ᠪᠤᠷᠤᠪᠠᠯᠭᠠᠰᠤ ᠪᠠᠯᠭᠠᠰᠤ ᠶᠢᠨ ᠶᠡᠬᠡᠴᠠᠶᠢᠳᠠᠮ ᠭᠠᠴᠠᠭᠠᠨ ᠤ ᠵᠠᠮ ᠵᠠᠰᠠᠬᠤ ᠠᠵᠢᠯ ᠲᠠᠭᠤᠰᠴᠤ᠂ ᠲᠤᠰᠬᠤᠨ ᠤ ᠠᠷᠠᠳ ᠤᠨ ᠰᠠᠶᠢᠰᠢᠶᠠᠯ ᠢ ᠤᠯᠪᠠ
ᠨᠡᠶᠢᠲᠡᠯᠡᠭᠰᠡᠨ ᠴᠠᠭ᠄
2024/12/6
     ᠠᠷᠠᠳ ᠤᠨ ᠠᠮᠢᠳᠤᠷᠠᠯ ᠤᠨ ᠠᠵᠢᠯ ᠳᠤ ᠪᠠᠭ᠎ᠠ ᠶᠠᠪᠤᠳᠠᠯ ᠭᠡᠵᠤ ᠪᠠᠶᠢᠬᠤ ᠦᠭᠡᠢ᠂ ᠤᠯᠠᠨ ᠲᠦᠮᠡᠨ ᠤ ᠠᠰᠢᠭ ᠲᠤᠰᠠ ᠪᠤᠯ ᠲᠠᠷᠤᠢ ᠶᠡᠭᠡ ᠶᠠᠪᠤᠳᠠᠯ ᠪᠤᠯᠤᠨ᠎ᠠ᠃ ᠤᠶᠢᠷ᠎ᠠ ᠶᠢᠨ ᠵᠢᠯ ᠠᠴᠠ᠂ ᠪᠤᠷᠤᠪᠠᠯᠭᠠᠰᠤ ᠪᠠᠯᠭᠠᠰᠤ ᠶᠢᠨ ᠶᠡᠬᠡᠴᠠᠶᠢᠳᠠᠮ ᠭᠠᠴᠠᠭᠠᠨ ᠤ ︽ᠬᠤᠶᠠᠷ ᠵᠦᠪᠯᠡᠯ︾ ᠤᠯᠠᠨ ᠲᠦᠮᠡᠨ ᠤ ᠬᠦᠴᠢᠷ ᠵᠤᠪᠠᠯᠠᠩ ᠢ ᠢᠳᠡᠪᠬᠢᠲᠠᠢ ᠰᠢᠢᠳᠪᠤᠷᠢᠯᠡᠵᠤ᠂ ᠤᠯᠠᠨ ᠲᠦᠮᠡᠨ ᠤ ︽ᠲᠤᠲᠤᠨᠤ ᠨᠠᠶᠢᠵᠠ︾ ᠪᠤᠯᠬᠤ ᠪᠠᠷ ᠴᠢᠷᠮᠠᠶᠢᠵᠤ ᠪᠤᠢ᠃ ᠭᠠᠴᠠᠭᠠᠨ ᠤ ᠠᠷᠠᠳ ᠤᠨ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠤᠷᠢᠯᠡᠬᠦ ᠶᠢᠨ ᠲᠦᠯᠤᠭᠡ᠂ ᠭᠠᠴᠠᠭᠠᠨ ᠤ ᠬᠡᠰᠡᠭ ᠵᠠᠮ ᠢ ᠵᠠᠰᠠᠨ ᠰᠡᠯᠪᠢᠭᠰᠡᠨ ᠮᠦᠷᠲᠡᠭᠡᠨ 12 ᠺᠢᠯᠤᠮᠧᠲᠷ ᠤᠨ ᠴᠠᠷᠳᠠᠮᠠᠯ ᠵᠠᠮ ᠢ ᠰᠢᠨ᠎ᠡ ᠪᠠᠷ ᠵᠠᠰᠠᠨ᠂ ᠭᠠᠴᠠᠭᠠᠨ ᠤ ᠠᠷᠠᠳ ᠤᠨ ᠵᠤᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠦᠨᠡᠨᠬᠦ ᠲᠡᠭᠡᠭᠰᠢᠯᠡᠭᠦᠯᠪᠡ᠃     ᠶᠡᠬᠡᠴᠠᠶᠢᠳᠠᠮ ᠭᠠᠴᠠᠭ᠎ᠠ ᠮᠠᠯ ᠠᠵᠤ ᠠᠬᠤᠢ ᠪᠠᠷ ᠭᠤᠤᠯᠯᠠᠭᠤᠯᠤᠨ᠂ ᠮᠠᠯ ᠲᠠᠷᠢᠶᠠᠯᠠᠩ ᠢ ᠤᠶᠠᠯᠳᠤᠵᠤ᠂ ᠶᠡᠷᠤᠩᠬᠡᠢ ᠲᠠᠯᠠᠪᠠᠢ 16.1 ᠲᠦᠮᠡᠨ ᠮᠤ᠋᠂ ᠨᠤᠲᠤᠭ ᠪᠡᠯᠴᠢᠭᠡᠷ 11 ᠲᠦᠮᠡᠨ ᠮᠤ᠋᠂ ᠤᠶᠢᠲᠤ ᠭᠠᠵᠠᠷ 4.3 ᠲᠦᠮᠡᠨ ᠮᠤ᠋᠂ ᠤᠰᠤᠯᠠᠯᠲᠠ ᠶᠢᠨ ᠭᠠᠵᠠᠷ 8448 ᠮᠤ᠋ ᠪᠤᠢ᠃ ᠭᠠᠴᠠᠭᠠᠨ ᠤ ᠭᠤᠤᠯ ᠠᠵᠤ ᠤᠶᠢᠯᠡᠰ ᠲᠡᠵᠢᠭᠡᠨ ᠦᠷᠡᠵᠢᠬᠦᠯᠭᠡ ᠪᠠᠷ ᠭᠤᠤᠯᠯᠠᠭᠤᠯᠤᠨ᠂ ᠤᠳᠤᠬᠠᠨ ᠳᠤ 1.8 ᠲᠦᠮᠡᠨ ᠲᠤᠯᠤᠭᠠᠢ ᠠᠯᠠᠰᠢᠨ ᠮᠠᠯ᠂ 3600 ᠭᠠᠷᠤᠢ ᠲᠤᠯᠤᠭᠠᠢ ᠦᠭᠡᠷ ᠲᠡᠵᠢᠭᠡᠨ ᠪᠤᠷᠲᠤᠵᠤ ᠪᠤᠢ᠃ ᠡᠬᠦᠨ ᠳᠤ᠂ ᠴᠠᠩᠬᠤᠰ ᠬᠤᠷᠰᠢᠶ᠎ᠠ ᠳᠤ 17 ᠡᠷᠤᠬᠡ 65 ᠬᠦᠮᠤᠨ ᠰᠠᠭᠤᠵᠤ ᠪᠠᠶᠢᠭ᠎ᠠ ᠪᠤᠯᠪᠠᠴᠤ᠂ ᠶᠠᠪᠤᠵᠤ ᠰᠠᠭᠤᠬᠤ ᠭᠤᠤᠯ ᠵᠠᠮ ᠢ ᠤᠳᠠᠭᠠᠨ ᠵᠢᠯ ᠵᠠᠰᠠᠭᠠᠳᠤᠢ ᠪᠤᠯᠬᠤᠷ ᠡᠩᠬᠡᠯ ᠲᠤᠩᠬᠤᠯ ᠪᠤᠯᠵᠤ᠂ ᠪᠤᠷᠤᠭᠠᠨ ᠲᠠᠢ ᠡᠳᠤᠷ ᠰᠢᠪᠠᠷ ᠪᠠᠯᠴᠢᠭ ᠶᠡᠭᠡ ᠲᠠᠢ᠂ ᠵᠠᠮ ᠬᠠᠷᠢᠯᠴᠠᠭ᠎ᠠ ᠨᠡᠪᠲᠡᠷᠡᠬᠦ ᠳᠤ ᠪᠡᠷᠬᠡ ᠲᠤᠯᠠ ᠭᠠᠴᠠᠭᠠᠨ ᠭᠡᠰᠢᠭᠦᠳ ᠴᠠᠩᠬᠤᠰ ᠬᠤᠷᠰᠢᠶ᠎ᠠ ᠶᠢᠨ 12 ᠺᠢᠯᠤᠮᠧᠲᠷ ᠵᠠᠮ ᠢ ᠵᠠᠰᠠᠬᠤ ᠶᠢ ᠲᠤᠩ ᠶᠡᠭᠡ ᠪᠠᠷ ᠬᠦᠰᠡᠨ ᠡᠷᠡᠮᠡᠯᠵᠡᠵᠤ ᠪᠠᠶᠢᠪᠠ᠃     ᠭᠠᠴᠠᠭᠠᠨ ᠤ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠬᠦ ᠶᠢᠨ ᠲᠤᠰᠠᠲᠠ᠂ ᠪᠤᠷᠤᠪᠠᠯᠭᠠᠰᠤ ᠪᠠᠯᠭᠠᠰᠤ ᠶᠢᠨ ᠨᠠᠮ ᠤᠨ ᠬᠤᠷᠢᠶ᠎ᠠ᠂ ᠶᠡᠬᠡᠴᠠᠶᠢᠳᠠᠮ ᠭᠠᠴᠠᠭ᠎ᠠ ᠶᠢᠨ ᠨᠠᠮ ᠤᠨ ᠡᠭᠦᠷ ᠤᠯᠠᠨ ᠲᠦᠮᠡᠨ ᠤ ᠭᠡᠷᠡᠭᠴᠡᠭᠡ ᠱᠠᠭᠠᠷᠲᠠᠯᠭ᠎ᠠ ᠳᠤ ᠢᠲᠡᠪᠬᠢᠲᠠᠢ ᠬᠠᠷᠢᠭᠤ ᠦᠭᠴᠤ᠂ ᠲᠠᠭᠠᠭᠠᠴᠢᠯᠠᠯᠲᠠ ᠵᠠᠷᠯᠠᠬᠤ᠂ ᠲᠠᠭᠠᠭᠠᠴᠢᠯᠠᠯᠲᠠ ᠬᠦᠯᠢᠶᠡᠬᠦ ᠠᠵᠢᠯ ᠢ ᠯᠠᠪᠲᠠᠭᠤᠨ ᠪᠠᠲᠤᠲᠠᠢ ᠬᠢᠵᠤ ᠲᠦᠯᠤᠪᠵᠢᠭᠦᠯᠭᠡ ᠵᠢᠷᠤᠭ ᠲᠦᠯᠤᠪᠯᠡᠭᠡ ᠶᠢᠨ ᠲᠠᠯ᠎ᠠ ᠪᠠᠷ ᠤᠯᠠᠨ ᠤ ᠤᠶᠤᠨ ᠤᠬᠠᠭᠠᠨ ᠢ ᠲᠦᠪᠯᠡᠷᠡᠭᠦᠯᠤᠨ᠂ ᠬᠦᠴᠢᠷ ᠠᠰᠠᠭᠤᠳᠠᠯ ᠢ ᠰᠢᠢᠳᠪᠤᠷᠢᠯᠡᠵᠤ ᠦᠭᠪᠡ᠃ ᠤᠯᠠᠨ ᠲᠦᠮᠡᠨ ᠤ ᠰᠠᠨᠠᠯ ᠢ ᠦᠷᠭᠡᠨ ᠢᠶᠠᠷ ᠬᠤᠷᠢᠶᠠᠨ᠂ ᠪᠠᠶᠢᠭᠤᠯᠬᠤ ᠪᠠᠷᠢᠮᠵᠢᠶ᠎ᠠ ᠪᠠᠨ ᠲᠤᠳᠤᠷᠬᠠᠶᠢᠯᠠᠵᠤ᠂ ᠵᠠᠮ ᠵᠠᠰᠠᠬᠤ ᠠᠵᠢᠯ ᠤᠨ ᠲᠤᠬᠠᠢ ᠵᠦᠪᠲᠡᠯᠴᠡᠬᠦ ᠶᠢᠨ ᠬᠠᠮᠲᠤ ᠪᠠᠷᠢᠯᠭ᠎ᠠ ᠶᠢᠨ ᠲᠦᠰᠤᠯ ᠢᠶᠠᠨ ᠲᠤᠭᠲᠠᠭᠠᠪᠠ᠃ 10 ᠰᠠᠷ᠎ᠠ ᠶᠢᠨ 18 ᠤ ᠡᠳᠤᠷ᠂ ᠶᠡᠬᠡᠴᠠᠶᠢᠳᠠᠮ ᠭᠠᠴᠠᠭᠠᠨ ᠤ ᠬᠦᠲᠡᠭᠡ ᠲᠤᠰᠬᠤᠨ ᠤ ᠵᠠᠰᠠᠮᠠᠯ ᠵᠠᠮ ᠤᠨ ᠨᠠᠮ ᠤᠨ ᠪᠠᠶᠢᠭᠤᠯᠤᠯᠲᠠ ᠶᠢᠨ ᠲᠦᠷᠤᠯ ᠵᠤᠶᠢᠯ — ᠴᠠᠩᠬᠤᠰ ᠬᠤᠷᠰᠢᠶ᠎ᠠ ᠶᠢᠨ 12 ᠺᠢᠯᠤᠮᠧᠲᠷ ᠴᠠᠷᠲᠠᠮᠠᠯ ᠵᠠᠮ ᠤᠨ ᠲᠦᠷᠤᠯ ᠵᠤᠶᠢᠯ ᠠᠮᠵᠢᠯᠲᠠᠲᠠᠢ ᠲᠠᠭᠤᠰᠪᠠ᠃     ᠤᠶᠢᠯᠠᠭᠠᠭᠰᠠᠨ ᠢᠶᠠᠷ᠂ ᠲᠤᠰ ᠵᠠᠮ ᠤᠨ ᠪᠦᠬᠦ ᠤᠷᠲᠤ ᠨᠢ 12 ᠺᠢᠯᠤᠮᠧᠲᠷ᠂ ᠴᠠᠩᠴᠢᠩ ᠤᠨ ᠴᠢᠯᠠᠭᠤᠨ ᠲᠤᠰᠤᠨ ᠤ ᠱᠦᠭᠦᠷᠭᠡᠢ ᠶᠢᠨ ᠡᠮᠤᠨ᠎ᠡ ᠬᠡᠰᠡᠭ ᠤᠨ ᠬᠤᠪᠢᠶᠠᠷᠢ ᠺᠤᠮᠫᠠᠨᠢ ᠠᠴᠠ ᠪᠡᠯᠡ ᠭᠠᠷᠭᠠᠵᠤ ᠵᠠᠰᠠᠨ ᠰᠡᠯᠪᠢᠭᠰᠡᠨ ᠪᠠᠶᠢᠨ᠎ᠠ᠃     ᠲᠤᠰ ᠲᠦᠷᠤᠯ ᠵᠤᠶᠢᠯ ᠨᠢ ᠲᠤᠬᠠᠢ ᠶᠢᠨ ᠭᠠᠵᠠᠷ ᠤᠨ 17 ᠡᠷᠤᠬᠡ ᠰᠠᠭᠤᠭᠠᠯᠢ ᠠᠷᠠᠳ ᠤᠨ ᠶᠠᠪᠤᠵᠤ ᠰᠠᠭᠤᠬᠤ ᠬᠦᠴᠢᠷᠲᠡᠯ ᠢ ᠰᠢᠢᠳᠪᠤᠷᠢᠯᠡᠭᠰᠡᠨ ᠢᠶᠠᠷ ᠪᠠᠷᠠᠬᠤ ᠦᠭᠡᠢ᠂ ᠪᠠᠰᠠ ᠲᠠᠷᠢᠶᠠᠯᠠᠩ ᠤᠨ ᠲᠠᠭᠠᠯᠲᠠ ᠪᠦᠲᠦᠭᠡᠭᠲᠡᠭᠦᠨ ᠪᠠ ᠦᠬᠡᠷ ᠮᠠᠯ ᠤᠨ   ᠮᠢᠬ᠎ᠠ ᠶᠢᠨ ᠪᠤᠷᠤᠯᠠᠭᠤᠯᠬᠤ ᠭᠦᠢᠯᠭᠡᠭᠡ ᠶᠢ ᠶᠡᠭᠡᠪᠡᠷ ᠠᠬᠢᠭᠤᠯᠪᠠ᠃ ᠡᠨᠡ ᠬᠦ ᠰᠠᠭᠤᠷᠢ ᠲᠦᠬᠦᠭᠡᠷᠤᠮᠵᠢ ᠶᠢᠨ ᠲᠡᠰ ᠲᠠᠪᠰᠢᠯᠲᠠ ᠨᠢ ᠶᠡᠬᠡᠴᠠᠶᠢᠳᠠᠮ ᠭᠠᠴᠠᠭᠠᠨ ᠤ ᠴᠠᠩᠬᠤᠰ ᠬᠤᠷᠰᠢᠶ᠎ᠠ ᠶᠢᠨ ᠠᠵᠤ ᠠᠬᠤᠢ ᠶᠢᠨ ᠬᠦᠭᠵᠢᠯᠲᠡ ᠪᠤᠯᠤᠨ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠰᠢᠨ᠎ᠡ ᠲᠠᠪᠠᠯᠲᠠ ᠶᠢ ᠬᠠᠷᠠᠭᠤᠯᠵᠤ᠂ ᠤᠷᠤᠨ ᠨᠤᠲᠤᠭ ᠲᠤ ᠰᠢᠨ᠎ᠡ ᠬᠦᠭᠵᠢᠯᠲᠡ ᠶᠢᠨ ᠲᠤᠬᠢᠶᠠᠯ ᠢ ᠠᠪᠴᠢᠷᠠᠭᠰᠠᠨ ᠪᠠᠶᠢᠨ᠎ᠠ᠃
ᠢᠷᠡᠯᠲᠡ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ