ᠣᠲᠤᠭ ᠤᠨ ᠡᠮᠦᠨᠡᠲᠦ ᠬᠤᠰᠢᠭᠤᠨ ᠤ ᠶᠤᠤ ᠡᠾᠧᠩ ᠰᠢᠨ᠎ᠡ ᠡᠨᠧᠷᠬᠢ ᠶᠢᠨ ᠬᠢᠵᠠᠭᠠᠷᠲᠤ ᠺᠤᠮᠫᠠᠨᠢ ᠶᠢᠨ ᠪᠠᠶᠢᠭᠤᠯᠤᠭᠰᠠᠨ 5MW ᠲᠠᠷᠬᠠᠢ ᠬᠡᠯᠪᠡᠷᠢ ᠶᠢᠨ | ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠲᠦᠷᠦᠯ ᠵᠦᠢᠯ ᠰᠢᠯᠭᠠᠨ ᠬᠤᠷᠢᠶᠠᠬᠤ ᠶᠠᠪᠤᠴᠠ ᠪᠠᠨ ᠦᠩᠭᠡᠷᠡᠬᠦᠯᠦᠬᠡᠳ᠂ ᠵᠢᠩᠬᠢᠨᠢ ᠪᠠᠷ ᠴᠠᠬᠢᠯᠭᠠᠨ ᠭᠠᠷᠭᠠᠵᠤ ᠡᠬᠢᠯᠡᠪᠡ᠃ | | | | | ᠲᠤᠰ ᠲᠦᠷᠦᠯ ᠵᠦᠢᠯ ᠨᠢ ᠣᠲᠤᠭ ᠤᠨ ᠡᠮᠦᠨᠡᠲᠦ ᠬᠤᠰᠢᠭᠤᠨ ᠤ ᠣᠯᠵᠠᠴᠢ ᠪᠠᠯᠭᠠᠰᠣ ᠶᠢᠨ ᠴᠠᠭᠠᠨᠪᠠᠯᠭᠠᠰᠣ ᠭᠠᠴᠠᠭᠠᠨ ᠤ ᠠᠰᠢᠭᠯᠠᠭᠠᠳᠦᠢ ᠭᠠᠵᠠᠷ ᠢ | ᠠᠰᠢᠭᠯᠠᠵᠤ᠂ ᠪᠠᠷᠤᠭ 102.89 ᠮᠣ᠋ ᠭᠠᠵᠠᠷ ᠢ ᠡᠵᠡᠯᠡᠨ᠂ ᠮᠠᠰᠢᠨ ᠴᠤᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠨᠢ 5MW᠂ ᠶᠡᠷᠦᠩᠬᠡᠢ ᠪᠡᠯᠡ | ᠣᠷᠣᠭᠤᠯᠣᠯᠲᠠ ᠨᠢ ᠪᠠᠷᠤᠭ 1550 ᠲᠦᠮᠡᠨ ᠲᠦᠬᠦᠷᠢᠭ ᠪᠠᠶᠢᠵᠦ᠂ ︽ᠦᠪᠡᠷᠲᠡᠭᠡᠨ ᠴᠠᠬᠢᠯᠭᠠᠨ ᠭᠠᠷᠭᠠᠵᠤ ᠦᠪᠡᠷᠲᠡᠭᠡᠨ ᠠᠰᠢᠭᠯᠠᠵᠤ᠂ ᠦᠯᠡᠳᠡᠭᠰᠡᠨ ᠴᠠᠬᠢᠯᠭᠠᠨ ᠢ | ᠲᠤᠤᠷ ᠲᠤ ᠣᠷᠣᠭᠤᠯᠬᠤ︾ ᠵᠠᠭᠪᠤᠷ ᠢ ᠪᠡᠶᠡᠯᠡᠬᠦᠯᠦᠭᠰᠡᠨ ᠪᠠᠶᠢᠨ᠎ᠠ᠃ ᠲᠤᠰ ᠲᠦᠷᠦᠯ ᠵᠦᠢᠯ ᠢ ᠲᠣᠣᠷ ᠲᠤ ᠣᠷᠣᠭᠤᠯᠣᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ | ᠳᠣᠮᠳᠠᠴᠢ ᠴᠠᠬᠢᠯᠭᠠᠨ ᠭᠠᠷᠭᠠᠬᠤ ᠬᠡᠮᠵᠢᠶ᠎ᠡ 803.71 ᠲᠦᠮᠡᠨ ᠺᠢᠯᠤᠸᠠᠲ ᠴᠠᠭ᠂ ᠵᠢᠯ ᠤᠨ ᠦᠢᠯᠡᠳᠬᠦᠨ ᠤ ᠦᠷᠲᠡᠭ 265.22 ᠲᠦᠮᠡᠨ ᠲᠦᠬᠦᠷᠢᠭ ᠲᠤ | ᠬᠦᠷᠴᠦ᠂ ᠵᠢᠯ ᠪᠦᠷᠢ 2417 ᠳᠣᠨ ᠪᠠᠷᠢᠮᠵᠢᠶᠠᠲᠤ ᠨᠡᠬᠦᠷᠡᠰᠦ ᠶᠢ ᠠᠷᠪᠢᠯᠠᠨ᠂ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠷᠤᠭ | 6823 ᠳᠣᠨ ᠪᠠᠭᠠᠰᠬᠠᠬᠤ ᠪᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠳᠤ ᠠᠪᠴᠣ ᠬᠡᠯᠡᠪᠡᠯ᠂ ᠲᠠᠷᠬᠠᠢ ᠬᠡᠯᠪᠡᠷᠢ ᠶᠢᠨ ᠨᠠᠷᠠᠨ ᠡᠨᠧᠷᠬᠢ ᠶᠢᠨ ᠬᠦᠭᠵᠢᠯᠲᠡ ᠨᠢ ᠰᠣᠯᠠ ᠪᠠᠶᠢᠬᠤ ᠡᠬᠢ ᠰᠣᠷᠪᠣᠯᠵᠢ ᠶᠢ | ᠠᠮᠢᠳᠣᠯᠢᠭᠵᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠦᠷ᠎ᠡ ᠠᠰᠢᠭ ᠢ ᠰᠠᠶᠢᠵᠢᠷᠠᠭᠤᠯᠤᠨ᠂ ᠲᠤᠬᠠᠢ ᠶᠢᠨ ᠭᠠᠵᠠᠷ ᠲᠤ ᠠᠵᠢᠯ ᠣᠯᠭᠤᠯᠲᠠ ᠶᠢᠨ | ᠠᠵᠢᠯ ᠤᠨ ᠪᠠᠶᠢᠷᠢ ᠬᠠᠩᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠨᠧᠷᠬᠢ ᠶᠢᠨ ᠴᠡᠪᠡᠷ ᠳᠣᠣᠷ᠎ᠠ ᠨᠡᠬᠦᠷᠡᠰᠦᠳᠦ᠋ᠷᠦᠭᠴᠢᠲᠦ ᠦᠷᠬᠦᠯᠵᠢᠬᠦᠶᠢᠴᠡ ᠬᠦᠭᠵᠢᠯᠲᠡ ᠶᠢ | ᠠᠬᠢᠭᠤᠯᠤᠨ᠂ ︽ᠭᠠᠷᠮᠠᠭᠠᠶᠢᠯᠠᠨ ᠳᠠᠪᠰᠢᠬᠤ ᠣᠲᠤᠭ ᠤᠨ ᠡᠮᠦᠨᠡᠲᠦ ᠬᠤᠰᠢᠭᠤᠨ︾ ᠤ ︽ᠳᠣᠣᠷ᠎ᠠ ᠨᠡᠬᠦᠷᠡᠰᠦᠳᠦ᠋ᠷᠦᠭᠴᠢᠲᠤ ᠬᠤᠤᠰ ᠦᠢᠯᠡᠳᠦᠯᠬᠡ ᠶᠢᠨ ᠬᠤᠰᠢᠭᠤ | ᠣᠷᠣᠨ︾ ᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠬᠦᠯᠬᠦ ᠪᠤᠯᠤᠨ᠎ᠠ ᠃ | | | | | |