︽ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ | ᠴᠢᠨᠠᠷ ᠤᠨ ᠠᠮᠣᠷ ᠲᠦᠪᠰᠢᠨ ᠰᠢᠶᠡᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠤᠨ ᠲᠣᠬᠠᠢ | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠰᠠᠯᠠᠭ᠎ᠠ ᠮᠦᠴᠢᠷ᠂ ᠡᠯ᠎ᠡ ᠠᠵᠣ ᠠᠬᠤᠶᠢᠯᠠᠯ ᠠᠵᠢᠯ ᠤᠨ ᠣᠶᠢᠯᠠᠰ ᠤᠨ ᠨᠢᠭᠡᠴᠨ᠄ | ︽ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠢ ᠴᠢᠨᠠᠷ ᠤᠨ ᠠᠮᠦᠷ ᠲᠦᠪᠰᠢᠨ ᠰᠢᠶᠠᠨ ᠤ | ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ︾ ᠢ ᠡᠳᠦᠭᠡ ᠲᠠ ᠨᠠᠷ ᠲᠤ ᠲᠠᠷᠣᠮᠠᠯᠯᠠᠨ ᠲᠠᠷᠬᠠᠭᠠᠪᠠ᠂ ᠪᠣᠳᠠᠳᠦ ᠪᠠᠶᠢᠳᠠᠯ ᠲᠠᠢ ᠪᠠᠨ ᠣᠶᠠᠯᠳᠣᠭᠤᠯᠣᠨ ᠨᠠᠷᠢᠨ | ᠬᠢᠨᠠᠮᠠᠭᠠᠢ ᠵᠣᠬᠢᠶᠠᠨ ᠪᠠᠶᠢᠭᠤᠯᠣᠨ ᠬᠡᠷᠡᠭᠵᠢᠭᠦᠯᠰᠦᠭᠡᠢ᠃ | | | ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 4 ᠰᠠᠷ᠎ᠠ ᠶᠢᠨ 30 ᠤ ᠡᠳᠦᠷ | | ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠮᠣᠷ ᠲᠦᠪᠰᠢᠨ ᠰᠢᠶᠠᠨ ᠤ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ | | | ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶᠠᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠪᠣᠯᠣᠨ ᠢᠳᠡᠭᠡᠨ ᠣᠮᠳᠠᠭᠠᠨ ᠤ ᠠᠮᠣᠷ | ᠲᠦᠪᠰᠢᠨ ᠤ ᠠᠵᠢᠯ ᠤᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠣᠷᠳᠦ ᠬᠤᠭᠤᠴᠠᠭᠠᠳᠦ ᠲᠣᠭᠳᠠᠯᠴᠠᠭ᠎ᠠ ᠶᠢ ᠪᠠᠶᠢᠭᠤᠯᠣᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠪᠣᠯᠣᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠬᠦ ᠶᠢᠨ | ᠲᠣᠰᠠᠳᠠ᠂ ︽ᠲᠠᠷᠢᠶᠠᠯᠠᠩ ᠤᠨ ᠶᠠᠮᠣᠨ ᠤ ︿ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠰᠢᠶᠠᠨ ᠤ | ᠴᠣᠭᠴᠠᠯᠠᠯᠳᠠ ᠶᠢᠨ ᠠᠵᠢᠯᠯᠠᠭᠠᠨ ᠤ ᠲᠦᠰᠦᠯ﹀ ᠪᠣᠯᠣᠨ ︿ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠰᠢᠶᠠᠨ ᠤ | ᠬᠢᠨᠠᠨ ᠰᠢᠯᠭᠠᠯᠳᠠ ᠶᠢᠨ ᠠᠷᠭ᠎ᠠ﹀ ᠶᠢᠨ ᠲᠣᠬᠠᠢ ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠵᠣ᠂ ᠮᠠᠨ ᠤ ᠬᠤᠰᠢᠭᠤᠨ ᠤ ᠪᠣᠳᠠᠳᠦ ᠪᠠᠶᠢᠳᠠᠯ | ᠲᠠᠢ ᠣᠶᠠᠯᠳᠣᠭᠤᠯᠣᠨ᠂ ᠲᠣᠰ ᠲᠦᠰᠦᠯ ᠢ ᠲᠣᠭᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠦ ᠣᠯᠣᠰ ᠤᠨ ᠣᠨᠴᠠᠯᠢᠭᠳᠦ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ | ᠲᠣᠮᠳᠠᠳᠦ ᠶᠢᠨ ᠦᠨᠳᠦᠰᠦᠳᠡᠨ ᠤ ᠬᠠᠮᠳᠦ ᠶᠢᠨ ᠴᠣᠭᠴᠠ ᠶᠢᠨ ᠣᠬᠠᠮᠰᠠᠷ ᠢ ᠲᠠᠰᠣᠷᠠᠯᠳᠠ ᠦᠭᠡᠢ ᠪᠠᠬᠢᠵᠢᠭᠦᠯᠵᠣ᠂ ︽ᠬᠢᠨᠠᠯᠳᠠ ᠬᠠᠮᠢᠶᠠᠷᠣᠯᠳᠠ ᠶᠢ ᠴᠢᠩᠭᠠᠳᠬᠠᠬᠤ᠂ | ᠠᠮᠣᠷ ᠲᠦᠪᠰᠢᠨ ᠢ ᠪᠠᠳᠣᠯᠠᠬᠤ᠂ ᠬᠦᠭᠵᠢᠯᠳᠡ ᠶᠢ ᠠᠬᠢᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ︾ ᠪᠣᠯᠣᠨ ︽ᠶᠠᠰᠦ ᠴᠢᠨᠠᠷ ᠢᠶᠠᠷ ᠮᠠᠯ ᠲᠠᠷᠢᠶᠠᠯᠠᠩ ᠢ | ᠬᠦᠭᠵᠢᠭᠦᠯᠬᠦ᠂ ᠪᠣᠬᠢᠷᠳᠣᠯ ᠦᠭᠡᠢ ᠪᠠᠷ ᠮᠠᠯ ᠲᠠᠷᠢᠶᠠᠯᠠᠩ ᠢ ᠬᠦᠭᠵᠢᠭᠦᠯᠬᠦ᠂ ᠨᠡᠷᠡᠳᠦ ᠲᠡᠮᠳᠡᠭ ᠢᠶᠠᠷ ᠮᠠᠯ ᠲᠠᠷᠢᠶᠠᠯᠠᠩ ᠢ ᠬᠦᠭᠵᠢᠬᠦᠯᠬᠦ︾ ᠣᠶᠢᠯᠠᠭᠠᠭᠳᠠᠬᠤᠨ ᠢ | ᠪᠠᠷᠢᠮᠳᠠᠯᠠᠨ᠂ ᠵᠠᠰᠠᠭ ᠤᠨ ᠣᠷᠳᠣᠨ ᠤ ᠬᠠᠷᠢᠶᠠᠳᠦ ᠣᠷᠣᠨ ᠤ ᠬᠠᠮᠢᠶᠠᠷᠣᠯᠳᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠣᠯᠳᠠ ᠶᠢᠨ | ᠬᠠᠷᠢᠭᠤᠴᠠᠯᠭ᠎ᠠ ᠪᠣᠯᠣᠨ ᠣᠶᠢᠯᠠᠳᠪᠦᠷᠢᠯᠠᠯ ᠡᠵᠡᠩᠨᠡᠭᠴᠢᠳ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠷ ᠭᠤᠣᠯᠳᠠᠯᠭ᠎ᠠ ᠪᠣᠯᠭᠠᠵᠣ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠲᠣᠭᠳᠠᠴᠠ ᠶᠢ ᠪᠦᠷᠢᠯᠳᠦᠭᠦᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠤ ᠬᠠᠮᠢᠶᠠᠷᠣᠯᠳᠠ ᠶᠢᠨ ᠲᠦᠪᠰᠢᠨ ᠪᠣᠯᠣᠨ ᠪᠠᠯᠭᠠᠰᠦ ᠭᠠᠴᠠᠭ᠎ᠠ ᠲᠣᠰᠬᠤᠨ ᠤ ᠬᠢᠨᠠᠯᠳᠠ ᠬᠠᠮᠢᠶᠠᠷᠣᠯᠳᠠ ᠶᠢᠨ ᠴᠢᠳᠠᠪᠬᠢ ᠶᠢ ᠲᠡᠭᠡᠭᠰᠢᠯᠡᠭᠦᠯᠵᠣ᠂ ᠦᠨᠳᠦᠷ | ᠪᠠᠷᠢᠮᠵᠢᠶ᠎ᠠ ᠪᠷ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠦᠷ ᠲᠦᠪᠰᠢᠨ ᠰᠢᠶᠠᠨ ᠢ ᠴᠣᠭᠴᠠᠯᠠᠨ᠎ᠠ᠃ | ᠬᠤᠶᠠᠷ᠂ ᠴᠣᠭᠴᠠᠯᠠᠯᠳᠠ ᠶᠢᠨ ᠬᠠᠷᠠᠯᠳᠠ | ︵ᠨᠢᠭᠡ︶ ᠬᠠᠷᠢᠭᠤᠴᠠᠯᠭ᠎ᠠ ᠶᠢᠨ ᠲᠣᠭᠳᠠᠴᠠ ᠶᠢ ᠪᠦᠷᠢᠨᠰᠢᠭᠦᠯᠦᠨ᠎ᠡ᠃ ︽ᠵᠠᠰᠠᠭ ᠤᠨ ᠣᠷᠳᠣᠨ ᠶᠡᠷᠦᠩᠬᠡᠢ ᠬᠠᠷᠢᠭᠤᠴᠠᠨ᠂ ᠡᠯ᠎ᠡ ᠪᠠᠯᠭᠠᠰᠦ ᠪᠠᠶᠢᠭᠤᠯᠣᠮᠵᠢ | ᠭᠠᠷᠭᠠᠵᠣ᠂ ᠭᠠᠴᠠᠭ᠎ᠠ ᠲᠣᠰᠬᠤᠨ ᠬᠦᠷᠳᠡᠯ᠎ᠠ ᠬᠢᠨᠠᠨ ᠬᠠᠮᠢᠶᠠᠷᠴᠦ᠂ ᠵᠠᠷᠣᠳᠠᠯ ᠢ ᠪᠠᠳᠣᠯᠠᠨ᠂ ᠪᠠᠶᠢᠴᠠᠭᠠᠯᠳᠠ ᠶᠢ ᠪᠦᠷᠭᠦᠬᠦᠯᠬᠦ︾ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠲᠣᠭᠳᠠᠴᠠ ᠶᠢ ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠢ ᠪᠦᠬᠦ ᠬᠤᠰᠢᠭᠤᠨ ᠤ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ | ᠲᠦᠯᠦᠪᠵᠢᠭᠦᠯᠭᠡ ᠳᠤ ᠣᠷᠣᠭᠤᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ᠂ ᠪᠠᠶᠢᠴᠠᠭᠠᠨ | ᠬᠡᠮᠵᠢᠯᠳᠡ᠂ ᠬᠠᠣᠯᠢ ᠬᠡᠷᠡᠭᠵᠢᠭᠦᠯᠦᠯᠳᠡ ᠶᠢᠨ ᠵᠠᠷᠣᠳᠠᠯ ᠢ ᠲᠣᠰ ᠱᠠᠳᠣᠨ ᠤ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠎ᠠ᠃ | ︵ᠬᠤᠶᠠᠷ︶ ᠬᠢᠨᠠᠯᠳᠠ ᠬᠠᠮᠢᠶᠠᠷᠣᠯᠳᠠ ᠶᠢᠨ ᠲᠣᠭᠳᠠᠴᠠ ᠶᠢ ᠲᠡᠭᠦᠯᠳᠡᠷᠵᠢᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠤ ︽ᠬᠢᠨᠠᠯᠳᠠ ᠬᠠᠮᠢᠶᠠᠷᠣᠯᠳᠠ᠂ ᠪᠠᠶᠢᠴᠠᠭᠠᠯᠳᠠ ᠬᠡᠮᠵᠢᠯᠳᠡ᠂ ᠮᠦᠷᠳᠡᠯᠳᠡ᠂ ᠬᠠᠣᠯᠢ ᠬᠡᠷᠡᠭᠵᠢᠭᠦᠯᠦᠯᠳᠡ︾ ᠲᠦᠷᠪᠡᠨ ᠶᠡᠭᠡ ᠲᠣᠭᠳᠠᠴᠠ ᠶᠢ | ᠲᠡᠭᠦᠯᠳᠡᠷᠵᠢᠭᠦᠯᠦᠨ ᠪᠦᠷᠢᠨᠰᠢᠭᠦᠯᠵᠣ᠂ ᠶᠠᠰᠦ ᠴᠢᠨᠠᠷ ᠤᠨ ᠠᠮᠠᠯᠠᠯᠳᠠ ᠶᠢᠨ ᠲᠦᠷᠢᠮ᠂ ᠮᠡᠳᠡᠭᠡ ᠵᠠᠩᠬᠢ ᠨᠡᠶᠢᠳᠡᠯᠡᠭᠦ ᠲᠦᠷᠢᠮ᠂ ︽ᠬᠠᠷ᠎ᠠ ᠲᠠᠩᠰᠠ︾ ᠶᠢᠨ ᠲᠦᠷᠢᠮ | ᠵᠢᠴᠢ ᠪᠡᠯᠡᠳᠬᠡᠯ ᠲᠦᠷᠢᠮ ᠲᠣᠭᠳᠠᠭᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠰᠣᠭᠤᠯᠣᠨ ᠪᠠᠶᠢᠴᠠᠭᠠᠯᠳᠠ ᠶᠢᠨ ᠬᠢᠷᠢ | ᠲᠡᠩᠴᠡᠯᠳᠡ ᠶᠢᠨ ᠨᠣᠷᠮ᠎ᠠ ᠶᠢ 98% ᠠᠴᠠ ᠲᠡᠭᠡᠭᠰᠢ ᠳᠤ ᠬᠦᠷᠭᠡᠵᠣ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠦᠢᠯᠠᠳᠪᠦᠷᠢᠯᠠᠯ ᠡᠵᠡᠩᠨᠡᠯᠳᠡ | ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ ᠴᠢᠬᠤᠯᠠ ᠶᠡᠭᠡ ᠬᠡᠷᠡᠭ ᠤᠨ ᠪᠠᠶᠢᠴᠠᠭᠠᠯᠳᠠ ᠶᠢᠨ ᠨᠣᠷᠮ᠎ᠠ ᠶᠢ 100% ᠳᠤ ᠬᠦᠷᠭᠡᠵᠣ᠂ | ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ ᠤᠨ ᠪᠦᠳᠦᠭᠡᠭᠳᠡᠭᠦᠨ ᠤ ᠰᠣᠭᠤᠯᠣᠨ ᠪᠠᠶᠢᠴᠠᠭᠠᠯᠳᠠ ᠶᠢᠨ ᠬᠢᠷᠢ ᠲᠡᠩᠴᠡᠭᠦ ᠨᠣᠷᠮ᠎ᠠ ᠶᠢ 99% ᠠᠴᠠ ᠲᠡᠭᠡᠭᠰᠢ ᠳᠤ | ᠬᠦᠷᠭᠡᠨ᠂ ᠬᠦᠨᠳᠦ ᠶᠡᠭᠡ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠡᠷᠡᠭ ᠣᠴᠢᠷ ᠡᠭᠦᠰᠬᠦ ᠦᠭᠡᠢ ᠪᠠᠶᠢᠬᠤ ᠶᠢ ᠪᠠᠳᠣᠯᠠᠨ᠎ᠠ᠃ | ︵ᠭᠤᠷᠪᠠ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠳᠣᠵᠢᠭᠤᠯᠣᠨᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ ᠠᠵᠣ | ᠠᠬᠤᠶᠢᠯᠠᠯ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠵᠣᠬᠢᠶᠠᠨ ᠪᠠᠶᠢᠭᠤᠯᠣᠯᠳᠠ᠂ ᠮᠠᠯ ᠵᠢᠭᠦᠷᠳᠡᠨ ᠤ ᠨᠢᠳᠦᠯᠭᠠ ᠶᠢᠨ ᠠᠵᠣ ᠠᠬᠤᠶᠢᠯᠠᠯ᠂ | ᠬᠤᠳᠠᠯᠳᠣᠨ ᠠᠪᠴᠣ ᠨᠦᠭᠡᠴᠡᠯᠡᠨ ᠵᠦᠭᠡᠭᠡᠪᠦᠷᠢᠯᠡᠭᠦ ᠠᠵᠣ ᠠᠬᠤᠶᠢᠯᠠᠯ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠦᠭᠡᠮ ᠪᠣᠷᠣᠯᠠᠭᠤᠯᠭ᠎ᠠ᠂ ᠵᠢᠵᠢᠭᠯᠡᠨ | ᠪᠣᠷᠣᠯᠠᠭᠤᠯᠭ᠎ᠠ ᠶᠢᠨ ᠵᠠᠬ᠎ᠠ ᠲᠡᠯᠭᠡᠭᠦᠷ ᠵᠡᠷᠭᠡ ᠦᠢᠯᠠᠳᠪᠦᠷᠢᠯᠠᠯ ᠡᠵᠡᠩᠨᠡᠭᠴᠢᠳ ᠤᠨ ᠭᠤᠣᠯ ᠬᠠᠷᠢᠭᠤᠴᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠣᠨ᠂ ᠬᠠᠷᠢᠭᠤᠴᠠᠯᠭ᠎ᠠ | ᠮᠡᠳᠡᠴᠡ ᠶᠢᠨ ᠨᠣᠷᠮ᠎ᠠ ᠶᠢ 100% ᠳᠤ ᠬᠦᠷᠭᠡᠵᠣ᠂ ᠣᠨᠴᠠ ᠭᠠᠷᠣᠯᠳᠠ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠪᠠᠷᠢᠮᠵᠢᠶᠡᠴᠢᠯᠠᠭᠰᠠᠨ ᠦᠢᠯᠠᠳᠪᠦᠷᠢᠯᠡᠯ | ᠤᠨ ᠪᠦᠷᠬᠦᠴᠡ ᠶᠢᠨ ᠨᠣᠷᠮ᠎ᠠ ᠶᠢ 90% ᠠᠴᠠ ᠲᠠᠪᠠᠭᠤᠯᠣᠨ᠂ ᠦᠢᠯᠠᠳᠪᠦᠷᠢᠯᠠᠯ ᠤᠨ ᠲᠠᠩᠰᠠ ᠡᠪᠬᠡᠮᠡᠯ ᠤᠨ ᠲᠦᠷᠢᠮᠵᠢᠭᠰᠡᠨ ᠪᠠᠶᠢᠭᠤᠯᠣᠯᠳᠠ ᠶᠢᠨ ᠨᠣᠷᠮ᠎ᠠ ᠶᠢ | 100% ᠳᠤ ᠬᠦᠷᠭᠡᠵᠣ᠂ ᠬᠤᠶᠠᠷ ᠵᠢᠯ ᠠᠴᠠ ᠲᠡᠭᠡᠭᠰᠢ ᠬᠠᠳᠠᠭᠠᠯᠠᠨ᠎ᠠ᠃ ᠬᠤᠰᠢᠭᠤ ᠱᠠᠳᠣᠨ ᠠᠴᠠ ᠲᠡᠭᠡᠭᠰᠢᠬᠢ ᠭᠤᠣᠯᠳᠠᠯᠭᠠᠳᠦ ᠲᠣᠯᠣᠭᠠᠶᠢᠯᠠᠭᠴᠢ ᠠᠵᠣ | ᠠᠬᠤᠶᠢᠯᠠᠯ᠂ ᠣᠳᠣ ᠦᠶ᠎ᠡ ᠶᠢᠨ ᠮᠠᠯ ᠲᠠᠷᠢᠶᠠᠯᠠᠩ ᠤᠨ ᠣᠶᠢᠯᠠᠰ ᠤᠨ ᠬᠦᠷᠢᠶᠡᠯᠡᠩ ᠲᠣᠭᠤᠷᠢᠭ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ᠂ ᠭᠡᠷ ᠪᠦᠯᠢ | ᠶᠢᠨ ᠮᠠᠯ ᠲᠠᠷᠢᠶᠠᠯᠠᠩ ᠤᠨ ᠲᠠᠯᠠᠪᠣᠷ ᠵᠢᠴᠢ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ ᠤᠨ ᠭᠡᠷᠡᠴᠢᠯᠡᠯᠳᠡ ᠶᠢᠨ ︵ᠬᠡᠷᠡᠭᠯᠡᠭᠦ ᠲᠡᠮᠳᠡᠭ︶ ᠭᠤᠣᠯ ᠴᠣᠭᠴᠠ | ᠶᠢᠨ ᠶᠠᠰᠦ ᠴᠢᠨᠠᠷ ᠤᠨ ᠨᠡᠬᠡᠮᠵᠢᠯᠡᠯᠳᠡ ᠪᠣᠯᠣᠨ ᠠᠮᠠᠯᠠᠯᠳᠠ ᠬᠢᠷᠢ ᠲᠡᠩᠴᠡᠭᠰᠡᠨ ᠦᠨᠡᠮᠯᠡᠯ ᠤᠨ ᠬᠠᠮᠢᠶᠠᠷᠣᠯᠳᠠ ᠶᠢᠨ ᠪᠦᠬᠦ ᠪᠦᠷᠭᠦᠴᠡ ᠶᠢ ᠪᠡᠶᠡᠯᠡᠭᠦᠯᠣᠨ᠂ ᠮᠠᠯ | ᠲᠠᠷᠢᠶᠠᠯᠠᠩ ᠤᠨ ᠣᠶᠢᠯᠠᠰ ᠤᠨ ᠪᠠᠷᠢᠮᠵᠢᠶᠠᠨ ᠤ ᠬᠤᠪᠢᠷᠠᠭᠤᠯᠣᠯᠳᠠ ᠶᠢᠨ ᠨᠣᠷᠮ᠎ᠠ ᠶᠢ 100% ᠳᠤ ᠬᠦᠷᠭᠡᠵᠣ᠂ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ | ᠤᠨ ᠦᠢᠯᠠᠳᠪᠦᠷᠢᠯᠠᠯ ᠤᠨ ᠡᠵᠡᠯᠡᠭᠦ ᠲᠠᠯᠠᠪᠠᠢ ᠶᠢ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ ᠲᠠᠯᠠᠪᠠᠢ ᠶᠢᠨ 40% ᠠᠴᠠ ᠲᠠᠪᠠᠭᠤᠯᠣᠨ᠂ ᠪᠦᠬᠦ | ᠶᠠᠪᠣᠴᠠ ᠶᠢᠨ ᠶᠠᠰᠦ ᠴᠢᠨᠠᠷ ᠤᠨ ᠡᠵᠡᠮᠳᠡᠯ ᠪᠣᠯᠣᠨ ᠨᠡᠷ᠎ᠡ ᠲᠡᠮᠳᠡᠭᠴᠢᠯᠡᠯᠳᠦ ᠪᠣᠷᠣᠯᠠᠭᠤᠯᠭ᠎ᠠ ᠶᠢ ᠪᠡᠶᠡᠯᠡᠭᠦᠯᠦᠨ᠎ᠡ᠃ | ︵ᠲᠦᠷᠪᠡ︶ ᠣᠯᠠᠨ ᠲᠦᠮᠡᠨ ᠤ ᠬᠠᠨᠣᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠤ ᠨᠡᠶᠢᠳᠡ ᠶᠢᠨ ᠦᠢᠯᠡᠴᠢᠯᠡᠭᠡᠨ ᠤ ᠲᠦᠪᠰᠢᠨ ᠢ ᠢᠯᠡᠷᠬᠡᠢ ᠨᠡᠮᠡᠭᠳᠡᠭᠦᠯᠦᠨ᠂ ᠣᠯᠠᠨ ᠲᠦᠮᠡᠨ ᠤ ᠣᠷᠣᠯᠴᠠᠯᠭ᠎ᠠ ᠪᠣᠯᠣᠨ ᠨᠡᠶᠢᠭᠡᠮ ᠤᠨ ᠵᠠᠰᠠᠯᠳᠠ ᠶᠢᠨ | ᠲᠦᠪᠰᠢᠨ ᠢ ᠲᠠᠰᠣᠷᠠᠯᠳᠠ ᠦᠭᠡᠢ ᠲᠡᠭᠡᠭᠰᠢᠯᠡᠭᠦᠯᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠠᠰᠠᠭᠤᠳᠠᠯ ᠤᠨ | ᠵᠠᠭᠠᠯᠳᠣᠯᠭ᠎ᠠ ᠶᠢᠨ ᠨᠣᠷᠮ᠎ᠠ ᠶᠢ ᠢᠯᠡᠷᠭᠡᠢ ᠪᠠᠭᠤᠷᠠᠭᠤᠯᠣᠨ᠂ ᠵᠠᠰᠠᠭ ᠣᠷᠳᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ | ᠠᠵᠢᠯ ᠤᠨ ᠪᠦᠳᠦᠮᠵᠢ ᠶᠢ ᠣᠯᠠᠨ ᠲᠦᠮᠡᠨ ᠳᠤ ᠮᠡᠳᠡᠷᠡᠭᠦᠯᠬᠦ ᠬᠡᠮᠵᠢᠶ᠎ᠡ ᠶᠢ ᠲᠡᠭᠡᠭᠰᠢᠯᠡᠭᠦᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠤ ᠣᠳᠣᠬᠢ ᠪᠠᠶᠢᠳᠠᠯ ᠤᠨ ᠶᠡᠷᠦᠩᠬᠡᠢ ᠬᠠᠨᠣᠮᠵᠢ ᠶᠢᠨ ᠨᠣᠷᠮ᠎ᠠ ᠶᠢ 70% ᠠᠴᠠ ᠲᠠᠪᠠᠭᠤᠯᠣᠨ᠎ᠠ᠃ | ᠭᠤᠷᠪᠠ᠂ ᠭᠤᠣᠯᠳᠠᠯᠭᠠᠳᠦ ᠡᠭᠦᠷᠭᠡ | ︵ᠨᠢᠭᠡ︶ ᠣᠷᠣᠨ ᠨᠣᠳᠤᠭ ᠤᠨ ᠵᠠᠰᠠᠭ ᠤᠨ ᠣᠷᠳᠣᠨ ᠤ ᠬᠠᠷᠢᠶᠠᠳᠦ ᠭᠠᠵᠠᠷ ᠤᠨ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠬᠠᠣᠯᠢ ᠶᠣᠰᠣᠭᠠᠷ | ᠭᠦᠢᠴᠡᠳᠬᠡᠨ᠎ᠡ᠃ ᠵᠠᠰᠠᠭ ᠤᠨ ᠣᠷᠳᠣᠨ ᠤ ᠭᠤᠣᠯ ᠣᠳᠣᠷᠢᠳᠣᠯᠭ᠎ᠠ ᠪᠠᠷ ᠲᠣᠯᠣᠭᠠᠶᠢᠯᠠᠭᠤᠯᠣᠭᠰᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠮᠣᠷ ᠲᠦᠪᠰᠢᠨ ᠤ ᠠᠵᠢᠯ ᠤᠨ ᠣᠳᠣᠷᠢᠳᠬᠤ ᠪᠠᠶᠢᠭᠤᠯᠣᠮᠵᠢ ᠪᠠᠶᠢᠭᠤᠯᠣᠨ᠂ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠣ᠂ | ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠴᠢᠩᠭᠠᠷᠠᠭᠤᠯᠣᠨ᠂ ᠵᠢᠯ ᠤᠨ ᠠᠵᠢᠯ ᠤᠨ ᠲᠦᠯᠦᠪᠵᠢᠭᠦᠯᠭᠡ ᠲᠣᠭᠳᠠᠭᠠᠵᠣ ᠵᠣᠬᠢᠶᠠᠨ ᠪᠠᠶᠢᠭᠤᠯᠣᠨ | ᠬᠡᠷᠡᠭᠵᠢᠭᠦᠯᠦᠨ᠎ᠡ᠃ ᠰᠢᠯᠭᠠᠯᠳᠠ ᠶᠢᠨ ᠲᠣᠭᠳᠠᠯᠴᠠᠭ᠎ᠠ ᠶᠢ ᠲᠡᠭᠦᠯᠳᠡᠷᠵᠢᠭᠦᠯᠦᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠶᠢᠨ ᠠᠵᠢᠯ ᠢ ᠪᠦᠬᠦ ᠬᠤᠰᠢᠭᠤᠨ ᠤ ᠵᠢᠯ ᠤᠨ ᠬᠢᠷᠢ ᠪᠦᠳᠦᠮᠵᠢ ᠶᠢᠨ ᠰᠢᠯᠭᠠᠯᠳᠠ᠂ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ | ᠲᠦᠯᠦᠪᠵᠢᠭᠦᠯᠭᠡ ᠳᠤ ᠣᠷᠣᠭᠤᠯᠣᠨ᠎ᠠ᠃ ᠡᠳ᠋ ᠤᠨ ᠵᠠᠰᠠᠭ ᠤᠨ ᠣᠷᠣᠭᠤᠯᠣᠯᠳᠠ ᠶᠢᠨ ᠪᠠᠳᠣᠯᠠᠭ᠎ᠠ ᠶᠢᠨ ᠲᠣᠭᠳᠠᠴᠠ ᠶᠢ ᠪᠠᠶᠢᠭᠤᠯᠣᠨ ᠪᠦᠷᠢᠨᠰᠢᠭᠦᠯᠵᠣ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ᠂ ᠪᠠᠶᠢᠴᠠᠭᠠᠯᠳᠠ᠂ ᠬᠠᠣᠯᠢ ᠬᠡᠷᠡᠭᠵᠢᠭᠦᠯᠦᠯᠳᠡ ᠵᠡᠷᠭᠡ ᠠᠵᠢᠯ | ᠤᠨ ᠵᠠᠷᠣᠳᠠᠯ ᠢ ᠨᠣᠷᠮ᠎ᠠ ᠶᠣᠰᠣᠭᠠᠷ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠂ ᠵᠢᠯ ᠤᠨ ᠲᠦᠰᠦᠪ ᠤᠨ ᠨᠡᠮᠡᠭᠳᠡᠯ ᠢ ᠪᠠᠶᠢᠩᠭᠤ ᠶᠢᠨ ᠴᠢᠨᠠᠷᠳᠠᠢ ᠡᠳ᠋ ᠤᠨ | ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠦᠨᠳᠦᠷ ᠪᠠᠶᠢᠯᠭᠠᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠶᠢᠨ ᠠᠵᠢᠯ ᠤᠨ ᠡᠮᠬᠢ ᠲᠢᠭᠯᠢᠮ ᠲᠠᠢ ᠶᠠᠪᠣᠭᠳᠠᠬᠤ ᠶᠢ ᠦᠨᠡᠨ ᠬᠦ ᠪᠠᠳᠣᠯᠠᠨ᠎ᠠ᠃ ︵ᠮᠠᠯ ᠲᠠᠷᠢᠶᠠᠯᠠᠩ ᠤᠨ ᠠᠯᠪᠠᠨ ᠭᠡᠷ ᠲᠣᠯᠣᠭᠠᠶᠢᠯᠠᠨ᠂ | ᠵᠣᠬᠢᠶᠠᠨ ᠪᠠᠶᠢᠭᠤᠯᠬᠤ ᠬᠡᠯᠳᠡᠰ᠂ ᠦᠭᠡᠷᠡᠴᠢᠯᠡᠯᠳᠡ ᠬᠦᠭᠵᠢᠭᠦᠯᠦᠯᠳᠡ ᠶᠢᠨ ᠵᠦᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ ᠪᠣᠯᠣᠨ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠬᠤᠶᠠᠷ︶ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠡᠵᠡᠩᠨᠡᠯᠳᠡ ᠶᠢᠨ ᠪᠠᠶᠢᠭᠤᠯᠭ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ | ᠨᠡᠷᠡᠰ ᠤᠨ ᠵᠢᠭᠰᠠᠭᠠᠯᠳᠠ ᠶᠢᠨ ᠲᠦᠷᠢᠮ ᠢ ᠪᠠᠶᠢᠭᠤᠯᠣᠨ ᠪᠦᠷᠢᠨᠰᠢᠭᠦᠯᠵᠣ᠂ ᠬᠢᠨᠠᠯᠳᠠ ᠬᠠᠮᠢᠶᠠᠷᠣᠯᠳᠠ ᠶᠢᠨ ᠨᠡᠷᠡᠰ ᠲᠤ ᠣᠷᠣᠭᠤᠯᠣᠭᠰᠠᠨ ᠦᠢᠯᠠᠳᠪᠦᠷᠢᠯᠠᠯ | ᠡᠵᠡᠩᠨᠡᠯᠳᠡ ᠶᠢᠨ ᠭᠤᠣᠯ ᠴᠣᠭᠴᠠ ᠶᠢᠨ ᠠᠮᠣᠷ ᠲᠦᠪᠰᠢᠨ ᠤ ᠪᠣᠯᠪᠠᠰᠣᠷᠠᠯ ᠬᠦᠮᠦᠵᠢᠯ ᠪᠣᠯᠣᠨ ᠬᠠᠷᠢᠭᠤᠴᠠᠯᠭ᠎ᠠ ᠶᠢᠨ ᠮᠡᠳᠡᠴᠡ ᠶᠢ ᠴᠢᠩᠭᠠᠳᠬᠠᠨ᠂ ᠶᠠᠰᠦ ᠴᠢᠨᠠᠷ | ᠤᠨ ᠠᠮᠠᠯᠠᠯᠳᠠ ᠶᠢ ᠵᠣᠬᠢᠶᠠᠨ ᠪᠠᠶᠢᠭᠤᠯᠣᠨ ᠬᠡᠷᠡᠭᠵᠢᠭᠦᠯᠵᠣ᠂ ᠦᠢᠯᠠᠳᠪᠦᠷᠢᠯᠠᠯ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ ᠠᠵᠣ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ ᠲᠣᠰᠬᠠᠢ | ᠬᠤᠷᠰᠢᠶᠠᠵᠢᠯ ᠵᠡᠷᠭᠡ ᠨᠢ ᠲᠣᠬᠠᠶᠢᠯᠠᠭᠰᠠᠨ ᠠᠵᠢᠯ ᠤᠨ ᠪᠣᠯᠪᠠᠰᠣᠷᠠᠯ ᠢᠶᠠᠨ ᠴᠢᠩᠭᠠᠳᠬᠠᠨ᠂ ᠦᠢᠯᠠᠳᠪᠦᠷᠢᠯᠠᠯ ᠤᠨ ᠲᠡᠮᠳᠡᠭᠯᠡᠯ ᠤᠨ ᠲᠦᠷᠢᠮ ᠢ ᠨᠠᠶᠢᠳᠠᠪᠦᠷᠢᠵᠢᠭᠤᠯᠵᠣ᠂ | ᠬᠡᠷᠡᠭᠯᠡᠭᠦ ᠶᠢ ᠬᠢᠵᠠᠭᠠᠷᠯᠠᠨ ᠴᠠᠭᠠᠵᠠᠯᠠᠬᠤ ᠲᠠᠷᠢᠶᠠᠨ ᠡᠮ ᠮᠠᠯ ᠤᠨ ᠡᠮ ᠤᠨ ᠬᠠᠮᠢᠶᠠᠷᠣᠯᠳᠠ᠂ ᠲᠠᠷᠢᠶᠠᠨ ᠡᠮ ᠮᠠᠯ ᠤᠨ ᠡᠮ ᠢ ᠬᠡᠷᠡᠭᠯᠡᠭᠦ ᠶᠢ ᠴᠠᠭᠠᠵᠠᠯᠠᠬᠤ | ᠬᠤᠭᠤᠴᠠᠭ᠎ᠠ᠂ ᠠᠮᠣᠷ ᠲᠦᠪᠰᠢᠨ ᠤ ᠠᠯᠣᠰᠯᠠᠯ ᠤᠨ ᠬᠤᠭᠤᠴᠠᠭ᠎ᠠ ᠵᠡᠷᠭᠡ ᠲᠣᠭᠳᠠᠭᠠᠯ ᠢ ᠴᠢᠩᠭ᠎ᠠ ᠬᠡᠷᠡᠭᠵᠢᠭᠦᠯᠵᠣ᠂ ᠪᠣᠷᠣᠯᠠᠭᠤᠯᠵᠣ ᠪᠦᠬᠦᠢ ᠮᠠᠯ ᠲᠠᠷᠢᠶᠠᠯᠠᠩ ᠤᠨ | ᠪᠦᠳᠦᠭᠡᠭᠳᠡᠭᠦᠨ ᠦᠪᠡᠷ ᠤᠨ ᠪᠠᠶᠢᠴᠠᠭᠠᠯᠳᠠ ᠪᠣᠶᠣ ᠨᠠᠶᠢᠳᠠᠨ ᠪᠠᠶᠢᠴᠠᠭᠠᠯᠳᠠ ᠶᠢ ᠵᠣᠬᠢᠶᠠᠨ ᠪᠠᠶᠢᠭᠤᠯᠣᠨ ᠦᠷᠨᠢᠭᠦᠯᠦᠨ᠎ᠡ᠃ ᠨᠢᠳᠦᠯᠭᠠ ᠶᠢᠨ ᠠᠵᠣ ᠠᠬᠤᠶᠢᠯᠠᠯ | ᠨᠢᠳᠣᠯᠭ᠎ᠠ ᠶᠢᠨ ᠲᠠᠯᠠᠪᠠᠢ ᠳᠤ ᠣᠷᠣᠬᠤ ᠪᠠᠶᠢᠴᠠᠭᠠᠯᠳᠠ᠂ ᠮᠢᠬᠠᠨ ᠤ ᠴᠢᠨᠠᠷ ᠤᠨ ᠪᠠᠶᠢᠴᠠᠭᠠᠯᠳᠠ᠂ ︽ᠬᠠᠷ᠎ᠠ ᠮᠢᠬᠠᠯᠠᠭᠤᠯᠬᠤ ᠬᠠᠨᠳᠠ︾ ᠶᠢᠨ ᠪᠠᠶᠢᠴᠠᠭᠠᠯᠳᠠ᠂ | ᠪᠦᠳᠦᠭᠡᠭᠳᠡᠭᠦᠨ ᠤ ᠪᠣᠷᠣᠯᠠᠭᠤᠯᠭ᠎ᠠ ᠶᠢᠨ ᠲᠠᠩᠰᠠᠯᠠᠯᠳᠠ ᠶᠢᠨ ᠲᠦᠷᠢᠮ ᠢ ᠨᠠᠶᠢᠳᠠᠪᠦᠷᠢᠵᠢᠭᠤᠯᠣᠨ᠎ᠠ᠃ ᠮᠠᠯ ᠲᠠᠷᠢᠶᠠᠯᠠᠩ ᠤᠨ ᠪᠦᠳᠦᠭᠡᠭᠳᠡᠬᠦᠨ ᠬᠤᠳᠠᠯᠳᠣᠨ ᠠᠪᠴᠣ | ᠨᠦᠭᠡᠴᠡᠯᠡᠨ ᠵᠦᠭᠡᠭᠡᠪᠦᠷᠢᠯᠡᠭᠦ ᠠᠵᠣ ᠠᠬᠤᠶᠢᠯᠠᠯ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠢ ᠪᠦᠭᠡᠮ ᠢᠶᠠᠷ ᠪᠣᠷᠣᠯᠠᠭᠤᠯᠬᠤ ᠵᠠᠬ᠎ᠠ ᠲᠡᠯᠭᠡᠭᠦᠷ ᠤᠨ ᠪᠠᠷᠠᠭ᠎ᠠ | ᠣᠷᠣᠭᠤᠯᠬᠤ ᠪᠠᠶᠢᠴᠠᠭᠠᠯᠳᠠ᠂ ᠰᠣᠭᠤᠯᠬᠤ ᠪᠠᠶᠢᠴᠠᠭᠠᠯᠳᠠ ᠶᠢᠨ ᠲᠦᠷᠢᠮ ᠲᠣᠭᠳᠠᠭᠠᠬᠤ ᠶᠢᠨ ᠬᠠᠮᠳᠦ ᠡᠪᠡᠳᠴᠢᠨ ᠢᠶᠠᠷ ᠦᠬᠦᠭᠰᠡᠨ ᠮᠠᠯ ᠵᠢᠭᠦᠷᠳᠡᠨ ᠵᠢᠴᠢ ᠬᠢᠷᠢ | ᠲᠡᠩᠴᠡᠭᠰᠡᠨ ᠦᠭᠡᠢ ᠮᠠᠯ ᠲᠠᠷᠢᠶᠠᠯᠠᠩ ᠤᠨ ᠪᠦᠳᠦᠭᠡᠭᠳᠡᠭᠦᠨ ᠢ ᠬᠦᠨᠦᠭᠡᠯ ᠦᠭᠡᠢ ᠰᠢᠢᠳᠪᠦᠷᠢᠯᠡᠭᠦ ᠲᠣᠭᠳᠠᠯᠴᠠᠭ᠎ᠠ ᠶᠢ ᠪᠠᠶᠢᠭᠤᠯᠣᠨ᠎ᠠ᠃ ᠦᠢᠯᠠᠳᠪᠦᠷᠢᠯᠠᠯ ᠡᠵᠡᠩᠨᠡᠯᠳᠡ | ᠶᠢᠨ ᠭᠤᠣᠯ ᠴᠣᠭᠴᠠ ᠶᠢᠨ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠣᠨ᠂ ᠦᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠠᠣᠯᠢ ᠵᠦᠷᠢᠴᠡᠭᠰᠡᠨ | ᠵᠠᠩᠬᠢ ᠶᠢ ᠬᠠᠣᠯᠢ ᠶᠣᠰᠣᠭᠠᠷ ᠢᠯᠡ ᠨᠡᠶᠢᠳᠡᠯᠡᠨ᠎ᠡ᠃ ᠡᠬᠦᠨ ᠤ ᠬᠠᠮᠳᠦ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠮᠡᠳᠡᠯᠭᠡ | ᠶᠢᠨ ᠣᠬᠠᠭᠤᠯᠭ᠎ᠠ ᠶᠢ ᠴᠢᠩᠭᠠᠳᠬᠠᠨ᠂ ᠣᠯᠠᠨ ᠲᠦᠮᠡᠨ ᠢ ᠲᠠᠶᠢᠴᠢᠯᠠᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ | ᠬᠠᠮᠢᠶᠠᠷᠣᠯᠳᠠ ᠳᠤ ᠣᠷᠣᠯᠴᠠᠭᠤᠯᠣᠨ᠎ᠠ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠣᠬᠠᠭᠤᠯᠬᠤ ᠬᠡᠯᠳᠡᠰ᠂ ᠵᠠᠬ᠎ᠠ ᠲᠡᠯᠭᠡᠭᠦᠷ ᠤᠨ ᠬᠢᠨᠠᠯᠳᠠ | ᠬᠠᠮᠢᠶᠠᠷᠣᠯᠳᠠ ᠶᠢᠨ ᠲᠣᠪᠴᠢᠶ᠎ᠠ ᠪᠣᠯᠣᠨ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠭᠤᠷᠪᠠ︶ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠲᠠᠷᠢᠶᠠᠨ ᠡᠮ᠂ ᠮᠡᠯ ᠤᠨ ᠡᠮ᠂ | ᠲᠡᠵᠢᠭᠡᠯ ᠪᠣᠷᠳᠤᠭ᠎ᠠ ᠵᠢᠴᠢ ᠲᠡᠵᠢᠭᠡᠯ ᠪᠣᠷᠳᠣᠭᠠᠨ ᠤ ᠨᠡᠮᠡᠯᠳᠡ ᠡᠳ᠋ ᠵᠡᠷᠭᠡ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠵᠠᠬ᠎ᠠ ᠲᠡᠯᠭᠡᠭᠦᠷ ᠲᠤ ᠣᠷᠣᠬᠤ | ᠬᠠᠮᠢᠶᠠᠷᠣᠯᠳᠠ ᠪᠣᠯᠣᠨ ᠦᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ ᠶᠢᠨ ᠬᠢᠨᠠᠯᠳᠠ ᠬᠠᠮᠢᠶᠠᠷᠣᠯᠳᠠ ᠶᠢᠨ ᠨᠡᠷᠡᠰ ᠵᠢᠭᠰᠠᠭᠠᠯᠳᠠ ᠶᠢᠨ ᠲᠦᠷᠢᠮ ᠤᠨ | ᠨᠠᠶᠢᠳᠠᠪᠦᠷᠢᠵᠢᠭᠤᠯᠣᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠬᠤᠳᠠᠯᠳᠣᠨ ᠠᠪᠣᠭᠰᠠᠨ ᠭᠡᠷᠡᠴᠢ ᠪᠠᠷᠢᠮᠳᠠ᠂ ᠡᠵᠡᠩᠨᠡᠯᠳᠡ | ᠶᠢᠨ ᠲᠠᠩᠰᠠ ᠶᠢᠨ ᠬᠠᠮᠢᠶᠠᠷᠣᠯᠳᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ | ᠴᠣᠭᠯᠠᠭᠤᠯᠣᠨ ᠰᠢᠢᠳᠪᠦᠷᠢᠯᠡᠭᠦ ᠲᠣᠭᠳᠠᠴᠠ ᠶᠢ ᠰᠦᠪᠡᠭᠴᠢᠯᠡᠨ ᠪᠠᠶᠢᠭᠤᠯᠵᠣ᠂ ᠬᠤᠣᠷ ᠶᠡᠬᠡᠳᠡᠢ ᠲᠠᠷᠢᠶᠠᠨ ᠡᠮ ᠢ ᠲᠣᠭᠳᠠᠭᠰᠠᠨ ᠴᠡᠭ ᠲᠤ ᠡᠵᠡᠩᠨᠡᠭᠦ᠂ ᠦᠨᠡᠨ ᠨᠡᠷ᠎ᠡ | ᠪᠠᠷ ᠬᠤᠳᠠᠯᠳᠣᠨ ᠠᠪᠬᠤ ᠲᠦᠷᠢᠮ ᠢ 100% ᠪᠠᠷ ᠨᠠᠶᠢᠳᠠᠪᠦᠷᠢᠵᠢᠭᠤᠯᠣᠨ᠂ ᠮᠠᠯ ᠤᠨ ᠡᠮ ᠤᠨ ᠦᠢᠯᠠᠳᠪᠦᠷᠢᠯᠠᠯ ᠪᠣᠯᠣᠨ ᠡᠵᠡᠩᠨᠡᠯᠳᠡ ᠶᠢᠨ ᠲᠦᠷᠢᠮᠵᠢᠯ ᠢ | ᠰᠠᠶᠢᠳᠦᠷ ᠬᠡᠷᠡᠭᠵᠢᠭᠦᠯᠵᠣ᠂ ᠲᠡᠵᠢᠭᠡᠨ ᠦᠷᠡᠵᠢᠭᠦᠯᠭᠡ ᠶᠢᠨ ᠭᠤᠭᠴᠣᠭᠠᠨ ᠳᠤ ᠨᠢ ᠦᠪᠡᠰᠣᠪᠠᠨ ᠨᠠᠶᠢᠷᠠᠭᠤᠯᠬᠤ ᠮᠡᠲ᠋ᠧᠷᠢᠶᠡᠯ ᠤᠨ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠎ᠠ᠃ ᠠᠮᠣᠷ ᠲᠦᠪᠰᠢᠨ ᠮᠠᠯ ᠲᠠᠷᠢᠶᠠᠯᠠᠩ ᠤᠨ ᠨᠡᠮᠡᠯᠳᠡ ᠪᠣᠳᠠᠰ ᠤᠨ ᠡᠵᠡᠩᠨᠡᠯᠳᠡ ᠪᠣᠯᠣᠨ ᠲᠣᠬᠢᠷᠠᠭᠤᠯᠣᠨ ᠬᠦᠷᠭᠡᠬᠦ ᠲᠣᠣᠷᠵᠢᠯ ᠪᠠᠶᠢᠭᠤᠯᠣᠨ᠂ | ᠬᠤᠯᠪᠣᠭᠠᠳᠦ ᠲᠡᠯᠭᠡᠭᠦᠷ᠂ ᠨᠢᠭᠡᠳᠦᠯᠳᠡᠢ ᠬᠤᠳᠠᠯᠳᠣᠨ ᠠᠪᠬᠤ᠂ ᠲᠣᠬᠢᠷᠠᠭᠤᠯᠣᠨ ᠬᠦᠷᠭᠡᠬᠦ ᠵᠡᠷᠭᠡ ᠡᠵᠡᠩᠨᠡᠯᠳᠡ ᠪᠣᠷᠣᠯᠠᠭᠤᠯᠭ᠎ᠠ ᠶᠢᠨ ᠬᠡᠯᠪᠡᠷᠢ ᠲᠠᠢ ᠮᠠᠯ ᠲᠠᠷᠢᠶᠠᠯᠠᠩ | ᠤᠨ ᠣᠶᠢᠯᠠᠰ ᠤᠨ ᠨᠡᠮᠡᠯᠳᠡ ᠪᠣᠳᠠᠰ ᠲᠣᠬᠠᠢ ᠭᠠᠵᠠᠷ ᠤᠨ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠶᠡᠷᠦᠩᠬᠡᠢ ᠶᠢᠨ ᠬᠡᠮᠵᠢᠶᠡᠨ ᠳᠤ ᠬᠢ ᠬᠠᠷᠢᠴᠠᠯ ᠢ | 70% ᠠᠴᠠ ᠲᠡᠭᠡᠭᠰᠢ ᠡᠵᠡᠯᠡᠭᠦᠯᠦᠨ᠎ᠡ᠃ ᠵᠠᠩᠬᠢᠴᠢᠯᠠᠭᠰᠠᠨ ᠬᠢᠨᠠᠯᠳᠠ ᠬᠠᠮᠢᠶᠠᠷᠣᠯᠳᠠ ᠶᠢᠨ ᠠᠷᠭ᠎ᠠ ᠶᠢ ᠠᠰᠢᠭᠯᠠᠨ᠂ ᠨᠡᠮᠡᠯᠳᠡ ᠪᠣᠳᠠᠰ ᠤᠨ ᠡᠵᠡᠩᠨᠡᠯᠳᠡ ᠳᠤ | ᠪᠠᠶᠢᠴᠠᠭᠠᠯᠳᠠ ᠰᠢᠯᠭᠠᠯᠳᠠ᠂ ᠬᠢᠨᠠᠨ ᠬᠠᠷᠭᠤᠭᠤᠯᠣᠯᠳᠠ᠂ ᠲᠠᠩᠰᠠᠯᠠᠯᠳᠠ᠂ ᠮᠦᠷᠳᠡᠨ ᠨᠡᠭᠡᠮᠵᠢᠯᠡᠯᠳᠡ ᠶᠠᠪᠣᠭᠳᠠᠭᠤᠯᠣᠨ᠂ ᠲᠠᠪᠴᠠᠩ ᠤᠨ ᠬᠠᠮᠢᠶᠠᠷᠣᠯᠳᠠ ᠳᠤ | ᠣᠷᠣᠭᠤᠯᠬᠤ ᠨᠣᠷᠮ᠎ᠠ ᠶᠢ 100% ᠳᠤ ᠬᠦᠷᠭᠡᠨ᠎ᠡ᠃ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠶᠠᠰᠦ ᠴᠢᠨᠠᠷ ᠤᠨ ᠪᠠᠶᠢᠩᠭᠤᠵᠢᠭᠰᠠᠨ ᠬᠢᠨᠠᠯᠳᠠ | ᠬᠡᠮᠵᠢᠯᠳᠡ ᠶᠢᠨ ᠲᠦᠷᠢᠮ ᠢ ᠲᠣᠭᠳᠠᠭᠠᠨ᠂ ᠲᠣᠭᠳᠠᠭᠰᠠᠨ ᠬᠤᠭᠤᠴᠠᠭ᠎ᠠ ᠲᠠᠢ ᠬᠠᠷᠢᠶᠠᠳᠦ ᠭᠠᠵᠠᠷ ᠤᠨ ᠦᠢᠯᠠᠳᠪᠦᠷᠢᠯᠠᠯ ᠤᠨ ᠰᠠᠭᠤᠷᠢᠨ᠂ ᠠᠷᠠᠯᠵᠢᠶᠠᠨ ᠤ ᠵᠠᠬ᠎ᠠ | ᠲᠡᠯᠭᠡᠭᠦᠷ ᠤᠨ ᠨᠡᠮᠡᠯᠳᠡ ᠪᠣᠳᠠᠰ ᠲᠤ ᠬᠢᠨᠠᠯᠳᠠ ᠲᠠᠯᠪᠢᠬᠤ ᠰᠣᠭᠤᠯᠣᠨ ᠪᠠᠶᠢᠴᠠᠭᠠᠯᠳᠠ ᠪᠣᠯᠣᠨ ᠮᠡᠷᠭᠡᠵᠢᠯ ᠤᠨ ᠵᠢᠯᠣᠭᠤᠳᠣᠯᠭ᠎ᠠ ᠦᠷᠨᠢᠭᠦᠯᠵᠣ᠂ ᠬᠡᠷᠡᠭᠯᠡᠭᠦ ᠶᠢ | ᠬᠢᠵᠠᠭᠠᠷᠯᠠᠨ ᠴᠠᠭᠠᠵᠠᠯᠠᠬᠤ ᠲᠠᠷᠢᠶᠠᠨ ᠡᠮ ᠮᠠᠯ ᠤᠨ ᠡᠮ᠂ ᠲᠡᠵᠢᠭᠡᠯ ᠪᠣᠷᠳᠤᠭ᠎ᠠ ᠪᠣᠯᠣᠨ ᠲᠡᠵᠢᠭᠡᠯ ᠪᠣᠷᠳᠣᠭᠠᠨ ᠤ ᠨᠡᠮᠡᠯᠳᠡ ᠡᠳ᠋ ᠵᠡᠷᠭᠡ ᠲᠠᠢ ᠬᠤᠯᠪᠣᠭᠳᠠᠯ ᠪᠦᠬᠦᠢ | ᠲᠤᠭᠳᠠᠭᠠᠯ ᠢ ᠴᠢᠩᠭ᠎ᠠ ᠬᠡᠷᠡᠭᠵᠢᠭᠦᠯᠦᠨ᠎ᠡ᠃ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠦᠢᠯᠠᠳᠪᠦᠷᠢᠯᠠᠯ ᠤᠨ ᠭᠤᠭᠴᠣᠭᠠᠨ ᠳᠤ ᠬᠢ ᠬᠠᠣᠯᠢ ᠪᠣᠰᠣ | ᠨᠡᠮᠡᠯᠳᠡ ᠶᠢᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠦᠢᠯᠠᠳᠪᠦᠷᠢᠯᠠᠯ ᠤᠨ ᠦᠨᠡᠮᠯᠡᠯ ᠦᠭᠡᠢ | ᠠᠵᠣ ᠠᠬᠤᠶᠢᠯᠠᠯ ᠢ ᠬᠠᠣᠯᠢ ᠶᠣᠰᠣᠭᠠᠷ ᠦᠭᠡᠶᠢᠰᠬᠡᠨ᠎ᠡ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠬᠠᠩᠭᠠᠨ ᠪᠣᠷᠣᠯᠠᠭᠤᠯᠬᠤ ᠬᠤᠷᠰᠢᠶ᠎ᠠ᠂ ᠵᠠᠬ᠎ᠠ | ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠪᠣᠯᠣᠨ ᠡᠯ᠎ᠡ ᠪᠠᠯᠭᠠᠰᠣᠨ ᠤ ᠵᠠᠰᠠᠭ ᠤᠨ ᠣᠷᠳᠣᠨ ᠬᠠᠮᠵᠢᠯᠴᠠᠨ᠎ᠠ︶ | ︵ᠲᠦᠷᠪᠡ︶ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠡᠮᠵᠢᠯᠳᠡ ᠶᠢ ᠯᠠᠪᠳᠠᠭᠤᠨ ᠪᠠᠳᠣᠳᠠᠢ ᠠᠬᠢᠭᠤᠯᠣᠨ᠎ᠠ᠃ | ᠭᠤᠣᠯ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠡᠮᠵᠢᠯᠳᠡ ᠶᠢᠨ ᠲᠦᠰᠦᠪ ᠲᠣᠭᠳᠠᠭᠠᠨ ᠬᠡᠷᠡᠭᠵᠢᠭᠦᠯᠵᠣ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠪᠣᠷᠣᠯᠠᠭᠤᠯᠭ᠎ᠠ ᠶᠢᠨ ᠠᠵᠣ ᠠᠬᠤᠶᠢᠯᠠᠯ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠠᠵᠣ | ᠠᠬᠤᠢ ᠶᠢᠨ ᠵᠣᠬᠢᠶᠠᠨ ᠪᠠᠶᠢᠭᠤᠯᠣᠯᠳᠠ᠂ ᠦᠢᠯᠠᠳᠪᠦᠷᠢᠯᠠᠯ ᠤᠨ ᠰᠠᠭᠤᠷᠢᠨ᠂ ᠲᠡᠵᠢᠭᠡᠨ ᠦᠷᠡᠵᠢᠭᠦᠯᠭᠡ ᠶᠢᠨ ᠡᠷᠦᠭᠡ ᠪᠣᠯᠣᠨ ᠬᠤᠳᠠᠯᠳᠣᠨ ᠠᠪᠬᠤ ᠨᠦᠭᠡᠴᠡᠯᠡᠭᠦ | ᠵᠦᠭᠡᠭᠡᠪᠦᠷᠢᠯᠡᠭᠦ ᠠᠵᠣ ᠠᠬᠤᠶᠢᠯᠠᠯ ᠵᠢᠴᠢ ᠪᠦᠭᠡᠮ ᠢᠶᠠᠷ ᠪᠣᠷᠣᠯᠠᠭᠤᠯᠬᠤ᠂ ᠵᠢᠵᠢᠭᠯᠡᠨ ᠪᠣᠷᠣᠯᠠᠭᠤᠯᠬᠤ ᠵᠠᠬ᠎ᠠ ᠲᠡᠯᠭᠡᠭᠦᠷ ᠢ ᠪᠦᠷᠬᠦᠭᠦᠯᠦᠨ᠎ᠡ᠃ ᠬᠤᠰᠢᠭᠤ ᠱᠠᠳᠣᠨ ᠤ | ᠪᠦᠬᠦ ᠵᠢᠯ ᠳᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠦᠷᠭᠡᠨ ᠪᠠᠶᠢᠴᠠᠭᠠᠯᠳᠠ ᠬᠡᠮᠵᠢᠯᠳᠡ ᠶᠢᠨ ᠬᠡᠪ ᠵᠠᠭᠪᠣᠷ ᠤᠨ ᠲᠤᠭ᠎ᠠ ᠬᠡᠮᠵᠢᠶ᠎ᠡ ᠶᠢ 8000 ᠳᠤ ᠬᠦᠷᠭᠡᠨ᠂ | ᠲᠣᠭᠳᠠᠭᠰᠠᠨ ᠬᠡᠮᠵᠢᠶᠡᠨ ᠤ ᠰᠣᠭᠤᠯᠣᠨ ᠪᠠᠶᠢᠴᠠᠭᠠᠯᠳᠠ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠪ ᠵᠠᠭᠪᠣᠷ ᠤᠨ ᠲᠤᠭ᠎ᠠ ᠬᠡᠮᠵᠢᠶ᠎ᠡ ᠶᠢ 600 ᠳᠤ | ᠬᠦᠷᠭᠡᠵᠣ᠂ ᠬᠤᠰᠢᠭᠤᠨ ᠤ ᠮᠡᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠡᠵᠡᠩᠨᠡᠯᠳᠡ ᠶᠢᠨ ᠠᠵᠣ ᠠᠬᠤᠶᠢᠯᠠᠯ ᠪᠣᠯᠣᠨ ᠮᠠᠯᠴᠢᠨ ᠲᠠᠷᠢᠶᠠᠴᠢᠨ ᠤ | ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠳᠤ ᠪᠦᠳᠦᠭᠡᠭᠳᠡᠭᠦᠨ ᠤ ᠦᠪᠡᠷ ᠤᠨ ᠪᠠᠶᠢᠴᠠᠭᠠᠯᠳᠠ ᠶᠢᠨ ᠲᠦᠷᠢᠮ ᠢ 100% ᠪᠠᠷ | ᠨᠠᠶᠢᠳᠠᠪᠦᠷᠢᠵᠢᠭᠤᠯᠣᠨ᠎ᠠ᠃ ᠡᠯ᠎ᠡ ᠪᠠᠯᠭᠠᠰᠣᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠶᠢᠨ ᠡᠳᠦᠷ ᠲᠣᠳᠣᠮ ᠤᠨ ᠲᠣᠭᠤᠷᠢᠨ ᠪᠠᠶᠢᠴᠠᠭᠠᠯᠳᠠ᠂ ᠲᠦᠷᠭᠡᠨ | ᠬᠡᠮᠵᠢᠯᠳᠡ ᠪᠣᠯᠣᠨ ᠵᠢᠯᠣᠭᠤᠳᠣᠯᠭ᠎ᠠ ᠦᠢᠯᠡᠴᠢᠯᠡᠭᠡ ᠵᠡᠷᠭᠡ ᠠᠵᠢᠯ ᠢᠶᠠᠨ ᠨᠠᠶᠢᠳᠠᠪᠦᠷᠢᠵᠢᠭᠤᠯᠣᠨ᠂ ᠡᠯ᠎ᠡ ᠪᠠᠯᠭᠠᠰᠣᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ | ᠪᠦᠬᠦ ᠵᠢᠯ ᠤᠨ ᠲᠦᠷᠭᠡᠨ ᠬᠡᠮᠵᠢᠯᠳᠡ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠪ ᠵᠠᠭᠪᠣᠷ ᠢ 7200 ᠳᠤ ᠬᠦᠷᠭᠡᠨ᠎ᠡ᠃ ︵ᠮᠠᠯ ᠲᠠᠷᠢᠶᠠᠯᠠᠩ ᠤᠨ | ᠲᠣᠪᠴᠢᠶ᠎ᠠ ᠲᠣᠯᠣᠭᠠᠶᠢᠯᠠᠨ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠪᠣᠯᠣᠨ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ | ᠬᠠᠮᠵᠢᠯᠴᠠᠨ᠎ᠠ︶ | ︵ᠲᠠᠪᠤ︶ ᠬᠠᠣᠯᠢ ᠲᠣᠭᠳᠠᠭᠠᠯ ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠭᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ | ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠤᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ | ᠦᠢᠯᠠᠳᠪᠦᠷᠢᠯᠠᠯ ᠡᠵᠡᠩᠨᠡᠯᠳᠡ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ᠂ ᠬᠤᠳᠠᠯᠳᠤᠭ᠎ᠠ᠂ ᠨᠦᠭᠡᠴᠡ ᠵᠦᠭᠡᠭᠡᠪᠦᠷᠢᠯᠡᠯᠳᠡ᠂ ᠨᠢᠳᠣᠯᠭ᠎ᠠ᠂ | ᠪᠦᠭᠡᠮ ᠪᠣᠷᠣᠯᠠᠭᠤᠯᠭ᠎ᠠ᠂ ᠵᠢᠵᠢᠭᠯᠡᠨ ᠪᠣᠷᠣᠯᠠᠭᠤᠯᠭ᠎ᠠ ᠶᠢᠨ ᠵᠠᠬ᠎ᠠ ᠲᠡᠯᠭᠡᠭᠦᠷ ᠵᠡᠷᠭᠡ ᠭᠤᠣᠯᠳᠠᠯᠭᠠᠳᠦ ᠭᠤᠭᠴᠣᠭᠠᠨ ᠳᠤ ᠪᠠᠶᠢᠩᠭᠤᠵᠢᠭᠰᠠᠨ ᠬᠠᠣᠯᠢ ᠬᠡᠷᠡᠭᠵᠢᠭᠦᠯᠬᠦ | ᠪᠠᠶᠢᠴᠠᠭᠠᠯᠳᠠ ᠶᠢ ᠦᠷᠨᠢᠭᠦᠯᠣᠨ᠎ᠡ᠃ ᠬᠠᠭᠤᠷᠮᠠᠭ ᠴᠢᠨᠠᠷ ᠮᠠᠯ ᠲᠠᠷᠢᠶᠠᠯᠠᠩ ᠤᠨ ᠡᠳ᠋ ᠪᠠᠷᠠᠭ᠎ᠠ ᠦᠢᠯᠠᠳᠬᠦ᠂ ᠬᠡᠷᠡᠭᠯᠡᠭᠦ ᠶᠢ ᠴᠠᠭᠠᠵᠠᠯᠠᠭᠰᠠᠨ ᠮᠠᠯ ᠲᠠᠷᠢᠶᠠᠯᠠᠩ ᠤᠨ ᠡᠮ | ᠦᠢᠯᠠᠳᠪᠦᠷᠢᠯᠡᠵᠣ ᠪᠣᠷᠣᠯᠠᠭᠤᠯᠬᠤ᠂ ᠬᠤᠣᠷ ᠬᠦᠨᠦᠭᠡᠯ ᠲᠠᠢ ᠪᠣᠳᠠᠰ ᠢ ᠬᠠᠣᠯᠢ ᠪᠣᠰᠣ ᠪᠠᠷ ᠨᠡᠮᠡᠭᠦ᠂ ᠡᠪᠡᠳᠴᠢᠨ ᠢᠶᠠᠷ ᠦᠭᠦᠭᠰᠡᠨ ᠠᠮᠢᠳᠠᠨ ᠢ ᠬᠤᠳᠠᠯᠳᠣᠨ ᠠᠪᠴᠣ | ᠪᠣᠷᠣᠯᠠᠭᠤᠯᠬᠤ᠂ ᠣᠰᠣ ᠲᠠᠷᠢᠬᠤ᠂ ᠦᠪᠡᠷ ᠢᠶᠠᠨ ᠨᠢᠳᠦᠯᠬᠤ᠂ ᠬᠠᠭᠤᠷᠮᠠᠭ ᠮᠠᠯ ᠲᠠᠷᠢᠶᠠᠯᠠᠩ ᠤᠨ ᠪᠦᠳᠦᠭᠡᠭᠳᠡᠬᠦᠨ ᠤ ᠶᠠᠰᠦ ᠴᠢᠨᠠᠷ ᠤᠨ ᠠᠮᠣᠷ ᠲᠦᠪᠰᠢᠨ ᠤ | ᠬᠡᠷᠡᠴᠢ ᠭᠠᠷᠭᠠᠬᠤ᠂ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ ᠤᠨ ᠪᠦᠳᠦᠭᠡᠭᠳᠡᠭᠦᠨ ᠤ ᠢᠯᠡᠳᠬᠡᠯ ᠢ ᠬᠠᠭᠤᠷᠮᠠᠭ ᠦᠢᠯᠠᠳᠪᠦᠷᠢᠯᠡᠭᠦ ᠵᠡᠷᠭᠡ ᠬᠠᠣᠯᠢ | ᠵᠦᠷᠢᠴᠡᠭᠰᠡᠨ ᠠᠵᠢᠯᠯᠠᠭᠠᠨ ᠳᠤ ᠴᠢᠩᠭ᠎ᠠ ᠴᠣᠬᠢᠯᠳᠠ ᠦᠭᠭᠦᠨ᠎ᠡ᠃ ᠬᠡᠷᠡᠭ ᠣᠴᠢᠷ ᠢ ᠪᠠᠶᠢᠴᠠᠭᠠᠨ ᠰᠢᠢᠳᠪᠦᠷᠢᠯᠡᠭᠦ ᠪᠠ ᠰᠢᠢᠳᠬᠡᠬᠦ ᠡᠷᠴᠢᠮ ᠢᠶᠠᠨ ᠴᠢᠩᠭᠠᠷᠠᠭᠤᠯᠣᠨ᠂ | ᠰᠦᠪᠡᠭᠴᠢ ᠢᠯᠡᠷᠡᠭᠦᠯᠬᠦ ᠪᠠ ᠵᠠᠷᠯᠠᠨ ᠨᠡᠶᠢᠳᠡᠯᠡᠭᠦ᠂ ᠬᠠᠪᠰᠣᠷᠣᠨ ᠪᠠᠶᠢᠴᠠᠭᠠᠬᠤ᠂ ᠬᠤᠯᠪᠣᠭᠠᠯᠠᠨ ᠬᠦᠢᠴᠡᠳᠬᠡᠬᠦ᠂ ᠴᠢᠬᠤᠯᠠ ᠶᠡᠭᠡ ᠬᠡᠷᠡᠭ ᠣᠴᠢᠷ ᠢ ᠱᠠᠩᠨᠠᠨ | ᠬᠦᠬᠢᠭᠦᠯᠬᠦ ᠵᠡᠷᠭᠡ ᠲᠣᠭᠳᠠᠴᠠ ᠶᠢ ᠪᠠᠶᠢᠭᠤᠯᠵᠣ᠂ ᠬᠠᠣᠯᠢ ᠵᠦᠷᠢᠴᠡᠭᠰᠡᠨ ᠶᠠᠯᠠᠳᠦ ᠠᠵᠢᠯᠯᠠᠭᠠᠨ ᠢ ᠴᠠᠭ ᠲᠣᠬᠠᠢ ᠳᠤ ᠨᠢ ᠲᠣᠳᠣᠭᠠᠳᠦ ᠶᠢ ᠬᠠᠮᠠᠭᠠᠯᠠᠬᠤ ᠪᠠᠶᠢᠭᠤᠯᠭ᠎ᠠ | ᠳᠤ ᠰᠢᠯᠵᠢᠭᠦᠯᠣᠨ ᠬᠦᠷᠭᠡᠵᠣ᠂ ᠰᠢᠯᠵᠢᠭᠦᠯᠦᠨ ᠬᠦᠷᠭᠡᠬᠦ ᠨᠣᠷᠮ᠎ᠠ ᠶᠢ 100% ᠳᠤ ᠬᠦᠷᠭᠡᠨ᠎ᠡ᠃ ᠪᠠᠴᠢᠮ ᠢ ᠠᠷᠭᠠᠴᠠᠨ ᠰᠢᠢᠳᠪᠦᠷᠢᠯᠡᠭᠦ ᠲᠣᠭᠳᠠᠴᠠ ᠶᠢ | ᠪᠦᠷᠢᠨᠰᠢᠭᠦᠯᠦᠨ᠂ ᠭᠡᠨᠡᠳᠳᠡ ᠶᠢᠨ ᠬᠡᠷᠡᠭ ᠣᠴᠢᠷ ᠢ ᠵᠣᠬᠢᠰᠳᠠᠢ ᠰᠢᠢᠳᠪᠦᠷᠢᠯᠡᠨ᠎ᠡ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠲᠣᠳᠣᠭᠠᠳᠦ ᠶᠢ | ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ ᠪᠣᠯᠣᠨ ᠡᠯ᠎ᠡ ᠪᠠᠯᠭᠠᠰᠣᠨ | ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠵᠢᠷᠭᠤᠭ᠎ᠠ︶ ᠪᠠᠷᠢᠮᠵᠢᠶᠠᠴᠢᠯᠠᠭᠰᠠᠨ ᠦᠢᠯᠠᠳᠪᠦᠷᠢᠯᠠᠯ ᠤᠨ ᠲᠦᠪᠰᠢᠨ ᠢ ᠲᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠣᠶᠢᠯᠠᠰ ᠤᠨ ᠪᠠᠷᠢᠮᠵᠢᠶᠡᠴᠢᠯᠠᠭᠰᠠᠨ | ᠠᠯᠬᠤᠴᠠ ᠶᠢ ᠲᠦᠷᠭᠡᠳᠬᠡᠨ᠂ ᠨᠢᠭᠡᠳᠦᠯᠳᠡᠢ ᠰᠡᠷᠭᠡᠶᠢᠯᠡᠨ ᠵᠠᠰᠠᠬᠤ᠂ ᠪᠣᠬᠢᠷᠳᠣᠯ ᠦᠭᠡᠢ ᠰᠡᠷᠭᠡᠶᠢᠯᠡᠨ ᠡᠵᠡᠮᠳᠡᠭᠦ᠂ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ | ᠡᠷᠡᠭᠦᠯ ᠲᠡᠵᠢᠭᠡᠨ ᠦᠷᠡᠵᠢᠭᠦᠯᠬᠦ ᠪᠣᠯᠣᠨ ᠦᠨᠳᠦᠷ ᠠᠰᠢᠭᠳᠦ ᠬᠤᠣᠷ ᠪᠠᠭ᠎ᠠ ᠮᠠᠯ ᠲᠠᠷᠢᠶᠠᠯᠠᠩ ᠤᠨ ᠡᠮ ᠢ ᠬᠡᠷᠡᠭᠯᠡᠭᠦ ᠵᠡᠷᠭᠡ ᠮᠡᠷᠭᠡᠵᠢᠯ ᠢ ᠬᠡᠷᠡᠭᠵᠢᠭᠦᠯᠵᠣ᠂ ᠣᠯᠣᠰ | ᠤᠨ ᠪᠠᠷᠢᠮᠵᠢᠶ᠎ᠡ᠂ ᠠᠵᠢᠯ ᠲᠦᠷᠦᠯ ᠤᠨ ᠪᠠᠷᠢᠮᠵᠢᠶ᠎ᠠ ᠯᠤᠭ᠎ᠠ ᠲᠣᠬᠢᠷᠠᠯᠴᠠᠭᠰᠠᠨ ᠣᠷᠣᠨ ᠨᠣᠳᠤᠭ ᠤᠨ ᠭᠤᠣᠯᠳᠠᠯᠭᠠᠳᠦ ᠮᠠᠯ ᠲᠠᠷᠢᠶᠠᠯᠠᠩ ᠤᠨ ᠪᠦᠳᠦᠭᠡᠭᠳᠡᠭᠦᠨ ᠢ | ᠦᠢᠯᠡᠳᠪᠦᠷᠢᠯᠡᠨ ᠠᠵᠢᠯᠯᠠᠭᠤᠯᠬᠤ ᠲᠦᠷᠢᠮ ᠢ ᠲᠣᠭᠳᠠᠭᠠᠬᠤ ᠪᠠ ᠵᠠᠰᠠᠪᠦᠷᠢ ᠣᠷᠣᠭᠤᠯᠵᠣ᠂ ᠡᠷᠦᠭᠡ ᠳᠤ ᠣᠷᠣᠭᠤᠯᠬᠤ ᠨᠣᠷᠮ᠎ᠠ ᠶᠢ 100 % ᠳᠤ ᠬᠦᠷᠭᠡᠨ᠎ᠡ᠃ | ᠪᠣᠬᠢᠷᠳᠣᠯ ᠦᠭᠡᠢ ᠢᠳᠡᠭᠡᠨ ᠤ ᠣᠭ ᠮᠡᠲ᠋ᠧᠷᠢᠶᠡᠯ ᠤᠨ ᠪᠠᠷᠢᠮᠵᠢᠶᠠᠴᠢᠯᠠᠭᠰᠠᠨ ᠰᠠᠭᠤᠷᠢᠨ ᠭᠠᠵᠠᠷ ᠢ ᠢᠳᠡᠪᠬᠢᠳᠡᠢ ᠴᠣᠭᠴᠠᠯᠠᠨ᠂ ᠢᠳᠡᠰᠢᠨ ᠨᠣᠭᠤᠭ᠎ᠠ ᠵᠢᠮᠢᠰ ᠤᠨ | ᠪᠠᠷᠢᠮᠵᠢᠶᠠᠳᠦ ᠬᠦᠷᠢᠶᠡᠯᠡᠩ᠂ ᠮᠠᠯ ᠵᠢᠭᠦᠷᠳᠡᠨ ᠤ ᠲᠡᠵᠢᠭᠡᠨ ᠦᠷᠡᠵᠢᠭᠦᠯᠭᠡ ᠶᠢᠨ ᠪᠠᠷᠢᠮᠵᠢᠶᠠᠴᠢᠯᠠᠭᠰᠠᠨ ᠵᠢᠱᠢᠶ᠎ᠡ ᠦᠵᠡᠭᠦᠯᠬᠦ ᠲᠠᠯᠠᠪᠠᠢ᠂ ᠣᠰᠣᠨ ᠤ ᠭᠠᠷᠣᠯᠳᠠ ᠶᠢᠨ | ᠪᠠᠷᠢᠮᠵᠢᠶᠠᠴᠢᠯᠠᠭᠰᠠᠨ ᠡᠷᠡᠭᠦᠯ ᠲᠡᠵᠢᠭᠡᠨ ᠦᠷᠡᠵᠢᠭᠦᠯᠭᠡ ᠶᠢᠨ ᠵᠢᠱᠢᠶ᠎ᠡ ᠦᠵᠡᠭᠦᠯᠬᠦ ᠲᠠᠯᠠᠪᠠᠢ ᠶᠢᠨ ᠪᠠᠶᠢᠭᠤᠯᠣᠯᠳᠠ ᠶᠢ ᠦᠷᠨᠢᠭᠦᠯᠦᠨ᠎ᠡ᠃ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠡᠷᠡᠴᠢᠯᠡᠭᠡ ᠶᠢ ᠬᠡᠷᠡᠭᠵᠢᠭᠦᠯᠦᠨ᠂ ᠭᠡᠷᠡᠴᠢᠯᠡᠨ ᠬᠢᠨᠠᠨ ᠬᠠᠮᠢᠶᠠᠷᠬᠤ ᠪᠠ ᠨᠦᠬᠦᠪᠦᠷᠢ ᠦᠭᠴᠦ ᠱᠠᠩᠨᠠᠨ | ᠬᠦᠬᠢᠭᠦᠯᠬᠦ ᠲᠣᠭᠳᠠᠴᠠ ᠶᠢ ᠪᠠᠶᠢᠭᠤᠯᠣᠨ ᠪᠦᠷᠢᠨᠰᠢᠭᠦᠯᠵᠣ᠂ ᠴᠢᠨᠠᠷ ᠰᠠᠶᠢᠳᠠᠢ ᠠᠮᠣᠷ ᠲᠦᠪᠰᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠨᠡᠷᠡᠳᠦ ᠲᠡᠮᠳᠡᠭ᠂ | ᠪᠣᠬᠢᠷᠳᠣᠯ ᠦᠭᠡᠢ ᠢᠳᠡᠭᠡᠨ᠂ ᠣᠷᠭᠠᠨᠢᠭ ᠮᠠᠯ ᠲᠠᠷᠢᠶᠠᠯᠠᠩ ᠤᠨ ᠪᠦᠳᠦᠭᠡᠭᠳᠡᠭᠦᠨ᠂ ᠣᠬᠢ ᠰᠠᠶᠢᠨ ᠮᠡᠯ ᠲᠠᠷᠢᠶᠠᠯᠠᠩ ᠤᠨ ᠣᠶᠢᠯᠠᠰ ᠤᠨ ᠲᠦᠷᠢᠮᠵᠢᠯ ᠵᠡᠷᠭᠡ ᠦᠨᠡᠮᠯᠡᠯ | ᠣᠯᠣᠭᠰᠠᠨ ᠪᠦᠳᠦᠭᠡᠭᠳᠡᠭᠦᠨ ᠢ ᠶᠡᠬᠡᠪᠡᠷ ᠪᠣᠶᠢᠵᠢᠭᠤᠯᠣᠨ᠂ ᠲᠣᠬᠠᠢ ᠶᠢᠨ ᠭᠠᠵᠠᠷ ᠤᠨ ᠢᠳᠡᠰᠢᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ | ᠶᠡᠷᠦᠩᠭᠡᠢ ᠬᠡᠮᠵᠢᠶ᠎ᠡ ᠪᠣᠶᠣ ᠲᠠᠯᠠᠪᠠᠢ ᠶᠢᠨ ᠬᠤᠪᠢ ᠶᠢᠨ ᠵᠢᠩ ᠢ 100% ᠳᠤ ᠬᠦᠷᠭᠡᠨ᠎ᠡ᠃ ᠬᠡᠷᠡᠴᠢᠯᠡᠯᠳᠡ ᠶᠢᠨ ᠲᠠᠷᠠᠭᠠᠬᠢ ᠬᠢᠨᠠᠯᠳᠠ ᠬᠠᠮᠢᠶᠠᠷᠣᠯᠳᠠ ᠶᠢ | ᠴᠢᠩᠭᠠᠳᠬᠠᠨ᠂ ᠪᠣᠭᠤᠳᠠᠯ ᠲᠡᠮᠳᠡᠭ ᠤᠨ ᠬᠠᠮᠢᠶᠠᠷᠣᠯᠳᠠ ᠶᠢ ᠲᠦᠷᠢᠮᠵᠢᠭᠦᠯᠵᠣ᠂ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ ᠤᠨ ᠨᠡᠶᠢᠳᠡ ᠶᠢᠨ ᠢᠳᠡᠭᠡᠮᠵᠢ | ᠶᠢᠨ ᠬᠦᠴᠦᠨ ᠪᠠ ᠨᠡᠷᠡᠳᠦ ᠲᠡᠮᠳᠡᠭ ᠤᠨ ᠠᠯᠳᠠᠷᠰᠢᠯ ᠢ ᠰᠠᠶᠢᠳᠦᠷ ᠬᠠᠮᠠᠭᠠᠯᠠᠨ᠎ᠠ᠃ ᠭᠠᠷᠣᠯᠳᠠ ᠶᠢᠨ ᠣᠷᠣᠨ ᠤ ᠣᠷᠴᠢᠨ ᠲᠣᠭᠤᠷᠢᠨ ᠪᠣᠯᠣᠨ ᠪᠣᠬᠢᠷᠳᠣᠯ ᠤᠨ | ᠪᠠᠶᠢᠳᠠᠯ ᠤᠨ ᠬᠢᠨᠠᠨ ᠬᠡᠮᠵᠢᠯᠳᠡ ᠶᠢ ᠦᠷᠨᠢᠭᠦᠯᠦᠨ᠂ ᠮᠠᠯ ᠵᠢᠭᠦᠷᠳᠡᠨ ᠤ ᠢᠯᠠᠭᠠᠳᠠᠰᠦ ᠶᠢᠨ ᠪᠣᠬᠢᠷᠳᠣᠯ ᠤᠨ ᠰᠠᠷᠭᠡᠶᠢᠯᠡᠨ ᠵᠠᠰᠠᠯᠳᠠ ᠶᠢ ᠴᠢᠩᠭᠠᠷᠠᠭᠤᠯᠣᠨ᠎ᠠ᠃ ︵ᠮᠠᠯ | ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠪᠣᠯᠣᠨ ᠡᠯ᠎ᠡ ᠪᠠᠯᠭᠠᠰᠣᠨ ᠤ ᠠᠷᠠᠳ ᠤᠨ ᠵᠠᠰᠠᠭ ᠤᠨ | ᠣᠷᠳᠣᠨ ᠬᠠᠮᠵᠢᠯᠴᠠᠨ᠎ᠠ︶ | ︵ᠲᠣᠯᠤᠭ᠎ᠠ︶ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠢᠨᠠᠯᠳᠠ ᠬᠠᠮᠢᠶᠠᠷᠣᠯᠳᠠ ᠶᠢᠨ ᠲᠣᠭᠳᠠᠯᠴᠠᠭᠠᠨ ᠤ ᠪᠠᠶᠢᠭᠤᠯᠣᠯᠳᠠ ᠶᠢ ᠪᠠᠶᠢᠭᠤᠯᠣᠨ | ᠪᠦᠷᠢᠨᠰᠢᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ᠂ ᠶᠡᠷᠦᠩᠬᠡᠶᠢᠯᠡᠭᠰᠡᠨ ᠬᠠᠣᠯᠢ | ᠬᠡᠷᠡᠭᠵᠢᠭᠦᠯᠦᠯᠳᠡ᠂ ᠪᠠᠶᠢᠴᠠᠭᠠᠨ ᠰᠢᠯᠭᠠᠯᠳᠠ ᠪᠣᠯᠣᠨ ᠢᠳᠡᠭᠡᠨ ᠤ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠬᠠᠣᠯᠢ ᠬᠡᠷᠡᠭᠵᠢᠭᠦᠯᠦᠯᠳᠡ ᠵᠢᠴᠢ ᠬᠠᠮᠢᠶ᠎ᠠ | ᠪᠦᠬᠦᠢ ᠪᠠᠶᠢᠴᠠᠭᠠᠨ ᠬᠡᠮᠵᠢᠯᠳᠡ ᠶᠢᠨ ᠰᠠᠯᠠᠭ᠎ᠠ ᠮᠦᠴᠢᠷ ᠤᠨ ᠡᠭᠦᠷᠭᠡ ᠲᠣᠰᠢᠶᠠᠯ ᠢ ᠲᠣᠳᠣᠷᠬᠠᠶᠢᠯᠠᠨ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠵᠣ᠂ ᠵᠠᠷᠣᠳᠠᠯ | ᠪᠠᠳᠣᠯᠠᠭ᠎ᠠ ᠲᠠᠢ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠲᠣᠳᠣᠷᠬᠠᠢ᠂ ᠬᠠᠮᠢᠶᠠᠷᠣᠯᠳᠠ ᠶᠢᠨ ᠲᠦᠷᠢᠮ ᠪᠦᠷᠢᠨ ᠲᠡᠭᠦᠯᠳᠡᠷ ᠪᠠᠶᠢᠬᠤ ᠶᠢ ᠪᠡᠶᠡᠯᠡᠭᠦᠯᠣᠨ᠂ ᠮᠠᠯ | ᠲᠠᠷᠢᠶᠠᠯᠠᠩ ᠤᠨ ᠣᠶᠢᠯᠠᠰ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ | ᠨᠠᠶᠢᠳᠠᠪᠦᠷᠢᠵᠢᠭᠤᠯᠵᠣ᠂ ᠪᠠᠶᠢᠩᠭᠤᠵᠢᠭᠰᠠᠨ ᠬᠠᠣᠯᠢ ᠬᠡᠷᠡᠭᠵᠢᠭᠦᠯᠬᠦ ᠪᠠᠶᠢᠴᠠᠭᠠᠯᠳᠠ ᠶᠢᠨ ᠲᠦᠷᠢᠮ ᠢ ᠲᠣᠭᠳᠠᠭᠠᠨ᠎ᠠ᠃ ᠡᠯ᠎ᠡ ᠪᠠᠯᠭᠠᠰᠣ ᠶᠢᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠪᠠᠶᠢᠭᠤᠯᠣᠮᠵᠢ ᠶᠢ ᠪᠦᠷᠢᠳᠦᠭᠦᠯᠦᠨ᠂ ︽ᠪᠠᠶᠢᠭᠤᠯᠣᠮᠵᠢ ᠲᠠᠢ᠂ ᠡᠭᠦᠷᠭᠡ | ᠴᠢᠳᠠᠪᠦᠷᠢ ᠲᠠᠢ᠂ ᠠᠵᠢᠯᠳᠠᠨ ᠲᠠᠢ᠂ ᠨᠦᠬᠦᠴᠡᠯ ᠲᠠᠢ᠂ ᠠᠯᠪᠠᠨ ᠵᠠᠷᠣᠳᠠᠯ ᠲᠠᠢ︾ ᠱᠠᠭᠠᠷᠳᠠᠯᠭ᠎ᠠ ᠶᠣᠰᠣᠭᠠᠷ ᠠᠵᠢᠯ ᠢᠶᠠᠨ ᠦᠷᠨᠢᠭᠦᠯᠵᠣ᠂ ᠮᠠᠯᠴᠢᠨ ᠲᠠᠷᠢᠶᠠᠴᠢᠳ | ᠤᠨ ᠪᠣᠯᠪᠠᠰᠣᠷᠠᠯ᠂ ᠶᠠᠰᠦ ᠴᠢᠨᠠᠷ ᠤᠨ ᠠᠮᠣᠷ ᠲᠦᠪᠰᠢᠨ ᠤ ᠮᠠᠷᠭᠡᠵᠢᠯ ᠤᠨ ᠲᠦᠭᠡᠮᠡᠯᠵᠢᠭᠦᠯᠦᠯᠳᠡ᠂ ᠪᠠᠷᠢᠮᠵᠢᠶ᠎ᠠ ᠶᠢᠨ ᠣᠬᠠᠭᠤᠯᠭ᠎ᠠ ᠪᠣᠯᠪᠠᠰᠣᠷᠠᠯ᠂ ᠵᠢᠯᠣᠭᠤᠳᠣᠯᠭ᠎ᠠ | ᠲᠣᠭᠤᠷᠢᠨ ᠪᠠᠶᠢᠴᠠᠭᠠᠯᠳᠠ᠂ ᠬᠢᠨᠠᠯᠳᠠ ᠬᠠᠮᠢᠶᠠᠷᠣᠯᠳᠠ ᠨᠠᠶᠢᠳᠠᠪᠦᠷᠢᠵᠢᠭᠤᠯᠣᠯᠳᠠ ᠵᠡᠷᠭᠡ ᠠᠵᠢᠯ ᠢ ᠰᠠᠶᠢᠳᠦᠷ ᠬᠢᠨ᠎ᠡ᠃ ᠣᠲᠣ ᠶᠢᠨ ᠪᠠᠶᠢᠭ᠎ᠠ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠬᠤᠰᠢᠭᠤ ᠪᠠᠯᠭᠠᠰᠤ ᠬᠤᠶᠠᠷ ᠱᠠᠲᠤᠨ ᠤ ᠴᠢᠬᠤᠯᠠ ᠪᠥᠬᠦᠶ ᠪᠠᠶᠢᠴᠠᠭᠠᠨ ᠬᠡᠮᠵᠢᠯᠳᠡ᠂ ᠬᠠᠤᠯᠢ ᠬᠡᠷᠡᠭᠵᠢᠭᠦᠯᠵᠦ ᠭᠡᠷᠡᠴᠢ ᠠᠪᠬᠤ᠂ ᠥᠯᠢᠭᠡᠷ ᠶᠠᠩᠵᠣ | ᠠᠪᠬᠤ᠂ ᠶᠠᠰᠤ ᠴᠢᠨᠠᠷ ᠤᠨ ᠮᠦᠷᠳᠡᠯᠳᠡ ᠵᠡᠷᠭᠡ ᠲᠥᠬᠦᠭᠡᠷᠦᠮᠵᠢ ᠵᠢᠴᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢ ᠳᠣᠭᠢᠷᠠᠭᠤᠯᠤᠨ᠎ᠠ᠃ ᠡᠭᠦᠷᠭᠡ | ᠲᠣᠰᠢᠶᠠᠯ ᠲᠣᠳᠣᠷᠬᠠᠶ᠂ ᠬᠢᠨᠠᠨ ᠰᠢᠯᠭᠠᠬᠤ ᠰᠢᠰᠲ᠋ᠧᠮ ᠪᠦᠷᠢᠨ ᠲᠥᠬᠦᠷ ᠭᠠᠴᠠᠭ᠎ᠠ ᠲᠣᠰᠬᠤᠨ ᠤ ᠱᠠᠲᠤᠨ ᠤ ᠶᠠᠰᠤ ᠴᠢᠨᠠᠷ ᠤᠨ ᠠᠶᠣᠯᠬᠦᠢ ᠶᠢᠨ ᠬᠢᠨᠠᠨ | ᠬᠠᠮᠢᠶᠠᠷᠤᠭᠴᠢ ᠶᠢᠨ ᠡᠩᠨᠡᠭᠡ ᠪᠠᠶᠢᠭᠤᠯᠣᠨ᠂ ᠲᠣᠣᠷᠵᠢᠯ ᠤᠨ ᠬᠠᠮᠢᠶᠠᠷᠤᠯᠲᠠ ᠶᠢᠨ ᠠᠵᠢᠯᠲᠠᠨ ᠠᠴᠠ ᠭᠠᠴᠠᠭ᠎ᠠ ᠲᠣᠰᠬᠤᠨ ᠤ ᠱᠠᠲᠤᠨ ᠤ ᠬᠠᠪᠰᠤᠷᠤᠨ | ᠬᠠᠮᠢᠶᠠᠷᠤᠭᠴᠢ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠭᠠᠴᠠᠭ᠎ᠠ ᠲᠣᠰᠬᠤᠨ ᠤ ᠱᠠᠲᠤᠨ ᠤ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠣᠨ᠎ᠠ᠃ ᠬᠤᠰᠢᠭᠤ᠂ | ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠬᠢᠨᠠᠯᠳᠠ ᠬᠠᠮᠢᠶᠠᠷᠣᠯᠳᠠ ᠶᠢᠨ ᠠᠵᠢᠯᠲᠠᠨ ᠤ ᠲᠤᠰᠬᠠᠶ ᠪᠣᠯᠪᠠᠰᠣᠷᠠᠯ ᠤᠨ ᠲᠥᠯᠥᠪᠯᠡᠭᠡ ᠶᠢ ᠲᠣᠭᠲᠠᠭᠠᠨ | ᠬᠡᠷᠡᠭᠵᠢᠭᠦᠯᠵᠦ᠂ ᠬᠢᠨᠠᠯᠳᠠ ᠬᠠᠮᠢᠶᠠᠷᠣᠯᠳᠠ ᠶᠢᠨ ᠠᠵᠢᠯᠲᠠᠨ ᠪᠦᠬᠦᠨ ᠤ ᠵᠢᠯ ᠪᠦᠷᠢ ᠶᠢᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠲᠠᠯ᠎ᠠ ᠪᠠᠷ ᠬᠢ ᠲᠤᠰᠬᠠᠶ ᠮᠡᠷᠭᠡᠵᠢᠯ ᠤᠨ ᠪᠣᠯᠪᠠᠰᠣᠷᠠᠯ ᠢ 40 ᠴᠠᠭ ᠲᠣᠬᠢᠷᠠᠭᠤᠯᠣᠨ᠂ ᠰᠦᠯᠵᠢᠶᠡᠨ ᠳᠡᠭᠡᠷ᠎ᠡ 1 ᠤᠳᠠᠭ᠎ᠠ᠂ ᠠᠬᠤᠢ ᠲᠠᠯᠠᠪᠠᠢ ᠶᠢᠨ | ᠪᠣᠯᠪᠠᠰᠣᠷᠠᠯ ᠢ 2 ᠣᠳᠠᠭ᠎ᠠ ᠲᠣᠬᠢᠷᠠᠭᠤᠯᠣᠨ᠎ᠠ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠣᠯᠣᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ︵ᠨᠠᠢᠮᠠ︶ ᠬᠢᠨᠠᠯᠳᠠ ᠬᠠᠮᠢᠶᠠᠷᠣᠯᠳᠠ ᠶᠢᠨ ᠲᠦᠷᠢᠮ ᠲᠣᠭᠳᠠᠴᠠ ᠶᠢ ᠪᠠᠶᠢᠭᠤᠯᠣᠨ ᠪᠦᠷᠢᠨᠰᠢᠭᠦᠯᠦᠨ᠎ᠡ᠃ ᠠᠵᠣ ᠣᠶᠢᠯᠠᠰ ᠤᠨ ᠣᠨᠴᠠᠯᠢᠭ ᠲᠠᠢ | ᠣᠶᠠᠯᠳᠣᠭᠤᠯᠣᠨ᠂ ᠰᠠᠨᠠᠭᠠᠴᠢᠯᠠᠭᠠᠳᠦ ᠴᠢᠨᠠᠷ ᠪᠣᠯᠣᠨ ᠪᠦᠳᠦᠭᠡᠯᠴᠢ ᠴᠢᠨᠠᠷ ᠢᠶᠠᠨ ᠪᠠᠳᠠᠷᠠᠭᠤᠯᠵᠣ᠂ ᠪᠦᠬᠦ ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢᠨ ᠵᠠᠭᠪᠣᠷ ᠢ | ᠪᠠᠶᠢᠭᠤᠯᠣᠨ᠂ ᠭᠠᠷᠣᠯᠳᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠢᠶᠠᠷᠣᠯᠳᠠ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠬᠢᠨᠠᠯᠳᠠ | ᠬᠠᠮᠢᠶᠠᠷᠣᠯᠳᠠ᠂ ᠦᠢᠯᠠᠳᠪᠦᠷᠢᠯᠠᠯ ᠤᠨ ᠪᠦᠬᠦ ᠶᠠᠪᠣᠴᠠ ᠶᠢᠨ ᠬᠠᠮᠢᠶᠠᠷᠣᠯᠳᠠ ᠡᠵᠡᠮᠳᠡᠯ᠂ ᠬᠤᠳᠠᠯᠳᠣᠨ ᠠᠪᠴᠦ ᠨᠦᠭᠡᠴᠡᠯᠡᠬᠦ ᠵᠦᠭᠡᠭᠡᠪᠦᠷᠢᠯᠡᠭᠦ ᠪᠦᠬᠦ ᠶᠠᠪᠣᠴᠠ ᠶᠢᠨ | ᠬᠢᠨᠠᠯᠳᠠ ᠬᠠᠮᠢᠶᠠᠷᠣᠯᠳᠠ᠂ ᠪᠣᠭᠤᠳᠠᠯ ᠢᠯᠡᠳᠬᠡᠯ ᠤᠨ ᠬᠠᠮᠢᠶᠠᠷᠣᠯᠳᠠ ᠵᠡᠷᠭᠡ ᠦᠨᠳᠦᠰᠣᠨ ᠲᠦᠷᠢᠮ ᠲᠣᠭᠳᠠᠭᠠᠯ ᠢ ᠪᠦᠷᠢᠯᠳᠦᠭᠦᠯᠬᠦ ᠬᠡᠷᠡᠭᠳᠡᠢ᠃ ᠲᠣᠬᠠᠢ ᠶᠢᠨ ᠭᠠᠵᠠᠷ | ᠲᠤ ᠨᠢ ᠲᠣᠬᠢᠷᠠᠭᠤᠯᠣᠨ ᠭᠤᠣᠯ ᠪᠣᠯᠬᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠮᠦᠷᠳᠡᠯᠳᠡ ᠶᠢᠨ ᠲᠣᠭᠳᠠᠯᠴᠠᠭ᠎ᠠ ᠶᠢ ᠪᠠᠶᠢᠭᠤᠯᠣᠨ᠂ | ᠪᠣᠯᠪᠠᠰᠣᠷᠠᠭᠤᠯᠬᠤ᠂ ᠭᠦᠢᠯᠭᠡᠭᠡᠯᠡᠭᠦ ᠬᠦᠷᠢᠶ᠎ᠡ ᠴᠠᠷᠠᠭᠠᠨ ᠤ ᠮᠦᠷᠳᠡᠯᠳᠡ ᠶᠢᠨ ᠲᠣᠭᠳᠠᠯᠴᠠᠭ᠎ᠠ ᠶᠢᠨ ᠠᠪᠴᠠᠯᠳᠣᠭᠤᠯᠣᠯ ᠢ ᠪᠡᠶᠡᠯᠡᠭᠦᠯᠦᠨ᠎ᠡ᠃ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠦᠢᠯᠠᠳᠪᠦᠷᠢᠯᠠᠯ ᠤᠨ ᠠᠵᠣ ᠠᠬᠤᠶᠢᠯᠠᠯ᠂ ᠮᠠᠯᠴᠢᠨ ᠲᠠᠷᠢᠶᠠᠴᠢᠨ ᠤ ᠲᠣᠰᠬᠠᠢ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ᠂ | ᠬᠤᠳᠠᠯᠳᠣᠨ ᠠᠪᠴᠦ ᠨᠦᠭᠡᠴᠡᠯᠡᠨ ᠵᠦᠭᠡᠭᠡᠪᠦᠷᠢᠯᠡᠬᠦ ᠠᠵᠣ ᠠᠬᠤᠶᠢᠯᠠᠯ ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠠᠯ ᠤᠨ ᠭᠠᠵᠠᠷ ᠤᠨ ᠬᠡᠷᠡᠴᠢ᠂ | ᠦᠪᠡᠷ ᠤᠨ ᠪᠠᠶᠢᠴᠠᠭᠠᠯᠳᠠ᠂ ᠪᠠᠷᠠᠭ᠎ᠠ ᠣᠷᠣᠭᠤᠯᠣᠭᠰᠠᠨ ᠪᠠᠶᠢᠴᠠᠭᠠᠯᠳᠠ ᠪᠠᠷ ᠰᠠᠭᠤᠷᠢ ᠪᠣᠯᠭᠠᠭᠰᠠᠨ ᠶᠠᠰᠦ ᠴᠢᠨᠠᠷ ᠤᠨ ᠠᠮᠣᠷ ᠲᠦᠪᠰᠢᠨ ᠤ ᠬᠠᠮᠢᠶᠠᠷᠣᠯᠳᠠ ᠡᠵᠡᠮᠳᠡᠯ | ᠤᠨ ᠲᠦᠷᠢᠮ ᠢ ᠬᠡᠷᠡᠭᠵᠢᠭᠦᠯᠵᠣ᠂ ᠢᠳᠢᠰᠢᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠭᠰᠡᠨ ᠦᠨᠡᠮᠯᠡᠯ ᠲᠦᠷᠢᠮ ᠤᠨ ᠪᠠᠳᠣᠯᠠᠭ᠎ᠠ ᠪᠠᠷ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠭᠠᠷᠣᠯᠳᠠ ᠶᠢᠨ ᠭᠠᠵᠠᠷ ᠠᠴᠠ ᠭᠠᠷᠭᠠᠬᠤ ᠪᠠ ᠵᠠᠬ᠎ᠠ ᠲᠡᠯᠭᠡᠭᠦᠷ ᠲᠤ ᠣᠷᠣᠭᠤᠯᠬᠤ ᠠᠪᠴᠠᠯᠳᠣᠭᠤᠯᠣᠯ ᠤᠨ ᠲᠣᠭᠳᠠᠴᠠ ᠶᠢ | ᠪᠦᠳᠦᠮᠵᠢ ᠲᠠᠢ ᠠᠵᠢᠯᠯᠠᠭᠤᠯᠣᠨ᠎ᠠ᠃ ᠨᠡᠶᠢᠭᠡᠮ ᠨᠡᠶᠢᠳᠡ ᠶᠢᠨ ᠵᠠᠰᠠᠯᠳᠠ ᠶᠢ ᠠᠬᠢᠭᠤᠯᠣᠨ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠭᠡᠷᠡᠴᠢᠯᠡᠭᠡ ᠶᠢᠨ | ᠪᠠᠶᠢᠭᠤᠯᠣᠮᠵᠢ ᠶᠢᠨ ᠣᠶᠢᠯᠠᠳᠣᠯ ᠢ ᠪᠠᠳᠠᠷᠠᠭᠤᠯᠵᠣ᠂ ᠢᠯᠡᠴᠢᠯᠡᠨ ᠮᠡᠳᠡᠭᠦᠯᠬᠦ ᠱᠠᠩᠨᠠᠨ ᠬᠦᠬᠢᠭᠦᠯᠬᠦ ᠲᠦᠷᠢᠮ ᠲᠣᠭᠳᠠᠭᠠᠨ᠂ ᠲᠠᠷᠬᠠᠢ ᠪᠣᠳᠠᠷᠬᠠᠢ ᠮᠠᠯᠴᠢᠨ ᠲᠠᠷᠢᠶᠠᠴᠢᠨ | ᠡᠷᠦᠭᠡ ᠪᠣᠯᠣᠨ ᠬᠤᠳᠠᠯᠳᠣᠨ ᠠᠪᠴᠦ ᠨᠦᠭᠡᠴᠡᠯᠡᠨ ᠵᠦᠭᠡᠭᠡᠪᠦᠷᠢᠯᠡᠭᠦ ᠭᠤᠣᠯ ᠴᠣᠭᠴᠠ ᠳᠤ ᠶᠠᠰᠦ ᠴᠢᠨᠠᠷ ᠤᠨ ᠠᠮᠣᠷ ᠲᠦᠪᠰᠢᠨ ᠤ ᠬᠠᠷᠢᠭᠤᠴᠠᠯᠭ᠎ᠠ ᠶᠢᠨ ᠠᠷᠭ᠎ᠠ | ᠠᠪᠴᠠᠯ ᠤᠨ ᠨᠠᠶᠢᠳᠠᠪᠦᠷᠢᠵᠢᠭᠤᠯᠣᠯᠳᠠ ᠲᠠᠢ ᠪᠣᠯᠭᠠᠨ᠎ᠠ᠃ ︵ᠮᠠᠯ ᠲᠠᠷᠢᠶᠠᠯᠠᠩ ᠤᠨ ᠲᠣᠪᠴᠢᠶ᠎ᠠ ᠲᠣᠯᠣᠭᠠᠶᠢᠯᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠪᠣᠯᠣᠨ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ︶ | ᠲᠦᠷᠪᠡ ᠬᠡᠷᠡᠭᠵᠢᠭᠦᠯᠬᠦ ᠠᠯᠬᠤᠮ ᠲᠠᠷᠠᠭ᠎ᠠ | ︵ᠨᠢᠭᠡ︶ ᠲᠠᠶᠢᠴᠢᠯᠠᠨ ᠪᠠᠶᠢᠷᠢᠯᠠᠭᠤᠯᠬᠤ ᠱᠠᠳᠦ ︵2024 ᠣᠨ ᠤ 3 ᠰᠠᠷ᠎ᠠ ᠠᠴᠠ 2024 ᠣᠨ ᠤ 4 ᠰᠠᠷ᠎ᠠ︶᠃ ᠦᠪᠡᠷᠳᠡᠭᠡᠨ ᠵᠠᠰᠠᠬᠤ ᠣᠷᠣᠨ ᠮᠠᠯ | ᠲᠠᠷᠢᠶᠠᠯᠠᠩ ᠤᠨ ᠲᠢᠩᠬᠢᠮ ᠳᠤ ᠭᠤᠶᠣᠪᠴᠢᠯᠠᠯ ᠤᠨ ᠪᠢᠴᠢᠭ ᠢᠶᠠᠨ ᠲᠣᠰᠢᠶᠠᠨ᠂ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠮᠣᠷ ᠲᠦᠪᠰᠢᠨ ᠰᠢᠶᠠᠨ ᠤ | ᠨᠦᠭᠡᠴᠡ ᠬᠦᠮᠦᠷᠭᠡ ᠳᠤ ᠣᠷᠣᠭᠤᠯᠬᠤ ᠪᠠᠷ ᠮᠡᠳᠡᠭᠦᠯᠦᠨ᠎ᠡ᠃ ᠴᠣᠭᠴᠠᠯᠠᠯᠳᠠ ᠶᠢᠨ ᠬᠡᠷᠡᠭᠵᠢᠭᠦᠯᠬᠦ ᠲᠦᠰᠦᠯ ᠢ ᠲᠣᠭᠳᠠᠭᠠᠨ᠂ ᠣᠳᠣᠷᠢᠳᠬᠤ ᠪᠠᠶᠢᠭᠤᠯᠣᠮᠵᠢ ᠪᠣᠯᠣᠨ | ᠠᠵᠢᠯ ᠤᠨ ᠪᠠᠶᠢᠭᠤᠯᠣᠮᠵᠢ ᠪᠠᠶᠢᠭᠤᠯᠵᠣ᠂ ᠴᠣᠭᠴᠠᠯᠠᠯᠳᠠ ᠶᠢᠨ ᠪᠠᠶᠢᠷᠢᠯᠠᠭᠤᠯᠣᠯᠳᠠ ᠶᠢᠨ ᠬᠤᠷᠠᠯ ᠬᠤᠷᠠᠯᠳᠣᠭᠤᠯᠣᠨ᠂ ᠡᠭᠦᠷᠭᠡ ᠶᠢᠨ ᠬᠤᠪᠢᠶᠠᠷᠢᠯᠠᠯ ᠢ | ᠨᠠᠷᠢᠯᠢᠭᠵᠢᠭᠤᠯᠵᠣ᠂ ᠠᠵᠢᠯ ᠤᠨ ᠵᠠᠷᠣᠳᠠᠯ ᠢ ᠨᠠᠶᠢᠳᠠᠪᠦᠷᠢᠵᠢᠭᠤᠯᠣᠨ᠂ ᠣᠬᠢ ᠰᠠᠶᠢᠨ ᠴᠣᠭᠴᠠᠯᠠᠯᠳᠠ ᠶᠢᠨ ᠠᠵᠢᠯ ᠤᠨ ᠣᠷᠴᠢᠨ ᠢ ᠪᠦᠷᠢᠯᠳᠦᠭᠦᠯᠦᠨ᠎ᠡ᠃ | ︵ᠬᠤᠶᠠᠷ︶ ᠵᠣᠬᠢᠶᠠᠨ ᠪᠠᠶᠢᠭᠤᠯᠣᠨ ᠬᠡᠷᠡᠭᠵᠢᠭᠦᠯᠬᠦ ᠱᠠᠳᠦ ︵2024 ᠣᠨ ᠤ 5 ᠰᠠᠷ᠎ᠠ ᠠᠴᠠ 2024 ᠣᠨ ᠤ 11 ᠰᠠᠷ᠎ᠠ︶᠃ ᠴᠣᠭᠴᠠᠯᠠᠯᠳᠠ ᠶᠢᠨ | ᠬᠡᠷᠡᠭᠵᠢᠭᠦᠯᠬᠦ ᠲᠦᠰᠦᠯ ᠶᠣᠰᠣᠭᠠᠷ ᠬᠡᠷᠡᠭᠵᠢᠭᠦᠯᠣᠯᠳᠡ ᠶᠢ ᠬᠦᠴᠦᠳᠡᠢ ᠠᠬᠢᠭᠤᠯᠬᠤ ᠶᠢᠨ ᠬᠠᠮᠳᠦ ᠴᠢᠭᠯᠡᠯᠳᠦ ᠴᠢᠨᠠᠷᠳᠠᠢ ᠪᠠᠷ ᠠᠰᠠᠭᠤᠳᠠᠯ ᠤᠨ ᠨᠠᠷᠢᠨ ᠲᠠᠩᠰᠠ᠂ | ᠡᠭᠦᠷᠭᠡ ᠶᠢᠨ ᠨᠠᠷᠢᠨ ᠲᠠᠩᠰᠠ ᠪᠣᠯᠣᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠣ᠂ ᠬᠠᠮᠢᠶ᠎ᠠ ᠪᠦᠬᠦᠢ ᠬᠦᠴᠢᠷᠳᠡᠯ ᠪᠣᠯᠣᠨ ᠠᠰᠠᠭᠤᠳᠠᠯ ᠢ ᠴᠠᠭ ᠲᠣᠬᠠᠢ | ᠳᠤ ᠨᠢ ᠰᠢᠢᠳᠪᠦᠷᠢᠯᠡᠨ᠂ ᠪᠦᠬᠦ ᠬᠤᠰᠢᠭᠤᠨ ᠳᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ ᠰᠢᠶᠠᠨ ᠤ | ᠴᠣᠭᠴᠠᠯᠠᠯᠳᠠ ᠶᠢᠨ ᠣᠷᠠᠮᠠᠰᠢᠯ ᠢ ᠪᠣᠢ ᠪᠣᠯᠭᠠᠨ᠎ᠠ᠃ | ︵ᠭᠤᠷᠪᠠ︶ ᠦᠪᠡᠷ ᠢᠶᠠᠨ ᠪᠠᠶᠢᠴᠠᠭᠠᠵᠣ ᠦᠪᠡᠷ ᠢᠶᠠᠨ ᠦᠨᠡᠯᠡᠭᠦ ᠱᠠᠳᠦ ︵2024 ᠣᠨ ᠤ 12 ᠰᠠᠷ᠎ᠠ︶᠃ ᠬᠡᠷᠡᠭᠵᠢᠭᠦᠯᠬᠦ ᠲᠦᠰᠦᠯ ᠪᠣᠯᠣᠨ | ᠴᠣᠭᠴᠠᠯᠠᠯᠳᠠ ᠶᠢᠨ ᠪᠠᠷᠢᠮᠵᠢᠶ᠎ᠡ ᠶᠣᠰᠣᠭᠠᠷ 2024 ᠣᠨ ᠤ ᠪᠦᠬᠦ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ | ᠤ ᠲᠣᠰᠬᠠᠢ ᠲᠦᠷᠦᠯ ᠤᠨ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢᠶᠠᠷ ᠦᠨᠳᠦᠰᠦᠯᠡᠯ ᠪᠣᠯᠭᠠᠨ᠂ ᠦᠪᠡᠷ ᠤᠨ ᠪᠠᠶᠢᠴᠠᠭᠠᠯᠳᠠ᠂ ᠦᠪᠡᠷ ᠤᠨ ᠦᠨᠡᠯᠡᠯᠳᠡ ᠶᠢ | ᠨᠠᠷᠢᠨ ᠬᠢᠨᠠᠮᠠᠭᠠᠢ ᠦᠷᠨᠢᠭᠦᠯᠵᠣ᠂ ᠣᠷᠣᠰᠢᠵᠣ ᠪᠠᠶᠢᠭ᠎ᠠ ᠠᠰᠠᠭᠤᠳᠠᠯ ᠢᠶᠠᠨ ᠬᠦᠨᠵᠡᠭᠡᠢ ᠵᠠᠳᠠᠯᠣᠨ᠂ ᠴᠠᠭ ᠲᠣᠬᠠᠢ ᠳᠤ ᠨᠢ ᠰᠢᠢᠳᠪᠦᠷᠢᠯᠡᠨ ᠴᠡᠭᠴᠡᠯᠡᠵᠣ᠂ | ᠴᠣᠭᠴᠠᠯᠠᠯᠳᠠ ᠶᠢᠨ ᠠᠵᠢᠯ ᠢ ᠯᠠᠪᠳᠠᠭᠤᠨ ᠪᠦᠳᠦᠮᠵᠢᠳᠡᠢ ᠦᠷᠨᠢᠭᠦᠯᠬᠦ ᠶᠢ ᠠᠬᠢᠭᠤᠯᠣᠨ᠎ᠠ᠃ | ︵ᠲᠦᠷᠪᠡ︶ ᠪᠠᠬᠢᠵᠢᠭᠦᠯᠦᠨ ᠲᠡᠭᠡᠭᠰᠢᠯᠡᠭᠦᠯᠬᠦ ᠱᠠᠳᠦ ︵2025 ᠣᠨ ᠤ 1 ᠰᠠᠷ᠎ᠠ ᠠᠴᠠ 2025 ᠣᠨ ᠤ 10 ᠰᠠᠷ᠎ᠠ︶᠃ 2024 ᠣᠨ ᠤ | ᠴᠣᠭᠴᠠᠯᠠᠯᠳᠠ ᠶᠢᠨ ᠦᠷ᠎ᠡ ᠪᠦᠳᠦᠮᠵᠢ ᠶᠢ ᠪᠠᠶᠢᠴᠠᠭᠠᠬᠤ ᠶᠠᠪᠣᠴᠠ ᠳᠤ ᠣᠷᠬᠢᠭᠳᠠᠯ ᠲᠣᠳᠠᠭᠤᠳᠠᠯ ᠢ ᠨᠦᠬᠦᠪᠦᠷᠢᠯᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ ᠢᠶᠠᠨ ᠨᠠᠷᠢᠯᠢᠭᠵᠢᠭᠤᠯᠵᠣ᠂ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠮᠦᠷᠳᠡᠨ ᠵᠢᠯᠣᠭᠤᠳᠬᠤ | ᠪᠣᠯᠣᠨ ᠵᠣᠬᠢᠴᠠᠭᠤᠯᠬᠤ ᠪᠠᠨ ᠴᠢᠩᠭᠠᠳᠬᠠᠵᠣ᠂ ᠣᠷᠣᠰᠢᠵᠣ ᠪᠠᠶᠢᠭ᠎ᠠ ᠠᠰᠠᠭᠤᠳᠠᠯ ᠢ ᠴᠠᠭ ᠲᠣᠬᠠᠢ ᠳᠤ ᠨᠢ ᠰᠢᠢᠳᠪᠦᠷᠢᠯᠡᠨ᠂ ᠴᠣᠭᠴᠠᠯᠠᠯᠳᠠ ᠶᠢᠨ ᠠᠵᠢᠯ ᠤᠨ | ᠣᠷᠣᠭᠰᠢᠳᠠᠢ ᠶᠠᠪᠣᠭᠳᠠᠬᠤ ᠶᠢ ᠠᠬᠢᠭᠤᠯᠣᠨ᠎ᠠ᠃ ᠡᠬᠦᠨ ᠤ ᠬᠠᠮᠳᠦ ᠲᠠᠬᠢᠨᠳᠠ ᠴᠣᠭᠴᠠᠯᠠᠯᠳᠠ ᠶᠢᠨ ᠠᠵᠢᠯ ᠤᠨ ᠪᠦᠬᠦ ᠲᠠᠯ᠎ᠠ ᠶᠢᠨ ᠪᠠᠶᠢᠴᠠᠭᠠᠯᠳᠠ ᠪᠣᠯᠣᠨ ᠦᠨᠡᠯᠡᠯᠳᠡ | ᠶᠢ ᠦᠷᠨᠢᠭᠦᠯᠦᠨ᠂ ᠣᠷᠬᠢᠭᠳᠠᠯ ᠲᠣᠳᠠᠭᠤᠳᠠᠯ ᠢᠶᠠᠨ ᠨᠦᠬᠦᠪᠦᠷᠢᠯᠡᠵᠣ᠂ ᠴᠣᠭᠴᠠᠯᠠᠯᠳᠠ ᠶᠢᠨ ᠡᠭᠦᠷᠭᠡ ᠪᠠᠨ ᠠᠮᠵᠢᠯᠳᠠᠢ ᠪᠡᠶᠡᠯᠡᠭᠦᠯᠬᠦ ᠶᠢ ᠪᠠᠳᠣᠯᠠᠨ᠎ᠠ᠃ | ︵ᠲᠠᠪᠤ︶ ᠦᠨᠡᠯᠡᠨ ᠰᠢᠯᠭᠠᠨ ᠬᠤᠷᠢᠶᠠᠬᠤ ᠱᠠᠳᠦ ︵2025 ᠣᠨ ᠤ 11 ᠰᠠᠷ᠎ᠠ ᠠᠴᠠ 12 ᠰᠠᠷ᠎ᠠ︶᠃ ᠴᠣᠭᠴᠠᠯᠠᠯᠳᠠ ᠶᠢᠨ ᠠᠵᠢᠯ ᠤᠨ ᠪᠦᠳᠦᠮᠵᠢ ᠶᠢ | ᠪᠦᠬᠦ ᠲᠠᠯ᠎ᠠ ᠪᠠᠷ ᠬᠤᠷᠢᠶᠠᠩᠭᠤᠶᠢᠯᠠᠨ᠂ ᠰᠢᠯᠭᠠᠨ ᠬᠤᠷᠢᠶᠠᠬᠤ ᠰᠢᠯᠭᠠᠯᠳᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠰᠠᠶᠢᠳᠦᠷ ᠬᠢᠵᠣ᠂ ᠦᠪᠦᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ ᠲᠢᠩᠬᠢᠮ ᠪᠣᠯᠣᠨ ᠣᠯᠣᠰ ᠤᠨ ᠲᠠᠷᠢᠶᠠᠯᠠᠩ ᠬᠦᠳᠡᠭᠡ ᠲᠣᠰᠬᠤᠨ ᠤ ᠶᠠᠮᠣᠨ ᠤ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠵᠣᠷᠭᠠᠨ ︵ᠲᠦᠪ︶ ᠠᠴᠠ ᠰᠢᠯᠭᠠᠨ ᠪᠠᠶᠢᠴᠠᠭᠠᠯᠳᠠ ᠬᠢᠬᠦ ᠶᠢ ᠭᠤᠶᠣᠪᠴᠢᠯᠠᠨ᠂ ᠲᠠᠷᠢᠶᠠᠯᠠᠩ ᠬᠦᠳᠡᠭᠡ | ᠲᠣᠰᠬᠤᠨ ᠤ ᠶᠠᠮᠣᠨ ᠤ ᠬᠢᠨᠠᠨ ᠰᠢᠯᠭᠠᠯᠳᠠ ᠶᠢ ᠬᠦᠯᠢᠶᠡᠵᠣ᠂ ᠴᠣᠭᠴᠠᠯᠠᠯᠳᠠ ᠶᠢᠨ ᠠᠵᠢᠯ ᠤᠨ ᠲᠣᠷᠰᠢᠯᠭ᠎ᠠ ᠶᠢ ᠭᠦᠨᠵᠡᠭᠡᠢ ᠰᠢᠰᠲ᠋ᠧᠮ ᠲᠠᠢ ᠬᠤᠷᠢᠶᠠᠩᠭᠤᠶᠢᠯᠠᠨ᠎ᠠ᠃ | ᠲᠠᠪᠤ᠂ ᠪᠠᠳᠣᠯᠠᠭ᠎ᠠ ᠶᠢᠨ ᠠᠷᠭ᠎ᠠ ᠠᠪᠴᠠᠯ | ︵ ᠨᠢᠭᠡ︶ ᠵᠣᠬᠢᠶᠠᠨ ᠪᠠᠶᠢᠭᠤᠯᠣᠨ ᠣᠳᠣᠷᠢᠳᠬᠤ ᠪᠠᠨ ᠴᠢᠩᠭᠠᠳᠬᠠᠨ᠎ᠠ᠃ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠣᠯᠣᠰ ᠤᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ ᠰᠢᠶᠠᠨ ᠤ ᠴᠣᠭᠴᠠᠯᠠᠯᠳᠠ ᠶᠢᠨ ᠠᠵᠢᠯᠯᠠᠭᠠᠨ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠠᠵᠢᠯ ᠤᠨ ᠬᠢᠨᠠᠯᠳᠠ ᠬᠠᠮᠢᠶᠠᠷᠣᠯᠳᠠ ᠶᠢ ᠴᠢᠬᠤᠯᠠ ᠵᠦᠪᠯᠡᠭᠦ ᠶᠠᠪᠣᠳᠠᠯ ᠳᠤ | ᠣᠷᠣᠭᠤᠯᠵᠣ᠂ ᠵᠣᠬᠢᠶᠠᠨ ᠪᠠᠶᠢᠭᠤᠯᠣᠨ ᠵᠣᠬᠢᠴᠠᠭᠤᠯᠬᠤ ᠪᠠᠨ ᠴᠢᠩᠭᠠᠳᠬᠠᠨ᠂ ᠬᠢᠨᠠᠯᠳᠠ ᠬᠠᠮᠢᠶᠠᠷᠣᠯᠳᠠ ᠶᠢᠨ ᠲᠣᠰᠢᠶᠠᠯ ᠬᠠᠷᠢᠭᠤᠴᠠᠯᠭ᠎ᠠ ᠪᠠᠨ ᠲᠣᠳᠣᠷᠬᠠᠶᠢᠯᠠᠵᠣ᠂ | ᠲᠣᠰᠬᠠᠢ ᠠᠵᠢᠯᠳᠠᠨ ᠬᠠᠷᠢᠭᠤᠴᠠᠨ᠂ ᠲᠠᠩᠰᠠ ᠡᠪᠬᠡᠮᠡᠯ ᠪᠠᠶᠢᠭᠤᠯᠣᠨ ᠲᠦᠷᠢᠮᠵᠢᠭᠦᠯᠵᠣ᠂ ᠴᠤᠭᠴᠠᠯᠠᠯᠳᠠ ᠶᠢᠨ ᠠᠵᠢᠯ ᠤᠨ ᠡᠮᠬᠢ ᠲᠢᠭᠯᠢᠮ ᠲᠠᠢ ᠠᠬᠢᠴᠠ ᠶᠢ | ᠪᠠᠳᠣᠯᠠᠨ᠎ᠠ᠃ | ︵ᠬᠤᠶᠠᠷ︶ ᠱᠠᠭᠠᠷᠳᠠᠨ ᠪᠠᠶᠢᠴᠠᠭᠠᠯᠳᠠ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠦᠴᠢᠷ ᠵᠣᠬᠢᠴᠠᠭᠤᠯᠭ᠎ᠠ ᠬᠠᠮᠳᠣᠷᠠᠯᠴᠠᠭ᠎ᠠ ᠪᠠᠨ ᠴᠢᠩᠭᠠᠳᠬᠠᠨ᠂ ᠠᠵᠢᠯ ᠤᠨ | ᠲᠣᠭᠳᠠᠴᠠ ᠪᠠᠶᠢᠭᠤᠯᠣᠨ ᠪᠦᠷᠢᠨᠰᠢᠭᠦᠯᠵᠣ᠂ ᠭᠤᠣᠯᠳᠠᠯᠭᠠᠳᠦ ᠠᠵᠢᠯ ᠢᠶᠠᠨ ᠪᠠᠶᠢᠷᠢᠯᠠᠭᠤᠯᠣᠨ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ᠂ ᠲᠦᠷᠦᠯ ᠬᠤᠪᠢᠶᠠᠨ | ᠵᠢᠯᠣᠭᠤᠳᠬᠤ᠂ ᠲᠦᠷᠦ ᠶᠢᠨ ᠪᠣᠳᠣᠯᠭ᠎ᠠ ᠶᠢ ᠣᠨᠣᠪᠴᠢᠳᠠᠢ ᠬᠡᠷᠡᠭᠵᠢᠭᠦᠯᠬᠦ ᠶᠢ ᠪᠠᠷᠢᠮᠳᠠᠯᠠᠵᠣ᠂ ᠦᠷᠭᠦᠯᠵᠢ ᠪᠠᠯᠭᠠᠰᠣ᠂ ᠭᠠᠴᠠᠭ᠎ᠠ ᠲᠣᠰᠬᠤᠨ ᠪᠣᠯᠣᠨ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠭᠠᠷᠣᠯᠳᠠ ᠶᠢᠨ ᠰᠠᠭᠤᠷᠢᠨ ᠭᠠᠵᠠᠷ ᠢᠶᠠᠷ ᠭᠦᠨᠵᠡᠭᠡᠶᠢᠷᠡᠨ᠂ ᠬᠢᠨᠠᠯᠳᠠ ᠪᠠᠶᠢᠴᠠᠭᠠᠯᠳᠠ ᠶᠢ ᠴᠢᠩᠭᠠᠷᠠᠭᠤᠯᠵᠣ᠂ ᠡᠯ᠎ᠡ ᠲᠦᠷᠦᠯ ᠤᠨ | ᠬᠢᠨᠠᠯᠳᠠ ᠬᠠᠮᠢᠶᠠᠷᠣᠯᠳᠠ ᠶᠢᠨ ᠠᠷᠭ᠎ᠠ ᠠᠪᠴᠠᠯ ᠤᠨ ᠨᠠᠶᠢᠳᠠᠪᠦᠷᠢᠵᠢᠭᠤᠯᠣᠯᠳᠠ ᠶᠢ ᠪᠠᠳᠣᠯᠠᠨ᠎ᠠ᠃ ᠡᠳᠦᠷ ᠲᠣᠳᠣᠮ ᠤᠨ ᠪᠠᠶᠢᠴᠠᠭᠠᠯᠳᠠ ᠪᠣᠯᠣᠨ ᠵᠢᠯᠣᠭᠤᠳᠣᠯᠭ᠎ᠠ | ᠬᠢᠨᠠᠨ ᠰᠢᠯᠭᠠᠯᠳᠠ ᠶᠢᠨ ᠡᠷᠴᠢᠮ ᠢᠶᠠᠨ ᠴᠢᠩᠭᠠᠳᠬᠠᠨ᠂ ᠲᠣᠭᠳᠠᠭᠰᠠᠨ ᠬᠤᠭᠤᠴᠠᠭ᠎ᠠ ᠲᠠᠢ ᠪᠠᠷ ᠴᠣᠭᠴᠠᠯᠠᠯᠳᠠ ᠶᠢᠨ ᠠᠵᠢᠯ ᠢ ᠨᠡᠶᠢᠳᠡᠯᠡᠵᠣ᠂ ᠠᠵᠢᠯ ᠤᠨ | ᠨᠠᠶᠢᠳᠠᠪᠦᠷᠢᠵᠢᠭᠤᠯᠣᠯᠳᠠ ᠶᠢ ᠬᠦᠴᠦᠳᠡᠢ ᠠᠬᠢᠭᠤᠯᠣᠨ᠎ᠠ᠃ | ︵ᠭᠤᠷᠪᠠ︶ ᠮᠡᠳᠡᠭᠡ ᠵᠠᠩᠬᠢ ᠶᠢ ᠴᠠᠭ ᠲᠣᠬᠠᠢ ᠳᠤ ᠨᠢ ᠮᠡᠳᠡᠭᠦᠯᠦᠨ᠎ᠡ᠃ ᠮᠡᠳᠡᠭᠡ ᠵᠠᠩᠬᠢ ᠮᠡᠳᠡᠭᠦᠯᠬᠦ ᠲᠦᠷᠢᠮ ᠲᠣᠭᠳᠠᠭᠠᠨ᠂ ᠡᠯ᠎ᠡ ᠰᠠᠯᠠᠭ᠎ᠠ ᠮᠦᠴᠢᠷ᠂ ᠡᠯ᠎ᠡ | ᠪᠠᠯᠭᠠᠰᠣ ᠨᠢᠭᠡ ᠨᠡᠷ᠎ᠡ ᠬᠠᠷᠢᠯᠴᠠᠭᠴᠢ ᠲᠣᠬᠢᠷᠠᠭᠤᠯᠵᠣ᠂ ᠦᠪᠡᠷ ᠤᠨ ᠬᠦᠷᠢᠶ᠎ᠡ ᠴᠠᠷᠠᠭᠠᠨ ᠤ ᠴᠣᠭᠴᠠᠯᠠᠯᠳᠠ ᠶᠢᠨ ᠠᠵᠢᠯ ᠤᠨ ᠪᠠᠶᠢᠳᠠᠯ ᠢᠶᠠᠨ ᠰᠠᠷ᠎ᠠ ᠪᠣᠯᠭᠠᠨ ᠤ 5 ᠤ | ᠡᠳᠦᠷ ᠠᠴᠠ ᠡᠮᠦᠨ᠎ᠡ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ᠃ ᠣᠳᠣᠷᠢᠳᠬᠤ ᠲᠣᠭᠤᠶᠢᠯᠠᠩ ᠤᠨ ᠠᠯᠪᠠᠨ ᠭᠡᠷ ᠲᠣᠰᠬᠠᠢ ᠲᠣᠭᠳᠠᠭᠰᠠᠨ | ᠠᠵᠢᠯᠳᠠᠨ ᠲᠣᠮᠢᠯᠠᠨ ᠴᠣᠭᠴᠠᠯᠠᠯᠳᠠ ᠶᠢᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠣ ᠪᠠᠶᠢᠭ᠎ᠠ ᠠᠰᠠᠭᠤᠳᠠᠯ ᠤᠨ ᠵᠠᠳᠠᠯᠣᠯ᠂ ᠨᠡᠶᠢᠳᠡᠯᠢᠭ ᠲᠣᠷᠰᠢᠯᠭ᠎ᠠ ᠶᠢᠨ | ᠬᠤᠷᠢᠶᠠᠩᠭᠤᠶᠢᠯᠠᠯ ᠢ ᠨᠠᠷᠢᠨ ᠬᠢᠨᠠᠮᠠᠭᠠᠢ ᠡᠮᠬᠢᠯᠡᠭᠦ ᠶᠢᠨ ᠬᠠᠮᠳᠦ ᠴᠠᠭ ᠲᠣᠬᠠᠢ ᠳᠤ ᠨᠢ ᠲᠡᠭᠡᠳᠦ ᠱᠠᠳᠣᠨ ᠤ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠮᠡᠳᠡᠭᠦᠯᠦᠨ᠎ᠡ᠃ | ︵ᠲᠦᠷᠪᠡ︶ ᠣᠬᠠᠭᠤᠯᠭ᠎ᠠ ᠬᠦᠮᠦᠵᠢᠯ ᠢᠶᠠᠨ ᠴᠢᠩᠭᠠᠳᠬᠠᠨ᠎ᠠ᠃ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ | ᠬᠤᠰᠢᠭᠤ ᠰᠢᠶᠠᠨ ᠢ ᠴᠣᠭᠴᠠᠯᠠᠬᠤ ᠠᠵᠢᠯᠯᠠᠭᠠᠨ ᠤ ᠣᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠂ ᠣᠯᠠᠨ ᠨᠡᠶᠢᠳᠡ ᠶᠢᠨ ᠮᠡᠳᠡᠴᠡ ᠬᠡᠮᠵᠢᠶ᠎ᠡ ᠪᠣᠯᠣᠨ | ᠣᠷᠣᠯᠴᠠᠯᠭ᠎ᠠ ᠶᠢᠨ ᠬᠡᠮᠵᠢᠶ᠎ᠡ ᠶᠢ ᠲᠡᠭᠡᠭᠰᠢᠯᠡᠭᠦᠯᠵᠣ᠂ ᠨᠡᠶᠢᠭᠡᠮ ᠤᠨ ᠣᠬᠢ ᠰᠠᠶᠢᠨ ᠣᠷᠴᠢᠨ ᠢ ᠪᠦᠷᠢᠯᠳᠦᠭᠦᠯᠦᠨ᠎ᠡ᠃ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ | ᠴᠢᠨᠠᠷ ᠤᠨ ᠠᠮᠣᠷ ᠲᠦᠪᠰᠢᠨ ᠤ ᠬᠠᠮᠢᠶ᠎ᠠ ᠪᠦᠬᠦᠢ ᠵᠠᠩᠬᠢ ᠶᠢ ᠴᠠᠭ ᠲᠣᠬᠠᠢ ᠳᠤ ᠨᠢ ᠨᠡᠶᠢᠭᠡᠮ ᠳᠤ ᠨᠡᠶᠢᠳᠡᠯᠡᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ | ᠴᠢᠨᠠᠷ ᠤᠨ ᠠᠮᠣᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠣ᠂ ᠢᠯᠡᠴᠢᠯᠡᠨ ᠮᠡᠳᠡᠭᠦᠯᠬᠦ ᠵᠠᠮ ᠱᠣᠭᠤᠮ ᠢ ᠨᠡᠪᠳᠡᠷᠡᠭᠦᠯᠦᠨ᠂ ᠪᠦᠬᠦ ᠨᠡᠶᠢᠭᠡᠮ ᠢᠶᠠᠷ ᠢᠶᠠᠨ | ᠣᠷᠣᠯᠴᠠᠨ ᠲᠡᠮᠵᠢᠭᠦ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ ᠰᠢᠶᠠᠨ ᠤ ᠴᠣᠭᠴᠠᠯᠠᠯᠳᠠ ᠶᠢᠨ | ᠣᠷᠴᠢᠨ ᠢ ᠪᠦᠷᠢᠯᠳᠦᠭᠦᠯᠦᠨ᠎ᠡ᠃ | ᠲᠠᠭᠠᠯᠳᠠ᠄ 1. ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ | ᠰᠢᠶᠠᠨ ᠤ ᠴᠣᠭᠴᠠᠯᠠᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ | 2.. ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠤᠰᠢᠭᠤ | ᠰᠢᠶᠠᠨ ᠤ ᠴᠣᠭᠴᠠᠯᠠᠯᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | 3.. ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠤᠰᠢᠭᠤ | ᠰᠢᠶᠠᠨ ᠤ ᠴᠣᠭᠴᠠᠯᠠᠯᠳᠠ ᠶᠢᠨ ᠠᠵᠢᠯ ᠤᠨ ᠬᠢᠨᠠᠨ ᠰᠢᠯᠭᠠᠵᠣ ᠦᠨᠡᠯᠡᠭᠦ ᠪᠠᠷᠢᠮᠵᠢᠶ᠎ᠠ | ᠲᠠᠭᠠᠯᠳᠠ 1᠄ | ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠮᠣᠷ ᠲᠦᠪᠰᠢᠨ ᠬᠤᠰᠢᠭᠤ ᠰᠢᠶᠠᠨ ᠤ ᠴᠣᠭᠴᠠᠯᠠᠯᠳᠠ ᠶᠢᠨ ᠠᠵᠢᠯ ᠤᠨ ᠣᠳᠣᠷᠢᠳᠬᠤ ᠲᠣᠭᠤᠶᠢᠯᠠᠩ | ᠲᠣᠭᠤᠶᠢᠯᠠᠩ ᠤᠨ ᠲᠠᠷᠤᠭ᠎ᠠ᠄ ᠶᠠᠩ ᠶᠢᠩ ᠰᠢᠨ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ | ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠣᠯᠳᠠ ᠶᠢᠨ ᠵᠦᠪᠯᠡᠯ ᠤᠨ | ᠡᠷᠬᠢᠯᠡᠭᠴᠢ | ᠲᠡᠳ᠋ ᠲᠣᠭᠤᠶᠢᠯᠠᠩ ᠤᠨ ᠲᠠᠷᠤᠭ᠎ᠠ᠄ ᠶᠢᠦ ᠵᠢᠶᠠᠨ ᠴᠢᠩ ᠬᠤᠰᠢᠭᠤ ᠠᠷᠠᠳ ᠤᠨ ᠵᠠᠰᠠᠭ ᠤᠨ ᠣᠷᠳᠣᠨ ᠤ ᠲᠡᠳ᠋ ᠬᠤᠰᠢᠭᠤ ᠲᠠᠷᠤᠭ᠎ᠠ | ᠰᠢᠦᠢ ᠭᠤᠸᠠᠩ ᠯᠢᠶᠠᠩ ᠬᠤᠰᠢᠭᠤ ᠮᠠᠯ ᠲᠠᠷᠢᠶᠠᠯᠠᠩ ᠤᠨ ᠲᠣᠪᠴᠢᠶᠠᠨ ᠲᠠᠷᠤᠭ᠎ᠠ | ᠪᠦᠷᠢᠯᠳᠦᠭᠦᠨ᠄ ᠸᠠᠩ ᠱᠤᠸᠠᠩ ᠱᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠰᠧ ᠵᠢᠶᠦ᠋ᠨ ᠢᠦᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠡᠳ᠋ ᠡᠷᠬᠢᠯᠡᠭᠴᠢ | ᠵᠠᠩ ᠶᠥᠩ ᠷᠦᠢ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠡᠰ ᠤᠨ ᠪᠠᠶᠢᠩᠭᠤ ᠶᠢᠨ ᠲᠡᠳ᠋ ᠲᠠᠷᠤᠭ᠎ᠠ᠂ ᠬᠤᠰᠢᠭᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯᠯᠠᠬᠤ ᠬᠤᠷᠢᠶ᠎ᠠ ᠶᠢᠨ ᠱᠦᠵᠢ | ᠹᠧᠩ ᠢᠦᠢ ᠬᠤᠰᠢᠭᠤ ᠨᠠᠮ ᠤᠨ ᠬᠤᠷᠢᠶ᠎ᠠ ᠶᠢᠨ ᠣᠬᠠᠭᠤᠯᠬᠤ ᠬᠡᠯᠳᠡᠰ ᠤᠨ ᠪᠠᠶᠢᠩᠭᠤ ᠶᠢᠨ ᠲᠡᠳ᠋ ᠲᠠᠷᠤᠭ᠎ᠠ᠂ ᠣᠶᠣᠨ ᠤ ᠪᠣᠯᠪᠠᠰᠣᠨ ᠤ | ᠴᠣᠭᠴᠠᠯᠠᠯᠳᠠ ᠶᠢᠨ ᠠᠯᠪᠠᠨ ᠭᠡᠷ ᠤᠨ ᠡᠷᠬᠢᠯᠡᠭᠴᠢ᠂ ᠰᠣᠨᠢᠨ ᠮᠡᠳᠡᠭᠡ ᠬᠡᠪᠯᠡᠯ ᠷᠢᠳᠢᠤ᠋ ᠲᠧᠯᠸᠢᠰ ᠲᠣᠪᠴᠢᠶᠠᠨ ᠲᠠᠷᠤᠭ᠎ᠠ | ᠰᠢᠤᠸᠠᠢ ᠵᠣᠣ ᠰᠢᠩ ᠬᠤᠰᠢᠭᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ | ᠰᠧ ᠪᠣᠣ ᠳ᠋ᠥᠩ ᠬᠤᠰᠢᠭᠤ ᠡᠳ᠋ ᠤᠨ ᠵᠠᠰᠠᠭ ᠤᠨ ᠲᠣᠪᠴᠢᠶᠠᠨ ᠲᠠᠷᠤᠭ᠎ᠠ | ᠰᠦᠨ ᠱᠦ ᠶᠤᠸᠠᠨ ᠬᠤᠰᠢᠭᠤ ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶᠠᠨ ᠲᠠᠷᠤᠭ᠎ᠠ | ᠯᠢᠦᠢ ᠰᠢᠶᠦ᠋ᠨ ᠶᠢᠩ ᠬᠤᠰᠢᠭᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠲᠠᠷᠤᠭ᠎ᠠ | ᠶᠠᠩ ᠳ᠋ᠦᠩ ᠬᠤᠰᠢᠭᠤ ᠲᠣᠳᠣᠭᠠᠳᠦ ᠶᠢ ᠬᠠᠮᠠᠭᠠᠯᠠᠬᠤ ᠲᠣᠪᠴᠢᠶᠠᠨ ᠤ ᠲᠡᠳ᠋ ᠲᠠᠷᠤᠭ᠎ᠠ | ᠵᠠᠩ ᠬᠠᠢ ᠭᠠᠩ ᠬᠤᠰᠢᠭᠤ ᠬᠠᠩᠭᠠᠨ ᠪᠣᠷᠣᠯᠠᠭᠤᠯᠬᠤ ᠬᠤᠷᠰᠢᠶᠠᠨ ᠤ ᠡᠷᠬᠢᠯᠡᠭᠴᠢ | ᠭᠤᠣ ᠵᠣᠣ ᠸᠧᠢ ᠣᠯᠵᠠᠴᠢ ᠪᠠᠯᠭᠠᠰᠣᠨ ᠤ ᠲᠠᠷᠤᠭ᠎ᠠ | ᠪᠠᠶᠠᠨᠵᠢᠷᠭᠠᠯ ᠱᠠᠩᠬᠠᠢ ᠶᠢᠨ ᠰᠦᠮ᠎ᠡ ᠪᠠᠯᠭᠠᠰᠣᠨ ᠤ ᠲᠠᠷᠤᠭ᠎ᠠ | ᠦᠨᠡᠨᠴᠢ ᠪᠣᠷᠣᠪᠠᠯᠭᠠᠰᠣ ᠪᠠᠯᠭᠠᠰᠣᠨ ᠤ ᠲᠠᠷᠤᠭ᠎ᠠ | ᠸᠠᠩ ᠸᠧᠢ ᠨᠠᠩᠰᠦ ᠪᠠᠯᠭᠠᠰᠣᠨ ᠤ ᠲᠠᠷᠤᠭ᠎ᠠ | ᠣᠳᠣᠷᠢᠳᠬᠤ ᠲᠣᠭᠤᠶᠢᠯᠠᠩ ᠠᠴᠠ ᠭᠤᠣᠯᠳᠠᠭᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ | ᠰᠢᠶᠠᠨ ᠤ ᠴᠣᠭᠴᠠᠯᠠᠯᠳᠠ ᠶᠢᠨ ᠠᠵᠢᠯ ᠢ ᠵᠢᠯᠣᠭᠤᠳᠬᠤ ᠪᠠ ᠨᠢᠭᠡᠳᠦᠯᠳᠡᠢ ᠣᠳᠣᠷᠢᠳᠬᠤ ᠶᠢ ᠬᠠᠷᠢᠭᠤᠴᠠᠬᠤ ᠮᠦᠷᠳᠡᠭᠡᠨ ᠡᠯ᠎ᠡ ᠪᠦᠷᠢᠯᠳᠦᠭᠦᠨ ᠪᠠᠶᠢᠭᠤᠯᠭ᠎ᠠ ᠶᠢᠨ | ᠠᠵᠢᠯ ᠢ ᠶᠡᠷᠦᠩᠬᠡᠢ ᠳᠤ ᠨᠢ ᠵᠣᠬᠢᠴᠠᠭᠤᠯᠣᠨ ᠱᠠᠭᠠᠷᠳᠠᠨ ᠪᠠᠶᠢᠴᠠᠭᠠᠨ᠎ᠠ᠃ ᠣᠳᠣᠷᠢᠳᠬᠤ ᠲᠣᠭᠤᠶᠢᠯᠠᠩ ᠳᠤ ᠠᠯᠪᠠᠨ ᠭᠡᠷ ᠲᠣᠬᠢᠷᠠᠭᠤᠯᠣᠨ᠂ ᠬᠤᠰᠢᠭᠤ ᠮᠠᠯ | ᠲᠠᠷᠢᠶᠠᠯᠠᠩ ᠤᠨ ᠲᠣᠪᠴᠢᠶᠠᠨ ᠤ ᠠᠰᠠᠷ ᠲᠤ ᠠᠯᠪᠠᠯᠠᠵᠣ᠂ ᠰᠢᠦᠢ ᠭᠤᠸᠠᠩ ᠯᠢᠶᠠᠩ ᠠᠯᠪᠠᠨ ᠭᠡᠷ ᠤᠨ ᠡᠷᠬᠢᠯᠡᠭᠴᠢ ᠶᠢᠨ ᠲᠣᠰᠢᠶᠠᠯ ᠢ ᠬᠠᠪᠰᠣᠷᠭᠠᠵᠣ ᠡᠭᠦᠷᠭᠡᠯᠡᠨ᠂ | ᠣᠳᠣᠷᠢᠳᠬᠤ ᠲᠣᠭᠤᠶᠢᠯᠠᠩ ᠤᠨ ᠡᠯ᠎ᠡ ᠲᠦᠷᠦᠯ ᠤᠨ ᠰᠢᠢᠳᠪᠦᠷᠢᠳᠦ ᠪᠠᠶᠢᠷᠢᠯᠠᠭᠤᠯᠣᠯᠳᠠ ᠶᠢ ᠲᠣᠣᠱᠯᠠᠭᠤᠯᠣᠨ ᠨᠠᠶᠢᠳᠠᠪᠦᠷᠢᠵᠢᠭᠤᠯᠬᠤ ᠶᠢ ᠬᠠᠷᠢᠭᠤᠴᠠᠵᠣ᠂ ᠡᠯ᠎ᠡ | ᠪᠦᠷᠢᠯᠳᠦᠭᠦᠨ ᠪᠠᠶᠢᠭᠤᠯᠭ᠎ᠠ ᠶᠢᠨ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ ᠰᠢᠶᠠᠨ ᠤ ᠴᠣᠭᠴᠠᠯᠠᠯᠳᠠ | ᠶᠢᠨ ᠠᠵᠢᠯ ᠢ ᠱᠠᠭᠠᠷᠳᠠᠨ ᠪᠠᠶᠢᠴᠠᠭᠠᠵᠣ᠂ ᠴᠣᠭᠴᠠᠯᠠᠯᠳᠠ ᠶᠢᠨ ᠠᠵᠢᠯ ᠲᠣᠮᠳᠠᠬᠢ ᠪᠣᠳᠠᠳᠠᠢ ᠠᠰᠠᠭᠤᠳᠠᠯ ᠢ ᠰᠣᠳᠣᠯᠣᠨ ᠵᠣᠬᠢᠴᠠᠭᠤᠯᠣᠨ ᠰᠢᠢᠳᠪᠦᠷᠢᠯᠡᠵᠣ᠂ | ᠣᠳᠣᠷᠢᠳᠬᠤ ᠲᠣᠭᠤᠶᠢᠯᠠᠩ ᠠᠴᠠ ᠲᠣᠰᠢᠶᠠᠭᠰᠠᠨ ᠪᠣᠰᠣᠳ ᠡᠭᠦᠷᠭᠡ ᠶᠢ ᠴᠣ᠋ ᠪᠡᠶᠡᠯᠡᠭᠦᠯᠦᠨ᠎ᠡ᠃ | ᠲᠠᠭᠠᠯᠳᠠ 2᠄ | ᠣᠳᠤᠭ ᠤᠨ ᠡᠮᠦᠨᠡᠳᠦ ᠬᠤᠰᠢᠭᠤᠨ ᠤ ᠣᠯᠣᠰ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠬᠤᠰᠢᠭᠤ ᠰᠢᠶᠠᠨ ᠤ ᠴᠣᠭᠴᠠᠯᠠᠯᠳᠠ ᠶᠢᠨ ᠠᠵᠢᠯ ᠤᠨ ᠡᠭᠦᠷᠭᠡ ᠲᠣᠰᠢᠶᠠᠯ ᠤᠨ ᠬᠤᠪᠢᠶᠠᠷᠢᠯᠠᠯ | ᠵᠣᠬᠢᠶᠠᠨ ᠪᠠᠶᠢᠭᠤᠯᠬᠤ ᠬᠡᠯᠳᠡᠰ᠄ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠮᠡᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠲᠣᠰᠢᠶᠠᠯ ᠡᠭᠦᠷᠭᠡ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠨ | ᠰᠢᠯᠭᠠᠯᠳᠠ ᠬᠢᠵᠣ᠂ ᠵᠢᠯ ᠤᠨ ᠡᠴᠣᠰ ᠤᠨ ᠬᠢᠨᠠᠨ ᠰᠢᠯᠭᠠᠯᠳᠠ ᠲᠣᠮᠳᠠ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠰᠢᠯᠭᠠᠯᠳᠠ ᠶᠢᠨ ᠡᠵᠡᠯᠡᠬᠦ ᠬᠤᠪᠢ ᠶᠢ 5% ᠠᠴᠠ ᠲᠣᠣᠷ᠎ᠠ ᠪᠠᠶᠢᠯᠭᠠᠵᠣ ᠪᠣᠯᠬᠤ ᠦᠭᠡᠢ᠃ | ᠣᠬᠠᠭᠤᠯᠬᠤ ᠬᠡᠯᠳᠡᠰ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠮᠡᠳᠡᠭᠡᠯᠡᠯ ᠪᠣᠯᠣᠨ ᠨᠡᠶᠢᠳᠡ ᠶᠢᠨ ᠠᠰᠠᠷᠠᠮᠵᠢ ᠶᠢᠨ | ᠣᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠵᠢᠯᠣᠭᠤᠳᠴᠦ ᠵᠣᠬᠢᠴᠠᠭᠤᠯᠣᠨ᠎ᠠ︔ ᠰᠣᠨᠢᠨ ᠮᠡᠳᠡᠭᠡ ᠬᠠᠮ ᠵᠠᠭᠤᠴᠢᠯᠠᠭᠤᠷ ᠢ ᠵᠣᠬᠢᠶᠠᠨ ᠪᠠᠶᠢᠭᠤᠯᠣᠨ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠠᠮᠢᠶ᠎ᠠ ᠪᠦᠬᠦᠢ ᠬᠠᠣᠯᠢ ᠲᠣᠭᠳᠠᠭᠠᠯ ᠢ ᠡᠷᠴᠢᠮᠳᠠᠢ ᠣᠬᠠᠭᠤᠯᠵᠣ᠂ ᠮᠠᠯ ᠲᠠᠷᠢᠶᠠᠯᠠᠩ | ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠰᠢᠨᠵᠢᠯᠡᠭᠦ ᠣᠬᠠᠭᠠᠨᠴᠢ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠲᠦᠮᠠᠨ ᠢ ᠢᠳᠡᠪᠬᠢᠳᠡᠢ ᠪᠠᠷ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠪᠠᠶᠢᠴᠠᠭᠠᠯᠳᠠ ᠶᠢᠨ ᠠᠵᠢᠯ ᠳᠤ ᠣᠷᠣᠯᠴᠠᠭᠤᠯᠬᠤ ᠶᠢ ᠵᠢᠯᠣᠭᠤᠳᠣᠨ᠎ᠠ︔ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠴᠢᠬᠤᠯᠠ ᠶᠡᠭᠡ ᠠᠰᠠᠭᠤᠳᠠᠯ ᠵᠢᠴᠢ ᠭᠡᠨᠡᠳᠳᠡ ᠶᠢᠨ ᠬᠡᠷᠡᠭ ᠣᠴᠢᠷ ᠤᠨ ᠮᠡᠳᠡᠭᠡ ᠵᠠᠩᠬᠢ | ᠨᠡᠶᠢᠳᠡᠯᠡᠭᠦ ᠪᠠ ᠶᠠᠷᠢᠶ᠎ᠠ ᠬᠡᠯᠡᠯᠴᠡᠭᠡ ᠶᠢ ᠵᠢᠯᠣᠭᠤᠳᠬᠤ ᠠᠵᠢᠯ ᠢ ᠬᠠᠮᠵᠢᠯᠴᠠᠨ ᠰᠠᠶᠢᠳᠦᠷ ᠬᠢᠵᠣ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ | ᠲᠦᠪᠰᠢᠨ ᠤ ᠬᠢᠨᠠᠯᠳᠠ ᠪᠠᠶᠢᠴᠠᠭᠠᠯᠳᠠ ᠶᠢᠨ ᠠᠵᠢᠯ ᠢ ᠬᠠᠮᠵᠢᠯᠴᠠᠨ ᠰᠠᠶᠢᠳᠦᠷ ᠬᠢᠨ᠎ᠠ᠃ | ᠮᠠᠯ ᠲᠠᠷᠢᠶᠠᠯᠠᠩ ᠤᠨ ᠠᠯᠪᠠᠨ ᠭᠡᠷ᠄ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠣᠶᠣ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠲᠡᠭᠡᠷ᠎ᠡ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠠᠵᠢᠯ ᠤᠨ ᠬᠠᠷᠢᠭᠤ ᠮᠡᠳᠡᠭᠦᠯᠦᠯᠳᠡ ᠲᠣᠬᠢᠷᠠᠭᠤᠯᠵᠣ᠂ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠠᠵᠢᠯ ᠢ ᠰᠣᠳᠣᠯᠣᠨ ᠪᠠᠶᠢᠷᠢᠯᠠᠭᠤᠯᠵᠣ᠂ ᠠᠮᠣᠷ ᠲᠦᠪᠰᠢᠨ ᠤ ᠲᠠᠯᠳᠠ ᠭᠡᠮ ᠤᠨ ᠲᠦᠭᠰᠢᠭᠦᠷᠢ ᠶᠢᠨ | ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠶᠢᠨ ᠡᠭᠦᠷᠭᠡ ᠲᠣᠰᠢᠶᠠᠯ ᠶᠣᠰᠣᠭᠠᠷ ᠠᠵᠢᠯ ᠢᠶᠠᠨ | ᠦᠷᠨᠢᠭᠦᠯᠬᠦ ᠶᠢ ᠵᠣᠬᠢᠴᠠᠭᠤᠯᠣᠨ᠎ᠠ︔ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠴᠣᠭᠴᠠᠯᠠᠯᠳᠠ ᠶᠢᠨ ᠠᠵᠢᠯ ᠢᠶᠠᠨ ᠦᠷᠨᠢᠭᠦᠯᠦᠭᠰᠡᠨ ᠪᠠᠶᠢᠳᠠᠯ ᠤᠨ ᠱᠠᠭᠠᠷᠳᠠᠨ | ᠪᠠᠶᠢᠴᠠᠭᠠᠯᠳᠠ ᠶᠢ ᠬᠠᠷᠢᠭᠤᠴᠠᠨ᠎ᠠ᠃ | ᠮᠠᠯ ᠲᠠᠷᠢᠶᠠᠯᠠᠩ ᠤᠨ ᠲᠣᠪᠴᠢᠶ᠎ᠠ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠬᠤᠰᠢᠭᠤ ᠰᠢᠶᠠᠨ ᠤ ᠴᠣᠭᠴᠠᠯᠠᠯᠳᠠ ᠶᠢᠨ | ᠬᠡᠷᠡᠭᠵᠢᠭᠦᠯᠬᠦ ᠲᠦᠰᠦᠯ ᠲᠣᠭᠳᠠᠭᠠᠨ᠂ ᠴᠣᠭᠴᠠᠯᠠᠯᠳᠠ ᠶᠢᠨ ᠠᠵᠢᠯ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠶᠢᠨ ᠠᠵᠢᠯ ᠢ ᠲᠣᠯᠣᠭᠠᠶᠢᠯᠠᠨ ᠵᠣᠬᠢᠶᠠᠨ ᠪᠠᠶᠢᠭᠤᠯᠣᠨ ᠬᠡᠷᠡᠭᠵᠢᠭᠦᠯᠦᠨ᠎ᠡ︔ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ | ᠠᠮᠣᠷ ᠲᠦᠪᠰᠢᠨ ᠤ ᠬᠠᠣᠯᠢ ᠬᠡᠷᠡᠭᠵᠢᠭᠦᠯᠬᠦ ᠠᠵᠢᠯ ᠢ ᠬᠠᠷᠢᠭᠤᠴᠠᠬᠤ ᠮᠦᠷᠳᠡᠭᠡᠨ ᠬᠠᠮᠢᠶ᠎ᠠ ᠪᠦᠬᠦᠢ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠲᠠᠢ ᠬᠤᠯᠪᠣᠭᠠᠯᠠᠨ | ᠬᠠᠣᠯᠢ ᠬᠡᠷᠡᠭᠵᠢᠭᠦᠯᠬᠦ ᠠᠵᠢᠯ ᠦᠷᠨᠢᠭᠦᠯᠦᠨ᠎ᠡ︔ ᠬᠤᠰᠢᠭᠤ ᠬᠡᠪᠴᠢᠶᠠᠨ ᠤ ᠲᠠᠷᠢᠶᠠᠯᠠᠩ ᠤᠨ ᠡᠳ᠋ ᠪᠠᠷᠠᠭᠠᠨ ᠤ ᠦᠢᠯᠠᠳᠪᠦᠷᠢᠯᠠᠯ ᠡᠵᠡᠩᠨᠡᠯᠳᠡ ᠶᠢᠨ ᠭᠤᠣᠯ ᠴᠣᠭᠴᠠ | ᠶᠢᠨ ᠬᠢᠨᠠᠯᠳᠠ ᠬᠠᠮᠢᠶᠠᠷᠣᠯᠳᠠ ᠪᠣᠯᠣᠨ ᠪᠣᠯᠪᠠᠰᠣᠷᠠᠯ ᠤᠨ ᠠᠵᠢᠯ᠂ ᠨᠢᠳᠦᠯᠬᠤ ᠠᠵᠣ ᠠᠬᠤᠶᠢᠯᠠᠯ ᠤᠨ ᠬᠢᠨᠠᠯᠳᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠂ | ᠠᠮᠢᠳᠠᠨ ᠤ ᠬᠢᠵᠢᠭ ᠤᠨ ᠪᠠᠶᠢᠴᠠᠭᠠᠯᠳᠠ ᠶᠢ ᠰᠠᠶᠢᠳᠦᠷ ᠬᠢᠨ᠎ᠠ︔ ᠮᠠᠯ ᠲᠠᠷᠢᠶᠠᠯᠠᠩ ᠤᠨ ᠣᠶᠢᠯᠠᠰ ᠤᠨ ᠦᠩᠭᠡᠨ ᠲᠠᠯ᠎ᠠ ᠶᠢᠨ ᠪᠣᠬᠢᠷᠳᠣᠯ ᠤᠨ ᠵᠠᠰᠠᠯᠳᠠ ᠶᠢᠨ ᠠᠵᠢᠯ | ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠡᠷᠡᠭ ᠶᠠᠪᠣᠳᠠᠯ ᠤᠨ ᠪᠠᠴᠢᠮ ᠢ ᠠᠷᠭᠠᠴᠠᠬᠤ ᠰᠢᠢᠳᠪᠦᠷᠢᠯᠡᠯᠳᠡ ᠶᠢ | ᠰᠠᠶᠢᠳᠦᠷ ᠬᠢᠬᠦ ᠶᠢ ᠬᠠᠷᠢᠭᠤᠴᠠᠨ᠎ᠠ︔ ᠬᠡᠰᠡᠭ ᠪᠦᠯᠦᠭ ᠮᠠᠯ ᠲᠠᠷᠢᠶᠠᠯᠠᠩ ᠤᠨ ᠪᠦᠳᠦᠭᠡᠭᠳᠡᠭᠦᠨ ᠤ ᠲᠣᠭᠳᠠᠨᠮᠠᠯ ᠲᠦᠷᠭᠡᠨ ᠪᠠᠶᠢᠴᠠᠭᠠᠯᠳᠠ ᠶᠢᠨ ᠠᠵᠢᠯ ᠢ | ᠬᠠᠷᠢᠭᠤᠴᠠᠨ᠎ᠠ᠃ | ᠬᠦᠭᠵᠢᠭᠦᠯᠦᠯᠳᠡ ᠦᠭᠡᠷᠡᠴᠢᠯᠡᠯᠳᠡ ᠶᠢᠨ ᠲᠣᠪᠴᠢᠶ᠎ᠠ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠢ ᠲᠣᠬᠠᠢ ᠶᠢᠨ ᠭᠠᠵᠠᠷ | ᠣᠷᠣᠨ ᠤ ᠠᠵᠣ ᠠᠬᠤᠢ ᠪᠣᠯᠣᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠤ ᠣᠷᠣᠭᠤᠯᠣᠨ᠎ᠠ᠃ | ᠡᠳ᠋ ᠤᠨ ᠵᠠᠰᠠᠭ ᠤᠨ ᠲᠣᠪᠴᠢᠶ᠎ᠠ᠄ ︽ᠢᠳᠡᠭᠡᠨ ᠣᠮᠳᠠᠭᠠᠨ ᠤ ᠠᠮᠣᠷ ᠲᠦᠪᠰᠢᠨ ᠤ ᠪᠠᠳᠣᠯᠠᠭ᠎ᠠ ᠶᠢᠨ ᠠᠵᠢᠯ ᠢ ᠣᠯᠠᠮ ᠨᠢᠭᠡ ᠠᠯᠬᠤᠮ ᠴᠢᠩᠭᠠᠳᠬᠠᠬᠤ | ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ﹇2016﹈ 65 | ᠲᠣᠭᠠᠳᠦ︶ ᠪᠢᠴᠢᠭ ᠮᠡᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ | ᠬᠠᠮᠢᠶᠠᠷᠣᠯᠳᠠ ᠶᠢᠨ ᠵᠠᠷᠣᠳᠠᠯ ᠢ ᠡᠳ᠋ ᠤᠨ ᠵᠠᠰᠠᠭ ᠤᠨ ᠲᠦᠰᠦᠪ ᠲᠤ ᠣᠷᠣᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ | ᠤ ᠠᠵᠢᠯ ᠤᠨ ᠪᠡᠯᠡ ᠮᠦᠩᠭᠦᠨ ᠤ ᠪᠠᠳᠣᠯᠠᠭ᠎ᠠ ᠶᠢᠨ ᠡᠷᠴᠢᠮ ᠢ ᠴᠢᠩᠭᠠᠷᠠᠭᠤᠯᠣᠨ᠎ᠠ︔ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ | ᠤ ᠬᠢᠨᠠᠯᠳᠠ ᠬᠠᠮᠢᠶᠠᠷᠣᠯᠳᠠ ᠶᠢᠨ ᠵᠠᠷᠣᠳᠠᠯ ᠪᠣᠯᠣᠨ ᠬᠢᠨᠠᠨ ᠪᠠᠶᠢᠴᠠᠭᠠᠯᠳᠠ ᠬᠡᠮᠵᠢᠯᠳᠡ ᠶᠢᠨ ᠵᠠᠷᠣᠳᠠᠯ ᠤᠨ ᠵᠣᠬᠢᠰᠳᠠᠢ ᠲᠣᠭᠳᠠᠭᠤᠨ ᠨᠡᠮᠡᠭᠳᠡᠯ ᠤᠨ ᠲᠣᠭᠳᠠᠯᠴᠠᠭ᠎ᠠ ᠶᠢ | ᠠᠩᠬ᠎ᠠ ᠠᠯᠬᠤᠮ ᠪᠠᠶᠢᠭᠤᠯᠣᠨ᠂ ᠵᠢᠯ ᠲᠠᠷᠠᠭᠠᠯᠠᠨ ᠡᠳ᠋ ᠤᠨ ᠵᠠᠰᠠᠭ ᠤᠨ ᠣᠷᠣᠭᠤᠯᠣᠯᠳᠠ ᠪᠠᠨ ᠨᠡᠮᠡᠭᠳᠡᠭᠦᠯᠦᠨ᠎ᠡ᠃ | ᠵᠠᠬ᠎ᠠ ᠲᠡᠯᠭᠡᠭᠦᠷ ᠤᠨ ᠬᠢᠨᠠᠯᠳᠠ ᠬᠠᠮᠢᠶᠠᠷᠣᠯᠳᠠ ᠶᠢᠨ ᠲᠣᠪᠴᠢᠶ᠎ᠠ᠄ ᠬᠠᠷᠢᠶᠠᠳᠦ ᠣᠷᠣᠨ ᠤ ᠵᠠᠬ᠎ᠠ ᠲᠡᠯᠭᠡᠭᠦᠷ ᠤᠨ ᠪᠣᠷᠣᠯᠠᠭᠤᠯᠭ᠎ᠠ ᠶᠢᠨ ᠭᠤᠭᠴᠣᠭᠠᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠵᠢᠯ ᠤᠨ ᠰᠣᠭᠤᠯᠣᠨ ᠪᠠᠶᠢᠴᠠᠭᠠᠯᠳᠠ ᠶᠢᠨ ᠲᠦᠯᠦᠪᠯᠡᠭᠡ ᠲᠣᠭᠳᠠᠭᠠᠨ᠂ ᠰᠠᠷ᠎ᠠ ᠪᠣᠯᠭᠠᠨ ᠤ ᠰᠣᠭᠤᠯᠣᠨ ᠪᠠᠶᠢᠴᠠᠭᠠᠬᠤ ᠶᠠᠩᠵᠣ | ᠶᠢᠨ ᠲᠤᠭ᠎ᠠ ᠬᠡᠮᠵᠢᠶᠡᠨ ᠤ ᠲᠠᠩᠰᠠ ᠶᠢ ᠲᠣᠳᠣᠷᠬᠠᠶᠢᠯᠠᠨ᠎ᠠ︔ ᠵᠠᠬ᠎ᠠ ᠲᠡᠯᠭᠡᠭᠦᠷ ᠲᠤ ᠣᠷᠣᠭᠤᠯᠬᠤ ᠮᠠᠯ ᠲᠠᠷᠢᠶᠠᠯᠠᠩ ᠤᠨ ᠪᠦᠳᠦᠭᠡᠭᠳᠡᠭᠦᠨ᠂ ᠢᠳᠡᠰᠢᠨ ᠤ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠬᠢᠷᠢ ᠲᠡᠩᠴᠡᠭᠰᠡᠨ ᠭᠡᠷᠡᠴᠢ ᠶᠢᠨ ᠪᠠᠶᠢᠴᠠᠭᠠᠯᠳᠠ ᠶᠢ ᠴᠢᠩᠭᠠᠳᠬᠠᠨ᠂ ᠮᠠᠯ ᠲᠠᠷᠢᠶᠠᠯᠠᠩ ᠤᠨ ᠲᠣᠪᠴᠢᠶ᠎ᠠ ᠲᠠᠢ ᠬᠠᠮᠳᠦ ᠢᠳᠡᠰᠢᠨ | ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠠᠮᠠᠯᠠᠯᠳᠠ ᠶᠢᠨ ᠬᠢᠷᠢ ᠲᠡᠩᠴᠡᠭᠰᠡᠨ ᠭᠡᠷᠡᠴᠢ ᠶᠢᠨ ᠲᠦᠷᠢᠮ ᠢ ᠠᠬᠢᠭᠤᠯᠵᠣ᠂ ᠢᠳᠡᠰᠢᠨ ᠤ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠮᠦᠷᠳᠡᠯᠳᠡ ᠶᠢᠨ ᠲᠣᠭᠳᠠᠴᠠ ᠶᠢ ᠪᠠᠶᠢᠭᠤᠯᠣᠨ᠂ ᠪᠣᠯᠪᠠᠰᠣᠷᠠᠭᠤᠯᠬᠤ᠂ ᠭᠦᠢᠯᠭᠡᠭᠡᠬᠦ ᠬᠡᠪᠴᠢᠶᠡᠨ ᠤ ᠮᠦᠷᠳᠡᠯᠳᠡ ᠶᠢᠨ ᠲᠣᠭᠳᠠᠴᠠ ᠯᠤᠭ᠎ᠠ ᠶᠢᠨ | ᠠᠪᠴᠠᠯᠳᠣᠭᠤᠯᠣᠯ ᠢ ᠪᠡᠶᠡᠯᠡᠭᠦᠯᠦᠨ᠎ᠡ︔ ᠵᠠᠬ᠎ᠠ ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠲᠦᠷᠢᠮ ᠢ ᠲᠣᠭᠳᠠᠭᠠᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠭᠠᠷᠣᠯᠳᠠ ᠶᠢᠨ ᠭᠠᠵᠠᠷ ᠠᠴᠠ ᠭᠠᠷᠭᠠᠬᠤ ᠪᠠ ᠵᠠᠬ᠎ᠠ ᠲᠡᠯᠭᠡᠭᠦᠷ ᠲᠤ ᠣᠷᠣᠭᠤᠯᠬᠤ ᠵᠦᠪᠰᠢᠶᠡᠷᠡᠯ ᠤᠨ ᠠᠪᠴᠠᠯᠳᠣᠭᠤᠯᠣᠯ ᠤᠨ ᠲᠣᠭᠳᠠᠴᠠ ᠶᠢᠨ ᠪᠦᠳᠦᠮᠵᠢᠳᠡᠢ | ᠠᠵᠢᠯᠯᠠᠮᠵᠢ ᠶᠢ ᠪᠠᠳᠣᠯᠠᠨ᠎ᠠ︔ ᠬᠠᠮᠳᠦ ᠨᠡᠶᠢᠳᠡ ᠶᠢᠨ ᠢᠳᠡᠰᠢᠨ ᠳᠤ ᠬᠡᠷᠡᠭᠯᠡᠭᠦ ᠵᠡᠷᠭᠡ ᠪᠦᠯᠬᠦᠮ ᠤᠨ ᠬᠡᠷᠡᠭᠯᠡᠭᠡᠨ ᠤ ᠪᠠᠶᠢᠭᠤᠯᠭ᠎ᠠ ᠶᠢᠨ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢ ᠬᠠᠷᠢᠭᠤᠴᠠᠨ᠎ᠠ︔ ᠮᠠᠯ ᠲᠠᠷᠢᠶᠠᠯᠠᠩ ᠤᠨ ᠣᠶᠢᠯᠠᠰ ᠤᠨ ᠣᠷᠣᠨ ᠨᠣᠳᠤᠭ | ᠤᠨ ᠪᠠᠷᠢᠮᠵᠢᠶ᠎ᠠ ᠶᠢ ᠨᠡᠶᠢᠳᠡᠯᠡᠭᠦ ᠠᠵᠢᠯ ᠢ ᠵᠣᠬᠢᠶᠠᠨ ᠪᠠᠶᠢᠭᠤᠯᠣᠨ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠡᠷᠡᠭ ᠶᠠᠪᠣᠳᠠᠯ | ᠤᠨ ᠬᠤᠯᠪᠣᠭᠠᠯᠠᠨ ᠬᠠᠣᠯᠢ ᠬᠡᠷᠡᠭᠵᠢᠭᠦᠯᠬᠦ ᠠᠵᠢᠯ ᠳᠤ ᠣᠷᠣᠯᠴᠠᠨ᠎ᠠ︔ ᠪᠦᠬᠦ ᠬᠤᠰᠢᠭᠤᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠮᠵᠢᠶ᠎ᠡ ᠶᠢ ᠲᠣᠭᠳᠠᠭᠠᠨ | ᠰᠢᠯᠭᠠᠨ ᠬᠡᠮᠵᠢᠭᠦ ᠠᠵᠢᠯ ᠢ ᠬᠠᠷᠢᠭᠤᠴᠠᠨ᠎ᠠ᠃ | ᠲᠣᠳᠣᠭᠠᠳᠦ ᠶᠢ ᠬᠠᠮᠠᠭᠠᠯᠠᠬᠤ ᠲᠣᠪᠴᠢᠶ᠎ᠠ᠄ ᠬᠠᠷᠢᠶᠠᠳᠦ ᠣᠷᠣᠨ ᠤ ᠬᠠᠭᠤᠷᠮᠠᠭ ᠲᠠᠷᠢᠶᠠᠯᠠᠩ ᠤᠨ ᠡᠳ᠋ ᠪᠠᠷᠠᠭ᠎ᠠ ᠦᠢᠯᠠᠳᠦᠨ ᠪᠣᠷᠣᠯᠠᠭᠤᠯᠬᠤ᠂ ᠬᠡᠷᠡᠭᠯᠡᠭᠦ ᠶᠢ | ᠴᠠᠭᠠᠵᠠᠯᠠᠭᠰᠠᠨ ᠮᠠᠯ ᠲᠠᠷᠢᠶᠠᠯᠠᠩ ᠤᠨ ᠡᠮ ᠦᠢᠯᠠᠳᠪᠦᠷᠢᠯᠡᠨ ᠪᠣᠷᠣᠯᠠᠭᠤᠯᠬᠤ᠂ ᠬᠠᠣᠯᠢ ᠪᠣᠰᠣ ᠨᠡᠮᠡᠯᠳᠡ ᠡᠳ᠋ ᠬᠤᠣᠷᠠᠳᠦ ᠪᠣᠳᠠᠰ ᠨᠡᠮᠡᠭᠦ᠂ ᠡᠪᠡᠳᠴᠢᠨ ᠢᠶᠠᠷ | ᠦᠭᠦᠭᠰᠡᠨ ᠠᠮᠢᠳᠠᠨ ᠬᠤᠳᠠᠯᠳᠣᠨ ᠠᠪᠴᠣ ᠪᠣᠷᠣᠯᠠᠭᠤᠯᠬᠤ᠂ ᠣᠰᠣ ᠲᠠᠷᠢᠬᠤ᠂ ᠦᠪᠡᠰᠣᠪᠠᠨ ᠨᠢᠳᠦᠯᠬᠤ᠂ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ | ᠤᠨ ᠠᠮᠣᠷ ᠲᠦᠪᠰᠢᠨ ᠤ ᠬᠡᠷᠡᠴᠢ ᠶᠢ ᠬᠠᠭᠤᠷᠮᠠᠭ ᠵᠣᠬᠢᠶᠠᠬᠤ᠂ ︽ᠭᠤᠷᠪᠠᠨ ᠪᠦᠳᠦᠭᠡᠭᠳᠡᠭᠦᠨ ᠨᠢᠭᠡ ᠢᠯᠡᠳᠬᠡᠯ︾ ᠪᠦᠳᠦᠭᠡᠭᠳᠡᠭᠦᠨ ᠤ ᠲᠡᠮᠳᠡᠭ ᠬᠠᠭᠤᠷᠮᠠᠭᠯᠠᠨ | ᠬᠡᠷᠡᠭᠯᠡᠭᠦ ᠵᠡᠷᠭᠡ ᠬᠠᠣᠯᠢ ᠵᠦᠷᠢᠴᠡᠭᠰᠡᠨ ᠠᠵᠢᠯᠯᠠᠭᠠᠨ ᠢ ᠪᠠᠶᠢᠴᠠᠭᠠᠬᠤ ᠠᠵᠢᠯ ᠢ ᠰᠠᠶᠢᠳᠦᠷ ᠬᠢᠨ᠎ᠡ᠃ ᠬᠤᠰᠢᠭᠤ ᠮᠠᠯ ᠲᠠᠷᠢᠶᠠᠯᠠᠩ ᠤᠨ ᠣᠶᠢᠯᠠᠰ ᠤᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠶᠡᠭᠡ ᠠᠩᠬᠢ ᠯᠤᠭ᠎ᠠ ᠶᠢᠨ ᠬᠡᠷᠡᠭ ᠶᠠᠪᠣᠳᠠᠯ ᠢ ᠰᠢᠯᠵᠢᠭᠦᠯᠦᠨ ᠲᠣᠰᠢᠶᠠᠬᠤ ᠠᠵᠢᠯ᠂ ᠬᠤᠰᠢᠭᠤ ᠰᠢᠬᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ ᠯᠤᠭ᠎ᠠ ᠶᠢᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠬᠡᠷᠡᠭ ᠶᠠᠪᠣᠳᠠᠯ ᠤᠨ ᠬᠠᠣᠯᠢ ᠴᠠᠭᠠᠵᠠ ᠶᠢᠨ ᠠᠪᠴᠠᠯᠳᠣᠭᠤᠯᠣᠯ ᠢ ᠰᠠᠶᠢᠳᠦᠷ ᠬᠢᠨ᠎ᠠ᠃ | ᠬᠤᠳᠠ ᠣᠷᠣᠨ ᠠᠯᠣᠰᠯᠠᠭᠰᠠᠨ ᠬᠦᠷᠢᠶ᠎ᠡ ᠴᠠᠷᠠᠭᠠᠨ ᠤ ᠬᠡᠷᠡᠭ ᠶᠠᠪᠣᠳᠠᠯ ᠢ ᠮᠦᠷᠳᠡᠨ ᠪᠠᠶᠢᠴᠠᠭᠠᠬᠤ ᠪᠠ ᠲᠦᠪᠯᠡᠷᠡᠩᠭᠦᠢ ᠲᠣᠰᠬᠠᠢ ᠲᠦᠷᠦᠯ ᠤᠨ ᠴᠡᠭᠴᠡᠯᠡᠯᠳᠡ ᠶᠢᠨ | ᠠᠵᠢᠯᠯᠠᠭᠠᠨ ᠢ ᠵᠣᠬᠢᠶᠠᠨ ᠪᠠᠶᠢᠭᠤᠯᠵᠣ ᠵᠣᠬᠢᠴᠠᠭᠤᠯᠣᠨ᠂ ᠮᠡᠳᠡᠭᠡ ᠵᠠᠩᠬᠢ ᠶᠢ ᠬᠠᠮᠳᠦ ᠪᠠᠷ ᠡᠳ᠋ᠯᠡᠬᠦ᠂ ᠬᠤᠯᠪᠣᠭᠠᠯᠠᠨ ᠬᠠᠣᠯᠢ ᠬᠡᠷᠡᠭᠵᠢᠭᠦᠯᠬᠦ᠂ ᠡᠳᠦᠷ ᠲᠣᠳᠣᠮ ᠤᠨ | ᠲᠣᠭᠤᠷᠢᠨ ᠪᠠᠶᠢᠴᠠᠭᠠᠯᠳᠠ ᠵᠡᠷᠭᠡ ᠬᠠᠭᠤᠷᠮᠠᠭ ᠠᠵᠢᠯᠯᠠᠭᠠᠨ ᠳᠤ ᠴᠣᠬᠢᠯᠳᠠ ᠦᠭᠬᠦ ᠠᠵᠢᠯ ᠤᠨ ᠣᠷᠳᠦ ᠬᠤᠭᠤᠴᠠᠭᠠᠨ ᠤ ᠲᠣᠭᠳᠠᠯᠴᠠᠭ᠎ᠠ ᠶᠢ ᠰᠦᠪᠡᠭᠴᠢᠯᠡᠨ | ᠪᠠᠶᠢᠭᠤᠯᠣᠨ᠎ᠠ᠃ | ᠠᠷᠠᠳ ᠤᠨ ᠰᠢᠬᠦᠬᠦ ᠬᠤᠷᠢᠶ᠎ᠠ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠪᠣᠯᠣᠨ ᠢᠳᠡᠭᠡᠨ ᠤ ᠠᠮᠣᠷ ᠲᠦᠪᠰᠢᠨ ᠤ | ᠬᠡᠷᠡᠭ ᠶᠠᠪᠣᠳᠠᠯ ᠢ ᠰᠢᠬᠦᠬᠦ ᠠᠵᠢᠯ ᠢ ᠰᠠᠶᠢᠳᠦᠷ ᠬᠢᠨ᠎ᠠ᠃ | ᠠᠷᠠᠳ ᠤᠨ ᠪᠠᠶᠢᠴᠠᠭᠠᠬᠤ ᠬᠤᠷᠢᠶ᠎ᠠ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠪᠣᠯᠣᠨ ᠢᠳᠡᠭᠡᠨ ᠤ ᠠᠮᠣᠷ ᠲᠦᠪᠰᠢᠨ | ᠤ ᠬᠡᠷᠡᠭ ᠶᠠᠪᠣᠳᠠᠯ ᠤᠨ ᠠᠯᠪᠠᠨ ᠵᠠᠭᠠᠯᠳᠣᠯᠭ᠎ᠠ ᠶᠢᠨ ᠠᠵᠢᠯ ᠢ ᠰᠠᠶᠢᠳᠦᠷ ᠬᠢᠨ᠎ᠠ᠃ | ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄ ᠮᠠᠯ ᠲᠠᠷᠢᠶᠠᠯᠠᠩ ᠤᠨ ᠪᠦᠳᠦᠭᠡᠭᠳᠡᠭᠦᠨ ᠤ ᠭᠠᠷᠣᠯᠳᠠ ᠶᠢᠨ ᠭᠠᠵᠠᠷ ᠤᠨ ᠣᠷᠴᠢᠨ ᠲᠣᠭᠤᠷᠢᠨ | ᠪᠣᠯᠣᠨ ᠪᠣᠬᠢᠷᠳᠣᠯ ᠤᠨ ᠪᠠᠶᠢᠳᠠᠯ ᠢ ᠬᠢᠨᠠᠨ ᠬᠡᠮᠵᠢᠨ᠎ᠡ᠃ | ᠬᠠᠩᠭᠠᠨ ᠪᠣᠷᠣᠯᠠᠭᠤᠯᠬᠤ ᠬᠤᠷᠰᠢᠶ᠎ᠠ᠄ ᠠᠮᠣᠷ ᠲᠦᠪᠰᠢᠨ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠡᠵᠡᠩᠨᠡᠯᠳᠡ ᠪᠣᠯᠣᠨ ᠲᠣᠬᠢᠷᠠᠭᠤᠯᠣᠨ | ᠬᠦᠷᠭᠡᠬᠦ ᠲᠣᠣᠷᠵᠢᠯ ᠢ ᠪᠠᠶᠢᠭᠤᠯᠣᠨ᠂ ᠬᠡᠯᠬᠢᠶᠡᠳᠦ ᠲᠡᠯᠭᠡᠭᠦᠷ᠂ ᠨᠢᠭᠡᠳᠦᠯᠳᠡᠢ ᠬᠤᠳᠠᠯᠳᠣᠨ ᠲᠣᠬᠢᠷᠠᠭᠤᠯᠣᠨ ᠬᠦᠷᠭᠡᠬᠦ ᠵᠡᠷᠭᠡ ᠡᠵᠡᠩᠨᠡᠨ ᠪᠣᠷᠣᠯᠠᠭᠤᠯᠬᠤ ᠵᠠᠭᠪᠣᠷ ᠢ | ᠬᠡᠷᠡᠭᠵᠢᠭᠦᠯᠵᠣ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠢᠷᠠᠯᠳᠠ ᠶᠢᠨ ᠠᠮᠣᠷ ᠲᠦᠪᠰᠢᠨ ᠢ ᠦᠨᠳᠦᠷ ᠲᠦᠪᠰᠢᠨ ᠳᠤ ᠪᠠᠳᠣᠯᠠᠨ᠎ᠠ᠃ | ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠄ ᠬᠠᠷᠢᠶᠠᠳᠦ ᠣᠷᠣᠨ ᠤ ᠴᠣᠭᠴᠠᠯᠠᠯᠳᠠ ᠶᠢᠨ ᠠᠵᠢᠯ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ | ᠶᠠᠰᠦ ᠴᠢᠨᠠᠷ ᠤᠨ ᠠᠮᠣᠷ ᠲᠦᠪᠰᠢᠨ ᠤ ᠬᠢᠨᠠᠯᠳᠠ ᠬᠠᠮᠢᠶᠠᠷᠣᠯᠳᠠ ᠶᠢᠨ ᠠᠵᠢᠯ ᠢ ᠵᠣᠬᠢᠶᠠᠨ ᠪᠠᠶᠢᠭᠤᠯᠣᠨ ᠬᠡᠷᠡᠭᠵᠢᠭᠦᠯᠬᠦ ᠶᠢ ᠬᠠᠷᠢᠭᠤᠴᠠᠨ᠎ᠠ︔ ᠬᠠᠷᠢᠶᠠᠳᠦ ᠣᠷᠣᠨ ᠤ | ᠮᠠᠯ ᠲᠠᠷᠢᠶᠠᠯᠠᠩ ᠤᠨ ᠪᠦᠳᠦᠭᠡᠭᠳᠡᠭᠦᠨ ᠤ ᠦᠢᠯᠠᠳᠪᠦᠷᠢᠯᠡᠯ ᠤᠨ ᠣᠷᠴᠢᠨ ᠲᠣᠭᠤᠷᠢᠨ ᠤ ᠬᠠᠮᠠᠭᠠᠯᠠᠯᠳᠠ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ | ᠬᠢᠨᠠᠯᠳᠠ ᠬᠠᠮᠢᠶᠠᠷᠣᠯᠳᠠ ᠪᠣᠯᠣᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠰᠢᠯᠭᠠᠨ ᠬᠡᠮᠵᠢᠯᠳᠡ ᠶᠢ ᠬᠠᠷᠢᠭᠤᠴᠠᠨ᠎ᠠ︔ ᠬᠠᠷᠢᠶᠠᠳᠦ ᠣᠷᠣᠨ ᠤ ᠮᠠᠯ | ᠲᠠᠷᠢᠶᠠᠯᠠᠩ ᠤᠨ ᠣᠶᠢᠯᠠᠰ ᠤᠨ ᠪᠠᠷᠢᠮᠵᠢᠶᠠᠴᠢᠯᠠᠭᠰᠠᠨ ᠦᠢᠯᠠᠳᠪᠦᠷᠢᠯᠠᠯ᠂ ᠦᠢᠯᠠᠳᠪᠦᠷᠢᠯᠠᠯ ᠤᠨ ᠰᠠᠭᠤᠷᠢᠨ ᠭᠠᠵᠠᠷ ᠤᠨ ᠮᠠᠯᠴᠢᠨ ᠲᠠᠷᠢᠶᠠᠴᠢᠨ ᠡᠷᠦᠭᠡ᠂ ᠠᠵᠣ | ᠠᠬᠤᠶᠢᠯᠠᠯ᠂ ᠬᠤᠷᠰᠢᠶᠠᠵᠢᠯ ᠤᠨ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠮᠦᠷᠳᠡᠨ ᠪᠠᠶᠢᠴᠠᠭᠠᠯᠳᠠ᠂ ᠭᠠᠷᠣᠯᠳᠠ ᠶᠢᠨ | ᠭᠠᠵᠠᠷ ᠠᠴᠠ ᠭᠠᠷᠭᠠᠬᠤ ᠵᠦᠪᠰᠢᠶᠡᠷᠡᠯ᠂ ᠦᠢᠯᠠᠳᠪᠦᠷᠢᠯᠠᠯ ᠪᠣᠷᠣᠯᠠᠭᠤᠯᠭ᠎ᠠ ᠶᠢᠨ ᠠᠪᠴᠠᠯᠳᠣᠭᠤᠯᠣᠯ ᠢ ᠬᠠᠷᠢᠭᠤᠴᠠᠨ ᠵᠣᠬᠢᠶᠠᠨ ᠪᠠᠶᠢᠭᠤᠯᠣᠨ᠎ᠠ︔ ᠬᠠᠷᠢᠶᠠᠳᠦ ᠣᠷᠣᠨ | ᠤ ᠮᠠᠯ ᠲᠠᠷᠢᠶᠠᠯᠠᠩ ᠤᠨ ᠣᠶᠢᠯᠠᠰ ᠤᠨ ᠣᠷᠴᠢᠨ ᠲᠣᠭᠤᠷᠢᠨ ᠤ ᠪᠣᠬᠢᠷᠳᠣᠯ᠂ ᠮᠠᠯ ᠲᠠᠷᠢᠶᠠᠯᠠᠩ ᠤᠨ ᠣᠶᠢᠯᠠᠰ ᠤᠨ ᠨᠡᠮᠡᠯᠳᠡ ᠪᠣᠳᠠᠰ ᠤᠨ ᠬᠡᠷᠡᠭ ᠪᠣᠯᠣᠨ ᠮᠠᠯ | ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠬᠡᠷᠡᠭ ᠢ ᠬᠠᠪᠰᠣᠷᠣᠨ ᠪᠠᠶᠢᠴᠠᠭᠠᠨ᠎ᠠ︔ ᠪᠠᠷᠢᠮᠵᠢᠶᠡᠠ ᠳᠤ ᠨᠡᠶᠢᠴᠡᠭᠰᠡᠨ ᠬᠢᠷᠢ | ᠲᠡᠩᠴᠡᠭᠰᠡᠨ ᠲᠦᠷᠢᠮ ᠤᠨ ᠬᠡᠷᠡᠭᠵᠢᠭᠦᠯᠦᠯᠳᠡ ᠶᠢ ᠠᠬᠢᠭᠤᠯᠣᠨ᠎ᠠ︔ ᠪᠠᠯᠭᠠᠰᠣᠨ ᠤ ᠮᠠᠯ ᠲᠠᠷᠢᠶᠠᠯᠠᠩ ᠤᠨ ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ | ᠲᠣᠣᠷᠵᠢᠯ ᠬᠠᠮᠢᠶᠠᠷᠣᠯᠳᠠ ᠶᠢᠨ ᠬᠡᠷᠡᠭᠵᠢᠭᠦᠯᠦᠯᠳᠡ ᠶᠢ ᠬᠠᠷᠢᠭᠤᠴᠠᠨ᠎ᠠ︔ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠮᠠᠯ ᠲᠠᠷᠢᠶᠠᠯᠠᠩ ᠤᠨ | ᠪᠦᠳᠦᠭᠡᠭᠳᠡᠭᠦᠨ ᠤ ᠶᠠᠰᠦ ᠴᠢᠨᠠᠷ ᠤᠨ ᠠᠮᠣᠷ ᠲᠦᠪᠰᠢᠨ ᠤ ᠳ᠋ᠠᠶᠢᠲᠨ ᠣᠶᠣᠨᠴᠢ ᠬᠢᠨᠠᠯᠳᠠ ᠬᠠᠮᠢᠶᠠᠷᠣᠯᠳᠠ ᠪᠣᠯᠣᠨ ᠦᠢᠯᠡᠴᠢᠯᠡᠭᠡ︾ ᠶᠢᠨ ᠲᠠᠪᠴᠠᠩ ᠤᠨ ᠭᠠᠴᠠᠭ᠎ᠠ | ᠲᠣᠰᠬᠤᠨ᠂ ᠪᠠᠯᠭᠠᠰᠣ ᠬᠤᠶᠠᠷ ᠱᠠᠳᠣᠨ ᠳᠠᠬᠢ ᠨᠠᠶᠢᠳᠠᠪᠦᠷᠢᠵᠢᠭᠤᠯᠣᠯᠳᠠ ᠪᠣᠯᠣᠨ ᠬᠡᠷᠡᠭᠯᠡᠭᠡ ᠬᠠᠮᠠᠭᠠᠯᠠᠯᠳᠠ ᠶᠢ ᠬᠠᠷᠢᠭᠤᠴᠠᠨ᠎ᠠ︔ ᠪᠣᠬᠢᠷᠳᠣᠯ ᠦᠭᠡᠢ ᠢᠳᠡᠭᠡᠨ ᠤ | ᠣᠭ ᠮᠡᠲ᠋ᠧᠷᠢᠶᠠᠯ ᠤᠨ ᠪᠠᠷᠢᠮᠵᠢᠶᠠᠴᠢᠯᠠᠭᠰᠠᠨ ᠦᠢᠯᠠᠳᠪᠦᠷᠢᠯᠠᠯ ᠤᠨ ᠰᠠᠭᠤᠷᠢᠨ ᠭᠠᠵᠠᠷ ᠤᠨ ᠴᠣᠭᠴᠠᠯᠠᠯᠳᠠ ᠶᠢᠨ ᠠᠵᠢᠯ ᠳᠤ ᠬᠢ ᠰᠠᠭᠤᠷᠢᠨ ᠭᠠᠵᠠᠷ ᠤᠨ ᠲᠠᠷᠢᠮᠠᠯ ᠤᠨ | ᠡᠷᠦᠭᠡ ᠶᠢᠨ ᠬᠠᠮᠢᠶᠠᠷᠣᠯᠳᠠ ᠪᠣᠯᠣᠨ ᠦᠢᠯᠡᠴᠢᠯᠡᠭᠡ ᠶᠢ ᠬᠠᠷᠢᠭᠤᠴᠠᠨ᠎ᠠ᠃ | |