11 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠪᠦᠬᠦ ᠬᠤᠰᠢᠭᠤᠨ ᠤ ᠳᠦᠷᠪᠡᠳᠦᠬᠡᠷ ᠣᠯᠠᠷᠢᠯ ᠤᠨ | ᠠᠵᠤ ᠠᠬᠤᠢ ᠶᠢᠨ ᠡᠷᠬᠢᠯᠲᠡ ᠶᠢᠨ ᠳᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠣ᠂ ᠣᠳᠣᠬᠠᠨ ᠤ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠢ | ᠵᠠᠳᠠᠯᠵᠣ ᠮᠠᠭᠠᠳᠯᠠᠨ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠣᠳᠣᠷᠢᠳᠣᠯᠭ᠎ᠠ ᠴᠢᠦ ᠯᠢᠨ᠂ ᠱᠢ ᠬᠤᠢ᠂ ᠳ᠋ᠣᠸᠡᠨ | ᡁᠢ ᠴᠢᠶᠠᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠤᠤ ᠱᠣᠸᠡᠨ᠂ ᠯᠢ ᠷᠦᠢ᠂ ᠵᠢᠶᠠ ᠰᠢᠶᠠᠩ ᠪᠢᠩ | ᠬᠤᠷᠠᠯ ᠳᠤ ᠣᠷᠣᠯᠴᠠᠪᠠ᠃ | ᠲᠣᠰ ᠡᠳᠦᠷ᠂ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠬᠦᠷᠡᠰᠦ ᠮᠠᠯᠲᠠᠭᠰᠠᠨ ᠠᠴᠠ ᠪᠤᠯᠵᠤ ᠰᠠᠭᠤᠭᠳᠠᠭᠰᠠᠨ ᠣᠷᠣᠨ ᠤ 300 ᠲᠦᠮᠡᠨ | ᠺᠢᠯᠣᠸᠠᠲ ᠨᠠᠷᠠᠨ ᠡᠨᠧᠷᠬᠢ ᠶᠢᠨ ᠰᠠᠭᠤᠷᠢᠨ ᠭᠠᠵᠠᠷ ᠤᠨ ᠲᠦᠷᠦᠯ ᠵᠦᠢᠯ ᠢ ᠲᠤᠤᠷ ᠲᠤ ᠣᠷᠣᠭᠤᠯᠬᠤ ᠶᠤᠰᠤᠯᠠᠯ ᠣᠲᠤᠭ ᠤᠨ ᠡᠮᠦᠨᠡᠲᠦ ᠬᠤᠰᠢᠭᠤᠨ ᠤ ᠦᠪᠦᠷ | ᠮᠣᠩᠭᠤᠯ ᠤᠨ ᠪᠠᠷᠠᠭᠤᠨ ᠪᠡᠶ᠎ᠡ ᠶᠢᠨ ᠯᠠᠨ ᠬᠠᠢ ᠨᠠᠷᠠᠨ ᠡᠨᠧᠷᠬᠢ ᠶᠢᠨ ᠴᠠᠬᠢᠯᠭᠠᠨ ᠦᠷᠲᠡᠭᠡᠨ ᠤ ᠲᠦᠷᠦᠯ ᠵᠦᠢᠯ ᠤᠨ ᠠᠬᠤᠢ ᠲᠠᠯᠠᠪᠠᠢ ᠳᠤ ᠶᠠᠪᠤᠭᠳᠠᠪᠠ᠃ | ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠣᠯᠣᠰ ᠲᠦᠷᠦ ᠶᠢᠨ ᠵᠦᠪᠯᠡᠯᠬᠡᠨ ᠤ ᠨᠠᠮ ᠤᠨ | ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠬᠦᠯᠡᠭᠴᠢ ᠲᠤᠳᠢ᠂ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠬᠡᠨ ᠤ ᠣᠳᠣᠷᠢᠳᠬᠤ ᠪᠠᠭ ᠤᠨ ᠪᠦᠷᠢᠯᠳᠦᠬᠦᠨ᠂ ᠬᠤᠰᠢᠭᠤ ᠰᠢᠬᠦᠬᠦ ᠬᠤᠷᠢᠶ᠎ᠠ | ᠪᠠᠶᠢᠴᠠᠭᠠᠬᠤ ᠬᠤᠷᠢᠶᠠᠨ ᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃ | 11 ᠰᠠᠷ᠎ᠠ ᠶᠢᠨ 4 ᠤ ᠡᠳᠦᠷ ᠠᠴᠠ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠪᠦᠯᠬᠦᠮ ᠲᠠᠭᠠᠭᠤᠯᠣᠨ | ᠱᠠᠩᠬᠠᠢ᠂ ᠠᠨᠾᠦ᠋ᠢ᠂ ᠪᠡᠭᠡᠵᠢᠩ ᠵᠡᠷᠭᠡ ᠭᠠᠵᠠᠷ ᠤᠨ ᠬᠤᠯᠪᠤᠭᠳᠠᠯ ᠪᠦᠬᠦᠢ ᠠᠵᠣ ᠠᠬᠤᠶᠢᠯᠠᠯ ᠢᠶᠠᠷ ᠰᠢᠨᠵᠢᠯᠡᠨ ᠪᠠᠶᠢᠴᠠᠭᠠᠵᠣ᠂ ᠲᠦᠷᠦᠯ ᠵᠦᠢᠯ ᠤᠨ | ᠬᠠᠮᠳᠣᠷᠠᠯᠴᠠᠭᠠᠨ ᠤ ᠵᠦᠪᠳᠡᠯᠴᠡᠭᠡ ᠬᠢᠪᠠ᠃ ᠬᠤᠰᠢᠭᠤ ᠣᠳᠣᠷᠢᠳᠣᠯᠭ᠎ᠠ ᠳ᠋ᠤᠸᠠᠨ ᡁᠢ ᠴᠢᠶᠠᠩ᠂ ᠱᠠᠩᠬᠠᠢ ᠶᠢᠨ ᠰᠦᠮ᠎ᠡ ᠠᠵᠣ ᠠᠬᠤᠢ ᠨᠡᠭᠡᠭᠡᠯᠳᠡ ᠶᠢᠨ ᠣᠷᠣᠨ ᠤ | ᠣᠳᠣᠷᠢᠳᠣᠯᠭ᠎ᠠ ᠵᠣᠣ ᠱᠤᠸᠠᠨ᠂ ᠯᠢ ᠷᠦᠢ ᠣᠷᠣᠯᠴᠠᠪᠠ᠃ | 11 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ᠂ | ᠤᠷᠲᠤᠰ ᠤᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠸᠧᠢ ᠹᠧᠢ ᠲᠠᠢ ᠰᠠᠭᠤᠳᠠᠯ ᠤᠨ ᠬᠤᠷᠠᠯ ᠬᠢᠪᠡ᠃ ᠬᠤᠰᠢᠭᠤ ᠤᠳᠤᠷᠢᠳᠤᠯᠭ᠎ᠠ ᠳ᠋ᠤᠸᠠᠨ ᡁᠢ ᠴᠢᠶᠠᠩ᠂ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠤᠳᠤᠷᠢᠳᠤᠯᠭ᠎ᠠ ᠵᠤᠤ ᠱᠤᠸᠠᠨ ᠰᠠᠭᠤᠳᠠᠯ ᠤᠨ ᠬᠤᠷᠠᠯ ᠳᠤ ᠤᠷᠤᠯᠴᠠᠪᠠ᠃ | ᠲᠤᠰ ᠡᠳᠦᠷ᠂ ᠪᠦᠬᠦ ᠬᠤᠰᠢᠭᠤᠨ ᠤ ᠲᠡᠣᠬᠡ ᠶᠢᠨ ᠳᠣᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠬᠤᠷᠠᠯ ᠵᠢᠴᠢ ᠴᠢᠨ ᠤ ᠠᠩᠬᠠᠨ ᠵᠠᠮ ᠤᠨ | ᠪᠠᠭᠤᠷᠢ ᠡᠪᠳᠡᠯᠡᠭᠡ ᠳᠤ ᠣᠴᠠᠷᠠᠭᠰᠠᠨ ᠬᠡᠷᠡᠭ ᠤᠨ ᠰᠡᠷᠡᠮᠵᠢᠯᠡᠬᠦᠯᠦᠯ ᠬᠦᠮᠦᠵᠢᠯ ᠤᠨ ᠬᠤᠷᠠᠯ ᠬᠤᠷᠠᠯᠳᠣᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠹᠧᠩ ᠴᠦᠨ ᠬᠤᠸᠠ ᠬᠤᠷᠠᠯ ᠡᠷᠬᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ | ᠱᠦᠵᠢ ᠰᠦᠨ ᠶᠢᠦ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | 11 ᠰᠠᠷ᠎ᠠ ᠶᠢᠨ 11 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠬᠤ ᠪᠠᠭ ᠨᠠᠩᠰᠦ ᠪᠠᠯᠭᠠᠰᠣᠨ ᠳᠤ ᠭᠦᠨᠵᠡᠭᠡᠶᠢᠷᠡᠨ ︽ᠲᠦᠷᠪᠡ | ᠶᠢ ᠦᠨᠳᠦᠰᠦᠨ ᠱᠠᠳᠣᠨ ᠳᠤ ᠪᠠᠭᠤᠯᠭᠠᠬᠤ︾ ᠪᠠᠶᠢᠴᠠᠭᠠᠨ ᠰᠣᠳᠣᠯᠣᠯᠳᠠ ᠦᠷᠨᠢᠭᠦᠯᠬᠦ ᠶᠢᠨ ᠬᠠᠮᠳᠦ ᠠᠬᠤᠢ ᠲᠠᠯᠠᠪᠠᠢ ᠳᠤ ᠠᠯᠪᠠᠯᠠᠬᠤ ᠬᠤᠷᠠᠯ ᠬᠤᠷᠠᠯᠳᠣᠭᠤᠯᠵᠣ᠂ | ᠣᠷᠣᠰᠢᠵᠣ ᠪᠠᠶᠢᠭ᠎ᠠ ᠠᠰᠠᠭᠤᠳᠠᠯ ᠢ ᠰᠣᠳᠣᠯᠣᠨ ᠰᠢᠢᠳᠪᠦᠷᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ | ᠳᠠᠷᠤᠭ᠎ᠠ ᠶᠠᠩ ᠶᠢᠩ ᠰᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠨᠠᠩᠰᠦ ᠪᠠᠯᠭᠠᠰᠣ ᠶᠢ ᠲᠠᠭᠠᠭᠠᠴᠢᠯᠠᠵᠣ ᠪᠠᠶᠢᠭ᠎ᠠ ᠰᠢᠶᠠᠨ ᠤ ᠲᠡᠰ ᠤᠨ ᠣᠳᠣᠷᠢᠳᠣᠯᠭ᠎ᠠ ᠨᠠᠶᠠ | ᠣᠷᠣᠯᠴᠠᠪᠠ᠃ | 11 ᠰᠠᠷ᠎ᠠ ᠶᠢᠨ 12 ᠤᠨ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠣᠳᠣᠷᠢᠳᠬᠤ ᠪᠠᠭ ᠣᠯᠵᠠᠴᠢ ᠪᠠᠯᠭᠠᠰᠣ᠂ ᠪᠣᠷᠣᠪᠠᠯᠭᠠᠰᠣ | ᠪᠠᠯᠭᠠᠰᠣᠨ ᠳᠤ ᠬᠦᠨᠵᠡᠬᠡᠶᠢᠷᠡᠨ ︽ᠳᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠴᠠᠭᠠᠨ ᠰᠣᠳᠣᠯᠣᠯᠲᠠ ᠦᠷᠨᠢᠬᠦᠯᠬᠦ ᠶᠢᠨ ᠬᠠᠮᠲᠤ ᠠᠬᠤᠢ | ᠲᠠᠯᠠᠪᠠᠢ ᠳᠤ ᠲᠤᠰ ᠲᠤᠰ ᠠᠯᠪᠠᠯᠠᠬᠤ ᠬᠤᠷᠠᠯ ᠬᠤᠷᠠᠯᠳᠣᠭᠤᠯᠵᠣ᠂ ᠣᠷᠣᠰᠢᠵᠦ ᠪᠠᠶᠢᠭ᠎ᠠ ᠠᠰᠠᠭᠤᠳᠠᠯ ᠢ ᠰᠣᠳᠣᠯᠵᠣ ᠰᠢᠢᠳᠪᠦᠷᠢᠯᠡᠨ᠂ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠬᠠᠮᠢᠶ᠎ᠠ ᠪᠦᠬᠦᠢ ᠪᠠᠯᠭᠠᠰᠣ ᠶᠢ | ᠳᠠᠭᠠᠭᠠᠴᠢᠯᠠᠵᠤ ᠪᠠᠶᠢᠭ᠎ᠠ ᠰᠢᠶᠡᠨ ᠤ ᠲᠡᠰ ᠤᠨ ᠣᠳᠣᠷᠢᠳᠣᠯᠭ᠎ᠠ ᠵᠤᠤ ᠷᠦᠢ ᠳ᠋ᠦᠩ᠂ ᠣᠷᠬᠢᠯ ᠣᠷᠣᠯᠴᠠᠪᠠ᠃ | 11 ᠰᠠᠷ᠎ᠠ ᠶᠢᠨ 13 ᠤ ᠡᠳᠦᠷ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠤᠳᠤᠷᠢᠤᠨᠬᠤ ᠪᠠᠭ ᠱᠠᠩᠬᠠᠢ ᠶᠢᠨ ᠰᠦᠮ᠎ᠠ ᠠᠵᠤ ᠠᠬᠤᠢ ᠶᠢᠨ | ᠨᠡᠬᠡᠬᠡᠯᠳᠠ ᠶᠢᠨ ᠤᠷᠤᠨ᠂ ᠱᠠᠩᠬᠠᠢ ᠶᠢᠨ ᠰᠦᠮ᠎ᠠ ᠪᠠᠯᠭᠠᠰᠤᠨ ᠳᠤ ᠬᠦᠨᠵᠡᠬᠡᠶᠢᠷᠡᠨ ︽ᠲᠦᠷᠪᠡ ᠶᠢ ᠦᠨᠳᠤᠰᠤᠨ ᠱᠠᠳᠤᠨ ᠳᠤ ᠪᠠᠭᠤᠯᠭᠠᠬᠤ︾ ᠪᠠᠶᠢᠴᠠᠭᠠᠨ | ᠰᠤᠳᠤᠯᠤᠯᠳᠠ ᠬᠢᠭᠰᠡᠨ ᠮᠦᠷᠳᠡᠬᠡᠨ ᠳᠤᠬᠠᠢ ᠶᠢᠨ ᠳᠠᠯᠠᠪᠤᠷ ᠤᠨ ᠠᠯᠪᠠᠯᠠᠬᠤ ᠬᠤᠷᠠᠯ ᠢ ᠬᠤᠷᠠᠯᠳᠤᠭᠤᠯᠤᠨ᠂ ᠤᠷᠤᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠤᠨᠪᠤᠷᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠡᠷᠬᠢᠯᠡᠨ ᠶᠠᠷᠢᠶ᠎ᠠ | ᠳᠠᠯᠪᠢᠪᠠ᠃ ᠱᠠᠩᠬᠠᠢ ᠶᠢᠨ ᠰᠦᠮ᠎ᠠ ᠪᠠᠯᠭᠠᠰᠤ ᠶᠢ ᠳᠠᠭᠠᠭᠠᠴᠢᠯᠠᠵᠤ ᠪᠠᠶᠢᠭ᠎ᠠ ᠰᠢᠶᠠᠨ ᠤ ᠳᠡᠰ ᠤᠨ ᠤᠳᠤᠷᠢᠳᠤᠯᠭ᠎ᠠ ᠸᠠᠩ ᠬᠤᠣ ᠷᠠᠨ ᠤᠷᠤᠯᠴᠠᠪᠠ᠃ | 11 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ | ᠬᠤᠰᠢᠭᠤ ᠠᠷᠠᠳ ᠤᠨ ᠵᠠᠰᠠᠭ ᠤᠨ ᠣᠷᠳᠣᠨ ᠤ 2024 ᠣᠨ ᠤ 12 ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠠᠷᠠᠳ | ᠤᠨ ᠵᠠᠰᠠᠭ ᠤᠨ ᠣᠷᠳᠣᠨ ᠤ ᠣᠳᠣᠷᠢᠳᠬᠤ ᠪᠠᠭ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠪᠠ᠃ ᠬᠤᠰᠢᠭᠤ ᠣᠳᠣᠷᠢᠳᠣᠯᠭ᠎ᠠ | ᠭᠤᠸᠡᠨ ᠫᠢᠩ᠂ ᠴᠢᠨ ᠯᠢᠩ ᠹᠧᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠳ᠋ᠦᠩ ᠬᠤᠷᠠᠯ ᠳᠤ ᠰᠣᠯᠠ | ᠣᠷᠣᠯᠴᠠᠪᠠ᠃ | ᠲᠤᠰ ᠡᠳᠦᠷ᠂ ᠣᠷᠳᠣᠰ ᠤᠨ ᠬᠡᠷᠡᠭᠯᠡᠬᠡᠨ ᠤ ᠮᠡᠷᠬᠡᠵᠢᠯ ᠤᠨ ᠳᠡᠭᠡᠳᠦ ᠰᠣᠷᠭᠠᠭᠤᠯᠢ ᠶᠢᠨ ᠠᠵᠤ ᠠᠬᠤᠶᠢᠯᠠᠯ ᠳᠤ ᠬᠦᠨᠵᠡᠬᠡᠶᠢᠷᠡᠨ ᠠᠵᠢᠯ ᠤᠨ ᠪᠠᠶᠢᠷᠢ | ᠦᠷᠬᠡᠳᠬᠡᠬᠦ ᠰᠠᠭᠤᠳᠠᠯ ᠤᠨ ᠬᠤᠷᠠᠯ ᠵᠢᠴᠢ ᠰᠣᠷᠭᠠᠭᠤᠯᠢ ᠣᠷᠣᠨ ᠨᠣᠲᠤᠭ ᠤᠨ ᠬᠠᠮᠲᠤᠷᠠᠯᠴᠠᠭᠠᠨ ᠤ ᠬᠡᠷ᠎ᠡ ᠲᠤᠭᠲᠠᠬᠤ ᠶᠤᠰᠤᠯᠠᠯ ᠮᠠᠨ ᠤ ᠬᠤᠰᠢᠭᠤᠨ ᠳᠤ | ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠣᠯᠣᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠰᠦᠨ ᠶᠢᠦ ᠵᠢᠶᠦ᠋ᠨ ᠬᠤᠷᠠᠯ | ᠡᠷᠬᠢᠯᠡᠪᠡ᠃ ᠬᠤᠰᠢᠭᠤ ᠣᠳᠣᠷᠢᠳᠣᠯᠭ᠎ᠠ ᠹᠦ᠋ ᠺᠧ᠂ ᠸᠠᠩ ᠷᠦᠢ ᠹᠧᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ | ᠯᠢ ᠳ᠋ᠦᠩ ᠬᠤᠷᠠᠯ ᠳᠤ ᠣᠷᠣᠯᠴᠠᠪᠠ᠃ | 11 ᠰᠠᠷ᠎ᠠ ᠶᠢᠨ 18 ᠤ ᠡᠳᠦᠷ ᠠᠴᠠ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠪᠦᠯᠬᠦᠮ ᠳᠠᠭᠠᠭᠤᠯᠤᠨ | ᠤᠷᠢᠤᠨ ᠬᠤᠵᠢᠤᠨ ᠦᠪᠡᠷᠳᠡᠬᠡᠨ ᠵᠠᠰᠠᠬᠤ ᠤᠷᠤᠨ ᠤ ᠡᠨᠧᠷᠬᠢ ᠶᠢᠨ ᠳᠤᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠳᠠ ᠶᠢᠨ ᠲᠢᠩᠬᠢᠮ ᠵᠡᠷᠬᠡ | ᠰᠠᠯᠠᠭ᠎ᠠ ᠮᠦᠴᠢᠷ ᠲᠠᠢ ᠬᠠᠷᠢᠯᠴᠠᠨ ᠠᠵᠢᠯ ᠤᠨ ᠬᠠᠷᠢᠭᠤ ᠮᠡᠳᠡᠬᠦᠯᠤᠯᠳᠠ ᠬᠢᠪᠡ᠃ ᠬᠤᠰᠢᠭᠤ ᠣᠳᠣᠷᠢᠳᠣᠯᠭ᠎ᠠ ᠳ᠋ᠣᠸᠡᠨ ᡁᠢ ᠴᠢᠶᠠᠩ ᠤᠷᠤᠯᠴᠠᠪᠠ᠃ | 11 ᠰᠠᠷ᠎ᠠ ᠶᠢᠨ 20 ᠤ ᠡᠳᠦᠷ᠂ ᠪᠦᠬᠦ ᠬᠤᠲᠠ ᠶᠢᠨ ᠣᠳᠣᠷᠢᠳᠬᠤ ᠺᠠᠳ᠋ᠷᠴᠣᠳ ᠤᠨ ᠰᠡᠷᠡᠮᠵᠢᠯᠡᠬᠦᠯᠦᠯ ᠬᠦᠮᠦᠵᠢᠯ ᠤᠨ ᠬᠤᠷᠠᠯ ᠬᠤᠷᠠᠯᠳᠣᠪᠠ᠃ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠵᠢᠴᠢ ᠬᠤᠰᠢᠭᠤ ᠨᠠᠮ ᠤᠨ ᠬᠤᠷᠢᠶ᠎ᠠ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠣᠯᠣᠰ ᠲᠦᠷᠦ ᠶᠢᠨ ᠵᠦᠪᠯᠡᠯᠬᠡᠨ ᠤ ᠣᠳᠣᠷᠢᠳᠬᠤ ᠪᠠᠭ ᠤᠨ | ᠪᠦᠷᠢᠯᠳᠦᠬᠦᠨ᠂ ᠬᠤᠰᠢᠭᠤ ᠰᠢᠬᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠣᠳᠣᠷᠢᠳᠬᠤ ᠪᠠᠭ ᠤᠨ ᠪᠦᠷᠢᠯᠳᠦᠬᠦᠨ ᠣᠷᠣᠯᠴᠠᠪᠠ᠃ | ᠲᠤᠰ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠳᠣᠮᠳᠠᠳᠣ ᠣᠯᠣᠰ ᠤᠨ ᠨᠡᠬᠦᠷᠡᠰᠦᠨ ᠤ ᠪᠦᠯᠦᠭᠯᠡᠯ ᠤᠨ ᠣᠷᠣᠨ | ᠪᠦᠰᠡ ᠶᠢᠨ ᠬᠦᠭᠵᠢᠬᠦᠯᠦᠯᠲᠡ ᠶᠢᠨ ᠶᠡᠷᠦᠩᠬᠡᠢ ᠪᠠᠶᠢᠴᠠᠭᠠᠭᠴᠢ᠂ ᠪᠠᠷᠠᠭᠤᠨ ᠬᠤᠶᠢᠲᠤ ᠶᠢᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ | ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠶᠤᠤ ᠮᠢᠩ ᠨᠠᠷ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠲᠤᠬᠠᠢ | ᠰᠠᠭᠤᠳᠠᠯ ᠤᠨ ᠬᠤᠷᠠᠯ ᠬᠢᠪᠠ᠃ ᠬᠤᠰᠢᠭᠤ ᠣᠳᠣᠷᠢᠳᠣᠯᠭ᠎ᠠ ᠭᠤᠤ ᠢᠦᠢ᠂ ᠰᠢᠦᠸᠡᠢ ᠵᠤᠤ ᠰᠢᠩ᠂ ᠳ᠋ᠣᠸᠡᠨ ᡁᠢ ᠴᠢᠶᠠᠩ᠂ ᠯᠢᠶᠠᠩ ᠶᠦᠩ ᠱᠧᠩ᠂ ᠱᠠᠩᠬᠠᠢ ᠶᠢᠨ | ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠤᠤ ᠱᠣᠸᠡᠨ᠂ ᠯᠢ ᠷᠦᠢ ᠣᠷᠣᠯᠴᠠᠪᠠ᠃ | 11 ᠰᠠᠷ᠎ᠠ ᠶᠢᠨ 25 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ | ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠷᠦᠨ ᠶᠠᠩ ᠬᠤᠪᠢ ᠤᠷᠤᠭᠤᠯᠤᠯᠳᠠ ᠶᠢᠨ | ᠬᠢᠵᠠᠭᠠᠷᠳᠤ ᠺᠤᠮᠫᠠᠨᠢ ᠶᠢᠨ ᠶᠡᠷᠤᠩᠬᠡᠢ ᠳᠠᠭᠠᠭᠠᠮᠠᠯ ᠲᠣᠣ ᠯᠥᠩ ᠵᠦᠩ᠂ ᠲᠥᠩ ᠸᠧᠢ ᠪᠦᠯᠦᠭᠯᠡᠯ ᠤᠨ ᠶᠥᠩ ᠰᠢᠶᠠᠩ ᠬᠤᠪᠢ ᠤᠷᠤᠭᠤᠯᠤᠯᠳᠠ ᠶᠢᠨ ᠬᠢᠵᠠᠭᠠᠷᠳᠤ | ᠺᠤᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠦᠭᠵᠢᠬᠦᠯᠤᠯᠳᠠ ᠶᠢᠨ ᠶᠡᠷᠤᠩᠬᠡᠢ ᠪᠠᠶᠢᠴᠠᠭᠠᠭᠴᠢ ᠳ᠋ᠢᠩ ᠰᠢᠶᠣᠣ ᠺᠧ᠂ ᠤᠯᠤᠰ ᠤᠨ ᠴᠠᠬᠢᠯᠭᠠᠨ ᠬᠦᠴᠤᠨ ᠤ ᠦᠪᠤᠷ | ᠮᠤᠩᠭᠤᠯ ᠤᠨ ᠰᠢᠨ᠎ᠠ ᠡᠨᠧᠷᠬᠢ ᠶᠢᠨ ᠨᠡᠬᠡᠬᠡᠨ ᠬᠦᠭᠵᠢᠬᠦᠯᠤᠯᠳᠠ ᠶᠢᠨ ᠬᠢᠵᠠᠭᠠᠷᠳᠤ ᠺᠤᠮᠫᠠᠨᠢ ᠶᠢᠨ ᠶᠡᠷᠤᠩᠬᠡᠢ ᠳᠠᠭᠠᠭᠠᠮᠠᠯ ᠯᠢᠦᠢ ᠴᠢᠩ ᠬᠤᠩ ᠨᠠᠷ ᠲᠠᠢ ᠰᠠᠭᠤᠳᠠᠯ ᠤᠨ | ᠬᠤᠷᠠᠯ ᠬᠢᠪᠡ᠃ ᠬᠤᠰᠢᠭᠤ ᠣᠳᠣᠷᠢᠳᠣᠯᠭ᠎ᠠ ᠰᠢᠦᠸᠡᠢ ᠵᠤᠤ ᠰᠢᠩ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠤᠤ | ᠱᠣᠸᠡᠨ᠂ ᠯᠢ ᠷᠦᠢ᠂ ᠵᠢᠶᠠ ᠰᠢᠶᠠᠩ ᠪᠢᠩ ᠣᠷᠣᠯᠴᠠᠪᠠ᠃ | 11 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ | ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ᠂ ᠴᠠᠩ ᠴᠢᠩ ᠤᠨ ᠴᠢᠯᠠᠭᠤᠨ ᠳᠤᠰᠤᠨ ᠤ | ᠱᠦᠬᠦᠷᠬᠡᠢ ᠶᠢᠨ ᠡᠮᠤᠨ᠎ᠡ ᠬᠡᠰᠡᠭ ᠤᠨ ᠬᠤᠪᠢᠶᠠᠷᠢ ᠺᠤᠮᠫᠠᠨᠢ ᠶᠢᠨ ᠳᠠᠭᠠᠭᠠᠮᠠᠯ᠂ ᠨᠠᠮ ᠤᠨ ᠬᠤᠷᠢᠶᠠᠨ ᠤ ᠳᠡᠳ᠋ ᠱᠦᠵᠢ ᠰᠢᠶᠧ ᠶᠥᠩ ᠭᠠᠩ ᠨᠠᠷ ᠲᠠᠢ ᠤᠷᠤᠨ ᠨᠤᠳᠤᠭ | ᠠᠵᠤ ᠠᠬᠤᠶᠢᠯᠠᠯ ᠤᠨ ᠬᠠᠮᠳᠤᠷᠠᠯᠴᠠᠭᠠᠨ ᠤ ᠶᠠᠪᠤᠳᠠᠯ ᠤᠨ ᠳᠤᠬᠠᠢ ᠵᠦᠪᠳᠡᠨ ᠶᠠᠷᠢᠯᠴᠠᠪᠠ᠃ ᠬᠤᠰᠢᠭᠤ ᠤᠳᠤᠷᠢᠳᠤᠯᠭ᠎ᠠ ᠴᠢᠤ ᠯᠢᠨ᠂ ᠳ᠋ᠤᠸᠠᠨ ᡁᠢ ᠴᠢᠶᠠᠩ | ᠤᠷᠤᠯᠴᠠᠪᠠ᠃ | 11 ᠰᠠᠷ᠎ᠠ ᠶᠢᠨ 27 ᠤ ᠡᠳᠦᠷ᠂ ᠪᠦᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠬᠦᠯᠬᠦ ᠠᠵᠢᠯ ᠤᠨ ᠠᠬᠢᠭᠤᠯᠤᠯᠲᠠ ᠶᠢᠨ ᠬᠤᠷᠠᠯ | ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠡ ᠠᠵᠤ ᠠᠬᠤᠢ ᠶᠢᠨ | ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠶᠠᠩ ᠶᠢᠩ ᠰᠢᠨ ᠬᠤᠷᠠᠯ ᠡᠷᠬᠢᠯᠡᠨ ᠶᠠᠷᠢᠶ᠎ᠠ ᠲᠠᠯᠪᠢᠪᠠ᠃ | 11 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ | ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ | ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠤᠨ᠂ ᠤᠳᠤᠬᠠᠨ ᠤ ᠠᠵᠤ ᠠᠬᠤᠢ ᠶᠢᠨ ᠡᠷᠬᠢᠯᠳᠠ ᠶᠢᠨ | ᠬᠠᠨᠳᠤᠰᠢ ᠶᠢ ᠵᠠᠳᠠᠯᠤᠨ ᠮᠠᠭᠠᠤᠨᠯᠠᠵᠤ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠤᠨ ᠳᠤᠬᠢᠷᠠᠭᠤᠯᠪᠠ᠃ ᠬᠤᠰᠢᠭᠤ ᠤᠳᠤᠷᠢᠳᠤᠯᠭ᠎ᠠ ᠳ᠋ᠤᠸᠠᠨ ᡁᠢ ᠴᠢᠶᠠᠩ᠂ | ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠤᠳᠤᠷᠢᠳᠤᠯᠭ᠎ᠠ ᠵᠢᠶᠠ ᠰᠢᠶᠠᠩ ᠪᠢᠩ ᠤᠷᠤᠯᠴᠠᠪᠠ᠃ | |