ᠣᠶᠢᠷ᠎ᠠ ᠳᠤ᠂ ᠣᠲᠤᠭ ᠤᠨ ᠡᠮᠦᠨᠡᠲᠦ ᠬᠤᠰᠢᠭᠤᠨ ᠤ ᠵᠢᠵᠢᠭ ᠬᠡᠯᠪᠡᠷᠢ ᠶᠢᠨ ᠬᠤᠭ ᠨᠤᠪᠰᠢ ᠶᠢ ᠰᠢᠲᠠᠭᠠᠬᠤ ᠵᠢᠱᠢᠶ᠎ᠡ ᠦᠵᠡᠬᠦᠯᠬᠦ ᠲᠦᠷᠦᠯ ᠵᠦᠢᠯ ᠪᠦᠬᠦ | ᠲᠠᠯ᠎ᠠ ᠪᠠᠷ ᠪᠠᠷᠢᠯᠭ᠎ᠠ ᠳᠠᠭᠤᠰᠴᠣ᠂ ᠲᠤᠷᠰᠢᠨ ᠠᠵᠢᠯᠯᠠᠭᠤᠯᠬᠤ ᠱᠠᠲᠤᠨ ᠳᠤ ᠣᠷᠣᠨ᠂ ᠮᠠᠨ ᠤ ᠬᠤᠰᠢᠭᠤᠨ ᠤ ᠠᠮᠢᠳᠣᠷᠠᠯ ᠤᠨ ᠬᠤᠭ ᠨᠤᠪᠰᠢ ᠶᠢ ᠪᠤᠯᠠᠵᠤ | ᠰᠢᠢᠳᠪᠦᠷᠢᠯᠡᠳᠡᠭ ᠪᠠᠶᠢᠭᠰᠠᠨ ᠲᠡᠣᠬᠡ ᠶᠢ ᠡᠴᠦᠰᠯᠡᠬᠦᠯᠵᠦ᠂ ᠪᠦᠬᠦ ᠬᠤᠲᠠ ᠶᠢᠨ ᠠᠩᠬᠠᠳᠠᠭᠴᠢ ︽ᠰᠢᠲᠠᠭᠠᠬᠤ︾ ᠠᠷᠭ᠎ᠠ ᠪᠠᠷ ᠠᠮᠢᠳᠣᠷᠠᠯ ᠤᠨ ᠬᠤᠭ ᠨᠤᠪᠰᠢ ᠶᠢ | ᠰᠢᠢᠳᠪᠦᠷᠢᠯᠡᠬᠦ ᠬᠤᠰᠢᠭᠤ ᠪᠤᠯᠤᠭᠰᠠᠨ ᠪᠠᠶᠢᠨ᠎ᠠ᠃ | | | | | ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠵᠢᠭ ᠬᠡᠯᠪᠡᠷᠢ ᠶᠢᠨ ᠬᠤᠭ ᠨᠤᠪᠰᠢ ᠶᠢ ᠰᠢᠲᠠᠭᠠᠬᠤ ᠵᠢᠱᠢᠶ᠎ᠡ ᠦᠵᠡᠬᠦᠯᠬᠦ | ᠲᠦᠷᠦᠯ ᠵᠦᠢᠯ ᠢ ᠮᠠᠨ ᠤ ᠬᠤᠰᠢᠭᠤᠨ ᠤ 2024 ᠣᠨ ᠤ ᠠᠷᠪᠠᠨ ᠶᠡᠭᠡ ᠠᠷᠠᠳ ᠤᠨ ᠠᠮᠢᠳᠣᠷᠠᠯ ᠤᠨ ᠪᠤᠲᠠᠲᠤ ᠶᠠᠪᠤᠳᠠᠯ ᠤᠨ ᠨᠢᠬᠡ ᠪᠤᠯᠭᠠᠪᠠ᠃ ᠲᠣᠰ ᠲᠦᠷᠦᠯ | ᠵᠦᠢᠯ ᠤᠨ ᠶᠡᠷᠦᠩᠬᠡᠢ ᠪᠡᠯᠡ ᠣᠷᠣᠭᠤᠯᠣᠯᠲᠠ ᠨᠢ 333.95 ᠲᠦᠮᠡᠨ ᠲᠦᠬᠦᠷᠢᠭ᠂ ᠡᠵᠡᠯᠡᠬᠦ ᠲᠡᠯᠡᠪᠡᠢ ᠨᠢ 1806.724 ᠳᠡᠭᠰᠢ ᠳᠦᠷᠪᠡᠯᠵᠢᠨ ᠮᠧᠲᠷ ᠪᠠᠶᠢᠵᠦ᠂ | ᠠᠮᠢᠳᠣᠷᠠᠯ ᠤᠨ ᠬᠤᠭ ᠨᠤᠪᠰᠢ ᠶᠢ ᠰᠢᠲᠠᠭᠠᠬᠤ ᠦᠷᠲᠡᠭᠡ ᠶᠢ 1 ᠪᠠᠶᠢᠭᠤᠯᠤᠨ᠂ ᠭᠤᠤᠯᠳᠠᠭᠤ ᠤᠷᠢᠳᠴᠢᠯᠠᠨ ᠰᠢᠢᠳᠪᠦᠷᠢᠯᠡᠬᠦ ᠰᠢᠰᠲ᠋ᠧᠮ᠂ ᠮᠡᠲ᠋ᠧᠷᠢᠶᠡᠯ ᠭᠠᠷᠭᠠᠬᠤ | ᠰᠢᠰᠲ᠋ᠧᠮ᠂ ᠰᠢᠲᠠᠭᠠᠬᠤ ᠰᠢᠰᠲ᠋ᠧᠮ᠂ ᠣᠲᠤᠭ᠎ᠠ ᠬᠡᠢ ᠶᠢ ᠴᠡᠪᠡᠷᠰᠢᠬᠦᠯᠬᠦ ᠰᠢᠰᠲ᠋ᠧᠮ᠂ ᠵᠤᠤᠬ᠎ᠠ ᠶᠢᠨ ᠦᠨᠡᠰᠦ ᠶᠢ ᠰᠢᠢᠳᠪᠦᠷᠢᠯᠡᠬᠦ ᠰᠢᠰᠲ᠋ᠧᠮ᠂ ᠦᠮᠡᠬᠡᠢ ᠬᠡᠢ ᠶᠢ | ᠰᠢᠢᠳᠪᠦᠷᠢᠯᠡᠬᠦ ᠰᠢᠰᠲ᠋ᠧᠮ ᠵᠡᠷᠭᠡ ᠶᠢ ᠪᠠᠭᠲᠠᠭᠠᠵᠤ᠂ ᠵᠢᠱᠢᠯᠲᠡ ᠪᠠᠷ ᠡᠳᠦᠷ ᠲᠤ 48 ᠳᠣᠨ ᠠᠮᠢᠳᠣᠷᠠᠯ ᠤᠨ ᠬᠤᠭ ᠨᠤᠪᠰᠢ ᠶᠢ ᠰᠢᠢᠳᠪᠦᠷᠢᠯᠡᠬᠦ ᠪᠤᠯᠤᠨ᠎ᠠ᠃ | ᠲᠤᠰ ᠲᠦᠷᠦᠯ ᠢ ᠠᠰᠢᠭᠯᠠᠯᠲᠠ ᠳᠤ ᠣᠷᠣᠭᠤᠯᠣᠭᠰᠠᠨ ᠤ ᠳᠠᠷᠠᠭ᠎ᠠ᠂ ᠮᠠᠨ ᠤ ᠬᠤᠰᠢᠭᠤᠨ ᠤ ᠠᠮᠢᠳᠣᠷᠠᠯ ᠤᠨ ᠬᠤᠭ ᠨᠤᠪᠰᠢ ᠶᠢᠨ ᠬᠡᠮᠵᠢᠶ᠎ᠡ ᠶᠢ ᠪᠠᠭᠠᠰᠬᠠᠬᠤ᠂ | ᠬᠤᠤᠷ ᠦᠬᠡᠶᠢᠳᠡᠬᠦᠯᠬᠦ᠂ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠶᠢ ᠪᠡᠶᠡᠯᠡᠬᠦᠯᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠳᠦᠪᠰᠢᠨ ᠢ ᠣᠯᠠᠮ ᠨᠢᠬᠡ | ᠠᠯᠬᠤᠮ ᠳᠡᠭᠡᠭᠰᠢᠯᠡᠬᠦᠯᠬᠦ ᠪᠤᠯᠤᠨ᠎ᠠ᠃ | | | | | | | |