ᠮᠦᠩᠭᠦᠨᠬᠤᠸᠠᠷ ᠦᠨᠳᠤᠰᠤᠲᠡᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ ᠤᠷᠤᠨ ᠤ ᠲᠡᠰ ᠤᠨ ᠪᠤᠲᠠᠰ ᠤᠨ ᠪᠤᠰᠤ ᠰᠤᠶᠤᠯ  ᠤᠨ ᠦᠪ ᠤᠨ ᠤᠶᠢᠯᠡᠳᠭᠡᠯ ᠤᠨ ᠭᠠᠵᠠᠷ ᠪᠤᠯᠪᠠ
ᠨᠡᠶᠢᠲᠡᠯᠡᠭᠰᠡᠨ ᠴᠠᠭ᠄
2024/12/4
     ᠡᠨᠡ ᠵᠢᠯ ᠤᠲᠤᠭ ᠤᠨ ᠡᠮᠤᠨᠡᠲᠤ ᠬᠤᠰᠢᠭᠤᠨ ᠤ ᠮᠦᠩᠭᠦᠨᠬᠤᠸᠠᠷ ᠦᠨᠳᠤᠰᠤᠲᠡᠨ ᠤ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ  ᠨᠢ ᠥᠪᠡᠷᠲᠡᠭᠡᠨ ᠵᠠᠰᠠᠬᠤ ᠤᠷᠤᠨ ᠤ ᠲᠡᠰ ᠤᠨ ᠪᠤᠲᠠᠰ ᠤᠨ ᠪᠤᠰᠤ ᠰᠤᠶᠤᠯ ᠤᠨ ᠦᠪ ᠤᠨ ᠤᠶᠢᠯᠡᠳᠭᠡᠯ ᠤᠨ ᠭᠠᠵᠠᠷ ᠪᠤᠯᠪᠠ᠃ ᠲᠤᠰ ᠺᠤᠮᠫᠠᠨᠢ ᠶᠢ ᠣᠷᠳᠣᠰ ᠤᠨ ᠪᠠᠷᠠᠭᠤᠨ ᠪᠡᠶ᠎ᠡ ᠶᠢᠨ ᠦᠨᠳᠤᠰᠤᠲᠡᠨ ᠤ ᠬᠤᠪᠴᠠᠰᠤ ᠵᠠᠰᠠᠯ ᠤᠨ ᠬᠤᠲᠠ ᠶᠢᠨ ᠲᠡᠰ ᠤᠨ ᠦᠪᠯᠡᠨ ᠤᠯᠠᠮᠵᠢᠯᠠᠭᠴᠢ ᠮᠦᠩᠬᠦᠨᠬᠤᠸᠠᠷ ᠡᠭᠦᠰᠭᠡᠨ ᠪᠠᠶᠢᠭᠤᠯᠵᠤ᠂ ᠤᠯᠠᠨ ᠵᠢᠯ ᠤᠨ ᠲᠤᠷᠰᠢ᠂ ᠦᠨᠳᠤᠰᠤᠲᠡᠨ ᠤ ᠬᠤᠪᠴᠠᠰᠤ ᠵᠠᠰᠠᠯ ᠤᠨ ᠤᠯᠠᠮᠵᠢᠯᠠᠯ ᠰᠢᠨᠡᠴᠢᠯᠡᠯ ᠢ ᠬᠤᠤᠰᠯᠠᠭᠤᠯᠤᠨ᠂ ︽ᠲᠦᠰᠦᠪᠯᠡᠬᠦ + ᠡᠳ᠋ᠰᠢᠬᠦᠯᠬᠦ + ᠲᠡᠯᠭᠡᠨ ᠦᠵᠡᠭᠦᠯᠬᠦ + ᠰᠦᠯᠵᠢᠶᠡᠨ ᠲᠡᠭᠡᠷ᠎ᠡ ᠪᠠ ᠪᠤᠷᠤᠯᠠᠭᠤᠯᠬᠤ︾ ᠤᠯᠠᠨ ᠡᠰᠢᠵᠢᠭᠰᠡᠨ ᠡᠵᠡᠩᠨᠡᠯᠲᠡ ᠶᠢᠨ ᠵᠠᠭᠪᠤᠷ ᠢᠶᠠᠷ ᠲᠤᠬᠠᠢ ᠶᠢᠨ ᠭᠠᠵᠠᠷ ᠤᠨ ᠡᠮᠡᠭᠲᠡᠶᠢᠴᠤᠳ ᠲᠤ ᠤᠯᠠᠨᠲᠠ ᠪᠤᠯᠪᠠᠰᠤᠷᠠᠯ ᠬᠦᠷᠲᠡᠭᠡᠭᠰᠡᠨ ᠪᠠ ᠠᠵᠢᠯ ᠤᠯᠬᠤ ᠲᠤᠬᠢᠶᠠᠯ ᠬᠠᠩᠭᠠᠨ᠂ ᠦᠨᠲᠤᠰᠤᠲᠡᠨ ᠤ ᠬᠤᠪᠴᠠᠰᠤ ᠵᠠᠰᠠᠯ ᠤᠨ ᠰᠤᠶᠤᠯ ᠤᠨ ᠨᠡᠷ᠎ᠡ ᠠᠯᠳᠠᠷᠰᠢᠯ ᠢ ᠲᠡᠭᠡᠭᠰᠢᠯᠡᠭᠦᠯᠤᠨ᠂ ᠵᠠᠬ᠎ᠠ ᠲᠡᠯᠭᠡᠭᠦᠷ ᠤᠨ ᠨᠦᠯᠤᠭᠡᠯᠡᠬᠦ ᠬᠦᠴᠤᠨ ᠢ ᠦᠷᠭᠡᠳᠭᠡᠵᠤ᠂ ᠤᠯᠠᠮᠵᠢᠯᠠᠯᠲᠤ ᠭᠠᠷ ᠤᠷᠠᠯᠠᠯ ᠤᠨ ᠬᠦᠭᠵᠢᠯᠲᠡ ᠶᠢ ᠲᠠᠭᠠᠭᠤᠯᠬᠤ ᠬᠡᠪ ᠲᠠᠭᠤᠷᠢᠶᠠᠯ ᠪᠤᠯᠤᠨ᠂ ᠰᠤᠶᠤᠯ ᠤᠨ ᠤᠶᠢᠯᠡᠰ ᠤᠨ ᠴᠡᠴᠡᠭᠯᠡᠯᠲᠡ ᠬᠦᠭᠵᠢᠯᠲᠡ ᠶᠢ ᠠᠬᠢᠭᠤᠯᠬᠤ ᠳᠤ ᠬᠦᠴᠤᠨ ᠴᠢᠳᠠᠯ ᠢᠶᠠᠨ ᠡᠷᠭᠦᠵᠤ ᠶᠠᠪᠤᠨ᠎ᠠ᠃
 
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ