11 ᠳ᠋ᠤᠭᠡᠷ ᠰᠠᠷ᠎ᠠ ᠶᠢᠨ 30 ᠤ ᠡᠲᠤᠷ᠂ ᠤᠲᠤᠭ ᠤᠨ ᠡᠮᠤᠨᠡᠲᠤ ᠬᠤᠰᠢᠭᠤᠨ ᠤ ᠬᠠᠷᠴᠠᠭᠠᠢ ᠬᠦᠯᠦᠭ ᠨᠢᠭᠡᠲᠤᠭᠡᠷ ᠨᠣᠮᠧᠷᠲᠤ ᠨᠡᠭᠦᠷᠡᠰᠤᠨ ᠠᠭᠤᠷᠬᠠᠢ ᠶᠢᠨ | ᠲᠦᠷᠤᠯ ᠵᠤᠶᠢᠯ ᠤᠨ ᠭᠠᠵᠠᠷ ᠬᠡᠷᠡᠭᠯᠡᠭᠡ ᠨᠢ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠲᠤᠨ ᠤ ᠴᠤᠬᠤᠯᠠᠪᠤᠷᠢ ᠶᠢ | ᠤᠯᠪᠠ᠃ | | | | | ᠲᠤᠰ ᠲᠦᠷᠤᠯ ᠵᠤᠶᠢᠯ ᠤᠨ ᠶᠡᠷᠤᠩᠬᠡᠢ ᠪᠡᠯᠡ ᠤᠷᠤᠭᠤᠯᠤᠯᠲᠠ 100.5 ᠳ᠋ᠦᠩᠰᠢᠭᠤᠷ ᠲᠦᠭᠦᠷᠢᠭ᠂ ᠶᠡᠷᠤᠩᠬᠡᠢ ᠲᠡᠯᠠᠪᠠᠢ ᠨᠢ 32.2415 ᠡᠾᠧᠺᠲ᠋ᠡᠷ | ᠪᠠᠶᠢᠵᠤ᠂ ᠤᠲᠤᠭ ᠤᠨ ᠡᠮᠤᠨᠡᠲᠤ ᠬᠤᠰᠢᠭᠤᠨ ᠤ ᠱᠠᠩᠬᠠᠢ ᠶᠢᠨ ᠰᠦᠮ᠎ᠡ ᠪᠠᠯᠭᠠᠰᠤᠨ ᠳᠤ ᠪᠠᠶᠢᠷᠢᠯᠠᠵᠤ᠂ ᠤᠯᠤᠰ ᠤᠨ ᠡᠨᠧᠷᠬᠢ ᠶᠢᠨ ᠪᠦᠯᠦᠭᠯᠡᠯ ᠤᠨ ︽ᠠᠷᠪᠠᠨ | ᠲᠦᠷᠪᠡᠲᠦᠭᠡᠷ ᠲᠠᠪᠤᠨ ᠵᠢᠯ︾ ᠤᠨ ᠲᠦᠯᠦᠪᠵᠢᠬᠦᠯᠭᠡ ᠪᠠ ᠤᠲᠤᠭ ᠤᠨ ᠡᠮᠤᠨᠡᠲᠤ ᠬᠤᠰᠢᠭᠤᠨ ᠤ ᠭᠤᠤᠯᠳᠠᠯᠭ᠎ᠠ ᠲᠠᠢ ᠬᠡᠷᠡᠭᠵᠢᠭᠦᠯᠦᠭᠰᠡᠨ ᠨᠡᠭᠦᠷᠡᠰᠤᠨ ᠠᠭᠤᠷᠬᠠᠢ | ᠶᠢᠨ ᠲᠦᠷᠤᠯ ᠵᠤᠶᠢᠯ ᠪᠤᠯᠬᠤ ᠮᠦᠷᠲᠡᠭᠡᠨ ᠤᠳᠤᠬᠢᠴᠢᠯᠠᠭᠰᠠᠨ ᠲᠤᠮᠤ ᠬᠡᠯᠪᠡᠷᠢ ᠶᠢᠨ ᠠᠭᠤᠷᠬᠠᠢ ᠶᠢᠨ ᠬᠤᠳᠲᠤᠭ ᠤᠨ ᠨᠢᠭᠡ ᠨᠢ ᠪᠠᠶᠢᠵᠤ᠂ ᠤᠯᠤᠰ ᠤᠨ ᠡᠨᠧᠷᠬᠢ | ᠶᠢᠨ ᠪᠦᠯᠦᠭᠯᠡᠯ ᠤᠨ ᠨᠢᠩᠰᠢᠶᠠ ᠶᠢᠨ ᠨᠡᠭᠦᠷᠡᠰᠤᠨ ᠤ ᠤᠶᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠠ ᠲᠤᠮᠲᠠᠲᠤ ᠤᠯᠤᠰ ᠤᠨ ᠱᠤᠸᠠᠩ ᠸᠧᠢ ᠪᠡᠯᠡ | ᠣᠷᠣᠭᠤᠯᠣᠯᠲᠠ ᠶᠢᠨ ᠬᠢᠵᠠᠭᠠᠷᠲᠤ ᠺᠤᠮᠫᠠᠨᠢ ᠠᠴᠠ ᠬᠠᠮᠲᠤ ᠪᠠᠷ ᠪᠡᠯᠡ ᠤᠷᠤᠭᠤᠯᠵᠤ᠂ ᠥᠪᠤᠷ ᠮᠤᠩᠭᠤᠯ ᠤᠨ ᠸᠧᠢ ᠬᠤᠸᠠ ᠠᠭᠤᠷᠬᠠᠢ ᠶᠢᠨ ᠤᠶᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠠᠴᠠ ᠲᠠᠭᠠᠭᠠᠴᠢᠯᠠᠨ ᠪᠠᠶᠢᠭᠤᠯᠵᠤ ᠪᠤᠢ᠃ ᠲᠤᠰ ᠠᠭᠤᠷᠬᠠᠢ ᠨᠢ ᠵᠢᠯ ᠳᠤ 600 ᠲᠦᠮᠡᠨ ᠲᠤᠨ ᠨᠡᠭᠦᠷᠡᠰᠤ ᠭᠠᠷᠭᠠᠨ᠂ | ᠨᠡᠭᠦᠷᠡᠰᠤᠨ ᠤ ᠬᠠᠳᠠᠭᠠᠯᠠᠭᠳᠠᠴᠠ ᠨᠢ 7.6825 ᠳ᠋ᠦᠩᠰᠢᠭᠤᠷ ᠲᠤᠨ ᠪᠤᠢ᠃ ᠠᠭᠤᠷᠬᠠᠢ ᠶᠢᠨ ᠬᠤᠳᠳᠤᠭ ᠤᠨ ᠤᠶᠢᠯᠡᠴᠢᠯᠡᠭᠡᠨ ᠤ ᠬᠤᠭᠤᠴᠠᠭ᠎ᠠ ᠨᠢ 85.4 | ᠵᠢᠯ ᠪᠠᠶᠢᠵᠤ᠂ ᠠᠳᠠᠯᠢ ᠬᠡᠪᠴᠢᠶ᠎ᠡ ᠲᠠᠢ ᠨᠡᠭᠦᠷᠡᠰᠤ ᠰᠢᠯᠢᠬᠦ ᠤᠶᠢᠯᠡᠳᠪᠤᠷᠢ ᠶᠢ ᠢᠵᠢ ᠪᠦᠷᠢᠳᠦᠭᠦᠯᠤᠨ ᠪᠠᠶᠢᠭᠤᠯᠵᠤ᠂ 2028 ᠤᠨ ᠳᠤ ᠠᠰᠢᠭᠯᠠᠯᠲᠠ ᠳᠤ | ᠤᠷᠤᠭᠤᠯᠬᠤ ᠪᠠᠷ ᠲᠦᠯᠦᠪᠯᠡᠵᠤ ᠪᠠᠶᠢᠨ᠎ᠠ᠃ | ᠲᠤᠰ ᠲᠦᠷᠤᠯ ᠵᠤᠶᠢᠯ ᠪᠠᠶᠢᠭᠤᠯᠤᠭᠳᠠᠭᠰᠠᠨ ᠤ ᠲᠠᠷᠠᠭ᠎ᠠ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠠᠵᠤ ᠤᠶᠢᠯᠡᠳᠪᠤᠷᠢ ᠶᠢᠨ ᠰᠠᠭᠤᠷᠢᠨ ᠭᠠᠵᠠᠷ ᠤᠨ | ᠪᠠᠶᠢᠭᠤᠯᠤᠯᠲᠠ ᠶᠢ ᠠᠬᠢᠭᠤᠯᠵᠤ᠂ ᠤᠲᠤᠭ ᠤᠨ ᠡᠮᠤᠨᠡᠲᠤ ᠬᠤᠰᠢᠭᠤᠨ ᠤ ᠤᠯᠠᠮᠵᠢᠯᠠᠯᠲᠤ ᠡᠨᠧᠷᠬᠢ ᠶᠢᠨ ᠠᠵᠤ ᠤᠶᠢᠯᠡᠰ ᠤᠨ ᠪᠦᠲᠤᠴᠡ ᠶᠢ ᠤᠯᠠᠮ ᠨᠢᠭᠡ ᠠᠯᠬᠤᠮ | ᠰᠢᠯᠢᠳᠡᠭᠵᠢᠬᠦᠯᠵᠤ᠂ ᠥᠪᠤᠷ ᠮᠤᠩᠭᠤᠯ ᠤᠨ ᠪᠠᠷᠠᠭᠤᠨ ᠪᠡᠶ᠎ᠡ ᠶᠢᠨ ᠭᠠᠵᠠᠷ ᠤᠷᠤᠨ ᠤ ᠠᠵᠤ ᠠᠬᠤᠢ ᠶᠢᠨ ᠲᠦᠷᠭᠡᠨ᠂ ᠵᠤᠬᠢᠴᠠᠩᠭᠤᠢ᠂ ᠦᠷᠭᠦᠯᠵᠢᠯᠡᠨ ᠬᠦᠭᠵᠢᠬᠦ | ᠶᠢ ᠠᠬᠢᠭᠤᠯᠬᠤ ᠪᠤᠯᠤᠨ᠎ᠠ᠃ |