠠᠰᠣᠨ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠳᠤ | ᠮᠡᠳᠡᠬᠦᠯᠦᠨ ᠬᠦᠷᠭᠡᠨ᠎ᠡ᠃ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠡᠳ᠋ ᠤᠨ ᠵᠠᠰᠠᠭ ᠤᠨ ᠳᠣᠪᠴᠢᠶ᠎ᠠ ᠵᠡᠷᠭᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠨ᠂ ᠴᠤᠬᠤᠯᠠᠪᠤᠷᠢᠯᠠᠭᠰᠠᠨ ᠣᠨ ᠤ ᠬᠡᠷᠡᠭᠵᠢᠬᠦᠯᠬᠦ ᠲᠦᠰᠦᠯ᠂ ᠭᠤᠶᠤᠴᠢᠯᠠᠨ ᠮᠡᠳᠡᠬᠦᠯᠬᠦ ᠬᠦᠰᠦᠨᠦᠭ᠂ ᠵᠦᠪᠳᠡᠯᠴᠡᠭᠡᠷ ᠵᠢᠴᠢ | ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠵᠡᠷᠭᠡ ᠶᠢ ᠦᠨᠳᠦᠰᠦᠯᠡᠨ ᠢᠨᠵᠧᠨᠧᠷᠢᠩ ᠢ ᠰᠢᠯᠭᠠᠨ ᠬᠤᠷᠢᠶᠠᠨ᠎ᠠ᠃ | ︵ᠳᠣᠯᠤᠭ᠎ᠠ︶ ᠪᠡᠯᠡ ᠮᠦᠩᠭᠦ ᠣᠯᠭᠤᠨ᠎ᠠ᠃ ᠢᠨᠵᠧᠨᠧᠷᠢᠩ ᠢ ᠬᠤᠷᠢᠶᠠᠨ ᠰᠢᠯᠭᠠᠭᠰᠠᠨ ᠤ ᠳᠠᠷᠠᠭ᠎ᠠ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ | ᠶᠢᠨ ᠳᠣᠪᠴᠢᠶᠠᠨ ᠠᠴᠠ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠪᠠᠶᠢᠭᠤᠯᠤᠯᠲᠠ ᠶᠢᠨ ᠠᠭᠤᠯᠭ᠎ᠠ᠂ ᠬᠦᠬᠢᠬᠦᠯᠦᠯ ᠤᠨ ᠡᠲᠡᠭᠡᠳ᠂ ᠬᠦᠬᠢᠬᠦᠯᠦᠯ ᠤᠨ | ᠮᠦᠩᠭᠦ ᠵᠡᠷᠭᠡ ᠠᠭᠤᠯᠭ᠎ᠠ ᠶᠢ ᠰᠦᠯᠵᠢᠶ᠎ᠡ᠂ ᠢᠨᠵᠧᠨᠧᠷᠢᠩ ᠤᠨ ᠪᠠᠶᠢᠭᠤᠯᠤᠯᠲᠠ ᠶᠢᠨ ᠭᠠᠵᠠᠷ ᠤᠨ ᠪᠠᠯᠭᠠᠰᠣ᠂ ᠭᠠᠴᠠᠭ᠎ᠠ ᠲᠤᠰᠬᠤᠨ ᠳᠤ ᠵᠠᠷᠯᠠᠨ᠎ᠠ᠃ ᠵᠠᠷᠯᠠᠭᠰᠠᠨ ᠤ | ᠳᠠᠷᠠᠭ᠎ᠠ ᠣᠨᠳᠣᠣ ᠰᠠᠨᠠᠯ ᠦᠬᠡᠢ ᠪᠤᠯ᠂ ᠬᠤᠰᠢᠭᠤ ᠡᠳ᠋ ᠤᠨ ᠵᠠᠰᠠᠭ ᠤᠨ ᠳᠣᠪᠴᠢᠶᠠᠨ ᠠᠴᠠ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠤ | ᠲᠤᠰᠢᠶᠠᠭᠰᠠᠨ ᠬᠤᠷᠢᠶᠠᠨ ᠰᠢᠯᠭᠠᠬᠤ ᠰᠠᠨᠠᠯ᠂ ᠵᠠᠷᠯᠠᠭᠰᠠᠨ ᠦᠷ᠎ᠡ ᠳ᠋ᠦᠩ ᠵᠡᠷᠭᠡ ᠬᠤᠯᠪᠤᠭᠳᠠᠯ ᠪᠦᠬᠦᠢ ᠮᠡᠲ᠋ᠧᠷᠢᠶᠡᠯ ᠢ ᠦᠨᠳᠦᠰᠦᠯᠡᠨ ᠴᠠᠭ ᠲᠤᠬᠠᠢ ᠳᠤᠨᠢ | ᠪᠠᠶᠢᠭᠤᠯᠤᠯᠲᠠ ᠶᠢᠨ ᠭᠤᠤᠯ ᠴᠤᠭᠴᠠ ᠳᠤ ᠬᠦᠬᠢᠬᠦᠯᠦᠯ ᠤᠨ ᠮᠦᠩᠭᠦ ᠣᠯᠭᠤᠨ᠎ᠠ᠃ ᠨᠢᠬᠡᠳᠦᠬᠡᠷ ᠵᠢᠯ ᠬᠦᠬᠢᠬᠦᠯᠦᠯ ᠤᠨ ᠪᠦᠬᠦ ᠲᠤᠭᠠᠨ ᠤ 40% ᠪᠠᠷ ᠱᠠᠩᠨᠠᠵᠤ᠂ | ᠬᠤᠶᠠᠳᠣᠭᠠᠷ ᠵᠢᠯ ᠪᠦᠬᠦ ᠲᠤᠭᠠᠨ ᠤ 30% ᠪᠠᠷ ᠬᠦᠬᠢᠬᠦᠯᠦᠨ᠂ ᠭᠤᠷᠪᠠᠳᠣᠭᠠᠷ ᠵᠢᠯ ᠪᠦᠬᠦ ᠲᠤᠭᠠᠨ ᠤ 30% ᠪᠠᠷ ᠣᠯᠭᠤᠨ᠎ᠠ᠃ | ᠵᠢᠷᠭᠤᠭ᠎ᠠ᠂ ᠪᠠᠶᠢᠭᠤᠯᠤᠯᠲᠠ ᠶᠢᠨ ᠬᠠᠮᠢᠶᠠᠷᠤᠯᠲᠠ | ︵ᠨᠢᠭᠡ︶ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠠᠴᠠ ᠲᠦᠷᠦᠯ ᠵᠦᠢᠯ ᠤᠨ ᠪᠦᠬᠦ ᠶᠠᠪᠤᠴᠠ ᠶᠢᠨ ᠬᠠᠮᠢᠶᠠᠷᠤᠯᠲᠠ ᠶᠢ | ᠬᠠᠷᠢᠭᠤᠴᠠᠵᠤ᠂ ᠢᠨᠵᠧᠨᠧᠷᠢᠩ ᠤᠨ ᠠᠬᠢᠴᠠ᠂ ᠶᠠᠰᠣ ᠴᠢᠨᠠᠷ ᠢ ᠪᠠᠶᠢᠴᠠᠭᠠᠨ᠂ ᠪᠡᠯᠡ ᠮᠦᠩᠭᠦᠨ ᠤ ᠣᠯᠭᠤᠯᠲᠠ ᠶᠢ ᠵᠤᠬᠢᠴᠠᠭᠤᠯᠵᠤ᠂ ᠬᠠᠮᠢᠶᠠᠷᠤᠯᠲᠠ ᠬᠠᠮᠠᠭᠠᠯᠠᠯᠲᠠ | ᠶᠢᠨ ᠬᠠᠷᠢᠭᠤᠴᠠᠯᠭ᠎ᠠ ᠪᠠᠨ ᠰᠠᠶᠢᠲᠤᠷ ᠨᠠᠶᠢᠲᠠᠪᠤᠷᠢᠵᠢᠭᠤᠯᠤᠨ᠂ ᠲᠦᠷᠦᠯ ᠵᠦᠢᠯ ᠤᠨ ᠪᠢᠴᠢᠭ ᠮᠡᠲ᠋ᠧᠷᠢᠶᠡᠯ ᠤᠨ ᠬᠠᠮᠢᠶᠠᠷᠤᠯᠲᠠ ᠪᠠ ᠣᠬᠠᠭᠤᠯᠭ᠎ᠠ ᠵᠡᠷᠭᠡ ᠠᠵᠢᠯ ᠢ | ᠰᠠᠶᠢᠲᠤᠷ ᠬᠢᠵᠦ᠂ ᠢᠨᠵᠧᠨᠧᠷᠢᠩ ᠤᠨ ᠪᠠᠶᠢᠭᠤᠯᠤᠯᠲᠠ ᠶᠢᠨ ᠳᠣᠮᠳᠠ ᠣᠷᠣᠰᠢᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠪᠠᠶᠢᠭᠤᠯᠤᠯᠲᠠ | ᠶᠢᠨ ᠭᠤᠤᠯ ᠴᠤᠭᠴᠠ ᠶᠢ ᠬᠠᠪᠰᠣᠷᠣᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨᠠᠯᠲᠠ ᠪᠠᠶᠢᠴᠠᠭᠠᠯᠲᠠ ᠪᠠ ᠪᠦᠲᠦᠮᠵᠢ ᠶᠢᠨ ᠦᠨᠡᠯᠡᠯᠲᠡ ᠶᠢ ᠬᠦᠯᠢᠶᠡᠨ | ᠠᠪᠬᠤ ᠶᠢᠨ ᠬᠠᠮᠲᠤ ᠪᠠᠶᠢᠭᠤᠯᠤᠯᠲᠠ ᠶᠢᠨ ᠭᠤᠤᠯ ᠴᠤᠭᠴᠠ ᠳᠤ ᠪᠦᠬᠦ ᠶᠠᠪᠤᠴᠠ ᠶᠢᠨ ᠮᠡᠷᠭᠡᠵᠢᠯ ᠤᠨ ᠯᠠᠪᠯᠠᠯᠲᠠ ᠪᠠ ᠵᠢᠯᠤᠭᠤᠳᠤᠯᠭ᠎ᠠ ᠶᠢ ᠬᠠᠩᠭᠠᠵᠤ᠂ | ᠪᠠᠶᠢᠭᠤᠯᠤᠯᠲᠠ ᠶᠢᠨ ᠶᠠᠪᠤᠴᠠ ᠳᠤ ᠣᠷᠣᠰᠢᠵᠦ ᠪᠠᠶᠢᠭ᠎ᠠ ᠠᠰᠠᠭᠤᠳᠠᠯ ᠪᠠ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ᠂ ᠮᠡᠷᠭᠡᠵᠢᠯ ᠤᠨ ᠳᠦᠷᠢᠮᠵᠢᠬᠦᠨ | ᠱᠠᠭᠠᠷᠳᠠᠯᠭ᠎ᠠ ᠶᠢ ᠦᠨᠳᠦᠰᠦᠯᠡᠵᠦ᠂ ᠢᠨᠵᠧᠨᠧᠷᠢᠩ ᠤᠨ ᠪᠠᠶᠢᠭᠤᠯᠤᠯᠲᠠ ᠶᠢᠨ ᠶᠠᠰᠣ ᠴᠢᠨᠠᠷ ᠪᠠ ᠠᠬᠢᠴᠠ ᠶᠢᠨ ᠪᠤᠭᠤᠮᠲᠠ ᠶᠢ ᠴᠢᠩᠭ᠎ᠠ ᠡᠵᠡᠮᠳᠡᠬᠦ ᠶᠢᠨ ᠬᠠᠮᠲᠤ | ᠪᠠᠷᠢᠯᠭ᠎ᠠ ᠶᠢᠨ ᠠᠮᠣᠷ ᠳᠦᠪᠰᠢᠨ ᠢ ᠪᠠᠲᠤᠯᠠᠨ᠂ ᠪᠠᠶᠢᠭᠤᠯᠤᠯᠲᠠ ᠶᠢᠨ ᠭᠤᠤᠯ ᠴᠤᠭᠴᠠ ᠶᠢ ᠬᠠᠪᠰᠣᠷᠣᠨ ᠪᠠᠶᠢᠭᠤᠯᠤᠯᠲᠠ ᠶᠢᠨ ᠡᠬᠦᠷᠭᠡ ᠶᠢ ᠪᠡᠶᠡᠯᠡᠬᠦᠯᠦᠨ᠎ᠡ᠃ | ︵ᠬᠤᠶᠠᠷ︶ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠢ ᠪᠠᠷᠢᠯᠭ᠎ᠠ ᠡᠬᠢᠯᠡᠬᠦᠯᠦᠭᠰᠡᠨ ᠤ ᠳᠠᠷᠠᠭ᠎ᠠ᠂ ᠪᠠᠶᠢᠭᠤᠯᠤᠯᠲᠠ ᠶᠢᠨ ᠭᠠᠵᠠᠷ᠂ | ᠪᠠᠶᠢᠭᠤᠯᠤᠯᠲᠠ ᠶᠢᠨ ᠠᠭᠤᠯᠭ᠎ᠠ ᠵᠢᠴᠢ ᠪᠠᠶᠢᠭᠤᠯᠤᠯᠲᠠ ᠶᠢᠨ ᠬᠡᠪᠴᠢᠶᠡᠵᠢᠯ ᠢᠶᠠᠨ ᠳᠣᠷ᠎ᠠ ᠪᠠᠷ ᠦᠬᠡᠷᠡᠴᠢᠯᠡᠵᠦ ᠪᠤᠯᠬᠤ ᠦᠬᠡᠢ᠃ ᠦᠬᠡᠷᠡᠴᠢᠯᠡᠬᠦ ᠬᠡᠷᠡᠭᠴᠡᠭᠡᠲᠡᠢ | ᠦᠶᠡᠰ᠂ ᠴᠠᠭ ᠲᠤᠬᠠᠢ ᠳᠤᠨᠢ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠳᠤ ᠦᠬᠡᠷᠡᠴᠢᠯᠡᠬᠦ ᠭᠤᠶᠤᠴᠢᠯᠠᠯ ᠳᠣᠷᠠᠳᠴᠤ᠂ | ᠵᠦᠪᠰᠢᠶᠡᠷᠡᠬᠦᠯᠦᠭᠰᠡᠨ ᠤ ᠳᠠᠷᠠᠭ᠎ᠠ᠂ ᠬᠤᠯᠪᠤᠭᠳᠠᠯ ᠪᠦᠬᠦᠢ ᠠᠯᠬᠤᠮ ᠳᠠᠷᠠᠭ᠎ᠠ ᠶᠤᠰᠤᠭᠠᠷ ᠦᠬᠡᠷᠡᠴᠢᠯᠡᠯᠲᠡ ᠶᠢᠨ ᠭᠠᠷ ᠬᠦᠢᠴᠡᠳᠬᠡᠯ ᠢᠶᠠᠨ ᠬᠦᠢᠴᠡᠳᠬᠡᠨ᠎ᠡ᠃ | ︵ᠭᠤᠷᠪᠠ︶ ᠢᠨᠵᠧᠨᠧᠷᠢᠩ ᠤᠨ ᠪᠠᠶᠢᠭᠤᠯᠤᠯᠲᠠ ᠶᠢ ᠲᠦᠷᠦᠯ ᠵᠦᠢᠯ ᠤᠨ ᠬᠡᠷᠡᠭᠵᠢᠬᠦᠯᠬᠦ ᠲᠦᠰᠦᠯ᠂ ᠭᠡᠷ᠎ᠡ ᠶᠢᠨ ᠠᠭᠤᠯᠭ᠎ᠠ ᠶᠢᠨ ᠱᠠᠭᠠᠷᠳᠠᠯᠭ᠎ᠠ ᠶᠤᠰᠤᠭᠠᠷ | ᠢᠨᠵᠧᠨᠧᠷᠢᠩ ᠤᠨ ᠶᠠᠰᠣ ᠴᠢᠨᠠᠷ ᠤᠨ ᠡᠬᠦᠷᠢᠳᠡ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠎ᠡ᠃ ᠬᠤᠷᠢᠶᠠᠨ ᠰᠢᠯᠭᠠᠵᠤ ᠬᠢᠷᠢ ᠲᠡᠩᠴᠡᠭᠰᠡᠨ | ᠲᠦᠷᠦᠯ ᠵᠦᠢᠯ ᠳᠤ ᠲᠦᠷᠦ ᠶᠢᠨ ᠪᠤᠳᠣᠯᠭ᠎ᠠ ᠶᠢᠨ ᠲᠤᠭᠲᠠᠭᠠᠯ ᠶᠤᠰᠤᠭᠠᠷ ᠴᠠᠭ ᠲᠤᠬᠠᠢ ᠳᠤᠨᠢ ᠬᠦᠬᠢᠬᠦᠯᠦᠯ ᠤᠨ ᠮᠦᠩᠭᠦ ᠣᠯᠭᠤᠨ᠎ᠠ᠃ ᠬᠤᠷᠢᠶᠠᠨ ᠰᠢᠯᠭᠠᠭᠠᠳ | ᠬᠢᠷᠢ ᠲᠡᠩᠴᠡᠭᠰᠡᠨ ᠦᠬᠡᠢ ᠪᠠᠶᠢᠭᠤᠯᠤᠯᠲᠠ ᠶᠢᠨ ᠭᠤᠤᠯ ᠴᠤᠭᠴᠠ ᠶᠢ ᠲᠤᠭᠲᠠᠭᠰᠠᠨ ᠬᠤᠭᠤᠴᠠᠭᠠᠨ ᠳᠤ ᠴᠡᠭᠴᠡᠯᠡᠨ ᠵᠠᠰᠠᠬᠤ ᠶᠢ ᠱᠠᠭᠠᠷᠳᠠᠵᠤ᠂ ᠴᠡᠭᠴᠡᠯᠡᠭᠡᠳ ᠮᠦᠨ | ᠬᠢᠷᠢ ᠲᠡᠩᠴᠡᠭᠰᠡᠨ ᠦᠬᠡᠢ ᠪᠤᠯ᠂ ᠬᠦᠬᠢᠬᠦᠯᠦᠯ ᠤᠨ ᠬᠢᠷᠢ ᠬᠡᠮ ᠢ ᠨᠢ ᠬᠠᠰᠣᠬᠤ ᠶᠢᠨ ᠬᠠᠮᠲᠤ ᠨᠢᠬᠡᠨᠲᠡ ᠣᠯᠭᠤᠭᠰᠠᠨ ᠪᠡᠯᠡ ᠮᠦᠩᠭᠦ ᠶᠢ ᠬᠤᠷᠢᠶᠠᠵᠤ ᠠᠪᠤᠨ᠂ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠢ ᠰᠢᠨ᠎ᠡ ᠪᠠᠷ ᠭᠤᠶᠤᠴᠢᠯᠠᠬᠤ ᠶᠢ ᠵᠦᠪᠰᠢᠶᠡᠷᠡᠬᠦ ᠦᠬᠡᠢ᠃ ᠢᠲᠡᠭᠡᠯ ᠠᠯᠳᠠᠭᠰᠠᠨ ᠪᠠᠶᠢᠭᠤᠯᠤᠯᠲᠠ | ᠶᠢᠨ ᠭᠤᠤᠯ ᠴᠤᠭᠴᠠ ᠶᠢᠨ ᠬᠤᠶᠢᠰᠢᠳᠠ ᠶᠢᠨ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠭᠤᠶᠤᠴᠢᠯᠠᠨ ᠮᠡᠳᠡᠬᠦᠯᠬᠦ ᠬᠢᠷᠢ ᠬᠡᠮ ᠢ ᠬᠠᠰᠣᠵᠣ᠂ ᠣᠰᠣᠨ | ᠠᠰᠢᠭᠯᠠᠯᠲᠠ ᠶᠢᠨ ᠪᠠᠶᠢᠭᠤᠯᠤᠯᠲᠠ ᠶᠢᠨ ᠵᠠᠬ᠎ᠠ ᠳᠡᠯᠬᠡᠬᠦᠷ ᠤᠨ ᠮᠡᠳᠡᠭᠡ ᠵᠠᠩᠭᠢ ᠶᠢᠨ ᠳᠠᠪᠴᠠᠩ ᠢᠶᠠᠷ ᠨᠡᠶᠢᠬᠡᠮ ᠳᠤ ᠨᠡᠶᠢᠲᠡᠯᠡᠨ᠂ ᠵᠠᠯᠬᠠᠭᠠᠨ ᠰᠢᠢᠳᠬᠡᠬᠦ ᠡᠷᠴᠢᠮ ᠢᠶᠠᠨ | ᠴᠢᠩᠭᠠᠳᠬᠠᠨ᠎ᠠ᠃ | ︵ᠳᠦᠷᠪᠡ︶ ᠢᠨᠵᠧᠨᠧᠷᠢᠩ ᠢ ᠬᠤᠷᠢᠶᠠᠨ ᠰᠢᠯᠭᠠᠬᠤ ᠪᠠ ᠬᠦᠬᠢᠬᠦᠯᠦᠯ ᠤᠨ ᠮᠦᠩᠭᠦ ᠶᠢ ᠣᠯᠭᠤᠭᠰᠠᠨ ᠤ ᠳᠠᠷᠠᠭ᠎ᠠ᠂ ᠬᠤᠰᠢᠭᠤ ᠮᠠᠯ ᠲᠠᠷᠢᠶᠠᠯᠠᠩ ᠪᠠ ᠣᠰᠣᠨ | ᠠᠰᠢᠭᠯᠠᠯᠲᠠ ᠶᠢᠨ ᠳᠣᠪᠴᠢᠶ᠎ᠠ ᠪᠣᠯᠣᠨ ᠪᠠᠯᠭᠠᠰᠣᠨ ᠠᠴᠠ ᠴᠠᠭ ᠲᠤᠬᠠᠢ ᠳᠤᠨᠢ ᠲᠦᠷᠦᠯ ᠵᠦᠢᠯ ᠤᠨ ᠳᠠᠩᠰᠠ ᠪᠠᠶᠢᠭᠤᠯᠵᠤ᠂ ᠬᠤᠰᠢᠭᠤ ᠮᠠᠯ ᠲᠠᠷᠢᠶᠠᠯᠠᠩ ᠪᠠ | ᠣᠰᠣᠨ ᠠᠰᠢᠭᠯᠠᠯᠲᠠ ᠶᠢᠨ ᠳᠣᠪᠴᠢᠶᠠᠨ ᠠᠴᠠ ᠢᠨᠵᠧᠨᠧᠷᠢᠩ ᠤᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠮᠡᠳᠡᠭᠡ ᠵᠠᠩᠭᠢ᠂ ᠠᠷᠭ᠎ᠠ ᠠᠪᠴᠠᠯ᠂ ᠪᠠᠷᠢᠯᠭ᠎ᠠ ᠶᠢ | ᠬᠤᠷᠢᠶᠠᠨ ᠰᠢᠯᠭᠠᠭᠰᠠᠨ ᠵᠢᠷᠤᠭ ᠵᠡᠷᠭᠡ ᠶᠢ ᠴᠠᠭ ᠲᠤᠬᠠᠢ ᠳᠤᠨᠢ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠭᠤᠤᠯᠳᠠᠯᠭᠠᠲᠤ ᠢᠨᠵᠧᠨᠧᠷᠢᠩ ᠤᠨ | ᠲᠦᠷᠦᠯ ᠵᠦᠢᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠶᠢ ᠬᠠᠷᠢᠭᠤᠴᠠᠬᠤ ᠶᠢᠨ ᠬᠠᠮᠲᠤ ᠳᠠᠩᠰᠠᠯᠠᠵᠦ ᠡᠮᠬᠢᠳᠬᠡᠨ᠎ᠡ᠃ | ᠳᠣᠯᠤᠭ᠎ᠠ᠂ ᠪᠡᠯᠡ ᠮᠦᠩᠭᠦᠨ ᠤ ᠬᠠᠮᠢᠶᠠᠷᠤᠯᠲᠠ | ︵ᠨᠢᠬᠡ︶ ᠬᠦᠬᠢᠬᠦᠯᠦᠯ ᠤᠨ ᠮᠦᠩᠭᠦ ᠶᠢ ᠰᠠᠯᠠᠭ᠎ᠠ ᠮᠦᠴᠢᠷ ᠤᠨ ᠲᠦᠰᠦᠪ ᠤᠨ ᠬᠠᠮᠢᠶᠠᠷᠤᠯᠲᠠ ᠳᠤ ᠣᠷᠣᠭᠤᠯᠵᠣ᠂ ᠣᠯᠣᠰ ᠤᠨ ᠬᠦᠮᠦᠷᠭᠡ ᠶᠢᠨ | ᠲᠦᠪᠯᠡᠷᠡᠩᠬᠦᠢ ᠣᠯᠭᠤᠯᠲᠠ ᠶᠢ ᠬᠡᠷᠡᠭᠵᠢᠬᠦᠯᠦᠨ᠎ᠡ᠃ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠳᠤ ᠬᠤᠯᠪᠤᠭᠳᠠᠬᠤ ᠬᠠᠶᠢᠨ ᠰᠢᠨᠵᠢᠯᠡᠬᠡᠨ ᠤ | ᠲᠦᠰᠦᠪᠯᠡᠯ᠂ ᠢᠨᠵᠧᠨᠧᠷᠢᠩ ᠤᠨ ᠬᠤᠷᠢᠶᠠᠨ ᠰᠢᠯᠭᠠᠯᠲᠠ ᠵᠡᠷᠭᠡ ᠵᠠᠷᠤᠳᠠᠯ ᠢ ︽ᠣᠰᠣᠨ ᠠᠰᠢᠭᠯᠠᠯᠲᠠ ᠶᠢᠨ ᠬᠦᠭᠵᠢᠬᠦᠯᠦᠯᠲᠡ ᠶᠢᠨ ᠪᠡᠯᠡ ᠮᠦᠩᠭᠦᠨ ᠤ | ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠲᠠᠷᠢᠶᠠᠯᠠᠩ ﹇2019﹈ 54 ᠲᠤᠭᠠᠲᠤ︶ ᠵᠢᠴᠢ ᠣᠷᠣᠨ ᠨᠣᠲᠤᠭ ᠤᠨ ᠬᠤᠯᠪᠤᠭᠳᠠᠯ ᠪᠦᠬᠦᠢ ᠲᠤᠭᠲᠠᠭᠠᠯ | ᠢᠶᠠᠷ ᠬᠡᠷᠡᠭᠵᠢᠬᠦᠯᠦᠨ᠎ᠡ᠃ ᠬᠤᠰᠢᠭᠤ ᠡᠳ᠋ ᠤᠨ ᠵᠠᠰᠠᠭ ᠤᠨ ᠳᠣᠪᠴᠢᠶ᠎ᠠ ᠪᠤᠯᠤᠨ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠠᠴᠠ | ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠤᠨ ᠪᠡᠯᠡ ᠮᠦᠩᠭᠦᠨ ᠤ ᠬᠠᠮᠢᠶᠠᠷᠤᠯᠲᠠ ᠪᠠ ᠪᠦᠲᠦᠮᠵᠢ ᠶᠢᠨ ᠦᠨᠡᠯᠡᠯᠲᠡ ᠪᠠᠨ ᠴᠢᠩᠭᠠᠳᠬᠠᠵᠤ᠂ | ᠬᠠᠮᠢᠶ᠎ᠠ ᠪᠦᠬᠦᠢ ᠡᠳ᠋ ᠤᠨ ᠶᠠᠪᠣᠳᠠᠯ ᠤᠨ ᠳᠦᠷᠢᠮ ᠲᠤᠭᠲᠠᠭᠠᠯ ᠢ ᠴᠢᠩᠭ᠎ᠠ ᠬᠡᠷᠡᠭᠵᠢᠬᠦᠯᠦᠨ᠂ ᠢᠨᠵᠧᠨᠧᠷᠢᠩ ᠤᠨ ᠬᠦᠬᠢᠬᠦᠯᠦᠯ ᠤᠨ ᠮᠦᠩᠭᠦᠨ ᠤ ᠣᠯᠭᠤᠯᠲᠠ ᠳᠤ | ᠨᠡᠶᠢᠬᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠨ ᠠᠪᠴᠣ᠂ ᠡᠳ᠋ ᠤᠨ ᠵᠠᠰᠠᠭ᠂ ᠬᠢᠨᠠᠨ ᠪᠤᠳᠤᠯᠲᠠ ᠪᠠ ᠣᠯᠠᠨ ᠲᠦᠮᠡᠨ ᠤ ᠬᠢᠨᠠᠯᠲᠠ ᠪᠠᠨ ᠴᠢᠩᠭᠠᠳᠬᠠᠨ᠂ | ᠬᠦᠬᠢᠬᠦᠯᠦᠯ ᠤᠨ ᠮᠦᠩᠭᠦ ᠶᠢ ᠰᠢᠬᠠᠨ ᠡᠵᠡᠯᠡᠬᠦ᠂ ᠨᠡᠬᠦᠯᠬᠡᠨ ᠬᠡᠷᠡᠭᠯᠡᠬᠦ᠂ ᠰᠠᠭᠤᠳᠬᠠᠬᠤ᠂ ᠬᠤᠳᠠᠯ ᠢᠶᠠᠷ ᠮᠡᠳᠡᠬᠦᠯᠬᠦ᠂ ᠮᠡᠬᠡᠯᠡᠨ ᠣᠯᠬᠤ᠂ ᠬᠠᠭᠤᠷᠮᠠᠭᠯᠠᠬᠤ᠂ | ᠱᠠᠮᠰᠢᠬᠤ ᠵᠡᠷᠭᠡ ᠠᠵᠢᠯᠯᠠᠭ᠎ᠠ ᠶᠢ ᠬᠤᠯᠪᠤᠭᠳᠠᠯ ᠪᠦᠬᠦᠢ ᠳᠦᠷᠢᠮ ᠲᠤᠭᠲᠠᠭᠠᠯ ᠶᠤᠰᠤᠭᠠᠷ ᠴᠢᠩᠭ᠎ᠠ ᠰᠢᠢᠳᠬᠡᠨ ᠰᠢᠢᠳᠪᠦᠷᠢᠯᠡᠨ᠎ᠡ᠃ | ᠨᠠᠢᠮᠠ᠂ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ | ︽ᠬᠡᠨ ᠪᠠᠶᠢᠭᠤᠯᠪᠠᠯ ᠬᠡᠨ ᠬᠠᠮᠢᠶᠠᠷᠤᠨ ᠬᠠᠮᠠᠭᠠᠯᠠᠬᠤ᠂ ᠬᠡᠨ ᠠᠰᠢᠭ ᠬᠦᠷᠲᠡᠬᠦ︾ ᠵᠠᠷᠴᠢᠮ ᠢ ᠦᠨᠳᠦᠰᠦᠯᠡᠨ᠂ ᠡᠯ᠎ᠡ ᠪᠠᠯᠭᠠᠰᠣᠨ ᠠᠴᠠ ᠪᠠᠶᠢᠭᠤᠯᠤᠯᠲᠠ ᠶᠢᠨ | ᠭᠤᠤᠯ ᠴᠤᠭᠴᠠ ᠶᠢᠨ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠬᠤ ᠶᠢ ᠬᠠᠷᠢᠭᠤᠴᠠᠨ᠎ᠠ᠃ ᠮᠠᠯᠴᠢᠨ | ᠲᠠᠷᠢᠶᠠᠴᠢᠨ ᠤ ᠦᠪᠡᠷᠲᠡᠭᠡᠨ ᠪᠠᠶᠢᠭᠤᠯᠤᠭᠰᠠᠨ ᠲᠦᠷᠦᠯ ᠵᠦᠢᠯ ᠢ ᠮᠠᠯᠴᠢᠨ ᠲᠠᠷᠢᠶᠠᠴᠢᠨ ᠦᠪᠡᠷᠲᠡᠭᠡᠨ ᠬᠠᠮᠢᠶᠠᠷᠤᠨ ᠬᠠᠮᠠᠭᠠᠯᠠᠨ᠎ᠠ︔ ᠭᠠᠴᠠᠭ᠎ᠠ ᠲᠤᠰᠬᠤᠨ ᠤ ᠬᠠᠮᠲᠤ | ᠨᠡᠶᠢᠲᠡ ᠪᠤᠶᠤ ᠮᠠᠯᠴᠢᠨ ᠲᠠᠷᠢᠶᠠᠴᠢᠨ ᠬᠠᠮᠲᠤᠷᠠᠨ ᠪᠠᠶᠢᠭᠤᠯᠤᠭᠰᠠᠨ ᠲᠦᠷᠦᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠭᠠᠴᠠᠭ᠎ᠠ ᠲᠤᠰᠬᠤᠨ ᠤ | ᠬᠠᠮᠲᠤ ᠨᠡᠶᠢᠲᠡ ᠪᠤᠶᠤ ᠬᠠᠮᠲᠤᠷᠠᠯᠴᠠᠭᠠᠨ ᠤ ᠵᠤᠬᠢᠶᠠᠨ ᠪᠠᠶᠢᠭᠤᠯᠤᠯᠲᠠ ᠳᠤ ᠬᠠᠷᠢᠶᠠᠯᠠᠭᠳᠠᠨ᠎ᠠ᠃ ᠮᠠᠯ ᠲᠠᠷᠢᠶᠠᠯᠠᠩ ᠤᠨ ᠲᠠᠯᠠᠪᠠᠢ᠂ ᠲᠤᠰᠬᠠᠢ ᠡᠷᠦᠬᠡ ᠪᠤᠶᠤ ᠠᠵᠤ | ᠠᠬᠤᠶᠢᠯᠠᠯ ᠤᠨ ᠪᠠᠶᠢᠭᠤᠯᠤᠭᠰᠠᠨ ᠲᠦᠷᠦᠯ ᠵᠦᠢᠯ ᠤᠨ ᠳᠠᠭᠠᠭᠠᠴᠢᠯᠠᠯᠲᠠ ᠪᠤᠶᠤ ᠲᠦᠷᠢᠶᠡᠰᠦᠯᠡᠯ ᠤᠨ ᠬᠤᠭᠤᠴᠠᠭᠠᠨ ᠳᠤ ᠬᠢ ᠬᠠᠮᠢᠶᠠᠷᠤᠯᠲᠠ ᠬᠠᠮᠠᠭᠠᠯᠠᠯᠲᠠ ᠶᠢᠨ | ᠬᠠᠷᠢᠭᠤᠴᠠᠯᠭ᠎ᠠ ᠶᠢ ᠲᠤᠮᠤ ᠡᠷᠦᠬᠡ ᠪᠤᠶᠤ ᠠᠵᠤ ᠠᠬᠤᠶᠢᠯᠠᠯ ᠠᠴᠠ ᠡᠬᠦᠷᠭᠡᠯᠡᠨ᠎ᠡ᠃ ᠲᠤᠰ ᠲᠦᠷᠦᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠤᠭᠤᠴᠠᠭ᠎ᠠ | ᠭᠤᠷᠪᠠᠨ ᠵᠢᠯ᠂ ᠡᠨᠡᠬᠦ ᠬᠤᠭᠤᠴᠠᠭᠠᠨ ᠳᠤ ᠬᠢ ᠬᠠᠮᠢᠶᠠᠷᠤᠯᠲᠠ ᠬᠠᠮᠠᠭᠠᠯᠠᠯᠲᠠ ᠵᠢᠴᠢ ᠣᠷᠭᠤᠮᠠᠯ ᠤᠨ ᠲᠠᠷᠢᠯᠲᠠ ᠶᠢᠨ ᠵᠠᠷᠣᠳᠠᠯ ᠪᠦᠬᠦᠨ ᠢ ᠪᠠᠶᠢᠭᠤᠯᠤᠯᠲᠠ ᠶᠢᠨ ᠭᠤᠤᠯ | ᠴᠣᠭᠴᠠ ᠠᠴᠠ ᠡᠬᠦᠷᠭᠡᠯᠡᠨ᠎ᠡ᠃ | ᠶᠢᠰᠦ᠂ ᠪᠠᠲᠤᠯᠠᠭ᠎ᠠ ᠶᠢᠨ ᠠᠷᠭ᠎ᠠ ᠠᠪᠴᠠᠯ | ︵ᠨᠢᠬᠡ︶ ᠵᠤᠬᠢᠶᠠᠨ ᠪᠠᠶᠢᠭᠤᠯᠤᠨ ᠣᠳᠣᠷᠢᠳᠬᠤ ᠪᠠᠨ ᠴᠢᠩᠭᠠᠳᠬᠠᠨ᠎ᠠ᠃ ᠬᠦᠷᠦᠰᠦ ᠰᠢᠷᠤᠢ ᠶᠢᠨ ᠬᠠᠮᠠᠭᠠᠯᠠᠯᠲᠠ ᠶᠢᠨ ᠬᠦᠬᠢᠬᠦᠯᠦᠯ ᠢᠶᠠᠷ ᠨᠦᠬᠦᠪᠦᠷᠢ ᠶᠢ | ᠣᠷᠣᠯᠠᠭᠤᠯᠬᠤ ᠠᠵᠢᠯ ᠢ ᠣᠷᠣᠭᠰᠢᠲᠠᠢ ᠠᠬᠢᠭᠤᠯᠬᠤ ᠶᠢᠨ ᠲᠣᠰᠠᠳᠠ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠣᠳᠣᠷᠢᠳᠣᠯᠭ᠎ᠠ ᠪᠠᠷ ᠳᠣᠭᠤᠶᠢᠯᠠᠩ ᠤᠨ | ᠳᠠᠷᠤᠭ᠎ᠠ᠂ ᠬᠤᠰᠢᠭᠤ ᠡᠳ᠋ ᠤᠨ ᠵᠠᠰᠠᠭ ᠤᠨ ᠳᠣᠪᠴᠢᠶ᠎ᠠ᠂ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠶᠢᠨ ᠭᠤᠤᠯ ᠣᠳᠣᠷᠢᠳᠣᠯᠭ᠎ᠠ ᠪᠠᠷ | ᠳᠣᠭᠤᠶᠢᠯᠠᠩ ᠤᠨ ᠳᠡᠳ᠋ ᠳᠠᠷᠤᠭ᠎ᠠ ᠪᠤᠯᠭᠠᠭᠰᠠᠨ ᠬᠤᠰᠢᠭᠤ ᠱᠠᠲᠤᠨ ᠤ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠤᠷᠰᠢᠯᠲᠠ ᠶᠢᠨ ᠴᠡᠭ ᠤᠨ ᠠᠵᠢᠯ ᠤᠨ | ᠣᠳᠣᠷᠢᠳᠬᠤ ᠳᠣᠭᠤᠶᠢᠯᠠᠩ ᠢ ᠪᠠᠶᠢᠭᠤᠯᠵᠤ᠂ ᠲᠤᠷᠰᠢᠯᠲᠠ ᠶᠢᠨ ᠴᠡᠭ ᠤᠨ ᠠᠵᠢᠯ ᠢ ᠬᠠᠣᠯᠢ ᠳᠦᠷᠢᠮ ᠶᠤᠰᠤᠭᠠᠷ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠨ᠎ᠠ᠃ | ᠣᠳᠣᠷᠢᠳᠬᠤ ᠳᠣᠭᠤᠶᠢᠯᠠᠩ ᠳᠤ ᠠᠯᠪᠠᠨ ᠭᠡᠷ ᠲᠤᠬᠢᠷᠠᠭᠤᠯᠤᠨ᠂ ᠠᠯᠪᠠᠨ ᠭᠡᠷ ᠢ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠳᠤ | ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠳᠣᠪᠴᠢᠶᠠᠨ ᠳᠠᠷᠤᠭ᠎ᠠ ᠲᠤᠰᠢᠶᠠᠯ ᠬᠠᠪᠰᠣᠷᠭᠠᠨ᠂ ᠶᠡᠷᠦᠩᠬᠡᠶᠢᠯᠡᠨ ᠵᠤᠬᠢᠴᠠᠭᠤᠯᠬᠤ᠂ ᠨᠢᠬᠡᠳᠦᠯᠲᠡᠢ | ᠲᠤᠬᠢᠷᠠᠭᠤᠯᠬᠤ ᠪᠠ ᠡᠳᠦᠷ ᠲᠤᠲᠤᠮ ᠤᠨ ᠪᠤᠲᠠᠲᠠᠢ ᠠᠵᠢᠯ ᠢ ᠬᠠᠷᠢᠭᠤᠴᠠᠨ᠎ᠠ᠃ ᠣᠳᠣᠷᠢᠳᠬᠤ ᠳᠣᠭᠤᠶᠢᠯᠠᠩ ᠤᠨ ᠪᠤᠲᠠᠲᠠᠢ ᠪᠦᠷᠢᠯᠳᠦᠬᠦᠨ ᠳᠣᠣᠷᠠᠬᠢ ᠮᠡᠲᠦ᠄ | ᠳᠣᠭᠤᠶᠢᠯᠠᠩ ᠤᠨ ᠳᠠᠷᠤᠭ᠎ᠠ᠄ ᠶᠢᠦ ᠵᠢᠶᠡᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠣᠭᠤᠶᠢᠯᠠᠩ ᠤᠨ ᠳᠡᠳ᠋ ᠳᠠᠷᠤᠭ᠎ᠠ᠄ ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶᠠᠨ ᠳᠠᠷᠤᠭ᠎ᠠ | ᠰᠧ ᠪᠤᠤ ᠳ᠋ᠦᠩ ᠬᠤᠰᠢᠭᠤ ᠡᠳ᠋ ᠤᠨ ᠵᠠᠰᠠᠭ ᠤᠨ ᠳᠣᠪᠴᠢᠶᠠᠨ ᠳᠠᠷᠤᠭ᠎ᠠ | ᠪᠦᠷᠢᠯᠳᠦᠬᠦᠨ᠄ ᠰᠧ ᠵᠢᠶᠦ᠋ᠨ ᠢᠦᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠰᠢᠦᠸᠡᠢ ᠵᠤᠤ ᠰᠢᠩ ᠬᠤᠰᠢᠭᠤ ᠬᠦᠭᠵᠢᠬᠦᠯᠦᠯᠲᠡ ᠦᠬᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ | ᠡᠾᠧ ᠹᠦ᠋ ᠶᠦᠨ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠳᠣᠪᠴᠢᠶᠠᠨ ᠳᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠤᠪᠢᠶᠠᠷᠢ ᠳᠣᠪᠴᠢᠶᠠᠨ ᠳᠠᠷᠤᠭ᠎ᠠ | ᠭᠤᠤ ᠵᠤᠤ ᠸᠧᠢ ᠤᠯᠵᠠᠴᠢ ᠪᠠᠯᠭᠠᠰᠣᠨ ᠤ ᠳᠠᠷᠤᠭ᠎ᠠ | ᠪᠠᠢ ᠺᠧ ᠮᠢᠩ ᠱᠠᠩᠬᠠᠢ ᠶᠢᠨ ᠰᠦᠮ᠎ᠡ ᠪᠠᠯᠭᠠᠰᠣᠨ ᠤ ᠳᠠᠷᠤᠭ᠎ᠠ | ᠦᠨᠡᠨᠴᠢ ᠪᠤᠷᠤᠪᠠᠯᠭᠠᠰᠣ ᠪᠠᠯᠭᠠᠰᠣᠨ ᠤ ᠳᠠᠷᠤᠭ᠎ᠠ | ᠸᠠᠩ ᠸᠧᠢ ᠨᠠᠩᠰᠣ ᠪᠠᠯᠭᠠᠰᠣᠨ ᠤ ᠳᠠᠷᠤᠭ᠎ᠠ | ᠴᠣᠯᠮᠣᠨᠲᠤᠶᠠᠭ᠎ᠠ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠠᠵᠢᠯ ᠦᠢᠯᠡᠰ ᠤᠨ ᠬᠦᠭᠵᠢᠯᠲᠡ ᠶᠢᠨ ᠲᠦᠪ ᠤᠨ ᠡᠷᠬᠢᠯᠡᠭᠴᠢ | ︵ᠬᠤᠶᠠᠷ︶ ᠮᠡᠷᠭᠡᠵᠢᠯ ᠤᠨ ᠦᠢᠯᠡᠴᠢᠯᠡᠭᠡ ᠪᠠᠨ ᠰᠠᠶᠢᠲᠤᠷ ᠬᠢᠨ᠎ᠡ᠃ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠡᠯ᠎ᠡ ᠪᠠᠯᠭᠠᠰᠣ | ᠲᠠᠢ ᠬᠠᠮᠲᠤᠷᠠᠨ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠢᠯᠡ ᠴᠢᠨᠠᠷ ᠢᠶᠠᠨ | ᠳᠡᠭᠡᠭᠰᠢᠯᠡᠬᠦᠯᠦᠨ᠂ ᠣᠯᠠᠨ ᠲᠦᠮᠡᠨ ᠪᠠ ᠨᠡᠶᠢᠬᠡᠮ ᠤᠨ ᠬᠦᠴᠦᠨ ᠤ ᠣᠷᠣᠯᠴᠠᠯᠭ᠎ᠠ ᠶᠢᠨ ᠢᠳᠡᠪᠬᠢᠵᠢᠯ ᠢ ᠬᠦᠢᠴᠡᠳ ᠳᠠᠶᠢᠴᠢᠯᠠᠵᠤ᠂ ᠬᠦᠷᠦᠰᠦ ᠰᠢᠷᠤᠢ ᠶᠢᠨ | ᠬᠠᠮᠠᠭᠠᠯᠠᠯᠲᠠ ᠶᠢᠨ ᠮᠡᠷᠬᠡᠵᠢᠯ ᠤᠨ ᠪᠤᠯᠪᠠᠰᠣᠷᠠᠯ ᠪᠠ ᠵᠢᠯᠤᠭᠤᠳᠤᠯᠭ᠎ᠠ ᠪᠠᠨ ᠴᠢᠩᠭᠠᠳᠬᠠᠨ᠂ ᠪᠠᠶᠢᠭᠤᠯᠤᠯᠲᠠ ᠶᠢᠨ ᠭᠤᠤᠯ ᠴᠤᠭᠴᠠ ᠶᠢᠨ ᠭᠤᠶᠤᠴᠢᠯᠠᠨ ᠮᠡᠳᠡᠬᠦᠯᠬᠦ᠂ | ᠪᠠᠷᠢᠯᠭ᠎ᠠ ᠡᠬᠢᠯᠡᠬᠦᠯᠬᠦ ᠠᠴᠠ ᠢᠨᠵᠧᠨᠧᠷᠢᠩ ᠢ ᠬᠤᠷᠢᠶᠠᠨ ᠰᠢᠯᠭᠠᠬᠤ ᠪᠦᠬᠦ ᠶᠠᠪᠤᠴᠠ ᠳᠤ ᠮᠡᠷᠬᠡᠵᠢᠯ ᠤᠨ ᠯᠠᠪᠯᠠᠯᠲᠠ ᠪᠠ ᠵᠢᠯᠤᠭᠤᠳᠣᠯᠭ᠎ᠠ ᠵᠢᠴᠢ ᠦᠢᠯᠡᠴᠢᠯᠡᠭᠡ ᠶᠢ | ᠬᠠᠩᠭᠠᠨ᠎ᠠ᠃ | ︵ᠭᠤᠷᠪᠠ︶ ᠬᠦᠬᠢᠬᠦᠯᠦᠯ ᠤᠨ ᠲᠤᠭᠲᠠᠴᠠ ᠪᠠᠶᠢᠭᠤᠯᠤᠨ᠎ᠠ᠃ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠪᠦᠲᠦᠮᠵᠢ ᠢᠯᠡᠷᠬᠡᠢ᠂ ᠵᠢᠱᠢᠶ᠎ᠡ ᠦᠵᠡᠬᠦᠯᠬᠦ | ᠦᠢᠯᠡᠳᠦᠯ ᠢᠯᠡᠷᠬᠡᠢ ᠪᠠᠯᠭᠠᠰᠣ ᠪᠠ ᠪᠠᠶᠢᠭᠤᠯᠤᠯᠲᠠ ᠶᠢᠨ ᠭᠤᠤᠯ ᠴᠤᠭᠴᠠ ᠠᠴᠠ ᠳᠠᠷᠠᠭ᠎ᠠ ᠣᠨ ᠤ ᠣᠯᠣᠰ ᠤᠨ ᠬᠦᠷᠦᠰᠦ ᠰᠢᠷᠤᠢ ᠶᠢᠨ ᠬᠠᠮᠠᠭᠠᠯᠠᠯᠲᠠ ᠶᠢᠨ | ᠢᠨᠵᠧᠨᠧᠷᠢᠩ ᠤᠨ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠪᠠᠶᠢᠭᠤᠯᠤᠯᠲᠠ ᠶᠢᠨ ᠲᠦᠷᠦᠯ ᠵᠦᠢᠯ ᠢ ᠭᠤᠶᠤᠴᠢᠯᠠᠨ ᠮᠡᠳᠡᠬᠦᠯᠬᠦ ᠦᠶᠡᠰ ᠵᠣᠬᠢᠬᠤ ᠬᠡᠮᠵᠢᠶᠡᠨ | ᠤ ᠬᠡᠯᠪᠡᠶᠢᠯᠲᠡ ᠲᠤᠬᠢᠷᠠᠭᠤᠯᠵᠤ᠂ ᠠᠵᠢᠯ ᠤᠨ ᠠᠬᠢᠭᠤᠯᠤᠯᠲᠠ ᠰᠣᠯᠠ᠂ ᠨᠡᠯᠢᠶᠡᠳ ᠣᠯᠠᠨ ᠠᠰᠠᠭᠤᠳᠠᠯ ᠣᠷᠣᠰᠢᠵᠦ ᠪᠦᠬᠦᠢ ᠪᠠᠯᠭᠠᠰᠣ ᠪᠠ ᠪᠠᠶᠢᠭᠤᠯᠤᠯᠲᠠ ᠶᠢᠨ | ᠭᠤᠤᠯ ᠴᠤᠭᠴᠠ ᠶᠢᠨ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠲᠦᠷᠦᠯ ᠵᠦᠢᠯ ᠢ ᠭᠤᠶᠤᠴᠢᠯᠠᠨ ᠮᠡᠳᠡᠬᠦᠯᠬᠦ ᠬᠢᠷᠢ ᠬᠡᠮ ᠢ ᠬᠠᠰᠣᠨ᠎ᠠ᠃ | ︵ᠳᠦᠷᠪᠡ︶ ᠰᠠᠯᠠᠭ᠎ᠠ ᠮᠦᠴᠢᠷ ᠤᠨ ᠬᠤᠯᠪᠤᠭᠠᠯᠠᠯ ᠵᠤᠬᠢᠴᠠᠭᠤᠯᠤᠯᠲᠠ ᠪᠠᠨ ᠴᠢᠩᠭᠠᠳᠬᠠᠨ᠎ᠠ᠃ ᠡᠯ᠎ᠡ ᠪᠠᠯᠭᠠᠰᠤ᠂ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠬᠢᠨ ᠨᠢᠭᠲᠠ ᠵᠤᠬᠢᠴᠠᠭᠤᠯᠤᠨ ᠬᠠᠮᠵᠢᠯᠴᠠᠵᠤ᠂ ᠲᠤᠷᠰᠢᠯᠲᠠ ᠶᠢᠨ ᠴᠡᠭ ᠤᠨ ᠠᠵᠢᠯ ᠤᠨ ᠡᠬᠦᠷᠭᠡ ᠪᠠᠨ ᠪᠦᠬᠦ ᠬᠦᠴᠦᠨ ᠢᠶᠠᠷ ᠠᠬᠢᠭᠤᠯᠤᠨ᠎ᠠ᠃ | ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ ᠳᠣᠪᠴᠢᠶ᠎ᠠ ᠶᠢᠨ ᠬᠢᠨ ᠠᠵᠤ ᠦᠢᠯᠡᠰ ᠤᠨ ᠳᠡᠮᠵᠢᠯᠬᠡ ᠶᠢᠨ ᠵᠢᠭᠰᠠᠭᠠᠯᠲᠠ ᠪᠠ ᠲᠦᠷᠦᠯ ᠵᠦᠢᠯ ᠤᠨ | ᠪᠤᠲᠠᠲᠠᠢ ᠬᠡᠷᠡᠭᠵᠢᠬᠦᠯᠦᠯᠲᠡ ᠶᠢᠨ ᠨᠠᠷᠢᠨ ᠳᠦᠷᠢᠮ ᠵᠢᠴᠢ ᠬᠤᠷᠢᠶᠠᠨ ᠰᠢᠯᠭᠠᠬᠤ ᠠᠷᠭ᠎ᠠ ᠶᠢ ᠲᠤᠭᠲᠠᠭᠠᠬᠤ ᠶᠢ ᠬᠠᠷᠢᠭᠤᠴᠠᠨ᠂ ᠪᠠᠷᠢᠯᠭ᠎ᠠ ᠶᠢ ᠬᠤᠷᠢᠶᠠᠨ ᠰᠢᠯᠭᠠᠬᠤ᠂ | ᠪᠡᠯᠡ ᠮᠦᠩᠭᠦ ᠣᠯᠭᠤᠬᠤ ᠵᠡᠷᠭᠡ ᠠᠵᠢᠯ ᠢ ᠰᠠᠶᠢᠲᠤᠷ ᠬᠢᠨ᠎ᠡ︔ ᠬᠤᠰᠢᠭᠤ ᠡᠳ᠋ ᠤᠨ ᠵᠠᠰᠠᠭ ᠤᠨ ᠳᠣᠪᠴᠢᠶ᠎ᠠ ᠠᠴᠠ ᠪᠡᠯᠡ ᠮᠦᠩᠭᠦᠨ ᠤ ᠴᠤᠭᠯᠠᠭᠤᠯᠤᠯᠲᠠ | ᠣᠯᠭᠤᠯᠲᠠ ᠵᠢᠴᠢ ᠪᠡᠯᠡ ᠮᠦᠩᠭᠦᠨ ᠤ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠯ᠎ᠡ ᠪᠠᠯᠭᠠᠰᠣᠨ ᠠᠴᠠ ᠬᠦᠬᠢᠬᠦᠯᠦᠯ ᠢᠶᠠᠷ ᠨᠦᠬᠦᠪᠦᠷᠢ ᠶᠢ | ᠣᠷᠣᠯᠠᠭᠤᠯᠬᠤ ᠲᠦᠷᠦᠯ ᠵᠦᠢᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠬᠤ ᠶᠢ ᠡᠬᠦᠷᠭᠡᠯᠡᠵᠦ᠂ ᠲᠦᠷᠦᠯ ᠵᠦᠢᠯ᠂ ᠣᠷᠣᠨ ᠪᠦᠰᠡ᠂ | ᠠᠷᠭ᠎ᠠ ᠠᠪᠴᠠᠯ ᠨᠠᠷᠢᠯᠢᠭ ᠣᠨᠣᠴᠠᠲᠠᠢ ᠪᠠᠶᠢᠬᠤ ᠶᠢ ᠪᠡᠶᠡᠯᠡᠬᠦᠯᠦᠨ᠂ ᠲᠦᠷᠦᠯ ᠵᠦᠢᠯ ᠤᠨ ᠬᠢᠨᠠᠨ ᠬᠠᠷᠭᠤᠭᠤᠯᠤᠯᠲᠠ ᠪᠠ ᠠᠩᠬᠠᠨ ᠤ ᠬᠤᠷᠢᠶᠠᠨ ᠰᠢᠯᠭᠠᠯᠲᠠ ᠵᠡᠷᠭᠡ | ᠠᠵᠢᠯ ᠢ ᠰᠠᠶᠢᠲᠤᠷ ᠬᠢᠨ᠎ᠡ᠃ | ︵ᠲᠠᠪᠤ︶ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠎ᠠ᠃ ᠡᠯ᠎ᠡ ᠪᠠᠯᠭᠠᠰᠣ᠂ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ | ᠶᠢᠨ ᠳᠣᠪᠴᠢᠶ᠎ᠠ ᠪᠤᠯ ᠬᠦᠬᠢᠬᠦᠯᠦᠯ ᠢᠶᠠᠷ ᠨᠦᠬᠦᠪᠦᠷᠢ ᠶᠢ ᠣᠷᠣᠯᠠᠭᠤᠯᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠤᠭᠴᠠ ᠪᠤᠯᠬᠤᠷ ᠬᠤᠰᠢᠭᠤ᠂ ᠪᠠᠯᠭᠠᠰᠣ᠂ | ᠭᠠᠴᠠᠭ᠎ᠠ ᠲᠤᠰᠬᠤᠨ ᠤ ᠭᠤᠷᠪᠠᠨ ᠱᠠᠲᠤᠨ ᠤ ᠬᠤᠯᠪᠤᠭᠠᠯᠠᠯ ᠤᠨ ᠲᠤᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠪᠠᠨ ᠱᠠᠲᠤ ᠱᠠᠲᠤ ᠪᠠᠷ ᠪᠤᠲᠠᠲᠠᠶᠢᠵᠢᠭᠤᠯᠤᠨ᠂ | ᠬᠠᠷᠢᠭᠤᠴᠠᠯᠭ᠎ᠠ ᠶᠢᠨ ᠨᠡᠬᠡᠮᠵᠢᠯᠡᠯ ᠢᠶᠠᠨ ᠴᠢᠩᠭ᠎ᠠ ᠬᠦᠢᠴᠡᠳᠬᠡᠵᠦ᠂ ᠡᠬᠦᠷᠭᠡ ᠬᠠᠷᠢᠭᠤᠴᠠᠯᠭ᠎ᠠ ᠶᠢᠨ ᠬᠦᠢᠴᠡᠳᠬᠡᠯᠲᠡ ᠬᠦᠢᠴᠡᠳ ᠪᠤᠰᠤ᠂ ᠬᠤᠳᠠᠯ ᠬᠠᠭᠤᠷᠮᠠᠭ ᠢᠶᠠᠷ | ᠦᠢᠯᠡᠳᠬᠦ ᠵᠡᠷᠭᠡ ᠬᠠᠤᠯᠢ ᠰᠠᠬᠢᠯᠭ᠎ᠠ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠨ᠂ ᠲᠤᠷᠰᠢᠯᠲᠠ ᠶᠢᠨ ᠴᠡᠭ ᠤᠨ ᠠᠵᠢᠯ ᠢ ᠣᠷᠣᠭᠰᠢᠲᠠᠢ ᠬᠡᠷᠡᠭᠵᠢᠬᠦᠯᠵᠦ᠂ | ᠪᠤᠲᠠᠲᠤ ᠪᠦᠲᠦᠮᠵᠢ ᠤᠯᠬᠤ ᠶᠢ ᠪᠠᠲᠤᠯᠠᠨ᠎ᠠ᠃ | ︵ᠵᠢᠷᠭᠤᠭ᠎ᠠ︶ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠨ᠎ᠡ᠃ ᠡᠯ᠎ᠡ ᠪᠠᠯᠭᠠᠰᠣ᠂ ᠬᠤᠰᠢᠭᠤ ᠮᠠᠯ ᠲᠠᠷᠢᠶᠠᠯᠠᠩ ᠪᠠ ᠣᠰᠣᠨ ᠠᠰᠢᠭᠯᠠᠯᠲᠠ ᠶᠢᠨ | ᠳᠣᠪᠴᠢᠶᠠᠨ ᠠᠴᠠ ᠲᠤᠷᠰᠢᠯᠲᠠ ᠶᠢᠨ ᠴᠡᠭ ᠤᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠮᠦᠷᠳᠡᠵᠦ᠂ ᠪᠦᠲᠦᠮᠵᠢ ᠶᠢᠨ ᠲᠤᠷᠰᠢᠯᠭ᠎ᠠ ᠪᠠᠨ ᠴᠠᠭ ᠲᠤᠬᠠᠢ ᠳᠤᠨᠢ | ᠳ᠋ᠦᠩᠨᠡᠨ᠂ ᠦᠢᠯᠡᠳᠦᠯᠬᠡ ᠶᠢᠨ ᠠᠷᠭ᠎ᠠ ᠵᠢᠴᠢ ᠨᠡᠶᠢᠲᠡᠯᠢᠭ ᠬᠡᠷᠡᠭ ᠢ ᠪᠤᠯᠪᠠᠰᠣᠷᠠᠭᠤᠯᠤᠨ ᠲᠤᠩᠭᠠᠵᠤ᠂ ᠨᠢᠬᠡ ᠪᠦᠯᠦᠭ ᠬᠠᠭᠤᠯᠪᠤᠷᠢᠯᠠᠵᠤ ᠪᠤᠯᠬᠤ᠂ ᠠᠮᠠᠷᠬᠠᠨ | ᠲᠦᠬᠡᠮᠡᠯᠵᠢᠬᠦᠯᠬᠦ ᠠᠮᠵᠢᠯᠲᠠᠲᠠᠢ ᠲᠤᠷᠰᠢᠯᠭ᠎ᠠ ᠶᠢ ᠪᠦᠷᠢᠯᠳᠦᠬᠦᠯᠦᠨ᠂ ᠵᠢᠱᠢᠶᠡᠴᠢ ᠳᠠᠶᠢᠴᠢᠯᠠᠯᠲᠠ ᠶᠢᠨ ᠦᠢᠯᠡᠳᠦᠯ ᠢᠶᠠᠨ ᠦᠨᠡᠨ ᠬᠦ ᠪᠠᠳᠠᠷᠠᠭᠤᠯᠤᠨ᠎ᠠ᠃ | | | |