12 ᠰᠠᠷ᠎ᠠ ᠶᠢᠨ 1 ᠤ ᠡᠳᠦᠷ ᠠᠴᠠ ᠡᠬᠢᠯᠡᠨ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠢ ᠡᠮᠨᠡᠨ ᠵᠠᠰᠠᠬᠤ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠪᠤᠯᠪᠠ
ᠨᠡᠶᠢᠲᠡᠯᠡᠭᠰᠡᠨ ᠴᠠᠭ᠄
2024/12/9
     12 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠤᠯᠤᠰ ᠤᠨ ᠡᠮ ᠡᠮᠨᠡᠯᠭᠡ ᠶᠢᠨ ᠳᠠᠭᠠᠳᠬᠠᠯ ᠨᠢ ᠲᠦᠭᠵᠢᠷᠡᠬᠦ ᠴᠢᠨᠠᠷᠲᠠᠶ ᠤᠳᠠᠭᠠᠨ ᠴᠢᠨᠠᠷᠲᠠᠶ ᠠᠭᠤᠰᠬᠢᠨ ᠡᠪᠡᠳᠴᠢᠨ᠂ ᠬᠡᠷᠦᠬᠦ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠬᠥᠰᠢᠬᠦ ᠴᠢᠨᠠᠷᠲᠠᠶ ᠪᠠᠭᠠᠨ᠎ᠠ ᠨᠢᠷᠤᠭᠤᠨ ᠤ ᠦᠷᠪᠢᠰᠦᠯ ᠵᠡᠷᠭᠡ 5 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠢ ᠡᠮᠨᠡᠨ ᠵᠠᠰᠠᠬᠤ ᠬᠠᠮᠢᠶ᠎ᠠ ᠪᠥᠬᠦᠶ ᠵᠠᠷᠤᠳᠠᠯ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠦᠶᠢᠯᠡᠴᠢᠯᠡᠭᠡ ᠶᠢ ᠵᠢᠩᠬᠢᠨᠢ ᠪᠠᠷ ᠰᠦᠯᠵᠢᠶᠡᠨ ᠳᠤ ᠭᠠᠷᠭᠠᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠢ ᠮᠤᠵᠢ ᠠᠯᠤᠰᠯᠠᠨ ᠰᠢᠭᠤᠳ ᠲᠡᠰᠦᠯᠦᠨ ᠪᠤᠳᠤᠬᠤ ᠤᠶᠢᠯᠠᠴᠢᠯᠡᠭᠡ ᠶᠢ ᠬᠡᠷᠬᠢᠨ ᠭᠥᠷᠳᠡᠬᠦ ᠪᠣᠶ︖ ᠶᠠᠮᠠᠷ ᠶᠠᠮᠠᠷ ᠠᠩᠬᠠᠷᠬᠤ ᠴᠢᠬᠤᠯᠠ ᠲᠠᠢ ᠠᠰᠠᠭᠤᠳᠠᠯ ᠪᠠᠶᠢᠬᠤ ᠪᠣᠶ︖ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠢᠨ ᠬᠤᠯᠪᠣᠭᠳᠠᠯ ᠪᠥᠬᠦᠶ ᠬᠠᠷᠢᠭᠤᠯᠲᠠ ᠶᠢ ᠨᠡᠶᠢᠲᠡᠯᠡᠪᠡ᠃      ᠶᠠᠮᠠᠷ ᠶᠠᠮᠠᠷ ᠡᠭᠦᠳᠡᠨ ᠡᠮᠨᠡᠯᠭᠡ ᠶᠢᠨ ᠤᠳᠠᠭᠠᠨ ᠴᠢᠨᠠᠷᠳᠠᠢ ᠣᠨᠴᠠ ᠡᠪᠡᠳᠴᠢᠨ ᠤ ᠬᠠᠮᠢᠶ᠎ᠠ ᠪᠥᠬᠦᠶ ᠡᠮᠨᠡᠨ ᠵᠠᠰᠠᠬᠤ ᠵᠠᠷᠤᠳᠠᠯ ᠢ ᠮᠤᠵᠢ ᠠᠯᠤᠰᠯᠠᠨ ᠡᠮ ᠡᠮᠨᠡᠯᠭᠡ ᠶᠢᠨ ᠳᠠᠭᠠᠳᠬᠠᠯ ᠢᠶᠠᠷ ᠰᠢᠭᠤᠳ ᠲᠡᠰᠦᠯᠦᠨ ᠪᠤᠳᠤᠵᠤ ᠪᠣᠯᠬᠤ ᠪᠣᠶ︖      ᠣᠳᠣᠬᠠᠨ ᠪᠣᠯᠲᠠᠯ᠎ᠠ᠂ ᠪᠥᠬᠦ ᠤᠯᠤᠰ ᠤᠨ ᠪᠣᠶ ᠪᠥᠬᠦᠶ ᠡᠮ ᠡᠮᠨᠡᠯᠭᠡ ᠶᠢᠨ ᠳᠠᠭᠠᠳᠬᠠᠯ ᠢ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠡᠪᠡᠳᠴᠢᠨ ᠦᠵᠡᠭᠦᠯᠬᠦ ᠭᠠᠵᠠᠷ ᠪᠣᠯᠤᠭᠰᠠᠨ ᠤ ᠬᠤᠪᠢ ᠳᠤ ᠴᠥᠮ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠡᠮᠴᠢᠯᠡᠭᠡ᠂ ᠰᠢᠭᠡᠰᠦᠨ ᠬᠤᠤᠷᠳᠠᠯ ᠤᠨ ᠡᠪᠡᠳᠴᠢᠨ ᠢ ᠨᠡᠪᠴᠢᠭᠦᠯᠦᠨ ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠤᠨᠳᠤᠤᠰᠢᠯ ᠢ ᠡᠰᠡᠷᠭᠦᠴᠡᠬᠦ ᠡᠮᠴᠢᠯᠡᠭᠡ᠂ ᠤᠳᠠᠭᠠᠨ ᠴᠢᠨᠠᠷᠲᠠᠶ ᠲᠦᠭᠵᠢᠷᠡᠬᠦ ᠴᠢᠨᠠᠷᠲᠠᠶ ᠠᠭᠤᠰᠬᠢᠨ ᠡᠪᠡᠳᠴᠢᠨ᠂ ᠬᠡᠷᠦᠬᠦ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ᠂ ᠬᠥᠰᠢᠬᠦ ᠴᠢᠨᠠᠷᠲᠠᠶ ᠪᠠᠭᠠᠨ᠎ᠠ ᠨᠢᠷᠤᠭᠤᠨ ᠤ ᠦᠷᠪᠢᠰᠦᠯ ᠵᠡᠷᠭᠡ ᠨᠡᠶᠢᠲᠡ 10 ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠢ ᠡᠮᠨᠡᠨ ᠵᠠᠰᠠᠬᠤ ᠵᠠᠷᠤᠳᠠᠯ ᠢ ᠮᠤᠵᠢ ᠠᠯᠤᠰᠯᠠᠨ ᠡᠮ ᠡᠮᠨᠡᠯᠭᠡ ᠶᠢᠨ ᠳᠠᠭᠠᠳᠬᠠᠯ ᠢᠶᠠᠷ ᠰᠢᠭᠤᠳ ᠲᠡᠰᠦᠯᠦᠨ ᠪᠤᠳᠤᠬᠤ ᠤᠶᠢᠯᠡᠴᠢᠯᠡᠭᠡ ᠬᠠᠩᠭᠠᠬᠤ ᠪᠤᠯᠵᠠᠢ᠃      ᠤᠨᠳᠤᠤ ᠭᠠᠵᠠᠷ ᠤᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠬᠠᠷᠠᠭᠠᠯᠵᠠᠯ ᠢ ᠬᠦᠷᠳᠡᠵᠦ ᠲᠡᠶᠢᠯᠬᠦ ᠡᠰᠡᠬᠦ ᠶᠢ ᠬᠡᠷᠬᠢᠨ ᠣᠶᠢᠯᠠᠭᠠᠬᠤ ᠪᠣᠶ︖      ᠤᠷᠢᠳ ᠢᠶᠠᠷ ᠳᠠᠭᠠᠳᠬᠠᠯ ᠳᠤ ᠣᠷᠣᠯᠴᠠᠭᠰᠠᠨ ᠭᠠᠵᠠᠷ ᠤᠨ ᠲᠣᠭᠲᠠᠭᠠᠯ ᠶᠣᠰᠣᠭᠠᠷ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠬᠠᠷᠠᠭᠠᠯᠵᠠᠯ ᠢ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠬᠤ ᠴᠢᠬᠤᠯᠠᠲᠠᠶ᠃ ᠳᠠᠷᠠᠭ᠎ᠠ ᠨᠢ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠤᠶᠢᠯᠡᠴᠢᠯᠡᠭᠡᠨ ᠤ ᠲᠠᠪᠴᠠᠩ ᠤᠨ APP ᠳᠤ ᠭᠠᠷᠴᠤ᠂ ︽ᠤᠨᠳᠤᠤ ᠭᠠᠵᠠᠷ ᠲᠤ ᠳᠠᠩᠰᠠᠯᠠᠭᠤᠯᠬᠤ︾ ᠤᠶᠢᠯᠡᠴᠢᠯᠡᠭᠡᠨ ᠤ ᠲᠤᠰᠬᠠᠶ ᠲᠣᠭᠤᠷᠢᠭ — ︽ᠤᠨᠳᠤᠤ ᠭᠠᠵᠠᠷ ᠲᠤ ᠡᠮᠨᠡᠭᠦᠯᠬᠦ ᠳᠤ ᠨᠠᠩ ᠣᠯᠠᠨ ᠠᠰᠠᠭᠤᠨ ᠯᠠᠪᠯᠠᠬᠤ︾ — ︽ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠬᠢᠷᠢ ᠬᠡᠮ︾ ᠳᠤ ᠣᠷᠣᠵᠤ᠂ ᠥᠪᠡᠷ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠣᠨᠴᠠ ᠡᠪᠡᠳᠴᠢᠨ ᠤ ᠬᠠᠷᠠᠭᠠᠯᠵᠠᠯ ᠢᠶᠠᠨ ᠠᠰᠠᠭᠤᠨ ᠯᠠᠪᠯᠠᠵᠤ ᠪᠣᠯᠤᠨ᠎ᠠ᠃
ᠢᠷᠡᠯᠲᠡ᠄ ᠠᠷᠠᠳ ᠤᠨ ᠰᠦᠯᠵᠢᠶ᠎ᠡ‍