ᠳ᠋ᠣᠸᠡᠨ ᡁᠢ ᠴᠢᠶᠠᠩ ᠄ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ | ᠬᠤᠪᠢᠳᠠᠨ ᠬᠠᠮᠢᠶᠠᠷᠬᠤ ᠠᠵᠢᠯ | ᠶᠠᠩ ᠶᠢᠩ ᠰᠢᠨ ᠬᠤᠰᠢᠭᠤ ᠳᠠᠷᠤᠭ᠎ᠠ ᠶᠢ ᠬᠠᠪᠰᠣᠷᠣᠨ ᠡᠷᠡᠬᠦᠯ ᠬᠠᠮᠠᠭᠠᠯᠠᠯ ᠡᠷᠡᠭᠦᠯ ᠮᠡᠨᠳᠦ᠂ ᠡᠮ ᠡᠮᠴᠢᠯᠡᠭᠡ ᠶᠢᠨ ᠪᠠᠳᠣᠯᠠᠭ᠎ᠠ᠂ ᠵᠠᠬ᠎ᠠ ᠳᠡᠯᠭᠡᠭᠦᠷ ᠤᠨ | ᠬᠢᠨᠠᠯᠳᠠ ᠬᠠᠮᠢᠶᠠᠷᠤᠯᠲᠠ᠂ ᠬᠦᠮᠦᠨ ᠤ ᠬᠦᠴᠦᠨ ᠤ ᠡᠬᠢ ᠪᠠᠶᠠᠯᠢᠭ᠂ ᠨᠡᠶᠢᠬᠡᠮ ᠤᠨ ᠪᠠᠲᠤᠯᠠᠭ᠎ᠠ᠂ ᠦᠢᠯᠡᠰ ᠪᠦᠲᠦᠬᠡᠯᠲᠡ ᠠᠵᠢᠯ ᠣᠯᠭᠤᠯᠲᠠ᠂ ᠠᠷᠠᠳ ᠤᠨ | ᠶᠠᠪᠤᠳᠠᠯ ᠤᠨ ᠠᠪᠤᠷᠠᠨ ᠲᠣᠰᠠᠯᠠᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠪᠤᠲᠠᠲᠠᠢ ᠬᠤᠪᠢᠳᠠᠨ ᠬᠠᠮᠢᠶᠠᠷᠬᠤ᠄ ᠬᠤᠰᠢᠭᠤ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ︵ᠬᠤᠰᠢᠭᠤ ᠮᠣᠩᠭᠤᠯ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠳᠣᠪᠴᠢᠶ᠎ᠠ᠂ ᠬᠤᠰᠢᠭᠤ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠤ ᠵᠦᠪᠯᠡᠯ ᠤᠨ ᠠᠯᠪᠠᠨ ᠭᠡᠷ᠂ ᠬᠤᠰᠢᠭᠤ | ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠲᠦᠪ︶᠂ ᠬᠤᠰᠢᠭᠤ ᠡᠮ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ︵ᠬᠤᠰᠢᠭᠤ ᠮᠡᠳᠡᠯᠬᠡ ᠶᠢᠨ ᠦᠮᠴᠢᠯᠡᠯ ᠤᠨ ᠡᠷᠭᠡ ᠶᠢᠨ ᠳᠣᠪᠴᠢᠶ᠎ᠠ︶᠂ ᠬᠤᠰᠢᠭᠤ ᠬᠦᠮᠦᠨ ᠤ ᠬᠦᠴᠦᠨ ᠤ ᠡᠬᠢ ᠪᠠᠶᠠᠯᠢᠭ ᠪᠣᠯᠣᠨ | ᠨᠡᠶᠢᠬᠡᠮ ᠤᠨ ᠪᠠᠲᠤᠯᠠᠭ᠎ᠠ ᠶᠢᠨ ᠲᠤᠪᠴᠢᠶ᠎ᠠ᠂ ᠬᠤᠰᠢᠭᠤ ᠠᠷᠠᠳ ᠤᠨ ᠶᠠᠪᠤᠳᠠᠯ ᠤᠨ ᠳᠣᠪᠴᠢᠶ᠎ᠠ᠂ ᠬᠤᠰᠢᠭᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ | ᠳᠣᠪᠴᠢᠶ᠎ᠠ᠃ | ᠬᠠᠷᠢᠯᠴᠠᠬᠤ᠄ ᠬᠤᠰᠢᠭᠤ ᠦᠢᠯᠡᠳᠪᠦᠷᠢ ᠬᠤᠳᠠᠯᠳᠣᠭᠠᠨ ᠤ ᠬᠤᠯᠪᠤᠭ᠎ᠠ᠂ ᠬᠤᠰᠢᠭᠤ ᠣᠯᠠᠭᠠᠨ ᠵᠠᠭᠠᠯᠮᠠᠶᠢᠲᠠᠨ ᠤ ᠨᠡᠶᠢᠬᠡᠮᠯᠢᠭ᠃ | ᠲᠣᠪᠴᠢ ᠨᠠᠮᠳᠠᠷ | ᠳ᠋ᠣᠸᠡᠨ ᡁᠢ ᠴᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 10 ᠰᠠᠷ᠎ᠠ ᠳᠤ ᠲᠦᠷᠦᠪᠡ᠂ ᠦᠪᠦᠷ ᠮᠣᠩᠭᠤᠯ ᠤᠨ ᠵᠡᠬᠦᠠᠭᠠᠷ ᠬᠤᠰᠢᠭᠤᠨ | ᠤ ᠬᠦᠮᠦᠨ᠂ 2005 ᠣᠨ ᠤ 1 ᠰᠠᠷ᠎ᠠ ᠳᠤ ᠠᠵᠢᠯ ᠳᠤ ᠣᠷᠣᠪᠠ᠂ ᠨᠠᠮ ᠪᠦᠯᠦᠭ ᠤᠨ ᠪᠤᠰᠤ ᠬᠦᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃ | ᠡᠳᠦᠬᠡ ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃ | 2002.09 — 2004.07 ᠦᠪᠦᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠢᠲᠠᠳ ᠬᠡᠯᠡ ᠣᠳᠬ᠎ᠠ ᠵᠤᠬᠢᠶᠠᠯ ᠤᠨ ᠲᠤᠰᠬᠠᠢ ᠮᠡᠷᠬᠡᠵᠢᠯ | ᠳᠤ ᠰᠣᠷᠣᠯᠴᠠᠪᠠ᠃ | 2004.07 — 2005.01 ᠠᠵᠢᠯ ᠬᠦᠯᠢᠶᠡᠪᠡ᠃ | 2005.01 — 2005.06 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠯᠠᠭᠠᠨᠴᠠᠪ ᠬᠤᠲᠠ ᠶᠢᠨ ᠠᠷᠠᠳ ᠤᠨ ᠷᠠᠳᠢᠤ᠋ ᠨᠡᠪᠲᠡᠷᠡᠬᠦᠯᠬᠡ | ᠶᠢᠨ ᠬᠤᠷᠢᠶᠠᠨ ᠳᠤ ᠠᠵᠢᠯᠯᠠᠪᠠ᠃ | 2005.06 — 2009.12 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠡᠬᠦᠠᠭᠠᠷ ᠬᠤᠰᠢᠭᠤᠨ ᠤ ᠲᠤᠲᠤᠭᠠᠲᠤ ᠶᠢ ᠬᠠᠮᠠᠭᠠᠯᠠᠬᠤ | ᠲᠤᠪᠴᠢᠶᠠᠨ ᠳᠤ ᠠᠵᠢᠯᠯᠠᠪᠠ ︵ᠡᠨᠡ ᠬᠤᠭᠤᠴᠠᠭᠠᠨ ᠳᠤ᠄ 2005.09 — 2009.06 ᠦᠪᠦᠷ ᠮᠣᠩᠭᠤᠯ ᠤᠨ ᠶᠡᠭᠡ ᠰᠣᠷᠭᠠᠭᠤᠯᠢ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠤᠰᠬᠠᠢ ᠮᠡᠷᠭᠡᠵᠢᠯ ᠳᠤ ᠰᠣᠷᠣᠯᠴᠠᠵᠤ᠂ ᠬᠠᠮᠢᠶᠠᠷᠤᠯᠲᠠ ᠶᠢᠨ ᠣᠬᠠᠭᠠᠨ ᠤ ᠣᠶᠣᠲᠠᠨ ᠴᠣᠯᠠ ᠬᠠᠮᠠᠭᠠᠯᠠᠪᠠ︶᠃ | 2009.12 — 2011.12 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠡᠬᠦᠠᠭᠠᠷ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠲᠤ ᠠᠵᠢᠯᠯᠠᠪᠠ᠃ | 2011.12 — 2012.04 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠵᠡᠬᠦᠠᠭᠠᠷ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠰᠠᠯᠠᠭᠠᠨ ᠲᠡᠰ ᠤᠨ ᠪᠢᠴᠢᠭᠡᠴᠢ ᠪᠠᠷ ᠠᠵᠢᠯᠯᠠᠪᠠ᠃ | 2012.04 — 2014.10 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠳᠡᠳ᠋ ᠰᠠᠯᠠᠭᠠᠨ ᠲᠡᠰ ᠤᠨ ᠺᠠᠳ᠋ᠷ ᠢᠶᠠᠷ ᠠᠵᠢᠯᠯᠠᠪᠠ ︵ᠡᠨᠡ ᠬᠤᠭᠤᠴᠠᠭᠠᠨ ᠳᠤ᠄ 2011.09 — 2014.06 ᠦᠪᠦᠷ ᠮᠣᠩᠭᠤᠯ ᠤᠨ | ᠶᠡᠭᠡ ᠰᠣᠷᠭᠠᠭᠤᠯᠢ ᠶᠢᠨ ᠨᠠᠶᠢᠲᠠ ᠶᠢᠨ ᠬᠠᠮᠢᠶᠠᠷᠤᠯᠲᠠ ᠶᠢᠨ ᠲᠤᠰᠬᠠᠢ ᠮᠡᠷᠬᠡᠵᠢᠯ ᠳᠤ ᠰᠣᠷᠣᠯᠴᠠᠵᠤ᠂ ᠨᠠᠶᠢᠲᠠ ᠶᠢᠨ ᠬᠠᠮᠢᠶᠠᠷᠤᠯᠲᠠ ᠶᠢᠨ ᠮᠠᠰᠲ᠋ᠧᠷ ᠴᠣᠯᠠ | ᠬᠠᠮᠠᠭᠠᠯᠠᠪᠠ︶᠃ | 2014.10 — 2015.06 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠪᠠᠶᠢᠭᠤᠯᠭ᠎ᠠ ᠶᠢᠨ ᠶᠠᠪᠤᠳᠠᠯ ᠤᠨ | ᠦᠢᠯᠡᠴᠢᠯᠡᠬᠡᠨ ᠤ ᠲᠦᠪ ᠤᠨ ᠠᠯᠪᠠᠨ ᠤ ᠲᠡᠷᠭᠡ ᠮᠠᠰᠢᠨ ᠤ ᠬᠠᠮᠢᠶᠠᠷᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠪᠠ᠃ | 2015.06 — 2016.09 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠪᠢᠴᠢᠭᠡᠴᠢ ᠶᠢᠨ ᠨᠠᠢᠮᠠᠳᠣᠭᠠᠷ ᠭᠠᠵᠠᠷ ᠤᠨ ᠳᠡᠳ᠋ ᠰᠠᠯᠠᠭᠠᠨ ᠳᠠᠷᠤᠭ᠎ᠠ ᠪᠠᠷ ᠠᠵᠢᠯᠯᠠᠪᠠ᠃ | 2016.09 — 2018.09 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠡᠬᠦᠷᠡᠰᠦᠨ ᠤ ᠲᠤᠪᠴᠢᠶ᠎ᠠ ᠶᠢᠨ ᠳᠡᠳ᠋ | ᠰᠠᠯᠠᠭᠠᠨ ᠲᠡᠰ ᠤᠨ ᠺᠠᠳ᠋ᠷ ᠢᠶᠠᠷ ᠠᠵᠢᠯᠯᠠᠪᠠ ︵ᠡᠨᠡ ᠬᠤᠭᠤᠴᠠᠭᠠᠨ ᠳᠤ᠄ 2016.11 ᠲᠦᠯᠦᠪᠵᠢᠬᠦᠯᠬᠡ ᠠᠵᠢᠯᠯᠠᠮᠵᠢ ᠶᠢᠨ ᠰᠠᠯᠠᠭ᠎ᠠ ᠶᠢᠨ ᠳᠡᠳ᠋ ᠰᠠᠯᠠᠭᠠᠨ | ᠳᠠᠷᠤᠭ᠎ᠠ ᠪᠠᠷ ᠠᠵᠢᠯᠯᠠᠪᠠ︶᠃ | 2018.09 — 2019.06 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠨᠡᠬᠦᠷᠡᠰᠦᠨ ᠤ ᠲᠤᠪᠴᠢᠶ᠎ᠠ ᠶᠢᠨ | ᠲᠦᠯᠦᠪᠵᠢᠬᠦᠯᠬᠡ ᠠᠵᠢᠯᠯᠠᠮᠵᠢ ᠶᠢᠨ ᠰᠠᠯᠠᠭᠠᠨ ᠳᠠᠷᠤᠭ᠎ᠠ ᠪᠠᠷ ᠠᠵᠢᠯᠯᠠᠪᠠ᠃ | 2019.06 — 2021.12 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠡᠨᠧᠷᠬᠢ ᠶᠢᠨ ᠳᠣᠪᠴᠢᠶ᠎ᠠ ᠶᠢᠨ | ᠶᠡᠷᠦᠩᠬᠡᠶᠢᠯᠡᠭᠰᠡᠨ ᠲᠦᠯᠦᠪᠵᠢᠬᠦᠯᠬᠡ ᠶᠢᠨ ᠰᠠᠯᠠᠭᠠᠨ ᠳᠠᠷᠤᠭ᠎ᠠ ᠪᠠᠷ ᠠᠵᠢᠯᠯᠠᠪᠠ᠃ | 2021.06 — 2022.09 ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠡᠨᠧᠷᠬᠢ ᠶᠢᠨ ᠳᠣᠪᠴᠢᠶ᠎ᠠ ᠶᠢᠨ | ᠶᠡᠷᠦᠩᠬᠡᠢ ᠢᠨᠵᠧᠨᠧᠷ᠂ ᠨᠢᠭᠡᠳᠦᠬᠡᠷ ᠲᠡᠰ ᠤᠨ ᠡᠷᠬᠢᠯᠡᠬᠦ ᠬᠡᠰᠢᠬᠦᠴᠢ ᠪᠠᠷ ᠠᠵᠢᠯᠯᠠᠪᠠ᠃ | 2022.09 — ᠡᠳᠦᠬᠡ ᠪᠣᠯᠲᠠᠯ᠎ᠠ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠷᠳᠣᠰ ᠬᠤᠲᠠ ᠶᠢᠨ ᠣᠲᠤᠭ ᠤᠨ ᠡᠮᠦᠨᠡᠲᠦ ᠬᠤᠰᠢᠭᠤᠨ | ᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠲᠡᠳ᠋ ᠲᠠᠷᠤᠭ᠎ᠠ ᠶᠢᠨ ᠲᠣᠰᠢᠶᠠᠯ ᠢ ᠡᠭᠦᠷᠭᠡᠯᠡᠵᠣ ᠪᠣᠢ᠃ | | |